ᠬᠥᠬᠡᠬᠤᠲᠠ᠎ᠶ᠋ᠢᠨ ᠠᠷᠠᠳ᠎ᠲᠤ ᠲᠥᠬᠦᠮ ᠦᠵᠡᠭᠦᠯᠬᠦ᠌ ᠠᠮᠢᠳᠤᠷᠠᠯ᠎ᠤᠨ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠨᠡᠢᠲᠡᠯᠢᠭ ᠠᠷᠭ᠎ᠠ ᠬᠢᠳᠡᠯ᠎ᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠳᠡᠯᠭᠡᠷᠡᠭᠦᠯᠦᠭ᠌ᠰᠡᠨ ᠬᠡᠷᠡᠭ᠎ᠤᠨ ᠵᠢᠱ᠌ᠢᠶ᠎ᠡ᠎ᠳᠤ ᠵᠢᠭ᠍ᠰᠠᠭᠠᠨ ᠣᠷᠣᠭᠤᠯᠵᠤ᠂ ᠪᠤᠭᠤᠲᠤ ᠬᠤᠲᠠ ᠪᠥᠬᠦ᠌ ᠤᠯᠤᠰ᠎ᠤᠨ ᠬᠤᠶᠠᠳᠤᠭᠠᠷ ᠪᠦᠯᠦᠭ᠎ᠤᠨ ᠪᠥᠬᠦ᠌ ᠴᠠᠷᠠᠭᠠᠨ᠎ᠤ ᠤᠷᠢᠳᠠᠪᠠᠷ ᠬᠡᠷᠡᠭ᠌ᠵᠢᠭᠦᠯᠬᠦ᠌ ᠣᠷᠣᠨ᠎ᠤ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠢᠶᠠᠷ ᠦᠨᠡᠯᠡᠭ᠌ᠳᠡᠪᠡ ᠁ ᠣᠢᠷ᠎ᠠ᠎ᠶ᠋ᠢᠨ ᠵᠢᠯ᠎ᠤᠨ ᠲᠤᠷᠰᠢ᠂ ᠥᠪᠥᠷ ᠮᠣᠩᠭᠤᠯ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠪᠥᠲᠥᠭᠡᠨ ᠪᠠᠢᠭᠤᠯᠤᠯᠲᠠ ᠨᠢ 《2.0 ᠴᠠᠭ ᠦᠶ᠎ᠡ》 ᠳᠤ ᠣᠷᠣᠵᠤ᠂ ᠠᠷᠠᠳ᠎ᠲᠤ ᠲᠥᠬᠦᠮ ᠦᠵᠡᠭᠦᠯᠬᠦ᠌ ᠠᠮᠢᠳᠤᠷᠠᠯ᠎ᠤᠨ ᠬᠦᠷᠢᠶ᠎ᠡ᠎ᠶ᠋ᠢ 《ᠰᠠᠭᠤᠷᠢ ᠪᠦᠷᠬᠦᠴᠡ》 ᠠᠴᠠ 《ᠶᠠᠰᠤ ᠴᠢᠨᠠᠷ᠎ᠢ ᠳᠡᠭᠡᠭ᠌ᠰᠢᠯᠡᠭᠦᠯᠬᠦ᠌》 ᠦᠰᠦᠷᠦᠯᠲᠡ᠎ᠶ᠋ᠢ ᠪᠡᠶᠡᠯᠡᠭᠦᠯᠵᠦ᠍᠂ ᠰᠠᠭᠤᠭᠠᠯᠢ ᠠᠷᠠᠳ ᠬᠡᠷ᠎ᠤᠨ ᠡᠭᠦᠳᠡᠨ᠎ᠳᠤ᠎ᠪᠠᠨ ᠨᠠᠩ ᠴᠢᠨᠠᠷ ᠰᠠᠢᠲᠠᠶ᠂ ᠨᠠᠩ ᠳᠥᠭᠦᠮ ᠳᠥᠲᠡ ᠦᠢᠯᠡᠴᠢᠯᠡᠭᠡ ᠭᠥᠷᠳᠡᠵᠦ᠍ ᠪᠣᠯᠤᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠮᠡᠳᠡᠭᠡ᠎ᠶ᠋ᠢ ᠦᠨᠳᠦᠰᠦᠯᠡᠪᠡᠯ᠂ ᠣᠳᠣᠬᠠᠨ ᠪᠣᠯᠲᠠᠯ᠎ᠠ᠂ ᠥᠪᠥᠷ ᠮᠣᠩᠭᠤᠯ ᠨᠢᠭᠡᠨᠲᠡ 10 ᠲᠤᠷᠱᠢᠯᠲᠠ᠎ᠶ᠋ᠢᠨ ᠴᠡᠭ᠎ᠤᠨ ᠬᠤᠲᠠ᠂ ᠤᠷᠢᠳᠠᠪᠠᠷ ᠬᠡᠷᠡᠭ᠌ᠵᠢᠭᠦᠯᠬᠦ᠌ 2 ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠢ ᠠᠬᠢᠭᠤᠯᠵᠤ᠂ ᠠᠷᠠᠳ᠎ᠲᠤ ᠲᠥᠬᠦᠮ ᠦᠵᠡᠭᠦᠯᠬᠦ᠌ ᠠᠮᠢᠳᠤᠷᠠᠯ᠎ᠤᠨ ᠬᠦᠷᠢᠶ᠎ᠡ᠎ᠶ᠋ᠢ ᠨᠡᠢᠲᠡ 254 ᠪᠠᠢᠭᠤᠯᠵᠤ᠂ 534 ᠨᠡᠢᠭᠡᠮ ᠲᠣᠭᠤᠷᠢᠭ᠎ᠢ ᠬᠠᠮᠤᠷᠴᠤ᠌᠂ ᠰᠠᠭᠤᠭᠠᠯᠢ ᠠᠷᠠᠳ᠎ᠲᠤ ᠦᠢᠯᠡᠴᠢᠯᠡᠨ᠂ 607 ᠲᠦᠮᠡᠨ ᠬᠥᠮᠦᠨ᠎ᠳᠤ ᠦᠢᠯᠡᠴᠢᠯᠡᠵᠦ᠍᠂ 56.2 ᠲᠦᠮᠡᠨ ᠬᠥᠮᠦᠨ᠎ᠳᠤ ᠠᠵᠢᠯ ᠣᠯᠭᠤᠵᠤ᠂ ᠰᠠᠭᠤᠭᠠᠯᠢ ᠠᠷᠠᠳ᠎ᠤᠨ ᠶᠡᠷᠦᠩᠬᠡᠢᠯᠡᠭ᠌ᠰᠡᠨ ᠬᠠᠨᠤᠮᠵᠢ᠎ᠶ᠋ᠢᠨ ᠬᠡᠮᠵᠢᠶ᠎ᠡ 90% ᠠᠴᠠ ᠳᠡᠭᠡᠭ᠌ᠰᠢ᠎ᠳᠤ ᠬᠦᠷᠴᠦ᠍᠂ ᠬᠤᠢᠱᠢᠳᠠ᠎ᠶ᠋ᠢᠨ ᠬᠦᠷᠢᠶ᠎ᠡ ᠬᠡᠪᠴᠢᠶ᠎ᠡ᠎ᠪᠠᠨ ᠥᠷᠭᠡᠳᠭᠡᠨ ᠲᠠᠰ ᠳᠡᠪᠱᠢᠭᠦᠯᠬᠦ᠌᠎ᠳᠤ ᠪᠠᠲᠤ ᠰᠠᠭᠤᠷᠢ ᠲᠠᠯᠪᠢᠵᠤ ᠥᠭ᠌ᠪᠡ᠃
ᠡᠵᠡᠩᠨᠡᠯᠲᠡ᠎ᠶ᠋ᠢᠨ ᠪᠠᠢᠳᠠᠯ ᠳᠡᠰ ᠳᠡᠪᠱᠢᠬᠦ᠄ 《ᠦᠨᠳᠦᠰᠦᠨ ᠪᠠᠲᠤᠯᠠᠭ᠎ᠠ》 ᠠᠴᠠ 《ᠣᠯᠠᠨ ᠡᠱᠢᠲᠦ ᠬᠠᠩᠭᠠᠯᠭ᠎ᠠ》 ᠬᠦᠷᠲᠡᠯ᠎ᠡ ᠰᠠᠭᠤᠭᠠᠯᠢ ᠠᠷᠠᠳ᠎ᠤᠨ 《ᠠᠮᠢᠳᠤᠷᠠᠯ᠎ᠤᠨ ᠨᠠᠷᠢᠨ ᠲᠠᠩᠰᠠ》 ᠶ᠋ᠢ ᠳᠦᠭᠦᠷᠭᠡᠨ᠎ᠡ
《ᠶᠠᠭᠤ ᠳᠤᠲᠠᠪᠠᠯ ᠶᠠᠭᠤ᠎ᠶ᠋ᠢ ᠨᠥᠬᠦᠪᠥᠷᠢᠯᠡᠬᠦ᠌》 ᠪᠠᠷ ᠵᠠᠷᠴᠢᠮ ᠪᠣᠯᠭᠠᠵᠤ᠂ ᠥᠪᠥᠷ ᠮᠣᠩᠭᠤᠯ 《ᠦᠨᠳᠦᠰᠦᠨ ᠪᠠᠲᠤᠯᠠᠭ᠎ᠠ᠎ᠶ᠋ᠢᠨ ᠲᠥᠷᠥᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ》 ᠢ ᠤᠷᠢᠳᠠᠪᠠᠷ ᠨᠥᠬᠦᠪᠥᠷᠢᠯᠡᠵᠦ᠍᠂ ᠰᠠᠭᠤᠭᠠᠯᠢ ᠠᠷᠠᠳ᠎ᠤᠨ ᠰᠠᠭᠤᠷᠢ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠪᠦᠷᠬᠦᠭᠦᠯᠪᠡ᠃ 《ᠨᠢᠭᠡ ᠳᠡᠯᠭᠡᠭᠦᠷ ᠨᠢᠭᠡ ᠥᠷᠯᠥᠭᠡ》 ᠶ᠋ᠢᠨ ᠲᠠᠯ᠎ᠠ᠎ᠪᠠᠷ᠂ ᠥᠪᠥᠷ ᠮᠣᠩᠭᠤᠯ 4002 ᠲᠥᠬᠦᠮ ᠳᠡᠯᠭᠡᠭᠦᠷ᠂ 2052 ᠶᠡᠷᠦᠩᠬᠡᠢᠯᠡᠭ᠌ᠰᠡᠨ ᠬᠡᠲᠦ ᠳᠡᠯᠭᠡᠭᠦᠷ᠂ 5795 ᠥᠷᠯᠥᠭᠡ᠎ᠶ᠋ᠢᠨ ᠬᠤᠭᠤᠯᠠᠨ᠎ᠤ ᠳᠡᠯᠭᠡᠭᠦᠷ᠎ᠢ ᠨᠡᠢᠭᠡᠮ ᠲᠣᠭᠤᠷᠢᠭ᠎ᠲᠤ ᠣᠷᠣᠭᠤᠯᠬᠤ᠎ᠶ᠋ᠢ ᠳᠥᠯᠭᠢᠨ ᠠᠬᠢᠭᠤᠯᠵᠤ᠂ ᠬᠥᠬᠡᠬᠤᠲᠠ᠎ᠶ᠋ᠢᠨ 535 ᠨᠠᠷᠠᠲᠤ ᠲᠡᠮᠳᠡᠭ᠌ᠲᠦ᠍᠎ᠶ᠋ᠢᠨ ᠬᠡᠯᠬᠢᠶ᠎ᠡ ᠲᠥᠬᠦᠮ ᠳᠡᠯᠭᠡᠭᠦᠷ᠎ᠢ ᠱᠢᠨ᠎ᠡ᠎ᠪᠠᠷ ᠨᠡᠮᠡᠵᠦ᠍᠂ ᠪᠠᠰᠠ 200 ᠱᠢᠬᠠᠮ 《 ᠬᠤᠩ ᠹᠸᠩ ᠣᠯᠠᠭ᠎ᠠ᠎ᠶᠢᠨ ᠥᠷᠲᠡᠭᠡ》 ᠨᠡᠭᠡᠭᠡᠪᠡ; ᠦᠬᠠᠶ ᠬᠤᠲᠠ 1470 ᠥᠷᠯᠥᠭᠡ᠎ᠶ᠋ᠢᠨ ᠬᠤᠭᠤᠯᠠᠨ᠎ᠤ ᠳᠡᠯᠭᠡᠭᠦᠷ ᠬᠢᠭᠡᠳ 400 ᠭᠠᠷᠤᠶ ᠲᠥᠬᠦᠮ ᠳᠡᠯᠭᠡᠭᠦᠷ᠎ᠲᠠᠢ ᠪᠠᠲᠤᠯᠠᠭ᠎ᠠ᠎ᠶ᠋ᠢᠨ ᠲᠣᠤᠷ᠎ᠢ ᠪᠣᠶ ᠪᠣᠯᠭᠠᠵᠤ᠂ ᠰᠠᠭᠤᠭᠠᠯᠢ ᠠᠷᠠᠳ᠎ᠲᠤ ᠠᠰᠠᠷ᠎ᠠᠴᠠ ᠪᠠᠭᠤᠭ᠍ᠰᠠᠨ᠎ᠤ ᠳᠠᠷᠠᠭ᠎ᠠ ᠬᠠᠯᠠᠭᠤᠨ ᠥᠷᠯᠥᠭᠡ᠎ᠶ᠋ᠢᠨ ᠬᠤᠭᠤᠯᠠ ᠪᠠ ᠳᠥᠭᠦᠮ ᠳᠥᠲᠡ ᠪᠠᠷᠠᠭ᠎ᠠ ᠬᠤᠳᠠᠯᠳᠤᠨ ᠠᠪᠴᠤ᠌ ᠳᠡᠢᠯᠬᠦ᠌ ᠪᠣᠯᠪᠠ᠃
《ᠨᠣᠭᠤᠭ᠎ᠠ ᠬᠤᠳᠠᠯᠳᠤᠨ ᠠᠪᠬᠤ ᠬᠤᠯᠠ᠂ ᠰᠡᠯᠪᠢᠨ ᠵᠠᠰᠠᠬᠤ ᠳᠦ ᠬᠦᠴᠢᠷ》 ᠪᠣᠯ ᠴᠥᠭᠡᠨ ᠪᠤᠰᠤ ᠰᠠᠭᠤᠭᠠᠯᠢ ᠠᠷᠠᠳ᠎ᠤᠨ ᠪᠤᠬᠢᠨᠢᠳᠤᠵᠤ ᠪᠠᠢᠭ᠎ᠠ ᠶᠠᠪᠤᠳᠠᠯ ᠪᠣᠯᠤᠨ᠎ᠠ᠂ ᠣᠳᠣᠬᠠᠨ᠎ᠳᠤ 《ᠨᠢᠭᠡ ᠨᠣᠭᠤᠭ᠎ᠠ ᠨᠢᠭᠡ ᠰᠡᠯᠪᠢᠨ ᠵᠠᠰᠠᠬᠤ》 ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ᠌᠎ᠳᠤ ᠱᠢᠢᠳᠪᠦᠷᠢᠯᠡᠬᠦ᠌ ᠲᠥᠰᠦᠯ ᠭᠠᠷᠭᠠᠭ᠍ᠰᠠᠨ ᠪᠠᠢᠨ᠎ᠠ᠃ ᠥᠪᠥᠷ ᠮᠣᠩᠭᠤᠯ᠎ᠳᠤ ᠪᠠᠷᠢᠮᠵᠢᠶᠠᠵᠢᠭᠤᠯᠤᠭ᠍ᠰᠠᠨ ᠢᠳᠡᠱᠢᠨ ᠨᠣᠭᠤᠭ᠎ᠠ᠎ᠶ᠋ᠢᠨ ᠵᠠᠬ᠎ᠠ ᠳᠡᠯᠭᠡᠭᠦᠷ 712᠂ ᠲᠦᠭᠦᠬᠡᠶ ᠰᠣᠷᠭᠤᠭ ᠢᠳᠡᠭᠡᠨ᠎ᠤ ᠳᠡᠯᠭᠡᠭᠦᠷ (ᠢᠳᠡᠱᠢᠨ ᠨᠣᠭᠤᠭ᠎ᠠ᠎ᠶ᠋ᠢᠨ ᠳᠡᠯᠭᠡᠭᠦᠷ) 3916᠂ ᠪᠠᠭ᠎ᠠ ᠵᠠᠰᠠᠪᠤᠷᠢ ᠵᠢᠵᠢᠭ ᠨᠦᠬᠦᠪᠦᠷᠢ ᠴᠡᠭ 2028 ᠶ᠋ᠢ ᠪᠠᠢᠭᠤᠯᠪᠠ᠃ ᠬᠥᠬᠡᠬᠣᠲᠠ᠎ᠶᠢᠨ ᠠᠷᠠᠳ᠎ᠲᠤ᠌ ᠠᠰᠢᠭ ᠬᠦᠷᠲᠡᠭᠡᠬᠦ᠌ 300 ᠨᠣᠭᠣᠭ᠎ᠠ᠎ᠶᠢᠨ ᠳᠡᠯᠭᠡᠭᠦᠷ ᠪᠠᠢᠭᠤᠯᠵᠤ ᠂ ᠲᠤᠬᠠᠢ᠎ᠶᠢᠨ ᠭᠠᠵᠠᠷ᠎ᠤ᠋ᠨ ᠵᠠᠰᠠᠭ᠎ᠤ᠋ᠨ ᠣᠷᠳᠣᠨᠠ᠋ᠴᠠ ᠵᠢᠯ ᠪᠦᠷᠢ 1000 ᠭᠠᠷᠤᠢ ᠲᠦᠮᠡᠨ ᠲᠥᠭᠥᠷᠢᠭ᠎ᠦ᠋ᠨ ᠲᠤᠰᠭᠠᠢ ᠪᠡᠯᠡ ᠮᠥᠩᠭᠥ᠌ ᠲᠣᠬᠢᠷᠠᠭᠤᠯᠤᠨ ᠳᠡᠮᠵᠢᠪᠡ ᠪᠤᠭᠤᠲᠤ ᠬᠣᠲᠠ ᠳᠤᠮᠳᠠᠴᠢ᠎ᠪᠠᠷ ᠠᠮᠢᠳᠤᠷᠠᠯ᠎ᠤ᠋ᠨ ᠴᠠᠭᠠᠷᠢᠭ ᠪᠦᠷᠢ᠎ᠳ᠋ᠦ᠍ 11.5 ᠨᠣᠭᠣᠭ᠎ᠠ᠎ᠶᠢᠨ ᠳᠡᠯᠭᠡᠭᠦᠷ ᠲᠣᠬᠢᠷᠠᠭᠤᠯᠵᠤ ᠂ 4.5 ᠰᠡᠯᠪᠢᠨ ᠵᠠᠰᠠᠬᠤ ᠴᠡᠭ ᠲᠣᠬᠢᠷᠠᠭᠤᠯᠵᠤ ᠂ ᠰᠠᠭᠤᠭᠠᠯᠢ ᠠᠷᠠᠳ᠎ᠤ᠋ᠨ 《 ᠨᠣᠭᠣᠭ᠎ᠠ ᠬᠤᠳᠠᠯᠳᠤᠨ ᠠᠪᠬᠤᠳ᠋ᠤ ᠬᠣᠯᠠ ᠂ ᠶᠠᠭᠤᠮ᠎ᠠ ᠵᠠᠰᠠᠬᠤᠳ᠋ᠤ ᠬᠦᠴᠢᠷᠲᠡᠢ》 ᠪᠠᠢᠳᠠᠯ᠎ᠢ᠋ ᠰᠢᠢ᠍ᠳᠪᠦᠷᠢᠯᠡᠪᠡ ᠃
《 ᠨᠢᠭᠡ ᠨᠠᠰᠤᠲᠠᠨ ᠨᠢᠭᠡ ᠪᠠᠭ᠎ᠠ 》᠎ᠶᠢᠨ ᠬᠡᠷᠡᠭᠴᠡᠭᠡ ᠱᠠᠭᠠᠷᠳᠠᠯᠭ᠎ᠠ᠎ᠳᠤ ᠴᠢᠭᠯᠡᠭᠦᠯᠦᠨ ᠂ ᠥᠪᠥᠷ ᠮᠣᠩᠭᠣᠯ ᠨᠠᠰᠤᠲᠠᠨ᠎ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠰᠢᠰᠲᠧᠮᠵᠢ᠎ᠶᠢ ᠲᠡᠭᠦᠯᠳᠡᠷᠵᠢᠭᠦᠯᠪᠡ᠃ ᠨᠠᠰᠤᠵᠢᠯ᠎ᠤ᠋ᠨ ᠠᠰᠠᠷᠠᠮᠵᠢ᠎ᠶᠢᠨ ᠲᠠᠯ᠎ᠠ᠎ᠪᠠᠷ ᠂ ᠥᠪᠥᠷ ᠮᠣᠩᠭᠣᠯ ᠡᠯ᠎ᠡ ᠲᠥᠷᠥᠯ᠎ᠦ᠋ᠨ ᠨᠠᠰᠤᠵᠢᠯ᠎ᠤ᠋ᠨ ᠠᠰᠠᠷᠠᠮᠵᠢ᠎ᠶᠢᠨ ᠥᠷᠲᠡᠭᠡ ᠴᠡᠭ 580᠂ ᠭᠡᠷ᠎ᠦ᠋ᠨ ᠶᠠᠪᠤᠳᠠᠯ᠎ᠤ᠋ᠨ ᠳᠡᠯᠭᠡᠭᠦᠷ 519 ᠪᠠᠢᠭᠤᠯᠵᠤ᠂ ᠣᠷᠳᠣᠰ ᠬᠣᠲᠠ᠎ᠶᠢᠨ 《 ᠰᠠᠩ ᠢᠦᠢ ᠰᠢᠶᠠᠩ ᠬᠤᠭᠤᠯᠠᠨ ᠭᠡᠷ 》 ᠦ᠋ᠨ ᠵᠢᠯ᠎ᠦ᠋ᠨ ᠦᠢᠯᠡᠴᠢᠯᠡᠭᠡ 80 ᠲᠦᠮᠡᠨ ᠬᠥᠮᠦᠨ ᠤᠳᠠᠭ᠎ᠠ᠎ᠶᠢ ᠳᠠᠪᠠᠵᠠᠢ᠃ ᠬᠡᠤᠬᠡᠳ ᠰᠠᠭᠠᠲᠠᠭᠤᠯᠬᠤ ᠲᠠᠯ᠎ᠠ᠎ᠪᠠᠷ᠂ ᠥᠪᠥᠷ ᠮᠣᠩᠭᠤᠯ᠎ᠳᠤ ᠣᠲᠣ ᠪᠠᠢᠭ᠎ᠠ ᠬᠡᠤᠬᠡᠳ ᠰᠠᠭᠠᠲᠠᠭᠤᠯᠬᠤ ᠪᠠᠢᠭᠤᠯᠤᠮᠵᠢ 671 ᠪᠠᠢᠵᠤ᠂ 2025 ᠣᠨ᠎ᠠᠴᠠ ᠨᠠᠭᠠᠰᠢ ᠬᠠᠮᠢᠶ᠎ᠠ ᠪᠥᠬᠦᠶ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠱᠢᠨ᠎ᠡ᠎ᠪᠠᠷ ᠨᠡᠮᠡᠭ᠌ᠳᠡᠭᠦᠯᠵᠦ᠍᠂ 270 ᠭᠠᠷᠤᠶ ᠳᠡᠭᠡᠭᠰᠢᠯᠡᠭᠦᠯᠪᠡ᠃
ᠰᠠᠭᠤᠷᠢ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠭ᠍ᠰᠠᠨᠤ ᠳᠠᠷᠠᠭ᠎ᠠ᠂ ᠥᠪᠥᠷ ᠮᠣᠩᠭᠤᠯ 《ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠥᠷᠥᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ》 ᠢ ᠤᠯᠠᠮ ᠨᠢᠭᠡ ᠠᠯᠬᠤᠮ ᠲᠦᠷᠭᠡᠳᠭᠡᠨ ᠬᠥᠭ᠌ᠵᠢᠭᠦᠯᠵᠦ᠍᠂ ᠣᠷᠣᠨ ᠪᠦᠰᠡ᠎ᠶ᠋ᠢᠨ ᠣᠨᠴᠠᠯᠢᠭ ᠬᠢᠭᠡᠳ ᠰᠠᠭᠤᠭᠠᠯᠢ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ ᠬᠡᠷᠡᠭ᠌ᠯᠡᠭᠡᠨ᠎ᠤ ᠠᠬᠤᠶ ᠪᠠᠢᠳᠠᠯ᠎ᠢ ᠪᠠᠶᠠᠯᠢᠭ᠍ᠵᠢᠭᠤᠯᠪᠠ᠃ ᠰᠣᠶᠣᠯ ᠰᠡᠯᠡᠭᠦᠴᠡᠯ᠎ᠤᠨ ᠬᠦᠷᠢᠶᠡᠨ᠎ᠳᠤ ᠥᠪᠥᠷ ᠮᠣᠩᠭᠤᠯ ᠱᠢᠨ᠎ᠡ ᠮᠠᠶᠢᠭ᠎ᠤᠨ ᠨᠣᠮ᠎ᠤᠨ ᠳᠡᠯᠭᠡᠭᠦᠷ 322᠂ ᠪᠡᠶ᠎ᠡ ᠴᠢᠭᠢᠷᠠᠭ᠍ᠵᠢᠭᠤᠯᠬᠤ ᠭᠡᠷ 638 ᠪᠠᠢᠭᠤᠯᠵᠤ᠂ ᠬᠥᠬᠡᠬᠤᠲᠠ 480 ᠬᠡᠰᠡᠭ ᠱᠢᠩᠭᠡᠯᠢᠭ ᠮᠠᠶᠢᠭ᠎ᠤᠨ ᠬᠥᠯ ᠪᠥᠮᠪᠦᠭᠡ᠎ᠶ᠋ᠢᠨ ᠲᠠᠯᠠᠪᠤᠷ᠎ᠢ ᠱᠢᠨ᠎ᠡ᠎ᠪᠠᠷ ᠪᠠᠢᠭᠤᠯᠵᠤ᠂ ᠱᠢᠯᠢ᠎ᠶ᠋ᠢᠨ ᠭᠤᠤᠯ ᠠᠢᠮᠠᠭ 《300 ᠮᠧᠲᠷ᠎ᠲᠦ ᠨᠣᠭᠣᠭᠠᠨ ᠥᠩᠭᠡ ᠬᠠᠷᠠᠭᠳᠠᠬᠤ ᠂ 500 ᠮᠧᠲᠷ᠎ᠲᠦ ᠴᠡᠴᠡᠷᠯᠢᠭ ᠬᠠᠷᠠᠭᠳᠠᠬᠤ 》 ᠶ᠋ᠢ ᠪᠡᠶᠡᠯᠡᠭᠦᠯᠪᠡ᠃ ᠣᠨᠴᠠᠯᠢᠭ᠍ᠲᠤ ᠢᠳᠡᠭᠡᠨ ᠤᠮᠳᠠᠭᠠᠨ᠎ᠤ ᠲᠠᠯ᠎ᠠ᠎ᠪᠠᠷ᠂ ᠬᠥᠯᠥᠨ ᠪᠤᠢᠷ ᠬᠤᠲᠠ 10 ᠣᠨᠴᠠᠯᠢᠭ᠍ᠲᠤ ᠢᠳᠡᠭᠡᠨ ᠤᠮᠳᠠᠭᠠᠨ᠎ᠤ ᠵᠡᠭᠡᠯᠢ ᠲᠣᠭᠤᠷᠢᠭ᠂ ᠬᠢᠩᠭᠠᠨ ᠠᠢᠮᠠᠭ᠎ᠤᠨ ᠷᠠᠱᠢᠶᠠᠨ ᠬᠤᠲᠠ᠎ᠶ᠋ᠢᠨ 《ᠴᠤᠤ ᠬᠠᠢ ᠭᠤᠳᠤᠮᠵᠢ》 ᠶ᠋ᠢᠨ ᠢᠵᠢ ᠪᠥᠷᠢᠳᠦᠭᠦᠯᠬᠦ᠌ ᠣᠯᠠᠨ ᠡᠱᠢᠲᠦ ᠦᠢᠯᠡᠴᠢᠯᠡᠭᠡ ᠬᠠᠩᠭᠠᠵᠤ᠂ ᠲᠣᠰ ᠭᠠᠵᠠᠷ᠎ᠤᠨ ᠦᠢᠯᠡᠳᠬᠦᠨ᠎ᠢ ᠳᠡᠯᠭᠡᠷᠡᠭᠦᠯᠪᠡ᠃ ᠡᠷᠡᠭᠦᠯᠵᠢᠯ ᠰᠤᠪᠢᠯᠠᠯᠲᠠ᠎ᠶ᠋ᠢᠨ ᠠᠭᠤᠰᠤᠯᠴᠠᠯ᠎ᠤᠨ ᠦᠢᠯᠡᠴᠢᠯᠡᠭᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠤᠯᠠᠭᠠᠨᠬᠠᠳᠠ ᠬᠤᠲᠠ᠎ᠶ᠋ᠢᠨ ᠰᠦᠩᠱᠠᠨ ᠲᠣᠭᠤᠷᠢᠭ᠎ᠤᠨ ᠨᠡᠢᠭᠡᠮ ᠲᠣᠭᠤᠷᠢᠭ᠎ᠤᠨ ᠨᠠᠰᠤᠵᠢᠯ᠎ᠤᠨ ᠦᠢᠯᠡᠴᠢᠯᠡᠭᠡᠨ᠎ᠤ ᠲᠥᠪ ᠬᠡᠷ᠎ᠲᠤ᠎ᠨᠢ ᠬᠦᠷᠴᠦ᠍ ᠦᠢᠯᠡᠴᠢᠯᠡᠭᠡ ᠬᠠᠩᠭᠠᠵᠤ᠂ ᠬᠥᠯᠥᠨ ᠪᠤᠢᠷ ᠬᠤᠲᠠ᠎ᠶ᠋ᠢᠨ ᠶᠤᠸᠠᠨ ᠳ᠋ᠢᠩ ᠨᠡᠢᠭᠡᠮ ᠲᠣᠭᠤᠷᠢᠭ᠎ᠲᠤ ᠨᠠᠢ᠍ᠮᠠᠨ ᠶᠡᠭᠡ ᠴᠢᠳᠠᠮᠵᠢ᠎ᠶ᠋ᠢᠨ ᠵᠢᠭ᠍ᠰᠠᠭᠠᠯ᠎ᠢ ᠪᠠᠢᠭᠤᠯᠵᠤ᠂ ᠨᠢᠭᠡ ᠥᠷᠲᠡᠭᠡ ᠮᠠᠶᠢᠭ᠎ᠤᠨ ᠡᠷᠡᠭᠦᠯᠵᠢᠯ ᠰᠤᠪᠢᠯᠠᠯᠲᠠ᠎ᠶ᠋ᠢᠨ ᠶᠡᠷᠦᠩᠬᠡᠢᠯᠡᠭ᠌ᠰᠡᠨ ᠴᠣᠭ᠍ᠴᠠ᠎ᠶ᠋ᠢ ᠪᠠᠢᠭᠤᠯᠪᠠ᠃
ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠵᠠᠭ᠍ᠪᠤᠷ᠎ᠢ᠋ ᠪᠣᠢᠵᠢᠭᠤᠯᠬᠤᠳ᠋ᠤ ᠠᠷᠠᠳ᠎ᠲᠤ᠌ ᠳᠥᠭᠥᠮ ᠦᠵᠡᠭᠦᠯᠬᠦ᠌ ᠦᠢᠯᠡᠴᠢᠯᠡᠭᠡ᠎ᠶᠢ 《 ᠬᠡᠮᠡᠷᠯᠢᠭ ᠳᠡᠭᠡᠷ᠎ᠡ ᠬᠤᠸᠠᠷ ᠬᠠᠳᠬᠤᠬᠤ 》 ᠪᠣᠯᠭᠠᠨ᠎ᠠ᠃ ᠤᠯᠠᠭᠠᠨᠬᠠᠳᠠ ᠬᠤᠲᠠ᠎ᠶ᠋ᠢᠨ 《ᠯᠦᠩ ᠱᠢᠶᠠᠩ ᠬᠢᠨᠠᠨ ᠰᠤᠩᠬᠤᠭᠤ 》 ᠲᠠᠪᠴᠠᠩ᠎ᠨᠢ 289 ᠵᠦᠢᠯ᠎ᠤᠨ ᠣᠨᠴᠠᠯᠢᠭ᠍ᠲᠤ ᠪᠦᠲᠦᠭᠡᠭ᠌ᠳᠡᠬᠦᠨ᠎ᠢ ᠡᠮᠬᠢᠯᠡᠨ ᠨᠡᠢᠯᠡᠭᠦᠯᠵᠦ᠍᠂ ᠲᠡᠷᠡ ᠳᠠᠷᠤᠶᠳᠤᠨᠢ ᠵᠢᠵᠢᠭ᠌ᠯᠡᠨ ᠬᠤᠳᠠᠯᠳᠤᠬᠤ᠎ᠶ᠋ᠢ ᠬᠥᠭ᠌ᠵᠢᠭᠦᠯᠪᠡ; ᠬᠥᠯᠥᠨ ᠪᠤᠢᠷ ᠬᠤᠲᠠ᠎ᠶ᠋ᠢᠨ 《 ᠪᠠᠢ ᠰᠢᠶᠠᠨ ᠵᠢᠶᠠ ᠳ᠋ᠣᠣ 》 ᠵᠢᠵᠢᠭ ᠫᠷᠤᠭ᠌ᠷᠠᠮ ᠨᠢ 《1 ᠴᠠᠭ᠎ᠲᠤ ᠬᠦᠷᠭᠡᠬᠦ᠌》 ᠶ᠋ᠢ ᠪᠡᠶᠡᠯᠡᠭᠦᠯᠵᠦ᠍᠂ ᠪᠠᠰᠠ ᠣᠶᠤᠨᠴᠢ ᠬᠤᠪᠴᠠᠰᠤ ᠤᠬᠢᠶᠠᠬᠤ ᠦᠢᠯᠡᠳᠪᠦᠷᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠳᠥᠯᠭᠢᠨ ᠠᠬᠢᠭᠤᠯᠵᠤ᠂ ᠣᠶᠤᠨᠴᠢ ᠵᠠᠬᠢᠳᠠᠯ᠎ᠤᠨ ᠬᠠᠢᠷᠴᠠᠭ᠎ᠢ ᠨᠡᠢᠭᠡᠮ ᠲᠣᠭᠤᠷᠢᠭ᠎ᠲᠤ ᠣᠷᠣᠭᠤᠯᠬᠤ᠎ᠶ᠋ᠢ ᠬᠠᠢᠨ ᠰᠦᠪᠡᠭ᠌ᠴᠢᠯᠡᠵᠦ᠍᠂ 24 ᠴᠠᠭ᠎ᠤᠨ ᠬᠥᠮᠦᠨ ᠥᠬᠡᠶ ᠳᠡᠯᠭᠡᠭᠦᠷ ᠨᠡᠭᠡᠭᠡᠨ ᠥᠭ᠌ᠴᠦ᠂ ᠰᠠᠭᠤᠭᠠᠯᠢ ᠠᠷᠠᠳ᠎ᠲᠤ ᠣᠢᠷ᠎ᠠ ᠬᠠᠪᠢ᠎ᠳᠠᠭᠠᠨ ᠣᠯᠠᠨ ᠡᠱᠢᠲᠦ ᠦᠢᠯᠡᠴᠢᠯᠡᠭᠡ ᠡᠳ᠋ᠯᠡᠭᠦᠯᠪᠡ᠃
ᠦᠢᠯᠡᠴᠢᠯᠡᠭᠡᠨ᠎ᠤ ᠳᠡᠰ ᠳᠡᠪᠱᠢᠬᠦ᠄ 《ᠰᠠᠭᠤᠷᠢ ᠬᠠᠩᠭᠠᠯᠭ᠎ᠠ》 ᠠᠴᠠ 《ᠶᠠᠰᠤ ᠴᠢᠨᠠᠷ᠎ᠤᠨ ᠦᠢᠯᠡᠴᠢᠯᠡᠭᠡ》 ᠬᠦᠷᠲᠡᠯ᠎ᠡ ᠰᠠᠭᠤᠭᠠᠯᠢ ᠠᠷᠠᠳ᠎ᠤᠨ 《ᠵᠣᠯ ᠵᠢᠷᠭᠠᠯ᠎ᠤᠨ ᠵᠢᠭᠠᠯᠲᠠ ᠲᠤᠭ᠎ᠠ》 ᠶ᠋ᠢ ᠳᠡᠭᠡᠭ᠌ᠰᠢᠯᠡᠭᠦᠯᠦᠨ᠎ᠡ
2025 ᠣᠨ᠎ᠳᠤ᠂ ᠥᠪᠥᠷ ᠮᠣᠩᠭᠤᠯ 《ᠨᠠᠷᠠᠲᠤ ᠲᠡᠮᠲᠡᠭᠵᠢᠯᠡᠯᠲᠡ᠂ ᠬᠦᠮᠦᠨᠴᠢᠯᠡᠯᠲᠡ᠂ ᠣᠨᠴᠠᠯᠢᠭᠵᠢᠭᠤᠯᠤᠯᠲᠠ》 ᠪᠠᠷ ᠤᠳᠤᠷᠢᠳᠤᠮᠵᠢ ᠪᠣᠯᠭᠠᠵᠤ᠂ ᠣᠨᠴᠠᠯᠢᠭ᠍ᠲᠤ ᠬᠤᠳᠠᠯᠳᠤᠭᠠᠨ᠎ᠤ ᠦᠢᠯᠡᠰ᠎ᠢ ᠪᠤᠢᠵᠢᠭᠤᠯᠬᠤ᠎ᠶ᠋ᠢ ᠲᠦᠷᠭᠡᠳᠭᠡᠨ᠂ ᠥᠪᠥᠷ ᠮᠣᠩᠭᠤᠯ᠎ᠤᠨ 7 ᠣᠨᠴᠠᠯᠢᠭ᠍ᠲᠤ ᠬᠤᠳᠠᠯᠳᠤᠭᠠᠨ᠎ᠤ ᠲᠥᠷᠥᠯ ᠵᠦᠢᠯ᠎ᠢ ᠲᠣᠭ᠍ᠲᠠᠭᠠᠵᠤ᠂ ᠬᠥᠬᠡᠬᠤᠲᠠ᠎ᠶ᠋ᠢᠨ ᠪᠥᠬᠦ᠌ ᠤᠯᠤᠰ᠎ᠤᠨ ᠬᠤᠶᠠᠳᠤᠭᠠᠷ ᠪᠦᠯᠦᠭ᠎ᠤᠨ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠲᠤᠷᠱᠢᠯᠲᠠ᠎ᠶ᠋ᠢᠨ ᠬᠤᠲᠠ᠎ᠪᠠᠷ ᠰᠣᠩᠭᠤᠭ᠍ᠳᠠᠬᠤᠶ᠋ᠢ ᠵᠢᠯᠣᠭᠤᠳᠴᠤ᠌᠂ ᠪᠤᠭᠤᠲᠤ ᠬᠤᠲᠠ ᠪᠥᠬᠦ᠌ ᠤᠯᠤᠰ᠎ᠤᠨ ᠵᠢᠵᠢᠭ᠌ᠯᠡᠨ ᠬᠤᠳᠠᠯᠳᠤᠬᠤ ᠦᠢᠯᠡᠰ᠎ᠤᠨ ᠱᠢᠨ᠎ᠡ᠎ᠶ᠋ᠢ ᠡᠭᠦᠳᠦᠨ ᠳᠡᠭᠡᠭ᠌ᠰᠢᠯᠡᠭᠦᠯᠬᠦ᠌ ᠲᠤᠷᠱᠢᠯᠲᠠ᠎ᠶ᠋ᠢᠨ ᠬᠤᠲᠠ᠎ᠪᠠᠷ ᠰᠣᠩᠭᠤᠭ᠍ᠳᠠᠵᠤ᠂ ᠬᠡᠷᠡᠭ᠌ᠯᠡᠭᠡᠨ᠎ᠤ ᠪᠠᠢᠳᠠᠯ᠎ᠤᠨ ᠱᠢᠨ᠎ᠡ᠎ᠶ᠋ᠢ ᠡᠭᠦᠳᠦᠨ ᠳᠡᠭᠡᠭ᠌ᠰᠢᠯᠡᠬᠦ᠌᠎ᠶ᠋ᠢ ᠳᠠᠢᠴᠢᠯᠠᠪᠠ᠃
ᠲᠥᠷᠥᠯ ᠲᠡᠮᠳᠡᠭ᠌ᠵᠢᠭᠦᠯᠦᠨ ᠬᠡᠯᠬᠢᠶᠡᠵᠢᠭᠦᠯᠦᠨ ᠬᠥᠭ᠌ᠵᠢᠭᠦᠯᠬᠦ᠌ ᠲᠠᠯ᠎ᠠ᠎ᠪᠠᠷ᠂ ᠥᠪᠥᠷ ᠮᠣᠩᠭᠤᠯ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ ᠡᠬᠢ ᠪᠠᠶᠠᠯᠢᠭ᠎ᠢᠶᠠᠨ ᠭᠠᠳᠠᠭ᠍ᠰᠢ ᠭᠠᠷᠭᠠᠬᠤ᠎ᠶ᠋ᠢ ᠵᠣᠷᠢᠭ᠍ᠵᠢᠭᠤᠯᠵᠤ᠂ ᠳᠤᠮᠳᠠ ᠵᠢᠵᠢᠭ ᠬᠤᠳᠠᠯᠳᠤᠭᠠᠨ᠎ᠤ ᠡᠷᠦᠬᠡ᠎ᠶ᠋ᠢᠨ ᠬᠡᠯᠪᠡᠷᠢ᠎ᠪᠠᠨ ᠬᠤᠪᠢᠷᠠᠭᠤᠯᠬᠤ᠎ᠶ᠋ᠢ ᠳᠠᠢᠴᠢᠯᠠᠪᠠ᠃ ᠬᠥᠬᠡᠬᠣᠲᠠ᠎ᠶᠢᠨ ᠬᠢᠨ ᠲᠤᠰ ᠭᠠᠵᠠᠷ᠎ᠤ᠋ᠨ ᠢᠳᠡᠭᠡᠨ ᠤᠮᠳᠠᠭᠠᠨᠤ᠋ ᠬᠣᠯᠪᠣᠭᠠᠲᠤ ᠠᠵᠤ ᠠᠬᠤᠢᠯᠠᠯ ᠂ ᠬᠠᠭᠤᠴᠢᠨ ᠨᠡᠷᠡᠲᠦ ᠲᠡᠮᠳᠡᠭ᠎ᠦ᠋ᠨ ᠬᠡᠪᠴᠢᠶ᠎ᠡ᠎ᠶᠢ ᠥᠷᠭᠡᠳᠭᠡᠬᠦ᠌᠎ᠶᠢ ᠠᠬᠢᠭᠤᠯᠵᠤ ᠂ ᠬᠤᠳᠠᠯᠳᠤᠭᠠᠨ᠎ᠤ᠋ ᠬᠡᠳᠦ ᠳᠡᠯᠭᠡᠭᠦᠷ᠎ᠦ᠋ᠨ ᠦᠢᠯᠡᠴᠢᠯᠡᠭᠡ᠎ᠶᠢ ᠰᠢᠯᠢᠳᠡᠭᠵᠢᠭᠦᠯᠵᠦ ᠂ ᠸᠠᠩ ᠹᠦ᠋ ᠵᠢᠩ ᠣᠣ ᠯᠠᠢ • ᠷᠦ᠋ ᠢ ᠵᠢᠵᠢᠭ ᠪᠠᠯᠭᠠᠰᠤ ᠵᠡᠷᠭᠡ ᠬᠤᠳᠠᠯᠳᠤᠭᠠᠨ᠎ᠤ᠋ ᠴᠣᠭ᠍ᠴᠠ ᠠᠵᠢᠯ᠎ᠢᠶᠠᠨ ᠡᠬᠢᠯᠡᠭᠦᠯᠵᠦ᠍ ᠂ ᠴᠢᠨᠠᠷ ᠰᠠᠢᠲᠠᠢ ᠦᠢᠯᠡᠴᠢᠯᠡᠭᠡᠨ᠎ᠦ᠌ ᠬᠠᠩᠭᠠᠯᠭ᠎ᠠ᠎ᠶᠢᠨ ᠬᠣᠭᠣᠰᠣᠨᠢ᠋ ᠨᠦᠬᠦᠪᠦᠷᠢᠯᠡᠭᠰᠡᠨ ᠪᠠᠢ᠌ᠨ᠎ᠠ ᠃
ᠬᠥᠮᠥᠨᠴᠢ ᠴᠢᠨᠠᠷ ᠴᠢᠨᠰᠠᠭ᠎ᠠ᠎ᠲᠠᠢ ᠦᠢᠯᠡᠴᠢᠯᠡᠭᠡ᠎ᠪᠡᠷ 《 ᠪᠠᠴᠢᠮᠳᠠᠵᠦ᠂ ᠬᠦᠴᠢᠷᠳᠡᠵᠦ᠂ ᠵᠤᠪᠠᠵᠦ᠂ ᠬᠦᠰᠡᠵᠦ》 ᠢ ᠪᠦᠲᠦᠮᠵᠢᠲᠡᠢ ᠰᠢᠢᠳᠪᠦᠷᠢᠯᠡᠨ᠎ᠡ᠃ ᠬᠥᠬᠡᠬᠣᠲᠠ ᠨᠢ ᠭᠡᠷ ᠪᠦᠯᠢ᠎ᠶᠢᠨ ᠦᠢᠯᠡᠴᠢᠯᠡᠭᠡᠨ᠎ᠦ᠌ ᠠᠵᠢᠯ ᠲᠥᠷᠥᠯ᠎ᠦ᠋ᠨ ᠨᠡᠢᠭᠡᠮᠯᠢᠭ᠎ᠢᠶᠠᠷ ᠲᠦᠷᠦᠭᠦᠯᠡᠭᠦᠯᠦᠨ᠂ ᠭᠡᠷ᠎ᠦ᠋ᠨ ᠶᠠᠪᠤᠳᠠᠯ᠎ᠤ᠋ᠨ ᠠᠵᠤ ᠠᠬᠤᠢᠯᠠᠯ᠎ᠢ᠋ ᠵᠣᠬᠢᠶᠠᠨ ᠪᠠᠢᠭᠤᠯᠤᠨ ᠨᠡᠢᠭᠡᠮ ᠲᠣᠭᠣᠷᠢᠭ᠎ᠲᠤ᠌ ᠣᠴᠢᠭᠤᠯᠵᠤ ᠠᠵᠢᠯᠯᠠᠭ᠎ᠠ ᠥᠷᠨᠢᠭᠦᠯᠦᠨ᠎ᠡ ᠤᠯᠠᠭᠠᠨᠬᠠᠳᠠ ᠬᠣᠲᠠ᠎ᠶᠢᠨ ᠰᠦᠩᠱ᠌ᠠᠨ ᠲᠣᠭᠣᠷᠢᠭ᠎ᠤ᠋ᠨ 《 ᠯᠧ +》 ᠨᠡᠷᠡᠲᠦ ᠲᠡᠮᠳᠡᠭ᠌ᠲᠦ ᠡᠳᠦᠷ᠎ᠦᠨ ᠬᠦᠴᠦ ᠶᠠᠪᠤᠭᠴᠢ᠎ᠶᠢᠨ ᠤᠯᠠᠭ᠎ᠠ ᠥᠷᠲᠡᠭᠡ᠎ᠶᠢ ᠨᠡᠭᠡᠭᠡᠵᠦ᠍ ᠂ 300 ᠭᠠᠷᠤᠢ ᠬᠥᠮᠦᠨ ᠤᠳᠠᠭᠠᠳ᠋ᠤ ᠠᠰᠢᠭ ᠬᠦᠷᠲᠡᠭᠡᠵᠦ᠍᠂ 《 ᠬᠣᠲᠠ ᠬᠥᠳᠡᠭᠡ᠎ᠶᠢᠨ ᠠᠵᠢᠯᠴᠢᠨ ᠬᠡᠷᠡᠭ᠌ᠯᠡᠬᠦ᠌ ᠬᠠᠷᠢᠯᠴᠠᠨ ᠨᠡᠪᠲᠡᠷᠡᠯᠴᠡᠬᠦ᠌》 ᠪᠡᠷ ᠳᠠᠮᠵᠢᠭᠤᠯᠤᠨ ᠰᠠᠭᠤᠭᠠᠯᠢ ᠠᠷᠠᠳ᠎ᠤ᠋ᠨ ᠣᠷᠣᠯᠭ᠎ᠠ᠎ᠶᠢ ᠨᠡᠮᠡᠭ᠌ᠳᠡᠭᠦᠯᠵᠦ᠍ ᠂ ᠨᠡᠢᠭᠡᠮ ᠲᠣᠭᠣᠷᠢᠭ᠎ᠤ᠋ᠨ ᠬᠤᠳᠠᠯᠳᠤᠭᠠᠨ᠎ᠤ᠋ ᠬᠣᠯᠪᠣᠭ᠎ᠠ᠎ᠶᠢ ᠵᠣᠬᠢᠶᠠᠨ ᠪᠠᠢᠭᠤᠯᠵᠤ ᠠᠷᠠᠳ᠎ᠲᠤ᠌ ᠠᠰᠢᠭ ᠬᠦᠷᠲᠡᠭᠡᠬᠦ᠌ ᠠᠵᠢᠯᠯᠠᠭ᠎ᠠ ᠥᠷᠨᠢᠭᠦᠯᠦᠨ᠂ 《 ᠨᠡᠢᠲᠡ᠎ᠶᠢᠨ ᠠᠰᠠᠷᠠᠮᠵᠢ + ᠬᠤᠳᠠᠯᠳᠤᠭ᠎ᠠ 》 ᠶᠢᠨ ᠬᠠᠮᠲᠤ᠎ᠪᠠᠷ ᠠᠰᠢᠭ ᠬᠦᠷᠲᠡᠬᠦ᠌᠎ᠶᠢ ᠪᠡᠶᠡᠯᠡᠭᠦᠯᠦᠨ᠎ᠡ ᠃
ᠣᠨᠴᠠᠯᠢᠭ᠍ᠲᠤ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠨᠢ ᠠᠮᠢᠳᠤᠷᠠᠯ᠎ᠤᠨ ᠬᠦᠷᠢᠶ᠎ᠡ ᠬᠡᠪᠴᠢᠶ᠎ᠡ᠎ᠶ᠋ᠢ ᠨᠠᠩ 《 ᠠᠮᠢᠳᠣᠷᠠᠯ᠎ᠤᠨ ᠦᠨᠦᠷ ᠠᠮᠲᠠ》 ᠲᠠᠢ ᠪᠣᠯᠭᠠᠨ᠎ᠠ᠃ ᠥᠪᠥᠷ ᠮᠣᠩᠭᠣᠯ 《ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠰᠠᠷ᠎ᠠ 》 ᠶᠢᠨ ᠠᠵᠢᠯᠯᠠᠭ᠎ᠠ ᠥᠷᠨᠢᠭᠦᠯᠵᠦ᠍ ᠂ ᠣᠯᠠᠨ ᠵᠦᠢᠯ᠎ᠦ᠋ᠨ ᠦᠢᠯᠡᠴᠢᠯᠡᠭᠡ᠎ᠶᠢ ᠨᠡᠢᠭᠡᠮ ᠲᠣᠭᠣᠷᠢᠭ᠎ᠲᠤ᠌ ᠣᠷᠣᠭᠤᠯᠬᠤ᠎ᠶᠢ ᠲᠦᠯᠬᠢᠨ ᠠᠬᠢᠭᠤᠯᠤᠨ᠎ᠠ᠃ ᠬᠥᠬᠡᠬᠣᠲᠠ ᠲᠣᠮᠣ ᠬᠡᠯᠪᠡᠷᠢ᠎ᠶᠢᠨ ᠠᠵᠤ ᠠᠬᠤᠢᠯᠠᠯ᠎ᠢ᠋ ᠵᠣᠬᠢᠶᠠᠨ ᠪᠠᠢᠭᠤᠯᠵᠤ 50 ᠭᠠᠷᠤᠢ ᠨᠡᠢᠭᠡᠮ ᠲᠣᠭᠣᠷᠢᠭ᠎ᠲᠤ᠌ ᠵᠠᠭᠤ ᠭᠠᠷᠤᠢ ᠲᠠᠯᠠᠪᠠᠢ ᠬᠡᠷᠡᠭ᠌ᠯᠡᠭᠡ᠎ᠶᠢ ᠠᠬᠢᠭᠤᠯᠬᠤ ᠠᠵᠢᠯᠯᠠᠭ᠎ᠠ᠎ᠶᠢ ᠡᠷᠬᠢᠯᠡᠪᠡ ᠦᠬᠠᠢ ᠬᠣᠲᠠ 《 ᠪᠡᠭᠡᠵᠢᠩ᠎ᠦ᠋ᠨ ᠳ᠋ᠦᠩ ᠴᠧᠩ ᠲᠣᠭᠣᠷᠢᠭ᠎ᠤ᠋ᠨ ᠬᠠᠭᠤᠴᠢᠨ ᠨᠡᠷᠡᠲᠦ ᠲᠠᠸᠠᠷ ᠲᠠᠨᠢᠯᠴᠠᠭᠤᠯᠬᠤ ᠠᠵᠢᠯᠯᠠᠭ᠎ᠠ 》 ᠶᠢ ᠡᠷᠬᠢᠯᠡᠵᠦ᠍᠂《 ᠰᠣᠶᠣᠯ᠎ᠤ᠋ᠨ ᠰᠣᠯᠢᠯᠴᠠᠭ᠎ᠠ + ᠬᠡᠷᠡᠭ᠌ᠯᠡᠭᠡ᠎ᠶᠢᠨ ᠣᠢᠯᠠᠭᠠᠯᠲᠠ 》 ᠶᠢᠨ ᠶᠡᠷᠦᠩᠬᠡᠢᠯᠡᠭ᠌ᠰᠡᠨ ᠠᠵᠢᠯᠯᠠᠭ᠎ᠠ᠎ᠶᠢ ᠪᠣᠢ ᠪᠣᠯᠭᠠᠵᠤ᠂ ᠰᠠᠭᠤᠭᠠᠯᠢ ᠠᠷᠠᠳ᠎ᠤ᠋ᠨ ᠬᠡᠷᠡᠭ᠌ᠯᠡᠭᠡᠨᠦ᠌ ᠰᠣᠩᠭᠣᠯᠲᠠ᠎ᠶᠢ ᠪᠠᠶᠠᠯᠢᠭᠵᠢᠭᠤᠯᠤᠨ᠎ᠠ᠃
ᠬᠠᠮᠢᠶᠠᠷᠤᠯᠲᠠ᠎ᠶ᠋ᠢ ᠲᠠᠰ ᠳᠡᠪᠱᠢᠭᠦᠯᠬᠦ᠄ 《ᠳᠠᠩ ᠴᠤᠯᠭᠤᠢ ᠬᠠᠮᠢᠶᠠᠷᠤᠯᠲᠠ》 ᠠᠴᠠ 《ᠣᠯᠠᠨ ᠡᠱᠢᠲᠦ ᠬᠠᠮᠲᠤ᠎ᠪᠠᠷ ᠵᠠᠰᠠᠬᠤ》 ᠬᠦᠷᠲᠡᠯ᠎ᠡ ᠨᠡᠢᠭᠡᠮ ᠲᠣᠭᠤᠷᠢᠭ᠎ᠤᠨ 《ᠵᠠᠰᠠᠯᠲᠠ᠎ᠶ᠋ᠢᠨ ᠦᠷ᠎ᠡ ᠪᠦᠲᠦᠮᠵᠢ》 ᠶ᠋ᠢ ᠬᠥᠭ᠌ᠵᠢᠭᠡᠨ᠎ᠡ
ᠨᠡᠢᠭᠡᠮ ᠲᠣᠭᠤᠷᠢᠭ᠎ᠤᠨ ᠵᠠᠰᠠᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠥᠪᠥᠷ ᠮᠣᠩᠭᠤᠯ ᠠᠮᠢᠳᠤᠷᠠᠯ᠎ᠤᠨ ᠬᠦᠷᠢᠶᠡᠨ᠎ᠤ ᠬᠠᠮᠢᠶᠠᠷᠤᠯᠲᠠ᠎ᠶ᠋ᠢ 《ᠳᠠᠩ ᠴᠤᠯᠭᠤᠶ ᠬᠠᠮᠢᠶᠠᠷᠤᠯᠲᠠ》 ᠪᠠᠢᠭ᠍ᠰᠠᠨ᠎ᠠᠴᠠ 《ᠣᠯᠠᠨ ᠡᠱᠢᠲᠦ ᠬᠠᠮᠲᠤ᠎ᠪᠠᠷ ᠵᠠᠰᠠᠬᠤ》 ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠣᠶᠤᠨ ᠤᠬᠠᠭᠠᠨ᠎ᠤ ᠠᠷᠭ᠎ᠠ ᠪᠠᠷᠢᠯ᠎ᠢ ᠣᠷᠣᠭᠤᠯᠤᠨ ᠠᠪᠴᠢᠷᠠᠵᠤ᠂ ᠵᠠᠰᠠᠯᠲᠠ᠎ᠶ᠋ᠢ ᠨᠠᠩ ᠥᠨᠳᠥᠷ ᠪᠦᠲᠦᠮᠵᠢᠲᠡᠶ ᠪᠣᠯᠭᠠᠪᠠ᠃
ᠣᠯᠠᠨ ᠡᠱᠢᠲᠦ ᠵᠠᠰᠠᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠭ᠍ᠰᠠᠨ᠎ᠨᠢ ᠡᠯ᠎ᠡ ᠲᠠᠯ᠎ᠠ᠎ᠶ᠋ᠢᠨ ᠬᠦᠴᠦᠨ᠎ᠢ ᠨᠢᠭ᠍ᠲᠠᠷᠠᠭᠤᠯᠪᠠ᠃ ᠡᠯ᠎ᠡ ᠭᠠᠵᠠᠷ᠎ᠤᠨ᠎ᠬᠢᠨ ᠵᠠᠰᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠵᠡᠭᠡᠯᠢ ᠭᠤᠳᠤᠮᠵᠢ᠂ ᠨᠡᠢᠭᠡᠮ ᠲᠣᠭᠤᠷᠢᠭ᠂ ᠬᠤᠳᠠᠯᠳᠤᠭᠠᠨ᠎ᠤ ᠡᠷᠦᠬᠡ᠂ ᠠᠳᠠᠯ ᠠᠬᠤᠶ᠂ ᠰᠠᠭᠤᠭᠠᠯᠢ ᠠᠷᠠᠳ ᠬᠤᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠵᠤ᠂ 《ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌》 ᠶ᠋ᠢ ᠪᠡᠶᠡᠯᠡᠭᠦᠯᠦᠨ᠎ᠡ᠃ ᠤᠯᠠᠭᠠᠨᠬᠠᠳᠠ ᠬᠤᠲᠠ᠎ᠶ᠋ᠢᠨ ᠰᠦᠩᠱᠠᠨ ᠲᠣᠭᠤᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠠᠮᠢᠳᠤᠷᠠᠯ᠎ᠤᠨ ᠲᠣᠭᠤᠷᠢᠭ᠎ᠲᠤ 《ᠢ ᠭᠤᠸᠠᠩ ᠱᠢᠩ》 ᠨᠡᠢᠭᠡᠮ᠎ᠤᠨ ᠵᠠᠰᠠᠯᠲᠠ᠎ᠶ᠋ᠢᠨ ᠲᠠᠪᠴᠠᠩ᠎ᠢ ᠪᠣᠶ ᠪᠣᠯᠭᠠᠵᠤ᠂ 1695 ᠬᠤᠳᠠᠯᠳᠤᠭᠠᠴᠢᠨ ᠡᠷᠦᠬᠡ᠎ᠶ᠋ᠢ ᠣᠷᠣᠭᠤᠯᠤᠨ ᠠᠪᠴᠢᠷᠠᠵᠤ᠂ 435 ᠱᠢᠯᠢᠳᠡᠭ᠎ᠢ᠎ᠨᠢ ᠰᠣᠩᠭᠤᠵᠤ 《ᠤᠯᠠᠭᠠᠨ ᠠᠨᠠᠷ》 ᠤᠨ ᠬᠠᠢᠷ᠎ᠠ ᠬᠠᠯᠠᠮᠵᠢ᠎ᠶ᠋ᠢᠨ ᠬᠤᠯᠪᠣᠭᠠᠨ᠎ᠤ ᠬᠤᠳᠠᠯᠳᠤᠭᠠᠴᠢᠨ ᠡᠷᠦᠬᠡ ᠪᠣᠯᠭᠠᠵᠤ᠂ 《 ᠬᠡᠷᠡᠭᠯᠡᠭᠡ᠎ᠪᠡᠷ ᠠᠳᠠᠯ ᠠᠬᠤᠢ᠎ᠶᠢᠨ ᠵᠠᠷᠤᠳᠠᠯ᠎ᠢ ᠪᠤᠴᠠᠭᠠᠬᠤ 》 ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ 《ᠵᠢᠷᠭᠤᠭᠠᠨ ᠲᠠᠯ᠎ᠠ᠎ᠪᠠᠷ᠎ᠢᠶᠠᠨ ᠬᠤᠯᠪᠣᠭᠠᠯᠠᠨ ᠬᠥᠳᠡᠯᠦᠯᠴᠡᠬᠦ᠌》 ᠬᠠᠮᠲᠤ᠎ᠪᠠᠷ ᠵᠠᠰᠠᠬᠤ ᠪᠠᠢᠷᠢᠱᠢᠯ᠎ᠢ ᠪᠣᠶ ᠪᠣᠯᠭᠠᠵᠤ᠂ ᠰᠠᠭᠤᠭᠠᠯᠢ ᠠᠷᠠᠳ᠎ᠤᠨ ᠬᠡᠷᠡᠭ᠌ᠯᠡᠭᠡ ᠬᠢᠭᠡᠳ ᠠᠳᠠᠯ ᠠᠬᠤᠶ᠎ᠶ᠋ᠢᠨ ᠰᠦᠢᠳᠭᠡᠯ ᠲᠤᠱᠢᠶᠠᠬᠤ ᠰᠠᠢᠨ ᠰᠠᠢᠬᠠᠨ ᠬᠤᠷᠱᠢᠯᠴᠠᠭ᠎ᠠ᠎ᠶ᠋ᠢ ᠠᠬᠢᠭᠤᠯᠪᠠ᠃
ᠲᠤᠰᠭᠠᠶ ᠮᠡᠷᠭᠡᠵᠢᠯ᠎ᠤᠨ ᠭᠤᠤᠯ ᠴᠣᠭ᠍ᠴᠠ᠎ᠶ᠋ᠢᠨ ᠡᠵᠡᠩᠨᠡᠯᠳᠡ᠎ᠨᠢ ᠠᠮᠢᠳᠤᠷᠠᠯ᠎ᠤᠨ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃ ᠦᠬᠠᠶ ᠬᠤᠲᠠ᠎ᠶ᠋ᠢᠨ ᠡᠪᠯᠡᠯ᠎ᠤᠨ ᠬᠤᠷᠢᠶ᠎ᠠ᠂ ᠪᠠᠶᠠᠨ ᠤᠰᠤ ᠵᠡᠭᠡᠯᠢ᠎ᠶ᠋ᠢᠨ ᠬᠤᠢᠲᠤ ᠲᠠᠯ᠎ᠠ᠎ᠶ᠋ᠢᠨ ᠠᠮᠢᠳᠤᠷᠠᠯ᠎ᠤᠨ ᠲᠣᠭᠤᠷᠢᠭ᠎ᠲᠤ ᠨᠡᠢᠭᠡᠮ ᠲᠣᠭᠤᠷᠢᠭ᠎ᠤᠨ ᠬᠤᠷᠱᠢᠭ᠍ᠴᠢᠶ᠋ᠢᠨ ᠵᠠᠬ᠎ᠠ ᠳᠡᠯᠭᠡᠭᠦᠷ᠎ᠤᠨ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠣᠷᠣᠭᠤᠯᠤᠨ ᠠᠪᠴᠢᠷᠠᠵᠤ᠂ ᠪᠠᠭ᠎ᠠ ᠵᠠᠰᠠᠯᠲᠠ᠎ᠶ᠋ᠢᠨ ᠪᠠᠭ᠎ᠠ ᠨᠥᠬᠦᠪᠦᠷᠢ᠂ ᠨᠠᠰᠤᠵᠢᠯ᠎ᠤᠨ ᠠᠰᠠᠷᠠᠮᠵᠢ ᠡᠷᠡᠭᠦᠯᠵᠢᠯ ᠵᠡᠷᠭᠡ ᠣᠯᠠᠨ ᠵᠦᠢᠯ᠎ᠤᠨ ᠦᠢᠯᠡᠴᠢᠯᠡᠭᠡ᠎ᠶ᠋ᠢ ᠣᠷᠣᠭᠤᠯᠤᠨ ᠠᠪᠴᠢᠷᠠᠵᠤ᠂ ᠨᠡᠢᠭᠡᠮ ᠲᠣᠭᠤᠷᠢᠭ᠎ᠤᠨ ᠡᠬᠢ ᠪᠠᠶᠠᠯᠢᠭ᠎ᠤᠨ ᠬᠦᠴᠢᠷᠳᠡᠯ᠎ᠢ ᠱᠢᠢᠳᠪᠦᠷᠢᠯᠡᠵᠦ᠍᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠦᠨ᠎ᠡ᠃
ᠳ᠋ᠢᠭᠢᠲᠴᠢᠯᠡᠭᠰᠡᠨ ᠬᠠᠮᠢᠶᠠᠷᠤᠯᠲᠠ᠎ᠶᠢ ᠲᠡᠰ ᠳᠡᠪᠰᠢᠭᠦᠯᠵᠦ᠂ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡ᠎ᠶᠢ ᠨᠡᠩ 《ᠣᠶᠤᠨᠴᠢᠯᠠᠭᠰᠠᠨ》 ᠪᠠᠢᠨ᠎ᠠ᠃ ᠬᠥᠬᠡᠬᠤᠲᠠ ᠮᠸᠢ ᠲᠤᠸᠠᠨ ᠲᠠᠢ ᠬᠠᠮᠲᠤᠷᠠᠨ ᠣᠨᠴᠠᠯᠢᠭ᠍ᠲᠤ ᠬᠤᠳᠠᠯᠳᠤᠭᠠᠨ᠎ᠤ ᠵᠡᠭᠡᠯᠢ ᠲᠣᠭᠤᠷᠢᠭ᠂ ᠠᠮᠲᠠᠲᠤ ᠢᠳᠡᠭᠡᠨ᠎ᠤ ᠭᠠᠵᠠᠷ᠎ᠤᠨ ᠵᠢᠷᠤᠭ ᠭᠠᠷᠭᠠᠵᠤ᠂ 《ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠬᠦᠳᠡᠯᠦᠩᠭᠦᠢ ᠭᠠᠵᠠᠷ᠎ᠤᠨ ᠵᠢᠷᠤᠭ》 ᠢ ᠨᠡᠭᠡᠭᠡᠨ ᠬᠥᠭ᠌ᠵᠢᠭᠦᠯᠵᠦ᠍᠂ ᠱᠢᠨ᠎ᠡ ᠬᠤᠲᠠ ᠲᠣᠭᠤᠷᠢᠭ᠎ᠤᠨ ᠰᠣᠶᠣᠯᠲᠤ ᠠᠮᠢᠳᠤᠷᠠᠯ᠎ᠤᠨ ᠲᠣᠭᠤᠷᠢᠭ᠎ᠲᠤ ᠨᠡᠢᠭᠡᠮ ᠲᠣᠭᠤᠷᠢᠭ᠎ᠤᠨ ᠵᠢᠵᠢᠭ ᠫᠷᠤᠭ᠌ᠷᠠᠮ᠎ᠢ ᠨᠡᠪᠲᠡᠷᠡᠭᠦᠯᠵᠦ᠍᠂ ᠪᠠᠰᠠ ᠣᠶᠤᠨᠴᠢ ᠡᠮᠴᠢᠯᠡᠭᠡ᠎ᠳᠤ ᠲᠦᠱᠢᠭ᠌ᠯᠡᠨ ᠠᠯᠤᠰ ᠡᠵᠡᠮᠱᠢᠯᠲᠦ ᠬᠠᠮᠲᠤᠷᠠᠨ ᠣᠨᠣᠱᠢᠯᠠᠵᠤ ᠤᠷᠢᠳᠴᠢᠯᠠᠨ ᠪᠣᠯᠵᠣᠬᠤ᠎ᠶ᠋ᠢ ᠪᠡᠶᠡᠯᠡᠭᠦᠯᠪᠡ; ᠬᠥᠯᠥᠨ ᠪᠤᠢᠷ ᠬᠤᠲᠠ 《ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠦᠢᠯᠡᠴᠢᠯᠡᠭᠡᠨ᠎ᠤ ᠲᠣᠭᠤᠷᠢᠭ᠎ᠤᠨ ᠣᠶᠤᠨᠴᠢ ᠦᠢᠯᠡᠴᠢᠯᠡᠭᠡᠨ᠎ᠤ ᠲᠠᠪᠴᠠᠩ (ᠵᠢᠵᠢᠭ ᠫᠷᠤᠭ᠌ᠷᠠᠮ)》 ᠢ ᠪᠠᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷᠬᠢ ᠴᠢᠳᠠᠮᠵᠢ᠎ᠶ᠋ᠢ ᠡᠮᠬᠢᠯᠡᠨ ᠨᠡᠢᠯᠡᠭᠦᠯᠵᠦ᠍᠂ ᠪᠥᠬᠦ᠌ ᠲᠠᠯ᠎ᠠ᠎ᠶ᠋ᠢᠨ ᠦᠢᠯᠡᠴᠢᠯᠡᠭᠡ ᠬᠠᠩᠭᠠᠪᠠ᠃