ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ᠂ ᠣᠢᠷ᠎ᠠ᠎ᠶ᠋ᠢᠨ ᠡᠳᠦᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠭᠠᠳᠠᠭᠠᠳᠤ ᠶᠠᠪᠤᠳᠠᠯ᠎ᠤᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ ᠵᠡᠷᠭᠡ 5 ᠰᠠᠯᠠᠭ᠎ᠠ ᠮᠥᠴᠢᠷ ᠬᠠᠮᠲᠤᠷᠠᠨ 《ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠲᠤᠭᠲᠠᠯᠴᠠᠭ᠎ᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠲᠤᠬᠠᠶ ᠵᠢᠯᠣᠭᠣᠳᠭᠤ ᠰᠠᠨᠠᠯ》 ( ᠳᠣᠷᠣᠭ᠍ᠰᠢ 《 ᠵᠢᠯᠣᠭᠣᠳᠭᠤ ᠰᠠᠨᠠᠯ》 ᠭᠡᠵᠦ᠍ ᠲᠣᠪᠴᠢᠯᠠᠨ᠎ᠠ ) ᠢ ᠳᠠᠷᠤᠮᠠᠯᠯᠠᠨ ᠲᠠᠷᠬᠠᠭᠠᠪᠠ᠃ 《ᠵᠢᠯᠣᠭᠤᠳᠭᠤ ᠰᠠᠨᠠᠯ》 ᠨᠢ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠤᠯᠤᠰ᠎ᠤᠨ ᠭᠠᠳᠠᠭᠠᠳᠤ ᠪᠡᠯᠡ ᠣᠷᠣᠭᠤᠯᠤᠯᠲᠠ ᠠᠷᠠᠯᠵᠢᠶᠠᠨ᠎ᠤ ᠬᠥᠭ᠌ᠵᠢᠯᠲᠡ᠎ᠯᠦᠭᠡ ᠲᠣᠬᠢᠷᠠᠯᠴᠠᠭ᠍ᠰᠠᠨ ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠤᠭᠲᠠᠯᠴᠠᠭ᠎ᠠ᠎ᠶ᠋ᠢ ᠬᠦᠴᠦᠯᠡᠨ ᠪᠠᠢᠭᠤᠯᠬᠤ ᠪᠣᠯ ᠮᠠᠨ᠎ᠤ ᠤᠯᠤᠰ᠎ᠤᠨ ᠠᠩᠬᠠᠳᠠᠭ᠍ᠴᠢ ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠬᠦᠷᠢᠶᠡᠨ᠎ᠳᠠᠬᠢ ᠵᠢᠯᠣᠭᠤᠳᠭᠤ ᠪᠢᠴᠢᠭ ᠮᠠᠲ᠋ᠧᠷᠢᠶᠠᠯ ᠮᠥᠨ᠃
ᠣᠳᠣᠬᠠᠨ᠎ᠳᠤ᠂ ᠮᠠᠨ᠎ᠤ ᠤᠯᠤᠰ᠎ᠤᠨ ᠳᠠᠯᠠᠢ᠎ᠠᠴᠠ ᠭᠠᠷᠬᠤ ᠠᠵᠤ ᠠᠬᠤᠢᠯᠠᠯ᠎ᠤᠨ ᠬᠡᠪᠴᠢᠶ᠎ᠡ ᠲᠠᠰᠤᠷᠠᠯᠲᠠ ᠥᠬᠡᠶ ᠪᠤᠵᠠᠭᠠᠢᠷᠠᠵᠤ᠂ ᠣᠯᠠᠨ ᠡᠱᠢᠵᠢᠭ᠌ᠰᠡᠨ ᠵᠠᠬ᠎ᠠ ᠳᠡᠯᠭᠡᠭᠦᠷ᠎ᠢ ᠢᠳᠡᠪᠬᠢᠲᠡᠶ ᠨᠡᠭᠡᠭᠡᠵᠦ᠍᠂ ᠴᠢᠨᠠᠷ ᠰᠠᠢᠲᠠᠶ᠂ ᠲᠤᠰᠭᠠᠢᠵᠢᠭ᠍ᠰᠠᠨ ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠬᠡᠷᠡᠭ᠌ᠴᠡᠭᠡ ᠢᠯᠡᠳᠲᠡ ᠨᠡᠮᠡᠭ᠌ᠳᠡᠵᠦ᠍ ᠪᠠᠢᠨ᠎ᠠ᠃ 《ᠵᠢᠯᠣᠭᠤᠳᠭᠤ ᠰᠠᠨᠠᠯ》 ᠨᠢ ᠲᠥᠪ ᠪᠠ ᠭᠠᠵᠠᠷ ᠣᠷᠣᠨ᠎ᠤ ᠬᠤᠯᠪᠣᠭᠠᠯᠠᠨ ᠬᠥᠳᠡᠯᠦᠯᠴᠡᠬᠦ᠂ ᠣᠷᠣᠨ ᠪᠦᠰᠡ᠎ᠶ᠋ᠢᠨ ᠬᠠᠮᠵᠢᠯᠴᠠᠭ᠎ᠠ᠂ ᠡᠬᠢ ᠪᠠᠶᠠᠯᠢᠭ ᠲᠥᠪᠯᠡᠷᠡᠭ᠌ᠰᠡᠨ᠂ ᠳᠣᠲᠣᠭᠠᠳᠤ ᠭᠠᠳᠠᠭᠠᠳᠤ᠎ᠶ᠋ᠢ ᠨᠡᠪᠲᠡᠷᠡᠯᠴᠡᠭᠦᠯᠦᠭ᠌ᠰᠡᠨ ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠠᠮᠢ ᠠᠬᠤᠶ᠎ᠶ᠋ᠢ ᠪᠣᠶ ᠪᠣᠯᠭᠠᠬᠤ᠎ᠪᠠᠷ ᠬᠦᠴᠦᠯᠡᠨ ᠴᠢᠷᠮᠠᠢᠵᠤ᠂ ᠣᠯᠠᠨ ᠤᠯᠤᠰ᠎ᠤᠨ ᠬᠠᠮᠲᠤᠷᠠᠯᠴᠠᠭ᠎ᠠ ᠪᠠ ᠥᠷᠢᠰᠥᠯᠳᠦᠭᠡᠨ᠎ᠳᠤ ᠣᠷᠣᠯᠴᠠᠬᠤ᠂ ᠠᠵᠤ ᠠᠬᠤᠢᠯᠠᠯ᠎ᠤᠨ ᠭᠠᠳᠠᠭᠠᠳᠤ᠎ᠶ᠋ᠢᠨ ᠵᠦᠶ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ 6 ᠲᠠᠯ᠎ᠠ 16 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠃ ᠨᠢᠭᠡ᠎ᠳᠤ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠦᠨ᠎ᠡ᠃ ᠭᠠᠷᠴᠤ᠌ ᠶᠠᠪᠤᠬᠤ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠪᠴᠠᠩ ᠢ ᠤᠯᠤᠰ᠎ᠤᠨ ᠳᠡᠰ ᠳᠠᠪᠬᠤᠷᠭ᠎ᠠ᠎ᠶ᠋ᠢᠨ ᠭᠠᠳᠠᠭᠠᠳᠤ᠎ᠳᠠᠬᠢ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠲᠠᠪᠴᠠᠩ ᠪᠣᠯᠭᠠᠨ ᠳᠡᠰ ᠳᠡᠪᠱᠢᠭᠦᠯᠵᠦ᠍ ᠂ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠲᠣᠮᠣ ᠲᠠᠪᠴᠠᠩ ᠪᠠ ᠲᠤᠰᠭᠠᠶ ᠦᠢᠯᠡᠴᠢᠯᠡᠭᠡᠨ᠎ᠦ ᠬᠤᠪᠢᠶᠠᠷᠢ ᠲᠠᠪᠴᠠᠩ ᠢ ᠣᠷᠭᠠᠨᠢᠭ᠎ᠢᠶᠠᠷ ᠤᠶᠠᠯᠳᠤᠭᠤᠯᠤᠭ᠍ᠰᠠᠨ ᠦᠢᠯᠡᠴᠢᠯᠡᠭᠡᠨ᠎ᠦ ᠲᠤᠭᠲᠠᠯᠴᠠᠭ᠎ᠠ᠎ᠶ᠋ᠢ ᠪᠣᠶ ᠪᠣᠯᠭᠠᠬᠤ ᠬᠡᠷᠡᠭ᠌ᠲᠡᠶ᠃ ᠦᠢᠯᠡᠴᠢᠯᠡᠭᠡᠨ᠎ᠤ ᠴᠢᠳᠠᠮᠵᠢ᠎ᠶ᠋ᠢ ᠱᠢᠯᠢᠳᠡᠭ᠌ᠵᠢᠭᠦᠯᠵᠦ᠍᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠨᠠᠩ ᠣᠯᠠᠨ ᠴᠢᠨᠠᠷ ᠰᠠᠢᠲᠠᠶ ᠣᠯᠠᠨ ᠨᠡᠢᠲᠡ᠎ᠶ᠋ᠢᠨ ᠦᠢᠯᠡᠳᠭᠦᠨ᠎ᠢ ᠭᠠᠷᠭᠠᠨ᠎ᠠ᠃ ᠬᠤᠶᠠᠷ᠎ᠲᠤ᠌᠂ ᠣᠷᠣᠨ ᠨᠤᠲᠤᠭ᠎ᠤᠨ ᠦᠢᠯᠡᠴᠢᠯᠡᠭᠡ᠎ᠶ᠋ᠢ ᠲᠥᠪᠯᠡᠷᠡᠭᠦᠯᠦᠨ ᠱᠢᠨ᠎ᠡ᠎ᠶ᠋ᠢ ᠡᠭᠦᠳᠦᠨ᠎ᠡ᠃ ᠣᠷᠣᠨ ᠨᠤᠲᠤᠭ᠎ᠢ ᠵᠢᠯᠣᠭᠤᠳᠤᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷᠬᠢ ᠦᠶ᠋ᠯᠡᠴᠢᠯᠡᠭᠡ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠲᠡᠯᠡᠶ᠎ᠳᠤ ᠭᠠᠷᠬᠤ ᠦᠶ᠋ᠯᠡᠴᠢᠯᠡᠭᠡᠨ᠎ᠤ 《ᠨᠢᠭᠡ ᠥᠷᠲᠡᠭᠡ ᠮᠠᠶᠢᠭ》 ᠤᠨ ᠴᠣᠩᠬᠤᠪᠴᠢ᠎ᠶ᠋ᠢ ᠪᠣᠶ ᠪᠣᠯᠭᠠᠨ᠎ᠠ; ᠨᠥᠬᠦᠴᠡᠯ᠎ᠲᠠᠢ ᠭᠠᠵᠠᠷ ᠣᠷᠣᠨ᠎ᠤ ᠠᠩᠬ᠎ᠠ ᠡᠭᠦᠳᠬᠦ᠌ ᠴᠢᠨᠠᠷᠲᠠᠶ᠂ ᠬᠤᠷᠠᠮᠠᠯ ᠮᠠᠶᠢᠭ᠎ᠤᠨ ᠰᠦᠪᠡᠭ᠌ᠴᠢᠯᠡᠯᠲᠡ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠲᠡᠯᠡᠶ᠎ᠳᠤ ᠭᠠᠷᠬᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠤ ᠭᠠᠷᠠᠮ᠎ᠢ ᠪᠠᠢᠭᠤᠯᠵᠤ᠂ ᠦᠶ᠋ᠯᠡᠴᠢᠯᠡᠭᠡᠨ᠎ᠤ ᠡᠬᠢ ᠪᠠᠶᠠᠯᠢᠭ᠎ᠤᠨ ᠴᠢᠨᠠᠷ ᠰᠠᠢᠲᠠᠶ ᠬᠠᠩᠭᠠᠯᠭ᠎ᠠ ᠪᠠ ᠥᠨᠳᠥᠷ ᠪᠦᠲᠦᠮᠵᠢᠲᠡᠶ ᠵᠣᠬᠢᠴᠠᠯᠳᠤᠬᠤ᠎ᠶ᠋ᠢ ᠠᠬᠢᠭᠤᠯᠤᠨ᠎ᠠ᠃ ᠭᠤᠷᠪᠠ᠎ᠳᠤ᠂ ᠭᠠᠳᠠᠭᠠᠳᠤ᠎ᠶ᠋ᠢᠨ ᠦᠢᠯᠡᠴᠢᠯᠡᠭᠡ᠎ᠶ᠋ᠢ ᠤᠯᠠᠮ ᠲᠡᠭᠦᠯᠳᠡᠷᠵᠢᠭᠦᠯᠦᠨ᠎ᠡ᠃ ᠬᠢᠯᠢ᠎ᠶ᠋ᠢᠨ ᠭᠠᠳᠠᠨᠠᠬᠢ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠣᠷᠣᠨ᠎ᠤ ᠴᠢᠳᠠᠮᠵᠢ᠎ᠶ᠋ᠢ ᠥᠷᠭᠡᠳᠭᠡᠵᠦ᠍᠂ ᠳᠠᠯᠠᠶ᠎ᠳᠤ ᠭᠠᠷᠬᠤ ᠬᠥᠲᠥᠴᠢ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠣᠷᠣᠨ ᠪᠠᠢᠭᠤᠯᠬᠤ᠎ᠳᠤ ᠣᠷᠣᠯᠴᠠᠬᠤ᠎ᠶ᠋ᠢ ᠳᠡᠮᠵᠢᠵᠦ᠍᠂ ᠡᠷᠬᠢᠯᠡᠭ᠌ᠴᠢ ᠤᠯᠤᠰ ᠯᠤᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠨᠡᠪᠲᠡᠷᠡᠯᠴᠡᠭᠡ᠎ᠪᠠᠨ ᠴᠢᠩᠭᠠᠳᠭᠠᠨ᠎ᠠ᠃ ᠭᠣᠤᠯᠳᠠᠯᠭ᠎ᠠ᠎ᠲᠠᠶ ᠤᠯᠤᠰ᠎ᠤᠨ ᠭᠠᠳᠠᠨ᠎ᠠ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠥᠷᠲᠡᠭᠡ ᠪᠠᠢᠭᠤᠯᠵᠤ᠂ ᠳᠠᠯᠠᠶ᠎ᠳᠦ ᠭᠠᠷᠬᠤ ᠠᠵᠤ ᠠᠬᠤᠢᠯᠠᠯ᠎ᠤᠨ ᠣᠯᠠᠨ ᠤᠯᠤᠰ᠎ᠤᠨ ᠡᠵᠡᠩᠨᠡᠨ ᠪᠣᠷᠣᠯᠠᠭᠤᠯᠬᠤ ᠲᠣᠤᠷ ᠰᠦᠯᠵᠢᠶ᠎ᠡ᠎ᠶ᠋ᠢ ᠪᠠᠢᠭᠤᠯᠬᠤ᠂ ᠭᠠᠳᠠᠭᠠᠳᠤ᠎ᠳᠠᠬᠢ ᠵᠠᠬ᠎ᠠ ᠳᠡᠯᠭᠡᠭᠦᠷ᠎ᠢ ᠨᠡᠭᠡᠭᠡᠬᠦ᠌᠎ᠳᠦ ᠦᠷᠭᠦᠯᠵᠢᠯᠡᠨ ᠦᠢᠯᠡᠴᠢᠯᠡᠭᠡᠨ ᠬᠠᠩᠭᠠᠬᠤ ᠬᠡᠷᠡᠭ᠌ᠲᠡᠶ᠃ ᠳᠥᠷᠪᠡ᠎ᠳᠦ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠪᠠᠲᠤᠯᠠᠭ᠎ᠠ᠎ᠶ᠋ᠢ ᠴᠢᠩᠭ᠋ᠠᠳᠬᠠᠨ᠎ᠠ᠃ ᠬᠣᠶᠠᠷ ᠲᠠᠯ᠎ᠠ᠎ᠶ᠋ᠢᠨ ᠬᠠᠮᠲᠤ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠪᠠᠶᠠᠯᠢᠭ᠍ᠵᠢᠭᠤᠯᠬᠤ ᠂ ᠠᠮᠤᠷ ᠲᠥᠪᠱᠢᠨ ᠠᠱᠢᠭ᠍ᠲᠠᠢ ᠭᠠᠳᠠᠭᠠᠳᠤ ᠣᠷᠴᠢᠨ ᠲᠣᠭᠣᠷᠢᠨ᠎ᠢ ᠪᠤᠢ ᠪᠣᠯᠭᠠᠬᠤ ᠂ ᠪᠡᠯᠡ ᠣᠷᠣᠭᠤᠯᠤᠯᠲᠠ᠎ᠶ᠋ᠢᠨ ᠠᠷᠠᠯᠵᠢᠶᠠᠨ᠎ᠤ ᠮᠠᠷᠭᠤᠯᠳᠤᠭᠠᠨ᠎ᠢ ᠲᠣᠬᠢᠲᠠᠢ ᠠᠷᠭ᠋ᠠᠴᠠᠭ᠋ᠠᠨ᠎ᠠ᠃ ᠲᠠᠪᠤ᠎ᠳᠤ᠂ ᠲᠤᠰᠭᠠᠢ ᠮᠡᠷᠭᠡᠵᠢᠯ᠎ᠤᠨ ᠦᠢᠯᠡᠴᠢᠯᠡᠭᠡ᠎ᠶ᠋ᠢ ᠥᠷᠭᠡᠳᠭᠡᠨ ᠳᠡᠭᠡᠭ᠌ᠰᠢᠯᠡᠭᠦᠯᠦᠨ᠎ᠡ᠃ ᠳᠠᠯᠠᠶ᠎ᠳᠤ ᠭᠠᠷᠤᠭ᠍ᠰᠠᠨ ᠠᠵᠤ ᠠᠬᠤᠢᠯᠠᠯ᠎ᠤᠨ ᠲᠤᠰᠭᠠᠭ᠍ᠰᠠᠨ ᠡᠮᠵᠡᠭ ᠭᠠᠵᠠᠷ᠂ ᠬᠦᠴᠢᠷ ᠠᠰᠠᠭᠤᠳᠠᠯ᠎ᠤᠨ ᠲᠣᠭᠤᠷᠢᠨ᠎ᠳᠤ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ ᠡᠳ᠋᠎ᠤᠨ ᠶᠠᠪᠤᠳᠠᠯ᠂ ᠵᠥᠪᠯᠡᠯᠭᠡ ᠥᠭ᠌ᠬᠦ᠂ ᠲᠣᠭᠠᠴᠢᠯᠠᠭ᠍ᠰᠠᠨ ᠮᠡᠷᠭᠡᠵᠢᠯ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ ᠵᠡᠷᠭᠡ ᠲᠤᠰᠭᠠᠢ ᠪᠠᠢᠭᠤᠯᠤᠮᠵᠢ᠎ᠶ᠋ᠢᠨ ᠲᠡᠯᠡᠶ᠎ᠳᠤ ᠭᠠᠷᠬᠤ ᠦᠢᠯᠡᠴᠢᠯᠡᠭᠡᠨ᠎ᠤ ᠴᠢᠳᠠᠪᠤᠷᠢ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠦᠢᠯᠡᠳᠬᠦᠨ ᠪᠣᠯᠤᠨ ᠦᠢᠯᠡᠴᠢᠯᠡᠭᠡᠨ᠎ᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠳᠠᠯᠠᠢ᠎ᠳᠤ ᠭᠠᠷᠤᠭ᠍ᠰᠠᠨ ᠠᠵᠤ ᠠᠬᠤᠢᠯᠠᠯ᠎ᠳᠤ ᠤᠨᠢᠨ ᠳᠡᠭᠡᠷ᠎ᠡ᠎ᠨᠢ ᠴᠢᠳᠠᠪᠤᠷᠢ ᠣᠯᠭᠤᠨ᠎ᠠ᠃ ᠵᠢᠷᠭᠤᠭ᠎ᠠ᠎ᠳᠤ᠂ ᠳᠠᠯᠠᠶ᠎ᠳᠤ ᠭᠠᠷᠬᠤ ᠠᠵᠤ ᠠᠬᠤᠢᠯᠠᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠳᠡᠯᠡᠬᠡᠢᠴᠢᠯᠡᠭ᠌ᠰᠡᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠯᠭᠠᠵᠤ᠂ ᠤᠯᠤᠰ ᠠᠯᠤᠰᠯᠠᠭ᠍ᠰᠠᠨ ᠡᠵᠡᠩᠨᠡᠯᠲᠡ ᠬᠠᠮᠢᠶᠠᠷᠤᠯᠲᠠ᠎ᠶ᠋ᠢᠨ ᠪᠣᠯᠪᠠᠰᠤᠷᠠᠯ ᠪᠠ ᠴᠢᠳᠠᠪᠤᠷᠢᠲᠠᠨ ᠬᠥᠮᠦᠵᠢᠭᠦᠯᠬᠦ᠌᠎ᠶ᠋ᠢ ᠴᠢᠩᠭᠠᠳᠭᠠᠨ᠎ᠠ᠃ ᠤᠯᠠᠨ ᠤᠯᠤᠰ᠎ᠤᠨ ᠤᠯᠠᠨ ᠲᠠᠯᠠᠲᠤ ᠪᠠᠢᠭᠤᠯᠤᠮᠵᠢ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠲᠣᠭ᠍ᠲᠠᠭᠠᠯ᠎ᠳᠤ ᠨᠡᠢᠴᠡᠭ᠌ᠰᠡᠨ ᠵᠥᠪᠯᠡᠯᠭᠡ ᠥᠭ᠌ᠬᠦ ᠦᠢᠯᠡᠴᠢᠯᠡᠭᠡ ᠬᠠᠩᠭᠠᠵᠤ᠂ ᠠᠵᠤ ᠠᠬᠤᠢᠯᠠᠯ᠎ᠤᠨ ᠤᠯᠠᠨ ᠤᠯᠤᠰ᠎ᠤᠨ ᠨᠡᠢᠳᠡᠮ ᠬᠡᠷᠡᠭ᠌ᠯᠡᠬᠦ᠌ ᠲᠦᠷᠢᠮ᠎ᠢ ᠪᠣᠯᠪᠠᠰᠤᠷᠠᠩᠭᠤᠢ ᠡᠵᠡᠮᠱᠢᠬᠦ᠌᠎ᠶ᠋ᠢ ᠠᠬᠢᠭᠤᠯᠵᠤ᠂ ᠭᠠᠳᠠᠭᠠᠳᠤ᠎ᠶ᠋ᠢᠨ ᠡᠵᠡᠩᠨᠡᠯᠲᠡ᠎ᠶ᠋ᠢᠨ ᠲᠣᠭ᠍ᠲᠠᠭᠠᠯ᠎ᠳᠤ ᠨᠡᠢᠴᠡᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ᠃
《ᠵᠢᠯᠣᠭᠤᠳᠭᠤ ᠰᠠᠨᠠᠯ》 ᠳᠤ ᠡᠯ᠎ᠡ ᠭᠠᠵᠠᠷ ᠣᠷᠣᠨ᠂ ᠡᠯ᠎ᠡ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠳ ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌᠎ᠶ᠋ᠢᠨ ᠴᠢᠬᠤᠯᠠ ᠠᠴᠢ ᠬᠤᠯᠪᠣᠭ᠍ᠳᠠᠯ᠎ᠢ ᠭᠦᠢᠴᠡᠳ ᠲᠠᠨᠢᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠤᠯᠠᠭᠠᠨ ᠱᠤᠭᠤᠮ᠎ᠢ ᠪᠠᠲᠤ ᠰᠠᠬᠢᠭ᠍ᠰᠠᠨ ᠤᠷᠢᠲᠠᠯ ᠳᠣᠣᠷ᠎ᠠ᠂ ᠰᠠᠯᠠᠭ᠎ᠠ ᠮᠥᠴᠢᠷ᠎ᠤᠨ ᠬᠠᠮᠵᠢᠯᠴᠠᠭ᠎ᠠ᠂ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠲᠡᠯᠡᠶ᠎ᠳᠤ ᠭᠠᠷᠬᠤ ᠦᠢᠯᠡᠴᠢᠯᠡᠭᠡᠨ᠎ᠤ ᠡᠬᠢ ᠪᠠᠶᠠᠯᠢᠭ᠎ᠤᠨ ᠴᠢᠨᠠᠷ ᠰᠠᠢᠲᠠᠶ ᠬᠠᠩᠭᠠᠯᠭ᠎ᠠ ᠪᠠ ᠥᠨᠳᠥᠷ ᠪᠦᠲᠦᠮᠵᠢᠲᠡᠶ ᠵᠣᠬᠢᠴᠠᠯᠳᠤᠯ᠎ᠢ ᠪᠡᠶᠡᠯᠡᠭᠦᠯᠵᠦ᠍᠂ ᠭᠠᠳᠠᠭᠠᠳᠤ᠎ᠳᠤ ᠪᠡᠯᠡ ᠣᠷᠣᠭᠤᠯᠤᠨ ᠬᠠᠮᠲᠤᠷᠠᠯᠴᠠᠬᠤ ᠡᠷᠡᠭᠦᠯ ᠪᠥᠭᠡᠳ ᠠᠮᠤᠷ ᠲᠦᠪᠱᠢᠨ ᠡᠮᠬᠢ ᠵᠢᠷᠤᠮ᠎ᠲᠠᠢ ᠬᠥᠭ᠌ᠵᠢᠯᠲᠡ᠎ᠶ᠋ᠢ ᠬᠥᠲᠥᠯᠦᠨ ᠵᠢᠯᠣᠭᠤᠳᠴᠤ᠌᠂ ᠦᠢᠯᠡᠳᠪᠦᠷᠢᠯᠡᠯ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠪᠠ᠃