ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠤᠯ᠎ᠤᠨ 22 ᠠᠵᠤ ᠠᠬᠤᠢᠯᠠᠯ 138 ᠳ᠋ᠤᠭᠠᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠨᠢᠭᠡᠳᠦᠭᠡᠷ ᠬᠤᠭᠤᠴᠠᠭ᠎ᠠ ᠲᠠᠢ ᠨᠢᠭᠤᠷ ᠵᠣᠯᠭ᠋ᠠᠪᠠ
ᠨᠡᠶ᠋ᠢᠲᠡᠯᠡᠭᠰᠡᠨ ᠴᠠᠭ᠄ 2025-10-17

  138 ᠳ᠋ᠤᠭᠠᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠨᠢ 10 ᠳ᠋ᠤᠭᠠᠷ ᠰᠠᠷ᠎ᠠ᠎ᠶ᠋ᠢᠨ 15 ᠎ᠤ ᠡᠳᠦᠷ ᠭᠤᠸᠠᠩᠵᠧᠦ᠍᠎ᠳᠤ ᠡᠬᠢᠯᠡᠵᠦ᠍᠂ ᠥᠪᠥᠷ ᠮᠣᠩᠭᠤᠯ᠎ᠤᠨ ᠨᠡᠢᠲᠡ 22 ᠠᠵᠤ ᠠᠬᠤᠢᠯᠠᠯ ᠬᠤᠷᠠᠯ᠎ᠳᠤ ᠣᠷᠣᠯᠴᠠᠵᠤ᠂ ᠭᠡᠷ᠎ᠤᠨ ᠴᠠᠬᠢᠯᠭᠠᠨ ᠬᠡᠷᠡᠭ᠌ᠰᠡᠯ᠂ ᠲᠡᠮᠦᠷᠯᠢᠭ᠂ ᠮᠠᠱᠢᠨ ᠲᠡᠷᠭᠡᠨ᠎ᠤ ᠰᠡᠯᠪᠢᠭ ᠲᠣᠨᠤᠭ᠂ ᠢᠨᠵᠸᠨ᠋ᠸᠷᠢᠩ᠎ᠦᠨ ᠮᠠᠱᠢᠨ᠂ ᠱᠢᠨ᠎ᠡ ᠮᠠᠲ᠋ᠧᠷᠢᠶᠠᠯ ᠵᠢᠴᠢ ᠬᠢᠮᠢ᠎ᠶ᠋ᠢᠨ ᠠᠵᠤ ᠦᠢᠯᠡᠳᠪᠦᠷᠢ᠂ ᠨᠡᠢᠳᠡᠮ ᠬᠡᠷᠡᠭ᠌ᠯᠡᠬᠦ᠌ ᠮᠠᠱᠢᠨ ᠮᠧᠬᠠᠨᠢᠭ ᠵᠢᠴᠢ ᠮᠧᠬᠠᠨᠢᠭ ᠪᠠᠭᠠᠵᠢ ᠬᠡᠷᠡᠭ᠌ᠰᠡᠯ ᠵᠡᠷᠭᠡ ᠦᠵᠡᠭᠦᠯᠭᠡ᠎ᠶ᠋ᠢᠨ ᠲᠣᠭᠤᠷᠢᠭ᠎ᠢ ᠬᠠᠮᠤᠷᠴᠤ᠌᠂  ᠦᠵᠡᠭᠦᠯᠭᠡ ᠎ᠳᠦ ᠣᠷᠣᠯᠴᠠᠭ᠍ᠰᠠᠨ ᠲᠠᠸᠠᠷ 50 ᠭᠠᠷᠤᠢ ᠵᠦᠢᠯ᠎ᠢ ᠳᠠᠪᠠᠵᠠᠢ᠃

  ᠠᠩᠬᠠᠨ᠎ᠤ ᠡᠳᠦᠷ᠂ ᠠᠵᠤ ᠠᠬᠤᠢᠯᠠᠯ᠎ᠤᠨ ᠦᠵᠡᠭᠦᠯᠭᠡ᠎ᠶ᠋ᠢᠨ ᠪᠠᠢᠷᠢ ᠳᠡᠭᠡᠷ᠎ᠡ ᠰᠤᠷᠪᠤᠯᠵᠢᠯᠠᠬᠤ᠎ᠪᠠᠷ ᠬᠦᠷᠦᠭ᠌ᠰᠡᠨ ᠬᠢᠯᠢ᠎ᠶ᠋ᠢᠨ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ ᠲᠠᠰᠤᠷᠠᠯᠲᠠ ᠥᠬᠡᠶ ᠣᠯᠠᠱᠢᠷᠠᠵᠤ᠂ ᠥᠪᠥᠷ ᠮᠣᠩᠭᠤᠯ᠎ᠤᠨ ᠵᠢᠦ ᠮᠤᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠳᠡᠯᠭᠡᠨ ᠦᠵᠡᠭᠦᠯᠬᠦ᠌ ᠡᠳ᠋᠎ᠤᠨ ᠬᠤᠶᠠᠷ ᠾᠯᠣᠷᠲᠤ ᠨᠢᠭᠡ ᠼᠢᠶᠠᠨ ᠱᠢᠭᠡᠰᠦᠨ ᠬᠦᠴᠢᠯ᠎ᠤᠨ ᠨᠠᠲᠷᠢ᠂ ᠳᠡᠳ᠋ ᠾᠯᠣᠷᠲᠤ ᠬᠦᠴᠢᠯ᠎ᠤᠨ ᠺᠠᠯᠼ᠂ ᠭᠤᠷᠪᠠᠨ ᠾᠯᠣᠷᠲᠤ ᠣᠨᠳᠣᠣ ᠼᠢᠶᠠᠨ ᠱᠢᠭᠡᠰᠦᠨ ᠬᠦᠴᠢᠯ ᠵᠡᠷᠭᠡ ᠬᠤᠳᠠᠯᠳᠤᠨ ᠠᠪᠬᠤ ᠬᠤᠳᠠᠯᠳᠤᠭᠠᠴᠢᠨ᠎ᠤ ᠬᠦᠷᠢᠶᠡᠯᠡᠯ᠎ᠢ ᠣᠯᠵᠤ᠂ ᠲᠦᠷᠦᠭᠦᠤ ᠡᠳᠦᠷ ᠲᠦᠨᠢᠰ᠂ ᠣᠷᠣᠰ᠂ ᠮᠠᠯᠠᠢᠱᠢᠶ᠎ᠠ᠂ ᠰᠷᠢ ᠯᠠᠨᠺᠠ᠂ ᠬᠤᠯᠠᠨᠳ᠋᠂ ᠺᠣᠷᠢᠶᠠ᠂ ᠫᠠᠨᠠᠮᠠ ᠵᠡᠷᠭᠡ ᠤᠯᠤᠰ ᠪᠠ ᠭᠠᠵᠠᠷ ᠣᠷᠣᠨ᠎ᠤ ᠵᠣᠴᠢᠨ ᠡᠷᠦᠬᠡ᠎ᠶ᠋ᠢ 50 ᠬᠥᠮᠦᠨ ᠤᠳᠠᠭ᠎ᠠ ᠭᠥᠯᠢᠶᠡᠨ ᠠᠪᠴᠠᠶ᠃

  ᠲᠤᠰ ᠤᠳᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ 10  ᠳ᠋ᠤᠭ᠋ᠠᠷ ᠰᠠᠷ᠎ᠠ᠎ᠶ᠋ᠢᠨ 15 ᠎ᠤ ᠡᠳᠦᠷ᠎ᠠᠴᠠ 11  ᠳ᠋ᠦ᠍ᠭᠡᠷ ᠰᠠᠷ᠎ᠠ᠎ᠶ᠋ᠢᠨ 4 ᠎ᠤ ᠡᠳᠦᠷ ᠪᠣᠯᠲᠠᠯ᠎ᠠ ᠭᠤᠷᠪᠠᠨ ᠬᠤᠭᠤᠴᠠᠭ᠎ᠠ ᠬᠤᠪᠢᠶᠠᠨ ᠶᠠᠪᠤᠭ᠍ᠳᠠᠵᠤ᠂ ᠦᠵᠡᠭᠦᠯᠭᠡ᠎ᠶ᠋ᠢᠨ ᠲᠠᠯᠠᠪᠠᠢ 155 ᠲᠦᠮᠡᠨ ᠲᠡᠭ᠌ᠰᠢ ᠳᠥᠷᠪᠡᠯᠵᠢᠨ ᠮᠧᠲᠷ᠎ᠲᠤ ᠬᠦᠷᠴᠦ᠍᠂ ᠦᠵᠡᠭᠦᠯᠭᠡ᠎ᠶ᠋ᠢᠨ ᠪᠠᠢᠷᠢ 7.46 ᠲᠦᠮᠡ᠂  ᠦᠵᠡᠭᠦᠯᠭᠡ᠎ᠳᠤ ᠣᠷᠣᠯᠴᠠᠭ᠍ᠰᠠᠨ ᠠᠵᠤ ᠠᠬᠤᠢᠯᠠᠯ 3.2 ᠲᠦᠮᠡ᠎ᠶ᠋ᠢ ᠳᠠᠪᠠᠵᠤ᠂ ᠨᠢᠭᠡᠳᠦᠭᠡᠷ ᠬᠤᠭᠤᠴᠠᠭᠠᠨ᠎ᠤ ᠬᠢᠯᠢ᠎ᠶ᠋ᠢᠨ ᠭᠠᠳᠠᠨ᠎ᠠ᠎ᠠᠴᠠ ᠬᠤᠳᠠᠯᠳᠤᠨ ᠠᠪᠬᠤ ᠬᠤᠳᠠᠯᠳᠤᠭᠠᠴᠢᠳ᠎ᠤᠨ ᠡᠪᠯᠡᠯ᠎ᠳᠤ ᠢᠷᠡᠭ᠌ᠰᠡᠨ ᠬᠥᠮᠦᠨ᠎ᠤ ᠲᠤᠭ᠎ᠠ ᠨᠢ 6.9 ᠲᠦᠮᠡ᠎ᠶ᠋ᠢ ᠳᠠᠪᠠᠪᠠ᠃

ᠢᠷᠡᠯᠲᠡ᠄ ᠱᠢᠨᠬᠤᠸᠠ ᠡᠳ᠋᠎ᠤᠨ ᠵᠠᠰᠠᠭ ᠠᠵᠤ ᠠᠬᠤᠢ
          
ᠬᠠᠮᠢᠶ᠎ᠡ ᠪᠦᠬᠦᠢ ᠰᠣᠨᠢᠨ
 
            