10 ᠳ᠋ᠤᠭᠠᠷ ᠰᠠᠷ᠎ᠠ᠎ᠶ᠋ᠢᠨ 29 ᠤ ᠡᠳᠦᠷ᠎ᠠᠴᠠ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠠᠴᠠ ᠭᠤᠤᠯᠯᠠᠨ ᠡᠷᠭᠢᠯᠡᠭ᠌ᠰᠡᠨ 《ᠥᠪᠥᠷ ᠮᠣᠩᠭᠤᠯ᠎ᠤᠨ ᠦᠨᠦᠷ ᠠᠮᠲᠠ》 ᠶᠠᠮᠤᠨ᠎ᠤ ᠵᠥᠪᠯᠡᠯ᠎ᠳᠤ ᠣᠷᠣᠬᠤ ᠱᠢᠷᠢᠰ ᠠᠵᠢᠯᠯᠠᠭ᠎ᠠ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠳᠤ ᠣᠷᠣᠪᠠ᠃ ᠠᠵᠢᠯᠯᠠᠭ᠎ᠠ᠎ᠨᠢ ᠨᠠᠷᠢᠯᠢᠭ ᠣᠨᠣᠴᠠᠲᠠᠶ ᠪᠦᠲᠦᠭᠡᠭ᠌ᠳᠡᠬᠦᠨ ᠰᠣᠩᠭᠤᠬᠤ᠂ ᠪᠦᠲᠦᠭᠡᠭ᠌ᠳᠡᠬᠦᠨ᠎ᠢ ᠴᠢᠩᠭ᠎ᠠ ᠡᠵᠡᠮᠳᠡᠬᠦ᠌ ᠪᠠ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠎ᠪᠠᠷ ᠳᠠᠮᠵᠢᠭᠤᠯᠤᠨ᠂ ᠥᠪᠥᠷ ᠮᠣᠩᠭᠤᠯ᠎ᠤᠨ ᠴᠢᠨᠠᠷ ᠰᠠᠢᠲᠠᠶ ᠣᠨᠴᠠᠯᠢᠭ᠍ᠲᠤ ᠪᠦᠲᠦᠭᠡᠭ᠌ᠳᠡᠬᠦᠨ᠎ᠤ ᠪᠡᠭᠡᠵᠢᠩ ᠣᠷᠣᠨ᠎ᠳᠠᠬᠢ ᠠᠯᠳᠠᠷᠱᠢᠯ ᠪᠠ ᠨᠥᠯᠥᠭᠡᠯᠡᠬᠦ᠌ ᠬᠦᠴᠦᠨ᠎ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠡᠭᠦᠨ᠎ᠤ ᠤᠯᠠᠮ᠎ᠢᠶᠠᠷ ᠥᠪᠥᠷ ᠮᠣᠩᠭᠤᠯ᠎ᠤᠨ ᠲᠣᠰ ᠭᠠᠵᠠᠷ ᠣᠷᠣᠨ᠎ᠤ ᠨᠠᠩ ᠣᠯᠠᠨ ᠠᠵᠤ ᠠᠬᠤᠢᠯᠠᠯ᠎ᠳᠤ ᠵᠣᠭᠤᠰ ᠤᠯᠤᠭᠤᠯᠵᠦ᠂ ᠥᠪᠥᠷ ᠮᠣᠩᠭᠤᠯ᠎ᠤᠨ ᠨᠠᠩ ᠣᠯᠠᠨ ᠴᠢᠨᠠᠷ ᠰᠠᠢᠲᠠᠶ ᠪᠦᠲᠦᠭᠡᠭ᠌ᠳᠡᠬᠦᠨ᠎ᠢ ᠬᠤᠳᠠᠯᠳᠤᠨ ᠭᠠᠷᠭᠠᠵᠤ᠂ ᠰᠠᠢᠨ ᠦᠨ᠎ᠡ᠎ᠪᠠᠷ ᠬᠤᠳᠠᠯᠳᠤᠨ᠎ᠠ᠃
ᠲᠤᠰ ᠤᠳᠠᠭᠠᠨ᠎ᠤ ᠠᠵᠢᠯᠯᠠᠭ᠎ᠠ ᠨᠢ ᠦᠢᠯᠡᠴᠢᠯᠡᠭᠡᠨ᠎ᠦ ᠬᠠᠯᠠᠭᠤᠨ ᠳᠣᠲᠣᠨᠣ᠌᠂ ᠦᠨᠦᠷ ᠠᠮᠲᠠ ᠨᠢ ᠰᠡᠳᠬᠢᠯ᠎ᠳᠦ ᠬᠠᠳᠠᠩᠰᠢᠵᠤ᠂ ᠤᠷᠠᠨ ᠳᠠᠷᠬᠠᠨ᠎ᠤ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠭᠤᠷᠪᠠᠨ ᠶᠡᠬᠡ ᠣᠨᠴᠠᠯᠢᠭ᠋᠎ᠢ ᠢᠯᠡᠷᠡᠭᠦᠯᠵᠦ᠂ ᠠᠬᠤᠢ ᠲᠠᠯᠠᠪᠠᠢ᠎ᠳᠤ 36.8 ᠲᠦᠮᠡᠨ ᠲᠥᠭᠦᠷᠢᠭ᠎ᠤᠨ ᠪᠣᠷᠣᠯᠠᠭᠤᠯᠭ᠎ᠠ᠎ᠶ᠋ᠢ ᠪᠡᠶᠡᠯᠡᠭᠦᠯᠵᠦ᠍᠂ ᠪᠣᠷᠣᠯᠠᠭᠤᠯᠤᠯᠲᠠ᠎ᠶ᠋ᠢᠨ ᠨᠣᠷᠮ᠎ᠠ᠎ᠶ᠋ᠢ ᠴᠥᠮ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠤᠭ᠍ᠰᠠᠨ ᠠᠵᠤ ᠠᠬᠤᠢᠯᠠᠯ᠎ᠤᠨ ᠪᠣᠷᠣᠯᠠᠭᠤᠯᠭ᠎ᠠ᠎ᠶ᠋ᠢᠨ ᠣᠷᠣᠯᠭ᠎ᠠ᠎ᠳᠤ ᠣᠷᠣᠭᠤᠯᠵᠤ ᠪᠣᠯᠤᠨ᠎ᠠ᠃

ᠨᠢᠭᠡ᠎ᠳᠤ᠂ ᠣᠨᠴᠠ ᠭᠠᠷᠤᠯᠲᠠ᠎ᠶ᠋ᠢ ᠬᠠᠯᠠᠭᠤᠨ᠎ᠢᠶᠠᠷ ᠪᠣᠷᠣᠯᠠᠭᠤᠯᠵᠤ᠂ ᠦᠢ᠍ᠯᠡᠴᠢᠯᠡᠭᠡ ᠨᠢ ᠬᠠᠯᠠᠭᠤᠮᠰᠤᠭ ᠶᠤᠮ᠃ ᠲᠣᠰ ᠤᠳᠠᠭᠠᠨ᠎ᠤ ᠠᠵᠢᠯᠯᠠᠭ᠎ᠠ ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠵᠡᠭᠦᠨ ᠪᠠᠷᠠᠭᠤᠨ ᠠᠵᠢᠯᠯᠠᠬᠤ ᠲᠣᠭᠤᠷᠢᠭ᠎ᠲᠤ ᠵᠡᠷᠭᠡ᠎ᠪᠠᠷ ᠶᠠᠪᠤᠭ᠍ᠳᠠᠵᠤ᠂ ᠳᠡᠯᠭᠡᠨ ᠦᠵᠡᠭᠦᠯᠬᠦ᠌ ᠠᠬᠤᠢ ᠲᠠᠯᠠᠪᠠᠶ᠎ᠳᠤ ᠮᠧᠩ ᠨᠢᠤ᠂ ᠢᠯᠢ᠂ ᠯᠠᠨ ᠭ᠋ᠸ ᠭ᠋ᠸ᠂ ᠽᠣᠣ ᡁᠢ ᠸᠸᠢ᠂ ᠡᠷᠳᠡᠨᠢ᠂ ᠡᠯᠡᠰᠦᠨ ᠴᠥᠯ᠎ᠤᠨ ᠴᠡᠴᠡᠭ᠂ ᠥᠨᠳᠦᠷᠯᠢᠭ᠎ᠤᠨ ᠭᠦᠢᠯᠡᠰᠦᠨ ᠴᠥᠮ᠎ᠡ᠎ᠶ᠋ᠢᠨ ᠱᠢᠭᠦᠳᠡᠷᠢ ᠵᠡᠷᠭᠡ ᠥᠪᠥᠷ ᠮᠣᠩᠭᠤᠯ᠎ᠤᠨ 60 ᠱᠢᠯᠢᠳᠡᠭ ᠠᠵᠤ ᠠᠬᠤᠢᠯᠠᠯ᠎ᠤᠨ ᠠᠪᠴᠢᠷᠠᠭ᠍ᠰᠠᠨ 800 ᠭᠠᠷᠤᠶ ᠵᠦᠢᠯ᠎ᠤᠨ ᠰᠠᠢᠨ ᠡᠳ᠋ ᠪᠠᠢᠵᠤ᠂ 《ᠪᠣᠬᠢᠷᠲᠤᠯ ᠥᠬᠡᠶ ᠠᠮᠢ ᠠᠬᠤᠶ》 ᠶ᠋ᠢᠨ ᠰᠠᠢᠨ ᠠᠮᠲᠠ᠎ᠪᠠᠷ ᠲᠤᠭ᠎ᠠ ᠲᠣᠮᠰᠢ ᠥᠬᠡᠶ ᠬᠦᠷᠢᠶᠡᠯᠡᠯ᠎ᠢ ᠤᠯᠤᠭᠰᠠᠨ ᠪᠠᠢ᠌ᠨ᠎ᠠ᠃ ᠠᠮᠲᠠᠯᠠᠨ ᠦᠨᠡᠯᠡᠬᠦ᠌ ᠭᠠᠵᠠᠷ᠎ᠲᠤ᠌᠂ ᠠᠵᠢᠯᠲᠠᠳ ᠢᠳᠡᠭᠡᠨ᠎ᠢ ᠲᠥᠷᠥᠯ ᠬᠤᠪᠢᠶᠠᠨ ᠳᠡᠯᠭᠡᠨ ᠲᠠᠯᠪᠢᠵᠤ᠂ ᠪᠠᠢᠭᠤᠯᠭ᠎ᠠ᠎ᠶ᠋ᠢᠨ ᠠᠵᠢᠯᠲᠠᠨ᠎ᠤ ᠠᠮᠲᠠᠯᠠᠬᠤ᠎ᠳᠤ ᠲᠥᠬᠦᠮ ᠦᠵᠡᠭᠦᠯᠵᠦ᠍᠂ ᠰᠠᠶᠢᠬᠠᠨ ᠬᠡᠷᠴᠢᠭ᠌ᠰᠡᠨ ᠬᠠᠲᠠᠭ᠋ᠠᠭᠰᠠᠨ ᠦᠷᠦᠮ᠎ᠡ᠂ ᠤᠷᠠᠭ᠍ᠰᠠᠨ ᠪᠣᠷᠴᠠ ᠵᠡᠷᠭᠡ᠎ᠶ᠋ᠢ ᠠᠮᠰᠠᠵᠤ᠂ ᠣᠯᠠᠨ᠎ᠤ ᠠᠩᠬᠠᠷᠤᠯ᠎ᠢ ᠲᠠᠲᠠᠵᠤ ᠪᠠᠢ᠌ᠯ᠎ᠠ᠂ 《ᠡᠨᠡ ᠬᠦ᠌ ᠬᠠᠲᠠᠭ᠋ᠠᠭᠰᠠᠨ ᠦᠷᠦᠮ᠎ᠡ᠎ᠶᠢ ᠰᠦ᠎ᠲᠠᠢ ᠴᠠᠢ᠎ᠳᠦ ᠲᠡᠪᠲᠦᠭᠡᠵᠦ ᠢᠳᠡᠬᠦ ᠨᠢ ᠳᠠᠩᠴᠦ ᠠᠮᠲᠠᠲᠠᠢ! ᠵᠦᠭᠡᠯᠡᠨ ᠪᠦᠭᠡᠳ ᠲᠠᠯ᠎ᠠ ᠨᠤᠲᠤᠭ᠎ᠤᠨ ᠠᠩᠭᠢᠯᠤᠮ᠎ᠠ ᠰᠠᠢ᠌ᠬᠠᠨ ᠦᠨᠦᠷ ᠬᠠᠩᠬᠤᠯᠵᠤ ᠪᠠᠢ᠌ᠨ᠎ᠠ》 ᠭᠡᠪᠡ᠃ ᠠᠵᠢᠯᠯᠠᠭ᠎ᠠ᠎ᠶ᠋ᠢᠨ ᠨᠢᠭᠡ ᠡᠳᠦᠷ᠎ᠤᠨ ᠲᠤᠷᠱᠢᠨ ᠢᠳᠡᠬᠦ ᠬᠤᠪᠢᠷᠠᠯᠲᠠ᠎ᠶᠢᠨ ᠨᠤᠷᠮ᠎ᠠ᠎ᠨᠢ 30% ᠶ᠋ᠢ ᠳᠠᠪᠠᠵᠤ᠂ 《 ᠲᠠᠨᠢᠭ᠍ᠳᠠᠵᠤ 》 ᠪᠠᠢᠭᠰᠠᠨ ᠠ᠋ᠴᠠ᠎ᠪᠠᠨ 《 ᠬᠠᠢᠷᠠᠯᠠᠭᠳᠠᠬᠤ 》 ᠪᠣᠯᠤᠭᠰᠠᠨ ᠥᠨᠳᠥᠷ ᠪᠦᠲᠦᠮᠵᠢᠲᠡᠶ ᠬᠤᠪᠢᠷᠠᠭᠤᠯᠤᠯᠲᠠ᠎ᠶᠢ ᠪᠡᠶᠡᠯᠡᠭᠦᠯᠪᠡ ᠃

ᠬᠤᠶᠠᠷ᠎ᠲᠤ᠌᠂ ᠬᠤᠭᠤᠯᠠ ᠣᠮᠳᠠ ᠰᠢᠨ᠎ᠡ ᠰᠤᠷᠭᠤᠭ ᠪᠤᠯᠵᠦ᠂ ᠦᠨᠦᠷ ᠠᠮᠲᠠ᠎ᠨᠢ ᠰᠡᠳᠭᠢᠯ᠎ᠳᠤ ᠬᠠᠳᠠᠩᠰᠢᠨ᠎ᠠ᠃ ᠲᠣᠰ ᠤᠳᠠᠭᠠᠨ᠎ᠤ ᠬᠥᠳᠡᠯᠭᠡᠭᠡᠨ᠎ᠳᠤ ᠤᠳᠠᠭᠠᠨ ᠴᠢᠨᠠᠭ᠍ᠰᠠᠨ ᠬᠤᠷᠴᠢᠨ ᠦᠬᠡᠷ᠎ᠤᠨ ᠬᠠᠷᠪᠢᠩ᠂ ᠬᠤᠳᠣᠭᠤᠳᠣ᠎ᠶᠢ ᠳᠤᠯᠠᠭᠠᠯᠠᠭ᠍ᠰᠠᠨ ᠮᠠᠯᠴᠢᠳ᠎ᠤᠨ ᠴᠢᠨᠠᠭ᠍ᠰᠠᠨ ᠮᠢᠬ᠎ᠠ᠂ ᠬᠠᠯᠢᠰᠤ ᠨᠢ ᠨᠢᠮᠭᠡᠨ ᠬᠠᠭᠤᠴᠢᠨ ᠨᠡᠷᠡᠲᠦ ᠲᠡᠮᠳᠡᠭ᠌ᠲᠦ ᠰᠦᠢᠶᠤᠸᠠᠨ᠎ᠤ ᠱᠣᠣᠮᠠᠢ᠂ ᠪᠠᠰᠠ ᠭᠠᠷ ᠤᠷᠠᠯᠠᠯ᠂ ᠢᠰᠭᠦᠯᠡᠩ ᠦᠨᠦᠷᠲᠦ ᠪᠠᠶᠠᠨᠨᠠᠭᠤᠷ᠎ᠤᠨ ᠭᠣᠷᠢᠯᠤᠨ ᠰᠢᠨᠳᠠᠰᠦ᠂ ᠪᠠᠰᠠ ᠬᠥᠬᠡ ᠬᠡᠪ᠎ᠤᠨ ᠴᠠᠢ ᠪᠠ ᠱᠢᠨ᠎ᠡ ᠰᠣᠷᠭᠤᠭ ᠦᠨᠢᠶᠡᠨ ᠰᠦ᠎ᠲᠠᠢ ᠴᠢᠨᠠᠭ᠍ᠰᠠᠨ ᠣᠨᠴᠠᠯᠢᠭ᠍ᠲᠤ ᠰᠦ᠎ᠲᠠᠢ ᠴᠠᠢ᠂ ᠴᠡᠪᠡᠷ ᠰᠡᠷᠢᠭᠦᠨ ᠡᠷᠡᠭᠦᠯ ᠶᠤᠤᠮᠠᠢ᠎ᠶ᠋ᠢᠨ ᠭᠤᠯᠢᠷ; ᠡᠭᠦᠨ᠎ᠡᠴᠡ ᠭᠠᠳᠠᠨ᠎ᠠ ᠬᠡᠦᠷᠡᠭ ᠳᠣᠲᠣᠷ᠎ᠠ᠎ᠪᠠᠨ ᠵᠥᠭᠡᠯᠡᠨ᠂ ᠥᠯᠵᠡᠢ ᠪᠡᠯᠭᠡ᠎ᠶᠢ ᠪᠡᠯᠭᠡᠳᠡᠭᠰᠡᠨ ᠰᠢᠷ᠎ᠠ ᠪᠤᠳᠠᠭᠠᠨ᠎ᠤ ᠬᠠᠭᠠᠷᠢᠭ᠍ᠰᠠᠨ ᠪᠣᠣᠪᠣ ᠵᠡᠷᠭᠡ᠃ ᠠᠬᠤᠢ ᠲᠠᠯᠠᠪᠠᠶ᠎ᠳᠤ ᠥᠪᠥᠷ ᠮᠣᠩᠭᠣᠯ᠎ᠤᠨ ᠣᠨᠴᠠᠯᠢᠭ᠍ᠲᠤ ᠢᠳᠡᠭᠡᠨ ᠤᠮᠳᠠᠭᠠᠨ᠎ᠤ ᠵᠦᠢᠯ᠎ᠳᠦ ᠬᠥᠮᠥᠨ ᠣᠯᠠᠨ ᠴᠤᠪᠤᠷᠠᠵᠤ᠂ ᠣᠯᠠᠨ ᠶᠠᠩᠵᠤ᠎ᠶ᠋ᠢᠨ ᠠᠮᠲᠠᠲᠤ ᠠᠮᠲᠠ᠎ᠨᠢ ᠥᠪᠥᠷ ᠮᠣᠩᠭᠤᠯ᠎ᠤᠨ ᠢᠳᠡᠭᠡᠨ ᠤᠮᠳᠠᠭᠠᠨ᠎ᠤ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠢᠯᠡᠷᠡᠭᠦᠯᠦᠭ᠌ᠰᠡᠨ᠎ᠢᠶᠠᠷ ᠪᠠᠷᠠᠬᠤ ᠥᠬᠡᠶ᠂ ᠨᠠᠩ ᠴᠤ᠌ ᠯᠠᠪᠳᠠᠭᠤᠨ ᠪᠠᠲᠤᠲᠠᠶ ᠶᠠᠰᠤ ᠴᠢᠨᠠᠷ᠎ᠢᠶᠠᠷ ᠮᠡᠳᠡᠷᠡᠮᠵᠢ᠎ᠶ᠋ᠢ ᠣᠯᠤᠭ᠍ᠰᠠᠨ ᠪᠠᠢᠨ᠎ᠠ᠃

ᠭᠤᠷᠪᠠ᠎ᠳᠤ᠂ ᠬᠣᠣᠰ ᠫᠠᠢᠰᠠ᠎ᠪᠠᠷ ᠬᠠᠮᠲᠤ᠎ᠪᠠᠷ ᠠᠰᠢᠭ᠋ ᠬᠦᠷᠲᠡᠵᠦ᠂ ᠤᠷᠠᠨ ᠳᠠᠷᠬᠠᠨ᠎ᠤ ᠰᠡᠳᠬᠢᠯ᠎ᠢ ᠤᠯᠠᠮᠵᠢᠯᠠᠨ᠎ᠠ᠃ ᠦᠢ᠍ᠯᠡᠳᠭᠦᠨ᠎ᠢ ᠳᠡᠯᠭᠡᠷᠡᠭᠦᠯᠬᠦ᠌᠎ᠶ᠋ᠢᠨ ᠬᠠᠮᠲᠤ᠂ ᠪᠢᠳᠡ ᠬᠥᠮᠥᠨ᠎ᠦ ᠦᠨ᠎ᠡ ᠥᠷᠲᠡᠭ ᠪᠠ ᠴᠢᠨᠠᠷ ᠴᠢᠨᠰᠠᠭ᠎ᠠ᠎ᠶᠢᠨ ᠭᠦᠨᠦ ᠬᠡᠮᠵᠢᠶ᠎ᠡ᠎ᠶᠢ ᠬᠣᠯᠪᠣᠨ᠎ᠠ᠃ ᠠᠵᠢᠯᠯᠠᠭ᠎ᠠ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠲᠠᠢ ᠬᠠᠮᠲᠤᠷᠠᠨ ᠬᠥᠳᠡᠯᠮᠦᠷᠢ ᠬᠦᠴᠦᠨ᠎ᠤ ᠨᠠᠷᠠᠲᠤ ᠲᠥᠷᠥᠯ ᠲᠡᠮᠳᠡᠭ᠌ᠲᠦ᠍᠎ᠶ᠋ᠢ ᠱᠢᠯᠢᠨ ᠰᠣᠩᠭᠤᠵᠤ᠂ ᠨᠠᠷᠠᠲᠤ ᠲᠥᠷᠥᠯ ᠲᠡᠮᠳᠡᠭ᠌ᠲᠦ᠍᠎ᠶ᠋ᠢ ᠳᠡᠯᠭᠡᠷᠡᠭᠦᠯᠬᠦ᠌ ᠳᠤᠮᠳᠠ ᠶᠠᠮᠤᠨ᠎ᠤ ᠪᠠᠢᠭᠤᠯᠭ᠎ᠠ᠎ᠶ᠋ᠢᠨ ᠠᠵᠢᠯᠲᠠᠨ ᠠᠵᠢᠯᠴᠢᠨ᠎ᠤ ᠰᠠᠢᠬᠠᠨ ᠠᠮᠲᠠ᠎ᠶ᠋ᠢᠨ ᠠᠷᠤ᠎ᠳᠠᠬᠢ ᠲᠤᠰᠭᠠᠶ ᠮᠡᠷᠭᠡᠵᠢᠯ᠎ᠤᠨ ᠬᠥᠮᠦᠨ᠎ᠤ ᠬᠦᠴᠦᠨ᠎ᠤ ᠲᠤᠯᠭᠠᠭᠤᠷᠢᠯᠠᠯ᠎ᠢ ᠮᠡᠳᠡᠷᠡᠭᠦᠯᠪᠡ᠂ ᠡᠢᠮᠦᠷᠬᠦ᠌ 《ᠦᠢᠯᠡᠳᠭᠦᠨ + ᠴᠢᠳᠠᠪᠤᠷᠢᠲᠠᠨ》 ᠤ ᠬᠠᠮᠲᠤᠷᠠᠯ ᠨᠢ ᠥᠪᠥᠷ ᠮᠣᠩᠭᠤᠯ᠎ᠤᠨ ᠣᠨᠴᠠᠯᠢᠭ᠍ᠲᠤ ᠪᠦᠲᠦᠭᠡᠭ᠌ᠳᠡᠬᠦᠨ᠎ᠢ ᠤᠬᠠᠭᠤᠯᠵᠤ᠂ 《ᠥᠪᠥᠷ ᠮᠣᠩᠭᠤᠯ᠎ᠤᠨ ᠦᠨᠦᠷ ᠠᠮᠲᠠ》 ᠶ᠋ᠢᠨ ᠨᠠᠷᠠᠲᠤ ᠲᠥᠷᠥᠯ ᠲᠡᠮᠳᠡᠭ᠌ᠲᠦ᠍᠎ᠶ᠋ᠢᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠭ᠌ᠰᠡᠨ᠎ᠢᠶᠠᠷ ᠪᠠᠷᠠᠬᠤ ᠥᠬᠡᠶ᠂ ᠪᠠᠰᠠ ᠬᠥᠳᠡᠯᠮᠦᠷᠢ ᠦᠢᠯᠡᠴᠢᠯᠡᠭᠡᠨ᠎ᠤ ᠨᠠᠷᠠᠲᠤ ᠲᠥᠷᠥᠯ ᠲᠡᠮᠳᠡᠭ᠌ᠲᠦ᠍᠎ᠶ᠋ᠢ ᠠᠱᠢᠬ᠍ᠯᠠᠵᠤ ᠤᠯᠠᠨ᠎ᠤ ᠬᠦᠷᠢᠶᠡᠯᠡᠯ᠎ᠢ ᠤᠯᠤᠭᠰᠠᠨ ᠪᠠᠢ᠌ᠨ᠎ᠠ᠃
《ᠥᠪᠥᠷ ᠮᠣᠩᠭᠤᠯ᠎ᠤᠨ ᠦᠨᠦᠷ ᠠᠮᠲᠠ》 ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠲᠤᠱᠢᠶᠠᠭ᠍ᠰᠠᠨ 《ᠲᠠᠪᠤᠨ ᠶᠡᠭᠡ ᠡᠭᠦᠷᠭᠡ》 — ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠠᠢᠭᠤᠯᠤᠭ᠍ᠰᠠᠨ ᠠᠬᠤᠶ ᠪᠠᠢᠳᠠᠯ ᠳᠣᠤᠷ᠎ᠠ ᠪᠠᠢᠭᠤᠯᠤᠭ᠍ᠰᠠᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠪᠡᠭᠡᠵᠢᠩ ᠥᠪᠥᠷ ᠮᠣᠩᠭᠤᠯ᠎ᠤᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ ᠠᠬᠢᠭᠤᠯᠬᠤ ᠠᠵᠠ ᠲᠣᠬᠢᠶᠠᠯ᠎ᠢ ᠦᠷᠭᠦᠯᠵᠢᠯᠡᠨ ᠡᠵᠡᠮᠳᠡᠵᠦ᠍᠂ 《ᠥᠪᠥᠷ ᠮᠣᠩᠭᠤᠯ᠎ᠤᠨ ᠪᠦᠲᠦᠭᠡᠭ᠌ᠳᠡᠬᠦᠨ᠎ᠢ ᠪᠡᠭᠡᠵᠢᠩ᠎ᠳᠤ ᠣᠷᠣᠭᠤᠯᠬᠤ》 ᠠᠵᠢᠯ᠎ᠢᠶᠠᠷ ᠴᠢᠬᠤᠯᠠ ᠭᠠᠷᠳᠠᠴᠠ ᠪᠣᠯᠭᠠᠵᠤ᠂ ᠬᠡᠷᠡᠭ᠌ᠯᠡᠭ᠌ᠴᠢᠳ᠎ᠲᠤ ᠵᠢᠩᠬᠢᠨᠢ ᠰᠠᠨᠠᠭ᠎ᠠ ᠠᠮᠤᠷ᠂ ᠰᠠᠨᠠᠭ᠎ᠠ ᠠᠮᠤᠷ ᠥᠪᠥᠷ ᠮᠣᠩᠭᠤᠯ᠎ᠤᠨ ᠣᠨᠴᠠ ᠭᠠᠷᠤᠯᠲᠠ᠎ᠶ᠋ᠢ ᠡᠳ᠋ᠯᠡᠭᠦᠯᠬᠦ᠌᠎ᠪᠠᠷ ᠪᠠᠷᠠᠬᠤ ᠥᠬᠡᠶ᠂ ᠨᠠᠩ ᠴᠤ᠌ ᠠᠵᠤ ᠠᠬᠤᠢᠯᠠᠯ᠎ᠳᠤ ᠰᠠᠢᠲᠤᠷ ᠦᠢᠯᠡᠴᠢᠯᠡᠵᠦ᠍᠂ 《ᠥᠪᠥᠷ ᠮᠣᠩᠭᠤᠯ᠎ᠤᠨ ᠦᠨᠦᠷ ᠠᠮᠲᠠ》 ᠶ᠋ᠢ ᠣᠷᠣᠨ ᠪᠦᠰᠡ᠎ᠶ᠋ᠢᠨ ᠨᠠᠷᠠᠲᠤ ᠲᠥᠷᠥᠯ ᠲᠡᠮᠳᠡᠭ᠌ᠲᠦ᠍᠎ᠶ᠋ᠢᠨ ᠬᠡᠪ ᠳᠠᠭᠤᠷᠢᠶᠠᠯ ᠪᠣᠯᠭᠠᠬᠤ᠎ᠶ᠋ᠢ ᠠᠬᠢᠭᠤᠯᠵᠤ᠂ ᠠᠵᠤ ᠦᠢᠯᠡᠰ᠎ᠤᠨ ᠬᠠᠮᠵᠢᠯᠴᠠᠭ᠎ᠠ ᠪᠠ ᠠᠷᠠᠳ᠎ᠤᠨ ᠠᠮᠢᠳᠤᠷᠠᠯ᠎ᠢ ᠬᠠᠮᠲᠤ᠎ᠪᠠᠷ ᠭᠥᠷᠳᠡᠬᠦ᠌᠎ᠳᠤ ᠨᠠᠩ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃