ᠠᠩᠬᠠᠨ᠎ᠤ ᠠᠭᠤᠯᠵᠠᠯᠲᠠ᠎ᠠᠴᠠ ᠳᠠᠬᠢᠨ ᠠᠭᠤᠯᠵᠠᠬᠤ ᠪᠣᠯᠲᠠᠯ᠎ᠠ᠂ 12 ᠳ᠋ᠤᠭ᠋ᠠᠷ ᠰᠠᠷ᠎ᠠ᠎ᠶ᠋ᠢᠨ 9᠎ᠤ ᠡᠳᠦᠷ᠎ᠠᠴᠠ 10 ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠠᠴᠠ ᠭᠤᠤᠯᠯᠠᠨ ᠡᠷᠭᠢᠯᠡᠭ᠌ᠰᠡᠨ《ᠥᠪᠥᠷ ᠮᠣᠩᠭᠤᠯ᠎ᠤᠨ ᠦᠨᠦᠷ ᠠᠮᠲᠠ》ᠶᠠᠮᠤᠨ ᠵᠥᠪᠯᠡᠯ᠂ ᠶᠡᠭᠡ ᠳᠡᠭᠡᠳᠦ ᠰᠤᠷᠭᠠᠭᠤᠯᠢ᠎ᠳᠤ ᠣᠷᠣᠬᠤ ᠱᠢᠷᠢᠰ ᠠᠵᠢᠯᠯᠠᠭ᠎ᠠ ᠪᠡᠭᠡᠵᠢᠩ ᠶᠡᠭᠡ ᠰᠤᠷᠭᠠᠭᠤᠯᠢ᠎ᠶ᠋ᠢᠨ ᠠᠨᠠᠭᠠᠬᠤ ᠤᠬᠠᠭᠠᠨ᠎ᠤ ᠬᠡᠯᠲᠡᠰ᠎ᠲᠤ ᠳᠠᠬᠢᠨᠲᠠ ᠣᠷᠣᠵᠤ᠂ ᠣᠷᠣᠨ᠎ᠤ ᠳᠣᠲᠣᠷᠠᠬᠢ 60 ᠭᠠᠷᠤᠶ ᠨᠠᠷᠠᠲᠤ ᠠᠵᠤ ᠠᠬᠤᠢᠯᠠᠯ ᠮᠢᠩᠭ᠎ᠠ ᠱᠢᠬᠠᠮ ᠰᠢᠯᠢᠳᠡᠭ ᠣᠨᠴᠠᠯᠢᠭ᠍ᠲᠤ ᠪᠦᠲᠦᠭᠡᠭ᠌ᠳᠡᠬᠦᠨ᠎ᠢᠶᠠᠨ ᠠᠪᠴᠤ᠌ ᠲᠥᠪᠯᠡᠷᠡᠭᠦᠯᠦᠨ ᠵᠣᠯᠭ᠋ᠠᠵᠤ᠂ ᠪᠡᠭᠡᠵᠢᠩ ᠶᠡᠭᠡ ᠰᠤᠷᠭᠠᠭᠤᠯᠢ᠎ᠶ᠋ᠢᠨ ᠠᠨᠠᠭᠠᠬᠤ ᠤᠬᠠᠭᠠᠨ᠎ᠤ ᠬᠡᠯᠲᠡᠰ᠎ᠤᠨ ᠪᠠᠭ᠍ᠰᠢ ᠰᠤᠷᠤᠭ᠍ᠴᠢᠳ᠎ᠲᠤ ᠳᠠᠬᠢᠨᠲᠠ ᠨᠢᠭᠡ ᠤᠳᠠᠭᠠᠨ᠎ᠤ 《ᠲᠠᠯ᠎ᠠ ᠨᠤᠲᠤᠭ᠎ᠤᠨ ᠦᠨᠦᠷ ᠠᠮᠲᠠ》᠎ᠶ᠋ᠢ ᠠᠪᠴᠢᠷᠠᠭ᠍ᠰᠠᠨ ᠪᠠᠢᠨ᠎ᠠ᠃
ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ ᠬᠠᠯᠠᠭᠤᠨ ᠪᠣᠷᠣᠯᠠᠭᠤᠯᠭ᠎ᠠ᠎ᠶ᠋ᠢᠨ ᠲᠥᠷᠥᠯ ᠵᠦᠢᠯ᠎ᠢ ᠦᠨᠳᠦᠰᠦᠯᠡᠨ ᠣᠯᠠᠨ ᠳᠡᠯᠭᠡᠨ ᠦᠵᠡᠭᠦᠯᠬᠦ ᠣᠷᠤᠨ ᠬᠤᠪᠢᠶᠠᠵᠤ᠂ ᠭᠠᠵᠠᠷ ᠪᠣᠯᠭᠠᠨ᠎ᠳᠤ ᠴᠥᠮ 《 ᠪᠠᠢᠭᠠᠯᠢᠯᠢᠭ᠋᠂ ᠡᠷᠡᠭᠦᠯ 》 ᠬᠡᠷᠡᠭᠯᠡᠭᠡᠨ᠎ᠦ ᠬᠠᠨᠳᠤᠰᠢ᠎ᠲᠠᠢ ᠨᠢᠭ᠍ᠲᠠ ᠤᠶᠠᠯᠳᠤᠵᠤ ᠪᠠᠢ᠌ᠳᠠᠭ᠃ ᠴᠠᠭᠠᠨ ᠢᠳᠡᠭᠡᠨ᠎ᠤ ᠲᠣᠭᠤᠷᠢᠭ᠎ᠨᠢ 《ᠡᠳᠦᠷ ᠲᠤᠲᠤᠮ᠎ᠤᠨ ᠬᠡᠷᠡᠭᠴᠡᠭᠡ + ᠱᠢᠮ᠎ᠡ ᠲᠡᠵᠢᠭᠡᠯ ᠰᠠᠢᠲᠠᠶ》 ᠪᠠᠢᠬᠤ᠎ᠪᠠᠷ ᠭᠤᠤᠯ ᠪᠣᠯᠭᠠᠵᠤ᠂ ᠮᠧᠩ ᠨᠢᠦ᠍ᠶ᠋ᠢᠨ ᠣᠷᠭᠠᠨᠢᠭ ᠴᠡᠪᠡᠷ ᠦᠨᠢᠶᠡᠨ ᠰᠦ᠂ ᠺᠠᠯᠼ ᠶᠡᠬᠡᠲᠡᠶ ᠡᠭᠡᠳᠡᠭ᠌ᠰᠡᠨ ᠰᠦᠠᠴᠠ ᠭᠠᠳᠠᠨ᠎ᠠ᠂ ᠨᠠᠩ ᠴᠤ᠌ ᠣᠯᠠᠨ ᠵᠦᠢᠯ᠎ᠤᠨ ᠰᠦᠯᠵᠢᠶᠡᠨ᠎ᠤ ᠨᠡᠷᠡᠲᠦ ᠪᠦᠲᠦᠭᠡᠭ᠌ᠳᠡᠬᠦᠨ — ᠶᠦᠨ ᠵᠦᠩ ᠮᠠᠯᠵᠢᠯ᠎ᠤᠨ ᠲᠠᠯᠠᠪᠠᠢ᠎ᠶ᠋ᠢᠨ 《ᠱᠢᠷᠠᠮᠠᠯ ᠪᠢᠱᠢᠯᠠᠭ᠎ᠤᠨ ᠨᠡᠢ᠌ᠯᠡᠮᠡᠯ》᠂ ᠣᠯᠠᠨ ᠵᠦᠢᠯ᠎ᠦᠨ ᠠᠮᠲᠠ᠎ᠶᠢ ᠨᠢᠭᠡ ᠯᠡ ᠳᠡᠭᠡᠷ᠎ᠡ ᠠᠮᠲᠠᠯᠠᠨ᠎ᠠ; ᠯᠠᠨ ᠭᠧ ᠭᠧ ᠱᠢᠬᠢᠷ᠎ᠢ ᠬᠢᠵᠠᠭᠠᠷᠯᠠᠬᠤ ᠬᠥᠮᠦᠰ᠎ᠲᠤ ᠴᠢᠭ᠌ᠯᠡᠭᠦᠯᠦᠨ 《0 ᠨᠢᠱᠢᠩᠭᠦᠶ᠋ᠢᠨ ᠱᠢᠬᠢᠷ᠎ᠤᠨ ᠡᠭᠡᠳᠡᠭ᠌ᠰᠡᠨ ᠰᠦ》 ᠶ᠋ᠢᠨ ᠡᠷᠡᠭᠦᠯ ᠮᠡᠨᠳᠦ᠍᠎ᠶ᠋ᠢᠨ ᠰᠣᠩᠭᠤᠯᠲᠠ ᠬᠢᠭ᠌ᠰᠡᠨ ᠪᠠᠢᠨ᠎ᠠ᠃ ᠰᠡᠯᠡᠭᠦᠴᠡᠯ᠎ᠦᠨ ᠢᠳᠡᠭᠡᠨ᠎ᠦ ᠲᠣᠭᠣᠷᠢᠭ᠋᠎ᠤᠨ ᠬᠢᠨ 《ᠬᠡᠰᠡᠭ ᠪᠤᠰᠠᠭ ᠰᠤᠯᠠ ᠢᠳᠡᠭᠡᠨ᠎ᠦ ᠬᠡᠷᠡᠭᠴᠡᠭᠡ》 ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠬᠡᠷ᠎ᠤᠨ ᠪᠣᠷᠴᠠ᠂ ᠦᠬᠡᠷ᠎ᠦᠨ ᠮᠢᠬᠠᠨ᠎ᠤ ᠰᠢᠷᠪᠦᠰᠦ ᠪᠣᠯ ᠬᠠᠷᠢᠴᠠᠯᠠᠰᠢᠭᠦᠢ ᠭᠣᠣᠯ ᠳᠦᠷᠢ᠂ ᠬᠠᠲᠠᠭ᠋ᠠᠭᠰᠠᠨ ᠦᠬᠡᠷ᠎ᠤᠨ ᠪᠣᠷᠴᠠ᠎ᠳᠤ 《ᠨᠠᠷᠢᠨ ᠰᠣᠩᠭᠣᠭᠰᠠᠨ ᠦᠬᠡᠷ᠎ᠦᠨ ᠭᠤᠶ᠎ᠠ᠎ᠶᠢᠨ ᠮᠢᠬ᠎ᠠ᠂ ᠴᠠᠷᠳᠠᠭᠤᠯ ᠨᠡᠮᠡᠭᠰᠡᠨ ᠦᠭᠡᠢ 》 ᠭᠡᠰᠡᠨ ᠲᠣᠳᠣᠷᠬᠠᠢᠯᠠᠯᠲᠠ ᠬᠠᠳᠠᠵᠤ᠂ ᠦᠬᠡᠷ᠎ᠦᠨ ᠮᠢᠬᠠᠨ᠎ᠤ ᠰᠢᠷᠪᠦᠰᠦ᠎ᠶᠢ ᠰᠢᠭᠦᠰᠦᠯᠦᠭᠰᠡᠨ ᠵᠢᠵᠢᠭ ᠪᠠᠭᠯᠠᠭ᠎ᠠ ᠪᠣᠯᠭ᠋ᠠᠵᠤ᠂ ᠠᠮᠲᠠ᠎ᠪᠠᠷ ᠵᠦᠭᠡᠯᠡᠨ ᠪᠠᠢ᠌ᠵᠦ᠂ ᠠᠯᠪᠠᠨ ᠭᠡᠷ ᠪᠤᠶᠤ ᠪᠤᠭᠴᠤᠨᠳᠤᠪᠠᠨ ᠬᠢᠵᠦ ᠶᠠᠪᠤᠬᠤ᠎ᠳᠤ ᠳᠦᠭᠦᠮ ᠪᠠᠢ᠌ᠳᠠᠭ; ᠰᠦ᠎ᠲᠠᠢ ᠪᠢᠩᠭᠠᠨ ᠨᠢ ᠭᠣᠣᠯᠳᠠᠭᠤ 《ᠰᠢᠨ᠎ᠡ ᠰᠣᠷᠭᠣᠭ ᠠᠮᠲᠠ + ᠲᠠᠯ᠎ᠠ ᠨᠤᠲᠤᠭ᠎ᠤᠨ ᠣᠨᠴᠠᠯᠢᠭ᠋》 ᠲᠠᠢ ᠪᠠᠢ᠌ᠵᠦ᠂ ᠪᠣᠭᠣᠳᠠᠯ ᠳᠡᠭᠡᠷ᠎ᠡ ᠨᠢ 《ᠬᠡᠰᠡᠭ ᠪᠦᠷᠢᠳᠦ 3g ᠤᠨ ᠰᠦᠨ ᠲᠠᠯᠬ᠎ᠠ ᠠᠭᠤᠯᠵᠤ ᠪᠠᠢᠨ᠎ᠠ》 ᠭᠡᠵᠦ ᠳᠠᠷᠤᠮᠠᠯᠯᠠᠵᠤ᠂ ᠠᠯᠪᠠᠨ ᠠᠵᠢᠯ᠎ᠤᠨ ᠵᠠᠪᠰᠠᠷ᠎ᠲᠤ ᠬᠣᠪᠳᠣᠭ᠎ᠢᠶᠠᠨ ᠲᠠᠢᠯᠬᠤ᠎ᠳᠤ ᠲᠣᠬᠢᠷᠠᠨ᠎ᠠ; ᠰᠠᠨ ᠫᠠᠩ ᠳ᠋ᠠᠨ ᠨᠠᠷᠠᠨ ᠬᠤᠸᠠᠷ᠎ᠤᠨ ᠦᠷ᠎ᠡ ᠨᠢ 《ᠮᠦᠬᠦᠯᠢᠭ ᠪᠦᠷᠢ᠎ᠶᠢ 3 ᠤᠳᠠᠭ᠎ᠠ ᠰᠢᠯᠢᠨ ᠰᠣᠩᠭᠣᠵᠤ》᠂ ᠮᠦᠬᠦᠯᠢᠭ ᠪᠦᠷᠢ ᠨᠢ ᠳᠦᠭᠦᠷᠡᠩ᠂ ᠵᠠᠵᠢᠯᠬᠤ ᠳᠤᠳᠤᠮ ᠠᠩᠬᠢᠯᠤᠮ᠎ᠠ ᠦᠨᠦᠷ ᠬᠠᠩᠬᠤᠯᠵᠤ᠂ ᠬᠥᠮᠥᠰ᠎ᠢ ᠶᠠᠭᠠᠬᠢᠬᠤ᠎ᠶᠢᠨ ᠠᠷᠭ᠎ᠠ ᠦᠭᠡᠢ ᠪᠣᠯᠭ᠋ᠠᠳᠠᠭ᠃

ᠪᠡᠭᠡᠵᠢᠩ ᠶᠡᠬᠡ ᠰᠤᠷᠭᠠᠭᠤᠯᠢ᠎ᠶᠢᠨ ᠠᠨᠠᠭᠠᠬᠤ ᠤᠬᠠᠭᠠᠨ᠎ᠤ ᠬᠡᠯᠲᠡᠰ᠎ᠦᠨ ᠮᠠᠰᠢ ᠣᠯᠠᠨ 《 ᠬᠠᠭᠤᠴᠢᠨ ᠨᠠᠢᠵᠠ 》 ᠢᠯᠡᠷᠬᠡᠢᠯᠡᠬᠦ᠎ᠳᠡᠭᠡᠨ᠂ ᠨᠢᠳᠤᠨᠤᠨ ᠵᠢᠯ᠎ᠦᠨ ᠡᠬᠢᠨ᠎ᠳᠦ 《ᠥᠪᠥᠷ ᠮᠣᠩᠭᠣᠯ᠎ᠤᠨ ᠦᠨᠦᠷ ᠠᠮᠲᠠ 》 ᠲᠣᠬᠢᠶᠠᠯᠳᠤᠬᠤ ᠦᠶ᠎ᠡ᠎ᠳᠤ᠂ ᠲᠠᠯ᠎ᠠ ᠨᠤᠲᠤᠭ᠎ᠤᠨ ᠠᠮᠲᠠᠲᠤ ᠢᠳᠡᠭᠡᠨ ᠨᠢ ᠪᠢᠳᠡᠨ᠎ᠳᠦ ᠠᠮᠠᠨ᠎ᠤ ᠬᠡᠰᠢᠭ ᠬᠦᠷᠲᠡᠭᠡᠭᠰᠡᠨ ᠶᠤᠮ᠂ ᠡᠨᠡ ᠵᠢᠯ᠎ᠦᠨ 《 ᠥᠪᠥᠷ ᠮᠣᠩᠭᠣᠯ᠎ᠤᠨ ᠦᠨᠦᠷ ᠠᠮᠲᠠ 》 ᠨᠢ ᠣᠯᠠᠨ᠎ᠤ ᠳᠤᠷᠠᠲᠠᠢ ᠪᠦᠲᠦᠭᠡᠭᠳᠡᠬᠦᠨ᠎ᠢ ᠠᠪᠴᠢᠷᠠᠨ ᠳᠠᠬᠢᠨᠲᠠ ᠪᠣᠯᠵᠣᠭᠠᠨ᠎ᠳᠤ ᠣᠴᠢᠬᠤ ᠪᠣᠯᠤᠭᠰᠠᠨ᠎ᠳᠤ ᠰᠡᠳᠬᠢᠯ᠎ᠳᠦ ᠨᠢᠭᠤᠭᠳᠠᠵᠤ ᠪᠣᠯᠣᠰᠢ ᠦᠭᠡᠢ ᠪᠠᠶᠠᠷ ᠪᠠᠬᠠᠳᠤᠯ ᠲᠥᠷᠥᠭᠳᠡᠨᠡ ᠭᠡᠵᠡᠢ᠃ 《ᠠᠨᠠᠭᠠᠬᠤ ᠤᠬᠠᠭᠠᠨ᠎ᠤ ᠰᠤᠷᠤᠭ᠍ᠴᠢ ᠪᠣᠯᠤᠭᠰᠠᠨ᠎ᠤ ᠬᠤᠪᠢ᠎ᠳᠤ ᠡᠩ᠎ᠦᠨ ᠦᠶ᠎ᠡ᠎ᠳᠦ ᠪᠦᠲᠦᠭᠡᠭᠳᠡᠬᠦᠨ᠎ᠦ ᠨᠠᠢᠷᠠᠯᠭ᠎ᠠ᠎ᠶᠢᠨ ᠬᠦᠰᠦᠨᠦᠭᠲᠦ ᠪᠣᠯᠣᠨ ᠰᠢᠮ᠎ᠡ ᠲᠡᠵᠢᠭᠡᠯ᠎ᠦᠨ ᠪᠦᠷᠢᠯᠳᠦᠭᠦᠨ᠎ᠢ ᠦᠵᠡᠵᠦ ᠭᠠᠷᠳᠠᠭ᠂ ᠥᠪᠥᠷ ᠮᠣᠩᠭᠣᠯ᠎ᠤᠨ ᠪᠦᠲᠦᠭᠡᠭᠳᠡᠬᠦᠨ ᠨᠢ ᠡᠨᠡ ᠬᠣᠶᠠᠷ ᠲᠠᠯ᠎ᠠ᠎ᠪᠠᠷ ᠴᠥᠮ ᠳᠠᠪᠠᠭᠤᠯᠢᠭ᠋ ᠲᠠᠯ᠎ᠠ᠎ᠲᠠᠢ ᠪᠠᠢᠳᠠᠭ ᠪᠣᠯᠬᠣᠷ ᠳᠡᠷᠭᠡᠳᠡᠬᠢ ᠲᠥᠷᠥᠯ ᠰᠠᠳᠤᠨ ᠨᠠᠢᠵᠠ ᠨᠥᠬᠥᠳ᠎ᠲᠡᠬᠡᠨ ᠯᠠᠪᠲᠠᠢ ᠲᠠᠨᠢᠯᠴᠠᠭᠤᠯᠵᠤ ᠦᠭᠭᠦᠨ᠎ᠡ》 ᠭᠡᠪᠡ᠃

ᠱᠢᠮ᠎ᠡ ᠲᠡᠵᠢᠭᠡᠯ᠎ᠤᠨ ᠦᠨ᠎ᠡ ᠥᠷᠲᠡᠭ᠎ᠨᠢ ᠥᠨᠳᠥᠷ ᠪᠣᠯ ᠥᠪᠥᠷ ᠮᠣᠩᠭᠤᠯ᠎ᠤᠨ ᠰᠢᠯᠢᠳᠡᠭ ᠣᠨᠴᠠᠯᠢᠭ᠍ᠲᠤ ᠦᠢᠯᠡᠳᠬᠦᠨ᠎ᠤ ᠲᠣᠪᠤᠢᠮ᠎ᠠ ᠬᠢᠯᠠᠰ ᠴᠡᠭ ᠪᠣᠯᠤᠨ᠎ᠠ᠃ ᠪᠠᠢᠭᠠᠯᠢ᠎ᠶ᠋ᠢᠨ ᠠᠮᠢ ᠠᠬᠤᠶ᠎ᠶ᠋ᠢᠨ ᠣᠷᠴᠢᠨ ᠲᠣᠭᠤᠷᠢᠨ᠎ᠨᠢ ᠪᠦᠲᠦᠭᠡᠭ᠌ᠳᠡᠬᠦᠨ᠎ᠢᠶᠠᠨ ᠨᠠᠩ ᠣᠯᠠᠨ ᠠᠩᠬᠠᠨ᠎ᠤ ᠱᠢᠮ᠎ᠡ ᠲᠡᠵᠢᠭᠡᠯ᠎ᠢ ᠦᠯᠡᠳᠡᠭᠡᠵᠦ᠍᠂ ᠣᠲᠣ ᠦᠶ᠎ᠡ᠎ᠶ᠋ᠢᠨ ᠬᠥᠮᠦᠰ᠎ᠤᠨ ᠡᠷᠡᠭᠦᠯ ᠡᠩᠬᠡ ᠢᠳᠡᠭᠡᠨ ᠤᠮᠳᠠᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭ᠋ᠠᠨ᠎ᠠ》 ᠭᠡᠵᠦ ᠪᠡᠭᠡᠵᠢᠩ ᠶᠡᠬᠡ ᠰᠤᠷᠭᠠᠭᠤᠯᠢ᠎ᠶ᠋ᠢᠨ ᠠᠨᠠᠭᠠᠬᠤ ᠤᠬᠠᠭᠠᠨ᠎ᠤ ᠬᠡᠯᠲᠡᠰ᠎ᠦᠨ ᠱᠢᠮ᠎ᠡ ᠲᠡᠵᠢᠭᠡᠯ᠎ᠦᠨ ᠤᠬᠠᠭᠠᠨ᠎ᠤ ᠮᠡᠷᠭᠡᠵᠢᠯᠲᠡᠨ ᠬᠡᠯᠡᠪᠡ᠃

ᠠᠮᠲᠠᠲᠤ ᠢᠳᠡᠭᠡᠨ ᠤᠮᠳᠠᠭᠠᠨ᠎ᠤ ᠰᠢᠨᠵᠢᠯᠡᠭᠡᠨ᠎ᠦ ᠲᠣᠭᠣᠷᠢᠭ᠋᠎ᠤᠨ ᠬᠢᠨ ᠪᠠᠰᠠ ᠨᠢᠭᠡ ᠤᠳᠠᠭ᠎ᠠ ᠤᠷᠲᠤ ᠮᠥᠷᠯᠡᠨ ᠵᠢᠭ᠍ᠰᠠᠵᠤ᠂ ᠥᠪᠥᠷ ᠮᠣᠩᠭᠣᠯ᠎ᠤᠨ ᠦᠨᠦᠷ ᠠᠮᠲᠠ᠎ᠶᠢᠨ ᠣᠨᠢᠰᠤ᠎ᠶᠢ ᠠᠯᠳᠠᠷᠠᠭᠠᠬᠤ᠎ᠶᠢ ᠪᠠᠭ᠍ᠰᠢ ᠰᠤᠷᠤᠭ᠍ᠴᠢᠳ ᠬᠠᠯᠠᠭᠤᠨ᠎ᠢᠶᠠᠷ ᠬᠦᠰᠡᠨ ᠬᠦᠯᠢᠶᠡᠵᠦ ᠪᠠᠢᠯ᠎ᠠ᠃ ᠬᠤᠨᠢᠨ᠎ᠤ ᠨᠢᠷᠤᠭᠤ᠎ᠶᠢ ᠬᠡᠳᠦᠨ ᠴᠠᠭ ᠤᠳᠠᠭᠠᠨ ᠭᠠᠯ᠎ᠢᠶᠠᠷ ᠴᠢᠨᠠᠵᠤ᠂ ᠮᠢᠬ᠎ᠠ ᠨᠢ ᠲᠦᠢ᠍ᠯ᠎ᠦᠨ ᠠᠮᠲᠠᠲᠠᠢ ᠪᠠᠢ᠌ᠳᠠᠭ; ᠠᠷᠠᠰᠤ᠎ᠨᠢ ᠵᠢᠷᠬᠢᠷ᠎ᠡ᠎ᠶᠢᠨ ᠵᠢᠭᠦᠷ ᠮᠡᠲᠦ ᠨᠢᠮᠭᠡᠨ ᠪᠠᠢ᠌ᠵᠦ᠂ ᠭᠡᠷᠡᠯ ᠨᠡᠪᠲᠡᠷᠡᠬᠦ᠎ᠳᠦ ᠳᠣᠲᠣᠷ᠎ᠠ ᠨᠢ ᠳᠦᠭᠦᠷᠡᠩ ᠮᠢᠬᠠᠨ᠎ᠤ ᠱᠥᠯᠥ᠎ᠶ᠋ᠢ ᠣᠯᠵᠤ ᠬᠠᠷᠠᠨ᠎ᠠ; ᠨᠠᠷᠢᠯᠢᠭ᠋ ᠴᠢᠨᠠᠭᠰᠠᠨ ᠬᠣᠰᠢᠮᠠᠭ ᠵᠠᠭᠤᠰᠢ᠎ᠶᠢ ᠵᠥᠭᠡᠯᠡᠨ ᠭᠠᠯ᠎ᠢᠶᠠᠷ ᠤᠳᠠᠭᠠᠨ ᠪᠤᠴᠠᠯᠭᠠᠭᠰᠠᠨᠤ ᠳᠠᠷᠠᠭ᠎ᠠ ᠱᠥᠯᠥ ᠨᠢ ᠥᠳᠬᠡᠨ ᠪᠥᠭᠡᠳ ᠭᠡᠷ᠎ᠦᠨ ᠨᠣᠭᠣᠭ᠎ᠠ᠎ᠶᠢᠨ ᠳᠤᠯᠠᠭᠠᠨ ᠴᠢᠨᠠᠷ᠎ᠢ ᠭᠦᠢᠴᠡᠳ ᠬᠠᠷᠠᠭᠤᠯᠤᠨ᠎ᠠ; ᠦᠬᠡᠷ᠎ᠦᠨ ᠮᠢᠬ᠎ᠠ᠎ᠶᠢ ᠰᠢᠯᠵᠠᠷᠠᠲᠠᠯ᠎ᠠ ᠴᠢᠨᠠᠵᠤ᠂ ᠦᠨᠦᠷ ᠮᠢᠬ᠎ᠠ ᠨᠢ ᠰᠠᠢ᠌ᠬᠠᠨ ᠠᠭᠤᠰᠤᠯᠴᠠᠵᠤ ᠪᠠᠢᠨ᠎ᠠ ᠁ ᠠᠬᠤᠢ ᠲᠠᠯᠠᠪᠠᠢ᠎ᠶᠢᠨ ᠪᠠᠭ᠍ᠰᠢ ᠰᠤᠷᠤᠭ᠍ᠴᠢᠳ ᠠᠮᠲᠠᠯᠠᠭᠰᠠᠨᠤ ᠳᠠᠷᠠᠭ᠎ᠠ ᠰᠡᠳᠬᠢᠯ ᠬᠠᠨᠵᠤ᠂ 《ᠥᠪᠥᠷ ᠮᠣᠩᠭᠣᠯ᠎ᠤᠨ ᠦᠨᠦᠷ ᠠᠮᠲᠠ》 ᠵᠢᠨ ᠦᠪᠡᠳᠡᠭᠰᠢ ᠨᠠᠢᠷ᠎ᠲᠤ ᠰᠤᠭᠲᠤᠭᠤᠷᠤᠭᠰᠠᠨ ᠪᠠᠢ᠌ᠨ᠎ᠠ᠃

《ᠥᠪᠥᠷ ᠮᠣᠩᠭᠤᠯ᠎ᠤᠨ ᠦᠨᠦᠷ ᠠᠮᠲᠠ》 ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠲᠤᠱᠢᠶᠠᠭ᠍ᠰᠠᠨ ᠲᠠᠪᠤᠨ ᠶᠡᠭᠡ ᠡᠭᠦᠷᠭᠡ᠎ᠶ᠋ᠢ ᠨᠠᠢᠳᠠᠪᠤᠷᠢᠵᠢᠭᠤᠯᠬᠤ — ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠢᠭᠤᠯᠤᠭ᠍ᠰᠠᠨ ᠠᠬᠤᠶ ᠪᠠᠢᠳᠠᠯ ᠳᠣᠤᠷ᠎ᠠ ᠪᠠᠢᠭᠤᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ ᠪᠣᠯᠤᠨ᠎ᠠ᠃ ᠪᠡᠭᠡᠵᠢᠩ ᠶᠡᠭᠡ ᠰᠤᠷᠭᠠᠭᠤᠯᠢ᠎ᠶ᠋ᠢᠨ ᠠᠨᠠᠭᠠᠬᠤ ᠤᠬᠠᠭᠠᠨ᠎ᠤ ᠬᠡᠯᠲᠡᠰ᠎ᠲᠦ ᠳᠠᠬᠢᠨᠲᠠ ᠣᠷᠣᠵᠤ᠂ ᠰᠤᠷᠭᠠᠭᠤᠯᠢ᠎ᠶ᠋ᠢᠨ ᠬᠦᠷᠢᠶᠡᠨ᠎ᠤ ᠪᠠᠭ᠍ᠰᠢ ᠰᠤᠷᠤᠭ᠍ᠴᠢᠳ᠎ᠤᠨ ᠳᠡᠭᠡᠳᠦ ᠠᠩᠬᠠᠷᠤᠯ ᠵᠢᠴᠢ ᠣᠯᠠᠨ ᠡᠱᠢᠲᠦ ᠬᠤᠪᠢᠶᠠᠯᠴᠠᠨ ᠡᠳ᠋ᠯᠡᠬᠦ᠌ ᠠᠷᠭ᠎ᠠ ᠵᠠᠮ᠎ᠢ ᠤᠯᠠᠮ ᠨᠢᠭᠡ ᠠᠯᠬᠤᠮ ᠠᠱᠢᠭ᠍ᠯᠠᠨ ᠤᠬᠠᠭᠤᠯᠬᠤ ᠬᠦᠷᠢᠶ᠎ᠡ ᠬᠡᠪᠴᠢᠶ᠎ᠡ᠎ᠪᠠᠨ ᠥᠷᠭᠡᠳᠭᠡᠵᠦ᠍᠂ ᠥᠪᠥᠷ ᠮᠣᠩᠭᠤᠯ᠎ᠤᠨ ᠴᠢᠨᠠᠷ ᠰᠠᠢᠲᠠᠶ ᠣᠨᠴᠠᠯᠢᠭ᠍ᠲᠤ ᠪᠦᠲᠦᠭᠡᠭ᠌ᠳᠡᠬᠦᠨ᠎ᠢ ᠨᠠᠩ ᠣᠯᠠᠨ ᠬᠥᠮᠦᠨ᠎ᠳᠤ ᠮᠡᠳᠡᠭᠦᠯᠬᠦ᠌᠎ᠶ᠋ᠢ ᠬᠦᠰᠡᠵᠦ᠍ ᠪᠠᠢᠨ᠎ᠠ; ᠪᠡᠭᠡᠵᠢᠩ ᠶᠡᠭᠡ ᠰᠤᠷᠭᠠᠭᠤᠯᠢ᠎ᠶ᠋ᠢᠨ ᠠᠨᠠᠭᠠᠬᠤ ᠤᠬᠠᠭᠠᠨ᠎ᠤ ᠬᠡᠯᠲᠡᠰ᠎ᠦᠨ ᠱᠢᠮ᠎ᠡ ᠲᠡᠵᠢᠭᠡᠯ᠎ᠤᠨ ᠰᠤᠷᠤᠯᠭ᠎ᠠ ᠵᠡᠷᠭᠡ ᠬᠦᠷᠢᠶᠡᠨ᠎ᠳᠠᠬᠢ ᠴᠢᠬᠤᠯᠠ ᠪᠠᠢᠷᠢ ᠰᠠᠭᠤᠷᠢ᠎ᠳᠤ ᠲᠦᠱᠢᠭ᠌ᠯᠡᠨ᠂ 《ᠲᠤᠰᠬᠠᠢ ᠮᠡᠷᠭᠡᠵᠢᠯ᠎ᠦᠨ ᠵᠥᠪᠰᠢᠶᠡᠷᠡᠯ + ᠳᠡᠭᠡᠳᠦ ᠰᠤᠷᠭᠠᠭᠤᠯᠢ᠎ᠶᠢᠨ ᠳᠠᠮᠵᠢᠭᠤᠯᠭ᠎ᠠ》᠎ᠶᠢᠨ ᠳᠠᠪᠬᠤᠷ ᠳᠡᠮᠵᠢᠯᠭᠡ᠎ᠶᠢ ᠪᠣᠶ ᠪᠣᠯᠭᠠᠵᠤ ᠂ 《ᠥᠪᠥᠷ ᠮᠣᠩᠭᠣᠯ᠎ᠤᠨ ᠦᠨᠦᠷ ᠠᠮᠲᠠ》 ᠶᠢ 《ᠦᠨᠦᠷ ᠠᠮᠲᠠ᠎ᠶᠢᠨ ᠲᠥᠯᠥᠭᠡᠯᠡᠭᠴᠢ》 ᠪᠣᠯᠭᠠᠬᠤ᠎ᠪᠠᠷ ᠪᠠᠷᠠᠬᠤ ᠦᠭᠡᠢ᠂ ᠨᠠᠩ ᠴᠤ᠌ 《ᠡᠷᠡᠭᠦᠯ ᠮᠡᠨᠳᠦ᠎ᠶᠢᠨ ᠰᠣᠩᠭᠣᠯᠲᠠ》᠎ᠶᠢᠨ ᠳᠥᠯᠥᠭᠡᠨᠦ ᠨᠡᠷ᠎ᠡ ᠦᠭᠡ ᠪᠣᠯᠭᠠᠨ᠎ᠠ᠃ ᠵᠠᠯᠭᠠᠭᠠᠳ 《ᠥᠪᠥᠷ ᠮᠣᠩᠭᠣᠯ᠎ᠤᠨ ᠦᠨᠦᠷ ᠠᠮᠲᠠ》 ᠨᠢ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠠᠷᠠᠲᠤ ᠲᠡᠮᠳᠡᠭᠲᠦ ᠦᠷᠭᠦᠯᠵᠢᠯᠡᠨ ᠬᠦᠴᠦᠨ ᠨᠡᠮᠡᠷᠢᠯᠡᠵᠦ᠂ ᠨᠠᠩ ᠣᠯᠠᠨ ᠲᠠᠯ᠎ᠠ ᠨᠤᠲᠤᠭ᠎ᠤᠨ ᠰᠠᠢᠨ ᠡᠳ᠋ ᠪᠣᠳᠠᠰ᠎ᠢ ᠥᠪᠥᠷ ᠮᠣᠩᠭᠣᠯ᠎ᠠᠴᠠ ᠭᠠᠷᠭᠠᠬᠤ ᠪᠣᠯᠣᠨ᠎ᠠ᠃