ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠲᠠᠷᠢᠶᠠᠴᠢᠳ᠎ᠢ ᠬᠠᠪᠰᠤᠷᠤᠨ 280 ᠰᠠᠢᠨ ᠲᠠᠷᠢᠶᠠᠯᠠᠩ᠎ᠤᠨ ᠪᠠᠷᠠᠭ᠎ᠠ᠎ᠶᠢ ᠬᠠᠪᠰᠤᠷᠤᠨ ᠪᠣᠷᠣᠯᠠᠭᠤᠯᠵᠤ᠂ ᠮᠠ ᠢ ᠪᠦᠯᠦᠭᠯᠡᠯ᠎ᠦᠨ 《ᠵᠠᠭᠤᠨ ᠰᠢᠶᠠᠨ᠎ᠤ ᠵᠠᠭᠤᠨ ᠪᠦᠲᠦᠭᠡᠭᠳᠡᠬᠦᠨ᠎ᠢᠶᠡᠷ ᠲᠠᠷᠢᠶᠠᠴᠢᠳ᠎ᠢ ᠲᠤᠰᠠᠯᠠᠬᠤ ᠠᠵᠢᠯᠯᠠᠭ᠎ᠠ 》 ᠥᠪᠥᠷ ᠮᠣᠩᠭᠣᠯ᠎ᠤᠨ ᠲᠤᠰᠬᠠᠢ ᠲᠠᠯᠠᠪᠠᠶ ᠡᠬᠢᠯᠡᠪᠡ
ᠨᠡᠶ᠋ᠢᠲᠡᠯᠡᠭᠰᠡᠨ ᠴᠠᠭ᠄ 2025-12-11

  12 ᠳ᠋ᠤᠭ᠋ᠠᠷ ᠰᠠᠷ᠎ᠠ᠎ᠶ᠋ᠢᠨ 11᠎ᠤ ᠡᠳᠦᠷ᠂ ᠲᠦᠪ᠎ᠤᠨ ᠤᠬᠠᠭᠤᠯᠬᠤ ᠬᠡᠯᠳᠡᠰ ᠬᠦᠳᠡᠭᠡ ᠳᠤᠰᠭᠤᠨ᠎ᠢ ᠬᠦᠭ᠌ᠵᠢᠭᠦᠯᠦᠨ ᠡᠷᠬᠢᠯᠡᠬᠦ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠲᠢᠩᠬᠢᠮ᠂ ᠦᠪᠡᠷᠳᠡᠭᠡᠨ ᠵᠠᠰᠠᠬᠤ ᠤᠷᠤᠨ᠎ᠤ ᠬᠠᠩᠭᠠᠨ ᠪᠤᠷᠤᠯᠠᠭᠤᠯᠬᠤ ᠬᠤᠷᠱᠢᠶᠠᠨ᠎ᠤ ᠬᠤᠯᠪᠤᠭᠠᠳᠤ ᠬᠤᠷᠱᠢᠶ᠎ᠠ᠂ ᠦᠪᠡᠷᠳᠡᠭᠡᠨ ᠵᠠᠰᠠᠬᠤ ᠤᠷᠤᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠭᠡᠷ᠎ᠤᠨ ᠵᠢᠭᠠᠨ ᠵᠢᠯᠤᠭᠤᠳᠤᠭ᠍ᠰᠠᠨ ᠮᠠ ᠢ ᠪᠦᠯᠦᠭ᠌ᠯᠡᠯ᠎ᠤᠨ《ᠵᠠᠭᠤᠨ ᠱᠢᠶᠠᠨ᠎ᠤ ᠵᠠᠭᠤᠨ ᠪᠦᠳᠦᠭᠡᠭ᠌ᠳᠡᠭᠦᠨ᠎ᠤ ᠦᠪᠦᠷ ᠮᠤᠩᠭᠤᠯ᠎ᠤᠨ ᠳᠤᠰᠭᠠᠢ ᠲᠠᠯᠠᠪᠤᠷ》᠎ᠤᠨ ᠠᠵᠢᠯᠯᠠᠭ᠎ᠠ ᠵᠢᠩᠬᠢᠨᠢ᠎ᠪᠠᠷ ᠡᠬᠢᠯᠡᠵᠦ᠍᠂ ᠤᠷᠤᠨ᠎ᠤ 18 ᠬᠤᠱᠢᠭᠤ ᠱᠢᠶᠠᠨ᠎ᠠᠴᠠ ᠢᠷᠡᠭ᠌ᠰᠡᠨ 280 ᠵᠦᠢᠯ᠎ᠤᠨ ᠰᠠᠢᠨ ᠲᠠᠷᠢᠶᠠᠯᠠᠩ᠎ᠤᠨ ᠪᠠᠷᠠᠭ᠎ᠠ᠎ᠶᠢ ᠳᠠᠷᠠᠭᠠᠴᠢ᠎ᠶ᠋ᠢᠨ ᠨᠢᠭᠡ ᠭᠠᠷᠠᠭ᠎ᠤᠨ ᠬᠤᠭᠤᠴᠠᠭᠠᠨ᠎ᠳᠤ ᠰᠦᠯᠵᠢᠶᠡᠨ ᠳᠡᠭᠡᠷ᠎ᠡ ᠲᠦᠪᠯᠡᠷᠡᠭᠦᠯᠦᠨ ᠭᠠᠷᠭ᠋ᠠᠬᠤ ᠪᠤᠯᠤᠨ᠎ᠠ᠃ ᠡᠨᠡ ᠨᠢ ᠮᠥᠨ ᠴᠤ᠌ ᠲᠤᠰ ᠲᠤᠰᠭᠠᠢ ᠠᠵᠢᠯᠯᠠᠭ᠎ᠠ ᠨᠢ ᠵᠠᠯᠭ᠋ᠠᠭ᠎ᠠ᠎ᠪᠠᠷ ᠭᠤᠷᠪᠠᠨ ᠵᠢᠯ ᠠᠱᠢᠭ᠍ᠯᠠᠯᠲᠠ᠎ᠳᠤ ᠣᠷᠣᠭ᠍ᠰᠠᠨ ᠶᠠᠪᠤᠳᠠᠯ ᠪᠣᠯᠤᠨ᠎ᠠ᠃

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠢ ᠪᠠᠶᠠᠯᠢᠭ ᠡᠯᠪᠡᠭ ᠳᠡᠯᠪᠡᠭ᠂ ᠲᠠᠷᠢᠶᠠᠯᠠᠩ᠎ᠤᠨ ᠪᠦᠲᠦᠭᠡᠭ᠌ᠳᠡᠬᠦᠨ ᠥᠪᠡᠷᠮᠢᠴᠡ ᠣᠨᠴᠠᠯᠢᠭ᠎ᠲᠠᠢ᠂ ᠲᠠᠯ᠎ᠠ ᠨᠤᠲᠤᠭ᠂ ᠳᠣᠪᠣᠷᠴᠠᠭ᠂ ᠣᠶ ᠱᠢᠭᠤᠶ ᠪᠠ ᠭᠤᠤᠯ᠎ᠤᠨ ᠬᠥᠨᠳᠡᠶ ᠬᠤᠯᠢᠯᠳᠤᠭ᠍ᠰᠠᠨ ᠣᠯᠠᠨ ᠶᠠᠩᠵᠤ᠎ᠶ᠋ᠢᠨ ᠭᠠᠵᠠᠷ᠎ᠤᠨ ᠭᠠᠳᠠᠷᠭᠤ᠎ᠨᠢ ᠪᠠᠰᠠ ᠰᠠᠭᠠᠯᠢ᠎ᠶ᠋ᠢᠨ ᠮᠠᠯ᠂ ᠵᠢᠮᠢᠰ ᠨᠣᠭᠤᠭ᠎ᠠ᠂ ᠠᠮᠤ ᠪᠤᠳᠠᠭ᠎ᠠ᠎ᠳᠤ ᠬᠠᠮᠤᠭ᠎ᠤᠨ ᠲᠣᠬᠢᠷᠠᠮᠵᠢᠲᠠᠶ ᠥᠰᠥᠯᠲᠡ᠎ᠶ᠋ᠢᠨ ᠣᠷᠴᠢᠨ ᠲᠣᠭᠤᠷᠢᠨ᠎ᠢ ᠬᠠᠩᠭᠠᠭ᠍ᠰᠠᠨ ᠪᠠᠢᠨ᠎ᠠ᠃ ᠲᠣᠰ ᠤᠳᠠᠭᠠᠨ᠎ᠤ 《ᠵᠠᠭᠤᠨ ᠱᠢᠶᠠᠨ᠎ᠤ ᠵᠠᠭᠤᠨ ᠪᠦᠳᠦᠭᠡᠭ᠌ᠳᠡᠭᠦᠨ᠎ᠤ ᠦᠪᠦᠷ ᠮᠤᠩᠭᠤᠯ᠎ᠤᠨ ᠳᠤᠰᠭᠠᠢ ᠲᠠᠯᠠᠪᠤᠷ》 ᠎ᠨᠢ ᠬᠢᠩᠭᠠᠨ ᠠᠢᠮᠠᠭ᠎ᠤᠨ ᠲᠤᠲᠤᠷᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠬᠤᠨᠢᠨ ᠰᠦ᠎ᠶᠢᠨ ᠦᠷᠦᠮ᠎ᠡ᠂ ᠠᠤᠬᠠᠨ᠎ᠤ ᠴᠢᠴᠠᠷᠭᠠᠨ᠎ᠠ᠂ ᠱᠠᠩᠳᠤ᠎ᠶ᠋ᠢᠨ ᠬᠠᠲᠠᠭ᠋ᠠᠭᠰᠠᠨ ᠦᠷᠦᠮ᠎ᠡ ᠲᠠᠢ ᠡᠭᠡᠳᠡᠭ᠌ᠰᠡᠨ ᠰᠦ᠂ ᠮᠣᠷᠢᠨ ᠳᠠᠪᠠᠭ᠎ᠠ ᠳᠠᠭᠤᠷ ᠦᠨᠳᠦᠰᠦᠲᠠᠨ᠎ᠤ ᠦᠪᠡᠷᠲᠡᠭᠡᠨ ᠵᠠᠰᠠᠬᠤ ᠬᠤᠰᠢᠭᠤ ᠶ᠋ᠢᠨ ᠨᠠᠷᠰᠦ ᠵᠡᠷᠭᠡ ᠲᠠᠷᠢᠶᠠᠯᠠᠩ᠎ᠤᠨ ᠪᠠᠷᠠᠭ᠎ᠠ᠎ᠶ᠋ᠢ ᠭᠠᠷᠭᠠᠵᠤ᠂ ᠥᠪᠥᠷ ᠮᠣᠩᠭᠤᠯ᠎ᠤᠨ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠨᠠᠷᠠᠲᠤ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠬᠡᠷᠡᠭ᠌ᠯᠡᠭᠡ᠎ᠪᠠᠷ ᠬᠠᠪᠰᠤᠷᠤᠨ ᠲᠡᠳᠬᠦᠭ᠌ᠰᠡᠨ ᠦᠷ᠎ᠡ ᠪᠦᠲᠦᠭᠡᠯ᠎ᠢ ᠳᠡᠮᠵᠢᠵᠦ᠍᠂ ᠵᠢᠱ᠌ᠢᠯᠲᠡ᠎ᠪᠠᠷ 2.35 ᠲᠦᠮᠡᠨ ᠮᠠᠯᠴᠢᠨ ᠲᠠᠷᠢᠶᠠᠴᠢᠨ ᠡᠷᠦᠬᠡ᠎ᠶ᠋ᠢ ᠱᠢᠭᠤᠳ ᠳᠠᠢᠴᠢᠯᠠᠬᠤ ᠪᠣᠯᠤᠨ᠎ᠠ᠃ ᠬᠡᠷᠡᠭ᠌ᠯᠡᠭ᠌ᠴᠢᠳ 《ᡁᠢ ᠹᠦ᠋ ᠪᠣᠣ ᠪᠠ ᠪᠠ ᠲᠠᠷᠢᠶᠠᠯᠠᠩ᠎ᠤᠨ ᠲᠠᠯᠠᠪᠠᠢ》 ᠎ᠠᠴᠠ ᠬᠤᠳᠠᠯᠳᠤᠨ ᠠᠪᠴᠦ ᠪᠤᠯᠤᠨ᠎ᠠ᠃

  2021 ᠣᠨ᠎ᠳᠤ᠂ ᠮᠠ ᠢ ᠪᠦᠯᠦᠭ᠌ᠯᠡᠯ 《ᠵᠠᠭᠤᠨ ᠰᠢᠶᠠᠨ᠎ᠤ ᠵᠠᠭᠤᠨ ᠪᠦᠲᠦᠭᠡᠭᠳᠡᠬᠦᠨ᠎ᠢᠶᠡᠷ ᠲᠠᠷᠢᠶᠠᠴᠢᠳ᠎ᠢ ᠲᠤᠰᠠᠯᠠᠬᠤ ᠠᠵᠢᠯᠯᠠᠭ᠎ᠠ 》 ᠎ᠶ᠋ᠢ ᠥᠷᠨᠢᠭᠦᠯᠵᠦ᠍᠂ 《ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠲᠠᠷᠢᠶᠠᠯᠠᠩ᠎ᠤᠨ ᠪᠠᠷᠠᠭ᠎ᠠ᠎ᠶ᠋ᠢ ᠰᠠᠢᠲᠤᠷ ᠡᠷᠬᠢᠯᠡᠬᠦ᠂ ᠲᠠᠪᠴᠠᠩ᠎ᠨᠢ ᠨᠢᠭᠡ ᠮᠥᠩᠭᠦ᠌ ᠴᠤ᠌ ᠬᠤᠷᠢᠶᠠᠬᠤ ᠥᠬᠡᠶ᠂ ᠬᠥᠳᠡᠭᠡ ᠲᠣᠰᠭᠤᠨ᠎ᠤ ᠰᠠᠢᠨ ᠨᠠᠷᠠᠲᠤ ᠲᠡᠮᠳᠡᠭ᠎ᠲᠤ ᠬᠦᠴᠦᠨ ᠨᠡᠮᠡᠷᠢᠯᠡᠬᠦ》  ᠎ᠪᠡᠷ ᠵᠣᠷᠢᠯᠲᠠ ᠪᠣᠯᠭᠠᠵᠤ᠂ ᠢᠨᠲ᠋ᠧᠷ ᠰᠦᠯᠵᠢᠶᠡᠨ᠎ᠤ ᠲᠠᠪᠴᠠᠩ᠎ᠤᠨ ᠳᠠᠪᠠᠭᠤᠯᠢᠭ᠎ᠢ ᠪᠠᠳᠠᠷᠠᠭᠤᠯᠵᠤ᠂ ᡁᠢ ᠹᠦ᠋ ᠪᠤᠤ ᠲᠠᠪᠴᠠᠩ᠎ᠢᠶᠠᠷ ᠳᠠᠮᠵᠢᠭᠤᠯᠤᠨ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠨᠠᠷᠠᠲᠤ ᠲᠡᠮᠳᠡᠭ᠎ᠢ ᠳᠡᠯᠭᠡᠷᠡᠭᠦᠯᠬᠦ᠌᠎ᠶ᠋ᠢ ᠳᠡᠮᠵᠢᠪᠡ᠃ 2023 ᠣᠨ᠎ᠠᠴᠠ ᠡᠬᠢᠯᠡᠨ᠂ 《ᠵᠠᠭᠤᠨ ᠰᠢᠶᠠᠨ᠎ᠤ ᠵᠠᠭᠤᠨ ᠪᠦᠲᠦᠭᠡᠭᠳᠡᠬᠦᠨ᠎ᠢᠶᠡᠷ ᠲᠠᠷᠢᠶᠠᠴᠢᠳ᠎ᠢ ᠲᠤᠰᠠᠯᠠᠬᠤ ᠠᠵᠢᠯᠯᠠᠭ᠎ᠠ》 ᠎ᠨᠢ ᠨᠢᠭᠡᠨᠲᠡ ᠬᠤᠶᠠᠷ ᠵᠢᠯ ᠳᠠᠷᠠᠭᠠᠯᠠᠨ ᠥᠪᠥᠷ ᠮᠣᠩᠭᠤᠯ᠎ᠤᠨ ᠲᠤᠰᠭᠠᠶ ᠠᠵᠢᠯᠯᠠᠭ᠎ᠠ᠎ᠳᠤ ᠣᠷᠣᠯᠴᠠᠵᠤ᠂ ᠲᠤᠬᠠᠶ᠎ᠶ᠋ᠢᠨ ᠭᠠᠵᠠᠷ᠎ᠤᠨ ᠲᠠᠷᠢᠶᠠᠴᠢᠨ ᠡᠷᠦᠬᠡ᠎ᠶ᠋ᠢ ᠬᠠᠪᠰᠤᠷᠤᠨ 2100 ᠲᠦᠮᠡᠨ ᠲᠥᠭᠦᠷᠢᠭ᠎ᠤᠨ ᠣᠷᠣᠯᠭ᠎ᠠ᠎ᠶᠢ ᠡᠭᠦᠳᠪᠡ᠃

  ᠲᠠᠪᠢ ᠭᠠᠷᠤᠭᠰᠠᠨ ᠰᠢᠤᠸᠠᠢ ᠵᠢᠨ ᠯᠢ ᠪᠣᠯ᠂ 《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠠᠮᠢ ᠠᠬᠤᠢ᠎ᠶᠢᠨ ᠲᠤᠲᠤᠷᠭ᠎ᠠ᠎ᠶᠢᠨ ᠲᠥᠪ》 ᠪᠣᠯᠬᠤ ᠬᠢᠩᠭᠠᠨ ᠠᠢᠮᠠᠭ᠎ᠤᠨ ᠲᠤᠲᠤᠷᠭ᠎ᠠ᠎ᠶᠢᠨ ᠠᠵᠤ ᠦᠢᠯᠡᠰ᠎ᠦᠨ ᠳᠠᠭᠠᠭᠤᠯᠤᠭ᠍ᠴᠢ᠎ᠶᠢᠨ ᠨᠢᠭᠡ ᠪᠣᠯᠣᠨ᠎ᠠ᠂ ᠨᠢᠳᠤᠨᠤᠨ᠎ᠤ 《ᠵᠠᠭᠤᠨ ᠱᠢᠶᠠᠨ᠎ᠤ ᠵᠠᠭᠤᠨ ᠪᠦᠳᠦᠭᠡᠭ᠌ᠳᠡᠭᠦᠨ᠎ᠤ ᠦᠪᠦᠷ ᠮᠤᠩᠭᠤᠯ᠎ᠤᠨ ᠳᠤᠰᠭᠠᠢ ᠲᠠᠯᠠᠪᠤᠷ》 ᠎ᠤᠨ ᠠᠵᠢᠯᠯᠠᠭ᠎ᠠ᠎ᠳᠤ ᠣᠷᠣᠯᠴᠠᠪᠠ᠂ ᠲᠡᠷᠡ᠄ 《 ᠮᠠᠨ᠎ᠤ ᠬᠢᠩᠭᠠᠨ ᠠᠢᠮᠠᠭ᠎ᠤᠨ ᠲᠤᠲᠤᠷᠭ᠎ᠠ ᠪᠣᠯ ᠪᠣᠬᠢᠷᠲᠤᠯ ᠦᠭᠡᠢ ᠣᠷᠭᠠᠨᠢᠭ᠋ ᠲᠤᠲᠤᠷᠭ᠎ᠠ ᠮᠥᠨ᠂ ᠴᠢᠨᠠᠷ ᠴᠢᠨᠰᠠᠭ᠎ᠠ᠎ᠪᠠᠷ ᠮᠠᠰᠢ ᠰᠠᠢᠨ᠂ ᠥᠩᠭᠡᠷᠡᠭᠰᠡᠨ᠎ᠳᠦ ᠶᠠᠮᠠᠷ ᠴᠤ᠌ ᠨᠡᠷ᠎ᠡ ᠠᠯᠳᠠᠷ ᠦᠭᠡᠢ ᠪᠠᠢᠵᠠᠢ᠃ ᠡᠨᠡ ᠤᠳᠠᠭ᠎ᠠ᠎ᠶᠢᠨ ᠠᠵᠢᠯᠯᠠᠭ᠎ᠠ ᠨᠢ ᠬᠠᠢᠷ᠎ᠠ ᠬᠠᠯᠠᠮᠵᠢ᠎ᠲᠠᠢ ᠰᠦᠯᠵᠢᠶᠡᠨ ᠨᠠᠢᠵᠠ ᠨᠠᠷ᠎ᠤᠨ ᠳᠡᠮᠵᠢᠯᠭᠡ᠎ᠪᠡᠷ ᠂ ᠬᠡᠳᠦᠬᠡᠨ ᠡᠳᠦᠷ᠎ᠦᠨ ᠳᠣᠲᠣᠷ᠎ᠠ 33 ᠲᠦᠮᠡᠨ ᠵᠢᠩ ᠬᠢᠩᠭᠠᠨ ᠠᠢᠮᠠᠭ᠎ᠤᠨ ᠲᠤᠲᠤᠷᠭ᠎ᠠ ᠬᠣᠷᠴᠢᠨ᠎ᠤ ᠲᠠᠯ᠎ᠠ ᠨᠤᠲᠤᠭ᠎ᠠᠴᠠ ᠲᠦᠭ ᠲᠦᠮᠡᠨ ᠠᠢᠯ ᠡᠷᠦᠬᠡ᠎ᠶᠢᠨ ᠬᠣᠭᠣᠯᠠᠨ ᠰᠢᠷᠡᠭᠡᠨ᠎ᠳᠦ ᠭᠠᠷᠤᠭᠰᠠᠨ ᠪᠠᠢᠨ᠎ᠠ ! ᠡᠨᠡ ᠨᠢ ᠪᠢᠳᠡᠨ᠎ᠳᠦ ᠲᠠᠷᠢᠮᠠᠯ ᠲᠠᠷᠢᠬᠤ ᠢᠲᠡᠭᠡᠯ᠎ᠢ ᠣᠯᠭᠣᠭᠰᠠᠨ᠎ᠢᠶᠠᠷ ᠪᠠᠷᠠᠬᠤ ᠦᠭᠡᠢ ᠪᠠᠰᠠ ᠰᠢᠨ᠎ᠡ ᠬᠠᠷᠠᠯᠲᠠ᠎ᠲᠠᠢ ᠪᠣᠯᠭᠠᠵᠠᠢ᠂ ᠬᠢᠩᠭᠠᠨ ᠠᠢᠮᠠᠭ᠎ᠤᠨ ᠲᠤᠲᠤᠷᠭ᠎ᠠ᠎ᠶᠢᠨ ᠲᠦᠷᠦᠯ ᠲᠡᠮᠳᠡᠭ᠎ᠢ ᠰᠠᠢᠲᠤᠷ ᠬᠢᠵᠦ᠂ ᠬᠢᠩᠭᠠᠨ ᠠᠢᠮᠠᠭ᠎ᠤᠨ ᠲᠤᠲᠤᠷᠭ᠎ᠠ᠎ᠶᠢ ᠴᠤ᠌ ᠦ᠋ ᠴᠠᠩ ᠲᠤᠲᠤᠷᠭ᠎ᠠ᠎ᠲᠠᠢ ᠠᠳᠠᠯᠢ᠎ᠪᠠᠷ ᠡᠷᠦᠬᠡ ᠪᠣᠯᠭᠠᠨ᠎ᠳᠤ ᠮᠡᠳᠡᠭᠦᠯᠦᠨ᠎ᠡ》 ᠭᠡᠵᠦ ᠬᠡᠯᠡᠪᠡ᠃ 

  ᠣᠢᠯᠠᠭᠠᠭ᠍ᠰᠠᠨ᠎ᠢᠶᠠᠷ᠂ 2024 ᠣᠨ᠎ᠤ 12 ᠳ᠋ᠤᠭ᠋ᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ 《ᠵᠠᠭᠤᠨ ᠰᠢᠶᠠᠨ᠎ᠤ ᠵᠠᠭᠤᠨ ᠪᠦᠲᠦᠭᠡᠭᠳᠡᠬᠦᠨ᠎ᠢᠶᠡᠷ ᠲᠠᠷᠢᠶᠠᠴᠢᠳ᠎ᠢ ᠲᠤᠰᠠᠯᠠᠬᠤ ᠠᠵᠢᠯᠯᠠᠭ᠎ᠠ》 ᠎ᠨᠢ ᠨᠢᠭᠡᠨᠲᠡ ᠶᠠᠳᠠᠭᠤ᠎ᠠᠴᠠ ᠠᠩᠭᠢᠵᠢᠷᠠᠭ᠍ᠰᠠᠨ 320 ᠱᠢᠶᠠᠨ᠎ᠤ 1990 ᠭᠠᠷᠤᠢ ᠵᠦᠢᠯ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠰᠦᠯᠵᠢᠶᠡᠨ ᠳᠡᠭᠡᠷ᠎ᠡ ᠳᠡᠯᠭᠡᠷᠡᠭᠦᠯᠵᠦ᠍᠂ 164 ᠲᠠᠷᠢᠶᠠᠯᠠᠩ᠎ᠤᠨ ᠪᠦᠲᠦᠭᠡᠭ᠌ᠳᠡᠬᠦᠨ᠎ᠨᠢ ᠠᠵᠢᠯᠯᠠᠭ᠎ᠠ᠎ᠶ᠋ᠢᠨ ᠬᠤᠭᠤᠴᠠᠭᠠᠨ᠎ᠳᠤ ᠲᠤᠤ ᠪᠦᠦ ᠲᠢᠶᠠᠨ ᠮᠣᠣ᠎ᠶᠢᠨ᠎ᠪᠦᠬᠦ᠌ ᠤᠯᠤᠰ᠎ᠤᠨ ᠨᠡᠷᠡᠰ᠎ᠤᠨ ᠵᠢᠭ᠍ᠰᠠᠭᠠᠯᠲᠠ᠎ᠳᠤ ᠨᠢᠭᠡᠳᠦᠭᠡᠷ᠎ᠲᠦ ᠤᠷᠤᠪᠠ᠃

ᠢᠷᠡᠯᠲᠡ᠄ ᠡᠯᠧᠺᠲᠷᠣᠨ ᠬᠤᠳᠠᠯᠳᠤᠭᠠᠨ᠎ᠤ ᠶᠠᠪᠤᠳᠠᠯ ᠪᠠ ᠮᠡᠳᠡᠭᠡ ᠵᠠᠩᠭᠢᠵᠢᠯᠲᠠ᠎ᠶ᠋ᠢᠨ ᠭᠠᠵᠠᠷ
          
ᠬᠠᠮᠢᠶ᠎ᠡ ᠪᠦᠬᠦᠢ ᠰᠣᠨᠢᠨ
 
            