11 ᠳ᠋ᠦ᠍ᠭᠡᠷ ᠰᠠᠷ᠎ᠠ᠎ᠶᠢᠨ 22 ᠤᠨ ᠡᠳᠦᠷ᠂ 24 ᠦ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠥᠷᠥ᠎ᠶᠢᠨ ᠪᠣᠳᠣᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶᠢᠨ ᠠᠯᠪᠠᠨ ᠭᠡᠷ)᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ ᠳᠦ ᠹᠧᠩ ᠯᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠂ ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ ᠶᠠᠪᠤᠴᠠ᠎ᠳᠠᠬᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭ᠎ᠠ᠎ᠶᠢᠨ ᠴᠢᠬᠤᠯᠠ ᠪᠠᠢᠷᠢ ᠰᠠᠭᠤᠷᠢ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠪᠦᠬᠦ ᠲᠠᠯ᠎ᠠ᠎ᠶᠢᠨ ᠪᠥᠭᠡᠳ ᠰᠢᠰᠲᠧᠮ᠎ᠲᠠᠢ᠂ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠯᠲᠠ ᠬᠢᠭᠰᠡᠨ ᠪᠠᠢᠨ᠎ᠠ᠃
ᠮᠡᠳᠡᠭᠦᠯᠦᠯᠲᠡ᠎ᠶᠢᠨ ᠠᠭᠤᠯᠭ᠎ᠠ ᠨᠢ ᠪᠠᠶᠠᠯᠢᠭ᠋᠂ ᠭᠣᠣᠯᠳᠠᠯᠭ᠎ᠠ ᠨᠢ ᠲᠣᠪᠣᠢᠮ᠎ᠠ᠂ ᠥᠭᠦᠯᠡᠯᠲᠡ ᠨᠢ ᠭᠦᠨᠵᠡᠭᠡᠢ᠂ ᠲᠠᠢᠯᠪᠤᠷᠢᠯᠠᠯᠲᠠ ᠨᠢ ᠣᠨᠣᠪᠴᠢᠲᠠᠢ ᠪᠠᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠎ᠶᠢᠨ ᠬᠠᠤᠯᠢᠵᠢᠯ᠎ᠤᠨ ᠭᠠᠵᠠᠷ᠎ᠤᠨ ᠳᠠᠷᠤᠭ᠎ᠠ ᠨᠠᠨ᠎ᠠ᠄ 《ᠤᠬᠠᠭᠤᠯᠤᠨ ᠲᠠᠢᠯᠪᠤᠷᠢᠯᠠᠭᠰᠠᠨ ᠨᠢ ᠤᠨᠤᠯ᠎ᠤᠨ ᠥᠨᠳᠥᠷᠴᠡ ᠲᠠᠢ ᠪᠥᠭᠡᠳ ᠦᠢᠯᠡᠳᠦᠯᠭᠡ᠎ᠶᠢᠨ ᠭᠦᠨᠴᠡ᠎ᠲᠠᠢ ᠪᠠᠢᠵᠤ᠂ ᠰᠣᠨᠣᠰᠤᠭᠰᠠᠨ᠎ᠤ ᠳᠠᠷᠠᠭ᠎ᠠ ᠭᠦᠨ ᠰᠡᠩᠬᠡᠷᠡᠭᠦᠯᠦᠯ ᠣᠯᠵᠠᠢ᠃ ᠪᠢ ᠲᠤᠬᠠᠢᠯᠠᠭᠰᠠᠨ ᠠᠵᠢᠯ᠎ᠤᠨ ᠪᠠᠢᠷᠢ᠎ᠳᠦ᠎ᠪᠡᠨ ᠰᠠᠭᠤᠷᠢᠯᠠᠵᠤ᠂ ᠪᠦᠬᠦ ᠲᠠᠯ᠎ᠠ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠨ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠯᠤᠰ ᠲᠦᠷᠦ ᠬᠠᠤᠯᠢ ᠴᠠᠭᠠᠵᠠ᠎ᠶᠢᠨ ᠠᠵᠢᠯ᠎ᠤᠨ ᠪᠦᠬᠦ ᠶᠠᠪᠤᠴᠠ᠂ ᠡᠯ᠎ᠡ ᠲᠠᠯ᠎ᠠ᠎ᠳᠤ ᠠᠭᠤᠰᠤᠯᠴᠠᠭᠤᠯᠤᠨ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠪᠠᠨ ᠦᠨᠡᠨ ᠬᠦ᠌ ᠲᠣᠭᠲᠠᠭᠤᠨ᠎ᠢ ᠬᠠᠮᠠᠭᠠᠯᠠᠬᠤ᠂ ᠬᠥᠭᠵᠢᠯᠲᠡ᠎ᠳᠦ ᠦᠢᠯᠡᠴᠢᠯᠡᠬᠦ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠥᠷᠥ᠎ᠶᠢᠨ ᠪᠣᠳᠣᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶᠢᠨ ᠠᠯᠪᠠᠨ ᠭᠡᠷ)᠎ᠲᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠲᠥᠷᠥ᠎ᠶᠢᠨ ᠪᠣᠳᠣᠯᠭ᠎ᠠ ᠰᠤᠳᠤᠯᠬᠤ ᠲᠠᠰᠤᠭ᠎ᠤᠨ ᠡᠷᠬᠢᠯᠡᠭᠴᠢ᠂ ᠥᠭᠡᠷᠡᠴᠢᠯᠡᠯᠲᠡ᠎ᠶᠢᠨ ᠠᠯᠪᠠᠨ ᠭᠡᠷ᠎ᠦᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ ᠪᠠᠢᠭ᠎ᠠ ᠳᠡᠳ᠋ ᠡᠷᠬᠢᠯᠡᠭᠴᠢ ᠸᠠᠩ ᠰᠢ ᠡᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ ᠳᠡᠭᠡᠷᠡᠬᠢ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠥᠬᠥᠳᠡ ᠬᠤᠷᠠᠯᠳᠤᠭᠠᠨ᠎ᠤ 《ᠰᠠᠨᠠᠭᠤᠯᠭ᠎ᠠ》᠎ᠶᠢᠨ ᠲᠣᠭᠣᠷᠢᠨ᠎ᠳᠤ᠂ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠲᠠᠯ᠎ᠠ᠎ᠪᠠᠷ ᠪᠦᠬᠦ ᠲᠠᠯ᠎ᠠ᠎ᠶᠢᠨ ᠤᠬᠠᠭᠤᠯᠤᠨ ᠲᠠᠢᠯᠪᠤᠷᠢᠯᠠᠯᠲᠠ ᠬᠢᠵᠦ ᠰᠢᠰᠲᠧᠮ᠎ᠲᠠᠢ ᠲᠠᠢᠯᠤᠮᠵᠢ ᠬᠢᠪᠡ᠃
ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠌᠂ ᠠᠭᠤᠯᠭ᠎ᠠ ᠨᠢ ᠪᠠᠶᠠᠯᠢᠭ᠋᠂ ᠮᠠᠰᠢ ᠴᠢᠩᠭ᠎ᠠ ᠵᠢᠯᠣᠭᠣᠳᠤᠯᠭ᠎ᠠ᠎ᠶᠢᠨ ᠴᠢᠨᠠᠷᠲᠠᠢ ᠪᠠᠢᠪᠠ᠃ 《ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ ᠨᠢ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭᠠᠨ᠎ᠤ ᠭᠣᠣᠯ ᠴᠢᠮᠦᠭᠡ ᠴᠢᠬᠤᠯᠠ ᠠᠭᠤᠯᠭ᠎ᠠ᠎ᠶᠢ ᠲᠣᠳᠣᠷᠬᠠᠢ ᠶᠠᠷᠢᠭ᠍ᠰᠠᠨ ᠪᠥᠭᠡᠳ ᠪᠠᠰᠠ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠵᠠᠮ ᠪᠠ ᠭᠠᠷᠳᠠᠴᠠ᠎ᠶᠢ ᠲᠣᠳᠣᠷᠬᠠᠢᠯᠠᠵᠤ᠂ ᠪᠢᠳᠡᠨᠦᠰ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠣᠨᠣᠪᠴᠢᠲᠠᠢ ᠡᠵᠡᠮᠳᠡᠬᠦ᠂ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠬᠦᠴᠦᠲᠡᠢ ᠵᠢᠯᠣᠭᠣᠳᠤᠯᠭ᠎ᠠ ᠬᠠᠩᠭᠠᠵᠠᠢ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ᠎ᠶᠢᠨ ᠰᠤᠳᠤᠯᠭᠠᠨ᠎ᠤ ᠲᠥᠪ᠎ᠦᠨ ᠺᠠᠳ᠋ᠷ ᠭᠣᠣ ᠹᠧᠢ ᠹᠧᠢ ᠬᠡᠯᠡᠭᠰᠡᠨ ᠪᠥᠭᠡᠳ 《ᠥᠭᠡᠷᠡᠴᠢᠯᠡᠯᠲᠡ᠎ᠶᠢᠨ ᠰᠤᠳᠤᠯᠭᠠᠨ᠎ᠤ ᠠᠵᠢᠯ᠎ᠢ ᠬᠢᠵᠦ ᠪᠠᠢᠭ᠎ᠠ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠯᠠᠪᠲᠠᠢ ᠬᠢᠨᠠᠮᠠᠭᠠᠢ ᠰᠢᠩᠭᠡᠬᠡᠨ ᠠᠪᠴᠤ᠂ ᠦᠷᠭᠦᠯᠵᠢᠯᠡᠨ ᠳᠠᠭᠠᠨ ᠰᠤᠷᠤᠯᠴᠠᠵᠤ᠂ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠨᠡᠩ ᠢᠯᠡᠭᠦᠦ ᠪᠠᠷᠠᠭᠠᠯᠠᠯᠬᠢᠯᠠᠯᠲᠤ ᠴᠢᠨᠠᠷᠲᠠᠢ᠂ ᠬᠡᠷᠡᠭᠵᠢᠭᠦᠯᠵᠦ ᠪᠣᠯᠬᠤᠢᠴᠠ ᠴᠢᠨᠠᠷ ᠪᠦᠬᠦᠢ ᠲᠦᠷᠦ᠎ᠶᠢᠨ ᠪᠣᠳᠣᠯᠭ᠎ᠠ᠎ᠶᠢᠨ ᠰᠠᠨᠠᠭᠤᠯᠭ᠎ᠠ ᠪᠠ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠴᠢᠷᠮᠠᠢᠨ ᠳᠤᠷᠠᠳᠴᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠪᠡᠨ ᠦᠨᠡᠨ ᠬᠦ᠌ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠤᠯᠠᠷᠢᠯᠠᠭᠤᠯᠤᠨᠠ》 ᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠢᠨ᠎ᠦ ᠬᠣᠯᠪᠣᠭᠠᠲᠤ ᠬᠤᠷᠠᠯ᠎ᠤᠨ ᠲᠡᠷᠢᠭᠦᠯᠡᠭᠴᠢ ᠦᠨᠡᠨᠴᠢ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠪᠦᠬᠦᠳᠡ ᠬᠤᠷᠠᠯᠳᠤᠭᠠᠨ᠎ᠤ ᠶᠡᠷᠦᠩᠬᠡᠢ ᠪᠠᠢᠳᠠᠯ᠂ ᠴᠢᠬᠤᠯᠠ ᠶᠡᠬᠡ ᠠᠴᠢ ᠬᠣᠯᠪᠣᠭᠳᠠᠯ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠣᠨᠣᠪᠴᠢᠲᠠᠢ ᠡᠵᠡᠮᠳᠡᠬᠦ᠂ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠠᠭᠤᠯᠭ᠎ᠠ᠎ᠶᠢᠨ ᠲᠣᠭᠣᠷᠢᠨ᠎ᠳᠤ ᠲᠡᠷᠢᠭᠦᠯᠡᠭᠴᠢ ᠦᠨᠡᠨᠴᠢ ᠰᠢᠰᠲᠧᠮ᠎ᠲᠠᠢ ᠲᠠᠢᠯᠪᠤᠷᠢᠯᠠᠭᠰᠠᠨ ᠪᠥᠭᠡᠳ ᠭᠦᠨᠵᠡᠭᠡᠢ ᠲᠠᠢᠯᠤᠮᠵᠢ ᠬᠢᠵᠡᠢ᠃
ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠡᠬᠢ ᠠᠳᠠᠭ ᠨᠢ ᠲᠣᠳᠣᠷᠬᠠᠢ᠂ ᠠᠭᠤᠯᠭ᠎ᠠ ᠨᠢ ᠪᠠᠶᠠᠯᠢᠭ᠋᠂ ᠣᠢᠯᠠᠭᠠᠮᠵᠢᠲᠠᠢ ᠪᠠᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠠᠵᠤ ᠠᠬᠤᠢ᠎ᠶᠢᠨ ᠬᠡᠯᠲᠡᠰ᠎ᠦᠨ ᠳᠡᠳ᠋ ᠳᠠᠷᠤᠭ᠎ᠠ ᠯᠢᠦ ᠵᠢᠶᠧ ᠄ 《ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠌᠂ ᠭᠣᠣᠯᠳᠠᠯᠭ᠎ᠠ ᠨᠢ ᠲᠣᠪᠣᠢᠮ᠎ᠠ᠂ ᠤᠨᠤᠯ᠎ᠤᠨ ᠥᠨᠳᠥᠷᠴᠡ ᠲᠠᠢ ᠪᠥᠭᠡᠳ ᠦᠢᠯᠡᠳᠦᠯᠭᠡ᠎ᠶᠢᠨ ᠭᠦᠨᠴᠡ᠎ᠲᠠᠢ ᠶᠤᠮ᠂ ᠪᠢᠳᠡ ᠰᠣᠨᠣᠰᠤᠭᠠᠳ ᠶᠡᠬᠡᠳᠡ ᠵᠣᠷᠢᠭ᠍ᠵᠢᠵᠤ᠂ ᠲᠤᠢᠯ᠎ᠢᠶᠠᠷ ᠤᠷᠮᠠᠰᠢᠪᠠ᠃ ᠪᠢᠳᠡ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠠᠵᠤ ᠦᠢᠯᠡᠰ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠥᠪᠥᠷ ᠮᠣᠩᠭᠣᠯ᠎ᠤᠨ ᠤᠷᠠᠨ ᠲᠠᠷᠬᠠᠨ᠎ᠤ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠤᠯᠠᠮ ᠴᠢᠨᠠᠭᠰᠢᠳᠠ ᠴᠢᠩᠭᠠᠳᠬᠠᠨ᠂ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠴᠡᠭᠡ᠎ᠳᠦ ᠵᠣᠬᠢᠴᠠᠭᠰᠠᠨ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠴᠢᠭᠯᠡᠯ᠎ᠳᠦ ᠨᠡᠢᠴᠡᠭᠰᠡᠨ ᠲᠣᠮᠣ᠌ ᠤᠯᠤᠰ᠎ᠤᠨ ᠤᠷᠠᠨ ᠲᠠᠷᠬᠠᠨ᠂ ᠤᠮᠠᠷᠠᠲᠤ ᠬᠢᠵᠠᠭᠠᠷ᠎ᠤᠨ ᠤᠷᠠᠨ ᠲᠠᠷᠬᠠᠨ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠨᠡᠩ ᠤᠯᠠᠨ ᠬᠥᠮᠥᠵᠢᠭᠦᠯᠬᠦ᠎ᠪᠠᠷ ᠴᠥᠬᠥᠷᠡᠰᠢ ᠦᠭᠡᠢ ᠲᠡᠮᠡᠴᠡᠨ᠎ᠡ》 ᠭᠡᠵᠡᠢ᠃