ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠬᠤᠳᠠᠯᠳᠤᠭᠠᠨ᠎ᠤ ᠶᠠᠪᠤᠳᠠᠯ᠎ᠤᠨ ᠶᠠᠮᠤᠨ ᠲᠢᠶᠠᠨᠵᠢᠨ᠎ᠳᠤ ᠰᠠᠭᠤᠭ᠎ᠠ ᠣᠨᠴᠠ ᠠᠯᠪᠠᠨ ᠬᠡᠷ ᠮᠠᠨ᠎ᠤ ᠣᠷᠣᠨ᠎ᠳᠤ ᠬᠦᠷᠴᠦ᠍ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠤᠨ ᠪᠠᠢᠴᠠᠭᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-12-22

  ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠬᠠᠩᠭᠠᠯᠭ᠎ᠠ ᠭᠦᠢᠴᠡᠳ᠂ ᠲᠥᠷᠥᠯ ᠵᠦᠢᠯ ᠪᠠᠶᠠᠯᠢᠭ᠂ ᠦᠨ᠎ᠡ ᠬᠠᠩᠰᠢ ᠲᠣᠭ᠍ᠲᠠᠭᠤᠨ ᠪᠠᠢᠬᠤ᠎ᠶ᠋ᠢ ᠪᠠᠲᠤᠯᠠᠬᠤ᠎ᠶ᠋ᠢᠨ ᠲᠤᠰᠠᠳᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠠᠮᠢᠶ᠎ᠠ ᠪᠦᠬᠦᠢ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠲᠢᠶᠠᠨᠵᠢᠨ᠎ᠳᠤ ᠰᠠᠭᠤᠭ᠎ᠠ ᠣᠨᠴᠠ ᠲᠣᠮᠢᠯᠠᠭ᠍ᠳᠠᠭ᠍ᠰᠠᠳ᠎ᠤᠨ ᠬᠡᠷᠡᠭ ᠡᠷᠬᠢᠯᠡᠬᠦ᠌ ᠭᠠᠵᠠᠷ 12 ᠳ᠋ᠤᠭᠠᠷ ᠰᠠᠷ᠎ᠠ᠎ᠶ᠋ᠢᠨ 18 ᠎ᠤ ᠡᠳᠦᠷ᠎ᠠᠴᠠ 19 ᠎ᠤ ᠡᠳᠦᠷ ᠪᠣᠯᠲᠠᠯ᠎ᠠ ᠮᠠᠨ᠎ᠤ ᠣᠷᠣᠨ᠎ᠳᠤ ᠬᠦᠷᠴᠦ᠍ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠪᠠᠢᠴᠠᠭᠠᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠾᠧᠦ ᠶᠠᠨ ᠬᠣᠢ ᠬᠤᠷᠠᠯ᠎ᠤᠨ ᠳᠡᠳ᠋ ᠳᠠᠷᠤᠭ᠎ᠠ ᠪᠠᠷ᠎ᠠ ᠪᠣᠯᠵᠤ ᠪᠠᠢᠴᠠᠭᠠᠪᠠ᠃

  ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠲᠢᠶᠠᠨᠵᠢᠨ᠎ᠤ ᠣᠨᠴᠠ ᠠᠯᠪᠠᠨ ᠬᠡᠷ᠎ᠤᠨ ᠬᠤᠶᠠᠳᠤᠭᠠᠷ ᠳᠡᠰ᠎ᠤᠨ ᠲᠣᠭᠤᠷᠢᠨ ᠪᠠᠢᠴᠠᠭᠠᠭ᠍ᠴᠢ ᠮᠠ ᠬᠤᠩ ᠸᠧᠶ ᠬᠥᠬᠡᠬᠤᠲᠠ᠎ᠶ᠋ᠢᠨ ᠢ ᠫᠢᠨ ᠯᠠᠶ ᠬᠡᠳᠦ ᠳᠡᠯᠭᠡᠭᠦᠷ᠂ ᠮᠧᠶ ᠲᠦᠩ ᠵᠠᠬ᠎ᠠ ᠳᠡᠯᠭᠡᠭᠦᠷ᠂ ᠵᠧᠨ ᠬᠤᠸᠠ ᠬᠡᠲᠦ ᠳᠡᠯᠭᠡᠭᠦᠷ᠎ᠤᠨ ᠡᠤ ᠯᠢ ᠶᠢᠩ ᠎ᠳᠠᠬᠢ ᠡᠵᠡᠩᠨᠡᠯᠲᠡ᠎ᠶ᠋ᠢᠨ ᠳᠡᠯᠭᠡᠭᠦᠷ᠎ᠲᠤ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠤ ᠵᠦᠶ᠋ᠯ᠎ᠤᠨ ᠬᠠᠩᠭᠠᠯᠭ᠎ᠠ᠎ᠶ᠋ᠢ ᠪᠠᠲᠤᠯᠠᠬᠤ ᠭᠤᠤᠯᠳᠠᠯᠭ᠎ᠠ᠎ᠲᠠᠢ ᠴᠡᠭ᠎ᠤᠨ ᠪᠠᠢᠴᠠᠭᠠᠯᠲᠠ᠎ᠶ᠋ᠢ ᠥᠷᠨᠢᠭᠦᠯᠵᠦ᠍᠂ ᠠᠮᠤ ᠲᠣᠰᠣ᠂ ᠢᠳᠡᠱᠢᠨ ᠨᠣᠭᠤᠭ᠎ᠠ᠂ ᠵᠢᠮᠢᠰ ᠵᠡᠷᠭᠡ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠤ ᠵᠦᠶ᠋ᠯ᠎ᠤᠨ ᠦᠨ᠎ᠡ ᠬᠠᠩᠰᠢ᠂ ᠪᠠᠷᠠᠭ᠎ᠠ ᠣᠷᠣᠭᠤᠯᠬᠤ ᠠᠷᠭ᠎ᠠ ᠵᠠᠮ᠂ ᠣᠷᠣᠭᠤᠯᠵᠤ ᠪᠣᠷᠣᠯᠠᠭᠤᠯᠬᠤ ᠪᠠ ᠬᠠᠳᠠᠭᠠᠯᠠᠵᠤ ᠪᠠᠢᠭ᠎ᠠ ᠪᠠᠢᠳᠠᠯ ᠵᠡᠷᠭᠡ ᠮᠡᠳᠡᠭᠡ ᠵᠠᠩᠭᠢ᠎ᠶ᠋ᠢ ᠨᠠᠷᠢᠨ ᠣᠢᠯᠠᠭᠠᠪᠠ᠃ ᠶᠠᠷᠢᠯᠴᠠᠬᠤ ᠬᠤᠷᠠᠯ᠂ ᠮᠠᠲ᠋ᠧᠷᠢᠶᠠᠯ ᠪᠠᠢᠴᠠᠭᠠᠨ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭᠠᠯᠭ᠎ᠠ᠎ᠶ᠋ᠢ ᠪᠠᠲᠤᠯᠠᠬᠤ ᠠᠵᠢᠯ᠎ᠤᠨ ᠲᠣᠭ᠍ᠲᠠᠴᠠ᠂ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠢ ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠬᠡᠮᠵᠢᠬᠦ᠂ ᠨᠥᠭᠡᠴᠡᠯᠡᠬᠦ᠌ ᠲᠠᠸᠠᠷ᠎ᠤᠨ ᠬᠠᠮᠢᠶᠠᠷᠤᠯᠲᠠ ᠵᠡᠷᠭᠡ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠣᠢᠯᠠᠭᠠᠪᠠ᠃ ᠡᠭᠦᠨ᠎ᠤ ᠬᠠᠮᠲᠤ᠌᠂ ᠠᠮᠤᠷ ᠲᠦᠪᠱᠢᠨ᠎ᠢᠶᠠᠷ ᠪᠠᠶᠠᠷ᠎ᠤᠨ ᠡᠳᠦᠷ᠎ᠢ ᠥᠩᠭᠡᠷᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠠᠷᠠᠯᠵᠢᠶ᠎ᠠ ᠬᠤᠳᠠᠯᠳᠤᠭᠠᠨ᠎ᠤ ᠬᠦᠷᠢᠶᠡᠨ᠎ᠳᠠᠬᠢ ᠠᠳᠡᠯ᠎ᠤᠨ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠰᠠᠢᠲᠤᠷ ᠬᠢᠵᠦ᠍᠂ ᠪᠠᠢᠴᠠᠭᠠᠬᠤ ᠳᠤᠭᠤᠢᠯᠠᠩ᠎ᠤᠨ᠎ᠬᠢᠨ ᠲᠥᠬᠦᠭᠡᠷᠦᠮᠵᠢ᠎ᠶ᠋ᠢ ᠪᠠᠢᠴᠠᠭᠠᠨ ᠦᠵᠡᠬᠦ᠂ ᠠᠬᠤᠢ ᠲᠠᠯᠠᠪᠠᠢ᠎ᠳᠤ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ᠎ᠪᠠᠷ ᠭᠤᠣᠯᠳᠠᠯᠭ᠎ᠠ᠎ᠲᠠᠢ ᠬᠤᠳᠠᠯᠳᠤᠭᠠᠨ᠎ᠤ ᠬᠡᠲᠦ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠳᠤ ᠪᠠᠢᠴᠠᠭᠠᠯᠲᠠ ᠬᠢᠪᠡ᠃

  ᠪᠠᠢᠴᠠᠭᠠᠬᠤ ᠳᠤᠭᠤᠢᠯᠠᠩ᠎ᠠᠴᠠ᠂ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠰᠠᠢᠲᠤᠷ ᠬᠢᠬᠦ᠌ ᠪᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠦᠨᠳᠦᠰᠦᠨ ᠱᠠᠭᠠᠷᠳᠠᠯᠭ᠎ᠠ ᠮᠥᠨ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠨ᠂ ᠬᠠᠩᠭᠠᠯᠭ᠎ᠠ᠎ᠶ᠋ᠢ ᠪᠠᠲᠤᠯᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠨᠥᠭᠡᠴᠡᠯᠡᠬᠦ᠌ ᠡᠭᠦᠷᠭᠡ᠎ᠶ᠋ᠢ ᠨᠠᠢᠳᠠᠪᠤᠷᠢᠵᠢᠭᠤᠯᠤᠨ᠂ ᠪᠠᠷᠠᠭ᠎ᠠ ᠬᠠᠩᠭᠠᠬᠤ ᠠᠷᠭ᠎ᠠ ᠵᠠᠮ᠎ᠢ ᠲᠣᠭ᠍ᠲᠠᠪᠤᠷᠢᠵᠢᠭᠤᠯᠵᠤ᠂ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠡᠩ᠎ᠤᠨ ᠦᠶ᠎ᠡ᠎ᠳᠤ ᠭᠦᠢᠯᠭᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠭᠦᠢᠯᠭᠡᠭᠡᠨ᠎ᠤ ᠥᠪᠡᠷ᠎ᠤᠨ ᠦᠷᠳᠡᠭ᠎ᠢ ᠪᠠᠭᠤᠷᠠᠭᠤᠯᠬᠤ᠎ᠶ᠋ᠢ ᠪᠡᠶᠡᠯᠡᠭᠦᠯᠵᠦ᠍᠂ ᠪᠠᠴᠢᠮ ᠦᠶ᠎ᠡ᠎ᠳᠤ ᠡᠳ᠋ ᠪᠣᠳᠠᠰ᠎ᠤᠨ ᠬᠠᠩᠭᠠᠯᠭ᠎ᠠ ᠭᠦᠢᠴᠡᠳ᠂ ᠭᠦᠢᠯᠭᠡᠭᠡᠨ᠎ᠤ ᠠᠵᠢᠯᠯᠠᠭᠠᠨ᠎ᠢ ᠲᠣᠭ᠍ᠲᠠᠭᠤᠨ ᠪᠠᠢᠯᠭᠠᠬᠤ ᠬᠡᠷᠡᠭ᠌ᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠵᠠᠬ᠎ᠠ ᠳᠡᠯᠭᠡᠭᠦᠷ᠎ᠤᠨ ᠠᠵᠢᠯᠯᠠᠭ᠎ᠠ ᠪᠠ ᠬᠡᠷᠡᠭ᠌ᠯᠡᠭᠡ᠎ᠶ᠋ᠢ ᠠᠬᠢᠭᠤᠯᠬᠤ ᠭᠠᠵᠠᠷ
          
ᠬᠠᠮᠢᠶ᠎ᠡ ᠪᠦᠬᠦᠢ ᠰᠣᠨᠢᠨ
 
            