ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢᠨ ᠠᠯᠪᠠᠨ ᠬᠡᠷ᠎ᠤᠨ ᠨᠠᠮ᠎ᠤᠨ ᠶᠡᠷᠦᠩᠬᠡᠶ ᠡᠭᠦᠷ ᠪᠠᠢ᠌ᠭᠤᠯᠤᠭᠳᠠᠬᠤ ᠶᠡᠭᠡ ᠬᠤᠷᠠᠯ ᠦᠪᠡᠳᠡᠭ᠌ᠰᠢ ᠶᠡᠭᠡ᠎ᠪᠠᠷ ᠶᠠᠪᠤᠭᠳᠠᠵᠤ ᠨᠠᠮ᠎ᠤᠨ ᠪᠠᠢᠭᠤᠯᠤᠯᠲᠠ᠎ᠪᠠᠷ ᠬᠢᠯᠢ᠎ᠶᠢᠨ ᠪᠣᠭᠤᠮᠲᠠ᠎ᠶ᠋ᠢᠨ ᠦᠢᠯᠡᠰ᠎ᠢ ᠬᠦᠳᠦᠯᠦᠨ ᠳᠠᠭᠠᠭᠤᠯᠬᠤ ᠱᠢᠨ᠎ᠡ ᠬᠠᠭᠤᠳᠠᠰᠤ᠎ᠶ᠋ᠢ ᠨᠡᠭᠡᠭᠡᠪᠡ
ᠨᠡᠶ᠋ᠢᠲᠡᠯᠡᠭᠰᠡᠨ ᠴᠠᠭ᠄ 2025-12-15

  2025 ᠣᠨ᠎ᠤ 12 ᠳ᠋ᠤᠭᠠᠷ ᠰᠠᠷ᠎ᠠ᠎ᠶ᠋ᠢᠨ 5 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢᠨ ᠠᠯᠪᠠᠨ ᠬᠡᠷ᠎ᠤᠨ ᠪᠥᠬᠦ᠌ ᠨᠠᠮ᠎ᠤᠨ ᠭᠡᠱᠢᠭᠦᠳ᠎ᠤᠨ ᠶᠡᠭᠡ ᠬᠤᠷᠠᠯ ᠦᠪᠡᠳᠡᠭ᠌ᠰᠢ ᠶᠡᠭᠡ᠎ᠪᠠᠷ ᠬᠤᠷᠠᠯᠳᠤᠵᠤ᠂ ᠬᠤᠷᠠᠯ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢᠨ ᠠᠯᠪᠠᠨ ᠬᠡᠷ᠎ᠤᠨ ᠶᠡᠷᠦᠩᠬᠡᠶ ᠡᠭᠦᠷ᠎ᠤᠨ ᠎ᠪᠠᠢ᠌ᠭᠤᠯᠤᠭᠳᠠᠬᠤ᠎ᠶ᠋ᠢ ᠵᠢᠩᠬᠢᠨᠢ᠎ᠪᠠᠷ ᠨᠡᠢᠲᠡᠯᠡᠭ᠌ᠰᠡᠨ ᠪᠥᠭᠡᠳ ᠠᠩᠬᠠᠳᠤᠭᠠᠷ ᠬᠤᠭᠤᠴᠠᠭᠠᠨ᠎ᠤ ᠨᠠᠮ᠎ᠤᠨ ᠶᠡᠷᠦᠩᠬᠡᠶ ᠡᠭᠦᠷ᠎ᠤᠨ ᠭᠡᠱᠢᠭᠦᠳ᠎ᠤᠨ ᠬᠤᠷᠠᠯ᠎ᠤᠨ ᠭᠡᠱᠢᠭᠦᠨ ᠪᠠ ᠱᠦᠵᠢ᠂ ᠳᠡᠳ᠋ ᠱᠦᠵᠢ᠎ᠶ᠋ᠢ ᠠᠮᠵᠢᠯᠲᠠ᠎ᠲᠠᠢ᠎ᠪᠠᠷ ᠰᠣᠩᠭᠤᠨ ᠭᠠᠷᠭᠠᠪᠠ᠃ ᠲᠤᠰ ᠤᠳᠠᠭ᠎ᠠ᠎ᠶ᠋ᠢᠨ ᠶᠡᠭᠡ ᠬᠤᠷᠠᠯ ᠪᠣᠯ ᠬᠢᠯᠢ᠎ᠶᠢᠨ ᠪᠣᠭᠤᠮᠲᠠ᠎ᠶ᠋ᠢᠨ ᠡᠷᠭᠢ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠷᠬᠢᠯᠡᠬᠦ᠌ ᠳᠤᠮᠳᠠᠬᠢ ᠨᠢᠭᠡᠨ ᠶᠡᠭᠡ ᠶᠠᠪᠤᠳᠠᠯ ᠪᠣᠯᠤᠨ᠎ᠠ᠂ ᠡᠨᠡ᠎ᠨᠢ ᠬᠢᠯᠢ᠎ᠶᠢᠨ ᠪᠣᠭᠤᠮᠲᠠ᠎ᠶ᠋ᠢᠨ ᠡᠷᠭᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠡᠷᠬᠢᠯᠡᠬᠦ᠌ ᠱᠢᠰᠲ᠋ᠧᠮᠲᠦ ᠴᠢᠨᠠᠷᠲᠠᠢ᠂ ᠵᠢᠷᠤᠮᠵᠢᠭ᠍ᠰᠠᠨ ᠬᠥᠭ᠌ᠵᠢᠯᠲᠡ᠎ᠶ᠋ᠢᠨ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃

 

 

  ᠱᠢᠨ᠎ᠡ᠎ᠪᠠᠷ ᠰᠣᠩᠭᠤᠭ᠍ᠳᠠᠭ᠍ᠰᠠᠨ ᠨᠠᠮ᠎ᠤᠨ ᠶᠡᠷᠦᠩᠬᠡᠢ ᠡᠭᠦᠷ᠎ᠤᠨ ᠱᠦᠵᠢ ᠯᠢᠦ ᠶᠦᠩ ᠮᠢᠩ ᠨᠥᠬᠦᠷ᠂ ᠲᠤᠰ ᠤᠳᠠᠭ᠎ᠠ᠎ᠶ᠋ᠢᠨ ᠨᠠᠮ᠎ᠤᠨ ᠶᠡᠷᠦᠩᠬᠡᠢ ᠡᠭᠦᠷ᠎ᠤᠨ ᠪᠠᠢᠭᠤᠯᠤᠭ᠍ᠳᠠᠭ᠍ᠰᠠᠨ᠎ᠨᠢ ᠥᠪᠡᠷᠲᠡᠭᠡᠨ ᠵᠠᠰᠠᠬᠤ ᠣᠷᠣᠨ᠎ᠤ ᠬᠢᠯᠢ᠎ᠶᠢᠨ ᠪᠣᠭᠤᠮᠲᠠ᠎ᠶ᠋ᠢᠨ ᠠᠯᠪᠠᠨ ᠭᠡᠷ᠎ᠤᠨ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ》 ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠡᠷᠡ᠎ᠨᠢ ᠱᠢᠨ᠎ᠡ ᠴᠠᠭ ᠦᠶ᠎ᠡ᠎ᠶ᠋ᠢᠨ ᠬᠢᠯᠢ᠎ᠶᠢᠨ ᠪᠣᠭᠤᠮᠲᠠ᠎ᠶ᠋ᠢᠨ ᠠᠵᠢᠯ᠎ᠤᠨ ᠪᠣᠳᠠᠲᠠᠶ ᠬᠡᠷᠡᠭ᠌ᠴᠡᠭᠡ᠎ᠳᠤ ᠰᠠᠭᠤᠷᠢᠯᠠᠨ᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢᠨ ᠶᠡᠷᠦᠩᠬᠡᠢᠯᠡᠨ ᠵᠢᠯᠣᠭᠤᠳᠭᠤ ᠦᠢᠯᠡᠳᠦᠯ᠎ᠢ ᠤᠯᠠᠮ ᠨᠢᠭᠡ ᠠᠯᠬᠤᠮ ᠴᠢᠩᠭᠠᠳᠭᠠᠵᠤ᠂ 《ᠬᠤᠪᠢᠰᠭᠠᠯ᠎ᠢᠶᠠᠷ ᠬᠥᠲᠥᠯᠦᠨ ᠳᠠᠭᠠᠭᠤᠯᠬᠤ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ᠂ ᠨᠠᠷᠢᠯᠢᠭ ᠵᠠᠰᠠᠬᠤ᠂ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌》 ᠣᠨᠣᠯᠵᠢᠬᠤᠨ᠎ᠢ ᠬᠢᠯᠢ᠎ᠶᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢᠨ ᠡᠯ᠎ᠡ ᠵᠦᠢᠯ᠎ᠤᠨ ᠠᠵᠢᠯ᠎ᠳᠤ ᠨᠠᠩ ᠭᠦᠨ ᠳᠠᠪᠬᠤᠷᠭ᠎ᠠ᠎ᠪᠠᠷ ᠠᠭᠤᠰᠤᠯᠴᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠯᠢᠦ ᠱᠦᠵᠢ᠂ ᠰᠢᠨ᠎ᠡ ᠭᠠᠷᠤᠭ᠎ᠠ᠎ᠳᠤ ᠰᠠᠭᠤᠷᠢᠯᠠᠵᠤ᠂ ᠬᠢᠯᠢ᠎ᠶᠢᠨ ᠪᠣᠭᠤᠮᠲᠠ᠎ᠶ᠋ᠢᠨ ᠠᠯᠪᠠᠨ ᠭᠡᠷ᠎ᠤᠨ ᠨᠠᠮ᠎ᠤᠨ ᠶᠡᠷᠦᠩᠬᠡᠢ ᠡᠭᠦᠷ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠬᠢᠯᠢ᠎ᠶᠢᠨ ᠪᠣᠭᠤᠮᠲᠠ᠎ᠶ᠋ᠢᠨ ᠱᠢᠰᠲ᠋ᠧᠮ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠯᠢᠳᠡᠭ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ᠂ 《ᠤᠮᠠᠷᠠᠲᠤ᠎ᠶ᠋ᠢᠨ ᠵᠢᠱ᠌ᠢᠶᠡᠴᠢ ᠪᠠᠢᠭᠤᠯᠭ᠎ᠠ》 ᠪᠣᠯᠤᠨ ᠪᠠᠲᠤ ᠴᠢᠩᠭ᠎ᠠ ᠪᠠᠬᠢᠯᠡᠯᠲᠡ᠎ᠶ᠋ᠢᠨ 《ᠵᠢᠱ᠌ᠢᠶᠡᠴᠢ》 ᠎ᠶ᠋ᠢᠨ ᠨᠠᠮ᠎ᠤᠨ ᠡᠭᠦᠷ᠎ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ 《ᠱᠢᠨ᠎ᠡ᠎ᠶ᠋ᠢ ᠡᠭᠦᠳᠴᠦ᠍ ᠴᠢᠳᠠᠮᠠᠭᠠᠶ ᠵᠠᠰᠠᠬᠤ  ᠠᠮᠢᠵᠢᠷᠠᠯ᠎ᠤᠨ ᠬᠦᠴᠦᠨ ᠲᠠᠢ ᠬᠢᠯᠢ᠎ᠶ᠋ᠢᠨ ᠪᠣᠭᠤᠮᠲᠠ》 ᠵᠡᠷᠭᠡ ᠨᠠᠮ᠎ᠤᠨ ᠪᠠᠢᠭᠤᠯᠤᠯᠲᠠ᠎ᠶ᠋ᠢᠨ ᠨᠠᠷᠠᠲᠤ ᠲᠡᠮᠳᠡᠭ᠎ᠦᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠤᠨ᠂ ᠨᠠᠮ᠎ᠤᠨ ᠤᠯᠤᠰ ᠲᠥᠷᠥ᠎ᠶ᠋ᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠪᠣᠭᠤᠮᠲᠠ᠎ᠶ᠋ᠢᠨ ᠵᠠᠰᠠᠯᠲᠠ᠎ᠶ᠋ᠢᠨ ᠬᠦᠴᠦᠨ ᠴᠢᠳᠠᠪᠤᠷᠢ ᠪᠠ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠪᠣᠯᠭᠠᠨ ᠬᠤᠪᠢᠷᠠᠭᠤᠯᠬᠤ ᠬᠡᠷᠡᠭ᠌ᠲᠡᠢ᠃ ᠪᠦᠬᠦ᠌ ᠨᠠᠮ᠎ᠤᠨ ᠭᠡᠱᠢᠭᠦᠨ᠎ᠢ ᠪᠦᠯᠬᠦᠮᠳᠡᠭᠦᠯᠦᠨ ᠳᠠᠭᠠᠭᠤᠯᠵᠤ᠂ ᠡᠭᠦᠷᠭᠡ ᠲᠤᠱᠢᠶᠠᠯ᠎ᠢᠶᠠᠨ ᠬᠢᠴᠢᠶᠡᠩᠭᠦ᠋ᠢᠯᠡᠨ ᠭᠦᠢᠴᠡᠳᠭᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠨᠠᠮ᠎ᠤᠨ ᠪᠠᠢᠭᠤᠯᠤᠯᠲᠠ᠎ᠪᠠᠷ ᠬᠢᠯᠢ᠎ᠶᠢᠨ ᠪᠣᠭᠤᠮᠲᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ᠂ ᠪᠦᠬᠦ᠌ ᠨᠠᠮ᠎ᠤᠨ ᠭᠡᠱᠢᠭᠦᠨ᠎ᠤ ᠪᠣᠭᠤᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠤᠶᠤᠨᠲᠤ ᠪᠣᠭᠤᠮᠲᠠ᠎ᠶ᠋ᠢᠨ ᠪᠦᠳᠦᠭᠡᠨ ᠪᠠᠢᠭᠤᠯᠤᠯᠲᠠ᠂ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌ ᠵᠡᠷᠭᠡ ᠬᠦᠷᠢᠶᠡᠨ᠎ᠳᠠᠬᠢ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠬᠥᠭ᠌ᠵᠢᠭᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃ ᠬᠤᠷᠠᠯ᠎ᠠᠴᠠ᠂ ᠪᠦᠬᠦ᠌ ᠨᠠᠮ᠎ᠤᠨ ᠭᠡᠱᠢᠭᠦᠳ ᠨᠠᠮ᠎ᠤᠨ ᠶᠡᠷᠦᠩᠬᠡᠢ ᠡᠭᠦᠷ ᠪᠠᠢᠭᠤᠯᠤᠭ᠍ᠳᠠᠭ᠍ᠰᠠᠨ᠎ᠢᠶᠠᠷ ᠠᠵᠠ ᠲᠣᠬᠢᠶᠠᠯ ᠪᠣᠯᠭᠠᠵᠤ᠂ ᠬᠠᠮᠲᠤ᠎ᠶ᠋ᠢᠨ ᠲᠠᠨᠢᠯᠲᠠ᠎ᠪᠠᠨ ᠤᠯᠠᠮ ᠴᠢᠨᠠᠭ᠍ᠰᠢᠳᠠ ᠨᠢᠭ᠍ᠲᠠᠷᠠᠭᠤᠯᠵᠤ᠂ ᠵᠣᠷᠢᠭ ᠰᠠᠨᠠᠭ᠎ᠠ᠎ᠪᠠᠨ ᠬᠥᠪᠴᠢᠯᠡᠵᠦ᠍᠂ ᠨᠡᠩ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠨᠡᠩ ᠯᠠᠪᠳᠠᠭᠤᠨ ᠪᠠᠲᠤᠲᠠᠢ ᠰᠤᠷᠲᠠᠯ᠎ᠢᠶᠠᠷ ᠬᠢᠯᠢ᠎ᠶᠢᠨ ᠪᠣᠭᠤᠮᠲᠠ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠦᠢᠯᠡᠳᠦᠯᠭᠡ᠎ᠳᠤ ᠣᠷᠣᠯᠴᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠲᠡ᠎ᠶ᠋ᠢ ᠪᠠᠢᠭᠤᠯᠬᠤ᠎ᠳᠤ ᠨᠡᠩ ᠶᠡᠭᠡ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠢᠷᠡᠯᠲᠡ᠄ ᠬᠢᠯᠢ᠎ᠶᠢᠨ ᠪᠤᠭᠤᠮᠳᠠ᠎ᠶᠢᠨ ᠠᠯᠪᠠᠨ ᠬᠡᠷ᠎ᠤᠨ ᠶᠡᠷᠦᠩᠬᠡᠢᠯᠡᠭ᠌ᠰᠡᠨ ᠭᠠᠵᠠᠷ
          
ᠬᠠᠮᠢᠶ᠎ᠡ ᠪᠦᠬᠦᠢ ᠰᠣᠨᠢᠨ
 
            