ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠰᠤᠷᠭᠠᠭᠤᠯᠢ ᠪᠠ ᠣᠷᠣᠨ ᠨᠤᠲᠤᠭ᠎ᠤᠨ᠎ᠬᠢᠨ ᠭᠠᠷ ᠬᠤᠯᠪᠣᠨ ᠬᠥᠭ᠌ᠵᠢᠯᠲᠡ᠎ᠶ᠋ᠢᠨ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠨ᠎ᠡ —《ᠥᠪᠥᠷ ᠮᠣᠩᠭᠤᠯ᠎ᠤᠨ ᠦᠨᠦᠷ ᠠᠮᠲᠠ》ᠪᠡᠭᠡᠵᠢᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠡᠭᠡ ᠰᠤᠷᠭᠠᠭᠤᠯᠢ᠎ᠳᠤ ᠣᠷᠣᠯ᠎ᠠ
ᠨᠡᠶ᠋ᠢᠲᠡᠯᠡᠭᠰᠡᠨ ᠴᠠᠭ᠄ 2025-12-17

  12 ᠳ᠋ᠤᠭᠠᠷ ᠰᠠᠷ᠎ᠠ᠎ᠶ᠋ᠢᠨ 16 ᠎ᠤ ᠡᠳᠦᠷ᠎ᠠᠴᠠ 12 ᠳ᠋ᠤᠭᠠᠷ ᠰᠠᠷ᠎ᠠ᠎ᠶ᠋ᠢᠨ 17 ᠎ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠡᠷᠭᠢᠯᠡᠭ᠌ᠰᠡᠨ 《ᠥᠪᠥᠷ ᠮᠣᠩᠭᠤᠯ᠎ᠤᠨ ᠦᠨᠦᠷ ᠠᠮᠲᠠ》 ᠶᠡᠭᠡ ᠳᠡᠭᠡᠳᠦ ᠰᠤᠷᠭᠠᠭᠤᠯᠢ᠎ᠳᠤ ᠣᠷᠣᠬᠤ ᠱᠢᠷᠢᠰ ᠠᠵᠢᠯᠯᠠᠭ᠎ᠠ ᠪᠡᠭᠡᠵᠢᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠡᠭᠡ ᠰᠤᠷᠭᠠᠭᠤᠯᠢ᠎ᠳᠤ ᠬᠦᠷᠴᠦ᠍᠂ ᠠᠵᠢᠯᠯᠠᠭ᠎ᠠ ᠨᠢ 《ᠲᠠᠯ᠎ᠠ ᠨᠤᠲᠤᠭ᠎ᠤᠨ ᠰᠠᠢᠨ ᠢᠳᠡᠭᠡᠨ ᠢ᠋ ᠠᠮᠲᠠᠯᠠᠵᠤ᠂ ᠵᠢᠩᠬᠢᠨᠢ ᠠᠮᠲᠠᠲᠤ ᠢᠳᠡᠭᠡᠨ ᠢ᠋ ᠬᠠᠮᠲᠤ᠎ᠪᠠᠷ ᠡᠳ᠋ᠯᠡᠬᠦ》᠎ᠪᠡᠷ ᠭᠣᠣᠯ ᠰᠡᠳᠦᠪ ᠪᠣᠯᠭᠠᠵᠤ᠂ ᠤᠮᠠᠷᠠᠲᠤ᠎ᠶ᠋ᠢᠨ ᠱᠢᠨᠵᠢᠯᠡᠬᠦ᠌ ᠤᠬᠠᠭᠠᠨ᠎ᠤ ᠶᠡᠭᠡ ᠰᠤᠷᠭᠠᠭᠤᠯᠢ᠎ᠶ᠋ᠢᠨ ᠪᠠᠭ᠍ᠰᠢ ᠠᠵᠢᠯᠲᠠᠨ ᠠᠵᠢᠯᠴᠢᠨ ᠪᠣᠯᠤᠨ ᠰᠤᠷᠤᠭ᠍ᠴᠢᠳ᠎ᠲᠤ ᠠᠮᠢ ᠠᠬᠤᠶ᠎ᠶ᠋ᠢᠨ ᠶᠠᠰᠤ ᠴᠢᠨᠠᠷ ᠬᠢᠭᠡᠳ ᠰᠣᠶᠣᠯ᠎ᠤᠨ ᠷᠢᠳᠢ ᠱᠢᠳᠢ᠎ᠶ᠋ᠢ ᠠᠭᠤᠰᠤᠯᠴᠠᠭᠤᠯᠤᠭ᠍ᠰᠠᠨ ᠦᠪᠡᠳᠡᠭ᠌ᠰᠢ ᠨᠠᠢᠷ᠎ᠢ ᠠᠪᠴᠢᠷᠠᠭ᠍ᠰᠠᠨ ᠪᠠᠢᠨ᠎ᠠ᠃

 

 

  ᠶᠡᠬᠡ ᠳᠡᠭᠡᠳᠦ ᠰᠤᠷᠭᠠᠭᠤᠯᠢ᠎ᠳᠤ ᠣᠷᠣᠬᠤ᠎ᠶᠢ ᠰᠤᠩᠭᠤᠭᠰᠠᠨ ᠨᠢ ᠰᠤᠷᠭᠠᠭᠤᠯᠢ᠎ᠶᠢᠨ ᠬᠦᠷᠢᠶᠡᠨ᠎ᠦ ᠵᠠᠬ᠎ᠠ ᠳᠡᠯᠭᠡᠭᠦᠷ᠎ᠢ ᠣᠨᠢᠯᠠᠬᠤ ᠨᠠᠷᠢᠨ ᠤᠨᠤᠴᠢᠲᠠᠢ ᠪᠠᠢᠷᠢᠰᠢᠭᠤᠯᠤᠯᠲᠠ ᠪᠣᠯᠬᠤ᠎ᠪᠠᠷ ᠪᠠᠷᠠᠬᠤ ᠦᠭᠡᠢ ᠪᠠᠰᠠ ᠰᠤᠷᠭᠠᠭᠤᠯᠢ ᠪᠠ ᠣᠷᠣᠨ ᠨᠤᠲᠤᠭ᠎ᠤᠨ ᠰᠣᠶᠣᠯ᠎ᠤᠨ ᠰᠣᠯᠢᠯᠴᠠᠭ᠎ᠠ᠎ᠶᠢᠨ ᠠᠶᠠᠨᠳᠠᠭᠠᠨ᠎ᠤ ᠦᠷᠭᠦᠯᠵᠢᠯᠡᠯ ᠪᠣᠯᠣᠨ᠎ᠠ᠃ ᠪᠠᠢᠴᠠᠭᠠᠨ ᠰᠤᠳᠤᠯᠤᠯᠲᠠ᠎ᠳᠤ ᠢᠯᠡᠷᠡᠭᠦᠯᠦᠭᠰᠡᠨ᠎ᠢᠶᠡᠷ᠂ ᠣᠶᠤᠲᠠᠳ᠎ᠤᠨ ᠪᠣᠬᠢᠷᠲᠤᠯ ᠦᠭᠡᠢ᠂ ᠣᠷᠭᠠᠨᠢᠭ᠋ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭᠳᠡᠬᠦᠨ᠎ᠦ ᠬᠡᠷᠡᠭᠯᠡᠭᠡ᠎ᠶᠢᠨ ᠲᠤᠬᠠᠢ ᠬᠦᠰᠡᠯ ᠡᠷᠡᠮᠡᠯᠵᠡᠯ ᠨᠢ ᠦᠷᠭᠦᠯᠵᠢᠯᠡᠨ ᠳᠡᠭᠡᠭᠰᠢᠯᠡᠵᠦ ᠪᠠᠢᠬᠤ ᠪᠥᠭᠡᠳ ᠰᠢᠨ᠎ᠡ ᠰᠣᠷᠭᠣᠭ ᠬᠡᠷᠡᠭ ᠪᠣᠳᠠᠰ᠎ᠢ ᠲᠤᠷᠰᠢᠬᠤ ᠳᠤᠷᠠᠲᠠᠢ ᠪᠠᠢᠵᠤ᠂ ᠰᠢᠯᠢᠳᠡᠭ ᠨᠠᠷᠠᠲᠤ ᠲᠡᠮᠳᠡᠭ᠎ᠢ ᠤᠯᠠᠮᠵᠢᠯᠠᠬᠤ ᠳᠤᠷᠠᠲᠠᠢ ᠪᠠᠢᠨ᠎ᠠ᠃ ᠲᠦᠮᠡ ᠭᠠᠷᠤᠢ ᠪᠠᠭ᠍ᠰᠢ ᠰᠤᠷᠤᠭ᠍ᠴᠢᠳ᠎ᠤᠨ ᠶᠡᠭᠡ ᠳᠡᠭᠡᠳᠦ ᠰᠤᠷᠭᠠᠭᠤᠯᠢ ᠪᠣᠯᠤᠭ᠍ᠰᠠᠨ᠎ᠤ ᠬᠤᠪᠢ᠎ᠳᠤ᠂ ᠪᠡᠭᠡᠵᠢᠩ᠎ᠤᠨ ᠱᠢᠨᠵᠢᠯᠡᠬᠦ᠌ ᠤᠬᠠᠭᠠᠨ᠎ᠤ ᠶᠡᠭᠡ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠬᠠᠮᠲᠤᠯᠢᠭ ᠴᠢᠨᠠᠷ ᠰᠠᠢᠲᠠᠢ᠂ ᠣᠨᠴᠠᠯᠢᠭ᠎ᠲᠠᠢ ᠢᠳᠡᠭᠡᠨ᠎ᠤ ᠬᠡᠷᠡᠭ᠌ᠴᠡᠭᠡ ᠴᠢᠩᠭ᠎ᠠ ᠪᠠᠢᠨ᠎ᠠ; ᠥᠪᠥᠷ ᠮᠣᠩᠭᠤᠯ᠎ᠤᠨ ᠤᠨᠴᠠᠯᠢᠬ᠍ᠳᠤ ᠦᠢᠯᠡᠳᠬᠦᠨ᠎ᠳᠤ ᠠᠪᠴᠤ᠌ ᠬᠡᠯᠡᠪᠡᠯ᠂ ᠶᠡᠭᠡ ᠳᠡᠭᠡᠳᠦ ᠰᠤᠷᠭᠠᠭᠤᠯᠢ ᠪᠣᠯ ᠬᠡᠷᠡᠭ᠌ᠯᠡᠭᠡᠨ᠎ᠤ ᠳᠠᠯᠳᠠ ᠬᠦᠴᠦᠨ᠎ᠢᠶᠠᠷ ᠯᠤᠲᠤ ᠶᠡᠭᠡ ᠨᠠᠷᠢᠯᠢᠭ ᠣᠨᠣᠴᠠᠲᠠᠢ ᠵᠠᠬ᠎ᠠ ᠳᠡᠯᠭᠡᠭᠦᠷ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠵᠠᠯᠠᠭᠤᠴᠤᠳ᠎ᠤᠨ ᠨᠡᠷ᠎ᠡ ᠬᠦᠨᠳᠦ᠍᠎ᠶ᠋ᠢ ᠠᠱᠢᠭ᠍ᠯᠠᠨ ᠲᠦᠷᠦᠯ ᠲᠡᠮᠳᠡᠭ ᠲᠠᠷᠬᠠᠭᠠᠬᠤ ᠴᠢᠬᠤᠯᠠ ᠴᠤᠩᠬᠤᠪᠴᠢ ᠪᠣᠯᠤᠨ᠎ᠠ᠃

 

 

  ᠠᠵᠢᠯᠯᠠᠭ᠎ᠠ᠎ᠶᠢᠨ ᠠᠬᠤᠢ ᠲᠠᠯᠠᠪᠠᠢ᠎ᠳᠤ᠂ ᠡᠯ᠎ᠡ ᠳᠡᠯᠭᠡᠨ ᠦᠵᠡᠭᠦᠯᠬᠦ ᠤᠷᠤᠨ᠎ᠤ ᠡᠮᠦᠨ᠎ᠡ ᠬᠥᠮᠥᠨ ᠤᠯᠠᠨ ᠴᠤᠭᠯᠠᠷᠠᠵᠤ᠂ ᠪᠠᠭ᠍ᠰᠢ ᠠᠵᠢᠯᠲᠠᠨ ᠵᠢᠴᠢ ᠰᠤᠷᠤᠭ᠍ᠴᠢᠳ ᠴᠠᠭᠠᠨ ᠢᠳᠡᠭᠡᠨ᠂ ᠨᠤᠤᠯᠤᠭᠤᠷ᠎ᠤᠨ ᠪᠦᠲᠦᠭᠡᠭᠳᠡᠬᠦᠨ᠂ ᠰᠡᠯᠡᠭᠦᠴᠡᠯ᠎ᠦᠨ ᠢᠳᠡᠭᠡᠨ᠎ᠦ ᠵᠦᠢᠯᠡᠰ᠎ᠲᠦ ᠣᠨᠴᠠᠭᠠᠢ ᠤᠷᠮ᠎ᠠ ᠪᠠᠬᠠᠲᠠᠢ ᠪᠠᠢᠯ᠎ᠠ᠃ ᠤᠯᠠᠭᠠᠨᠴᠠᠪ ᠬᠤᠲᠠ᠎ᠶᠢᠨ ᠯᠠᠨ ᠭᠧ ᠭᠧ ᠣᠣᠯ ᠠᠮᠲᠠ᠎ᠶᠢᠨ ᠡᠭᠡᠳᠡᠭᠰᠡᠨ ᠰᠦ ᠎ᠶᠢᠨ ᠦᠨᠦᠷ ᠬᠠᠩᠬᠤᠯᠵᠤ᠂ ᠬᠡᠦᠬᠡᠨᠴᠦᠳ᠎ᠦᠨ 《ᠰᠡᠳᠬᠢᠯ᠎ᠦᠨ ᠨᠠᠢ᠌ᠵᠠ》 ᠪᠣᠯᠵᠠᠢ; ᠤᠯᠠᠭᠠᠨᠬᠠᠳᠠ ᠬᠣᠲᠠ᠎ᠶᠢᠨ ᠨᠠᠮᠤᠷ ᠴᠡᠪᠡᠷ ᠬᠣᠭᠣᠰᠤᠨ᠎ᠢᠶᠠᠷ ᠪᠣᠭᠣᠳᠠᠯᠯᠠᠭᠰᠠᠨ ᠬᠠᠲᠠᠭᠠᠭᠰᠠᠨ ᠦᠬᠡᠷ᠎ᠦᠨ ᠪᠣᠷᠴᠠ ᠨᠢ ᠠᠮᠲᠠ ᠰᠠᠢᠲᠠᠢ᠂ ᠠᠪᠴᠤ ᠶᠠᠪᠤᠬᠤ᠎ᠳᠤ ᠲᠥᠬᠥᠮ ᠪᠣᠯᠬᠣᠷ ᠴᠥᠭᠡᠨ ᠪᠤᠰᠤ ᠡᠷᠡᠭᠲᠡᠢ ᠰᠤᠷᠤᠭ᠍ᠴᠢᠳ᠎ᠤᠨ 《ᠳᠠᠪᠲᠠᠯᠭ᠎ᠠ᠎ᠶᠢᠨ ᠨᠡᠮᠡᠯᠲᠡ ᠬᠣᠭᠣᠯᠠᠨ᠎ᠤ ᠨᠠᠷᠢᠨ ᠲᠠᠩᠰᠠ》᠎ᠳᠤ  ᠵᠢᠭᠰᠠᠭ᠋ᠠᠭᠳᠠᠭᠰᠠᠨ ᠪᠠᠢ᠌ᠨ᠎ᠠ᠂ ᠰᠤ᠌ ᠰᠢᠶᠠᠩ ᠫᠢᠶᠤᠤ᠎ᠶᠢᠨ ᠲᠦᠯᠬᠢᠨ ᠭᠠᠷᠭ᠋ᠠᠭᠰᠠᠨ ᠨᠠᠷᠢᠮᠤ᠎ᠶᠢᠨ ᠺᠤᠪᠠ ᠨᠢ 《ᠲᠣᠰᠣᠨ᠎ᠳᠤ ᠪᠤᠴᠠᠯᠭᠠᠬᠤ ᠦᠭᠡᠢ᠂ ᠨᠡᠮᠡᠯᠲᠡ ᠡᠳ᠋ ᠦᠭᠡᠢ》 ᠣᠨᠴᠠᠯᠢᠭ᠋᠎ᠢᠶᠠᠷ᠎ᠢᠶᠠᠨ ᠰᠤᠷᠤᠭ᠍ᠴᠢᠳ᠎ᠤᠨ ᠰᠡᠯᠡᠭᠦᠴᠡᠯ᠎ᠦᠨ ᠢᠳᠡᠭᠡᠨ᠎ᠦ ᠬᠠᠯᠠᠭᠤᠨ ᠰᠣᠩᠭᠣᠯᠲᠠ ᠪᠣᠯᠤᠭᠰᠠᠨ ᠪᠠᠢᠨ᠎ᠠ; ᠬᠥᠬᠡᠬᠣᠲᠠ᠎ᠶᠢᠨ ᠰᠠᠨᠰᠠᠷ᠎ᠤᠨ ᠠᠶᠠᠯᠠᠯ᠎ᠤᠨ ᠬᠥᠮᠥᠨ᠎ᠦ ᠣᠷᠭᠠᠨᠢᠭ᠋ ᠴᠢᠴᠠᠷᠭᠠᠨ᠎ᠠ᠎ᠶᠢᠨ ᠰᠢᠭᠦᠰᠦ ᠨᠢ 《 ᠪᠠᠢᠭᠠᠯᠢᠯᠢᠭ᠋ ᠨᠡᠮᠡᠯᠲᠡ ᠡᠳ᠋ ᠦᠭᠡᠢ 》 ᠭᠡᠰᠡᠨ ᠱᠣᠰᠢᠭ᠎ᠠ᠎ᠪᠠᠷ ᠡᠷᠡᠭᠦᠯ ᠮᠡᠨᠳᠦ᠎ᠶᠢᠨ ᠢᠳᠡᠭᠡᠨ ᠤᠮᠳᠠᠭᠠᠨ᠎ᠢ ᠡᠷᠬᠢᠮᠯᠡᠳᠡᠭ ᠪᠠᠭ᠍ᠰᠢ ᠰᠤᠷᠤᠭ᠍ᠴᠢᠳ᠎ᠤᠨ ᠠᠩᠬᠠᠷᠤᠯ᠎ᠢ ᠲᠠᠲᠠᠵᠠᠢ; ᠫᠢᠨ ᠶᠠᠩ ᠶᠠᠩ ᠢᠮᠠᠭᠠᠨ ᠨᠤᠤᠯᠤᠭᠤᠷ᠎ᠤᠨ ᠪᠦᠲᠦᠭᠡᠭᠳᠡᠬᠦᠨ ᠨᠢ ᠶᠠᠭ ᠯᠠ ᠬᠣᠶᠠᠳᠤᠭᠠᠷ ᠳᠠᠪᠬᠤᠷᠭ᠎ᠠ᠎ᠶᠢᠨ ᠠᠷᠠᠰᠤ ᠮᠢᠬ᠎ᠠ ᠰᠢᠭ᠋ ᠵᠥᠭᠡᠯᠡᠨ ᠪᠠᠢᠵᠤ᠂ ᠭᠡᠷᠡᠯ ᠭᠢᠯᠪᠠᠭ᠎ᠠ᠎ᠶᠢᠨ ᠳᠣᠲᠣᠷ᠎ᠠ ᠠᠵᠢᠭ᠋ ᠴᠤ᠌ ᠦᠭᠡᠢ ᠳᠡᠭᠡᠳᠦ ᠵᠡᠷᠭᠡ᠎ᠶᠢᠨ ᠲᠥᠷᠥᠭᠳᠡᠯ ᠨᠢᠭᠤᠭᠳᠠᠵᠤ ᠪᠠᠢᠳᠠᠭ; ᠬᠥᠯᠥᠨ ᠪᠤᠢ᠍ᠢᠷ ᠬᠤᠳᠠ᠎ᠶᠢᠨ ᠴᠢ ᠼᠠᠢ ᠢᠦᠢ᠎ᠶᠢᠨ ᠤᠢ᠎ᠶᠢᠨ ᠪᠦᠲᠦᠭᠡᠭᠳᠡᠬᠦᠨ ᠨᠢ ᠨᠡᠩ ᠴᠤ᠌ ᠪᠠᠢᠭᠠᠯᠢ᠎ᠶᠢᠨ ᠬᠡᠭᠡᠷᠯᠢᠭ ᠪᠠᠢ᠌ᠵᠦ᠂ ᠬᠤᠰᠤᠨ ᠮᠣᠳᠣᠨ᠎ᠤ ᠰᠢᠭᠦᠰᠦᠨ᠎ᠳᠦ ᠤᠯᠠᠨ ᠵᠦᠢᠯ᠎ᠦᠨ ᠪᠠᠢᠭᠠᠯᠢ᠎ᠶᠢᠨ ᠰᠢᠮ᠎ᠡ ᠲᠡᠵᠢᠭᠡᠯ ᠡᠯᠪᠡᠭ ᠠᠭᠤᠯᠤᠭᠳᠠᠵᠤ᠂ ᠰᠢᠳ᠎ᠤᠨ ᠮᠦᠬᠦ᠎ᠶᠢ ᠬᠡᠭᠡᠷ᠎ᠡ᠎ᠡᠴᠡ ᠲᠡᠭᠦᠬᠦ᠎ᠳᠦ ᠴᠡᠪᠡᠷ ᠪᠠᠢᠭᠠᠯᠢ᠎ᠶᠢᠨ ᠰᠢᠮ᠎ᠡ ᠲᠡᠵᠢᠭᠡᠯ ᠬᠠᠩᠭᠠᠨ᠎ᠠ ᠁ ᠠᠵᠢᠯᠯᠠᠭ᠎ᠠ᠎ᠳᠤ ᠨᠡᠢᠲᠡ 50 ᠭᠠᠷᠤᠶ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠠᠵᠤ ᠠᠬᠤᠢᠯᠠᠯ᠎ᠤᠨ 800 ᠭᠠᠷᠤᠶ ᠵᠦᠶ᠋ᠯ᠎ᠤᠨ ᠣᠨᠴᠠᠯᠢᠭ᠍ᠲᠤ ᠪᠦᠲᠦᠭᠡᠭ᠌ᠳᠡᠬᠦᠨ ᠴᠤᠭᠯᠠᠷᠠᠪᠠ᠃ ᠦᠵᠡᠰᠭᠦᠯᠡᠩ᠎ᠳᠤ ᠣᠷᠣᠯᠴᠠᠭ᠍ᠰᠠᠨ ᠬᠤᠳᠠᠯᠳᠤᠭᠠᠴᠢᠨ ᠪᠦᠲᠦᠭᠡᠭ᠌ᠳᠡᠬᠦᠨ᠎ᠤ ᠠᠷᠤ᠎ᠳᠠᠬᠢ ᠲᠠᠯ᠎ᠠ ᠨᠤᠲᠤᠭ᠎ᠤᠨ ᠠᠮᠢ ᠠᠬᠤᠢ᠎ᠶ᠋ᠢᠨ ᠦᠯᠢᠭᠡᠷ᠎ᠢ ᠲᠠᠢᠯᠪᠤᠷᠢᠯᠠᠵᠤ᠂ ᠰᠠᠭᠠᠯᠢ᠎ᠶ᠋ᠢᠨ ᠦᠨᠢᠶ᠎ᠡ᠎ᠶ᠋ᠢ ᠰᠤᠯᠠ ᠲᠡᠵᠢᠭᠡᠬᠦ᠌ ᠣᠷᠴᠢᠨ ᠲᠣᠭᠤᠷᠢᠨ᠎ᠠᠴᠠ ᠠᠮᠤ ᠪᠤᠳᠠᠭ᠎ᠠ ᠲᠠᠷᠢᠬᠤ ᠦᠶᠡᠯᠡᠯ᠎ᠤᠨ ᠬᠤᠭᠤᠴᠠᠭ᠎ᠠ ᠬᠦᠷᠲᠡᠯ᠎ᠡ ᠪᠠᠭ᠍ᠰᠢ ᠰᠤᠷᠤᠭ᠍ᠴᠢᠳ᠎ᠢ ᠠᠮᠲᠠᠯᠠᠭᠤᠯᠬᠤ᠎ᠶᠢᠨ ᠬᠠᠮᠲᠤ ᠥᠪᠥᠷ ᠮᠣᠩᠭᠤᠯ᠎ᠤᠨ ᠲᠤᠬᠠᠶ ᠨᠠᠩ ᠭᠦᠨᠵᠡᠭᠡᠶ ᠣᠢᠯᠠᠭᠠᠯᠲᠠ ᠪᠠ ᠬᠦᠰᠡᠯ ᠡᠷᠡᠮᠡᠯᠵᠡᠯ ᠎ᠢ ᠭᠦᠨᠵᠡᠭᠡᠢᠷᠡᠭᠦᠯᠵᠡᠶ᠃

 

 

  ᠪᠢᠳᠡ ᠦᠷᠭᠦᠯᠵᠢ ᠰᠥᠨᠢ ᠳᠦᠯᠢ ᠪᠣᠯᠲᠠᠯ᠎ᠠ ᠲᠤᠷᠰᠢᠯᠲᠠ ᠬᠢᠬᠦ᠎ᠳᠦ ᠲᠥᠬᠥᠮ ᠮᠥᠷᠲᠡᠭᠡᠨ ᠥᠯᠥᠰᠬᠦ᠎ᠳᠦ ᠳᠠᠭ᠋ᠠᠭ᠋ᠠᠪᠤᠷᠢᠲᠠᠢ ᠪᠠᠢᠳᠠᠭ 《ᠡᠨᠧᠷᠭᠢ᠎ᠶᠢᠨ ᠪᠣᠭᠴᠣ᠌》 ᠶ᠋ᠢ ᠠᠪᠴᠤ ᠶᠠᠪᠤᠳᠠᠭ᠂ ᠥᠨᠥᠳᠥᠷ᠎ᠦᠨ 《ᠥᠪᠥᠷ ᠮᠣᠩᠭᠣᠯ᠎ᠤᠨ ᠦᠨᠦᠷ ᠠᠮᠲᠠ》 ᠮᠠᠨ᠎ᠤ ᠰᠤᠷᠭᠠᠭᠤᠯᠢ᠎ᠳᠤ ᠢᠷᠡᠭᠰᠡᠨ ᠨᠢ ᠲᠤᠢᠯ᠎ᠤᠨ ᠰᠠᠢᠨ᠂ ᠥᠪᠥᠷ ᠮᠣᠩᠭᠣᠯ᠎ᠤᠨ ᠢᠳᠡᠭᠡᠨ ᠤᠮᠳᠠᠭᠠᠨ᠂ ᠨᠠᠢᠷᠠᠯᠭ᠎ᠠ᠎ᠶᠢᠨ ᠬᠦᠰᠦᠨᠦᠭᠲᠦ ᠨᠢ ᠲᠤᠢᠯ᠎ᠤᠨ ᠴᠡᠪᠡᠷ᠂ ᠤᠭᠤᠷᠠᠭ᠎ᠤᠨ ᠠᠭᠤᠯᠤᠭᠳᠠᠴᠠ ᠨᠢ ᠴᠦ᠍ ᠥᠨᠳᠥᠷ᠂ ᠮᠠᠨ᠎ᠤ ᠡᠨᠡ ᠬᠦ᠌ 〈ᠰᠢᠨᠵᠢᠯᠡᠬᠦ ᠤᠬᠠᠭᠠᠨ᠎ᠤ ᠰᠤᠳᠤᠯᠭᠠᠲᠠᠨ〉᠎ᠳᠤ ᠣᠨᠴᠠᠭᠠᠶ ᠲᠣᠬᠢᠷᠠᠨ᠎ᠠ ! ᠪᠢᠳᠡᠨ᠎ᠦ 《ᠡᠨᠧᠷᠭᠢ᠎ᠶᠢᠨ ᠪᠣᠭᠴᠣ᠌》᠎ᠳᠤ ᠮᠠᠰᠢ ᠤᠯᠠᠨ ᠰᠣᠩᠭᠣᠯᠲᠠ ᠬᠠᠩᠭᠠᠪᠠ᠂ ᠦᠨᠡᠬᠡᠷ ᠰᠠᠢᠨ ᠪᠣᠯᠣᠯ᠎ᠠ! ᠮᠠᠰᠢ ᠰᠠᠢ᠌ᠨ! ᠮᠠᠭᠲᠠᠨ ᠰᠠᠢ᠌ᠰᠢᠶᠠᠶ᠎ᠠ!》 ᠮᠠᠲᠧᠷᠢᠶᠠᠯ᠎ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠸᠠᠩ ᠬᠠᠮᠲᠤ ᠰᠤᠷᠤᠭ᠍ᠴᠢ ᠶᠠᠷᠢᠬᠤ᠎ᠶᠢᠨ ᠳᠠᠭᠠᠤ ᠺᠣᠳ᠋ ᠰᠢᠷᠪᠢᠵᠦ 《ᠡᠨᠧᠷᠭᠢ᠎ᠶᠢᠨ ᠪᠣᠭᠴᠣ᠌》᠎ᠪᠠᠨ ᠨᠥᠬᠥᠪᠦᠷᠢᠯᠡᠨ᠎ᠡ ᠭᠡᠪᠡ᠃ 

  《ᠲᠠᠨ᠎ᠤ ᠡᠨᠡ ᠴᠢᠴᠠᠷᠭᠠᠨ᠎ᠠ ᠶ᠋ᠢᠨ ᠰᠢᠭᠦᠰᠦ ᠶ᠋ᠢᠨ ᠰᠢᠨ᠎ᠡ ᠰᠣᠷᠭᠣᠭ ᠢ᠋ ᠪᠠᠲᠤᠯᠠᠬᠤ ᠮᠡᠷᠭᠡᠵᠢᠯ ᠴᠢᠨᠢ ᠳᠣᠣᠷ᠎ᠠ ᠳᠤᠯᠠᠭᠠᠨ᠎ᠳᠤ ᠫᠠᠰᠲᠧᠷ᠎ᠤᠨ ᠪᠠᠺᠲᠧᠷᠢ ᠠᠯᠠᠬᠤ ᠮᠡᠷᠭᠡᠵᠢᠯ ᠢ᠋ ᠬᠡᠷᠡᠭᠯᠡᠭᠰᠡᠨ ᠦᠦ? ᠪᠢ ᠪᠣᠯ ᠠᠮᠢᠳᠤ ᠪᠣᠳᠠᠰ᠎ᠤᠨ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ ᠬᠥᠮᠥᠨ᠂ ᠣᠢᠷ᠎ᠠ᠎ᠳᠤ ᠵᠢᠮᠢᠰ ᠨᠣᠭᠣᠭ᠎ᠠ ᠶ᠋ᠢᠨ ᠰᠢᠭᠦᠰᠦ ᠶ᠋ᠢᠨ ᠰᠢᠨ᠎ᠡ ᠰᠣᠷᠭᠣᠭ ᠢ᠋ ᠪᠠᠲᠤᠯᠠᠬᠤ ᠰᠡᠳᠦᠪ ᠢ᠋ ᠬᠢᠵᠦ ᠪᠠᠢᠨ᠎ᠠ᠂ ᠮᠠᠨ᠎ᠤ ᠡᠨᠡ ᠬᠦ᠌ ᠪᠦᠲᠦᠭᠡᠭᠳᠡᠬᠦᠨ᠎ᠦ ᠴᠢᠨᠠᠷ ᠢ᠋ ᠪᠠᠲᠤᠯᠠᠬᠤ ᠬᠤᠭᠤᠴᠠᠭ᠎ᠠ ᠪᠠ ᠠᠮᠲᠠ ᠰᠢᠮᠲᠡ ᠨᠢ ᠮᠠᠰᠢ ᠰᠠᠢᠨ ᠪᠠᠢᠨ᠎ᠠ ! 》 ᠭᠡᠵᠦ ᠬᠡᠯᠡᠪᠡ ᠃ ᠢᠳᠡᠭᠡᠨ᠎ᠦ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠎ᠦᠨ ᠰᠠᠯᠪᠤᠷᠢ᠎ᠶᠢᠨ ᠯᠢ ᠰᠣᠷᠣᠭ᠍ᠴᠢ ᠴᠢᠴᠠᠷᠭᠠᠨ᠎ᠠ᠎ᠶᠢᠨ ᠰᠢᠭᠦᠰᠦ ᠠᠪᠴᠤ᠂ ᠦᠢᠯᠡᠳᠪᠦᠷᠢᠯᠡᠯ᠎ᠦᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠢ ᠮᠡᠷᠭᠡᠵᠢᠯ᠎ᠦᠨ ᠨᠠᠷᠢᠨ ᠵᠦᠢᠯᠡᠰ᠎ᠢ ᠨᠠᠷᠢᠨ ᠬᠢᠨᠠᠮᠠᠭᠠᠢ ᠰᠤᠳᠤᠯᠤᠨ ᠶᠠᠷᠢᠯᠴᠠᠵᠤ᠂ ᠲᠦᠭᠦᠬᠡᠢ ᠮᠠᠲᠧᠷᠢᠶᠠᠯ᠎ᠢ ᠲᠡᠭᠦᠵᠦ ᠠᠪᠤᠭᠰᠠᠨ᠎ᠤ ᠳᠠᠷᠠᠭᠠᠬᠢ ᠬᠦᠢᠲᠡᠨ ᠬᠡᠯᠬᠢᠶᠡᠲᠦ ᠲᠡᠭᠡᠭᠡᠪᠦᠷᠢ᠎ᠡᠴᠡ ᠪᠠᠺᠲᠧᠷᠢ ᠠᠯᠠᠬᠤ ᠳᠤᠯᠠᠭᠠᠨ᠎ᠤ ᠬᠡᠮᠵᠢᠶ᠎ᠡ᠎ᠶᠢ ᠣᠨᠣᠪᠴᠢᠲᠠᠶ ᠡᠵᠡᠮᠳᠡᠬᠦ ᠲᠤᠬᠠᠢ ᠶᠠᠷᠢᠯᠴᠠᠵᠤ᠂ ᠳᠠᠬᠢᠭᠠᠳ ᠴᠢᠳᠬᠤᠨ ᠰᠠᠪᠠᠯᠠᠬᠤ ᠵᠠᠩᠭᠢᠯᠠᠭ᠎ᠠ᠎ᠶᠢᠨ ᠪᠠᠺᠲᠧᠷᠢ ᠦᠭᠡᠢ ᠣᠷᠴᠢᠨ ᠲᠣᠭᠣᠷᠢᠨ᠎ᠢ ᠡᠵᠡᠮᠳᠡᠬᠦ ᠲᠤᠬᠠᠢ ᠶᠠᠷᠢᠯᠴᠠᠵᠤ᠂ ᠪᠠᠰᠠ ᠥᠪᠡᠷ᠎ᠦᠨ ᠰᠤᠳᠤᠯᠭᠠᠨ᠎ᠤ ᠰᠡᠳᠦᠪ᠎ᠲᠡᠬᠢ ᠲᠤᠷᠰᠢᠯᠲᠠ᠎ᠶᠢᠨ ᠲᠣᠭ᠎ᠠ ᠪᠠᠷᠢᠮᠲᠠ᠎ᠪᠠᠨ ᠭᠠᠷᠭᠠᠨ ᠰᠣᠯᠢᠯᠴᠠᠵᠤ᠂ ᠮᠡᠷᠭᠡᠵᠢᠯ᠎ᠦᠨ ᠭᠣᠣᠯᠳᠠᠯᠭ᠎ᠠ᠎ᠪᠠᠨ ᠰᠤᠳᠤᠯᠤᠨ ᠶᠠᠷᠢᠯᠴᠠᠪᠠ᠃ ᠡᠨᠡ ᠤᠳᠠᠭᠠᠨ᠎ᠤ ᠦᠵᠡᠭᠦᠯᠭᠡ ᠎ᠶᠢᠨ ᠴᠤᠭᠯᠠᠭᠠᠨ ᠨᠢ ᠶᠠᠭ ᠯᠠ ᠦᠢᠯᠡᠳᠪᠦᠷᠢᠯᠡᠬᠦ ᠵᠢᠭᠠᠬᠤ ᠰᠤᠳᠤᠯᠬᠤ ᠎ᠶᠢᠨ ᠮᠥᠷᠭᠦᠯᠳᠦᠭ᠌ᠰᠡᠨ ᠪᠠᠶᠠᠷᠯᠠᠭᠤᠱᠢᠲᠠᠢ ᠳᠣᠬᠢᠶᠠᠯ ᠪᠣᠯᠵᠠᠢ᠃

   《ᠥᠪᠥᠷ ᠮᠣᠩᠭᠤᠯ᠎ᠤᠨ ᠦᠨᠦᠷ ᠠᠮᠲᠠ》 ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠲᠤᠱᠢᠶᠠᠭ᠍ᠰᠠᠨ ᠲᠠᠪᠤᠨ ᠶᠡᠭᠡ ᠡᠭᠦᠷᠭᠡ᠎ᠶ᠋ᠢ ᠨᠠᠢᠳᠠᠪᠤᠷᠢᠵᠢᠭᠤᠯᠬᠤ — ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠢᠭᠤᠯᠤᠭ᠍ᠰᠠᠨ ᠠᠬᠤᠶ ᠪᠠᠢᠳᠠᠯ ᠳᠣᠤᠷ᠎ᠠ ᠪᠠᠢᠭᠤᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ ᠪᠣᠯᠤᠨ᠎ᠠ᠃ ᠲᠣᠰ ᠤᠳᠠᠭ᠎ᠠ ᠪᠡᠭᠡᠵᠢᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠡᠭᠡ ᠰᠤᠷᠭᠠᠭᠤᠯᠢ᠎ᠳᠤ ᠣᠷᠣᠬᠤ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠠᠴᠠ ᠣᠨᠴᠠᠯᠢᠭ᠍ᠲᠤ ᠪᠦᠲᠦᠭᠡᠭ᠌ᠳᠡᠬᠦᠨ᠎ᠢ ᠭᠠᠳᠠᠭ᠍ᠰᠢ ᠭᠠᠷᠭᠠᠬᠤ ᠱᠢᠷᠢᠰ ᠠᠵᠢᠯᠯᠠᠭ᠎ᠠ᠎ᠶ᠋ᠢ ᠠᠬᠢᠭᠤᠯᠬᠤ ᠴᠢᠬᠤᠯᠠ ᠭᠤᠭ᠍ᠴᠤᠭ᠎ᠠ ᠪᠣᠯᠤᠨ᠎ᠠ᠂ ᠶᠡᠭᠡ ᠳᠡᠭᠡᠳᠦ ᠰᠤᠷᠭᠠᠭᠤᠯᠢ᠎ᠶ᠋ᠢᠨ 《ᠵᠠᠯᠠᠭᠤᠴᠦᠳ᠎ᠤᠨ ᠬᠡᠷᠡᠭᠯᠡᠭᠡᠨ᠎ᠦ ᠥᠨᠳᠥᠷᠯᠢᠭ ᠭᠠᠵᠠᠷ + ᠢᠷᠦᠭᠡᠯ ᠮᠠᠭᠲᠠᠭ᠋ᠠᠯ ᠳᠠᠮᠵᠢᠭᠤᠯᠬᠤ ᠵᠢᠭ᠍ᠰᠠᠭᠠᠯ᠎ᠤᠨ ᠭᠠᠵᠠᠷ》 ᠎ᠢ ᠠᠱᠢᠭ᠍ᠯᠠᠨ᠂ ᠴᠢᠨᠠᠷ ᠰᠠᠢᠲᠠᠶ ᠲᠠᠯ᠎ᠠ ᠨᠤᠲᠤᠭ᠎ᠤᠨ ᠰᠠᠢᠨ᠎ᠢ ᠨᠠᠩ ᠳᠠᠯᠳᠠ ᠬᠦᠴᠦᠨ᠎ᠲᠠᠢ ᠪᠣᠯᠭᠠᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠰᠤᠷᠭᠠᠭᠤᠯᠢ ᠪᠠ ᠣᠷᠣᠨ ᠨᠤᠲᠤᠭ᠎ᠤᠨ ᠬᠠᠮᠲᠤ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠰᠤᠷᠭᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠶ᠋ᠢ ᠥᠪᠥᠷ ᠮᠣᠩᠭᠤᠯ᠎ᠤᠨ ᠴᠢᠨᠠᠷ ᠰᠠᠢᠲᠠᠶ ᠣᠨᠴᠠᠯᠢᠭ᠍ᠲᠤ ᠦᠢᠯᠡᠳᠬᠦᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠂ ᠣᠷᠣᠨ ᠪᠦᠰᠡ᠎ᠶ᠋ᠢᠨ ᠨᠠᠷᠠᠲᠤ ᠲᠡᠮᠳᠡᠭ᠎ᠦᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠪᠠᠲᠤ ᠴᠢᠩᠭ᠎ᠠ ᠲᠤᠯᠭᠠᠭᠤᠷᠢᠯᠠᠯ ᠪᠣᠯᠤᠭ᠍ᠰᠠᠨ ᠪᠠᠢᠨ᠎ᠠ᠃

ᠢᠷᠡᠯᠲᠡ᠄ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ
          
ᠬᠠᠮᠢᠶ᠎ᠡ ᠪᠦᠬᠦᠢ ᠰᠣᠨᠢᠨ
 
            