ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠨᠠᠮ᠎ᠤᠨ ᠡᠭᠦᠷ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠪᠠ
ᠨᠡᠶ᠋ᠢᠲᠡᠯᠡᠭᠰᠡᠨ ᠴᠠᠭ᠄ 2025-11-25

  11 ᠳ᠋ᠦ᠍ᠭᠡᠷ ᠰᠠᠷ᠎ᠠ᠎ᠶ᠋ᠢᠨ 20 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠨᠠᠮ᠎ᠤᠨ ᠡᠭᠦᠷ ᠬᠤᠷᠠᠯ ᠬᠤᠷᠠᠯᠳᠤᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠪᠠ᠃ ᠬᠤᠷᠠᠯ᠎ᠠᠴᠠ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠡᠯ᠎ᠡ ᠨᠠᠮ᠎ᠤᠨ ᠡᠭᠦᠷ᠎ᠤᠨ ᠭᠡᠱᠢᠭᠦᠨ ᠵᠢᠴᠢ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠪᠠᠢᠷᠢ᠎ᠳᠤ ᠪᠠᠢᠭ᠎ᠠ ᠺᠠᠳ᠋ᠷ ᠣᠷᠣᠯᠴᠠᠪᠠ᠃

  ᠬᠤᠷᠠᠯ᠎ᠠᠴᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠠᠯᠪᠠᠨ ᠮᠡᠳᠡᠭᠡ》 ᠎ᠶ᠋ᠢ ᠲᠥᠪᠯᠡᠷᠡᠭᠦᠯᠦᠨ ᠰᠤᠷᠤᠯᠴᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭ᠍ᠰᠠᠨ ᠺᠠᠳ᠋ᠷᠴᠤᠳ᠎ᠢ ᠬᠥᠲᠥᠯᠥᠨ ᠵᠢᠯᠣᠭᠤᠳᠴᠤ᠌ ᠪᠠᠢᠭᠠᠳ ᠪᠥᠬᠦᠳᠡ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ ᠪᠠ ᠭᠤᠤᠯ ᠴᠢᠬᠤᠯᠠ ᠠᠭᠤᠯᠭ᠎ᠠ᠎ᠶ᠋ᠢ ᠭᠦᠨᠵᠡᠭᠡᠶ ᠣᠢᠯᠠᠭᠠᠭᠤᠯᠪᠠ᠃ ᠡᠭᠦᠨ᠎ᠤ ᠬᠠᠮᠲᠤ᠌᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ᠎ᠶ᠋ᠢᠨ ᠠᠷᠪᠠᠳᠤᠭᠠᠷ ᠪᠥᠬᠦᠳᠡ ᠬᠤᠷᠠᠯ᠎ᠤᠨ ᠠᠯᠪᠠᠨ ᠮᠡᠳᠡᠭᠡ》 ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠣᠢᠷ᠎ᠠ᠎ᠶ᠋ᠢᠨ ᠬᠤᠭᠤᠴᠠᠭᠠᠨ᠎ᠤ ᠠᠵᠢᠯ᠎ᠠᠴᠠ᠎ᠪᠠᠨ ᠪᠠᠭᠤᠵᠤ ᠠᠮᠠᠷᠠᠭ᠍ᠰᠠᠳ᠎ᠤᠨ ᠠᠵᠢᠯ ᠥᠷᠨᠢᠭᠦᠯᠦᠭ᠌ᠰᠡᠨ ᠪᠠᠢᠳᠠᠯ᠎ᠢ ᠮᠡᠳᠡᠭ᠌ᠳᠡᠭ᠌ᠰᠡᠨ ᠪᠥᠭᠡᠳ ᠲᠠᠷᠠᠭᠠᠴᠢ᠎ᠶ᠋ᠢᠨ ᠠᠵᠢᠯ᠎ᠢ ᠠᠬᠢᠭᠤᠯᠬᠤ ᠲᠤᠬᠠᠶ ᠬᠤᠷᠠᠯ᠎ᠳᠤ ᠣᠷᠣᠯᠴᠠᠭ᠍ᠰᠠᠳ᠎ᠤᠨ ᠰᠠᠨᠠᠯ ᠰᠠᠨᠠᠭᠤᠯᠭ᠎ᠠ᠎ᠶ᠋ᠢ ᠰᠣᠨᠣᠰᠪᠠ᠃

  ᠬᠤᠷᠠᠯ᠎ᠠᠴᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠦᠷᠦ᠍᠎ᠶ᠋ᠢᠨ ᠡᠭᠦᠷᠭᠡ ᠮᠥᠨ᠂ ᠬᠤᠯᠪᠣᠭ᠍ᠳᠠᠯ ᠪᠦᠬᠦᠢ ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠤᠯᠠᠨ ᠲᠠᠯ᠎ᠠ᠎ᠠᠴᠠ ᠰᠤᠷᠤᠯᠴᠠᠬᠤ ᠠᠷᠭ᠎ᠠ ᠬᠡᠯᠪᠡᠷᠢ᠎ᠪᠠᠷ ᠳᠠᠮᠵᠢᠭᠤᠯᠤᠨ ᠤᠨᠤᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠬᠦ᠂ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠤᠯᠤᠰ ᠲᠦᠷᠦ᠍᠎ᠶ᠋ᠢᠨ ᠤᠬᠠᠮᠰᠠᠷ ᠪᠣᠯᠭᠠᠨ ᠬᠤᠪᠢᠷᠠᠭᠤᠯᠵᠤ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠢᠷᠡᠯᠲᠡ᠄ ᠠᠬᠠᠮᠠᠳ ᠺᠠᠳ᠋ᠷ᠎ᠤᠨ ᠭᠠᠵᠠᠷ
          
ᠬᠠᠮᠢᠶ᠎ᠡ ᠪᠦᠬᠦᠢ ᠰᠣᠨᠢᠨ
 
            