ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠦᠨ ᠦᠵᠡᠰᠭᠦᠯᠡᠩ᠎ᠤᠨ ᠴᠤᠭ᠍ᠯᠠᠭᠠᠨ᠎ᠳᠤ ᠣᠷᠣᠯᠴᠠᠭ᠍ᠰᠠᠨ ᠭᠠᠳᠠᠭᠠᠳᠤ᠎ᠶ᠋ᠢᠨ ᠵᠣᠴᠢᠳ᠎ᠲᠠᠶ ᠠᠭᠤᠯᠵᠠᠪᠠ
ᠨᠡᠶ᠋ᠢᠲᠡᠯᠡᠭᠰᠡᠨ ᠴᠠᠭ᠄ 2025-08-26

  8 ᠰᠠᠷ᠎ᠠ᠎ᠶ᠋ᠢᠨ 24᠎ᠤ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ ᠱ᠌ᠢ ᠭᠤᠸᠠᠩ ᠬᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠠᠩ᠎ᠶᠢᠨ ᠬᠥᠬᠡᠬᠣᠲᠠ᠎ᠳᠤ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠦᠨ ᠦᠵᠡᠰᠭᠦᠯᠡᠩ᠎ᠦᠨ ᠴᠤᠭ᠍ᠯᠠᠭᠠᠨ᠎ᠳᠤ ᠣᠷᠣᠯᠴᠠᠭ᠍ᠰᠠᠨ ᠭᠠᠳᠠᠭᠠᠳᠤ᠎ᠶ᠋ᠢᠨ ᠵᠣᠴᠢᠳ᠎ᠲᠠᠶ ᠠᠭᠤᠯᠵᠠᠪᠠ᠃

  ᠱ᠌ᠢ ᠭᠤᠸᠠᠩ ᠬᠤᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠢ ᠲᠦᠯᠦᠭᠡᠯᠡᠨ ᠡᠷᠬᠢᠮ ᠵᠣᠴᠢᠳ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠥᠷ ᠮᠣᠩᠭᠣᠯ᠎ᠦᠨ ᠦᠨᠳᠦᠰᠦᠨ ᠪᠠᠢᠳᠠᠯ᠎ᠢ ᠲᠦᠬᠦᠮ ᠲᠠᠨᠢᠯᠴᠠᠭᠤᠯᠪᠠ᠃ ᠲᠡᠷᠡ᠂ ᠤᠢ᠍ᠢᠷ᠎ᠠ᠎ᠶ᠋ᠢᠨ ᠵᠢᠯ᠎ᠡᠴᠡ ᠥᠪᠥᠷ ᠮᠣᠩᠭᠣᠯ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠶᠡᠷᠦᠩᠬᠡᠢ ᠱᠦᠵᠢ ᠰᠢ  ᠵᠢᠨ ᠫᠢᠩ᠎ᠦᠨ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠠᠵᠤ ᠠᠬᠤᠢ ᠨᠡᠢᠭᠡᠮ ᠲᠦᠷᠭᠡᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠡᠬᠢ ᠪᠠᠶᠠᠯᠢᠭ᠂ ᠰᠠᠨᠰᠠᠷ᠂ ᠠᠮᠢ ᠠᠬᠤᠢ᠂ ᠣᠷᠣᠨ ᠪᠠᠢᠷᠢ ᠵᠡᠷᠭᠡ ᠲᠠᠯ᠎ᠠ᠎ᠪᠠᠷ ᠢᠯᠡᠳᠲᠡ ᠳᠠᠪᠠᠭᠤᠯᠢᠭ᠎ᠲᠠᠶ ᠪᠣᠯᠵᠠᠢ᠃ ᠡᠷᠬᠢᠮ ᠵᠣᠴᠢᠳ ᠬᠦᠭᠦᠷᠭᠡ ᠬᠤᠯᠪᠤᠭᠠᠰᠤ ᠪᠤᠯᠵᠤ᠂ ᠥᠪᠥᠷ ᠮᠣᠩᠭᠣᠯ᠎ᠢ ᠬᠠᠪᠰᠤᠷᠤᠨ ᠡᠯ᠎ᠡ ᠤᠯᠤᠰ᠎ᠯᠤᠭ᠎ᠠ ᠰᠣᠶᠣᠯ ᠢᠷᠭᠡᠨᠱᠢᠯ᠎ᠦᠨ ᠰᠣᠯᠢᠯᠴᠠᠭ᠎ᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠠᠵᠤ ᠦᠢᠯᠡᠰ᠂ ᠬᠣᠯᠪᠣᠯᠳᠤᠨ ᠨᠡᠪᠲᠡᠷᠡᠯᠴᠡᠬᠦ᠌ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠬᠠᠮᠲᠤ᠎ᠪᠠᠷ ᠠᠱᠢᠭ ᠬᠦᠷᠳᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃

  ᠮᠣᠽᠠᠮᠪᠢᠺ᠎ᠦᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ ᠮᠠᠯᠢᠶᠠ·ᠭᠦᠰᠲ᠋ᠠᠸᠠ ᠡᠯ᠎ᠡ ᠤᠯᠤᠰ᠎ᠦᠨ ᠵᠣᠴᠢᠳ᠎ᠢ ᠲᠦᠯᠦᠭᠡᠯᠡᠨ ᠤᠷᠢᠯᠭ᠎ᠠ᠎ᠪᠠᠷ ᠲᠠᠪᠤᠳᠤᠭᠠᠷ ᠬᠤᠭᠤᠴᠠᠭᠠᠨ᠎ᠦ ᠳᠤᠮᠳᠠᠳᠤ ᠮᠣᠩᠭᠣᠯ᠎ᠦᠨ ᠦᠵᠡᠰᠭᠦᠯᠡᠩ᠎ᠤᠨ ᠴᠤᠭ᠍ᠯᠠᠭᠠᠨ᠎ᠳᠤ ᠣᠷᠣᠯᠴᠠᠭ᠍ᠰᠠᠨ᠎ᠳᠠᠭᠠᠨ ᠮᠠᠰᠢ ᠪᠠᠶᠠᠷᠯᠠᠵᠤ ᠪᠠᠢᠨ᠎ᠠ ᠭᠡᠵᠦ᠍ ᠢᠯᠡᠳᠭᠡᠪᠡ᠃ ᠲᠡᠷᠡ᠂ 《ᠨᠢᠭᠡ ᠪᠦᠰᠡ ᠨᠢᠭᠡ ᠵᠠᠮ》ᠤ᠋ᠨ ᠰᠠᠨᠠᠭᠠᠴᠢᠯᠠᠭ᠎ᠠ᠎ᠶ᠋ᠢᠨ ᠪᠤᠷᠤ ᠲᠦᠯᠦᠪ᠎ᠦᠨ ᠳᠣᠣᠷ᠎ᠠ ᠳᠤᠮᠳᠠᠳᠤ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠠᠵᠤ ᠠᠬᠤᠢ ᠠᠷᠠᠯᠵᠢᠶ᠎ᠠ ᠵᠡᠷᠭᠡ ᠲᠠᠯ᠎ᠠ᠎ᠶ᠋ᠢᠨ ᠶᠠᠪᠤᠯᠴᠠᠭ᠎ᠠ ᠰᠣᠯᠢᠯᠴᠠᠭ᠎ᠠ᠎ᠪᠠᠨ ᠴᠢᠩᠭᠠᠳᠭᠠᠵᠤ᠂ ᠡᠬᠢ ᠪᠠᠶᠠᠯᠢᠭ᠎ᠢ ᠠᠱᠢᠭ᠍ᠯᠠᠬᠤ ᠲᠠᠯ᠎ᠠ᠎ᠪᠠᠷ ᠦᠪᠦᠷ ᠮᠤᠩᠭᠤᠯ᠎ᠤᠨ ᠲᠡᠷᠢᠭᠦᠨ᠎ᠦ ᠲᠤᠷᠱᠢᠯᠭ᠎ᠠ᠎ᠶ᠋ᠢ ᠰᠤᠷᠤᠯᠴᠠᠵᠤ᠂ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢᠶᠡᠨ ᠲᠠᠰᠤᠷᠠᠯᠲᠠ ᠦᠭᠡᠢ ᠥᠷᠭᠡᠳᠭᠡᠬᠦ᠌᠎ᠶ᠋ᠢ ᠬᠦᠰᠡᠵᠦ᠍ ᠪᠠᠢᠨ᠎ᠠ ᠭᠡᠪᠡ᠃

  ᠮᠣᠽᠠᠮᠪᠢᠺ᠂ ᠺᠠᠮᠪᠣᠵᠠ᠂ ᠺᠠᠽᠠᠭ᠍ᠰᠲ᠋ᠠᠨ᠂ ᠦᠷᠦᠢ᠍ᠭᠤᠸᠠᠢ᠂ ᠶᠠᠫᠣᠨ᠂ ᠤᠷᠤᠰ᠂ ᠲᠠᠢ ᠤᠯᠤᠰ᠂ ᠪᠸᠩᠭᠠᠯ ᠤᠯᠤᠰ᠂ ᠺᠸᠨᠢᠶᠠ᠂ ᠪᠢᠷᠮᠠ᠂ ᠠᠮᠧᠷᠢᠺᠠ ᠵᠡᠷᠭᠡ 11 ᠤᠯᠤᠰ᠎ᠡᠴᠡ ᠢᠷᠡᠭ᠌ᠰᠡᠨ ᠭᠠᠳᠠᠭᠠᠳᠤ᠎ᠶ᠋ᠢᠨ ᠵᠣᠴᠢᠳ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            