5 ᠳ᠋ᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠤᠯ ᠤᠯᠤᠰ᠎ᠤᠨ ᠦᠵᠡᠰᠭᠦᠯᠡᠩ᠎ᠤᠨ ᠴᠤᠭ᠍ᠯᠠᠭᠠᠨ ( ᠳᠣᠷᠣᠭ᠍ᠰᠢ 《ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ》 ᠭᠡᠵᠦ᠍ ᠲᠣᠪᠴᠢᠯᠠᠨ᠎ᠠ ) ᠨᠢ 2025 ᠣᠨ᠎ᠤ 8 ᠳ᠋ᠤᠭᠠᠷ ᠰᠠᠷ᠎ᠠ᠎ᠶ᠋ᠢᠨ 25 ᠤ ᠡᠳᠦᠷ᠎ᠠᠴᠠ 29 ᠤ ᠡᠳᠦᠷ ᠪᠣᠯᠲᠠᠯ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠨ᠎ᠠ᠃ ᠲᠣᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠨᠢ 《ᠬᠠᠷᠢᠯᠴᠠᠨ ᠠᠱᠢᠭ᠍ᠲᠠᠶ ᠪᠠᠢᠬᠤ᠎ᠶ᠋ᠢ ᠭᠦᠨᠵᠡᠭᠡᠢᠷᠡᠭᠦᠯᠵᠦ᠍ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠬᠤ》 ᠪᠠᠷ ᠭᠤᠤᠯ ᠰᠡᠳᠦᠪ ᠪᠣᠯᠭᠠᠵᠤ᠂ 《 ᠰᠦᠯᠵᠢᠶᠡᠨ ᠭᠠᠳᠠᠨ᠎ᠠ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠢᠯᠠᠭᠠᠬᠤ + ᠰᠦᠯᠵᠢᠶᠡᠨ ᠳᠡᠭᠡᠷ᠎ᠡ ᠨᠠᠷᠢᠯᠢᠭ᠋ ᠣᠨᠣᠴᠠᠲᠠᠢ᠎ᠪᠠᠷ ᠣᠷᠣᠭᠤᠯᠵᠤ ᠠᠪᠴᠢᠷᠠᠬᠤ + ᠲᠤᠬᠠᠢ᠎ᠶᠢᠨ ᠲᠠᠯᠠᠪᠤᠷ᠎ᠤᠨ ᠰᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠬᠤ 》 ᠭᠤᠷᠪᠠᠨ ᠱᠤᠭᠤᠮ᠎ᠤᠨ ᠠᠭᠤᠰᠤᠯᠴᠠᠯ᠎ᠤᠨ ᠵᠠᠭ᠍ᠪᠤᠷ᠎ᠢ ᠱᠢᠨ᠎ᠡ᠎ᠪᠠᠷ ᠡᠭᠦᠳᠦᠨ ᠬᠡᠷᠡᠭ᠌ᠯᠡᠵᠦ᠍᠂ ᠣᠷᠣᠨ ᠪᠦᠰᠡ᠎ᠶ᠋ᠢᠨ ᠬᠢᠵᠠᠭᠠᠷᠯᠠᠯ᠎ᠢ ᠡᠪᠳᠡᠵᠦ᠍᠂ ᠪᠥᠬᠦ᠌ ᠪᠥᠮᠪᠥᠷᠴᠡᠭ᠎ᠤᠨ ᠠᠩᠬᠠᠷᠤᠯ᠎ᠢ ᠲᠠᠲᠠᠵᠤ᠂ ᠦᠵᠡᠰᠭᠦᠯᠡᠩᠳᠤ ᠣᠷᠣᠯᠴᠠᠭ᠍ᠰᠠᠨ ᠬᠤᠳᠠᠯᠳᠤᠭᠠᠴᠢᠨ᠎ᠤ ᠠᠷᠠᠯᠵᠢᠶᠠᠨ᠎ᠤ ᠲᠤᠭ᠎ᠠ᠎ᠶ᠋ᠢ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠵᠦ᠍᠂ ᠳᠤᠮᠳᠠᠳᠤ ᠮᠣᠩᠭᠤᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠪᠣᠳᠠᠲᠤ ᠦᠷ᠎ᠡ ᠪᠦᠲᠦᠮᠵᠢ᠎ᠶ᠋ᠢ ᠴᠢᠩᠭᠠᠷᠠᠭᠤᠯᠬᠤ᠎ᠶ᠋ᠢᠨ ᠲᠥᠯᠥᠭᠡ ᠶᠤᠮ᠃\

8 ᠳ᠋ᠤᠭᠠᠷ ᠰᠠᠷ᠎ᠠ᠎ᠶ᠋ᠢᠨ 11 ᠤ ᠡᠳᠦᠷ᠂ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠰᠦᠯᠵᠢᠶᠡᠨ ᠳᠡᠭᠡᠷ᠎ᠡ ᠲᠠᠷᠢᠶᠠᠯᠠᠩ᠎ᠢ ᠲᠤᠰᠠᠯᠠᠬᠤ ᠠᠵᠢᠯᠯᠠᠭ᠎ᠠ᠎ᠶ᠋ᠢ ᠤᠷᠢᠳᠴᠢᠯᠠᠨ ᠱᠢᠭᠤᠳ ᠨᠡᠪᠲᠡᠷᠡᠭᠦᠯᠪᠡ᠃ ᠲᠣᠰ ᠤᠳᠠᠭᠠᠨ᠎ᠤ ᠬᠠᠮᠲᠤᠷᠠᠯᠴᠠᠭ᠎ᠠ᠎ᠨᠢ ᠲᠣᠰ ᠭᠠᠵᠠᠷ ᠣᠷᠣᠨ᠎ᠤ ᠲᠠᠷᠢᠶᠠᠯᠠᠩ᠎ᠤᠨ ᠣᠨᠴᠠ ᠪᠦᠲᠦᠭᠡᠭ᠌ᠳᠡᠬᠦᠨ᠎ᠤ ᠢᠷᠡᠯᠲᠡ᠎ᠶ᠋ᠢ ᠡᠷᠢᠬᠦ᠌ ᠪᠠ ᠳᠡᠯᠭᠡᠷᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨᠵᠡᠭᠡᠶ ᠰᠣᠩᠭᠤᠬᠤ᠂ ᠲᠤᠬᠠᠶ᠎ᠶ᠋ᠢᠨ ᠭᠠᠵᠠᠷ᠎ᠲᠤᠨᠢ ᠡᠬᠢ ᠡᠭᠦᠰᠦᠯ᠎ᠢ᠎ᠨᠢ ᠡᠷᠢᠬᠦ᠌ ᠪᠠ ᠥᠨᠳᠥᠷ ᠪᠦᠲᠦᠮᠵᠢᠲᠡᠶ ᠱᠢᠭᠤᠳ ᠨᠡᠪᠲᠡᠷᠡᠭᠦᠯᠬᠦ᠌᠎ᠪᠠᠷ ᠳᠠᠮᠵᠢᠭᠤᠯᠤᠨ᠂ ᠲᠠᠩ ᠲᠠᠯᠠᠪᠠᠶ ᠪᠣᠷᠣᠯᠠᠭᠤᠯᠤᠯᠲᠠ᠎ᠶ᠋ᠢᠨ ᠬᠡᠮᠵᠢᠶ᠎ᠡ᠎ᠶ᠋ᠢ 150 ᠲᠦᠮᠡᠨ ᠲᠥᠭᠦᠷᠢᠭ᠎ᠢ ᠲᠣᠭ᠍ᠲᠠᠭᠤᠨ᠎ᠢᠶᠠᠷ ᠳᠠᠪᠠᠭ᠍ᠤ᠎ᠶ᠋ᠢ ᠪᠡᠶᠡᠯᠡᠭᠦᠯᠵᠦ᠍᠂ ᠥᠪᠥᠷ ᠮᠣᠩᠭᠤᠯ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠤ ᠳᠡᠭᠡᠭ᠌ᠰᠢᠯᠡᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃


ᠡᠬᠢ ᠰᠤᠷᠪᠤᠯᠵᠢ᠎ᠶ᠋ᠢ ᠴᠢᠩᠭ᠎ᠠ ᠰᠣᠩᠭᠤᠵᠤ᠂ ᠶᠠᠰᠤ ᠴᠢᠨᠠᠷ᠎ᠤᠨ ᠰᠠᠭᠤᠷᠢ᠎ᠶ᠋ᠢ ᠪᠠᠲᠤ ᠴᠣᠭ᠍ᠴᠠᠯᠠᠶ᠎ᠠ
ᠱᠤᠤ ᠴᠢᠶᠠᠨ᠎ᠤ ᠪᠦᠯᠬᠦᠮ ᠨᠢᠭᠡᠴᠢ 《 ᠲᠤᠬᠠᠢ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠬᠤ + ᠶᠠᠰᠤ ᠴᠢᠨᠠᠷ᠎ᠢ ᠠᠳᠭᠤᠬᠤ 》 ᠵᠠᠭ᠍ᠪᠤᠷ᠎ᠢ ᠦᠷᠭᠦᠯᠵᠢᠯᠡᠭᠦᠯᠵᠦ᠍᠂ ᠶᠤᠸᠠᠢ ᠶᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠵᠢᠯᠴᠠᠭ᠎ᠠ ᠳᠣᠣᠷ᠎ᠠ ᠬᠥᠬᠡᠬᠤᠲᠠ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠰᠠᠭᠤᠷᠢᠨ᠎ᠳᠤ ᠭᠦᠨᠵᠡᠭᠡᠢᠷᠡᠵᠦ᠍᠂ ᠦᠬᠡᠷ ᠬᠤᠨᠢᠨ ᠮᠢᠬ᠎ᠠ᠂ ᠴᠠᠭᠠᠨ ᠢᠳᠡᠭᠡ᠂ ᠡᠯᠳᠡᠪ ᠠᠮᠤ ᠵᠡᠷᠭᠡ ᠤᠨᠴᠠᠯᠢᠬ᠍ᠳᠤ ᠦᠢᠯᠡᠳᠬᠦᠨ᠎ᠳᠤ ᠪᠦᠬᠦ᠌ ᠬᠡᠯᠬᠢᠶᠡᠨ᠎ᠤ ᠵᠠᠮ᠎ᠤᠨ ᠡᠬᠢ ᠡᠭᠦᠰᠦᠯ᠎ᠢ᠎ᠨᠢ ᠡᠷᠢᠪᠡ᠃ ᠪᠦᠯᠬᠦᠮ᠎ᠨᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠢᠷᠢ ᠬᠡᠮ᠎ᠢ ᠴᠢᠩᠭ᠎ᠠ ᠬᠢᠨᠠᠨ ᠬᠠᠷᠭᠤᠭᠤᠯᠵᠤ᠂ ᠦᠢᠯᠡᠳᠬᠦᠨ᠎ᠤ ᠶᠠᠰᠤ ᠴᠢᠨᠠᠷ᠂ ᠬᠥᠮᠥᠷᠭᠡᠯᠡᠨ ᠬᠠᠳᠠᠭᠠᠯᠠᠬᠤ ᠪᠠᠷᠠᠭᠠᠨ᠎ᠤ ᠭᠦᠢᠯᠭᠡᠭᠡ ᠵᠢᠴᠢ ᠬᠤᠳᠠᠯᠳᠤᠭ᠍ᠰᠠᠨᠤ ᠳᠠᠷᠠᠭᠠᠬᠢ ᠱᠢᠰᠲ᠋ᠧᠮᠵᠢ᠎ᠨᠢ ᠥᠨᠳᠥᠷ ᠪᠠᠷᠢᠮᠵᠢᠶ᠎ᠠ᠎ᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠵᠤ᠂ ᠬᠡᠷᠡᠭ᠌ᠯᠡᠭ᠌ᠴᠢᠳ᠎ᠲᠤ 《ᠣᠯᠵᠤ ᠦᠵᠡᠬᠦ᠌ ᠰᠠᠨᠠᠭ᠎ᠠ ᠠᠮᠤᠷ ᠪᠠᠢᠬᠤ》 ᠶ᠋ᠢ ᠬᠠᠩᠭᠠᠪᠠ᠃ ᠲᠣᠰ ᠤᠳᠠᠭᠠᠨ᠎ᠤ ᠰᠣᠩᠭᠤᠯᠲᠠ᠎ᠨᠢ 《ᠲᠠᠯ᠎ᠠ ᠨᠤᠲᠤᠭ᠎ᠤᠨ ᠠᠮᠢ ᠠᠬᠤᠶ》 ᠶ᠋ᠢᠨ ᠣᠨᠴᠠᠯᠢᠭ᠎ᠢ ᠳᠣᠪᠤᠢᠯᠭᠠᠵᠤ᠂ ᠵᠢᠱ᠌ᠢᠶᠡᠯᠡᠪᠡᠯ ᠪᠠᠶᠠᠨᠨᠠᠭᠤᠷ ᠠᠢᠮᠠᠭ᠎ᠤᠨ ᠦᠶᠤᠸᠠᠨ ᠱᠢᠷ᠎ᠠ ᠲᠥᠪᠡᠳ ᠬᠠᠰᠢ᠂ ᠦᠬᠡᠷ ᠬᠤᠨᠢᠨ ᠮᠢᠬ᠎ᠠ᠂ ᠲᠦᠮᠡᠳ ᠵᠡᠭᠦᠨ ᠬᠤᠱᠢᠭᠤᠨ᠎ᠤ ᠪᠣᠷᠣᠯᠠᠭᠤᠯᠭ᠎ᠠ ᠮᠠᠭᠤᠲᠠᠢ ᠱᠢᠷ᠎ᠠ ᠯᠤᠤᠪᠠᠩ ᠵᠡᠷᠭᠡ ᠲᠠᠷᠢᠶᠠᠴᠢᠨ ᠡᠷᠦᠬᠡ᠎ᠶ᠋ᠢᠨ ᠲᠠᠩ ᠪᠦᠲᠦᠭᠡᠭ᠌ᠳᠡᠬᠦᠨ ᠪᠠᠢᠵᠤ᠂ ᠬᠡᠷᠡᠭ᠌ᠯᠡᠭ᠌ᠴᠢᠳ᠎ᠤᠨ ᠪᠣᠬᠢᠷᠲᠤᠯ ᠥᠬᠡᠶ ᠡᠷᠡᠭᠦᠯ ᠮᠡᠨᠳᠦ᠍᠎ᠶ᠋ᠢᠨ ᠪᠦᠲᠦᠭᠡᠭ᠌ᠳᠡᠬᠦᠨ᠎ᠤ ᠬᠡᠷᠡᠭ᠌ᠴᠡᠭᠡ ᠱᠠᠭᠠᠷᠳᠠᠯᠭ᠎ᠠ᠎ᠳᠤ ᠲᠦᠢᠯ᠎ᠤᠨ ᠣᠨᠣᠪᠴᠢᠲᠠᠶ᠎ᠪᠠᠷ ᠨᠡᠢᠴᠡᠨ᠎ᠡ᠃


ᠲᠤᠰ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠬᠤᠭᠤᠴᠠᠭᠠᠨ᠎ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ᠎ᠶ᠋ᠢ ᠵᠢᠪᠦᠮᠡᠯ ᠮᠠᠶᠢᠭ᠎ᠤᠨ ᠬᠠᠷᠢᠯᠴᠠᠨ ᠦᠢᠯᠡᠳᠦᠯᠴᠡᠵᠦ᠍ ᠪᠡᠶᠡᠴᠢᠯᠡᠨ ᠣᠢᠯᠠᠭᠠᠬᠤ ᠱᠢᠨ᠎ᠡ᠎ᠶ᠋ᠢ ᠡᠭᠦᠳᠴᠦ᠍᠂ 《ᠰᠦᠯᠵᠢᠶᠡᠨ ᠳᠡᠭᠡᠷᠡᠬᠢ ᠭᠠᠵᠠᠷ᠎ᠤᠨ ᠵᠢᠷᠤᠭ᠎ᠢ ᠭᠡᠷᠡᠯᠳᠦᠭᠦᠯᠦᠨ ᠺᠠᠷᠲ ᠠᠪᠬᠤ》 ᠪᠠ 《ᠥᠯᠵᠡᠢᠲᠦ ᠪᠣᠳᠠᠰ᠎ᠤᠨ ᠭᠠᠳᠠᠷ ᠪᠠᠢᠳᠠᠯ᠎ᠢ ᠢᠯᠡᠷᠡᠭᠦᠯᠵᠦ᠍ ᠡᠷᠳᠡᠨᠢ ᠡᠷᠢᠬᠦ᠌》 ᠠᠵᠢᠯᠯᠠᠭ᠎ᠠ᠎ᠪᠠᠷ ᠳᠠᠮᠵᠢᠭᠤᠯᠤᠨ᠂ ᠦᠵᠡᠭ᠌ᠴᠢᠳ ᠨᠣᠮᠧᠷ᠎ᠢ ᠱᠢᠷᠪᠢᠪᠡᠯ ᠱᠢᠭᠤᠳ ᠨᠡᠪᠲᠡᠷᠡᠭᠦᠯᠬᠦ᠌ ᠠᠰᠠᠷᠠᠮᠵᠢ ᠵᠢᠴᠢ ᠬᠡᠷᠡᠭ᠌ᠯᠡᠭᠡᠨ᠎ᠤ ᠲᠡᠮᠳᠡᠭ᠌ᠲᠦ᠍᠎ᠶ᠋ᠢ ᠣᠯᠵᠤ᠂ ᠡᠭᠦᠷᠭᠡ᠎ᠪᠠᠨ ᠪᠡᠶᠡᠯᠡᠭᠦᠯᠵᠦ᠍ ᠰᠣᠶᠣᠯ᠎ᠤᠨ ᠪᠦᠲᠦᠭᠡᠯᠴᠢ ᠪᠡᠯᠡᠭ ᠪᠠ ᠵᠢᠭᠤᠯᠴᠢᠯᠠᠯ᠎ᠤᠨ ᠲᠡᠮᠳᠡᠭ᠌ᠲᠦ᠍᠎ᠶ᠋ᠢ ᠰᠣᠯᠢᠵᠤ ᠪᠣᠯᠤᠨ᠎ᠠ᠃ ᠡᠭᠦᠨ᠎ᠤ ᠬᠠᠮᠲᠤ ᠪᠥᠬᠦ᠌ ᠣᠷᠣᠨ ᠪᠦᠰᠡ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠵᠢᠭ᠍ᠰᠠᠭᠠᠯ᠎ᠢ ᠪᠠᠢᠭᠤᠯᠵᠠᠢ — ᠡᠳᠦᠷ ᠪᠦᠷᠢ 9᠄ 00-18᠄ 00 ᠴᠠᠭ᠎ᠲᠤ 《ᠰᠠᠢᠨ ᠪᠤᠳᠠᠰ᠎ᠢ ᠠᠩᠬ᠎ᠠ ᠲᠠᠷᠬᠠᠭᠠᠬᠤ》᠂《ᠬᠠᠭᠤᠴᠢᠨ ᠨᠡᠷᠡᠲᠦ ᠲᠤᠰᠭᠠᠢ ᠲᠠᠯᠠᠪᠤᠷ》 ᠵᠡᠷᠭᠡ ᠪᠦᠬᠦ᠌ ᠴᠠᠭ᠎ᠤᠨ ᠭᠤᠤᠯ ᠰᠡᠳᠦᠪᠲᠦ ᠱᠢᠭᠤᠳ ᠨᠡᠪᠲᠡᠷᠡᠭᠦᠯᠭᠡ ᠶ᠋ᠢᠨ ᠲᠠᠰᠤᠭ ᠭᠠᠷᠭᠠᠵᠤ᠂ ᠡᠩᠬᠡ᠂ ᠪᠠᠲᠤ ᠠᠨᠳᠠ ᠵᠡᠷᠭᠡ ᠱᠢᠭᠤᠳ ᠨᠡᠪᠲᠡᠷᠡᠭᠦᠯᠭᠡ᠎ᠶ᠋ᠢ ᠲᠤᠬᠠᠶ᠎ᠶ᠋ᠢᠨ ᠲᠠᠯᠠᠪᠤᠷ᠎ᠲᠤ 《ᠱᠢᠭᠤᠳ ᠨᠡᠪᠲᠡᠷᠡᠭᠦᠯᠬᠦ᠌ ᠲᠠᠰᠤᠭ》 ᠤᠨ ᠬᠠᠷᠢᠯᠴᠠᠨ ᠬᠥᠳᠡᠯᠦᠯᠴᠡᠬᠦ᠌ ᠲᠠᠯᠠᠪᠤᠷ᠎ᠢ ᠴᠣᠭ᠍ᠴᠠᠯᠠᠨ᠎ᠠ; ᠲᠢᠭ ᠲᠣᠭ᠂ ᠬᠤᠷᠳᠤᠨ ᠭᠠᠷ᠎ᠲᠤ ᠲᠦᠱᠢᠭ᠌ᠯᠡᠨ᠂ # ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠤ ᠰᠠᠢᠨ ᠪᠣᠳᠠᠰ # ᠥᠷᠢᠰᠦᠯᠳᠦᠭᠡᠨ᠎ᠦ ᠤᠷᠤᠯᠳᠤᠭᠠᠨ ᠮᠠᠰᠢ ᠱᠢᠷᠦᠭᠦᠨ ᠶᠠᠪᠤᠭ᠍ᠳᠠᠵᠤ ᠂ ᠵᠢᠩ ᠳ᠋ᠦᠩ᠂ ᠲᠢᠶᠠᠨ ᠮᠣᠣ ᠲᠤᠰᠬᠠᠢ ᠣᠷᠣᠨ ᠵᠢᠴᠢ ᠲᠠᠪᠴᠠᠩ᠎ᠤᠨ ᠵᠦᠷᠢᠶᠡᠴᠢᠯᠡᠭᠰᠡᠨ ᠠᠷᠭ᠎ᠠ ᠪᠣᠳᠣᠯᠭ᠎ᠠ ( ᠵᠢᠱ᠌ᠢᠶᠡᠯᠡᠪᠡᠯ ᠲᠦᠷᠭᠡᠨ ᠭᠠᠷ 《ᠨᠡᠪᠲᠡᠷᠡᠭᠦᠯᠦᠭᠴᠢ ᠬᠠᠩᠰᠢ ᠪᠠᠭᠤᠷᠠᠭᠤᠯᠬᠤ 》 )᠎ᠲᠠᠢ ᠤᠶᠠᠯᠳᠤᠭᠤᠯᠤᠨ ᠨᠠᠷᠢᠯᠢᠭ᠋ ᠣᠨᠣᠴᠠᠲᠠᠢ ᠵᠠᠮᠴᠢᠯᠠᠨ᠎ᠠ᠃ ᠡᠴᠦᠰ᠎ᠲᠡᠭᠡᠨ ᠳᠡᠯᠭᠡᠨ ᠦᠵᠡᠭᠦᠯᠬᠦ᠌ ᠬᠤᠳᠠᠯᠳᠤᠭᠠᠴᠢᠨ᠎ᠤ ᠠᠷᠭ᠎ᠠ ᠵᠠᠮ᠎ᠢ ᠥᠷᠭᠡᠳᠭᠡᠬᠦ᠂ ᠦᠵᠡᠭ᠌ᠴᠢᠳ᠎ᠤᠨ ᠱᠢᠯᠢᠳᠡᠭ ᠣᠢᠯᠠᠭᠠᠯᠲᠠ᠂ ᠲᠠᠪᠴᠠᠩ᠎ᠤᠨ ᠬᠦᠴᠦᠲᠠᠢ ᠳᠠᠭᠤᠨ 《ᠰᠦᠯᠵᠢᠶᠡᠨ ᠳᠡᠭᠡᠷᠡᠬᠢ ᠳᠠᠭᠤᠨ ᠬᠡᠮᠵᠢᠶ᠎ᠡ + ᠰᠦᠯᠵᠢᠶᠡᠨ ᠭᠠᠳᠠᠭᠤᠷᠬᠢ ᠪᠣᠳᠠᠲᠤ ᠦᠷ᠎ᠡ ᠪᠦᠲᠦᠮᠵᠢ》 ᠭᠤᠷᠪᠠᠨ ᠲᠠᠯ᠎ᠠ᠎ᠪᠠᠷ᠎ᠢᠶᠠᠨ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠵᠦ᠍᠂ ᠪᠣᠷᠣᠯᠠᠭᠤᠯᠭ᠎ᠠ᠎ᠶ᠋ᠢᠨ ᠲᠦᠷᠦᠭᠦᠤ ᠠᠷᠪᠠᠨ ᠨᠠᠷᠠᠲᠤ ᠲᠡᠮᠳᠡᠭ᠎ᠨᠢ ᠳᠠᠷᠠᠭ᠎ᠠ ᠬᠤᠭᠤᠴᠠᠭᠠᠨ᠎ᠤ ᠰᠦᠢᠳᠭᠡᠯ ᠬᠤᠷᠢᠶᠠᠬᠤ ᠥᠬᠡᠶ ᠦᠵᠡᠭᠦᠯᠭᠡ᠎ᠶ᠋ᠢᠨ ᠪᠠᠢᠷᠢ ᠵᠢᠴᠢ ᠤᠷᠤᠰᠭᠠᠯ᠎ᠤᠨ ᠬᠡᠮᠵᠢᠶ᠎ᠡ᠎ᠶ᠋ᠢᠨ ᠲᠡᠳᠬᠦᠮᠵᠢ᠎ᠶ᠋ᠢ ᠨᠠᠩ ᠢᠯᠡᠭᠦᠤ ᠣᠯᠵᠤ ᠪᠣᠯᠤᠨ᠎ᠠ᠃ ᠪᠢᠳᠡ ᠬᠠᠮᠲᠤ᠎ᠪᠠᠷ᠎ᠢᠶᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠤᠯ ᠤᠯᠤᠰ᠎ᠤᠨ ᠦᠵᠡᠰᠭᠦᠯᠡᠩ᠎ᠤᠨ ᠴᠤᠭ᠍ᠯᠠᠭᠠᠨ᠎ᠤ ᠬᠦᠷᠴᠦ᠍ ᠢᠷᠡᠬᠦ᠌᠎ᠶ᠋ᠢ ᠬᠦᠰᠡᠵᠦ᠍ ᠪᠠᠢᠨ᠎ᠠ!