8 ᠳ᠋ᠤᠭ᠋ᠠᠷ ᠰᠠᠷ᠎ᠠ᠎ᠶ᠋ᠢᠨ 25 ᠤ ᠡᠳᠦᠷ᠎ᠤᠨ ᠦᠳᠡ᠎ᠶ᠋ᠢᠨ ᠡᠮᠦᠨ᠎ᠡ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ | ᠮᠣᠩᠭᠤᠯ ᠤᠯᠤᠰ᠎ᠤᠨ ᠦᠵᠡᠰᠭᠦᠯᠡᠩ᠎ᠤᠨ ᠴᠤᠭ᠍ᠯᠠᠭᠠᠨ (ᠳᠥᠭᠦᠮᠴᠢᠯᠡᠭᠡᠳ 《ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ》 ᠭᠡᠳᠡᠭ) ᠬᠥᠬᠡᠬᠤᠲᠠ᠎ᠳᠤ ᠡᠬᠢᠯᠡᠪᠡ᠃ ᠲᠣᠰ ᠬᠤᠭᠤᠴᠠᠭᠠᠨ᠎ᠤ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠨᠢ 《 ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠬᠤ 》 ᠪᠠᠷ ᠭᠤᠤᠯ ᠰᠡᠳᠦᠪ ᠪᠣᠯᠭᠠᠵᠤ᠂ ᠳᠡᠭᠡᠳᠦ ᠳᠠᠪᠬᠤᠷᠭ᠎ᠠ᠎ᠶ᠋ᠢᠨ ᠰᠣᠯᠢᠯᠴᠠᠭ᠎ᠠ᠂ ᠠᠵᠤ ᠠᠬᠤᠶ ᠠᠷᠠᠯᠵᠢᠶᠠᠨ᠎ᠤ ᠵᠥᠪᠳᠡᠯᠴᠡᠭᠡ᠂ ᠰᠣᠶᠣᠯ ᠢᠷᠭᠡᠨᠱᠢᠯ᠎ᠤᠨ ᠰᠣᠯᠢᠯᠴᠠᠭ᠎ᠠ᠂ ᠦᠵᠡᠰᠭᠦᠯᠡᠩ ᠦᠵᠡᠭᠦᠯᠭᠡ ᠵᠡᠷᠭᠡ ᠳᠥᠷᠪᠡᠨ ᠶᠡᠭᠡ ᠲᠠᠯ᠎ᠠ᠎ᠶ᠋ᠢᠨ ᠠᠭᠤᠯᠭ᠎ᠠ᠎ᠶ᠋ᠢ ᠳᠣᠭᠢᠷᠠᠭᠤᠯᠤᠨ᠂ ᠣᠷᠣᠨ ᠪᠦᠰᠡ᠎ᠶ᠋ᠢᠨ ᠴᠢᠨᠠᠷᠲᠠᠶ᠂ ᠨᠡᠭᠡᠭᠡᠯᠲᠡᠲᠦ ᠴᠢᠨᠠᠷ ᠪᠠ ᠣᠯᠠᠨ ᠡᠱᠢᠲᠦ ᠴᠢᠨᠠᠷ᠎ᠢ ᠳᠣᠪᠤᠢᠯᠭᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠲᠠᠪᠴᠠᠩ᠂ ᠣᠷᠣᠨ ᠪᠦᠰᠡ᠎ᠶ᠋ᠢᠨ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠯᠴᠠᠭᠠᠨ᠎ᠤ ᠱᠢᠨ᠎ᠡ ᠬᠤᠯᠪᠣᠭᠠᠰᠤ᠂ ᠵᠡᠭᠦᠨ ᠬᠤᠢᠲᠤ ᠠᠽᠢᠶ᠎ᠠ᠎ᠶ᠋ᠢᠨ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠱᠢᠨ᠎ᠡ ᠲᠤᠯᠤᠭ᠍ᠴᠢ ᠴᠡᠭ᠎ᠢ ᠬᠦᠴᠦᠯᠡᠨ ᠪᠣᠶ ᠪᠣᠯᠭᠠᠪᠠ᠃


ᠡᠬᠢᠯᠡᠯᠲᠡ᠎ᠶ᠋ᠢᠨ ᠶᠣᠰᠣᠯᠠᠯ᠎ᠤᠨ ᠠᠬᠤᠢ ᠲᠠᠯᠠᠪᠠᠢ᠃

ᠬᠤᠷᠠᠯ᠎ᠳᠤ ᠣᠷᠣᠯᠴᠠᠭ᠍ᠰᠠᠨ ᠬᠦᠨᠳᠦᠲᠦ ᠵᠣᠴᠢᠳ᠃

ᠤᠭ᠍ᠲᠤᠬᠤ ᠶᠣᠰᠣᠯᠠᠯ᠃

ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨ᠎ᠲᠠᠢ ᠪᠠᠢᠯ᠎ᠠ᠃

ᠭᠠᠳᠠᠭᠠᠳᠤ᠎ᠶ᠋ᠢᠨ ᠵᠣᠴᠢᠳ ᠰᠠᠢᠨ ᠳᠤᠷ᠎ᠠ᠎ᠶ᠋ᠢᠨ ᠦᠢᠯᠡᠴᠢᠯᠡᠭ᠌ᠴᠢ᠎ᠡᠴᠡ ᠪᠠᠢᠳᠠᠯ᠎ᠢ ᠣᠢ᠌ᠯᠠᠭ᠋ᠠᠵᠤ ᠪᠤᠢ᠃