ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠲᠤᠭ᠎ᠠ ᠪᠠᠷᠢᠮᠲᠠ᠎ᠶ᠋ᠢᠨ ᠦᠨᠳᠦᠰᠦ ᠰᠠᠭᠤᠷᠢ᠎ᠶ᠋ᠢ ᠪᠠᠬᠢᠵᠢᠭᠦᠯᠵᠦ᠍ ᠬᠤᠳᠠᠯᠳᠤᠭᠠᠨ᠎ᠤ ᠶᠠᠪᠤᠳᠠᠯ᠎ᠤᠨ ᠬᠥᠭ᠌ᠵᠢᠯᠲᠡ᠎ᠳᠤ ᠡᠨᠧᠷᠭᠢ ᠣᠯᠭᠤᠬᠤ — ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠦᠷᠢᠳᠭᠡᠯ᠎ᠤᠨ ᠵᠢᠷᠤᠮᠵᠢᠭᠤᠯᠤᠯᠲᠠ᠎ᠶ᠋ᠢᠨ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠠᠮᠵᠢᠯᠲᠠ᠎ᠲᠠᠢ ᠡᠷᠬᠢᠯᠡᠪᠡ
ᠨᠡᠶ᠋ᠢᠲᠡᠯᠡᠭᠰᠡᠨ ᠴᠠᠭ᠄ 2025-08-07

  ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠭᠡᠯ᠎ᠤᠨ ᠠᠵᠢᠯ᠎ᠤᠨ ᠲᠤᠬᠠᠶ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠬᠤ ᠠᠵᠢᠯ᠎ᠤᠨ ᠭᠤᠤᠯ ᠱᠢᠵᠢᠮ᠎ᠤᠨ ᠲᠣᠭᠤᠷᠢᠨ᠎ᠳᠤ᠂ ᠮᠠᠨ᠎ᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠦᠷᠢᠳᠭᠡᠯ᠎ᠤᠨ ᠠᠵᠢᠯ᠎ᠤᠨ ᠱᠢᠨᠵᠢᠯᠡᠬᠦ᠌ ᠤᠬᠠᠭᠠᠨᠴᠢᠯᠠᠯᠲᠠ᠂ ᠵᠢᠷᠤᠮᠵᠢᠭᠤᠯᠤᠯᠲᠠ᠎ᠶ᠋ᠢᠨ ᠬᠢᠷᠢ ᠲᠦᠪᠱᠢᠨ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ 8 ᠳ᠋ᠤᠭᠠᠷ ᠰᠠᠷ᠎ᠠ᠎ᠶ᠋ᠢᠨ 6 ᠎ᠤ ᠡᠳᠦᠷ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳᠠᠬᠢ ᠲᠤᠭ᠎ᠠ ᠪᠦᠷᠢᠳᠭᠡᠯ᠎ᠤᠨ ᠵᠢᠷᠤᠮᠵᠢᠭᠤᠯᠤᠯᠲᠠ᠎ᠶ᠋ᠢᠨ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠬᠥᠬᠡᠬᠤᠲᠠ᠎ᠳᠤ ᠠᠮᠵᠢᠯᠲᠠ᠎ᠲᠠᠢ ᠡᠷᠭᠢᠯᠡᠪᠡ᠃ ᠲᠣᠰ ᠤᠳᠠᠭᠠᠨ᠎ᠤ ᠪᠣᠯᠪᠠᠰᠤᠷᠠᠯ᠎ᠢ 《ᠰᠦᠯᠵᠢᠶᠡᠨ ᠳᠡᠭᠡᠷᠡᠬᠢ ᠪᠠ ᠰᠦᠯᠵᠢᠶᠡᠨ᠎ᠦ ᠭᠠᠳᠠᠭᠤᠷᠬᠢ》 ᠎ᠶ᠋ᠢ ᠤᠶᠠᠯᠳᠤᠭᠤᠯᠬᠤ ᠠᠷᠭ᠎ᠠ ᠮᠠᠶᠢᠭ᠎ᠢᠶᠠᠷ ᠶᠠᠪᠤᠭ᠍ᠳᠠᠭᠤᠯᠵᠤ᠂ ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ᠂ ᠬᠢᠯᠢ᠎ᠶ᠋ᠢᠨ ᠪᠣᠭᠤᠮᠲᠠ᠎ᠶ᠋ᠢᠨ ᠠᠯᠪᠠᠨ ᠬᠡᠷ᠂ ᠡᠯ᠎ᠡ ᠠᠵᠢᠯ ᠦᠢᠯᠡᠰ᠎ᠤᠨ ᠨᠢᠭᠡᠴᠢ᠎ᠶ᠋ᠢᠨ 50 ᠭᠠᠷᠤᠶ ᠬᠥᠮᠦᠨ ᠲᠤᠬᠠᠶ᠎ᠶ᠋ᠢᠨ ᠲᠠᠯᠠᠪᠠᠶ᠎ᠳᠤ ᠪᠣᠯᠪᠠᠰᠤᠷᠠᠯ᠎ᠳᠤ ᠣᠷᠣᠯᠴᠠᠵᠤ᠂ ᠡᠯ᠎ᠡ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠴᠤ᠌ ᠪᠠᠢᠭ᠎ᠠ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠥᠬᠦᠶ ᠠᠵᠢᠯᠲᠠᠨ 80 ᠭᠠᠷᠤᠶ ᠬᠥᠮᠦᠨ ᠡᠯ᠎ᠡ ᠠᠢᠮᠠᠭ ᠬᠤᠲᠠ᠎ᠶ᠋ᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠰᠦᠯᠵᠢᠶᠡᠨ ᠳᠡᠭᠡᠷ᠎ᠡ  ᠪᠣᠯᠪᠠᠰᠤᠷᠠᠯ᠎ᠳᠤ ᠣᠷᠣᠯᠴᠠᠪᠠ᠃

 

 

  ᠪᠣᠯᠪᠠᠰᠤᠷᠠᠯ᠎ᠤᠨ ᠠᠩᠭᠢ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ᠂ ᠬᠢᠯᠢ᠎ᠶ᠋ᠢᠨ ᠪᠣᠭᠤᠮᠲᠠ᠎ᠶ᠋ᠢᠨ ᠠᠯᠪᠠᠨ ᠬᠡᠷ᠎ᠤᠨ ᠡᠷᠬᠢᠯᠡᠭ᠌ᠴᠢ ᠯᠢᠦ ᠶᠦᠩ ᠮᠢᠩ ᠬᠤᠷᠠᠯ᠎ᠳᠤ ᠣᠷᠣᠯᠴᠠᠭ᠍ᠰᠠᠨ ᠪᠥᠭᠡᠳ ᠠᠩᠭᠢ ᠡᠬᠢᠯᠡᠬᠦ᠌ ᠳᠠᠢᠴᠢᠯᠠᠯᠲᠠ᠎ᠶ᠋ᠢᠨ ᠶᠠᠷᠢᠶ᠎ᠠ ᠲᠠᠯᠪᠢᠪᠠ᠃ ᠳᠡᠳ᠋ ᠲᠢᠩᠬᠢᠮ᠎ᠤᠨ ᠳᠠᠷᠤᠭ᠎ᠠ ᠯᠢᠦ ᠶᠦᠩ ᠮᠢᠩ ᠱᠢᠨ᠎ᠡ ᠪᠠᠢᠳᠠᠯ ᠳᠣᠤᠷ᠎ᠠ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠦᠷᠢᠳᠭᠡᠯ᠎ᠤᠨ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠴᠢᠨᠠᠷ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠦᠷᠢᠳᠭᠡᠯ᠎ᠤᠨ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠲᠤᠭ᠎ᠠ ᠪᠦᠷᠢᠳᠭᠡᠯ᠎ᠤᠨ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠎ᠶ᠋ᠢ ᠡᠷᠡᠰ ᠰᠡᠷᠭᠡᠢᠯᠡᠬᠦ᠌ ᠪᠠ ᠵᠠᠯᠬᠠᠭᠠᠨ ᠱᠢᠢᠳᠭᠡᠬᠦ᠂ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠦᠷᠢᠳᠭᠡᠯ᠎ᠤᠨ ᠵᠢᠷᠤᠮᠵᠢᠭ᠍ᠰᠠᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠲᠣᠳᠣᠷᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃  ᠯᠢᠦ ᠶᠦᠩ ᠮᠢᠩ ᠴᠢᠬᠤᠯᠠᠴᠢᠯᠠᠭ᠍ᠰᠠᠨ᠎ᠨᠢ᠂ ᠲᠤᠭ᠎ᠠ ᠪᠦᠷᠢᠳᠭᠡᠯ᠎ᠤᠨ ᠲᠤᠭ᠎ᠠ ᠪᠠᠷᠢᠮᠲᠠ ᠪᠣᠯ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠣᠳᠣᠯᠭ᠎ᠠ ᠲᠣᠭ᠍ᠲᠠᠭᠠᠬᠤ᠎ᠶ᠋ᠢᠨ ᠠᠮᠢᠨ ᠰᠤᠳᠠᠰᠤ ᠮᠥᠨ᠂ 《ᠠᠰᠠᠭᠤᠳᠠᠯ᠎ᠢ ᠢᠯᠡᠷᠡᠭᠦᠯᠵᠦ᠍᠂ ᠠᠰᠠᠭᠤᠳᠠᠯ᠎ᠢ ᠵᠢᠭᠠᠨ ᠭᠠᠷᠭᠠᠵᠤ᠂ ᠠᠰᠠᠭᠤᠳᠠᠯ᠎ᠢ ᠱᠢᠢᠳᠪᠦᠷᠢᠯᠡᠬᠦ᠌》 ᠎ᠶ᠋ᠢᠨ ᠰᠠᠭᠤᠷᠢ ᠮᠥᠨ᠃ ᠪᠥᠬᠦ᠌ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠦᠷᠢᠳᠭᠡᠯ᠎ᠤᠨ ᠠᠵᠢᠯᠲᠠᠳ ᠡᠷᠬᠡᠪᠰᠢ ᠤᠯᠤᠰ ᠲᠥᠷᠥ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠲᠤᠭ᠎ᠠ ᠪᠦᠷᠢᠳᠭᠡᠯ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠲᠤᠭ᠎ᠠ ᠪᠦᠷᠢᠳᠭᠡᠯ᠎ᠤᠨ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠬᠡᠷᠡᠭ᠌ᠵᠢᠭᠦᠯᠬᠦ᠌᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭ᠌ᠲᠡᠶ᠃

 

 

  ᠲᠣᠰ ᠤᠳᠠᠭᠠᠨ᠎ᠤ ᠪᠣᠯᠪᠠᠰᠤᠷᠠᠯ᠎ᠨᠢ 《ᠪᠣᠳᠠᠲᠠᠶ ᠠᠰᠠᠭᠤᠳᠠᠯ᠎ᠢ ᠱᠢᠢᠳᠪᠦᠷᠢᠯᠡᠵᠦ᠍᠂ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌》 ᠭᠤᠤᠯ ᠬᠠᠷᠠᠯᠲᠠ᠎ᠲᠠᠢ ᠨᠢᠭ᠍ᠲᠠ ᠤᠶᠠᠯᠳᠤᠭᠤᠯᠤᠨ᠂ ᠬᠢᠴᠢᠶᠡᠯ᠎ᠤᠨ ᠲᠣᠬᠢᠷᠠᠭᠤᠯᠤᠯᠲᠠ᠎ᠨᠢ ᠣᠨᠣᠪᠴᠢᠲᠠᠶ ᠪᠥᠭᠡᠳ ᠪᠣᠳᠠᠲᠠᠶ᠎ᠶ᠋ᠢ ᠡᠷᠬᠢᠮᠯᠡᠨ᠎ᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠭᠡᠯ᠎ᠤᠨ ᠲᠣᠪᠴᠢᠶ᠎ᠠ᠎ᠶ᠋ᠢᠨ ᠬᠠᠤᠯᠢ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ᠎ᠶ᠋ᠢᠨ ᠸᠠᠩ ᠵᠢᠩ ᠨᠥᠬᠦᠷ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠱᠢᠰᠲ᠋ᠧᠮ᠎ᠲᠠᠢ ᠡᠮᠬᠢᠯᠡᠵᠦ᠍᠂ ᠶᠡᠭᠡ ᠬᠡᠮᠵᠢᠶᠡᠨ᠎ᠤ ᠠᠮᠢᠳᠤᠯᠢᠭ ᠨᠠᠷᠢᠨ ᠪᠣᠳᠠᠲᠠᠶ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠡᠯ᠎ᠡ ᠵᠦᠢᠯ᠎ᠤᠨ ᠲᠤᠭ᠎ᠠ ᠪᠦᠷᠢᠳᠭᠡᠯ᠎ᠤᠨ ᠲᠦᠷᠢᠮ᠎ᠤᠨ ᠲᠣᠭ᠍ᠲᠠᠭᠠᠯ᠎ᠳᠤ ᠲᠠᠢᠯᠤᠮᠵᠢ ᠬᠢᠪᠠ᠃ ᠪᠣᠯᠪᠠᠰᠤᠷᠠᠯ᠎ᠨᠢ ᠤᠯᠤᠰ᠎ᠤᠨ ᠲᠤᠭ᠎ᠠ ᠪᠦᠷᠢᠳᠭᠡᠯ᠎ᠤᠨ ᠠᠵᠢᠯ᠎ᠤᠨ ᠲᠤᠬᠠᠢ ᠬᠠᠮᠤᠭ᠎ᠤᠨ ᠱᠢᠨ᠎ᠡ ᠳᠦᠷᠢᠮ᠎ᠤᠨ ᠲᠤᠬᠠᠢ ᠲᠦᠷᠦ᠍᠎ᠶ᠋ᠢᠨ ᠪᠤᠳᠤᠯᠭ᠎ᠠ᠎ᠶ᠋ᠢᠨ ᠱᠠᠭᠠᠷᠳᠠᠯᠭ᠎ᠠ᠎ᠶ᠋ᠢ ᠭᠤᠣᠯᠳᠠᠯᠭ᠎ᠠ᠎ᠲᠠᠢ ᠴᠢᠬᠤᠯᠠᠴᠢᠯᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠳᠦᠷᠢᠮ》 ᠎ᠳᠤ ᠲᠤᠭ᠎ᠠ ᠪᠦᠷᠢᠳᠭᠡᠯ᠎ᠤᠨ ᠬᠤᠳᠠᠯ ᠬᠠᠭᠤᠷᠮᠠᠭ ᠵᠤᠬᠢᠶᠠᠬᠤ ᠵᠢᠴᠢ ᠲᠤᠭ᠎ᠠ ᠪᠦᠷᠢᠳᠭᠡᠯ᠎ᠢ ᠬᠤᠳᠠᠯ ᠬᠠᠭᠤᠷᠮᠠᠭ᠎ᠢᠶᠠᠷ ᠵᠤᠬᠢᠶᠠᠵᠦ᠍ ᠬᠢᠨᠠᠨ ᠪᠠᠢᠴᠠᠭᠠᠭ᠍ᠰᠠᠨ ᠦᠭᠡᠢ ᠦᠢᠯᠡ ᠠᠵᠢᠯᠯᠠᠭ᠎ᠠ᠎ᠳᠤ ᠴᠢᠩᠭ᠎ᠠ ᠱᠢᠢᠳᠭᠡᠯ ᠥᠭ᠌ᠬᠦ ᠲᠣᠭ᠍ᠲᠠᠭᠠᠯ᠎ᠢ ᠭᠦᠨᠵᠡᠭᠡᠢ ᠵᠠᠳᠠᠯᠵᠤ᠂ ᠪᠣᠯᠪᠠᠰᠤᠷᠠᠯ᠎ᠳᠤ ᠣᠷᠣᠯᠴᠠᠭ᠍ᠰᠠᠨ ᠪᠦᠬᠦ᠌ ᠬᠥᠮᠦᠰ᠎ᠲᠤ ᠬᠠᠤᠯᠢ ᠶᠣᠰᠣᠭᠠᠷ ᠲᠤᠭ᠎ᠠ ᠪᠦᠷᠢᠳᠭᠡᠯ᠎ᠤᠨ ᠰᠡᠷᠡᠮᠵᠢ᠎ᠶ᠋ᠢᠨ ᠳᠣᠬᠢᠶ᠎ᠠ ᠥᠭ᠌ᠴᠦ᠂ ᠲᠤᠭ᠎ᠠ ᠪᠦᠷᠢᠳᠭᠡᠯ᠎ᠤᠨ ᠬᠤᠳᠠᠯ ᠬᠠᠭᠤᠷᠮᠠᠭ᠎ᠢᠶᠠᠷ ᠵᠣᠬᠢᠶᠠᠬᠤ᠎ᠶ᠋ᠢ ᠰᠡᠷᠭᠡᠢᠯᠡᠬᠦ᠌ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠭᠠᠪᠠ᠃

  ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠭᠡᠯ᠎ᠤᠨ ᠲᠣᠪᠴᠢᠶ᠎ᠠ᠎ᠶ᠋ᠢᠨ ᠬᠤᠲᠠ᠎ᠶ᠋ᠢᠨ ᠪᠦᠷᠢᠳᠭᠡᠯ᠎ᠤᠨ ᠲᠥᠪ᠎ᠤᠨ ᠲᠢᠶᠠᠨ ᠶᠢᠩ ᠬᠤᠢ ᠨᠥᠬᠦᠷ ᠭᠤᠤᠯᠳᠠᠭᠤ ᠰᠠᠯᠠᠭ᠎ᠠ ᠮᠥᠴᠢᠷ᠎ᠤᠨ ᠲᠤᠭ᠎ᠠ ᠪᠦᠷᠢᠳᠭᠡᠯ᠎ᠤᠨ ᠵᠢᠷᠤᠮᠵᠢᠭ᠍ᠰᠠᠨ ᠪᠠᠢᠭᠤᠯᠤᠯᠲᠠ᠎ᠶ᠋ᠢᠨ ᠲᠣᠭᠤᠷᠢᠨ᠎ᠳᠤ᠂ ᠰᠠᠯᠠᠭ᠎ᠠ ᠮᠥᠴᠢᠷ᠎ᠤᠨ ᠲᠤᠭ᠎ᠠ ᠪᠦᠷᠢᠳᠭᠡᠯ᠎ᠤᠨ ᠪᠠᠢᠴᠠᠭᠠᠯᠲᠠ᠎ᠶ᠋ᠢᠨ ᠲᠥᠷᠥᠯ ᠵᠦᠢᠯ᠎ᠤᠨ ᠮᠡᠳᠡᠭᠦᠯᠬᠦ᠌ ᠶᠠᠪᠤᠴᠠ᠂ ᠭᠤᠶᠤᠴᠢᠯᠠᠬᠤ ᠴᠢᠬᠤᠯᠠ ᠨᠥᠬᠦᠴᠡᠯ ᠵᠢᠴᠢ ᠬᠢᠨᠠᠨ ᠵᠥᠪᠱᠢᠶᠡᠷᠡᠬᠦ᠌ ᠪᠠᠷᠢᠮᠵᠢᠶ᠎ᠠ ᠵᠡᠷᠭᠡ ᠵᠠᠩᠭᠢᠯᠠᠭ᠎ᠠ᠎ᠶ᠋ᠢᠨ ᠪᠣᠳᠠᠲᠠᠶ ᠠᠵᠢᠯ᠎ᠤᠨ ᠭᠤᠭ᠍ᠴᠤᠭ᠎ᠠ᠎ᠶ᠋ᠢ ᠭᠦᠨᠵᠡᠭᠡᠶ ᠨᠠᠷᠢᠨ ᠨᠢᠮᠪᠠᠶ ᠲᠠᠢᠯᠪᠤᠷᠢᠯᠠᠵᠤ᠂ ᠲᠤᠭ᠎ᠠ ᠪᠦᠷᠢᠳᠭᠡᠯ᠎ᠤᠨ ᠠᠵᠢᠯ᠎ᠤᠨ ᠵᠢᠷᠤᠮᠵᠢᠭ᠍ᠰᠠᠨ ᠪᠠᠢᠭᠤᠯᠤᠯᠲᠠ᠎ᠶ᠋ᠢᠨ ᠪᠣᠳᠠᠲᠠᠶ ᠠᠷᠭ᠎ᠠ ᠵᠠᠮ ᠵᠢᠴᠢ ᠰᠠᠯᠠᠭ᠎ᠠ ᠮᠥᠴᠢᠷ᠎ᠤᠨ ᠬᠤᠭᠤᠷᠣᠨᠳᠣᠬᠢ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌ ᠠᠵᠢᠯ᠎ᠤᠨ ᠱᠠᠭᠠᠷᠳᠠᠯᠭ᠎ᠠ᠎ᠶ᠋ᠢ ᠭᠦᠨᠵᠡᠭᠡᠶ ᠪᠥᠭᠡᠳ ᠥᠨᠳᠥᠷ ᠪᠦᠲᠦᠮᠵᠢᠲᠡᠶ ᠥᠷᠨᠢᠭᠦᠯᠬᠦ᠌᠎ᠳᠤ ᠲᠣᠳᠣᠷᠬᠠᠶ ᠠᠵᠢᠯᠯᠠᠬᠤ ᠵᠦᠭ᠌ᠯᠡᠭᠦᠷ ᠬᠠᠩᠭᠠᠭ᠍ᠰᠠᠨ ᠪᠠᠢᠨ᠎ᠠ᠃

 

 

  ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠠᠭᠤᠯᠭ᠎ᠠ᠎ᠨᠢ ᠪᠦᠷᠢᠨ ᠲᠡᠭᠦᠯᠳᠡᠷ᠂ ᠬᠠᠨᠳᠤᠯᠭᠠᠲᠤ ᠴᠢᠨᠠᠷ᠎ᠢᠶᠠᠷ ᠴᠢᠩᠭ᠎ᠠ ᠪᠠᠢᠳᠠᠭ᠃ ᠪᠣᠯᠪᠠᠰᠤᠷᠠᠯ᠎ᠢᠶᠠᠷ ᠳᠡᠮᠵᠢᠨ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳᠠᠬᠢ ᠲᠤᠭ᠎ᠠ ᠪᠦᠷᠢᠳᠭᠡᠯ᠎ᠤᠨ ᠠᠵᠢᠯᠲᠠᠳ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠨᠢᠭᠡᠳᠭᠡᠵᠦ᠍᠂ ᠲᠤᠭ᠎ᠠ ᠪᠦᠷᠢᠳᠭᠡᠯ᠎ᠤᠨ ᠬᠤᠳᠠᠯ ᠬᠠᠭᠤᠷᠮᠠᠭ᠎ᠢ ᠦᠢᠯᠡᠳᠬᠦ᠌᠎ᠶ᠋ᠢ ᠰᠡᠷᠭᠡᠢᠯᠡᠬᠦ᠌᠎ᠶ᠋ᠢᠨ ᠲᠥᠪ ᠴᠢᠩᠭ᠎ᠠ ᠴᠢᠨᠠᠷ ᠪᠠ ᠴᠢᠬᠤᠯᠠ ᠴᠢᠨᠠᠷ᠎ᠢ ᠭᠦᠨᠵᠡᠭᠡᠶ ᠣᠢᠯᠠᠭᠠᠪᠠ; ᠲᠤᠭ᠎ᠠ ᠪᠦᠷᠢᠳᠭᠡᠯ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠭᠤᠤᠯ ᠠᠭᠤᠯᠭ᠎ᠠ ᠪᠠ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠎ᠶ᠋ᠢ ᠱᠢᠰᠲ᠋ᠧᠮ᠎ᠲᠠᠢ ᠡᠵᠡᠮᠱᠢᠪᠡ; ᠲᠤᠭ᠎ᠠ ᠪᠦᠷᠢᠳᠭᠡᠯ᠎ᠤᠨ ᠪᠣᠳᠠᠲᠤ ᠶᠠᠪᠤᠳᠠᠯ᠎ᠤᠨ ᠠᠵᠢᠯᠯᠠᠬᠤ ᠴᠢᠳᠠᠪᠤᠷᠢ ᠪᠠ ᠵᠢᠷᠤᠮᠵᠢᠭᠤᠯᠬᠤ ᠬᠢᠷᠢ ᠲᠦᠪᠱᠢᠨ᠎ᠢ ᠢᠯᠡᠳᠲᠡ ᠳᠡᠭᠡᠭ᠌ᠰᠢᠯᠡᠭᠦᠯᠪᠡ᠃ ᠪᠣᠯᠪᠠᠰᠤᠷᠠᠯ᠎ᠨᠢ ᠦᠨᠳᠦᠰᠦᠨ ᠱᠠᠲᠤᠨ᠎ᠤ ᠲᠤᠭ᠎ᠠ ᠪᠦᠷᠢᠳᠭᠡᠯ᠎ᠤᠨ ᠠᠵᠢᠯᠲᠠᠨ᠎ᠤ ᠠᠵᠢᠯ᠎ᠤᠨ ᠳᠤᠮᠳᠠ ᠲᠤᠯᠭᠠᠷᠠᠭ᠍ᠰᠠᠨ ᠪᠣᠳᠠᠲᠠᠶ ᠬᠦᠴᠢᠷᠳᠡᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ᠎ᠤᠨ ᠲᠤᠭ᠎ᠠ ᠪᠦᠷᠢᠳᠭᠡᠯ᠎ᠤᠨ ᠠᠵᠢᠯ᠎ᠤᠨ 《ᠵᠢᠷᠭᠤᠭ᠎ᠠ᠎ᠶ᠋ᠢ ᠵᠢᠷᠤᠮᠵᠢᠭᠤᠯᠵᠤ ᠲᠠᠪᠤ᠎ᠶ᠋ᠢ ᠴᠢᠩᠭᠠᠳᠭᠠᠬᠤ》 ᠬᠠᠷᠠᠯᠲᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠲᠤᠭ᠎ᠠ ᠪᠦᠷᠢᠳᠭᠡᠯ᠎ᠤᠨ ᠵᠢᠷᠤᠮᠵᠢᠭ᠍ᠰᠠᠨ ᠪᠠᠢᠭᠤᠯᠤᠯᠲᠠ᠎ᠶ᠋ᠢ ᠱᠢᠨ᠎ᠡ ᠳᠡᠭ᠌ᠲᠡᠷ᠎ᠲᠤ ᠭᠠᠷᠭᠠᠬᠤ᠎ᠶ᠋ᠢ ᠠᠬᠢᠭᠤᠯᠬᠤ᠎ᠳᠤ ᠬᠦᠴᠦᠲᠡᠶ ᠣᠨᠣᠯ᠎ᠤᠨ ᠲᠤᠯᠭᠠᠭᠤᠷᠢᠯᠠᠯ ᠪᠠ ᠪᠣᠳᠠᠲᠤ ᠶᠠᠪᠤᠳᠠᠯ᠎ᠤᠨ ᠪᠠᠲᠤᠯᠠᠭ᠎ᠠ ᠬᠠᠩᠭᠠᠪᠠ᠃

ᠢᠷᠡᠯᠲᠡ᠄ ᠲᠦᠯᠦᠪᠵᠢᠭᠦᠯᠭᠡ ᠡᠳ᠋᠎ᠦᠨ ᠶᠠᠪᠤᠳᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
 
            