ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠬᠠᠮᠲᠤᠷᠠᠯᠴᠠᠭᠠᠨ᠎ᠤ ᠱᠢᠨ᠎ᠡ ᠵᠠᠮ᠎ᠢ ᠨᠡᠭᠡᠭᠡᠬᠦ᠌ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ | ᠮᠣᠩᠭᠤᠯ ᠤᠯᠤᠰ᠎ᠤᠨ ᠦᠵᠡᠰᠭᠦᠯᠡᠩ᠎ᠤᠨ ᠴᠤᠭ᠍ᠯᠠᠭᠠᠨ᠎ᠤ ᠠᠯᠪᠠᠨ᠎ᠤ ᠲᠠᠯ᠎ᠠ᠎ᠶ᠋ᠢᠨ ᠠᠵᠤ ᠠᠬᠤᠢᠯᠠᠯ ᠡᠷᠳᠡᠮ ᠰᠢᠨᠵᠢᠯᠡᠭᠡᠨ᠎ᠦ ᠡᠲᠡᠭᠡᠳ ᠰᠤᠳᠤᠯᠭᠠᠨ᠎ᠤ ᠪᠠᠢᠭᠤᠯᠤᠮᠵᠢ᠎ᠶ᠋ᠢᠨ ᠰᠣᠯᠢᠯᠴᠠᠭᠠᠨ᠎ᠤ ᠠᠵᠢᠯᠯᠠᠭ᠎ᠠ ᠬᠥᠬᠡᠬᠤᠲᠠ᠎ᠳᠤ ᠶᠠᠪᠤᠭ᠍ᠳᠠᠪᠠ
ᠨᠡᠶ᠋ᠢᠲᠡᠯᠡᠭᠰᠡᠨ ᠴᠠᠭ᠄ 2025-08-25

  8 ᠳ᠋ᠤᠭᠠᠷ ᠰᠠᠷ᠎ᠠ᠎ᠶ᠋ᠢᠨ 24 ᠎ᠤ ᠡᠳᠦᠷ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ | ᠮᠣᠩᠭᠤᠯ ᠤᠯᠤᠰ᠎ᠤᠨ ᠦᠵᠡᠰᠭᠦᠯᠡᠩ᠎ᠤᠨ ᠴᠤᠭ᠍ᠯᠠᠭᠠᠨ᠎ᠤ ᠠᠯᠪᠠᠨ᠎ᠤ ᠲᠠᠯ᠎ᠠ᠎ᠶ᠋ᠢᠨ ᠠᠵᠤ ᠠᠬᠤᠢᠯᠠᠯ ᠡᠷᠳᠡᠮ ᠰᠢᠨᠵᠢᠯᠡᠭᠡᠨ᠎ᠦ ᠡᠲᠡᠭᠡᠳ ᠰᠤᠳᠤᠯᠭᠠᠨ᠎ᠤ ᠪᠠᠢᠭᠤᠯᠤᠮᠵᠢ᠎ᠶ᠋ᠢᠨ ᠰᠣᠯᠢᠯᠴᠠᠭᠠᠨ᠎ᠤ ᠠᠵᠢᠯᠯᠠᠭ᠎ᠠ ᠬᠥᠬᠡᠬᠤᠲᠠ᠎ᠳᠤ ᠶᠠᠪᠤᠭ᠍ᠳᠠᠪᠠ᠃ ᠲᠣᠰ ᠤᠳᠠᠭᠠᠨ᠎ᠤ ᠠᠵᠢᠯᠯᠠᠭ᠎ᠠ᠎ᠨᠢ 《ᠳᠤᠮᠳᠠᠳᠤ ᠮᠣᠩᠭᠤᠯ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢ ᠬᠠᠮᠲᠤ᠎ᠪᠠᠷ ᠠᠬᠢᠭᠤᠯᠬᠤ》 ᠎ᠪᠠᠷ ᠭᠤᠤᠯ ᠰᠡᠳᠦᠪ ᠪᠣᠯᠭᠠᠵᠤ᠂ ᠳᠤᠮᠳᠠᠳᠤ ᠮᠣᠩᠭᠤᠯ ᠬᠤᠶᠠᠷ ᠤᠯᠤᠰ᠎ᠤᠨ ᠵᠠᠰᠠᠭ᠎ᠤᠨ ᠣᠷᠳᠣᠨ᠎ᠤ ᠠᠯᠪᠠᠨ ᠲᠤᠱᠢᠶᠠᠯᠲᠠᠨ᠂ ᠬᠤᠳᠠᠯᠳᠤᠭᠠᠨ᠎ᠤ ᠡᠲᠡᠭᠡᠳ᠎ᠤᠨ ᠲᠥᠯᠥᠭᠡᠯᠡᠭ᠌ᠴᠢ᠂ ᠲᠤᠰᠭᠠᠶ ᠮᠡᠷᠭᠡᠵᠢᠯᠲᠡᠨ ᠡᠷᠳᠡᠮᠲᠡᠨ ᠵᠡᠷᠭᠡ 100 ᠭᠠᠷᠤᠶ ᠬᠥᠮᠦᠨ ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠵᠤ᠂ ᠠᠵᠤ ᠠᠬᠤᠶ ᠠᠷᠠᠯᠵᠢᠶᠠᠨ᠎ᠤ ᠱᠢᠨ᠎ᠡ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠵᠤ᠂ ᠬᠠᠮᠲᠤᠷᠠᠯᠴᠠᠭᠠᠨ᠎ᠤ ᠱᠢᠨ᠎ᠡ ᠵᠢᠷᠤᠭ ᠲᠥᠰᠦᠪ᠎ᠢ ᠬᠠᠮᠲᠤ᠎ᠪᠠᠷ ᠵᠢᠷᠤᠭ᠍ᠯᠠᠪᠠ᠃

 

 

  ᠵᠢᠷᠤᠭ ᠪᠣᠯ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ | ᠮᠣᠩᠭᠤᠯ ᠤᠯᠤᠰ᠎ᠤᠨ ᠦᠵᠡᠰᠭᠦᠯᠡᠩ᠎ᠤᠨ ᠴᠤᠭ᠍ᠯᠠᠭᠠᠨ᠎ᠤ ᠠᠯᠪᠠᠨ᠎ᠤ ᠲᠠᠯ᠎ᠠ᠎ᠶ᠋ᠢᠨ ᠠᠵᠤ ᠠᠬᠤᠢᠯᠠᠯ ᠡᠷᠳᠡᠮ ᠰᠢᠨᠵᠢᠯᠡᠭᠡᠨ᠎ᠦ ᠡᠲᠡᠭᠡᠳ ᠰᠤᠳᠤᠯᠭᠠᠨ᠎ᠤ ᠪᠠᠢᠭᠤᠯᠤᠮᠵᠢ᠎ᠶ᠋ᠢᠨ ᠰᠣᠯᠢᠯᠴᠠᠭᠠᠨ᠎ᠤ ᠠᠵᠢᠯᠯᠠᠭ᠎ᠠ᠎ᠶ᠋ᠢᠨ ᠠᠬᠤᠢ ᠲᠠᠯᠠᠪᠠᠢ ᠪᠣᠯᠤᠨ᠎ᠠ᠃

  ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠽᠢᠶ᠎ᠠ ᠲᠢᠪ᠎ᠤᠨ ᠵᠤᠷᠭᠠᠨ᠎ᠤ ᠳᠠᠷᠤᠭ᠎ᠠ ᠸᠠᠩ ᠯᠢ ᠫᠢᠩ ᠢᠯᠡᠷᠬᠡᠢ᠌ᠯᠡᠬᠦ᠎ᠳᠦ᠎ᠪᠡᠨ᠂ ᠭᠠᠳᠠᠭᠠᠳᠤ ᠨᠡᠭᠡᠭᠡᠯᠲᠡ ᠪᠣᠯ ᠳᠤᠮᠳᠠᠳᠤ ᠤᠯᠤᠰ᠎ᠤᠨ ᠦᠨᠳᠦᠰᠦᠨ ᠤᠯᠤᠰ᠎ᠤᠨ ᠪᠣᠳᠣᠯᠭ᠎ᠠ ᠮᠥᠨ᠂ ᠳᠤᠮᠳᠠᠳᠤ ᠤᠯᠤᠰ ᠶᠠᠭ ᠥᠨᠳᠥᠷ ᠬᠢᠷᠢ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠠᠬᠢᠭᠤᠯᠵᠤ᠂ ᠳᠦᠷᠢᠮ᠂ ᠳᠦᠷᠢᠮ ᠲᠣᠭ᠍ᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠤᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍ ᠪᠠᠢᠨ᠎ᠠ᠃ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ᠎ᠶᠢ ᠡᠷᠡᠰ ᠭᠣᠢ᠌ᠪᠢᠰᠢ ᠦᠭᠡᠢ᠎ᠪᠡᠷ ᠨᠡᠭᠡᠭᠡᠬᠦ᠌ ᠪᠣᠯᠤᠨ᠎ᠠ᠃ ᠳᠤᠮᠳᠠᠳᠤ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠲᠠᠢ ᠬᠠᠮᠲᠤ᠎ᠪᠠᠷ ᠮᠣᠩᠭᠤᠯ᠎ᠤᠨ ᠤᠯᠤᠰ ᠲᠥᠷᠥ᠍ ᠬᠤᠳᠠᠯᠳᠤᠭᠠᠨ᠎ᠤ ᠰᠤᠷᠭᠠᠭᠤᠯᠢ᠎ᠶ᠋ᠢᠨ ᠡᠲᠡᠭᠡᠳ᠎ᠯᠦᠭᠡ᠎ᠶ᠋ᠢᠨ ᠨᠡᠪᠲᠡᠷᠡᠯᠴᠡᠭᠡ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠠᠯᠪᠠᠨ᠎ᠤ ᠲᠠᠯ᠎ᠠ᠎ᠶ᠋ᠢᠨ ᠠᠵᠤ ᠠᠬᠤᠢᠯᠠᠯ ᠡᠷᠳᠡᠮ ᠰᠢᠨᠵᠢᠯᠡᠭᠡᠨ᠎ᠦ ᠡᠲᠡᠭᠡᠳ ᠰᠤᠳᠤᠯᠭᠠᠨ᠎ᠤ ᠪᠠᠢᠭᠤᠯᠤᠮᠵᠢ᠎ᠶ᠋ᠢᠨ ᠰᠣᠯᠢᠯᠴᠠᠭᠠᠨ᠎ᠤ ᠠᠵᠢᠯᠯᠠᠭ᠎ᠠ᠎ᠶ᠋ᠢᠨ ᠨᠠᠷᠠᠲᠤ ᠲᠡᠮᠳᠡᠭ᠌ᠲᠦ᠍᠎ᠶ᠋ᠢ ᠦᠷᠭᠦᠯᠵᠢᠯᠡᠨ ᠪᠣᠶ ᠪᠣᠯᠭᠠᠵᠤ᠂ ᠳᠤᠮᠳᠠᠳᠤ ᠮᠣᠩᠭᠤᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢᠨ ᠱᠢᠨ᠎ᠡ ᠬᠠᠭᠤᠳᠠᠰᠤ᠎ᠶ᠋ᠢ ᠨᠡᠭᠡᠭᠡᠬᠦ᠌᠎ᠶ᠋ᠢ ᠬᠠᠮᠲᠤ᠎ᠪᠠᠷ ᠠᠬᠢᠭᠤᠯᠤᠨ᠎ᠠ ᠭᠡᠵᠡᠢ᠃

  ᠰᠡᠭᠦᠯ᠎ᠦᠨ ᠵᠢᠯ᠎ᠦᠳ᠎ᠲᠦ᠍᠂ ᠥᠪᠥᠷ ᠮᠣᠩᠭᠣᠯ ᠪᠣᠯᠤᠨ ᠮᠣᠩᠭᠣᠯ ᠤᠯᠤᠰ᠎ᠤᠨ ᠬᠤᠳᠠᠯᠳᠤᠭ᠎ᠠ ᠡᠳ᠋᠎ᠦᠨ ᠵᠠᠰᠠᠭ᠎ᠤᠨ ᠬᠠᠮᠲᠤ᠎ᠶ᠋ᠢᠨ ᠠᠵᠢᠯᠯᠠᠭ᠎ᠠ ᠮᠡᠳᠡᠭ᠌ᠳᠡᠮ᠎ᠡ ᠠᠮᠵᠢᠯᠲᠠ᠎ᠲᠠᠢ ᠪᠠᠢᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠳᠠᠷᠤᠭ᠎ᠠ ᠯᠦᠸᠧ ᠴᠢᠩ᠎ᠤᠨ ᠲᠠᠨᠢᠯᠴᠠᠭᠤᠯᠤᠭ᠍ᠰᠠᠨ᠎ᠢᠶᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠤᠯ ᠤᠯᠤᠰ᠎ᠲᠠᠬᠢ ᠠᠷᠠᠯᠵᠢᠶᠠᠨ᠎ᠤ ᠲᠤᠭ᠎ᠠ᠎ᠨᠢ ᠪᠠᠷᠤᠭ ᠪᠥᠬᠦ᠌ ᠤᠯᠤᠰ᠎ᠤᠨ ᠮᠣᠩᠭᠤᠯ ᠤᠯᠤᠰ᠎ᠲᠠᠬᠢ ᠠᠷᠠᠯᠵᠢᠶᠠᠨ᠎ᠤ ᠶᠡᠷᠦᠩᠬᠡᠶ ᠲᠣᠭᠠᠨ᠎ᠤ 63% ᠎ᠶ᠋ᠢ ᠡᠵᠡᠯᠡᠵᠦ᠍᠂ ᠮᠣᠩᠭᠤᠯ ᠤᠯᠤᠰ᠎ᠲᠠᠬᠢ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠭᠤᠤᠯ ᠬᠦᠴᠦᠨ᠎ᠤ ᠦᠢᠯᠡᠳᠦᠯ ᠳᠠᠬᠢᠨ ᠨᠢᠭᠡ ᠤᠳᠠᠭ᠎ᠠ ᠲᠤᠪᠤᠢᠮ᠎ᠠ ᠪᠣᠯᠪᠠ᠃ ᠯᠦᠸᠧ ᠴᠢᠩ ᠬᠡᠯᠡᠬᠦ᠌᠎ᠳᠡᠭᠡᠨ᠂ ᠡᠨᠡ ᠵᠢᠯ᠎ᠠᠴᠠ ᠨᠠᠭ᠋ᠠᠰᠢ᠂ ᠥᠪᠥᠷ ᠮᠣᠩᠭᠤᠯ ᠨᠢᠭᠡᠨᠲᠡ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠥᠪᠥᠷ ᠮᠣᠩᠭᠤᠯ | ᠮᠣᠩᠭᠤᠯ ᠤᠯᠤᠰ᠎ᠤᠨ ᠪᠠᠯᠠ ᠣᠷᠣᠭᠤᠯᠤᠯᠲᠠ ᠠᠷᠠᠯᠵᠢᠶᠠᠨ᠎ᠤ ᠲᠠᠨᠢᠯᠴᠠᠭᠤᠯᠭ᠎ᠠ᠎ᠶ᠋ᠢᠨ ᠴᠤᠭ᠍ᠯᠠᠭᠠᠨ᠂ ᠳᠤᠮᠳᠠᠳᠤ ᠮᠣᠩᠭᠤᠯ ᠣᠷᠣᠰ᠎ᠤᠨ ᠪᠠᠯᠠ ᠣᠷᠣᠭᠤᠯᠤᠯᠲᠠ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠲᠠᠨᠢᠯᠴᠠᠭᠤᠯᠬᠤ ᠬᠤᠷᠠᠯ᠂ 《ᠥᠪᠥᠷ ᠮᠣᠩᠭᠤᠯ᠎ᠤᠨ ᠬᠤᠳᠠᠯᠳᠤᠭᠠᠨ᠎ᠤ ᠲᠣᠷᠭᠠᠨ ᠵᠠᠮ᠎ᠤᠨ ᠠᠶᠠᠯᠠᠯ》 ᠎ᠤᠨ ᠭᠤᠷᠪᠠᠳᠤᠭᠠᠷ ᠬᠤᠭᠤᠴᠠᠭᠠᠨ᠎ᠤ ᠮᠣᠩᠭᠤᠯ ᠤᠯᠤᠰ᠎ᠤᠨ ᠲᠠᠸᠠᠷ᠎ᠤᠨ ᠦᠵᠡᠰᠭᠦᠯᠡᠩ ᠵᠡᠷᠭᠡ ᠠᠵᠢᠯᠯᠠᠭ᠎ᠠ᠎ᠶ᠋ᠢ ᠠᠮᠵᠢᠯᠲᠠ᠎ᠲᠠᠢ ᠡᠷᠬᠢᠯᠡᠪᠡ᠃ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠡᠨᠡ ᠬᠦ᠌ ᠴᠢᠬᠤᠯᠠ ᠲᠠᠪᠴᠠᠩ᠎ᠤᠨ ᠳᠠᠭᠠᠭᠤᠯᠭ᠎ᠠ ᠳᠣᠤᠷ᠎ᠠ᠂ 《 ᠨᠢᠭᠡ ᠪᠦᠰᠡ ᠨᠢᠭᠡ ᠵᠠᠮ 》 ᠎ᠢ ᠬᠠᠮᠲᠤ᠎ᠪᠠᠷ ᠪᠥᠲᠥᠭᠡᠨ ᠪᠠᠢᠭᠤᠯᠬᠤ ᠤᠯᠤᠰ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠳᠡᠯᠡᠬᠡᠶ᠎ᠶ᠋ᠢᠨ ᠡᠯ᠎ᠡ ᠤᠯᠤᠰ᠎ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠮᠣᠩᠭᠤᠯ ᠬᠤᠶᠠᠷ ᠤᠯᠤᠰ᠎ᠤᠨ ᠨᠠᠢᠵᠠ᠎ᠶ᠋ᠢᠨ ᠲᠣᠭᠤᠷᠢᠭ ᠲᠠᠰᠤᠷᠠᠯᠲᠠ ᠥᠬᠡᠶ ᠥᠷᠭᠡᠳᠭᠡᠪᠡ᠃

  《 ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠤ 〈 ᠲᠤᠷᠤᠨ᠎ᠠ᠎ᠶᠢᠨ ᠰᠠᠯᠬᠢᠨ 〉 ᠎ᠢ ᠠᠰᠢᠭ᠍ᠯᠠᠵᠤ᠂ ᠮᠣᠩᠭᠤᠯ ᠤᠯᠤᠰ᠎ᠯᠤᠭ᠎ᠠ ᠣᠯᠠᠨ ᠬᠦᠷᠢᠶᠡᠨ᠎ᠤ ᠬᠠᠮᠲᠤᠷᠠᠯᠴᠠᠭ᠎ᠠ ᠥᠷᠨᠢᠭᠦᠯᠵᠦ᠍᠂ ᠮᠠᠨ᠎ᠤ ᠬᠤᠲᠠ᠎ᠶ᠋ᠢᠨ ᠠᠵᠤ ᠠᠬᠤᠢᠯᠠᠯ ᠮᠣᠩᠭᠤᠯ ᠤᠯᠤᠰ᠎ᠲᠠᠬᠢ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ 36᠂ ᠪᠡᠯᠡ ᠣᠷᠣᠭᠤᠯᠤᠯᠲᠠ᠎ᠶ᠋ᠢᠨ ᠬᠡᠮᠵᠢᠶ᠎ᠡ ᠨᠢ 37.2 ᠳ᠋ᠦᠩᠱᠢᠭᠤᠷ ᠲᠥᠭᠦᠷᠢᠭ ᠬᠦᠷᠴᠦ᠍᠂ ᠮᠣᠩᠭᠤᠯ ᠤᠯᠤᠰ᠎ᠤᠨ ᠠᠺᠠᠳᠧᠮᠢᠴᠢ ᠲᠤᠰᠭᠠᠶ ᠮᠡᠷᠭᠡᠵᠢᠯᠲᠡᠨ᠎ᠤ ᠳᠠᠭᠠᠭᠤᠯᠤᠭ᠍ᠰᠠᠨ 2 ᠥᠷᠲᠡᠭᠡ ᠪᠠᠢᠭᠤᠯᠵᠤ᠂ 2024 ᠣᠨ᠎ᠳᠤ ᠮᠣᠩᠭᠤᠯ ᠤᠯᠤᠰ᠎ᠯᠤᠭ᠎ᠠ 3.6 ᠳ᠋ᠦᠩᠱᠢᠭᠤᠷ ᠲᠥᠭᠦᠷᠢᠭ᠎ᠤᠨ ᠠᠷᠠᠯᠵᠢᠶ᠎ᠠ ᠬᠢᠪᠡ 》ᠭᠡᠵᠡᠢ᠃ ᠤᠷᠳᠤᠰ ᠬᠤᠳᠠ᠎ᠶ᠋ᠢᠨ ᠠᠷᠠᠳ᠎ᠤᠨ ᠵᠠᠰᠠᠭ᠎ᠤᠨ ᠤᠷᠳᠤᠨ᠎ᠤ ᠬᠤᠳᠠ᠎ᠶ᠋ᠢᠨ ᠲᠠᠷᠤᠭ᠎ᠠ ᠢᠤᠢ ᠬᠠᠢ ᠢᠤᠢ᠂ ᠤᠷᠳᠤᠰ ᠬᠤᠳᠠ ᠡᠭᠦᠨ᠎ᠢᠶᠠᠷ ᠠᠵᠡ ᠲᠤᠭᠢᠶᠡᠯ ᠪᠤᠯᠭᠠᠨ᠂ ᠤᠷᠤᠨ ᠪᠦᠰᠡ᠎ᠶ᠋ᠢᠨ ᠬᠠᠮᠳᠤᠷᠠᠯᠴᠠᠭ᠎ᠠ᠎ᠪᠠᠨ ᠭᠦᠨᠵᠡᠭᠡᠢᠷᠡᠭᠦᠯᠭᠦ᠌ ᠠᠵᠢᠯᠯᠠᠭ᠎ᠠ᠎ᠶ᠋ᠢ ᠭᠦᠨᠵᠡᠭᠡᠢ ᠭᠡᠷᠡᠭ᠌ᠵᠢᠭᠦᠯᠵᠤ᠂ ᠱᠢᠨ᠎ᠡ᠎ᠶ᠋ᠢ ᠡᠭᠦᠳᠭᠦ᠌ ᠭᠦᠭ᠌ᠵᠢᠯᠳᠡ᠂ ᠨᠡᠭᠡᠭᠡᠯᠳᠡᠳᠤ ᠭᠦᠭ᠌ᠵᠢᠯᠳᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠭᠦ᠎ᠶ᠋ᠢ ᠠᠭᠢᠭᠤᠯᠤᠨ᠎ᠠ ᠭᠡᠵᠤ ᠢᠯᠡᠷᠭᠡᠢᠯᠡᠪᠡ᠃ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭᠠᠨ᠎ᠤ ᠱᠢᠨ᠎ᠡ ᠤᠷᠤᠯᠳᠤᠭᠠᠨ᠎ᠤ ᠵᠠᠮ᠎ᠢ ᠬᠦᠴᠦᠯᠡᠨ ᠨᠡᠭᠡᠭᠡᠵᠦ᠍᠂ ᠠᠵᠤ ᠦᠢᠯᠡᠰ ᠪᠠ ᠱᠢᠨ᠎ᠡ᠎ᠶ᠋ᠢ ᠡᠭᠦᠳᠬᠦ᠌ ᠠᠭᠤᠰᠤᠯᠴᠠᠯ᠎ᠤᠨ ᠱᠢᠨ᠎ᠡ ᠥᠨᠳᠦᠷᠯᠢᠭ᠎ᠢ ᠬᠦᠴᠦᠯᠡᠨ ᠴᠣᠭ᠍ᠴᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠤ ᠱᠢᠨ᠎ᠡ ᠬᠥᠳᠡᠯᠭᠡᠬᠦ᠌ ᠬᠦᠴᠦᠨ᠎ᠢ ᠬᠦᠴᠦᠯᠡᠨ ᠴᠢᠩᠭᠠᠳᠭᠠᠬᠤ ᠬᠡᠷᠡᠭ᠌ᠲᠡᠢ᠃

  ᠣᠢᠯᠠᠭᠠᠭ᠍ᠰᠠᠨ᠎ᠢᠶᠠᠷ᠂ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠢ ᠡᠭᠦᠰᠭᠡᠨ ᠪᠠᠢᠭᠤᠯᠤᠭ᠍ᠰᠠᠨ᠎ᠠᠴᠠ ᠨᠠᠭ᠋ᠠᠰᠢ ᠠᠩᠬ᠎ᠠ ᠤᠳᠠᠭ᠎ᠠ ᠡᠷᠭᠢᠯᠡᠭ᠌ᠰᠡᠨ ᠠᠵᠢᠯᠯᠠᠭ᠎ᠠ ᠪᠣᠯᠤᠭ᠍ᠰᠠᠨ᠎ᠤ ᠬᠤᠪᠢ᠎ᠳᠤ᠂ ᠲᠤᠬᠠᠶ᠎ᠶ᠋ᠢᠨ ᠲᠠᠯᠠᠪᠤᠷ᠎ᠲᠤ ᠬᠦᠨᠳᠦᠲᠦ ᠵᠣᠴᠢᠳ ᠠᠭᠤᠷᠬᠠᠶ᠎ᠶ᠋ᠢᠨ ᠭᠠᠷᠤᠯᠲᠠ᠎ᠶ᠋ᠢᠨ ᠡᠨᠧᠷᠭᠢ᠂ ᠰᠠᠭᠤᠷᠢ ᠲᠥᠬᠦᠭᠡᠷᠦᠮᠵᠢ᠂ ᠲᠠᠷᠢᠶᠠᠯᠠᠩ ᠮᠠᠯ ᠠᠵᠤ ᠠᠬᠤᠶ ᠵᠡᠷᠭᠡ ᠳᠤᠮᠳᠠᠳᠤ ᠮᠣᠩᠭᠤᠯ ᠬᠤᠶᠠᠷ ᠲᠠᠯ᠎ᠠ᠎ᠪᠠᠷ᠎ᠢᠶᠠᠨ ᠬᠠᠮᠲᠤ᠎ᠪᠠᠷ ᠠᠩᠬᠠᠷᠴᠤ᠌ ᠪᠠᠢᠭ᠎ᠠ ᠬᠦᠷᠢᠶᠡᠨ᠎ᠤ ᠲᠣᠭᠤᠷᠢᠨ᠎ᠳᠤ ᠭᠤᠤᠯ ᠰᠡᠳᠦᠪᠲᠦ ᠶᠠᠷᠢᠶ᠎ᠠ ᠢᠯᠡᠳᠭᠡᠯ ᠪᠠ ᠭᠦᠨᠵᠡᠭᠡᠶ ᠰᠣᠯᠢᠯᠴᠠᠭ᠎ᠠ᠎ᠶ᠋ᠢ ᠵᠠᠯᠭᠠᠭ᠎ᠠ᠎ᠪᠠᠷ ᠥᠷᠨᠢᠭᠦᠯᠪᠡ᠃

  ᠳᠤᠮᠳᠠᠳᠤ ᠤᠯᠤᠰ᠎ᠤᠨ ᠭᠠᠳᠠᠭᠠᠳᠤ᠎ᠶ᠋ᠢᠨ ᠢᠨᠵᠧᠨᠧᠷᠢᠩ᠎ᠢ ᠳᠠᠭᠠᠭᠠᠴᠢᠯᠠᠭ᠍ᠰᠠᠨ ᠬᠤᠳᠠᠯᠳᠤᠭᠠᠴᠢᠳ᠎ᠤᠨ ᠡᠪᠯᠡᠯ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ ᠰᠦ᠍ ᠵᠢᠶᠠᠨ ᠭᠦᠸᠧ ᠳᠤᠮᠳᠠᠳᠤ ᠮᠣᠩᠭᠤᠯ᠎ᠤᠨ ᠢᠨᠵᠧᠨᠧᠷᠢᠩ᠎ᠤᠨ ᠬᠦᠷᠢᠶᠡᠨ᠎ᠳᠠᠬᠢ ᠬᠠᠮᠲᠤᠷᠠᠯᠴᠠᠭᠠᠨ᠎ᠤ ᠪᠠᠢᠳᠠᠯ᠎ᠢ ᠭᠤᠣᠯᠳᠠᠯᠭ᠎ᠠ᠎ᠲᠠᠢ ᠲᠠᠨᠢᠯᠴᠠᠭᠤᠯᠪᠠ᠂ ᠲᠡᠷᠡ ᠢᠯᠡᠷᠬᠡᠢ᠌ᠯᠡᠬᠦ᠎ᠳᠦ᠎ᠪᠡᠨ᠂ 2024 ᠣᠨ᠎ᠳᠤ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠮᠣᠩᠭᠤᠯ ᠤᠯᠤᠰ᠎ᠲᠠᠬᠢ ᠱᠢᠨ᠎ᠡ᠎ᠪᠠᠷ ᠭᠠᠷ᠎ᠤᠨ ᠦᠰᠦᠭ ᠵᠢᠷᠤᠭ᠍ᠰᠠᠨ ᠲᠤᠭ᠎ᠠ 22.7 ᠳ᠋ᠦᠩᠱᠢᠭᠤᠷ ᠳ᠋ᠣᠯᠯᠠᠷ ᠪᠠᠢᠵᠤ᠂ ᠡᠵᠡᠩᠨᠡᠯᠲᠡ᠎ᠶ᠋ᠢᠨ ᠬᠡᠮᠵᠢᠶ᠎ᠡ᠎ᠪᠠᠨ 15.3 ᠳ᠋ᠦᠩᠱᠢᠭᠤᠷ ᠳ᠋ᠣᠯᠯᠠᠷ ᠪᠡᠶᠡᠯᠡᠭᠦᠯᠵᠦ᠍᠂ ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠳᠠᠯ᠎ᠢᠶᠠᠨ ᠪᠠᠲᠤᠯᠠᠪᠠ᠃ ᠲᠤᠬᠠᠢᠯᠠᠭ᠍ᠰᠠᠨ ᠠᠵᠢᠯ᠎ᠨᠢ ᠭᠤᠣᠯᠳᠠᠭᠤ ᠴᠠᠬᠢᠯᠭᠠᠨ ᠬᠦᠴᠦᠨ᠎ᠤ  ᠢᠨᠵᠸᠨ᠋ᠸᠷᠢᠩ᠎ᠦᠨ ᠪᠦᠲᠦᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠪᠦᠲᠦᠭᠡᠨ ᠪᠠᠢᠭᠤᠯᠤᠯᠲᠠ ᠪᠣᠯᠣᠨ ᠡᠩ᠎ᠤᠨ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠳᠤ ᠲᠠᠷᠬᠠᠵᠤ ᠪᠠᠢᠨ᠎ᠠ᠃

  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠭᠡᠰᠢᠭᠦᠨ ᠱ᠌ᠢ ᠬᠣᠢ ᠲᠠᠨᠢᠯᠴᠠᠭᠤᠯᠬᠤ᠎ᠳᠤ᠎ᠪᠠᠨ᠂ 《 ᠮᠣᠩᠭᠤᠯ ᠤᠯᠤᠰ᠎ᠤᠨ ᠬᠥᠭ᠌ᠵᠢᠯᠲᠡ᠎ᠶ᠋ᠢᠨ ᠮᠡᠳᠡᠭᠦᠯᠦᠯᠲᠡ 》 ᠪᠣᠯ ᠬᠠᠮᠤᠭ᠎ᠤᠨ ᠣᠨᠴᠠᠯᠢᠭ᠎ᠲᠠᠢ ᠪᠡᠯᠭᠡ ᠲᠡᠮᠳᠡᠭ᠎ᠤᠨ ᠴᠢᠨᠠᠷᠲᠠᠶ ᠣᠶᠤᠨ᠎ᠤ ᠬᠥᠮᠥᠷᠭᠡ᠎ᠶ᠋ᠢᠨ ᠦᠷ᠎ᠡ ᠪᠦᠲᠦᠭᠡᠯ ᠮᠥᠨ᠂ ᠳᠤᠮᠳᠠᠳᠤ ᠮᠣᠩᠭᠤᠯ᠎ᠤᠨ ᠡᠷᠳᠡᠮᠲᠡᠳ᠎ᠤᠨ ᠬᠠᠮᠲᠤᠷᠠᠭ᠍ᠰᠠᠨ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠳᠤ ᠰᠠᠭᠤᠷᠢᠯᠠᠨ᠂ ᠮᠣᠩᠭᠤᠯ ᠤᠯᠤᠰ᠎ᠤᠨ 《ᠨᠢᠭᠡ ᠪᠦᠰᠡ ᠨᠢᠭᠡ ᠵᠠᠮ》 ᠎ᠤᠨ ᠰᠠᠨᠠᠭᠠᠴᠢᠯᠠᠭ᠎ᠠ᠎ᠶ᠋ᠢᠨ ᠠᠬᠤᠶ ᠪᠠᠢᠳᠠᠯ ᠬᠢᠭᠡᠳ ᠭᠠᠳᠠᠭᠠᠳᠤ ᠬᠠᠮᠲᠤᠷᠠᠯᠴᠠᠭᠠᠨ᠎ᠤ ᠬᠠᠨᠳᠤᠰᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠣᠩᠭᠤᠯ ᠤᠯᠤᠰ᠎ᠤᠨ ᠠᠵᠤ ᠠᠬᠤᠶ᠂ ᠨᠡᠢᠭᠡᠮ ᠪᠠ ᠭᠠᠳᠠᠭᠠᠳᠤ ᠬᠠᠷᠢᠯᠴᠠᠭ᠎ᠠ ᠵᠡᠷᠭᠡ ᠬᠥᠭ᠌ᠵᠢᠯᠲᠡ᠎ᠶ᠋ᠢᠨ ᠣᠳᠣᠬᠢ ᠪᠠᠢᠳᠠᠯ ᠬᠢᠭᠡᠳ ᠠᠯᠤᠰ᠎ᠤᠨ ᠲᠥᠯᠥᠪ᠎ᠲᠤ ᠵᠠᠳᠠᠯᠤᠯᠲᠠ ᠬᠢᠵᠦ᠍ ᠮᠠᠭᠠᠳᠯᠠᠬᠤ ᠣᠨ᠎ᠤ ᠴᠢᠨᠠᠷᠲᠠᠶ ᠮᠡᠳᠡᠭᠦᠯᠦᠯᠲᠡ ᠮᠥᠨ᠃ ᠣᠲᠣ ᠪᠣᠯᠲᠠᠯ᠎ᠠ᠂ 2019 ᠣᠨ᠂ 2021 ᠣᠨ᠂ 2022 ᠣᠨ᠎ᠤ ᠮᠡᠳᠡᠭᠦᠯᠦᠯᠲᠡ᠎ᠪᠠᠨ ᠨᠢᠭᠡᠨᠲᠡ ᠬᠡᠪᠯᠡᠭᠦᠯᠵᠦ᠍᠂ 2025 ᠣᠨ᠎ᠤ 《ᠮᠣᠩᠭᠤᠯ ᠤᠯᠤᠰ᠎ᠤᠨ ᠬᠥᠭ᠌ᠵᠢᠯᠲᠡ᠎ᠶ᠋ᠢᠨ ᠮᠡᠳᠡᠭᠦᠯᠦᠯᠲᠡ》 ᠎ᠶ᠋ᠢ ᠨᠠᠢᠷᠠᠭᠤᠯᠤᠨ ᠪᠢᠴᠢᠵᠦ᠍ ᠪᠠᠢᠨ᠎ᠠ᠃

  ᠲᠣᠰ ᠤᠳᠠᠭᠠᠨ᠎ᠤ ᠠᠵᠢᠯᠯᠠᠭ᠎ᠠ᠎ᠶ᠋ᠢ ᠳᠤᠮᠳᠠᠳᠤ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠽᠢᠶ᠎ᠠ ᠲᠢᠪ᠎ᠤᠨ ᠵᠤᠷᠭᠠᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠮᠣᠩᠭᠤᠯ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠠᠮᠤᠨ᠎ᠤ ᠠᠷᠠᠯᠵᠢᠶ᠎ᠠ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠵᠤᠷᠭᠠᠨ᠂ ᠮᠣᠩᠭᠤᠯ ᠤᠯᠤᠰ᠎ᠤᠨ ᠢᠳᠡᠭᠡᠨ᠎ᠤ ᠲᠠᠷᠢᠶᠠᠯᠠᠩ ᠮᠠᠯ ᠠᠵᠤ ᠠᠬᠤᠶ ᠪᠠ ᠬᠥᠩᠭᠡᠨ ᠠᠵᠤ ᠦᠢᠯᠡᠳᠪᠦᠷᠢ᠎ᠶ᠋ᠢᠨ ᠶᠠᠮᠤᠨ᠎ᠤ ᠮᠠᠯ ᠠᠵᠤ ᠠᠬᠤᠶ᠎ᠶ᠋ᠢᠨ ᠵᠤᠷᠭᠠᠨ ᠬᠠᠮᠲᠤᠷᠠᠨ ᠡᠷᠭᠢᠯᠡᠵᠦ᠍᠂ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠢᠬᠤᠯᠠ ᠲᠠᠪᠴᠠᠩ᠎ᠤᠨ ᠦᠶ᠋ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠰᠣᠯᠢᠯᠴᠠᠭᠠᠨ᠎ᠤ ᠠᠷᠭ᠎ᠠ ᠵᠠᠮ ᠪᠠ ᠬᠠᠮᠲᠤᠷᠠᠯᠴᠠᠭᠠᠨ᠎ᠤ ᠵᠠᠭ᠍ᠪᠤᠷ᠎ᠢ ᠪᠠᠶᠠᠯᠢᠭ᠍ᠵᠢᠭᠤᠯᠤᠨ᠂ ᠳᠤᠮᠳᠠᠳᠤ ᠮᠣᠩᠭᠤᠯ ᠬᠤᠶᠠᠷ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ᠎ᠳᠤ ᠰᠡᠳᠭᠢᠴᠡ ᠪᠠ ᠰᠠᠨᠠᠭᠤᠯᠭ᠎ᠠ ᠬᠠᠩᠭᠠᠬᠤ᠎ᠪᠠᠷ ᠵᠣᠷᠢᠯᠭ᠎ᠠ᠎ᠪᠠᠨ ᠪᠣᠯᠭᠠᠵᠠᠢ᠃

ᠢᠷᠡᠯᠲᠡ᠄ ᠱᠢᠨᠬᠤᠸᠠ ᠲᠣᠷᠭᠠᠨ ᠵᠠᠮ
          
ᠬᠠᠮᠢᠶ᠎ᠡ ᠪᠦᠬᠦᠢ ᠰᠣᠨᠢᠨ
 
            