9 ᠳ᠋ᠦ᠍ᠭᠡᠷ ᠰᠠᠷ᠎ᠠ᠎ᠶ᠋ᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠲᠤᠬᠠᠶ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠂ ᠲᠥᠪ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠠᠷᠪᠠᠨ ᠳᠣᠯᠣᠳᠤᠭᠠᠷ ᠤᠳᠠᠭ᠎ᠠ ᠶ᠋ᠢᠨ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ)ᠵᠢᠴᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ᠎ᠶ᠋ᠢᠨ ᠬᠤᠷᠠᠯ᠎ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ᠎ᠢ ᠪᠥᠬᠦ᠌ ᠲᠠᠯ᠎ᠠ᠎ᠪᠠᠷ ᠳ᠋ᠦᠩᠨᠡᠵᠦ᠍᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠬᠦ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠣᠷᠳᠣ ᠬᠤᠭᠤᠴᠠᠭᠠᠨ᠎ᠤ ᠪᠦᠲᠦᠮᠵᠢᠲᠡᠶ ᠪᠣᠯᠭᠠᠬᠤ᠎ᠶ᠋ᠢ ᠠᠬᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠬᠤᠷᠠᠯ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ᠎ᠠᠴᠠ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ᠎ᠶ᠋ᠢᠨ ᠬᠤᠶᠠᠷ ᠱᠠᠲᠤᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠭᠠᠢ ᠠᠩᠭᠢ᠎ᠶ᠋ᠢᠨ ᠬᠦᠴᠦᠲᠡᠢ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ ᠰᠤᠷᠲᠠᠯ ᠤᠨ ᠪᠠᠢᠭᠤᠯᠤᠯᠲᠠ ᠪᠠ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠤ ᠭᠤᠣᠯ ᠠᠵᠢᠯ᠎ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠰᠤᠷᠤᠯᠴᠠᠵᠤ ᠪᠠᠢᠴᠠᠭᠠᠨ ᠥᠭᠡᠷᠡᠴᠢᠯᠡᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠤᠨᠤᠯ᠎ᠤᠨ ᠰᠤᠷᠤᠯᠴᠠᠯᠭ᠎ᠠ᠎ᠶ᠋ᠢ ᠲᠠᠷᠢᠬᠢ ᠲᠣᠯᠣᠭᠠᠢ᠎ᠳᠤ ᠪᠠᠨ ᠰᠠᠭᠤᠭ᠍ᠳᠠᠭᠤᠯᠵᠤ ᠰᠡᠳᠭᠢᠯ ᠵᠢᠷᠦᠬᠡᠨ᠎ᠳᠦ᠎ᠪᠡᠨ ᠬᠠᠳᠠᠩᠱᠢᠭᠤᠯᠵᠤ᠂ ᠠᠰᠠᠭᠤᠳᠠᠯ᠎ᠢ ᠪᠠᠢᠴᠠᠭᠠᠨ ᠳᠡᠯᠭᠡᠵᠦ᠍ ᠬᠠᠲᠠᠭᠤ᠎ᠲᠠᠢ ᠬᠠᠯᠳᠠᠵᠤ᠂ ᠲᠥᠪᠯᠡᠷᠡᠭᠦᠯᠦᠨ ᠴᠡᠭ᠌ᠴᠡᠯᠡᠨ ᠵᠠᠰᠠᠵᠤ ᠪᠣᠳᠠᠲᠠᠢ ᠦᠷ᠎ᠡ ᠪᠦᠲᠦᠮᠵᠢ ᠣᠯᠵᠤ᠂ ᠵᠢᠱ᠌ᠢᠭ᠌ᠰᠡᠨ ᠦᠷ᠎ᠡ ᠪᠦᠲᠦᠮᠵᠢ᠎ᠳᠤ ᠬᠦᠷᠴᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ᠂ ᠬᠦᠴᠦᠯᠡᠨ ᠴᠢᠷᠮᠠᠢᠵᠤ ᠦᠢᠯᠡᠰ ᠪᠦᠲᠦᠭᠡᠬᠦ᠌ ᠴᠤᠭ ᠰᠦᠯᠳᠡ᠎ᠶ᠋ᠢ ᠪᠦᠲᠦᠮᠵᠢᠲᠡᠢ ᠬᠥᠭ᠌ᠵᠢᠭᠡᠵᠦ᠍᠂ ᠪᠦᠬᠦ᠌ ᠲᠢᠩᠬᠢᠮ᠎ᠤᠨ ᠳᠡᠭᠡᠳᠦ ᠲᠤᠤᠷᠠᠳᠤ ᠱᠠᠳᠤ ᠪᠠᠷ ᠢᠶᠠᠨ ᠠᠷᠢᠭᠤᠨ ᠴᠢᠬᠡᠴᠢ ᠪᠠᠢᠬᠤ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠤᠨ ᠬᠡᠪ ᠰᠤᠷᠲᠠᠯ᠎ᠢ ᠪᠤᠢ ᠪᠣᠯᠭᠠᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠦᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠬᠦ᠌ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠰᠤᠷᠤᠯᠴᠠᠯᠭ᠎ᠠ ᠬᠥᠮᠦᠵᠢᠯ ᠲᠡᠭᠦᠰᠬᠦ ᠨᠢ ᠰᠤᠷᠲᠠᠯ᠎ᠤᠨ ᠪᠠᠢᠭᠤᠯᠤᠯᠲᠠ᠎ᠶ᠋ᠢᠨ ᠡᠴᠦᠰ᠎ᠤᠨ ᠴᠡᠭ ᠪᠢᠰᠢ᠂ ᠬᠠᠷᠢᠨ ᠱᠢᠨ᠎ᠡ ᠡᠬᠢᠯᠡᠯᠲᠡ ᠶ᠋ᠢᠨ ᠮᠥᠨ᠂ ᠰᠤᠷᠲᠠᠯ᠎ᠤᠨ ᠪᠠᠢᠭᠤᠯᠤᠯᠲᠠ ᠡᠭᠦᠷᠢᠳᠡ ᠵᠤᠬ᠍ᠰᠤᠰᠢ ᠦᠭᠡᠢ ᠶᠤᠮ᠃ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠰᠠᠢᠲᠤᠷ ᠪᠠᠬᠢᠵᠢᠭᠦᠯᠵᠦ᠍᠂ ᠲᠥᠪ᠎ᠤᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠤ ᠬᠡᠷᠡᠭ᠌ᠵᠢᠭᠦᠯᠬᠦ᠌ ᠨᠠᠷᠢᠨ ᠲᠦᠷᠢᠮ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠡᠨᠡ ᠬᠦ᠌ ᠪᠣᠭᠤᠮᠲᠠ ᠱᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠢᠯᠠᠯᠳᠤᠭᠠᠨ᠎ᠢ ᠡᠷᠡᠰ ᠰᠠᠢᠲᠤᠷ ᠬᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠠᠴᠠ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠯᠠᠭᠠᠬᠤ᠂ ᠮᠡᠳᠡᠬᠦᠢ ᠬᠢᠬᠦᠢ ᠪᠠᠨ ᠨᠢᠭᠡᠳᠭᠡᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠰᠡᠳᠭᠢᠯ ᠰᠠᠨᠠᠭ᠎ᠠ᠎ᠪᠠᠨ ᠨᠢᠭ᠍ᠲᠠᠷᠠᠭᠤᠯᠵᠤ ᠰᠦᠭ ᠰᠦᠨᠡᠰᠦ᠎ᠶ᠋ᠢ ᠱᠤᠭᠤᠬᠤ ᠶ᠋ᠢ ᠴᠥᠬᠦᠷᠡᠰᠢ ᠦᠭᠡᠢ ᠪᠠᠷᠢᠮᠲᠠᠯᠠᠵᠤ᠂ ᠰᠤᠷᠲᠠᠯ᠎ᠤᠨ ᠬᠥᠮᠦᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ᠎ᠢ ᠦᠨᠡᠨ ᠬᠦ᠌ ᠴᠢᠩᠭᠠᠳᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ ᠶᠣᠰᠣ ᠲᠦᠷᠢᠮ᠎ᠤᠨ ᠤᠬᠠᠮᠰᠠᠷ᠎ᠢ ᠲᠠᠰᠤᠷᠠᠯᠳᠠ ᠦᠭᠡᠢ ᠴᠢᠩᠭᠠᠳᠭᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠦᠵᠡᠯ ᠰᠠᠨᠠᠭᠠᠨ᠎ᠤ ᠬᠠᠱᠢᠯᠭ᠎ᠠ᠎ᠶ᠋ᠢ ᠲᠠᠰᠤᠷᠠᠯᠳᠠ ᠦᠭᠡᠢ ᠪᠠᠬᠢᠵᠢᠭᠦᠯᠬᠦ᠌ ᠬᠡᠷᠡᠭ᠌ᠲᠡᠢ᠃ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠂ 《ᠲᠦᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠲᠠᠯ᠎ᠠ ᠪᠠᠷ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠥᠨᠳᠥᠷ ᠳᠠᠷᠤᠯᠲᠠᠲᠤ ᠪᠠᠢᠳᠠᠯ᠎ᠢ ᠪᠠᠲᠤᠯᠠᠬᠤ ᠬᠡᠷᠡᠭ᠌ᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠤᠪᠤᠢᠯᠭᠠᠵᠤ᠂ ᠲᠦᠷᠦᠯ ᠵᠦᠢᠯ᠎ᠢ ᠲᠥᠪᠯᠡᠷᠡᠭᠦᠯᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠡᠯᠡ ᠮᠥᠩᠭᠦ᠌ ᠨᠢᠭ᠍ᠲᠠᠷᠠᠬᠤ ᠵᠡᠷᠭᠡ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠴᠢᠬᠤᠯᠠ ᠶᠡᠭᠡ ᠦᠵᠡᠰᠭᠦᠯᠡᠩ᠎ᠤᠨ ᠠᠵᠢᠯᠯᠠᠭ᠎ᠠ᠎ᠶ᠋ᠢ ᠴᠢᠩᠭ᠎ᠠ ᠠᠩᠬᠠᠷᠴᠤ᠌᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭ᠌ᠰᠢᠭᠦᠷᠢ᠎ᠶ᠋ᠢᠨ ᠴᠡᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠡᠷᠬᠡ᠎ᠶ᠋ᠢᠨ ᠠᠵᠢᠯᠯᠠᠭ᠎ᠠ᠎ᠨᠢ ᠵᠢᠷᠤᠮᠵᠢᠭᠤᠯᠵᠤ᠂ 《ᠲᠦᠷᠪᠡᠨ ᠰᠤᠷᠲᠠᠯ 》᠎ᠤᠨ ᠲᠠᠯᠳᠠ ᠬᠤᠪᠢᠰᠤᠯᠲᠠ᠎ᠶ᠋ᠢ ᠴᠠᠭ ᠢᠮᠠᠭ᠍ᠲᠠ ᠰᠡᠷᠡᠮᠵᠢᠯᠡᠬᠦ᠌ ᠬᠡᠷᠡᠭ᠌ᠲᠡᠢ; ᠵᠠᠯᠠᠭᠤ ᠺᠠᠳ᠋ᠷ᠂ ᠱᠢᠨ᠎ᠡ᠎ᠪᠠᠷ ᠠᠵᠢᠯ᠎ᠳᠤ ᠤᠷᠤᠭ᠍ᠰᠠᠨ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠢ ᠴᠢᠩᠭᠠᠳᠭᠠᠬᠤ ᠬᠡᠷᠡᠭ᠌ᠲᠡᠢ;ᠬᠡᠪ ᠰᠤᠷᠲᠠᠯ᠎ᠤᠨ ᠢᠯᠵᠡᠷᠡᠯ᠎ᠢ ᠵᠡᠷᠭᠡ᠎ᠪᠠᠷ ᠪᠠᠢᠴᠠᠭᠠᠵᠤ ᠵᠡᠷᠭᠡ᠎ᠪᠠᠷ ᠵᠠᠰᠠᠬᠤ᠎ᠶ᠋ᠢ ᠦᠷᠭᠦᠯᠵᠢᠯᠡᠨ ᠲᠦᠯᠬᠢᠨ ᠠᠬᠢᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠎ᠶ᠋ᠢ ᠤᠷᠲᠤ ᠬᠤᠭᠤᠴᠠᠭ᠎ᠠ᠎ᠪᠠᠷ ᠦᠷᠭᠦᠯᠵᠢᠯᠡᠨ ᠪᠠᠷᠢᠮᠲᠠᠯᠠᠨ᠎ᠠ᠃ ᠲᠦᠷᠢᠮ ᠲᠣᠭ᠍ᠲᠠᠭᠠᠯ ᠲᠣᠭ᠍ᠲᠠᠭᠠᠬᠤ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠲᠠᠯ᠎ᠠ᠎ᠪᠠᠷ ᠴᠥᠬᠦᠷᠡᠰᠢ ᠦᠭᠡᠢ ᠠᠳᠭᠤᠵᠤ᠂ ᠡᠷᠬᠡ᠎ᠶ᠋ᠢᠨ ᠠᠵᠢᠯᠯᠠᠭ᠎ᠠ᠎ᠨᠢ ᠵᠢᠷᠤᠮᠵᠢᠭᠤᠯᠬᠤ ᠬᠡᠷᠡᠭ᠌ᠲᠡᠢ᠃ ᠰᠤᠷᠤᠯᠴᠠᠯᠭ᠎ᠠ ᠬᠥᠮᠦᠵᠢᠯ᠎ᠤᠨ ᠡᠷᠬᠢᠮ ᠨᠠᠨᠳᠢᠨ ᠲᠤᠷᠱᠢᠯᠭ᠎ᠠ᠎ᠶ᠋ᠢ ᠰᠠᠢᠲᠤᠷ ᠬᠡᠷᠡᠭ᠌ᠯᠡᠵᠦ᠍᠂ ᠪᠠᠢᠩᠭᠤ ᠶ᠋ᠢᠨ ᠴᠢᠨᠠᠷᠲᠠᠢ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠪᠠᠢᠩᠭᠤᠵᠢᠭᠤᠯᠤᠨ ᠪᠠᠢᠭᠤᠯᠤᠨ ᠲᠡᠭᠦᠯᠳᠡᠷᠵᠢᠭᠦᠯᠵᠦ᠍᠂ ᠡᠷᠬᠡ᠎ᠶ᠋ᠢᠨ 《ᠠᠵᠢᠯᠯᠠᠭᠠᠨ᠎ᠤ ᠵᠠᠭᠠᠭ ᠱᠤᠭᠤᠮ 》᠎ᠢ ᠵᠠᠭᠠᠭ᠍ᠯᠠᠨ ᠲᠣᠭ᠍ᠲᠠᠭᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠵᠢᠷᠤᠮᠯᠠᠬᠤ ᠲᠦᠷᠢᠮ᠎ᠲᠠᠢ ᠪᠣᠯᠭᠠᠬᠤ ᠬᠡᠷᠡᠭ᠌ᠲᠡᠢ᠃ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ᠂ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠵᠢᠳᠬᠦᠯ ᠴᠢᠷᠮᠠᠢᠯᠭ᠎ᠠ ᠭᠠᠷᠭᠠᠵᠤ᠂ ᠪᠦᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠬᠦ᠌ ᠬᠡᠷᠡᠭ᠌ᠲᠡᠢ᠃ ᠪᠦᠬᠦ᠌ ᠵᠢᠯ᠎ᠤᠨ ᠭᠤᠣᠯᠳᠠᠯᠭ᠎ᠠ᠎ᠲᠠᠢ ᠠᠵᠢᠯ᠎ᠤᠨ ᠡᠭᠦᠷᠭᠡ ᠬᠠᠷᠠᠯᠲᠠ ᠶ᠋ᠢ ᠲᠣᠭ᠍ᠲᠠᠭᠠᠵᠤ᠂ ᠰᠤᠷᠲᠠᠯ᠎ᠤᠨ ᠪᠠᠢᠭᠤᠯᠤᠯᠲᠠ ᠪᠠ ᠠᠯᠪᠠᠨ ᠲᠠᠰᠤᠭ᠂ ᠨᠢᠭᠡᠴᠢ ᠶ᠋ᠢᠨ ᠲᠤᠬᠠᠢᠯᠠᠭ᠍ᠰᠠᠨ ᠠᠵᠢᠯ᠎ᠲᠠᠢ ᠨᠢᠭ᠍ᠲᠠ ᠤᠶᠠᠯᠳᠤᠭᠤᠯᠵᠤ᠂ ᠡᠭᠦᠷᠭᠡ ᠪᠡᠨ ᠮᠡᠳᠡᠵᠦ᠍ ᠡᠭᠦᠷᠭᠡ ᠪᠠᠨ ᠡᠭᠦᠷᠭᠡᠯᠡᠵᠦ᠍᠂ ᠬᠠᠷᠢᠭᠤᠴᠠᠯᠭ᠎ᠠ᠎ᠪᠠᠨ ᠮᠡᠳᠡᠵᠤ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠬᠦᠴᠢᠷ᠎ᠢ ᠮᠡᠳᠡᠵᠤ ᠬᠦᠴᠢᠷ᠎ᠢ ᠳᠠᠪᠠᠵᠤ᠂ ᠱᠢᠯᠢᠳᠡᠭ ᠰᠤᠷᠲᠠᠯ ᠢᠶᠠᠷ ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠢᠯᠠᠯᠲᠠ᠎ᠶ᠋ᠢᠨ ᠡᠷᠴᠢᠨ ᠳᠡᠭᠡᠷ᠎ᠡ ᠤᠷᠤᠭ᠍ᠰᠢᠯᠠᠵᠤ᠂ ᠬᠤᠳᠠᠯᠳᠤᠭᠠᠨ᠎ᠤ ᠶᠠᠪᠤᠳᠠᠯ᠎ᠤᠨ ᠠᠵᠢᠯ ᠤᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠨᠡᠩ ᠶᠡᠭᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ ᠭᠡᠵᠦ᠍ ᠱᠠᠭᠠᠷᠳᠠᠪᠠ᠃