ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ ᠬᠣᠷᠢᠨ ᠲᠠᠪᠤᠳᠤᠭᠠᠷ ᠬᠤᠭᠤᠴᠠᠭᠠᠨ᠎ᠤ᠋ ᠪᠡᠯᠡ ᠣᠷᠣᠭᠤᠯᠤᠯᠲᠠ᠎ᠶᠢᠨ ᠵᠦᠪᠳᠡᠯᠴᠡᠭᠡᠷ᠎ᠦᠨ ᠬᠤᠷᠠᠯ ᠎ᠳ᠋ᠤ ᠨᠡᠭᠡᠭᠡᠯᠲᠡ ᠬᠢᠵᠦ᠍ ᠬᠠᠮᠲᠤᠷᠠᠯᠴᠠᠬᠤ ᠱᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠪᠠ
ᠨᠡᠶ᠋ᠢᠲᠡᠯᠡᠭᠰᠡᠨ ᠴᠠᠭ᠄ 2025-09-15

  9 ᠳ᠋ᠤᠭᠡᠷ ᠰᠠᠷ᠎ᠠ᠎ᠶ᠋ᠢᠨ 8᠎ᠤ ᠡᠳᠦᠷ ᠡᠴᠠ 11᠎ᠤ ᠡᠳᠦᠷ ᠪᠤᠯᠲᠠᠯ᠎ᠠ᠂ 《 ᠳᠣᠮᠲᠠᠲᠤ ᠤᠯᠤᠰ ᠲᠠᠢ ᠭᠠᠷ ᠬᠤᠯᠪᠤᠨ᠂ ᠢᠷᠡᠭᠡᠳᠦᠢ᠎ᠳᠦ ᠪᠠᠯᠠ ᠣᠷᠣᠭᠤᠯᠬᠤ》 ᠪᠠᠷ ᠭᠣᠣᠯ ᠰᠠᠲᠣᠪ ᠪᠤᠯᠭᠠᠬ᠍ᠰᠠᠨ ᠬᠣᠷᠢᠨ ᠲᠠᠪᠤᠲᠣᠭᠠᠷ ᠬᠣᠭᠣᠴᠠᠭᠠᠨ᠎ᠤ ᠳᠣᠮᠲᠠᠲᠤ ᠤᠯᠤᠰ᠎ᠤᠨ ᠣᠯᠠᠨ ᠤᠯᠤᠰ᠎ᠤᠨ ᠪᠠᠯᠠ ᠣᠷᠣᠭᠣᠯᠣᠯᠲᠠ ᠪᠠ ᠠᠷᠠᠯᠵᠢᠶᠠᠨ᠎ᠤ ᠵᠦᠪᠳᠡᠯᠴᠡᠭᠡᠷ᠎ᠦᠨ ᠬᠣᠷᠠᠯ ᠹᠦᠵᠢᠶᠠᠨ ᠮᠣᠵᠢ᠎ᠶ᠋ᠢᠨ ᠱᠢᠶᠠᠮᠧᠨ ᠬᠣᠲᠠ ᠎ᠳᠤ ᠠᠮᠵᠢᠯᠲᠠ ᠲᠠᠢ ᠶᠠᠪᠤᠬ᠍ᠲᠠᠪᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ 18 ᠠᠵᠤ ᠠᠬᠤᠢᠯᠠᠯ᠎ᠢ ᠵᠣᠬᠢᠶᠠᠨ ᠪᠠᠢᠭᠤᠯᠤᠨ ᠦᠵᠡᠰᠭᠦᠯᠡᠩ᠎ᠳᠤ ᠣᠷᠣᠯᠴᠠᠭᠤᠯᠵᠤ᠂ ᠡᠯ᠎ᠡ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ ᠵᠢᠴᠢ ᠠᠵᠤ ᠠᠬᠤᠶ ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠢ ᠨᠢᠭᠡᠳᠦᠯᠲᠡᠶ ᠲᠥᠯᠥᠪᠯᠡᠨ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠪᠣᠬᠢᠷᠲᠤᠯ ᠥᠬᠡᠶ ᠢᠳᠡᠭᠡᠨ᠂ ᠠᠮᠢᠳᠤ ᠪᠣᠳᠠᠰ᠎ᠤᠨ ᠡᠮ ᠡᠮᠨᠡᠯᠭᠡ᠂ ᠳ᠋ᠢᠵᠢᠲ᠋ᠠᠯ ᠠᠵᠤ ᠠᠬᠤᠶ ᠵᠡᠷᠭᠡ ᠭᠤᠤᠯᠳᠠᠯᠭ᠎ᠠ᠎ᠲᠠᠢ ᠤᠷᠤᠯᠳᠤᠭᠠᠨ᠎ᠤ ᠵᠠᠮ᠎ᠤᠨ ᠲᠣᠭᠤᠷᠢᠨ᠎ᠳᠤ᠂ 《ᠳᠦᠷᠢ ᠲᠥᠷᠬᠦ᠌ ᠎ᠶ᠋ᠢᠨ ᠳᠡᠯᠭᠡᠨ ᠦᠵᠡᠭᠦᠯᠭᠡ + ᠠᠵᠤ ᠦᠢᠯᠡᠰ᠎ᠤᠨ ᠤᠷᠢᠳᠴᠢᠯᠠᠭ᠍ᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ ᠎ᠶ᠋ᠢᠨ ᠠᠵᠢᠯᠯᠠᠭ᠎ᠠ +  ᠣᠨᠤᠴᠢᠲᠠᠢ  ᠵᠣᠯᠭᠠᠭᠤᠯᠬᠤ + ᠡᠭᠦᠯᠡᠨ ᠳᠠᠪᠴᠠᠩ᠎ᠢ ᠨᠡᠢ᠌ᠯᠡᠭᠦᠯᠬᠦ 》 ᠪᠥᠬᠦ᠌ ᠬᠡᠯᠬᠢᠶ᠎ᠡ ᠎ᠶ᠋ᠢᠨ ᠬᠤᠳᠠᠯᠳᠤᠭᠠᠴᠢᠨ ᠤᠷᠢᠬᠤ ᠵᠢᠭ᠍ᠰᠠᠭᠠᠯ᠎ᠢ ᠪᠣᠶ ᠪᠣᠯᠭᠠᠵᠤ᠂ ᠠᠩᠭ᠌ᠯᠢ᠂ ᠪᠷᠠᠽᠢᠯ᠂ ᠲᠠᠨᠽᠠᠨᠢᠶ᠎ᠠ ᠵᠡᠷᠭᠡ ᠤᠯᠤᠰ᠎ᠤᠨ ᠠᠵᠤ ᠠᠬᠤᠢᠯᠠᠯ ᠪᠠ ᠬᠤᠳᠠᠯᠳᠤᠭᠠᠴᠢᠳ᠎ᠤᠨ ᠨᠡᠢᠭᠡᠮᠯᠢᠭ᠎ᠤᠨ ᠲᠥᠯᠥᠭᠡᠯᠡᠭ᠌ᠴᠢᠳ᠎ᠤᠨ ᠪᠦᠯᠬᠦᠮ᠎ᠢ ᠪᠣᠳᠠᠲᠠᠶ᠎ᠪᠠᠷ ᠵᠣᠯᠭᠠᠭᠤᠯᠵᠤ᠂ ᠥᠪᠥᠷ ᠮᠣᠩᠭᠤᠯ᠎ᠤᠨ ᠨᠡᠭᠡᠭᠡᠯᠲᠡ ᠬᠢᠵᠦ᠍ ᠬᠠᠮᠲᠤᠷᠠᠯᠴᠠᠬᠤ ᠱᠢᠨ᠎ᠡ ᠳᠦᠷᠢ ᠲᠥᠷᠬᠦ᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠂ ᠬᠤᠳᠠᠯᠳᠤᠭ᠎ᠠ ᠡᠵᠡᠩᠨᠡᠬᠦ᠌ ᠣᠷᠴᠢᠨ ᠲᠣᠭᠤᠷᠢᠨ᠎ᠤ ᠱᠢᠨ᠎ᠡ ᠳᠠᠪᠠᠭᠤᠯᠢᠭ᠎ᠢ ᠪᠥᠬᠦ᠌ ᠲᠠᠯ᠎ᠠ᠎ᠪᠠᠷ ᠳᠡᠯᠭᠡᠨ ᠦᠵᠡᠭᠦᠯᠪᠡ᠃

  ᠨᠢᠭᠡ᠂ ᠲᠥᠪᠯᠡᠷᠡᠭᠦᠯᠦᠨ ᠳᠡᠯᠭᠡᠨ ᠦᠵᠡᠭᠦᠯᠬᠦ᠄ ᠲᠠᠯ᠎ᠠ ᠨᠤᠲᠤᠭ᠎ᠤᠨ ᠠᠵᠤ ᠦᠢᠯᠡᠰ᠎ᠢ ᠬᠠᠮᠳᠦ᠎ᠳᠤ ᠨᠢ ᠳᠡᠯᠭᠡᠨ ᠦᠵᠡᠭᠦᠯᠵᠦ᠂ ᠬᠠᠮᠲᠤᠷᠠᠯᠴᠠᠭᠠᠨ᠎ᠤ ᠱᠢᠨ᠎ᠡ ᠲᠣᠬᠢᠶᠠᠯ᠎ᠢ ᠡᠷᠢᠯᠬᠢᠯᠡᠪᠡ

  ᠪᠥᠬᠦ᠌ ᠣᠷᠣᠨ᠎ᠤ ᠳᠠᠪᠠᠭᠤᠯᠢᠭ ᠠᠵᠤ ᠠᠬᠤᠢᠯᠠᠯ᠎ᠢ ᠵᠣᠬᠢᠶᠠᠨ ᠪᠠᠢᠭᠤᠯᠤᠨ ᠠᠵᠢᠯ ᠲᠥᠷᠥᠯ ᠬᠤᠪᠢᠶᠠᠨ᠂ ᠣᠷᠣᠨ ᠪᠦᠰᠡ ᠬᠤᠪᠢᠶᠠᠨ᠂ ᠭᠤᠤᠯ ᠰᠡᠳᠦᠪ ᠬᠤᠪᠢᠶᠠᠨ ᠨᠢᠭᠤᠷ ᠵᠣᠯᠭᠠᠵᠤ᠂ ᠣᠷᠭᠠᠨᠢᠭ ᠴᠠᠬᠢᠭᠤᠷ᠂ BDO ᠵᠢᠴᠢ ᠳᠣᠤᠷᠠᠳᠤ ᠤᠷᠤᠰᠭᠠᠯ᠎ᠤᠨ ᠱᠢᠨ᠎ᠡ ᠮᠠᠲ᠋ᠧᠷᠢᠶᠠᠯ᠂ ᠬᠦᠷᠮᠡᠨ ᠴᠢᠯᠠᠭᠤᠯᠢᠭ᠎ᠤᠨ ᠱᠢᠷᠬᠡᠭ᠂ ᠡᠯᠧᠺᠲᠷᠣᠨ ᠢᠯᠴᠢ ᠳᠠᠮᠵᠢᠭᠤᠯᠬᠤ ᠮᠠᠲ᠋ᠧᠷᠢᠶᠠᠯ᠂ ᠢᠮᠠᠭᠠᠨ ᠨᠤᠤᠯᠤᠭᠤᠷ᠎ᠤᠨ ᠨᠡᠬᠡᠮᠡᠯ᠂ ᠪᠣᠬᠢᠷᠲᠤᠯ ᠥᠬᠡᠶ ᠢᠳᠡᠭᠡᠨ ᠪᠠ ᠦᠢᠯᠡᠳᠦᠯ᠎ᠦᠨ ᠨᠠᠢᠷᠠᠯᠭ᠎ᠠ᠂ ᠴᠠᠭᠠᠨ ᠢᠳᠡᠭᠡᠨ᠂ ᠡᠮ ᠡᠮᠨᠡᠯᠭᠡ ᠡᠷᠡᠭᠦᠯ ᠮᠡᠨᠳᠦ ᠵᠡᠷᠭᠡ ᠬᠦᠷᠢᠶ᠎ᠡ ᠴᠠᠷᠠᠭ᠎ᠠ ᠎ᠶ᠋ᠢ ᠳᠡᠯᠭᠡᠨ ᠦᠵᠡᠭᠦᠯᠵᠦ᠍᠂ ᠥᠪᠥᠷ ᠮᠣᠩᠭᠤᠯ᠎ᠤᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠤᠨ ᠰᠠᠭᠤᠷᠢ ᠪᠠ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠥᠪᠯᠡᠷᠡᠭᠦᠯᠦᠨ ᠢᠯᠡᠷᠡᠭᠦᠯᠪᠡ᠃ ᠳ᠋ᠦᠩ ᠶᠤᠸᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠨᠢ 《ᠨᠡᠭᠦᠷᠡᠰᠦ  ᠴᠠᠬᠢᠯᠭᠠᠨ  ᠴᠠᠬᠢᠯᠠᠭᠤᠷ ᠴᠢᠯᠠᠭᠤ  BDO  ᠵᠠᠳᠠᠷᠠᠬᠤᠢ ᠰᠦᠯᠢᠶᠣᠣ》 ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠨᠡᠪᠲᠡᠷᠡᠭᠦᠯᠪᠡ; ᠾᠧᠩ ᠶᠧ ᠴᠧᠩ ᠣᠷᠭᠠᠨᠢᠭ ᠴᠠᠬᠢᠭᠤᠷ᠎ᠤᠨ ᠪᠤᠳᠠᠭᠠᠯᠢ ᠪᠡᠶ᠎ᠡ ᠪᠠ ᠳᠣᠤᠷᠠᠳᠤ ᠤᠷᠤᠰᠭᠠᠯ᠎ᠤᠨ ᠮᠠᠲ᠋ᠧᠷᠢᠶᠠᠯ᠎ᠤᠨ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠦᠷᠭᠦᠯᠵᠢᠯᠡᠨ  ᠥᠷᠭᠡᠳᠭᠡᠪᠡ;ᠯᠦ᠍ ᠵᠢᠩ ᠠᠯᠮᠠᠰ ᠡᠷᠭᠢᠭᠦᠯᠭᠡᠲᠦ ᠪᠣᠯᠣᠳ ᠬᠤᠭᠤᠯᠠᠶ᠂ ᠱᠢᠨ᠎ᠡ ᠡᠨᠧᠷᠭᠢ ᠪᠠ ᠬᠦᠷᠮᠡᠨ ᠴᠢᠯᠠᠭᠤᠯᠢᠭ᠎ᠤᠨ ᠱᠢᠨ᠎ᠡ ᠮᠠᠲ᠋ᠧᠷᠢᠶᠠᠯ᠎ᠳᠤ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢ ᠨᠢᠭᠡ ᠴᠤᠭ᠍ᠴᠠᠵᠢᠭᠤᠯᠤᠭ᠍ᠰᠠᠨ ᠪᠠᠢᠷᠢᠱᠢᠯ᠎ᠢ ᠪᠦᠷᠢᠯᠳᠦᠭᠦᠯᠪᠡ; ᠵᠦᠩ  ᠶᠠᠨ ᠥᠪᠥᠷ ᠮᠣᠩᠭᠤᠯ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠨᠠᠲᠷᠢ᠎ᠶ᠋ᠢᠨ ᠦᠢᠯᠡᠰ᠎ᠨᠢ ᠲᠡᠮᠦᠷᠯᠢᠭ ᠨᠠᠲᠷᠢ ᠪᠠ ᠴᠡᠪᠡᠷ ᠨᠠᠲᠷᠢ᠎ᠶ᠋ᠢᠨ ᠠᠵᠢᠯ ᠲᠥᠷᠥᠯ᠎ᠤᠨ ᠳᠠᠪᠠᠭᠤᠯᠢᠭ᠎ᠲᠠᠢ ᠪᠠᠢ᠌ᠵᠦ ;ᠯᠢᠩ ᠲᠦᠸᠧ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠥᠪᠡᠷᠲᠡᠭᠡᠨ ᠰᠤᠳᠤᠯᠬᠤ ᠬᠡᠲᠦ ᠲᠠᠯᠠᠰᠲᠤ ᠪᠠᠯ ᠴᠢᠯᠠᠭᠤᠨ ᠠᠯᠺᠧᠨ᠎ᠤ ᠢᠯᠴᠢ ᠳᠠᠮᠵᠢᠭᠤᠯᠬᠤ ᠮᠠᠲ᠋ᠧᠷᠢᠶᠠᠯ ᠨᠢ ᠥᠨᠳᠥᠷ ᠴᠢᠳᠠᠪᠬᠢᠲᠤ ᠴᠢᠫ᠎ᠤᠨ ᠢᠯᠴᠢ ᠲᠠᠷᠬᠠᠭᠠᠬᠤ ᠡᠮᠵᠡᠭ ᠴᠡᠭ᠎ᠢ ᠱᠢᠭᠤᠳ ᠬᠥᠨᠳᠡᠪᠡ;ᠵᠦᠩ ᠾᠸ ᠨᠤᠤᠯᠤᠭᠤᠷ ᠢᠮᠠᠭᠠᠨ᠎ᠤ᠎ᠤᠨᠣᠣᠯᠤᠭᠤᠷ᠎ᠤᠨ ᠶᠠᠰᠦ ᠴᠢᠨᠠᠷ᠎ᠢ ᠭᠦᠨ ᠬᠠᠭᠠᠯᠪᠤᠷᠢᠯᠠᠪᠠ;《 ᠲᠦᠸᠸ ᠮᠠ ᠮᠠ 》᠂《 ᠰᠢᠶᠤᠤ  ᠮᠸᠩ  ᠲᠦᠸᠸ  》 ᠵᠡᠷᠭᠡ ᠨᠠᠷᠠᠲᠤ ᠲᠡᠮᠳᠡᠭ᠌ᠲᠦ᠍ ᠎ᠶ᠋ᠢᠨ ᠢᠩᠭᠡᠨ ᠰᠦ᠎ᠶ᠋ᠢᠨ ᠳᠡᠭᠡᠳᠦ ᠲᠠᠰ᠎ᠤᠨ ᠬᠡᠷᠡᠭ᠌ᠯᠡᠭᠡᠨ᠎ᠤ ᠤᠷᠤᠯᠳᠤᠭᠠᠨ᠎ᠤ ᠵᠠᠮ᠎ᠢ ᠥᠷᠭᠡᠳᠭᠡᠪᠡ;ᠯᠠᠨ᠎ᠲᠠᠢ ᠡᠮ᠎ᠤᠨ ᠦᠢᠯᠡᠰ ᠡᠮ ᠡᠮᠨᠡᠯᠭᠡ ᠪᠠ ᠡᠷᠡᠭᠦᠯᠵᠢᠯ᠎ᠤᠨ ᠢᠳᠡᠭᠡᠨ᠎ᠤ ᠬᠤᠤᠰ ᠬᠦᠷᠳᠦ᠍᠎ᠪᠠᠷ ᠬᠥᠳᠡᠯᠭᠡᠭᠦᠷ ᠪᠣᠯᠭᠠᠪᠠ;ᠬᠥᠯᠥᠨ ᠪᠤᠢᠷ᠎ᠤᠨ ᠨᠦᠩ  ᠺᠸᠨ ᠢᠳᠡᠭᠡᠨ᠎ᠤ ᠪᠦᠯᠦᠭ᠌ᠯᠡᠯ ᠪᠣᠬᠢᠷᠲᠤᠯ ᠦᠭᠡᠢ ᠢᠳᠡᠭᠡᠨ᠎ᠤ ᠪᠦᠬᠦ᠌ ᠬᠡᠯᠬᠢᠶ᠎ᠡ᠎ᠶ᠋ᠢᠨ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠪᠣᠶ ᠪᠣᠯᠭᠠᠪᠠ ᠁ ᠥᠪᠥᠷ ᠮᠣᠩᠭᠤᠯ᠎ᠤᠨ ᠲᠦᠭᠦᠬᠡᠶ ᠮᠠᠲ᠋ᠧᠷᠢᠶᠠᠯ᠎ᠤᠨ《ᠰᠠᠭᠤᠷᠢ᠎ᠶ᠋ᠢ ᠴᠢᠩᠭᠠᠳᠭᠠᠬᠤ᠂ ᠵᠠᠩᠭᠢᠯᠠᠭ᠎ᠠ᠎ᠶ᠋ᠢᠨ ᠮᠠᠲ᠋ᠧᠷᠢᠶᠠᠯ᠎ᠤᠨ 《ᠬᠡᠯᠬᠢᠶ᠎ᠡ᠎ᠶ᠋ᠢ ᠨᠥᠬᠦᠪᠥᠷᠢᠯᠡᠬᠦ᠌》᠂ ᠦᠵᠦᠭᠦᠷ ᠬᠡᠷᠡᠭ᠌ᠯᠡᠯᠲᠡ᠎ᠶ᠋ᠢᠨ《ᠬᠡᠪᠴᠢᠶ᠎ᠡ ᠎ᠶ᠋ᠢ ᠥᠷᠭᠡᠳᠭᠡᠬᠦ᠌》 ᠱᠢᠰᠲ᠋ᠧᠮᠲᠦ ᠴᠢᠨᠠᠷᠲᠠᠶ ᠳᠠᠪᠠᠭᠤᠯᠢᠭ᠎ᠢ ᠭᠦᠢᠴᠡᠳ ᠢᠯᠡᠷᠡᠭᠦᠯᠪᠡ᠃

 

 

  ᠬᠤᠶᠠᠷ᠂ ᠤᠷᠢᠳᠴᠢᠯᠠᠭ᠍ᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ ᠎ᠶ᠋ᠢᠨ ᠠᠵᠢᠯᠯᠠᠭ᠎ᠠ ᠎ᠶ᠋ᠢᠨ ᠲᠠᠨᠢᠯᠴᠠᠭᠤᠯᠭ᠎ᠠ ᠄ ᠲᠠᠨᠢᠯᠴᠠᠭᠤᠯᠤᠨ ᠤᠬᠠᠭᠤᠯᠬᠤ ᠪᠠ ᠠᠵᠦ ᠦᠢ᠍ᠯᠡᠰ᠎ᠦᠨ ᠬᠡᠯᠬᠢᠶ᠎ᠡ᠎ᠪᠠᠷ ᠬᠤᠳᠠᠯᠳᠤᠭ᠋ᠠᠴᠢᠨ ᠤᠷᠢᠬᠤ《ᠬᠤᠣᠰ ᠬᠦᠷᠳᠦ᠍᠎ᠪᠠᠷ ᠬᠥᠳᠡᠯᠭᠡᠭᠦᠷ ᠪᠣᠯᠭᠠᠬᠤ》

  ᠡᠯ᠎ᠡ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ ᠵᠢᠴᠢ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠨᠢ ᠪᠠᠯᠠ ᠣᠷᠣᠭᠤᠯᠤᠯᠲᠠ᠎ᠶ᠋ᠢᠨ ᠵᠦᠪᠳᠡᠯᠴᠡᠭᠡᠷ᠎ᠦᠨ ᠬᠤᠷᠠᠯ᠎ᠤᠨ ᠬᠤᠤᠰ ᠴᠢᠭ᠌ᠯᠡᠯᠲᠦ ᠪᠠᠯᠠ ᠣᠷᠣᠭᠤᠯᠤᠯᠲᠠ᠎ᠶ᠋ᠢ ᠠᠬᠢᠭᠤᠯᠬᠤ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠨ ᠤᠷᠢᠬᠤ ᠤᠷᠢᠳᠴᠢᠯᠠᠭ᠍ᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ ᠎ᠶ᠋ᠢᠨ ᠠᠵᠢᠯᠯᠠᠭ᠎ᠠ ᠎ᠶ᠋ᠢᠨ ᠲᠠᠨᠢᠯᠴᠠᠭᠤᠯᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠪᠠ᠃ ᠬᠥᠬᠡᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠨᠢ ᠣᠶᠤᠨᠴᠢ ᠳᠣᠣᠷ᠎ᠠ ᠠᠭᠠᠷ᠎ᠢ ᠡᠵᠡᠮᠳᠡᠬᠦ᠌ ᠠᠵᠤ ᠠᠬᠤᠢ ᠎ᠶ᠋ᠢᠨ ᠦᠵᠡᠭᠦᠯᠭᠡ ᠎ᠶ᠋ᠢᠨ ᠪᠠᠢᠷᠢ ᠎ᠶ᠋ᠢᠨ ᠲᠤᠰᠭᠠᠢ ᠲᠣᠭᠤᠷᠢᠭ᠎ᠲᠤ ᠣᠶᠤᠨᠴᠢ ᠳᠣᠣᠷ᠎ᠠ ᠠᠭᠠᠷ᠎ᠢ ᠡᠵᠡᠮᠳᠡᠬᠦ᠌ ᠠᠵᠤ ᠠᠬᠤᠢ᠎ᠶ᠋ᠢᠨ ᠠᠵᠤ ᠦᠢᠯᠡᠰ᠎ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠥᠷᠨᠢᠭᠦᠯᠵᠦ᠍᠂ ᠠᠵᠤ ᠠᠬᠤᠢ ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠤᠨ ᠣᠶᠤᠨᠴᠢ ᠳᠣᠣᠷ᠎ᠠ ᠠᠭᠠᠷ᠎ᠢ ᠡᠵᠡᠮᠳᠡᠬᠦ᠌ ᠠᠵᠤ ᠠᠬᠤᠢ᠎ᠶ᠋ᠢᠨ ᠠᠵᠤ ᠦᠢᠯᠡᠰ᠎ᠤᠨ ᠣᠨᠴᠠᠯᠢᠭ ᠪᠠ ᠬᠥᠭ᠌ᠵᠢᠯᠲᠡ᠎ᠶ᠋ᠢᠨ ᠳᠠᠪᠠᠭᠤᠯᠢᠭ᠎ᠢ ᠭᠤᠣᠯᠳᠠᠯᠭ᠎ᠠ᠎ᠲᠠᠢ ᠲᠠᠨᠢᠯᠴᠠᠭᠤᠯᠵᠤ᠂ ᠬᠤᠷᠠᠯ᠎ᠳᠤ ᠣᠷᠣᠯᠴᠠᠭ᠍ᠰᠠᠨ ᠬᠤᠳᠠᠯᠳᠤᠭᠠᠴᠢᠳ᠎ᠲᠤ ᠠᠵᠤ ᠠᠬᠤᠢ᠎ᠶ᠋ᠢᠨ ᠨᠡᠭᠡᠭᠡᠯᠲᠡ᠎ᠶ᠋ᠢᠨ ᠲᠣᠭᠤᠷᠢᠭ᠎ᠤᠨ ᠠᠵᠤ ᠦᠢᠯᠡᠰ᠎ᠤᠨ ᠦᠷ᠎ᠡ ᠪᠦᠲᠦᠭᠡᠯ ᠪᠠ ᠪᠡᠯᠡ ᠣᠷᠣᠭᠤᠯᠤᠯᠲᠠ᠎ᠶ᠋ᠢᠨ ᠲᠣᠬᠢᠶᠠᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ;ᠠᠯᠠᠱᠠ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ ᠶᠡᠭᠡ ᠬᠤᠷᠠᠯ᠎ᠤᠨ ᠲᠥᠪ᠎ᠤᠨ ᠤᠷᠢᠳᠴᠢᠯᠠᠭ᠍ᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ ᠎ᠶ᠋ᠢᠨ ᠠᠵᠢᠯᠯᠠᠭ᠎ᠠ ᠎ᠶ᠋ᠢᠨ ᠲᠣᠭᠣᠷᠢᠭ᠎ᠲᠤ᠂ ᠡᠯ᠎ᠡ ᠤᠯᠤᠰ᠎ᠤᠨ ᠬᠤᠷᠠᠯ᠎ᠳᠤ ᠣᠷᠣᠯᠴᠠᠭ᠍ᠰᠠᠨ ᠠᠵᠤ ᠠᠬᠤᠢᠯᠠᠯ᠎ᠤᠨ ᠲᠥᠯᠥᠭᠡᠯᠡᠭ᠌ᠴᠢᠳ᠎ᠲᠤ ᠬᠠᠨᠳᠤᠭᠤᠯᠤᠨ ᠭᠤᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶ᠋ᠢ ᠲᠤᠰᠭᠠᠶ ᠰᠡᠳᠦᠪ᠎ᠢᠶᠠᠷ ᠲᠠᠨᠢᠯᠴᠠᠭᠤᠯᠵᠤ᠂ ᠭᠠᠳᠠᠭᠠᠳᠤ᠎ᠲᠠᠢ ᠬᠠᠮᠲᠤᠷᠠᠯᠴᠠᠨ ᠰᠣᠯᠢᠯᠴᠠᠬᠤ ᠬᠥᠭᠦᠷᠭᠡ᠎ᠶ᠋ᠢ ᠠᠮᠵᠢᠯᠲᠠ᠎ᠲᠠᠢ ᠪᠠᠢᠭᠤᠯᠪᠠ; ᠬᠢᠩᠭᠠᠨ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠪᠣᠭᠤᠮᠲᠠ᠎ᠶ᠋ᠢᠨ ᠲᠣᠪᠴᠢᠶ᠎ᠠ ᠥᠪᠥᠷ ᠮᠣᠩᠭᠤᠯ᠎ᠤᠨ ᠦᠵᠡᠭᠦᠯᠭᠡ᠎ᠶ᠋ᠢᠨ ᠲᠣᠭᠤᠷᠢᠭ᠎ᠲᠤ ᠥᠪᠥᠷ ᠮᠣᠩᠭᠤᠯ᠎ᠤᠨ ᠬᠢᠩᠭᠠᠨ ᠠᠢᠮᠠᠭ᠎ᠤᠨ ᠣᠲᠣ ᠦᠶ᠎ᠡ᠎ᠶ᠋ᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠦᠢᠯᠡᠰ ᠵᠡᠷᠭᠡ ᠭᠤᠤᠯᠳᠠᠯᠭ᠎ᠠ᠎ᠲᠠᠢ ᠠᠵᠤ ᠦᠢᠯᠡᠰ᠎ᠤᠨ ᠵᠢᠵᠢᠭ ᠬᠡᠯᠪᠡᠷᠢ ᠎ᠶ᠋ᠢᠨ ᠵᠣᠯᠭᠠᠭᠤᠯᠵᠤ ᠰᠣᠯᠢᠯᠴᠠᠬᠤ ᠠᠵᠢᠯᠯᠠᠭ᠎ᠠ᠎ᠶ᠋ᠢ ᠡᠷᠭᠢᠯᠡᠵᠦ᠍᠂ ᠬᠢᠩᠭᠠᠨ ᠠᠢᠮᠠᠭ᠎ᠤᠨ ᠭᠤᠤᠯᠳᠠᠯᠭ᠎ᠠ᠎ᠲᠠᠢ ᠠᠵᠤ ᠦᠢᠯᠡᠰ ᠵᠢᠴᠢ ᠭᠤᠤᠯᠳᠠᠯᠭ᠎ᠠ᠎ᠲᠠᠢ ᠲᠥᠷᠥᠯ ᠵᠦᠢᠯ᠎ᠤᠨ ᠬᠤᠳᠠᠯᠳᠤᠭᠠᠴᠢᠨ ᠤᠷᠢᠵᠤ ᠡᠷᠭᠦᠨ ᠲᠠᠨᠢᠯᠴᠠᠭᠤᠯᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠠ ᠵᠠᠪᠱᠢᠶᠠᠨ᠎ᠤ ᠨᠠᠷᠢᠨ ᠲᠠᠩᠰᠠ᠎ᠶ᠋ᠢ ᠨᠡᠢᠲᠡᠯᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠢᠩᠭᠠᠨ ᠠᠢᠮᠠᠭ᠎ᠤᠨ ᠪᠠᠯᠠ ᠣᠷᠣᠭᠤᠯᠤᠯᠲᠠ᠎ᠶ᠋ᠢᠨ ᠣᠷᠴᠢᠨ ᠲᠣᠭᠤᠷᠢᠨ ᠪᠠ ᠭᠤᠤᠯᠳᠠᠯᠭ᠎ᠠ᠎ᠲᠠᠢ ᠠᠵᠤ ᠦᠢᠯᠡᠰ᠎ᠲᠤ ᠱᠢᠰᠲ᠋ᠧᠮ᠎ᠲᠠᠢ ᠲᠠᠨᠢᠯᠴᠠᠭᠤᠯᠪᠠ᠃ ᠯᠦ᠍ ᠵᠢᠩ  ᠵᠢᠨ ᠭᠠᠩ ᠪᠦᠯᠦᠭ᠌ᠯᠡᠯ᠎ᠦ᠋ᠨ ᠬᠡᠷᠡᠭ ᠮᠡᠳᠡᠭ᠌ᠴᠢᠳ᠎ᠦ᠋ᠨ ᠳᠠᠷ ᠤᠭ᠎ᠠ ᠭᠦ ᠵᠢᠩ ᠶᠡᠬᠡ ᠬᠤᠷᠠᠯ᠎ᠤᠨ ᠤᠷᠢᠳᠴᠢᠯᠠᠭ᠍ᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ ᠎ᠶ᠋ᠢᠨ ᠠᠵᠢᠯᠯᠠᠭ᠎ᠠ ᠎ᠶ᠋ᠢᠨ ᠲᠣᠭᠣᠷᠢᠭ᠎ᠲᠤ᠂ ᠤᠷᠢᠳᠴᠢᠯᠠᠭ᠍ᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ ᠎ᠶ᠋ᠢᠨ ᠠᠵᠢᠯᠯᠠᠭ᠎ᠠ᠎ᠶ᠋ᠢᠨ ᠠᠵᠤ ᠠᠬᠤᠢᠯᠠᠯ᠎ᠠᠴᠠ 《ᠵᠢᠯ᠎ᠳ᠋ᠦ᠍ 50 ᠲᠦᠮᠡᠨ ᠲᠤᠨ ᠬᠦᠷᠮᠡᠨ ᠴᠢᠯᠠᠭᠤᠯᠢᠭ᠎ᠤᠨ ᠰᠢᠷᠬᠡᠭᠯᠢᠭ᠎ᠦ᠋ᠨ ᠲᠥᠷᠥᠯ ᠵᠦᠢᠯ᠎ᠢ ᠦᠢ᠍ᠯᠡᠳᠪᠦᠷᠢᠯᠡᠬᠦ》 ᠎ᠢ᠋ ᠲᠠᠨᠢᠯᠴᠠᠭᠤᠯᠵᠠᠢ᠃

 

 

  ᠭᠤᠷᠪᠠ᠂ ᠤᠨᠤᠴᠢᠲᠠᠢ ᠵᠣᠯᠭᠠᠭᠤᠯᠬᠤ᠄ ᠲᠥᠷᠥᠯ ᠵᠦᠢᠯ᠎ᠢᠶᠠᠷ ᠭᠤᠤᠯ ᠪᠣᠯᠭᠠᠵᠤ᠂ ᠲᠣᠭ᠍ᠲᠠᠴᠠ᠎ᠪᠠᠷ ᠨᠠᠢᠳᠠᠪᠤᠷᠢᠵᠢᠭᠤᠯᠬᠤ᠎ᠶ᠋ᠢ  ᠪᠠᠲᠤᠯᠠᠪᠠ

  ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ ᠶᠡᠭᠡ ᠬᠤᠷᠠᠯ᠎ᠤᠨ ᠲᠠᠪᠴᠠᠩ᠎ᠢ ᠠᠱᠢᠭ᠍ᠯᠠᠨ᠂ ᠭᠤᠤᠯᠳᠠᠯᠭ᠎ᠠ᠎ᠲᠠᠢ ᠬᠡᠯᠬᠢᠶ᠎ᠡ᠎ᠶ᠋ᠢᠨ ᠲᠣᠭᠤᠷᠢᠨ᠎ᠳᠤ ᠣᠯᠠᠨ ᠲᠠᠯᠠᠪᠤᠷ ᠪᠠᠭ᠎ᠠ ᠬᠡᠪᠴᠢᠶ᠎ᠡ᠎ᠲᠠᠢ ᠵᠣᠯᠭᠠᠭᠤᠯᠬᠤ ᠪᠠ ᠡᠭᠦᠳᠡ᠎ᠪᠠᠨ ᠬᠠᠭᠠᠵᠤ ᠶᠠᠷᠢᠯᠴᠠᠨ᠂ ᠣᠯᠠᠨ ᠵᠦᠢᠯ᠎ᠤᠨ ᠬᠠᠮᠲᠤᠷᠠᠯᠴᠠᠭ᠎ᠠ ᠢᠳᠡᠪᠬᠢᠲᠡᠶ ᠠᠬᠢᠴᠠ᠎ᠲᠠᠢ ᠪᠣᠯᠵᠣ᠂ ABB᠂ ᠪᠡᠭᠡᠵᠢᠩ᠎ᠤᠨ ᠯᠢᠶᠠᠨ  ᠳ᠋ᠦᠩ ᠪᠦᠯᠦᠭ᠌ᠯᠡᠯ᠎ᠤᠨ ᠪᠠᠯᠠ ᠣᠷᠣᠭᠤᠯᠤᠯᠲᠠ᠂ ᠵᠦᠩ ᠱᠢᠨ ᠪᠠᠯᠠ ᠣᠷᠣᠭᠤᠯᠤᠯᠲᠠ᠂ ᠱᠢᠶᠠᠮᠧᠨ᠎ᠤ ᠱᠧᠨ ᠶᠤᠸᠠᠢ ᠪᠣᠭᠤᠮᠲᠠ᠎ᠶ᠋ᠢᠨ ᠶᠠᠪᠤᠳᠠᠯ᠂ ᠱᠢᠶᠠᠮᠧᠨ᠎ᠤ ᠵᠦᠩ ᠳ᠋ᠢᠩ᠂ ᠱᠢᠶᠠᠮᠧᠨ᠎ᠤ ᠤᠯᠤᠰ᠎ᠤᠨ ᠠᠷᠠᠯᠵᠢᠶ᠎ᠠ᠂ ᠬᠠᠶ ᠴᠧᠨ ᠡᠨᠧᠷᠭᠢ ᠬᠠᠳᠠᠭᠠᠯᠠᠬᠤ᠂ ᠪᠡᠭᠡᠵᠢᠩ᠎ᠤᠨ ᠵᠢᠶᠠᠩᠰᠦ᠎ᠳᠡᠬᠢ ᠠᠵᠤ ᠠᠬᠤᠢᠯᠠᠯ᠎ᠤᠨ ᠬᠤᠳᠠᠯᠳᠤᠭᠠᠴᠢᠳ᠎ᠤᠨ ᠡᠪᠯᠡᠯ ᠵᠡᠷᠭᠡ ᠠᠵᠤ ᠠᠬᠤᠢᠯᠠᠯ ᠵᠢᠴᠢ ᠬᠤᠳᠠᠯᠳᠤᠭᠠᠴᠢᠳ᠎ᠤᠨ ᠨᠡᠢᠭᠡᠮᠯᠢᠭ᠎ᠲᠠᠢ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠠᠩᠬ᠎ᠠ ᠠᠯᠬᠤᠮ᠎ᠤᠨ ᠬᠠᠮᠲᠤ᠎ᠶ᠋ᠢᠨ ᠲᠠᠨᠢᠯᠲᠠ᠎ᠲᠠᠢ ᠪᠣᠯᠵᠣ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠎ᠶ᠋ᠢ 《ᠳᠡᠯᠭᠡᠨ ᠦᠵᠡᠭᠦᠯᠬᠦ᠌ ᠲᠠᠪᠴᠠᠩ》᠎ᠠᠴᠠ 《ᠦᠵᠡᠮᠵᠢ ᠶ᠋ᠢ ᠳᠡᠪᠢᠰᠭᠦ᠂ ᠵᠠᠬᠢᠶᠠᠯᠠᠭ᠎ᠠ᠎ᠶ᠋ᠢᠨ ᠬᠠᠭᠤᠳᠠᠰᠤ ᠬᠠᠳᠠᠬᠤ᠂ ᠲᠥᠷᠥᠯ ᠵᠦᠢᠯ ᠎ᠢ ᠨᠠᠢᠳᠠᠪᠤᠷᠢᠵᠢᠭᠤᠯᠬᠤ》ᠲᠡᠢ᠌ᠰᠢ ᠲᠠᠰ ᠳᠡᠪᠱᠢᠬᠦ᠌᠎ᠶ᠋ᠢ ᠠᠬᠢᠭᠤᠯᠪᠠ᠃

  ᠲᠣᠰ ᠬᠤᠭᠤᠴᠠᠭᠠᠨ᠎ᠤ ᠪᠠᠯᠠ ᠣᠷᠣᠭᠤᠯᠤᠯᠲᠠ᠎ᠶ᠋ᠢᠨ ᠵᠦᠪᠳᠡᠯᠴᠡᠭᠡᠷ᠎ᠦᠨ ᠬᠤᠷᠠᠯ ᠳᠡᠭᠡᠷ᠎ᠡ᠂ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ ᠳᠠᠯᠠᠢ ᠬᠥᠯᠭᠡᠯᠡᠨ ᠠᠴᠢᠶ᠎ᠠ ᠳᠦᠭᠦᠷᠡᠩ ᠪᠤᠴᠠᠵᠤ ᠢᠷᠡᠪᠡ᠂ 《ᠡᠭᠦᠯᠡᠨ ᠳᠡᠭᠡᠷᠡᠬᠢ ᠪᠠᠯᠠ ᠣᠷᠣᠭᠤᠯᠤᠯᠲᠠ᠎ᠶ᠋ᠢᠨ ᠵᠦᠪᠳᠡᠯᠴᠡᠭᠡᠷ᠎ᠦᠨ ᠬᠤᠷᠠᠯ》 AI ᠎ᠳᠤ ᠲᠦᠱᠢᠭ᠌ᠯᠡᠨ ᠲᠥᠷᠥᠯ ᠵᠦᠢᠯ᠎ᠢ ᠤᠨᠤᠴᠢᠲᠠᠢ ᠎ᠪᠠᠷ ᠵᠣᠬᠢᠴᠠᠭᠤᠯᠬᠤ᠎ᠶ᠋ᠢ ᠪᠡᠶᠡᠯᠡᠭᠦᠯᠵᠦ᠍᠂ ᠤᠷᠢᠳᠴᠢᠯᠠᠭ᠍ᠰᠠᠨ ᠲᠠᠨᠢᠯᠴᠠᠭᠤᠯᠭ᠎ᠠ ᠰᠤᠷᠲᠠᠯᠴᠢᠯᠠᠭ᠎ᠠ ᠎ᠶ᠋ᠢᠨ ᠠᠵᠢᠯᠯᠠᠭ᠎ᠠ ᠎ᠶ᠋ᠢᠨ                    ᠲᠠᠨᠢᠯᠴᠠᠭᠤᠯᠭ᠎ᠠ ᠂ ᠵᠣᠯᠭᠠᠭᠤᠯᠤᠨ ᠵᠥᠪᠳᠡᠯᠴᠡᠨ ᠬᠡᠯᠡᠯᠴᠡᠬᠦ᠌ ᠎ᠪᠠᠷ ᠳᠠᠮᠵᠢᠭᠤᠯᠤᠨ ᠲᠥᠷᠥᠯ ᠵᠦᠢᠯ᠎ᠤᠨ ᠵᠥᠪᠳᠡᠯᠴᠡᠭᠡ᠎ᠶ᠋ᠢ ᠠᠬᠢᠭᠤᠯᠵᠤ᠂ 《ᠳᠤᠮᠳᠠᠳᠤ ᠤᠯᠤᠰ᠎ᠲᠤ ᠪᠠᠯᠠ ᠣᠷᠣᠭᠤᠯᠬᠤ》᠂ 《ᠳᠤᠮᠳᠠᠳᠤ ᠤᠯᠤᠰ ᠪᠠᠯᠠ ᠣᠷᠣᠭᠤᠯᠬᠤ  》 ᠬᠤᠤᠰ ᠴᠢᠭ᠌ᠯᠡᠯᠲᠦ ᠪᠠᠯᠠ ᠣᠷᠣᠭᠤᠯᠤᠯᠲᠠ᠎ᠶ᠋ᠢ ᠠᠬᠢᠭᠤᠯᠬᠤ᠎ᠶ᠋ᠢ ᠴᠢᠩᠭᠠᠳᠭᠠᠪᠠ᠃

ᠢᠷᠡᠯᠲᠡ᠄ ᠭᠠᠳᠠᠭᠠᠳᠤ᠎ᠶ᠋ᠢᠨ ᠪᠡᠯᠡ ᠣᠷᠣᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ
          
ᠬᠠᠮᠢᠶ᠎ᠡ ᠪᠦᠬᠦᠢ ᠰᠣᠨᠢᠨ
 
            