ᠬᠢᠷᠠᠭᠤ ᠰᠠᠶᠢᠬᠠᠨ ᠤᠨᠠᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠲᠦ ᠪᠠᠢᠭ᠎ᠠ ᠦᠬᠠᠢ ᠬᠣᠲᠠ᠎ᠶᠢᠨ ᠠᠭᠠᠷ᠎ᠤᠨ ᠳᠤᠯᠠᠭᠠᠨ ᠭᠡᠨᠡᠳᠲᠡ ᠪᠠᠭᠤᠷᠠᠪᠠ᠃ ᠳᠤᠮᠳᠠᠳᠤ ᠤᠯᠤᠰ᠎ᠤᠨ ᠯᠢᠦᠢ ᠹᠠᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠦᠬᠠᠢ ᠬᠤᠳᠠ᠎ᠶ᠋ᠢᠨ 20 ᠲᠦᠮᠡᠨ ᠺᠢᠯᠣᠸᠠᠲ ᠴᠠᠭ / 80 ᠲᠦᠮᠡᠨ ᠺᠢᠯᠣᠸᠠᠲ ᠴᠠᠭ᠎ᠤᠨ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠬᠤᠢ ᠲᠠᠯᠠᠪᠠᠢ᠎ᠳᠤ ᠣᠷᠣᠬᠤ᠎ᠳᠤ᠂ ᠪᠠᠷᠢᠯᠭ᠎ᠠ᠎ᠶ᠋ᠢᠨ ᠮᠡᠷᠭᠡᠵᠢᠯ᠎ᠤᠨ ᠠᠵᠢᠯᠲᠠᠳ ᠶᠠᠭ ᠱᠠᠯᠠᠪᠳᠠᠨ ᠪᠠᠷᠢᠯᠭ᠎ᠠ ᠪᠠᠷᠢᠵᠤ᠂ ᠴᠠᠬᠢᠯᠭᠠᠨ ᠭᠣᠣᠯ ᠤᠭᠰᠠᠷᠠᠬᠤ᠂ ᠤᠲᠠᠰᠤ ᠲᠠᠲᠠᠬᠤ᠂ ᠲᠥᠬᠦᠭᠡᠷᠦᠮᠵᠢ ᠲᠣᠬᠢᠷᠠᠭᠤᠯᠬᠤ ᠁ ᠪᠠᠷᠢᠯᠭ᠎ᠠ᠎ᠶᠢᠨ ᠭᠠᠵᠠᠷ᠎ᠲᠤ ᠮᠠᠰᠢ ᠶᠠᠭᠠᠷᠠᠯᠲᠠᠢ ᠪᠠᠢ᠌ᠯ᠎ᠠ᠃
《 160 ᠡᠨᠧᠷᠭᠢ ᠬᠠᠳᠠᠭᠠᠯᠠᠬᠤ ᠴᠠᠬᠢᠯᠭ᠋ᠠᠨ ᠴᠡᠨᠡᠭ᠎ᠦᠨ ᠬᠥᠮᠥᠷᠭᠡ᠂ ᠣᠳᠣᠬᠠᠨ᠎ᠳᠤ ᠨᠢᠭᠡᠨᠲᠡ 93 ᠶᠢ ᠤᠭ᠍ᠰᠠᠷᠠᠵᠤ᠂ ᠵᠢᠱ᠌ᠢᠯᠲᠡ᠎ᠪᠠᠷ 12 ᠳ᠋ᠤᠭ᠋ᠠᠷ ᠰᠠᠷ᠎ᠠ᠎ᠶ᠋ᠢᠨ ᠳᠤᠮᠳᠠᠴᠢ᠎ᠪᠠᠷ ᠲᠥᠬᠦᠭᠡᠷᠦᠮᠵᠢ᠎ᠶ᠋ᠢ ᠲᠣᠬᠢᠷᠠᠭᠤᠯᠤᠨ ᠲᠤᠷᠱᠢᠵᠤ᠂ ᠳᠦᠭᠦᠷᠡᠩ ᠲᠠᠯᠪᠢᠬᠤ᠎ᠶ᠋ᠢ ᠪᠡᠶᠡᠯᠡᠭᠦᠯᠬᠦ᠌》 ᠪᠤᠯᠤᠨ᠎ᠠ᠃ ᠲᠥᠷᠥᠯ ᠵᠦᠢᠯ᠎ᠤᠨ ᠬᠠᠷᠢᠭᠤᠴᠠᠯᠭᠠᠲᠠᠨ ᠴᠢᠨ ᠯᠸᠢ ᠪᠠᠷᠢᠯᠭ᠎ᠠ᠎ᠶ᠋ᠢᠨ ᠠᠬᠢᠴᠠ᠎ᠶ᠋ᠢ ᠴᠠᠭ ᠲᠤᠬᠠᠶ᠎ᠳᠤᠨᠢ ᠪᠡᠶᠡᠯᠡᠭᠦᠯᠬᠦ᠌᠎ᠳᠤ ᠢᠲᠡᠭᠡᠯ ᠲᠡᠭᠦᠯᠳᠡᠷ ᠪᠠᠢᠨ᠎ᠠ ᠭᠡᠪᠡ᠃
ᠴᠢᠨ ᠯᠸᠢ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠡᠨᠡ ᠬᠦ᠌ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠨᠢ 6 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠵᠤ᠂ ᠥᠪᠥᠷ ᠮᠣᠩᠭᠤᠯ᠎ᠤᠨ ᠠᠩᠬᠠᠳᠠᠭ᠍ᠴᠢ ᠬᠠᠲᠠᠭᠤ ᠪᠡᠶᠡᠲᠦ ᠯᠢᠲ᠋ᠢ ᠴᠠᠬᠢᠯᠭᠠᠨ ᠴᠡᠨᠡᠭ᠎ᠤᠨ ᠮᠡᠷᠭᠡᠵᠢᠯ᠎ᠢ ᠬᠡᠷᠡᠭ᠌ᠯᠡᠬᠦ᠌ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠣᠯᠣᠨ᠎ᠠ᠃ ᠴᠠᠬᠢᠯᠭᠠᠨ ᠥᠷᠲᠡᠭᠡ᠎ᠶ᠋ᠢ ᠪᠠᠢᠭᠤᠯᠤᠭ᠍ᠰᠠᠨ᠎ᠤ ᠳᠠᠷᠠᠭ᠎ᠠ᠂ ᠵᠢᠯ ᠪᠦᠷᠢ 260 ᠤᠳᠠᠭ᠎ᠠ ᠴᠠᠬᠢᠯᠭᠠᠨ ᠨᠢᠷᠭᠡᠵᠦ᠍᠂ ᠭᠠᠭ᠍ᠴᠠ ᠤᠳᠠᠭᠠᠨ᠎ᠤ ᠴᠠᠬᠢᠯᠭᠠᠨ ᠭᠠᠷᠭᠠᠬᠤ ᠬᠡᠮᠵᠢᠶ᠎ᠡ᠎ᠶ᠋ᠢ 80 ᠲᠦᠮᠡᠨ ᠺᠢᠯᠣᠸᠠᠲ ᠴᠠᠭ᠎ᠲᠤ ᠬᠦᠷᠭᠡᠵᠦ᠍᠂ ᠴᠠᠬᠢᠯᠭᠠᠨ ᠲᠣᠤᠷ᠎ᠤᠨ ᠬᠠᠩᠭᠠᠯᠭ᠎ᠠ ᠬᠡᠷᠡᠭ᠌ᠴᠡᠭᠡ᠎ᠶ᠋ᠢ ᠲᠣᠬᠢᠷᠠᠭᠤᠯᠬᠤ 《ᠤᠰᠤ ᠬᠠᠳᠠᠭᠠᠯᠠᠬᠤ ᠴᠥᠭᠦᠷᠥᠮ》 ᠪᠣᠯᠭᠠᠨ᠎ᠠ᠃
ᠦᠬᠠᠢ ᠬᠤᠳᠠ᠎ᠶ᠋ᠢᠨ 20 ᠲᠦᠮᠡᠨ ᠺᠢᠯᠣᠸᠠᠲ / 80 ᠲᠦᠮᠡᠨ ᠺᠢᠯᠣᠸᠠᠲ ᠴᠠᠭ᠎ᠤᠨ ᠬᠠᠲᠠᠭᠤ ᠲᠦᠯᠦᠪᠲᠦ ᠴᠠᠬᠢᠯᠭ᠋ᠠᠨ ᠴᠡᠨᠡᠭ᠎ᠦᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠎ᠶ᠋ᠢᠨ ᠪᠦᠳᠦᠭᠡᠨ ᠪᠠᠢᠭᠤᠯᠤᠯᠲᠠ᠎ᠨᠢ ᠦᠬᠠᠢ ᠬᠤᠳᠠ᠎ᠶ᠋ᠢᠨ ᠬᠦᠴᠦᠯᠡᠨ ᠪᠠᠢᠭᠤᠯᠤᠭ᠍ᠰᠠᠨ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠠᠵᠤ ᠦᠢᠯᠡᠰ᠎ᠤᠨ ᠬᠡᠯᠬᠢᠶ᠎ᠡ᠎ᠶ᠋ᠢᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠨᠥᠬᠦᠪᠥᠷᠢᠯᠡᠬᠦ᠌᠎ᠶ᠋ᠢ ᠬᠠᠷᠠᠭᠤᠯᠵᠤ ᠪᠠᠢᠨ᠎ᠠ᠃
ᠦᠬᠠᠶ ᠬᠤᠲᠠ᠎ᠶ᠋ᠢᠨ ᠬᠡᠦᠷᠡᠰᠦ᠂ ᠪᠠᠯ ᠴᠢᠯᠠᠭᠤ ᠵᠡᠷᠭᠡ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ ᠡᠯᠪᠡᠭ ᠪᠠᠢᠵᠤ᠂ ᠪᠦᠬᠦ᠌ ᠤᠯᠤᠰ᠎ᠲᠤ ᠠᠯᠳᠠᠷᠱᠢᠭ᠍ᠰᠠᠨ ᠨᠡᠭᠦᠷᠡᠰᠦ ᠬᠡᠤᠷᠱᠢᠭᠦᠯᠬᠦ᠌ ᠠᠵᠤ ᠦᠢᠯᠡᠰ᠎ᠤᠨ ᠰᠠᠭᠤᠷᠢᠨ ᠭᠠᠵᠠᠷ ᠪᠣᠯᠤᠨ᠎ᠠ᠃ ᠤᠢᠷ᠎ᠠ᠎ᠶ᠋ᠢᠨ ᠵᠢᠯ᠎ᠤᠨ ᠲᠤᠷᠰᠢ᠂ ᠦᠬᠠᠶ ᠬᠤᠲᠠ ᠲᠣᠰ ᠪᠡᠶ᠎ᠡ᠎ᠶ᠋ᠢᠨ ᠡᠬᠢ ᠪᠠᠶᠠᠯᠢᠭ᠂ ᠡᠨᠧᠷᠭᠢ᠂ ᠠᠵᠤ ᠦᠢᠯᠡᠰ ᠵᠡᠷᠭᠡ ᠳᠠᠪᠠᠭᠤᠯᠢᠭ ᠨᠥᠬᠦᠴᠡᠯ᠎ᠳᠡᠭᠡᠨ ᠲᠦᠱᠢᠭ᠌ᠯᠡᠨ᠂ ᠱᠢᠨ᠎ᠡ᠎ᠪᠠᠷ ᠬᠥᠭ᠌ᠵᠢᠭ᠌ᠰᠡᠨ ᠬᠠᠲᠠᠭᠤ ᠲᠦᠯᠦᠪᠲᠦ ᠴᠠᠬᠢᠯᠭ᠋ᠠᠨ ᠴᠡᠨᠡᠭ᠎ᠦᠨ ᠠᠵᠤ ᠦᠢᠯᠡᠰ᠎ᠤᠨ ᠬᠡᠯᠬᠢᠶ᠎ᠡ᠎ᠶ᠋ᠢ ᠪᠣᠶ ᠪᠣᠯᠭᠠᠬᠤ᠎ᠶ᠋ᠢ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠱᠢᠨ᠎ᠡ ᠴᠢᠭ᠌ᠯᠡᠯ ᠪᠣᠯᠭᠠᠵᠤ᠂ ᠠᠺᠠᠳᠧᠮᠢᠴᠢ᠎ᠶ᠋ᠢᠨ ᠠᠵᠢᠯᠯᠠᠬᠤ ᠥᠷᠲᠡᠭᠡ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠣᠯᠤᠨ ᠵᠡᠭᠦᠦ ᠬᠡᠯᠪᠡᠷᠢᠲᠦ ᠬᠡᠦᠷᠡᠰᠦ᠂ ᠴᠠᠬᠢᠯᠭᠠᠨ ᠲᠦᠢᠯ᠎ᠤᠨ ᠮᠠᠲ᠋ᠧᠷᠢᠶᠠᠯ᠂ ᠴᠠᠬᠢᠯᠭᠠᠨ ᠭᠤᠣᠯ ᠦᠢᠯᠡᠳᠪᠦᠷᠢᠯᠡᠬᠦ᠂ ᠴᠠᠬᠢᠯᠭ᠋ᠠᠨ ᠴᠡᠨᠡᠭ᠎ᠦᠨ ᠤᠭ᠍ᠰᠠᠷᠠᠯᠲᠠ᠂ ᠡᠨᠧᠷᠭᠢ ᠬᠠᠳᠠᠭᠠᠯᠠᠬᠤ ᠬᠡᠷᠡᠭ᠌ᠯᠡᠯᠲᠡ ᠵᠡᠷᠭᠡ ᠬᠦᠷᠢᠶᠡᠨ᠎ᠤ ᠬᠥᠲᠥᠴᠢ ᠠᠵᠤ ᠠᠬᠤᠢᠯᠠᠯ᠎ᠢ ᠶᠡᠬᠡᠪᠡᠷ ᠣᠷᠣᠭᠤᠯᠤᠨ ᠠᠪᠴᠢᠷᠠᠵᠤ᠂ ᠬᠡᠯᠬᠢᠶ᠎ᠡ᠎ᠶ᠋ᠢ ᠤᠷᠲᠤᠳᠭᠠᠨ ᠨᠥᠬᠦᠪᠥᠷᠢᠯᠡᠬᠦ᠌ ᠬᠡᠯᠬᠢᠶ᠎ᠡ ᠲᠠᠰᠤᠷᠠᠯᠲᠠ ᠥᠬᠡᠶ ᠱᠢᠨ᠎ᠡ ᠱᠢᠪᠲᠤᠯᠤᠯᠲᠠ᠎ᠲᠠᠢ ᠪᠣᠯᠪᠠ᠃
《ᠦᠬᠠᠶ ᠬᠤᠲᠠ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠤ ᠨᠡᠭᠦᠷᠡᠰᠦ ᠬᠡᠤᠷᠱᠢᠭᠦᠯᠬᠦ᠌ ᠠᠵᠤ ᠦᠢᠯᠡᠰ᠎ᠤᠨ ᠬᠡᠪᠴᠢᠶ᠎ᠡ ᠶᠡᠭᠡ᠂ ᠭᠠᠷᠭᠠᠭ᠍ᠰᠠᠨ ᠨᠡᠭᠦᠷᠡᠰᠦ ᠬᠡᠤᠷᠱᠢᠭᠦᠯᠬᠦ᠌ ᠵᠡᠷᠭᠡ ᠦᠢᠯᠡᠳᠬᠦᠨ ᠪᠣᠯ ᠴᠠᠬᠢᠯᠭᠠᠨ ᠲᠦᠢᠯ᠎ᠤᠨ ᠮᠠᠲ᠋ᠧᠷᠢᠶᠠᠯ᠎ᠢ ᠦᠢᠯᠡᠳᠪᠦᠷᠢᠯᠡᠬᠦ᠌ ᠴᠢᠬᠤᠯᠠ ᠲᠦᠭᠦᠬᠡᠶ ᠮᠠᠲ᠋ᠧᠷᠢᠶᠠᠯ ᠪᠣᠯᠤᠨ᠎ᠠ》 ᠬᠡᠵᠡᠢ᠃ ᠦᠬᠠᠶ᠎ᠶ᠋ᠢᠨ ᠪᠦᠦ ᠴᠢ ᠨᠡᠭᠦᠷᠡᠰᠦᠨ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠱᠢᠶᠠ ᠸᠧᠶ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠳᠤᠮᠳᠠᠳᠤ ᠤᠯᠤᠰ᠎ᠤᠨ ᠪᠦᠦ ᠡᠤ ᠪᠦᠯᠦᠭ᠌ᠯᠡᠯ᠎ᠤᠨ ᠲᠤᠭ ᠳᠣᠤᠷᠠᠬᠢ ᠡᠨᠡ ᠠᠵᠤ ᠠᠬᠤᠢᠯᠠᠯ ᠣᠲᠣ 30 ᠲᠦᠮᠡᠨ ᠲᠣᠨ/ ᠵᠢᠯ᠎ᠦᠨ ᠬᠡᠦᠷᠡᠰᠦ᠎ᠶ᠋ᠢ ᠨᠠᠷᠢᠯᠢᠭ ᠪᠣᠯᠪᠠᠰᠤᠷᠠᠭᠤᠯᠬᠤ᠂ ᠱᠢᠨ᠎ᠡ ᠬᠡᠯᠪᠡᠷᠢ᠎ᠶ᠋ᠢᠨ ᠨᠡᠭᠦᠷᠡᠰᠦᠲᠥ᠋ᠷᠥᠭ᠌ᠴᠢ᠎ᠶ᠋ᠢᠨ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠱᠤᠭᠤᠮ ᠵᠢᠴᠢ 5 ᠲᠦᠮᠡᠨ ᠲᠣᠨ / ᠵᠢᠯ᠎ᠤᠨ ᠵᠡᠭᠦᠦ ᠬᠡᠯᠪᠡᠷᠢᠲᠦ ᠬᠡᠦᠷᠡᠰᠦ ᠦᠢᠯᠡᠳᠪᠦᠷᠢᠯᠡᠬᠦ᠌ ᠲᠥᠬᠦᠭᠡᠷᠦᠮᠵᠢ᠎ᠲᠠᠢ᠂ ᠨᠢᠭᠡᠨᠲᠡ ᠵᠠᠬ᠎ᠠ ᠳᠡᠯᠭᠡᠭᠦᠷ᠎ᠤᠨ ᠥᠷᠢᠰᠥᠯᠳᠦᠬᠦ᠌ ᠬᠦᠴᠦᠨ᠎ᠲᠠᠢ 《ᠨᠡᠭᠦᠷᠡᠰᠦᠨ ᠬᠡᠦᠷᠡᠰᠦ — ᠣᠨᠴᠠ ᠲᠥᠷᠥᠯ᠎ᠤᠨ ᠪᠠᠷᠤᠭ᠍ᠰᠢᠨ — ᠵᠡᠭᠦᠦ ᠬᠡᠯᠪᠡᠷᠢᠲᠦ ᠬᠡᠦᠷᠡᠰᠦ — ᠴᠠᠬᠢᠯᠭ᠋ᠠᠨ ᠴᠡᠨᠡᠭ᠎ᠦᠨ ᠪᠢᠯᠢᠭ ᠲᠦᠢᠯ᠎ᠤᠨ ᠮᠠᠲ᠋ᠧᠷᠢᠶᠠᠯ》 ᠤᠨ ᠠᠵᠤ ᠦᠢᠯᠡᠰ᠎ᠤᠨ ᠬᠡᠯᠬᠢᠶ᠎ᠡ᠎ᠶ᠋ᠢ ᠪᠠᠢᠭᠤᠯᠤᠭ᠍ᠰᠠᠨ ᠪᠠᠢᠨ᠎ᠠ᠃
ᠴᠢᠩ ᠲᠤᠤ (ᠺᠦᠨᠱᠠᠨ) ᠡᠨᠧᠷᠭᠢ᠎ᠶ᠋ᠢᠨ ᠬᠥᠭ᠌ᠵᠢᠯᠲᠡ᠎ᠶ᠋ᠢᠨ ᠪᠦᠯᠦᠭ᠌ᠯᠡᠯ ᠪᠣᠯ ᠤᠯᠤᠰ᠎ᠤᠨ ᠳᠣᠲᠣᠭᠠᠳᠤ᠎ᠶ᠋ᠢᠨ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠮᠡᠷᠭᠡᠵᠢᠯ᠎ᠤᠨ ᠠᠵᠤ ᠦᠢᠯᠡᠰᠵᠢᠭ᠌ᠰᠡᠨ ᠬᠥᠲᠥᠴᠢ ᠠᠵᠤ ᠠᠬᠤᠢᠯᠠᠯ ᠪᠣᠯᠤᠨ᠎ᠠ᠂ ᠬᠤᠶᠠᠷ ᠵᠢᠯ᠎ᠤᠨ ᠡᠮᠦᠨ᠎ᠡ᠂ ᠪᠦᠯᠦᠭ᠌ᠯᠡᠯ ᠯᠦᠸᠧ ᠽᠢ ᠦᠬᠠᠶ᠎ᠳᠤ᠂ ᠵᠢᠯ᠎ᠳᠤ 5 ᠲᠦᠮᠡᠨ ᠲᠣᠨ ᠬᠠᠲᠠᠭᠤ ᠲᠦᠯᠦᠪᠲᠦ ᠴᠠᠬᠢᠯᠭ᠋ᠠᠨ ᠴᠡᠨᠡᠭ᠎ᠦᠨ ᠲᠤᠰᠭᠠᠶ ᠮᠠᠲ᠋ᠧᠷᠢᠶᠠᠯ᠂ 10GWh ᠬᠠᠲᠠᠭᠤ ᠲᠦᠯᠦᠪᠲᠦ ᠴᠠᠬᠢᠯᠭ᠋ᠠᠨ ᠴᠡᠨᠡᠭ ᠵᠢᠴᠢ ᠡᠨᠧᠷᠭᠢ ᠬᠠᠳᠠᠭᠠᠯᠠᠬᠤ ᠱᠢᠰᠲ᠋ᠧᠮ᠂ ᠢᠵᠢ ᠪᠥᠷᠢᠳᠦᠭ᠌ᠰᠡᠨ ᠥᠩᠭᠡ ᠦᠵᠡᠮᠵᠢ᠎ᠶ᠋ᠢᠨ ᠱᠢᠨ᠎ᠡ ᠡᠨᠧᠷᠭᠢ ᠬᠢᠭᠡᠳ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ᠎ᠤ ᠲᠥᠷᠥᠯ ᠵᠦᠢᠯ᠎ᠢ ᠪᠥᠲᠥᠭᠡᠨ ᠪᠠᠢᠭᠤᠯᠤᠨ᠎ᠠ᠃
《ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠦᠢᠯᠡᠳᠪᠦᠷᠢᠯᠡᠯ᠎ᠤᠨ ᠴᠢᠬᠤᠯᠠ ᠨᠥᠬᠦᠴᠡᠯ ᠪᠣᠯ ᠠᠭᠠᠷ ᠭᠠᠩ ᠬᠠᠭᠤᠷᠠᠶ ᠪᠠᠢᠵᠤ᠂ ᠦᠬᠠᠶ ᠬᠤᠲᠠ᠎ᠶ᠋ᠢᠨ ᠠᠭᠤᠷ ᠠᠮᠢᠰᠭᠤᠯ ᠶᠠᠭ ᠡᠨᠡ ᠬᠦ᠌ ᠱᠠᠭᠠᠷᠳᠠᠯᠭ᠎ᠠ᠎ᠳᠤ ᠨᠡᠢᠴᠡᠵᠦ᠍ ᠪᠠᠢᠨ᠎ᠠ᠂ ᠲᠤᠬᠠᠶ᠎ᠶ᠋ᠢᠨ ᠭᠠᠵᠠᠷ᠎ᠤᠨ ᠴᠠᠬᠢᠯᠭᠠᠨ᠎ᠤ ᠦᠨ᠎ᠡ ᠵᠡᠭᠦᠨ ᠬᠡᠰᠡᠭ᠎ᠤᠨ ᠭᠠᠵᠠᠷ ᠣᠷᠣᠨ᠎ᠠᠴᠠ ᠶᠡᠭᠡ ᠬᠡᠮᠵᠢᠶ᠎ᠡ᠎ᠪᠠᠷ ᠳᠣᠤᠷ᠎ᠠ ᠪᠠᠢᠵᠤ᠂ ᠢᠵᠢ ᠪᠦᠷᠢᠳᠦᠭᠦᠯᠬᠦ᠌ ᠠᠵᠤ ᠦᠢᠯᠡᠰ᠎ᠤᠨ ᠲᠤᠯᠭᠠᠭᠤᠷᠢᠯᠠᠬᠤ ᠬᠦᠴᠦᠨ ᠴᠦ᠍ ᠴᠢᠩᠭ᠎ᠠ ᠪᠠᠢᠨ᠎ᠠ》 ᠭᠡᠵᠡᠶ᠃ ᠴᠢᠩ ᠲᠣᠣ (ᠦᠬᠠᠢ) ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠡᠾᠸ ᠬᠣᠩ ᠼᠠᠢ ᠬᠡᠯᠡᠪᠡ᠃
ᠣᠳᠣᠬᠠᠨ᠎ᠳᠤ᠂ ᠴᠢᠩ ᠲᠤᠤ (ᠦᠬᠠᠶ) ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠨᠢᠭᠡᠨᠲᠡ 2 ᠲᠦᠮᠡᠨ ᠲᠣᠨ / ᠵᠢᠯ᠎ᠤᠨ ᠡᠶᠡᠷᠭᠦ᠌ ᠲᠦᠢᠯ᠎ᠤᠨ ᠮᠠᠲ᠋ᠧᠷᠢᠶᠠᠯ ᠪᠠ ᠴᠠᠬᠢᠯᠭ᠋ᠠᠨ ᠴᠡᠨᠡᠭ᠎ᠦᠨ ᠪᠣᠭᠤᠳᠠᠯ ᠬᠢᠭᠡᠳ ᠡᠨᠧᠷᠭᠢ ᠬᠠᠳᠠᠭᠠᠯᠠᠬᠤ ᠱᠢᠰᠲ᠋ᠧᠮ᠎ᠤᠨ ᠦᠢᠯᠡᠳᠪᠦᠷᠢᠯᠡᠯ᠎ᠤᠨ ᠱᠤᠭᠤᠮ᠎ᠢ ᠪᠠᠢᠭᠤᠯᠵᠤ᠂ ᠳᠤᠮᠳᠠᠳᠤ ᠤᠯᠤᠰ᠎ᠤᠨ ᠯᠢᠦᠢ ᠹᠠ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠦᠬᠠᠶ ᠬᠤᠲᠠ᠎ᠶ᠋ᠢᠨ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ᠎ᠤ ᠬᠡᠷᠡᠭ᠌ᠯᠡᠵᠦ᠍ ᠪᠠᠢᠭ᠎ᠠ ᠡᠨᠧᠷᠭᠢ ᠬᠠᠳᠠᠭᠠᠯᠠᠬᠤ ᠴᠠᠬᠢᠯᠭ᠋ᠠᠨ ᠴᠡᠨᠡᠭᠡᠨᠡ ᠬᠦ᠌ ᠠᠵᠤ ᠠᠬᠤᠢᠯᠠᠯ᠎ᠠᠴᠠ ᠦᠢᠯᠡᠳᠪᠡ᠃
ᠦᠬᠠᠢ᠎ᠶ᠋ᠢᠨ ᠬᠦᠸᠧ ᠱᠢᠦᠸᠠᠨ ᠵᠢᠨ ᠬᠥᠳᠡᠯᠭᠡᠬᠦ᠌ ᠬᠦᠴᠦᠨ᠎ᠤ ᠱᠢᠨ᠎ᠡ ᠡᠨᠧᠷᠭᠢ᠎ᠶ᠋ᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠨᠢᠭᠡᠳᠦᠭᠡᠷ ᠬᠤᠭᠤᠴᠠᠭᠠᠨ᠎ᠤ 10 ᠲᠦᠮᠡᠨ ᠲᠣᠨ / ᠵᠢᠯ᠎ᠤᠨ ᠪᠠᠯ ᠴᠢᠯᠠᠭᠤᠨ᠎ᠤ ᠪᠢᠯᠢᠭ ᠲᠦᠢᠯ᠎ᠤᠨ ᠮᠠᠲ᠋ᠧᠷᠢᠶᠠᠯ᠎ᠤᠨ ᠨᠡᠭᠦᠷᠡᠰᠦᠲᠥ᠋ᠷᠥᠭ᠌ᠴᠢ ᠦᠭᠡᠢ ᠦᠢᠯᠡᠳᠪᠦᠷᠢ ᠠᠱᠢᠭ᠍ᠯᠠᠯᠲᠠ᠎ᠳᠤ ᠣᠷᠣᠵᠤ᠂ ᠬᠤᠶᠠᠳᠤᠭᠠᠷ ᠬᠤᠭᠤᠴᠠᠭᠠᠨ᠎ᠤ 10 ᠲᠦᠮᠡᠨ ᠲᠣᠨ ᠦᠢᠯᠡᠳᠪᠦᠷᠢᠯᠡᠬᠦ᠌ ᠦᠢᠯᠡᠳᠪᠦᠷᠢᠯᠡᠬᠦ᠌ ᠴᠢᠳᠠᠪᠤᠷᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠶᠠᠭ ᠠᠬᠢᠭᠤᠯᠵᠤ᠂ ᠱᠢᠨ᠎ᠡ᠎ᠪᠠᠷ ᠪᠠᠢᠭᠤᠯᠤᠭ᠍ᠰᠠᠨ ᠵᠢᠯ᠎ᠳᠤ 5GWh ᠴᠠᠬᠢᠯᠭ᠋ᠠᠨ ᠴᠡᠨᠡᠭ᠎ᠦᠨ ᠬᠤᠷᠠᠮᠠᠯ ᠲᠥᠷᠥᠯ ᠵᠦᠢᠯ ᠨᠢᠭᠡᠨᠲᠡ ᠠᠱᠢᠭ᠍ᠯᠠᠯᠲᠠ᠎ᠳᠤ ᠣᠷᠣᠪᠠ; ᠦᠬᠠᠢ᠎ᠶ᠋ᠢᠨ ᠢ ᠮᠦ᠍ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠨᠢᠭᠡᠳᠦᠭᠡᠷ ᠬᠤᠭᠤᠴᠠᠭᠠᠨ᠎ᠤ ᠦᠢᠯᠡᠳᠪᠦᠷᠢᠯᠡᠯ᠎ᠤᠨ ᠱᠤᠭᠤᠮ ᠠᠱᠢᠭ᠍ᠯᠠᠯᠲᠠ᠎ᠳᠤ ᠣᠷᠣᠵᠤ᠂ ᠵᠢᠯ᠎ᠳᠤ 1500 ᠠᠭᠤᠷᠬᠠᠢ᠎ᠳᠤ ᠬᠡᠷᠡᠭ᠌ᠯᠡᠬᠦ᠌ ᠬᠦᠨᠳᠦ ᠬᠡᠯᠪᠡᠷᠢ᠎ᠶ᠋ᠢᠨ ᠠᠴᠢᠶᠠᠨ᠎ᠤ ᠮᠠᠱᠢᠨ ᠲᠡᠷᠭᠡ ᠦᠢᠯᠡᠳᠪᠦᠷᠢᠯᠡᠵᠦ᠍ ᠪᠣᠯᠤᠨ᠎ᠠ ᠁ ᠲᠥᠷᠥᠯ ᠵᠦᠢᠯ ᠨᠢ ᠠᠰᠢᠭᠯᠠᠯᠲᠠᠳ᠋ᠤ ᠣᠷᠣᠬᠤ᠎ᠶᠢ ᠳᠠᠭᠠᠯᠳᠤᠨ᠂ ᠦᠬᠠᠢ ᠬᠣᠲᠠ᠎ᠶᠢᠨ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠠᠵᠤ ᠠᠬᠤᠢᠯᠠᠯ᠎ᠤ᠋ᠨ ᠲᠥᠪᠯᠡᠷᠡᠯ ᠡᠳᠦᠷ ᠢᠷᠡᠬᠦᠶ᠎ᠡ ᠪᠤᠵᠠᠭᠠᠢᠷᠠᠵᠤ ᠂ ᠶᠠᠭ ᠳᠡᠭᠡᠳᠦ ᠳᠤᠮᠳᠠ ᠳᠣᠣᠷᠠᠲᠤ ᠤᠷᠤᠰᠭᠠᠯᠢ᠋ ᠪᠦᠷᠬᠦᠭ᠌ᠰᠡᠨ ᠵᠠᠭᠤᠨ ᠳ᠋ᠦᠩᠱ᠌ᠢᠭᠤᠷ ᠲᠥᠭᠥᠷᠢᠭ᠎ᠦ᠋ᠨ ᠳᠡᠰ᠎ᠦ᠋ᠨ ᠠᠵᠤ ᠦᠢᠯᠡᠰ᠎ᠦ᠋ᠨ ᠬᠡᠯᠬᠢᠶ᠎ᠡ᠎ᠶᠢ ᠪᠣᠢ ᠪᠣᠯᠭᠠᠵᠤ ᠪᠠᠢᠨ᠎ᠠ ᠃
ᠦᠬᠠᠢ ᠬᠣᠲᠠ᠎ᠶᠢᠨ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠪᠦᠷᠢᠨ ᠪᠦᠲᠦᠨ ᠠᠵᠤ ᠦᠢᠯᠡᠰ᠎ᠦ᠋ᠨ ᠲᠤᠭᠲᠠᠯᠴᠠᠭ᠎ᠠ ᠣᠳᠣ ᠶᠠᠭ ᠬᠥᠭ᠌ᠵᠢᠵᠦ᠍ ᠪᠠᠢᠨ᠎ᠠ᠃ ᠱᠢᠨ᠎ᠡ ᠲᠥᠷᠥᠯ ᠵᠦᠢᠯ ᠵᠠᠯᠭᠠᠭ᠎ᠠ᠎ᠪᠠᠷ ᠠᠱᠢᠭ᠍ᠯᠠᠯᠲᠠ᠎ᠳᠤ ᠣᠷᠣᠬᠤ᠎ᠶ᠋ᠢ ᠳᠠᠭᠠᠯᠳᠤᠨ᠂ ᠵᠢᠱ᠌ᠢᠯᠲᠡ᠎ᠪᠠᠷ 2030 ᠣᠨ ᠪᠣᠯᠬᠤ᠎ᠳᠤ᠂ ᠪᠥᠬᠦ᠌ ᠬᠤᠲᠠ᠎ᠶ᠋ᠢᠨ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠢᠳᠡᠪᠬᠢ ᠪᠢᠯᠢᠭ ᠲᠦᠢᠯ᠎ᠤᠨ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠴᠢᠳᠠᠪᠤᠷᠢ 20 ᠲᠦᠮᠡᠨ ᠲᠣᠨ᠎ᠳᠤ ᠬᠦᠷᠴᠦ᠍᠂ ᠬᠠᠲᠠᠭᠤ ᠪᠡᠶᠡᠲᠦ ᠴᠠᠬᠢᠯᠭ᠋ᠠᠨ ᠴᠡᠨᠡᠭ᠎ᠦᠨ ᠦᠢᠯᠡᠳᠪᠦᠷᠢᠯᠡᠯ᠎ᠤᠨ ᠴᠢᠳᠠᠪᠤᠷᠢ 30GWh᠎ᠳᠤ ᠬᠦᠷᠬᠦ᠌ ᠪᠣᠯᠤᠨ᠎ᠠ᠃