ᠣᠢᠷ᠎ᠠ᠎ᠳ᠋ᠤ ᠂ ᠬᠢᠩᠭᠠᠨ ᠠᠢᠮᠠᠭ᠎ᠤ᠋ᠨ ᠠᠵᠤ ᠠᠬᠤᠢ ᠮᠡᠷᠭᠡᠵᠢᠯ᠎ᠦ᠋ᠨ ᠨᠡᠭᠡᠭᠡᠯᠲᠡ᠎ᠶᠢᠨ ᠲᠣᠭᠣᠷᠢᠭ᠎ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ ᠤ᠋ ᠠᠵᠤ ᠦᠢᠯᠡᠰ᠎ᠦ᠋ᠨ ᠬᠦᠷᠢᠶᠡᠯᠡᠩ ᠳᠣᠲᠣᠷ᠎ᠠ ᠂ ᠭᠤᠷᠪᠠᠨ ᠱᠢᠨ᠎ᠡ ᠡᠨᠧᠷᠭᠢ᠎ᠶᠢᠨ ᠲᠣᠨᠣᠭ ᠲᠥᠬᠥᠭᠡᠷᠦᠮᠵᠢ ᠦᠢᠯᠡᠳᠬᠦ᠌ ᠠᠵᠤ ᠠᠬᠤᠢᠯᠠᠯ ᠶᠠᠭ ᠪᠠᠴᠢᠮ ᠶᠠᠭᠠᠷᠠᠯᠲᠠᠢ ᠲᠥᠬᠥᠭᠡᠷᠦᠮᠵᠢ ᠤᠭ᠍ᠰᠠᠷᠠᠨ ᠲᠤᠷᠱᠢᠯᠲᠠ ᠬᠢᠵᠦ᠍ ᠪᠤᠢ - ᠡᠨᠡ ᠪᠣᠯ ᠬᠢᠩᠭᠠᠨ ᠠᠢᠮᠠᠭ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠤᠨ ᠬᠡᠯᠬᠢᠶ᠎ᠡ᠎ᠶ᠋ᠢᠨ ᠬᠤᠳᠠᠯᠳᠤᠭᠠᠴᠢᠨ ᠤᠷᠢᠬᠤ ᠳᠤᠭᠤᠢᠯᠠᠩ᠎ᠤᠨ ᠡᠬᠢᠯᠡᠯᠲᠡ᠎ᠶ᠋ᠢᠨ ᠵᠢᠯ᠎ᠳᠤ ᠬᠦᠴᠦᠯᠡᠨ ᠴᠢᠷᠮᠠᠢᠵᠤ ᠨᠠᠷᠢᠯᠢᠭ ᠣᠨᠣᠴᠠᠲᠠᠶ᠎ᠪᠠᠷ ᠬᠤᠳᠠᠯᠳᠤᠭᠠᠴᠢᠨ ᠤᠷᠢᠭ᠍ᠰᠠᠨᠤ ᠳᠠᠷᠠᠭ᠎ᠠ ᠠᠩᠬᠠᠨ᠎ᠤ ᠪᠦᠯᠦᠭ ᠡᠯᠪᠡᠭ ᠦᠷ᠎ᠡ ᠪᠦᠲᠦᠭᠡᠯ ᠣᠯᠵᠤ᠂ ᠬᠡᠷᠡᠯ ᠴᠡᠨᠡᠭ᠎ᠤᠨ ᠲᠣᠨᠤᠭ ᠲᠥᠬᠦᠭᠡᠷᠦᠮᠵᠢ᠂ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ᠂ ᠬᠡᠷᠡᠯ ᠴᠡᠨᠡᠭ᠎ᠦᠨ ᠲᠤᠯᠭᠠᠭᠤᠷᠢ᠎ᠶᠢ ᠣᠷᠣᠨ ᠨᠤᠲᠤᠭᠵᠢᠭᠤᠯᠤᠨ ᠦᠢᠯᠡᠳᠬᠦ ᠭᠢᠨᠵᠢ ᠶᠠᠭ ᠲᠦᠷᠭᠡᠨ᠎ᠢᠶᠡᠷ ᠬᠡᠯᠪᠡᠷᠢᠵᠢᠵᠦ ᠪᠣᠶ ᠃
ᠵᠢᠯ᠎ᠤᠨ ᠡᠬᠢᠨ᠎ᠠᠴᠠ ᠨᠠᠭᠠᠰᠢ᠂ ᠬᠢᠩᠭᠠᠨ ᠠᠢᠮᠠᠭ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠤᠨ ᠬᠡᠯᠬᠢᠶ᠎ᠡ᠎ᠶ᠋ᠢᠨ ᠬᠤᠳᠠᠯᠳᠤᠭᠠᠴᠢᠨ ᠤᠷᠢᠬᠤ ᠳᠤᠭᠤᠢᠯᠠᠩ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ᠎ᠶ᠋ᠢ ᠦᠢᠯᠡᠳᠬᠦ᠌᠎ᠳᠤ ᠣᠨᠢᠨ ᠳᠡᠭᠡᠷ᠎ᠡ᠎ᠨᠢ ᠬᠦᠴᠦᠯᠡᠪᠡ᠃ 3 ᠳ᠋ᠤᠭᠠᠷ ᠰᠠᠷ᠎ᠠ᠎ᠶ᠋ᠢᠨ 15 ᠤ ᠡᠳᠦᠷ᠂ ᠬᠢᠩᠭᠠᠨ ᠠᠢᠮᠠᠭ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠤᠨ ᠬᠡᠯᠬᠢᠶ᠎ᠡ᠎ᠶ᠋ᠢᠨ ᠬᠤᠳᠠᠯᠳᠤᠭᠠᠴᠢᠨ ᠤᠷᠢᠬᠤ ᠳᠤᠭᠤᠢᠯᠠᠩ ᠠᠨᠾᠦ᠋ᠢ᠎ᠶ᠋ᠢᠨ ᠱᠢᠤᠢ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠲᠠᠢ ᠬᠠᠮᠲᠤᠷᠠᠯᠴᠠᠭᠠᠨ᠎ᠤ ᠰᠠᠨᠠᠮᠵᠢ ᠲᠣᠭ᠍ᠲᠠᠪᠠ᠃ ᠨᠢᠭᠡ ᠰᠠᠷ᠎ᠠ ᠪᠤᠯᠤᠯ ᠦᠭᠡᠶ᠂ ᠲᠤᠰ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠵᠧᠩ ᠱᠢᠤᠢ ᠳᠠᠷᠤᠶ ᠪᠦᠯᠬᠦᠮ ᠳᠠᠭᠠᠭᠤᠯᠤᠨ ᠬᠢᠩᠭᠠᠨ ᠠᠢᠮᠠᠭ᠎ᠲᠤ ᠬᠦᠷᠴᠦ᠍ ᠲᠤᠬᠠᠶ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠪᠠ᠃ ᠣᠯᠠᠨ ᠡᠭᠡᠯᠵᠢ᠎ᠪᠠᠷ ᠵᠠᠯᠭᠠᠯᠳᠤᠭ᠍ᠰᠠᠨᠤ ᠰᠡᠭᠦᠯᠡᠷ᠂ ᠬᠡᠷᠡᠯ ᠴᠡᠨᠡᠭ᠎ᠤᠨ ᠲᠣᠨᠣᠭ᠍ᠯᠠᠯ᠎ᠤᠨ ᠲᠥᠷᠥᠯ ᠵᠦᠢᠯ ᠦᠳᠲᠡᠷ ᠲᠦᠷᠭᠡᠨ ᠶᠠᠪᠤᠭ᠍ᠳᠠᠵᠤ᠂ ᠱᠢᠤᠢ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ (ᠬᠢᠩᠭᠠᠨ ᠠᠢᠮᠠᠭ)᠎ᠤᠨ ᠬᠢᠵᠠᠭᠠᠷᠲᠤ ᠺᠣᠮᠫᠠᠨᠢ ᠴᠠᠭ ᠲᠤᠬᠠᠶ᠎ᠳᠤᠨᠢ ᠮᠡᠨᠳᠦᠯᠡᠵᠡᠢ᠃ ᠲᠣᠰ ᠤᠳᠠᠭᠠᠨ᠎ᠤ ᠬᠠᠮᠲᠤᠷᠠᠯᠴᠠᠭ᠎ᠠ᠎ᠨᠢ ᠨᠠᠩ ᠰᠣᠷᠢᠨᠵᠢᠨ ᠴᠢᠯᠠᠭᠤ ᠮᠡᠲᠦ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠶ᠋ᠯᠡᠳᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠣᠤᠷᠠᠳᠤ ᠤᠷᠤᠰᠭᠠᠯ᠎ᠤᠨ ᠠᠵᠤ ᠠᠬᠤᠢᠯᠠᠯ - ᠬᠤᠩ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ ( ᠨᠠᠨᠵᠢᠩ )᠎ᠤᠨ ᠬᠢᠵᠠᠭᠠᠷᠲᠤ ᠺᠣᠮᠫᠠᠨᠢ ᠬᠢᠭᠡᠳ ᠰᠦᠵᠧᠦ᠍᠎ᠶ᠋ᠢᠨ ᠯᠦ᠍ ᠨᠠᠨ ᠴᠢᠩᠭᠠᠯᠠᠬᠤ ᠱᠢᠰᠲ᠋ᠧᠮ᠎ᠤᠨ ᠬᠢᠵᠠᠭᠠᠷᠲᠤ ᠺᠣᠮᠫᠠᠨᠢ ᠵᠡᠷᠭᠡ᠎ᠪᠠᠷ ᠨᠠᠢᠳᠠᠪᠤᠷᠢᠵᠢᠭᠤᠯᠵᠤ᠂ ᠬᠢᠩᠭᠠᠨ ᠠᠢᠮᠠᠭ᠎ᠤᠨ ᠰᠧ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠤᠯ᠎ᠤᠨ ᠶᠣᠣ ᠨᠧᠩ ᠱᠢᠨ᠎ᠡ ᠡᠨᠧᠷᠭᠢ᠎ᠶ᠋ᠢᠨ ᠺᠣᠮᠫᠠᠨᠢ ᠵᠠᠯᠭᠠᠭ᠎ᠠ᠎ᠪᠠᠷ ᠪᠠᠢᠭᠤᠯᠤᠭ᠍ᠳᠠᠵᠤ᠂ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠶ᠋ᠯᠡᠳᠬᠦ᠌ ᠲᠠᠩ ᠭᠠᠭ᠍ᠴᠠ ᠲᠥᠷᠥᠯ ᠵᠦᠶ᠋ᠯ᠎ᠠᠴᠠ ᠪᠦᠯᠦᠭ᠌ᠯᠡᠨ ᠬᠥᠭ᠌ᠵᠢᠬᠦ᠌ ᠵᠠᠩᠭᠢᠯᠠᠭ᠎ᠠ᠎ᠶ᠋ᠢᠨ ᠳᠠᠪᠠᠯᠲᠠ᠎ᠶ᠋ᠢ ᠪᠡᠶᠡᠯᠡᠭᠦᠯᠪᠡ᠃
ᠭᠡᠷ᠎ᠡ ᠲᠣᠭᠲᠠᠬᠤ᠎ᠠᠴᠠ ᠲᠣᠨᠣᠭ ᠲᠥᠬᠦᠭᠡᠷᠦᠮᠵᠢ᠎ᠶᠢ ᠲᠠᠯᠠᠪᠠᠶ᠎ᠳᠤ ᠣᠷᠣᠭᠤᠯᠬᠤ ᠬᠦᠷᠲᠡᠯ᠎ᠡ ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ 〈ᠬᠤᠷᠳᠤᠳᠬᠠᠯ〉 ᠨᠢ ᠬᠥᠮᠥᠰ᠎ᠢ ᠭᠠᠢᠬᠠᠰᠢ ᠠᠯᠳᠠᠭᠤᠯᠤᠨ᠎ᠠ᠃ ᠬᠢᠩᠭᠠᠨ ᠠᠢᠮᠠᠭ᠎ᠤᠨ ᠰᠧ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠵᠠᠩ ᠬᠤᠩ ᠺᠠᠶ ᠬᠡᠯᠡᠪᠡ᠃ ᠭᠤᠷᠪᠠᠨ ᠠᠵᠤ ᠠᠬᠤᠢᠯᠠᠯ ᠪᠣᠯ ᠶᠠᠭ ᠬᠢᠩᠭᠠᠨ ᠠᠢᠮᠠᠭ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠤᠨ ᠯᠤᠲᠤ ᠶᠡᠭᠡ ᠳᠠᠯᠳᠠ ᠬᠦᠴᠦᠨ ᠪᠣᠯᠤᠨ ᠰᠠᠢᠨ ᠰᠠᠢᠬᠠᠨ ᠬᠤᠳᠠᠯᠳᠤᠭ᠎ᠠ ᠡᠵᠡᠩᠨᠡᠬᠦ᠌ ᠣᠷᠴᠢᠨ ᠲᠣᠭᠤᠷᠢᠨ᠎ᠢ ᠦᠵᠡᠵᠦ᠍ ᠪᠠᠢᠭ᠎ᠠ ᠶᠠᠪᠤᠳᠠᠯ ᠪᠣᠯᠤᠨ᠎ᠠ᠂ 4 ᠳ᠋ᠦ᠍ᠭᠡᠷ ᠰᠠᠷ᠎ᠠ᠎ᠶ᠋ᠢᠨ 11 ᠤ ᠡᠳᠦᠷ ᠪᠡᠯᠡ ᠣᠷᠣᠭᠤᠯᠤᠯᠲᠠ᠎ᠶ᠋ᠢᠨ ᠬᠡᠯᠡᠯᠴᠡᠭᠡᠷ ᠲᠣᠭ᠍ᠲᠠᠭ᠍ᠰᠠᠨ᠎ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠵᠠᠰᠠᠭ᠎ᠤᠨ ᠣᠷᠳᠣᠨ ᠲᠡᠷᠡ ᠳᠠᠷᠤᠶᠳᠤᠨᠢ ᠪᠦᠬᠦ᠌ ᠲᠠᠯ᠎ᠠ᠎ᠶ᠋ᠢᠨ ᠪᠠᠲᠤᠯᠠᠭ᠎ᠠ᠎ᠶ᠋ᠢ ᠡᠬᠢᠯᠡᠭᠦᠯᠵᠦ᠍᠂ ᠦᠢᠯᠡᠳᠪᠦᠷᠢ ᠬᠤᠳᠠᠯᠳᠤᠭᠠᠨ᠎ᠤ ᠳᠠᠩᠰᠠᠯᠠᠯᠲᠠ᠂ ᠲᠠᠩᠰᠠᠨ ᠡᠷᠦᠬᠡ ᠨᠡᠭᠡᠭᠡᠬᠦ᠂ ᠦᠢᠯᠡᠳᠪᠦᠷᠢ᠎ᠶ᠋ᠢᠨ ᠭᠡᠷ ᠪᠠᠢᠱᠢᠩ ᠲᠦᠷᠢᠶᠡᠰᠦᠯᠡᠬᠦ᠌ ᠵᠡᠷᠭᠡ ᠭᠤᠭ᠍ᠴᠤᠭ᠎ᠠ᠎ᠶ᠋ᠢ ᠪᠥᠬᠦ᠌ ᠶᠠᠪᠤᠴᠠ᠎ᠳᠤ ᠥᠨᠳᠥᠷ ᠪᠦᠲᠦᠮᠵᠢᠲᠡᠶ ᠬᠠᠮᠵᠢᠯᠴᠠᠪᠠ᠃ 6 ᠳ᠋ᠤᠭᠠᠷ ᠰᠠᠷ᠎ᠠ᠎ᠶ᠋ᠢᠨ 1 ᠤ ᠡᠳᠦᠷ᠂ ᠭᠤᠷᠪᠠᠨ ᠠᠵᠤ ᠠᠬᠤᠢᠯᠠᠯ ᠳᠠᠷᠤᠢ ᠪᠠᠷᠢᠮᠵᠢᠶᠠᠵᠢᠭ᠍ᠰᠠᠨ ᠦᠢᠯᠡᠳᠪᠦᠷᠢ᠎ᠶ᠋ᠢᠨ ᠲᠠᠰᠤᠭ᠎ᠲᠤ ᠤᠷᠤᠭ᠍ᠰᠢᠲᠠᠢ ᠣᠷᠣᠵᠤ ᠰᠠᠭᠤᠪᠠ᠂ ᠬᠤᠢᠱᠢᠳᠠ᠎ᠶ᠋ᠢᠨ ᠪᠦᠳᠦᠭᠡᠨ ᠪᠠᠢᠭᠤᠯᠤᠯᠲᠠ᠎ᠳᠤ ᠡᠷᠬᠢᠮ ᠨᠠᠨᠳᠢᠨ ᠴᠠᠭ ᠣᠯᠭᠤᠪᠠ᠃
ᠣᠳᠣᠬᠠᠨ᠎ᠳᠤ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠢᠯᠠᠯᠲᠠ᠎ᠶᠢᠨ ᠮᠡᠳᠡᠭᠡ ᠪᠠᠢᠨ ᠳᠠᠬᠢᠨ ᠤᠯᠠᠮᠵᠢᠯᠠᠭᠳᠠᠵᠤ ᠂ ᠱᠢᠤᠢ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ ( ᠬᠢᠩᠭᠠᠨ ᠠᠢᠮᠠᠭ )᠎ᠤᠨ ᠬᠢᠵᠠᠭᠠᠷᠲᠤ ᠺᠣᠮᠫᠠᠨᠢ᠎ᠶ᠋ᠢᠨ ᠭᠡᠷᠡᠯ ᠴᠡᠨᠡᠭ᠎ᠦᠨ ᠲᠣᠨᠣᠭᠯᠠᠯ᠎ᠤᠨ ᠦᠢᠯᠡᠳᠪᠦᠷᠢ᠎ᠶᠢᠨ ᠲᠠᠰᠤᠭ᠎ᠤᠨ ᠲᠥᠬᠦᠭᠡᠷᠦᠮᠵᠢ᠎ᠶᠢᠨ ᠬᠠᠭᠠᠰ ᠢᠯᠡᠭᠦᠦ᠎ᠶᠢ ᠤᠭᠰᠠᠷᠠᠵᠤ ᠂ 7 ᠳ᠋ᠤᠭᠠᠷ ᠰᠠᠷ᠎ᠠ᠎ᠶ᠋ᠢᠨ ᠳᠤᠮᠳᠠᠴᠢ᠎ᠪᠠᠷ ᠠᠱᠢᠭ᠍ᠯᠠᠯᠲᠠ᠎ᠳᠤ ᠣᠷᠣᠭᠤᠯᠬᠤ ᠨᠥᠬᠦᠴᠡᠯ᠎ᠢ ᠪᠦᠷᠢᠯᠳᠦᠭᠦᠯᠬᠦ᠌ ᠪᠣᠯᠤᠨ᠎ᠠ; ᠬᠢᠩᠭᠠᠨ ᠠᠢᠮᠠᠭ᠎ᠤᠨ ᠰᠧ ᠾᠧ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ 2 GWh ᠴᠠᠭ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ᠎ᠦᠨ ᠲᠥᠷᠥᠯ ᠵᠦᠢᠯ ᠵᠢᠴᠢ ᠥᠪᠥᠷ ᠮᠣᠩᠭᠤᠯ᠎ᠤᠨ ᠶᠣᠣ ᠨᠧᠩ ᠱᠢᠨ᠎ᠡ ᠡᠨᠧᠷᠭᠢ᠎ᠶ᠋ᠢᠨ ᠺᠣᠮᠫᠠᠨᠢ᠎ᠶ᠋ᠢᠨ 1 GWh ᠬᠡᠷᠡᠯ ᠴᠡᠨᠡᠭ᠎ᠤᠨ ᠲᠤᠯᠬᠤ ᠲᠥᠷᠥᠯ ᠵᠦᠢᠯ᠎ᠨᠢ ᠶᠠᠭ ᠲᠣᠨᠤᠭ ᠲᠥᠬᠦᠭᠡᠷᠦᠮᠵᠢ᠎ᠶ᠋ᠢ ᠤᠭ᠍ᠰᠠᠷᠠᠬᠤ᠎ᠶ᠋ᠢ ᠵᠡᠷᠭᠡ᠎ᠪᠠᠷ ᠠᠬᠢᠭᠤᠯᠵᠤ᠂ ᠵᠢᠱ᠌ᠢᠯᠲᠡ᠎ᠪᠠᠷ ᠳᠣᠤᠷ᠎ᠠ ᠬᠠᠭᠠᠰ ᠵᠢᠯ᠎ᠳᠤ ᠴᠥᠮ ᠠᠱᠢᠭ᠍ᠯᠠᠯᠲᠠ᠎ᠳᠤ ᠣᠷᠣᠭᠤᠯᠵᠤ ᠪᠣᠯᠤᠨ᠎ᠠ᠃ ᠭᠤᠷᠪᠠᠨ ᠠᠵᠤ ᠠᠬᠤᠢᠯᠠᠯ ᠪᠦᠬᠦᠨ᠎ᠢᠶᠠᠷ᠎ᠢᠶᠠᠨ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠤᠨ ᠦᠢᠯᠡᠳᠬᠦᠨ᠎ᠤ ᠶᠡᠷᠦᠩᠬᠡᠶ ᠥᠷᠲᠡᠭ ᠨᠢ ᠵᠢᠱ᠌ᠢᠯᠲᠡ᠎ᠪᠠᠷ 15 ᠳ᠋ᠦᠩᠱᠢᠭᠤᠷ ᠲᠥᠭᠦᠷᠢᠭ᠎ᠲᠤ ᠬᠦᠷᠴᠦ᠍᠂ ᠰᠢᠨ᠎ᠡ᠎ᠪᠡᠷ ᠠᠵᠢᠯ ᠣᠯᠭᠣᠬᠤ ᠠᠵᠢᠯ᠎ᠤᠨ ᠪᠠᠢᠷᠢ 160 ᠨᠡᠮᠡᠭᠳᠡᠪᠡ᠃
《ᠲᠣᠰ ᠤᠳᠠᠭᠠᠨ᠎ᠤ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ᠎ᠶ᠋ᠢᠨ ᠲᠥᠷᠥᠯ ᠵᠦᠢᠯ᠎ᠢ ᠲᠥᠪᠯᠡᠷᠡᠭᠦᠯᠦᠨ ᠨᠠᠢᠳᠠᠪᠤᠷᠢᠵᠢᠭᠤᠯᠬᠤ ᠪᠣᠯ ᠬᠢᠩᠭᠠᠨ ᠠᠢᠮᠠᠭ᠎ᠤᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠣᠨᠣᠯᠵᠢᠬᠤᠨ᠎ᠢ ᠢᠳᠡᠪᠬᠢᠲᠡᠶ ᠦᠢᠯᠡᠳᠦᠯᠭᠡᠵᠢᠭᠦᠯᠵᠦ᠍᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠪᠤᠢᠵᠢᠭᠤᠯᠬᠤ ᠠᠮᠢᠳᠤᠯᠢᠭ ᠦᠢᠯᠡᠳᠦᠯᠭᠡ ᠮᠥᠨ 》 ᠭᠡᠵᠡᠢ᠃ ᠬᠢᠩᠭᠠᠨ ᠠᠢᠮᠠᠭ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠡᠨᠧᠷᠭᠢ᠎ᠶ᠋ᠢᠨ ᠲᠣᠪᠴᠢᠶᠠᠨ᠎ᠤ ᠳᠠᠷᠤᠭ᠎ᠠ ᠭᠧ ᠱᠤᠸᠠᠩ ᠫᠧᠩ᠂ ᠬᠢᠩᠭᠠᠨ ᠠᠢᠮᠠᠭ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠦᠢᠯᠡᠰ᠎ᠤᠨ ᠢᠵᠢ ᠪᠦᠷᠢᠳᠦᠭᠦᠯᠦᠯᠲᠡ᠎ᠶ᠋ᠢ ᠴᠢᠩᠭᠠᠳᠭᠠᠵᠤ᠂ ᠨᠡᠩ ᠤᠯᠠᠨ ᠱᠢᠯᠢᠳᠡᠭ ᠠᠵᠤ ᠠᠬᠤᠢᠯᠠᠯ᠎ᠢ ᠲᠠᠲᠠᠵᠤ᠂ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠠᠵᠤ ᠦᠢᠯᠡᠰ᠎ᠤᠨ ᠱᠢᠨ᠎ᠡ ᠤᠷᠤᠯᠳᠤᠭᠠᠨ᠎ᠤ ᠵᠠᠮ ᠳᠡᠭᠡᠷ᠎ᠡ ᠪᠦᠬᠦ᠌ ᠬᠦᠴᠦᠨ᠎ᠢᠶᠠᠷ᠎ᠢᠶᠠᠨ ᠤᠷᠤᠭ᠍ᠰᠢᠯᠠᠵᠤ᠂ ᠴᠢᠨᠠᠷ ᠰᠠᠢᠲᠠᠢ ᠬᠥᠭ᠌ᠵᠢᠯᠲᠡ᠎ᠳᠤ ᠪᠣᠬᠢᠷᠲᠤᠯ ᠦᠭᠡᠢ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃
ᠰᠠᠨᠠᠭᠠᠴᠢᠯᠠᠭ᠎ᠠ ᠠ᠋ᠴᠠ᠎ᠪᠠᠨ 《ᠭᠠᠳᠠᠭ᠍ᠰᠢ ᠭᠠᠷᠴᠤ》 ᠡᠭᠦᠳᠡ ᠲᠣᠭᠰᠢᠵᠤ ᠬᠤᠳᠠᠯᠳᠤᠭᠠᠴᠢᠨ ᠤᠷᠢᠬᠤ ᠠ᠋ᠴᠠ ᠥᠨᠳᠥᠷ ᠪᠦᠲᠦᠮᠵᠢᠲᠡᠶ ᠦᠢᠯᠡᠴᠢᠯᠡᠭᠡ᠎ᠪᠡᠷ ᠲᠥᠷᠥᠯ ᠵᠦᠢᠯ ᠢ 《ᠬᠦᠶᠦᠯᠭᠡᠬᠦ᠌》ᠬᠦᠷᠲᠡᠯ᠎ᠡ ᠂ ᠬᠢᠩᠭᠠᠨ ᠠᠢᠮᠠᠭ ᠠᠵᠤ ᠦᠢᠯᠡᠰ᠎ᠤᠨ ᠬᠡᠯᠬᠢᠶ᠎ᠡ᠎ᠶ᠋ᠢᠨ ᠰᠡᠳᠭᠢᠬᠦᠶ᠎ᠪᠠᠷ ᠨᠠᠷᠢᠯᠢᠭ ᠣᠨᠣᠴᠠᠲᠠᠶ᠎ᠪᠠᠷ ᠨᠠᠢᠳᠠᠪᠦᠷᠢᠵᠢᠭᠤᠯᠵᠦ᠍᠂ ᠱᠢᠨ᠎ᠡ ᠡᠨᠧᠷᠭᠢ᠎ᠶ᠋ᠢᠨ ᠨᠤᠲᠤᠭ ᠳᠡᠪᠢᠰᠬᠡᠷ ᠳᠡᠭᠡᠷ᠎ᠡ ᠵᠠᠩᠭᠢᠯᠠᠭ᠎ᠠ᠎ᠶ᠋ᠢᠨ ᠦᠢᠯᠡᠳᠭᠡᠯ᠎ᠤᠨ ᠲᠤᠯᠭᠠᠭᠤᠷᠢᠯᠠᠬᠤ ᠴᠡᠭ᠎ᠢ ᠪᠠᠢᠭᠤᠯᠪᠠ᠃ ᠪᠦᠯᠦᠭ᠌ᠯᠡᠯ᠎ᠤᠨ ᠦᠢᠯᠡᠳᠦᠯ᠎ᠢ ᠪᠠᠳᠠᠷᠠᠭᠤᠯᠬᠤ᠎ᠳᠤ ᠬᠦᠷᠪᠡᠯ᠂ ᠣᠷᠣᠨ ᠪᠦᠰᠡ᠎ᠶᠢᠨ ᠠᠵᠤ ᠦᠢᠯᠡᠰ᠎ᠦᠨ ᠶᠠᠰᠤ ᠰᠢᠷᠪᠦᠰᠦ᠎ᠶᠢ ᠳᠠᠬᠢᠨ ᠱᠤᠭᠤᠬᠤ᠎ᠪᠠᠷ ᠪᠠᠷᠠᠬᠤ ᠦᠭᠡᠢ᠂ ᠨᠠᠩ ᠴᠤ᠌ ᠤᠮᠠᠷᠠᠲᠤ ᠬᠢᠯᠢ᠎ᠶ᠋ᠢᠨ ᠪᠣᠬᠢᠷᠲᠤᠯ ᠥᠬᠡᠶ ᠬᠡᠯᠪᠡᠷᠢ᠎ᠶ᠋ᠢ ᠬᠤᠪᠢᠷᠠᠭᠤᠯᠬᠤ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠤᠨ᠎ᠠ᠃