ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠬᠥᠯᠥᠨ ᠪᠤᠢᠷ ᠬᠤᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠤᠷᠤᠭ᠍ᠰᠢᠲᠠᠶ ᠡᠬᠢᠯᠡᠪᠡ
ᠨᠡᠶ᠋ᠢᠲᠡᠯᠡᠭᠰᠡᠨ ᠴᠠᠭ᠄ 2025-08-14

  ᠥᠪᠥᠷ ᠮᠣᠩᠭᠤᠯ ᠪᠣᠯᠤᠨ ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶ᠎ᠠ᠂ ᠬᠤᠲᠠ᠎ᠶ᠋ᠢᠨ ᠵᠠᠰᠠᠭ᠎ᠤᠨ ᠣᠷᠳᠣᠨ᠎ᠤ ᠪᠥᠬᠦ᠌ ᠬᠤᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠺᠠᠳ᠋ᠷ᠎ᠤᠨ ᠡᠩᠨᠡᠭᠡᠨ᠎ᠤ ᠠᠵᠤ ᠠᠬᠤᠶ᠎ᠶ᠋ᠢ ᠠᠳᠭᠤᠬᠤ᠂ ᠬᠤᠳᠠᠯᠳᠤᠭᠠᠴᠢᠨ ᠤᠷᠢᠬᠤ᠎ᠶ᠋ᠢ ᠠᠬᠢᠭᠤᠯᠬᠤ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 8 ᠳ᠋ᠤᠭᠠᠷ ᠰᠠᠷ᠎ᠠ᠎ᠶ᠋ᠢᠨ 6 ᠎ᠤ ᠡᠳᠦᠷ᠎ᠤᠨ ᠦᠳᠡ᠎ᠶ᠋ᠢᠨ ᠡᠮᠦᠨ᠎ᠡ᠂ ᠬᠥᠯᠥᠨ ᠪᠤᠢᠷ ᠬᠤᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠳᠤ ᠵᠢᠩᠬᠢᠨᠢ᠎ᠪᠠᠷ ᠬᠢᠴᠢᠶᠡᠯ ᠡᠬᠢᠯᠡᠪᠡ᠃ ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ᠎ᠨᠢ ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠳᠤ ᠭᠤᠤᠯ ᠬᠤᠷᠠᠯ᠎ᠤᠨ ᠲᠠᠯᠠᠪᠠᠶ ᠭᠠᠷᠭᠠᠵᠤ᠂ ᠡᠯ᠎ᠡ ᠬᠤᠱᠢᠭᠤ ᠬᠤᠲᠠ ᠲᠣᠭᠤᠷᠢᠭ᠎ᠤᠨ ᠨᠠᠮ᠎ᠤᠨ ᠰᠤᠷᠭᠠᠭᠤᠯᠢ᠎ᠳᠤ ᠬᠤᠪᠢᠶᠠᠷᠢ ᠬᠤᠷᠠᠯ᠎ᠤᠨ ᠲᠠᠯᠠᠪᠠᠶ ᠭᠠᠷᠭᠠᠵᠤ᠂ ᠬᠥᠯᠥᠨ ᠪᠤᠢᠷ ᠬᠤᠲᠠ᠎ᠶ᠋ᠢᠨ ᠱᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠱᠢᠭᠤ ᠬᠤᠲᠠ ᠲᠣᠭᠤᠷᠢᠭ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠠᠪᠤᠨ ᠶᠡᠭᠡ ᠬᠦᠷᠢᠶᠡᠨ᠎ᠳᠠᠬᠢ ᠬᠤᠳᠠᠯᠳᠤᠭᠠᠴᠢᠨ ᠤᠷᠢᠬᠤ ᠭᠤᠤᠯᠯᠠᠭ᠍ᠴᠢ ᠬᠦᠴᠦᠨ ᠵᠢᠴᠢ ᠬᠤᠪᠢᠶᠠᠷᠢ ᠬᠤᠷᠠᠯ᠎ᠤᠨ ᠲᠠᠯᠠᠪᠠᠶ᠎ᠳᠤ ᠨᠡᠢᠲᠡ 987 ᠬᠥᠮᠦᠨ ᠪᠣᠯᠪᠠᠰᠤᠷᠠᠯ᠎ᠳᠤ ᠣᠷᠣᠯᠴᠠᠪᠠ᠃

  ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ᠎ᠶ᠋ᠢ ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ᠂ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ᠂ ᠬᠤᠲᠠ᠎ᠶ᠋ᠢᠨ ᠪᠠᠯᠠ ᠣᠷᠣᠭᠤᠯᠤᠯᠲᠠ᠎ᠶ᠋ᠢ ᠠᠬᠢᠭᠤᠯᠬᠤ ᠲᠥᠪ᠎ᠠᠴᠠ ᠬᠠᠮᠲᠤᠷᠠᠨ ᠡᠷᠭᠢᠯᠡᠵᠦ᠍᠂ ᠪᠣᠯᠪᠠᠰᠤᠷᠠᠯ᠎ᠨᠢ 3 ᠡᠳᠦᠷ᠎ᠤᠨ ᠬᠤᠭᠤᠴᠠᠭ᠎ᠠ᠎ᠲᠠᠢ ᠶᠠᠪᠤᠭ᠍ᠳᠠᠵᠤ᠂ 《ᠶᠠᠭᠤ ᠬᠢᠪᠡᠯ ᠶᠠᠭᠤ᠎ᠶ᠋ᠢ ᠰᠤᠷᠴᠤ᠌᠂ ᠶᠠᠭᠤ ᠳᠤᠲᠠᠪᠠᠯ ᠶᠠᠭᠤ᠎ᠶ᠋ᠢ ᠨᠥᠬᠦᠪᠥᠷᠢᠯᠡᠬᠦ᠌》 ᠵᠠᠷᠴᠢᠮ᠎ᠢ ᠪᠠᠷᠢᠮᠲᠠᠯᠠᠨ᠂ ᠴᠢᠨᠠᠷ ᠰᠠᠢᠲᠠᠶ ᠬᠥᠭ᠌ᠵᠢᠯᠲᠡ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠮᠦᠨ᠎ᠡ ᠵᠠᠬ᠎ᠠ᠎ᠶ᠋ᠢᠨ ᠬᠠᠨᠳᠤᠰᠢ᠎ᠲᠠᠢ ᠨᠢᠭ᠍ᠲᠠ ᠤᠶᠠᠯᠳᠤᠭᠤᠯᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠠᠴᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠦᠷᠢᠶᠡᠨ᠎ᠳᠤ ᠪᠣᠳᠠᠲᠤ ᠪᠠᠢᠯᠳᠤᠭᠠᠨ᠎ᠤ ᠲᠤᠷᠱᠢᠯᠭ᠎ᠠ᠎ᠶ᠋ᠢ ᠪᠠᠶᠠᠯᠢᠭ᠍ᠵᠢᠭᠤᠯᠬᠤ᠂ ᠭᠦᠨ ᠭᠦᠨᠵᠡᠭᠡᠢ ᠣᠨᠣᠯ᠎ᠤᠨ ᠦᠨᠳᠦᠰᠦᠨ ᠪᠣᠯᠪᠠᠰᠤᠷᠠᠯ᠎ᠲᠠᠢ ᠲᠤᠰᠬᠠᠢ ᠮᠡᠷᠭᠡᠵᠢᠯᠲᠡᠨ ᠪᠠ ᠬᠢᠷᠢ ᠬᠡᠮ᠎ᠲᠠᠢ ᠬᠢᠴᠢᠶᠡᠯᠯᠡᠬᠦ᠌ ᠪᠠᠭ᠍ᠰᠢ᠎ᠠᠴᠠ ᠲᠤᠱᠢᠶᠠᠯ᠎ᠢ ᠡᠭᠦᠷᠭᠡᠯᠡᠪᠡ᠃

  ᠲᠣᠰ ᠤᠳᠠᠭᠠᠨ᠎ᠤ ᠪᠣᠯᠪᠠᠰᠤᠷᠠᠯ᠎ᠳᠤ ᠬᠥᠯᠥᠨ ᠪᠤᠢᠷ ᠬᠤᠲᠠ᠎ᠶ᠋ᠢᠨ ᠬᠥᠭ᠌ᠵᠢᠯᠲᠡ᠎ᠶ᠋ᠢᠨ ᠣᠳᠣᠬᠢ ᠪᠠᠢᠳᠠᠯ ᠪᠠ ᠬᠠᠷᠢᠴᠠᠭᠤᠯᠤᠭ᠍ᠰᠠᠨ ᠳᠠᠪᠠᠭᠤᠯᠢᠭ᠎ᠢ ᠭᠦᠨᠵᠡᠭᠡᠶ ᠵᠠᠳᠠᠯᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ᠎ᠢ ᠵᠣᠯᠭᠠᠭᠤᠯᠤᠨ ᠵᠥᠪᠳᠡᠯᠴᠡᠬᠦ᠌᠎ᠶ᠋ᠢᠨ ᠭᠤᠤᠯᠳᠠᠯᠭ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠠᠭ᠍ᠪᠤᠷ ᠪᠠ ᠠᠷᠭ᠎ᠠ ᠵᠢᠴᠢ ᠴᠢᠬᠤᠯᠠ ᠶᠡᠭᠡ ᠲᠥᠷᠥᠯ ᠵᠦᠢᠯ᠎ᠢ ᠲᠥᠯᠥᠪᠵᠢᠭᠦᠯᠬᠦ᠌ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠎ᠶ᠋ᠢ ᠨᠠᠷᠢᠨ ᠲᠠᠨᠢᠯᠴᠠᠭᠤᠯᠪᠠ᠃ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠤ ᠠᠵᠤ ᠦᠢᠯᠡᠰ᠎ᠤᠨ ᠬᠥᠭ᠌ᠵᠢᠯᠲᠡ᠎ᠶ᠋ᠢᠨ ᠴᠢᠭ᠌ᠯᠡᠯ ᠪᠣᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢᠴᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠢ ᠬᠥᠭ᠌ᠵᠢᠭᠦᠯᠬᠦ᠂ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠤᠢ ᠪᠣᠯᠭᠠᠬᠤ ᠵᠡᠷᠭᠡ ᠠᠭᠤᠯᠭ᠎ᠠ᠎ᠶ᠋ᠢ ᠵᠢᠭᠠᠵᠤ᠂ ᠰᠤᠷᠤᠭ᠍ᠴᠢᠳ᠎ᠢ ᠬᠠᠪᠰᠤᠷᠤᠨ ᠲᠦᠷᠦ᠍᠎ᠶ᠋ᠢᠨ ᠪᠤᠳᠤᠯᠭ᠎ᠠ᠎ᠶ᠋ᠢᠨ ᠤᠳᠤᠷᠢᠳᠤᠮᠵᠢ᠎ᠶ᠋ᠢ ᠣᠨᠣᠪᠴᠢᠲᠠᠢ ᠡᠵᠡᠮᠱᠢᠭᠦᠯᠵᠦ᠍᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ᠎ᠳᠤ ᠬᠦᠴᠦᠲᠡᠢ ᠳᠡᠮᠵᠢᠯᠭᠡ ᠬᠠᠩᠭᠠᠪᠠ᠃

  ᠲᠣᠰ ᠤᠳᠠᠭᠠᠨ᠎ᠤ ᠬᠥᠯᠥᠨ ᠪᠤᠢᠷ ᠬᠤᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠠᠮᠵᠢᠯᠲᠠ᠎ᠲᠠᠢ ᠡᠷᠬᠢᠯᠡᠭ᠌ᠰᠡᠨ᠎ᠨᠢ ᠬᠤᠳᠠᠯᠳᠤᠭᠠᠴᠢᠨ ᠤᠷᠢᠬᠤ ᠡᠩᠨᠡᠭᠡ᠎ᠳᠤ ᠰᠤᠷᠤᠯᠴᠠᠵᠤ ᠰᠣᠯᠢᠯᠴᠠᠬᠤ ᠲᠠᠪᠴᠠᠩ ᠪᠠᠢᠭᠤᠯᠤᠨ ᠥᠭ᠌ᠭᠦᠭ᠌ᠰᠡᠨ᠎ᠢᠶᠠᠷ ᠪᠠᠷᠠᠬᠤ ᠥᠬᠡᠶ᠂ ᠰᠤᠷᠤᠭ᠍ᠴᠢᠳ᠎ᠤᠨ ᠲᠤᠰᠭᠠᠶ ᠮᠡᠷᠭᠡᠵᠢᠯ᠎ᠤᠨ ᠬᠡᠪ ᠪᠣᠯᠪᠠᠰᠤᠷᠠᠯ ᠪᠠ ᠪᠣᠳᠠᠲᠤ ᠪᠠᠢᠯᠳᠤᠭᠠᠨ᠎ᠤ ᠴᠢᠳᠠᠪᠤᠷᠢ᠎ᠶ᠋ᠢ ᠨᠠᠩ ᠪᠦᠲᠦᠮᠵᠢᠲᠡᠶ ᠳᠡᠭᠡᠭ᠌ᠰᠢᠯᠡᠭᠦᠯᠵᠦ᠍᠂ 《ᠶᠠᠭᠤ ᠡᠯᠰᠡᠬᠦ᠂ ᠬᠡᠷᠬᠢᠨ ᠡᠯᠰᠡᠬᠦ᠂ ᠬᠡᠷᠬᠢᠨ ᠨᠠᠢᠳᠠᠪᠤᠷᠢᠵᠢᠭᠤᠯᠬᠤ》 ᠵᠠᠩᠭᠢᠯᠠᠭ᠎ᠠ᠎ᠶ᠋ᠢᠨ ᠠᠰᠠᠭᠤᠳᠠᠯ᠎ᠢ ᠦᠨᠡᠨ ᠬᠦ᠌ ᠱᠢᠢᠳᠪᠦᠷᠢᠯᠡᠭ᠌ᠰᠡᠨ ᠪᠠᠢᠨ᠎ᠠ᠃ ᠬᠥᠯᠥᠨ ᠪᠤᠢᠷ ᠬᠤᠲᠠ᠎ᠶ᠋ᠢᠨ ᠲᠠᠪᠤᠨ ᠶᠡᠭᠡ ᠭᠤᠤᠯᠳᠠᠯᠭ᠎ᠠ᠎ᠲᠠᠢ ᠬᠦᠷᠢᠶᠡᠨ᠎ᠤ ᠬᠤᠳᠠᠯᠳᠤᠭᠠᠴᠢᠨ ᠤᠷᠢᠬᠤ ᠳᠤᠭᠤᠢᠯᠠᠩ᠎ᠤᠨ ᠪᠥᠬᠦ᠌  ᠭᠡᠱᠢᠭᠦᠨ ᠵᠢᠴᠢ ᠡᠯ᠎ᠡ ᠬᠤᠱᠢᠭᠤ ᠬᠤᠲᠠ ᠲᠣᠭᠤᠷᠢᠭ᠎ᠤᠨ ᠱᠢᠭᠤᠳ ᠬᠠᠷᠢᠶ᠎ᠠ ᠲᠤᠰᠭᠠᠶ ᠬᠤᠳᠠᠯᠳᠤᠭᠠᠴᠢᠨ ᠤᠷᠢᠬᠤ ᠳᠤᠭᠤᠢᠯᠠᠩ᠎ᠤᠨ ᠭᠡᠱᠢᠭᠦᠨ ᠡᠬᠢ ᠪᠠᠶᠠᠯᠢᠭ᠎ᠤᠨ ᠳᠠᠪᠠᠭᠤᠯᠢᠭ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ᠎ᠢ ᠬᠡᠷᠬᠢᠨ ᠲᠥᠯᠥᠪᠵᠢᠭᠦᠯᠬᠦ᠂ ᠶᠠᠮᠠᠷ ᠠᠷᠭ᠎ᠠ ᠮᠠᠶᠢᠭ᠎ᠢᠶᠠᠷ ᠤᠷᠢᠵᠤ ᠠᠪᠴᠢᠷᠠᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠵᠡᠷᠭᠡ ᠠᠵᠢᠯ᠎ᠢ ᠭᠦᠨᠵᠡᠭᠡᠶ ᠣᠢᠯᠠᠭᠠᠪᠠ᠃

ᠢᠷᠡᠯᠲᠡ᠄ ᠪᠡᠯᠡ ᠤᠷᠤᠭᠤᠯᠬᠤ ᠬᠦᠯᠦᠨ ᠪᠤᠢᠷ᠎ᠤᠨ ᠸᠢᠴᠠᠲ᠎ᠤᠨ ᠤᠯᠠᠨ ᠨᠡᠢᠲᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            