8 ᠳ᠋ᠤᠭᠠᠷ ᠰᠠᠷ᠎ᠠ᠎ᠶᠢᠨ 11 ᠦ᠌ ᠡᠳᠦᠷ᠂ ᠪᠤᠭᠤᠲᠤ ᠬᠣᠲᠠ᠎ᠶᠢᠨ ᠲᠠᠯᠠᠰᠲᠦ ᠴᠠᠬᠢᠭᠤᠷ ᠭᠡᠷᠡᠯ ᠴᠡᠨᠡᠭ᠎ᠦᠨ ᠠᠵᠤ ᠦᠢᠯᠡᠰ᠎ᠦ᠋ᠨ ᠵᠠᠰᠠᠭ ᠬᠤᠳᠠᠯᠳᠤᠭᠠᠨ᠎ᠤ᠋ ᠶᠠᠷᠢᠯᠴᠠᠬᠤ ᠬᠤᠷᠠᠯ ᠬᠤᠷᠠᠯᠳᠤᠪᠠ᠃ ᠪᠤᠭᠤᠲᠤ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠴᠧᠨ ᡁᠢ ᠴᠠᠩ᠂ ᠬᠤᠲᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ᠎ᠶ᠋ᠢᠨ ᠳᠠᠷᠤᠭ᠎ᠠ ᠮᠧᠩ ᠴᠢᠩ ᠸᠧᠶ ᠪᠤᠯᠤᠨ 10 ᠲᠠᠯᠠᠰᠲᠤ ᠴᠠᠬᠢᠭᠤᠷ ᠬᠡᠷᠡᠯ ᠴᠡᠨᠡᠭ᠎ᠤᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠨᠢᠭᠤᠷᠲᠠᠨ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠵᠠᠰᠠᠭ ᠠᠵᠤ ᠠᠬᠤᠢᠯᠠᠯ ᠰᠡᠳᠭᠢᠯ ᠨᠢᠭᠡᠳᠦᠨ ᠲᠠᠯᠠᠰᠲᠤ ᠴᠠᠬᠢᠭᠤᠷ ᠬᠡᠷᠡᠯ ᠴᠡᠨᠡᠭ᠎ᠤᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠲᠤ᠎ᠪᠠᠷ ᠰᠦᠪᠡᠭ᠌ᠴᠢᠯᠡᠪᠡ᠃
《ᠵᠠᠰᠠᠭ ᠬᠤᠳᠠᠯᠳᠤᠭᠠᠨ᠎ᠤ ᠶᠠᠷᠢᠯᠴᠠᠬᠤ ᠬᠤᠷᠠᠯ᠎ᠤᠨ ᠲᠣᠭ᠍ᠲᠠᠴᠠ ᠪᠣᠯ ᠪᠤᠭᠤᠲᠤ᠎ᠶ᠋ᠢᠨ ᠵᠠᠰᠠᠭ ᠠᠵᠤ ᠠᠬᠤᠢᠯᠠᠯ᠎ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭᠠᠨ᠎ᠤ ᠰᠠᠢᠨ ᠠᠷᠭ᠎ᠠ ᠬᠢᠳᠡᠯ ᠮᠥᠨ᠂ ᠥᠨᠥᠳᠦᠷ ᠣᠯᠠᠨ᠎ᠢᠶᠠᠷ᠎ᠢᠶᠠᠨ ᠲᠠᠯᠠᠰᠲᠤ ᠴᠠᠬᠢᠭᠤᠷ ᠬᠡᠷᠡᠯ ᠴᠡᠨᠡᠭ᠎ᠤᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠣᠯᠠᠨ᠎ᠢᠶᠠᠷ᠎ᠢᠶᠠᠨ ᠪᠤᠳᠤᠭ᠍ᠰᠠᠨ᠎ᠢᠶᠠᠨ ᠠᠭᠤᠵᠢᠷᠠᠲᠠᠯ᠎ᠠ ᠶᠠᠷᠢᠵᠤ᠂ ᠡᠷᠢᠶᠡᠯᠡᠬᠦ᠌ ᠬᠡᠷᠡᠭ ᠦᠭᠡᠢ 》ᠭᠡᠵᠦ᠍ ᠴᠧᠨ ᡁᠢ ᠴᠠᠩ ᠤᠭ ᠰᠠᠨᠠᠭ᠎ᠠ᠎ᠪᠠᠨ ᠢᠯᠡᠳᠬᠡᠵᠦ᠂ ᠭᠣᠣᠯ ᠰᠡᠳᠦᠪᠲᠡᠬᠡᠨ ᠰᠢᠭᠤᠳ ᠴᠢᠭᠯᠡᠪᠡ᠃ ᠰᠠᠭᠤᠳᠠᠯ᠎ᠤᠨ ᠬᠤᠷᠠᠯ ᠳᠡᠭᠡᠷ᠎ᠡ᠂ ᠮᠧᠢ ᠺᠧ ᠬᠤᠪᠢ ᠣᠷᠣᠭᠤᠯᠤᠯᠲᠠ᠂ ᠳ᠋ᠠ ᠴᠢᠤᠸᠠᠨ ᠱᠢᠨ᠎ᠡ ᠡᠨᠧᠷᠭᠢ᠂ ᠲᠦᠩ ᠸᠧᠢ ᠴᠡᠪᠡᠷ ᠲᠠᠯᠠᠰᠲᠤ ᠴᠠᠬᠢᠭᠤᠷ᠂ ᠱᠤᠸᠠᠩ ᠯᠢᠶᠠᠩ ᠴᠠᠬᠢᠭᠤᠷ᠎ᠤᠨ ᠮᠠᠲ᠋ᠧᠷᠢᠶᠠᠯ᠂ ᠬᠤᠩ ᠶᠤᠸᠠᠨ ᠱᠢᠨ᠎ᠡ ᠮᠠᠲ᠋ᠧᠷᠢᠶᠠᠯ᠂ ᠱᠢᠨ᠎ᠡ ᠣᠨᠴᠠ ᠴᠠᠬᠢᠭᠤᠷ᠎ᠤᠨ ᠮᠠᠲ᠋ᠧᠷᠢᠶᠠᠯ᠂ ᠵᠢᠩ ᠣᠣ ᠨᠡᠷᠡᠨ᠎ᠤ ᠡᠨᠧᠷᠭᠢ᠂ ᠱᠢᠨ ᠶᠤᠸᠠᠨ ᠴᠠᠬᠢᠭᠤᠷ᠎ᠤᠨ ᠮᠠᠲ᠋ᠧᠷᠢᠶᠠᠯ᠂ ᠠᠳᠢᠰ ᠨᠡᠷᠡᠨ ᠡᠨᠧᠷᠭᠢ᠂ ᠳ᠋ᠦᠩ ᠹᠠᠩ ᠿᠢ ᠱᠧᠩ ᠱᠢᠨ᠎ᠡ ᠡᠨᠧᠷᠭᠢ ᠵᠡᠷᠭᠡ ᠠᠵᠤ ᠠᠬᠤᠢᠯᠠᠯ᠎ᠤᠨ ᠬᠤᠯᠪᠣᠭ᠍ᠳᠠᠯ ᠪᠦᠬᠦᠢ ᠬᠠᠷᠢᠭᠤᠴᠠᠯᠭᠠᠲᠠᠨ ᠲᠤᠰ ᠪᠡᠶ᠎ᠡ᠎ᠶ᠋ᠢᠨ ᠬᠥᠭ᠌ᠵᠢᠯᠲᠡ᠂ ᠠᠵᠤ ᠦᠢᠯᠡᠰ᠎ᠤᠨ ᠪᠠᠢᠳᠠᠯ ᠵᠡᠷᠭᠡ᠎ᠶ᠋ᠢᠨ ᠲᠣᠭᠤᠷᠢᠨ᠎ᠳᠤ ᠲᠤᠰ ᠲᠤᠰ ᠰᠠᠨᠠᠯ ᠰᠠᠨᠠᠭᠤᠯᠭ᠎ᠠ ᠳᠤᠷᠠᠳᠴᠤ᠌᠂ ᠠᠵᠢᠯ ᠲᠦᠷᠦᠯ᠎ᠤᠨ ᠠᠯᠤᠰ ᠢᠷᠡᠭᠡᠳᠦᠢ᠂ ᠪᠤᠭᠤᠲᠤ ᠬᠤᠳᠠ᠎ᠯᠤᠭ᠎ᠠ᠎ᠶ᠋ᠢᠨ ᠬᠥᠭ᠌ᠵᠢᠯᠲᠡ᠎ᠳᠤ ᠦᠷᠭᠦᠯᠵᠢᠯᠡᠨ ᠰᠠᠨᠠᠯ ᠰᠠᠨᠠᠭᠤᠯᠭ᠎ᠠ ᠳᠤᠷᠠᠳᠴᠤ᠌᠂ ᠦᠷᠭᠦᠯᠵᠢᠯᠡᠨ ᠪᠤᠭᠤᠲᠤ ᠬᠤᠳᠠ᠎ᠯᠤᠭ᠎ᠠ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ᠎ᠡ ᠭᠡᠵᠦ᠍ ᠰᠠᠨᠠᠯ ᠨᠢᠭᠡᠲᠡᠢ ᠢᠯᠡᠳᠭᠡᠪᠡ᠃
ᠴᠧᠨ ᡁᠢ ᠴᠠᠩ᠂ ᠮᠧᠩ ᠴᠢᠩ ᠸᠧᠶ ᠠᠵᠤ ᠠᠬᠤᠢᠯᠠᠯ᠎ᠤᠨ ᠪᠤᠭᠤᠲᠤ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠦᠵᠡᠭᠦᠯᠦᠭ᠌ᠰᠡᠨ ᠬᠤᠪᠢ ᠨᠡᠮᠡᠷᠢ᠎ᠳᠤ ᠲᠠᠯᠠᠷᠬᠠᠵᠤ᠂ ᠠᠵᠤ ᠠᠬᠤᠢᠯᠠᠯ᠎ᠤᠨ ᠳᠤᠷᠠᠳᠤᠭ᠍ᠰᠠᠨ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭ᠌ᠪᠡ᠃ ᠴᠧᠨ ᡁᠢ ᠴᠠᠩ ᠬᠡᠯᠡᠬᠦ᠌᠎ᠳᠡᠭᠡᠨ᠂ ᠲᠠᠯᠠᠰᠲᠤ ᠴᠠᠬᠢᠭᠤᠷ ᠭᠡᠷᠡᠯ ᠴᠡᠨᠡᠭ᠎ᠤᠨ ᠠᠵᠤ ᠦᠢᠯᠡᠰ ᠪᠣᠯ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ᠂ ᠮᠠᠨ᠎ᠤ ᠤᠯᠤᠰ᠎ᠤᠨ 《ᠬᠤᠣᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠤ ᠬᠦᠴᠦᠨ ᠨᠡᠮᠡᠷᠢᠯᠡᠬᠦ᠌ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠮᠥᠨ᠂ ᠪᠤᠭᠤᠲᠤ ᠬᠤᠳᠠ᠎ᠶ᠋ᠢᠨ ᠬᠡᠯᠪᠡᠷᠢ᠎ᠪᠠᠨ ᠬᠤᠪᠢᠷᠠᠭᠤᠯᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠴᠢᠬᠤᠯᠠ ᠲᠤᠯᠭᠠᠭᠤᠷᠢᠯᠠᠯ ᠮᠥᠨ᠃ ᠪᠢᠳᠡ ᠬᠥᠭ᠌ᠵᠢᠯᠲᠡ᠎ᠶ᠋ᠢᠨ ᠢᠲᠡᠭᠡᠯ᠎ᠢᠶᠠᠨ ᠢᠮᠠᠭ᠍ᠲᠠ ᠪᠠᠲᠤᠳᠭᠠᠵᠤ᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠵᠠᠳᠠᠯᠤᠨ ᠮᠠᠭᠠᠳᠯᠠᠬᠤ᠎ᠪᠠᠨ ᠴᠢᠩᠭᠠᠳᠭᠠᠵᠤ᠂ ᠣᠳᠣᠬᠠᠨ᠎ᠤ ᠠᠵᠢᠯ ᠲᠦᠷᠦᠯ᠎ᠤᠨ ᠦᠶᠡᠯᠡᠯ᠎ᠤᠨ ᠴᠢᠨᠠᠷᠲᠠᠢ ᠲᠤᠬᠢᠷᠠᠭᠤᠯᠤᠯᠳᠠ᠎ᠳᠤ ᠵᠥᠪ᠎ᠢᠶᠠᠷ ᠬᠠᠨᠳᠤᠵᠤ᠂ ᠲᠠᠯᠠᠰᠲᠤ ᠴᠠᠬᠢᠭᠤᠷ ᠭᠡᠷᠡᠯ ᠴᠡᠨᠡᠭ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠴᠢᠨᠠᠭ᠍ᠰᠢᠳᠠ ᠡᠮᠬᠢᠯᠡᠨ ᠲᠡᠭᠦᠯᠳᠡᠷᠵᠢᠭᠦᠯᠵᠦ᠍᠂ ᠠᠵᠤ ᠠᠬᠤᠢᠯᠠᠯ ᠪᠠ ᠭᠠᠵᠠᠷ ᠣᠷᠣᠨ ᠬᠦᠴᠦ᠍᠎ᠪᠠᠨ ᠬᠠᠮᠲᠤᠳᠭᠠᠨ ᠲᠠᠯᠠᠰᠲᠤ ᠴᠠᠬᠢᠭᠤᠷ ᠭᠡᠷᠡᠯ ᠴᠡᠨᠡᠭ᠎ᠤᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢ ᠬᠦᠳᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠱᠢᠨ᠎ᠡ ᠮᠡᠷᠭᠡᠵᠢᠯ᠎ᠢ ᠰᠤᠳᠤᠯᠤᠨ ᠨᠡᠭᠡᠭᠡᠬᠦ᠂ ᠳᠤᠤᠷᠠᠳᠤ ᠤᠷᠤᠰᠭᠠᠯ᠎ᠤᠨ ᠬᠡᠷᠡᠭ᠌ᠯᠡᠭᠡ᠎ᠶ᠋ᠢ ᠥᠷᠭᠡᠳᠭᠡᠬᠦ᠌ ᠵᠡᠷᠭᠡ᠎ᠶ᠋ᠢ ᠬᠠᠷᠠᠭᠠᠯᠠᠨ᠂ ᠡᠯ᠎ᠡ ᠠᠵᠤ ᠠᠬᠤᠢᠯᠠᠯ᠎ᠯᠤᠭ᠎ᠠ᠎ᠶ᠋ᠢᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠦᠪᠥᠷᠢᠯᠡᠵᠦ᠍ ᠬᠡᠯᠬᠢᠶ᠎ᠡ᠎ᠶ᠋ᠢ ᠴᠢᠩᠭᠠᠳᠭᠠᠬᠤ᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ᠃ ᠪᠣᠬᠢᠷᠲᠤᠯ ᠦᠭᠡᠢ ᠴᠠᠬᠢᠯᠭᠠᠨ᠎ᠤ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ᠎ᠤᠨ ᠤᠷ᠎ᠠ ᠮᠡᠷᠭᠡᠵᠢᠯ᠎ᠤᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢᠨ ᠲᠠᠯ᠎ᠠ᠎ᠪᠠᠷ ᠬᠦᠳᠦᠯᠦᠨ ᠳᠠᠭᠠᠭᠤᠯᠵᠤ ᠵᠢᠱ᠌ᠢᠶ᠎ᠡ ᠦᠵᠡᠭᠦᠯᠬᠦ᠌ ᠦᠢᠯᠡᠳᠦᠯ᠎ᠢᠶᠠᠨ ᠪᠠᠳᠠᠷᠠᠭᠤᠯᠬᠤ ᠬᠡᠷᠡᠭ᠌ᠲᠡᠢ᠃ ᠪᠤᠭᠤᠲᠤ ᠬᠤᠳᠠ᠎ᠶ᠋ᠢᠨ ᠯᠠᠪᠳᠠᠭᠤᠨ ᠪᠠᠲᠤᠲᠠᠢ ᠲᠤᠨᠤᠭ ᠲᠥᠬᠦᠭᠡᠷᠦᠮᠵᠢ ᠦᠢᠯᠡᠳᠬᠦ᠌ ᠠᠵᠤ ᠦᠢᠯᠡᠰ᠎ᠤᠨ ᠰᠠᠭᠤᠷᠢ᠎ᠳᠤ ᠲᠦᠱᠢᠭ᠌ᠯᠡᠨ᠂ ᠡᠯ᠎ᠡ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭᠠᠨ᠎ᠤ ᠬᠦᠷᠢᠶ᠎ᠡ᠎ᠪᠠᠨ ᠥᠷᠭᠡᠳᠭᠡᠵᠦ᠍᠂ ᠨᠡᠩ ᠤᠯᠠᠨ ᠠᠵᠤ ᠦᠢᠯᠡᠰ᠎ᠤᠨ ᠲᠦᠷᠦᠯ ᠵᠦᠢᠯ᠎ᠢ ᠪᠤᠭᠤᠲᠤ ᠬᠤᠳᠠ᠎ᠳᠤ ᠪᠠᠢᠷᠢᠱᠢᠭᠤᠯᠬᠤ᠎ᠪᠠᠷ ᠴᠢᠷᠮᠠᠢᠬᠤ ᠬᠡᠷᠡᠭ᠌ᠲᠡᠢ᠃ ᠠᠵᠤ ᠠᠬᠤᠢᠯᠠᠯ᠎ᠳᠤ ᠲᠣᠭ᠍ᠲᠠᠭᠤᠨ ᠪᠦᠲᠦᠮᠵᠢᠲᠡᠢ ᠮᠥᠩᠭᠦᠨ ᠭᠦᠢᠯᠭᠡᠭᠡᠨ᠎ᠤ ᠳᠡᠮᠵᠢᠯᠭᠡ ᠦᠵᠡᠭᠦᠯᠬᠦ᠌᠎ᠪᠠᠨ ᠴᠢᠩᠭᠠᠳᠭᠠᠵᠤ᠂ ᠵᠠᠰᠠᠭ ᠪᠠᠩᠬᠢ ᠠᠵᠤ ᠠᠬᠤᠢᠯᠠᠯ᠎ᠢ ᠭᠦᠨᠵᠡᠭᠡᠢ ᠵᠣᠯᠭᠠᠭᠤᠯᠬᠤ᠎ᠶ᠋ᠢ ᠠᠬᠢᠭᠤᠯᠵᠤ᠂ 《ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠤᠳᠤᠯᠭ᠎ᠠ》᠎ᠪᠠᠷ ᠠᠵᠤ ᠠᠬᠤᠢᠯᠠᠯ᠎ᠳᠤ ᠲᠤᠯᠭᠠᠷᠠᠵᠤ ᠪᠠᠢᠭ᠎ᠠ ᠪᠡᠯᠡ ᠲᠣᠬᠢᠷᠠᠭᠤᠯᠭ᠎ᠠ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ᠃ ᠡᠯᠧᠮᠧᠨ᠋ᠲ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠲᠤᠰᠭᠠᠭ᠍ᠰᠠᠨ ᠤᠰᠤ ᠬᠡᠷᠡᠭ᠌ᠯᠡᠬᠦ᠂ ᠴᠠᠬᠢᠯᠭᠠᠨ ᠬᠡᠷᠡᠭ᠌ᠯᠡᠬᠦ᠂ ᠭᠠᠵᠠᠷ ᠬᠡᠷᠡᠭ᠌ᠯᠡᠬᠦ᠌ ᠵᠢᠴᠢ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠲᠥᠬᠦᠭᠡᠷᠦᠮᠵᠢ᠎ᠶ᠋ᠢ ᠢᠵᠢ ᠪᠦᠷᠢᠳᠦᠭᠦᠯᠬᠦ᠌ ᠵᠡᠷᠭᠡ ᠲᠠᠯ᠎ᠠ᠎ᠶ᠋ᠢᠨ ᠠᠰᠠᠭᠤᠳᠠᠯ᠎ᠢ ᠪᠦᠬᠦ᠌ ᠬᠦᠴᠦᠨ᠎ᠢᠶᠠᠷ᠎ᠢᠶᠠᠨ ᠱᠢᠢᠳᠪᠦᠷᠢᠯᠡᠬᠦ᠌᠎ᠶ᠋ᠢ ᠠᠬᠢᠭᠤᠯᠵᠤ᠂ ᠪᠣᠳᠠᠲᠠᠢ ᠦᠢᠯᠡᠳᠦᠯᠭᠡ᠎ᠶ᠋ᠢᠨ ᠳᠤᠮᠳᠠ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠬᠡᠷᠡᠭ᠌ᠲᠡᠢ ᠭᠡᠵᠡᠢ᠃