ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠢᠮᠠᠭ ᠬᠤᠲᠠ᠎ᠶ᠋ᠢᠨ ᠬᠥᠳᠡᠯᠦᠩᠭᠦᠶ ᠪᠠᠢᠳᠠᠯ  ᠠᠯᠠᠱᠠ ᠠᠢᠮᠠᠭ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ 《ᠵᠠᠭᠤᠨ ᠡᠳᠦᠷ᠎ᠤᠨ ᠪᠣᠭᠤᠮᠲᠠ ᠱᠢᠪᠲᠤᠯᠬᠤ》ᠠᠵᠢᠯᠯᠠᠭ᠎ᠠ᠎ᠶ᠋ᠢᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-09-03

  9 ᠳ᠋ᠤᠭᠡᠷ ᠰᠠᠷ᠎ᠠ᠎ᠶ᠋ᠢᠨ 1᠎ᠤ ᠡᠳᠦᠷ᠂ ᠠᠯᠠᠱᠠ ᠠᠢᠮᠠᠭ᠎ᠤᠨ ᠬᠤᠳᠠᠯᠳᠤᠭᠠᠴᠢᠨ ᠤᠷᠢᠵᠤ ᠪᠠᠯᠠ ᠣᠷᠤᠭᠤᠯᠬᠤ 《ᠵᠠᠭᠤᠨ ᠡᠳᠦᠷ᠎ᠤᠨ ᠪᠣᠭᠤᠮᠲᠠ ᠱᠢᠪᠲᠤᠯᠬᠤ》ᠠᠵᠢᠯᠯᠠᠭ᠎ᠠ᠎ᠶ᠋ᠢᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠪᠥᠬᠦ᠌ ᠠᠢᠮᠠᠭ᠎ᠤᠨ ᠬᠦᠴᠦᠨ᠎ᠢ ᠳᠠᠢᠴᠢᠯᠠᠨ ᠬᠤᠳᠠᠯᠳᠤᠭᠠᠴᠢᠨ ᠤᠷᠢᠵᠤ ᠪᠠᠯᠠ ᠣᠷᠤᠭᠤᠯᠬᠤ ᠶᠡᠭᠡ ᠱᠢᠪᠲᠤᠯᠤᠯᠲᠠ ᠎ᠶᠢ ᠠᠬᠢᠭᠤᠯᠵᠤ᠂ ᠶᠡᠭᠡ ᠬᠥᠭ᠌ᠵᠢᠯᠲᠡ᠂ ᠭᠤᠷᠪᠠᠳᠤᠭᠠᠷ ᠤᠯᠠᠷᠢᠯ᠎ᠳᠤ ᠭᠠᠪᠰᠢᠭ᠋ᠠᠢ᠌ᠯᠠᠨ ᠤᠷᠤᠵᠤ᠂ ᠳᠥᠷᠪᠡᠳᠦᠭᠡᠷ ᠤᠯᠠᠷᠢᠯ᠎ᠤᠨ  ᠰᠢᠢ᠍ᠳᠪᠦᠷᠢᠲᠦ ᠢᠯᠠᠯᠲᠠ᠎ᠶᠢ ᠣᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠎ᠶᠢ  ᠲᠡᠭᠦᠰ ᠠᠮᠵᠢᠯᠲᠠ᠎ᠲᠠᠢ ᠲᠡᠭᠦᠰᠭᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠳᠤ ᠪᠠᠲᠤ ᠪᠠᠬᠢ ᠰᠠᠭᠤᠷᠢ᠎ᠶ᠋ᠢ ᠲᠠᠯᠪᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

  ᠬᠤᠷᠠᠯ ᠳᠡᠭᠡᠷ᠎ᠡ᠂ ᠠᠯᠠᠱᠠ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ 《ᠠᠯᠠᠱᠠ ᠠᠢᠮᠠᠭ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ 〈ᠵᠠᠭᠤᠨ ᠡᠳᠦᠷ᠎ᠤᠨ ᠪᠣᠭᠤᠮᠲᠠ ᠱᠢᠪᠲᠤᠯᠬᠤ 〉 ᠠᠵᠢᠯᠯᠠᠭ᠎ᠠ᠎ᠶ᠋ᠢᠨ ᠲᠥᠰᠦᠯ》᠎ᠢ ᠤᠩᠱᠢᠨ ᠨᠡᠢᠲᠡᠯᠡᠪᠡ᠃ ᠬᠤᠷᠠᠯ᠎ᠠᠴᠠ ᠵᠠᠭᠤᠨ ᠡᠳᠦᠷ᠎ᠤᠨ ᠪᠣᠭᠤᠮᠲᠠ ᠱᠢᠪᠲᠤᠯᠬᠤ ᠠᠵᠢᠯᠯᠠᠭ᠎ᠠ᠎ᠶ᠋ᠢᠨ ᠴᠠᠭ᠎ᠤᠨ ᠲᠤᠬᠢᠷᠠᠭᠤᠯᠤᠯᠳᠠ᠂ ᠠᠵᠢᠯ᠎ᠤᠨ ᠬᠠᠷᠠᠯᠲᠠ᠂ ᠪᠣᠳᠠᠲᠠᠢ ᠡᠭᠦᠷᠭᠡ ᠪᠠ ᠠᠵᠢᠯ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂《ᠭᠡᠷ᠎ᠡ ᠲᠣᠭ᠍ᠲᠠᠭ᠍ᠰᠠᠨ ᠲᠦᠷᠦᠯ ᠵᠦᠢᠯ᠎ᠢ ᠨᠠᠢᠳᠠᠪᠤᠷᠢᠵᠢᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ》᠂ 《ᠲᠦᠷᠦᠯ ᠵᠦᠢᠯ᠎ᠤᠨ ᠪᠡᠯᠡ ᠮᠥᠩᠭᠦ᠎ᠶ᠋ᠢ ᠪᠣᠳᠠᠲᠠᠢᠵᠢᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ》᠂ 《 ᠣᠨᠣᠴᠢᠲᠠᠢ ᠬᠤᠳᠠᠯᠳᠤᠭᠠᠴᠢᠨ ᠤᠷᠢᠬᠤ ᠪᠣᠭᠤᠮᠲᠠ ᠱᠢᠪᠲᠤᠯᠬᠤ ᠳᠠᠢᠯᠠᠯᠳᠤᠭᠠᠨ》ᠪᠠ 《ᠲᠦᠷᠦᠯ ᠵᠦᠢᠯ᠎ᠢ ᠲᠥᠯᠥᠪᠵᠢᠭᠦᠯᠵᠦ᠍ ᠨᠥᠭᠡᠴᠡᠯᠡᠬᠦ᠌ ᠪᠣᠭᠤᠮᠲᠠ ᠱᠢᠪᠲᠤᠯᠬᠤ ᠳᠠᠢᠯᠠᠯᠳᠤᠭᠠᠨ》᠎ᠤ 4 ᠵᠦᠢᠯ᠎ᠤᠨ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠲᠤᠬᠠᠢ ᠨᠠᠷᠢᠨ ᠪᠠᠢᠷᠢᠯᠠᠭᠤᠯᠤᠯᠲᠠ ᠬᠢᠵᠡᠢ᠃

  ᠠᠯᠠᠱᠠ ᠠᠢᠮᠠᠭ᠎ᠤᠨ ᠨᠠᠮ᠎ᠤᠨ ᠬᠤᠷᠢᠶᠠᠨ᠎ᠤ ᠳᠡᠳ᠋ ᠱᠦᠵᠢ᠂ ᠠᠢᠮᠠᠭ᠎ᠤᠨ ᠳᠠᠷᠤᠭ᠎ᠠ ᠪᠠᠶ ᠬᠠᠶ ᠯᠢᠨ ᠬᠡᠯᠡᠬᠦ᠌᠎ᠳᠤ᠎ᠪᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠎ᠶ᠋ᠢ ᠰᠠᠢᠲᠤᠷ ᠠᠳᠭᠤᠬᠤ᠎ᠶ᠋ᠢᠨ ᠵᠠᠩᠭᠢᠯᠠᠭ᠎ᠠ᠎ᠨᠢ ᠠᠵᠤ ᠠᠬᠤᠢᠯᠠᠯ ᠎ᠤᠨ 《 ᠰᠡᠳᠭᠢᠯ᠎ᠢ ᠲᠠᠢ᠌ᠪᠤᠰᠢᠷᠠᠭᠤᠯᠬᠤ 》 ᠎ᠳᠤ ᠣᠷᠣᠰᠢᠨ᠎ᠠ ᠃ ᠬᠤᠳᠠᠯᠳᠤᠭᠠᠴᠢᠨ᠎ᠢ ᠬᠦᠨᠳᠦᠳᠭᠡᠨ ᠬᠤᠳᠠᠯᠳᠤᠭ᠎ᠠ᠎ᠶ᠋ᠢ ᠴᠢᠬᠤᠯᠠᠴᠢᠯᠠᠵᠤ᠂ ᠬᠤᠳᠠᠯᠳᠤᠭᠠᠴᠢᠨ᠎ᠢ ᠳᠣᠲᠣᠨᠣᠴᠢᠯᠠᠵᠤ ᠬᠤᠳᠠᠯᠳᠤᠭᠠᠴᠢᠨ᠎ᠢ ᠲᠣᠬᠤᠨᠢᠭᠤᠯᠵᠤ᠂ ᠨᠡᠭᠡᠭᠡᠯᠲᠡᠲᠦ ᠪᠠᠭ᠍ᠲᠠᠭᠠᠮᠵᠢᠲᠠᠢ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠲᠡᠵᠦ᠍᠂ ᠠᠮᠠᠯᠠᠭ᠍ᠰᠠᠨ᠎ᠢᠶᠡᠨ ᠵᠠᠪᠠᠯ ᠦᠢᠯᠡᠳᠦᠯᠭᠡᠵᠢᠭᠦᠯᠵᠦ᠍᠂ ᠬᠠᠮᠤᠭ᠎ᠤᠨ ᠰᠠᠢᠨ ᠡᠬᠢ ᠪᠠᠶᠠᠯᠢᠭ᠂ ᠬᠠᠮᠤᠭ᠎ᠤᠨ ᠶᠡᠭᠡ ᠦᠨᠡᠨᠴᠢ ᠰᠡᠳᠭᠢᠯ᠂ ᠬᠠᠮᠤᠭ᠎ᠤᠨ ᠱᠢᠯᠢᠳᠡᠭ ᠦᠢᠯᠡᠴᠢᠯᠡᠭᠡ᠎ᠶ᠋ᠢ ᠭᠠᠷᠭᠠᠵᠤ᠂ ᠬᠤᠳᠠᠯᠳᠤᠭᠠᠴᠢᠨ ᠤᠷᠢᠬᠤ ᠠᠵᠢᠯᠯᠠᠭ᠎ᠠ᠎ᠶ᠋ᠢ ᠵᠢᠷᠤᠮᠵᠢᠭᠤᠯᠵᠤ᠂ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠮᠲᠤ᠎ᠶ᠋ᠢᠨ ᠬᠥᠭ᠌ᠵᠢᠯᠲᠡ᠎ᠶ᠋ᠢᠨ ᠨᠡᠢᠯᠡᠯᠲᠡ᠎ᠶ᠋ᠢᠨ ᠴᠡᠭ ᠪᠠ ᠬᠦᠴᠦᠯᠡᠬᠦ᠌ ᠴᠡᠭ᠎ᠢ ᠣᠨᠣᠪᠴᠢᠲᠠᠢ ᠡᠷᠢᠨ ᠣᠯᠵᠤ᠂ ᠠᠵᠤ ᠠᠬᠤᠢᠯᠠᠯ᠎ᠢ ᠦᠨᠡᠨ ᠬᠦ᠌ ᠢᠷᠡᠬᠦ᠌ ᠳᠤᠷᠠᠲᠠᠢ᠂ ᠪᠡᠯᠡ ᠣᠷᠣᠭᠤᠯᠬᠤ ᠵᠣᠷᠢᠭᠲᠠᠢ ᠪᠣᠯᠭ᠋ᠠᠬᠤ ᠬᠡᠷᠡᠭ᠌ᠲᠡᠢ᠃

  ᠲᠡᠷᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠎ᠳᠤ《ᠵᠠᠷᠢᠮ᠎ᠢ᠎ᠨᠢ ᠬᠢᠵᠦ᠍ ᠵᠠᠷᠢᠮ᠎ᠢ᠎ᠨᠢ ᠦᠯᠦ᠍ ᠬᠢᠬᠦ᠌》᠎ᠶ᠋ᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ᠎ᠳᠤ ᠨᠢ ᠲᠤᠬᠢᠷᠠᠭᠤᠯᠵᠤ᠂ ᠤᠯᠠᠨ ᠡᠱᠢᠴᠢᠯᠡᠨ ᠬᠥᠭ᠌ᠵᠢᠭᠦᠯᠬᠦ᠌ ᠬᠡᠷᠡᠭ᠌ᠲᠡᠢ᠃ ᠬᠤᠶᠠᠷ ᠶᠡᠭᠡ ᠶᠠᠪᠤᠳᠠᠯ᠎ᠢ ᠰᠠᠢᠲᠤᠷ ᠬᠢᠬᠦ᠂ 《ᠵᠢᠷᠭᠤᠭᠠᠨ ᠠᠵᠢᠯᠯᠠᠭ᠎ᠠ》ᠪᠠ ᠠᠢᠮᠠᠭ᠎ᠤᠨ ᠨᠠᠮ᠎ᠤᠨ ᠬᠤᠷᠢᠶᠠᠨ᠎ᠤ 《157》ᠰᠡᠳᠭᠢᠬᠦᠢ᠎ᠶ᠋ᠢ ᠭᠦᠨᠵᠡᠭᠡᠶ ᠠᠬᠢᠭᠤᠯᠬᠤ᠎ᠶ᠋ᠢᠨ ᠲᠣᠭᠤᠷᠢᠨ᠎ᠳᠤ᠂ ᠨᠡᠭᠦᠷᠡᠰᠦ᠂ ᠳᠠᠪᠤᠰᠤ᠂ ᠨᠠᠷᠢᠯᠢᠭ ᠬᠢᠮᠢ᠎ᠶ᠋ᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ᠎ᠤᠨ《ᠬᠡᠯᠬᠢᠶ᠎ᠡ᠎ᠶ᠋ᠢ ᠤᠷᠲᠤᠳᠭᠠᠬᠤ》᠎ᠶ᠋ᠢ ᠨᠠᠷᠢᠯᠢᠭ ᠣᠨᠣᠪᠴᠢᠲᠠᠢ᠎ᠪᠠᠷ ᠠᠬᠢᠭᠤᠯᠵᠤ᠂ ᠴᠡᠪᠡᠷᠱᠢᠭᠦᠯᠬᠦ᠌ ᠡᠨᠧᠷᠭᠢ᠂ ᠣᠲᠣ ᠦᠶ᠎ᠡ᠎ᠶ᠋ᠢᠨ ᠲᠡᠮᠡᠭᠡᠨ᠎ᠤ ᠠᠵᠤ ᠦᠢᠯᠡᠰ᠂ ᠠᠮᠢ ᠠᠬᠤᠶ᠎ᠶ᠋ᠢᠨ ᠡᠯᠡᠰᠦᠨ᠎ᠤ ᠠᠵᠤ ᠦᠢᠯᠡᠰ᠂ ᠡᠯᠡᠰᠦᠨ ᠴᠥᠯ᠎ᠤᠨ ᠵᠢᠭᠤᠯᠴᠢᠯᠠᠯ᠎ᠤᠨ ᠦᠢᠯᠡᠰ ᠵᠡᠷᠭᠡ ᠳᠠᠪᠠᠭᠤᠯᠢᠭ ᠤᠨᠴᠠᠯᠢᠭ᠍ᠳᠤ ᠠᠵᠤ ᠦᠢᠯᠡᠰ᠎ᠤᠨ《ᠬᠡᠯᠬᠢᠶ᠎ᠡ᠎ᠶ᠋ᠢ ᠨᠥᠬᠦᠪᠥᠷᠢᠯᠡᠬᠦ᠌》᠂ ᠲᠣᠮᠣ ᠳ᠋ᠠᠢᠲ᠋ᠠ᠂ ᠡᠭᠦᠯᠡᠨ ᠲᠣᠭᠠᠴᠢᠯᠠᠭᠤᠷ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ《ᠬᠡᠯᠬᠢᠶ᠎ᠡ ᠎ᠶᠢ ᠪᠠᠢᠭᠤᠯᠬᠤ》᠎ᠶ᠋ᠢ ᠨᠠᠷᠢᠯᠢᠭ ᠣᠨᠣᠪᠴᠢᠲᠠᠢ ᠪᠠᠷ ᠠᠬᠢᠭᠤᠯᠬᠤ ᠬᠡᠷᠡᠭ᠌ᠲᠡᠶ᠃ ᠪᠥᠬᠦ᠌ ᠤᠯᠤᠰ ᠪᠥᠬᠦ᠌ ᠣᠷᠣᠨ᠎ᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠠᠬᠢ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ᠂ ᠳᠠᠪᠠᠭᠤᠯᠢᠭ ᠳᠠᠯᠳᠠ ᠬᠦᠴᠦᠨ᠎ᠢᠶᠠᠨ ᠭᠦᠨᠵᠡᠭᠡᠶ ᠠᠭᠤᠳᠠᠯᠤᠨ᠂ ᠠᠵᠤ ᠦᠢᠯᠡᠰ᠎ᠤᠨ ᠰᠠᠭᠤᠷᠢ᠎ᠶ᠋ᠢ ᠭᠦᠨᠵᠡᠭᠡᠶ ᠠᠭᠤᠳᠠᠯᠵᠤ᠂ ᠲᠥᠷᠥᠯ ᠵᠦᠢᠯ᠎ᠢ ᠵᠥᠷᠢᠶᠡᠵᠢᠬᠦᠯᠦᠨ ᠰᠦᠪᠡᠭ᠌ᠴᠢᠯᠡᠵᠦ᠍᠂ ᠬᠤᠳᠠᠯᠳᠤᠭᠠᠴᠢᠨ ᠤᠷᠢᠬᠤ᠎ᠶ᠋ᠢ ᠠᠳᠭᠤᠨ᠂ ᠬᠠᠷᠢᠯᠴᠠᠨ ᠳᠡᠮᠵᠢᠨ᠂ ᠬᠠᠷᠢᠯᠴᠠᠨ ᠨᠥᠬᠦᠪᠥᠷᠢᠯᠡᠨ᠂ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠵᠤ ᠪᠠᠢᠭᠠᠳ ᠰᠠᠢ᠌ᠨ ᠲᠥᠷᠥᠯ ᠵᠦᠢᠯ᠎ᠢ  ᠠᠯᠠᠱ᠌ᠠ ᠎ᠳᠦ          ᠡᠯᠰᠡᠵᠦ ᠂ ᠠᠯᠠᠱᠠ᠎ᠳᠤ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

  ᠲᠡᠷᠡ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ《ᠵᠠᠭᠤᠨ ᠡᠳᠦᠷ᠎ᠤᠨ ᠪᠣᠭᠤᠮᠲᠠ ᠱᠢᠪᠲᠤᠯᠬᠤ》᠎ᠳᠤ ᠡᠩ ᠲᠡᠷᠢᠭᠦᠨ᠎ᠳᠦ ᠵᠣᠷᠢᠭ ᠰᠢᠭᠤᠳᠬᠤ᠎ᠳᠤ ᠪᠣᠢ᠂ ᠪᠤᠳᠠᠲᠠᠢ ᠠᠵᠢᠯᠯᠠᠬᠤ᠎ᠳᠤ ᠪᠤᠢ᠃  ᠲᠡᠷᠢᠭᠦᠨ᠎ᠢ ᠲᠡᠮᠡᠴᠡᠬᠦ᠌ ᠤᠬᠠᠮᠰᠠᠷ᠎ᠢᠶᠠᠨ ᠴᠢᠩᠭᠠᠳᠭᠠᠵᠤ᠂ ᠬᠠᠮᠤᠭ᠎ᠤᠨ ᠱᠢᠯᠢᠳᠡᠭ ᠬᠦᠮᠦᠰ ᠎ᠲᠠᠢ《 ᠦᠷᠢᠰᠦᠯᠳᠦᠵᠤ 》᠂ ᠬᠠᠮᠤᠭ᠎ᠤᠨ ᠬᠦᠴᠦᠷᠬᠡᠭ  ᠬᠦᠮᠦᠰ᠎ᠲᠠᠢ 《 ᠮᠦᠷᠦᠢ᠌ᠴᠡᠵᠦ》᠂ ᠬᠠᠮᠤᠭ᠎ᠤᠨ ᠲᠦᠷᠭᠡᠨ  ᠬᠦᠮᠦᠰ ᠲᠠᠢ 《 ᠭᠦᠶᠦᠵᠦ᠍  ᠣᠷᠣᠯᠳᠤᠬᠤ 》ᠬᠡᠷᠡᠭᠲᠡᠢ᠂ ᠡᠳᠦᠷ ᠢᠷᠡᠬᠦᠶ᠎ᠡ ᠱᠢᠷᠦᠭᠦᠰᠴᠦ᠍ ᠪᠠᠢᠭ᠎ᠠ ᠥᠷᠢᠰᠥᠯᠳᠦᠭᠡᠨ᠎ᠤ ᠳᠤᠮᠳᠠ ᠲᠡᠷᠢᠭᠦᠨ ᠲᠣᠬᠢᠶᠠᠯ᠎ᠢ ᠵᠠᠪᠳᠤᠵᠤ᠂ ᠢᠷᠡᠭᠡᠳᠦᠢ᠎ᠶ᠋ᠢ ᠢᠯᠠᠨ ᠤᠯᠬᠤ᠎ᠪᠠᠷ ᠴᠢᠷᠮᠠᠢᠬᠤ ᠬᠡᠷᠡᠭ᠌ᠲᠡᠢ᠃ ᠬᠠᠷᠠᠯᠲᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ 《ᠲᠤᠭ᠎ᠠ ᠬᠡᠮᠵᠢᠶ᠎ᠡ》ᠪᠠ《ᠶᠠᠰᠤ ᠴᠢᠨᠠᠷ》᠎ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ 《ᠠᠵᠢᠯ᠎ᠢ ᠲᠦᠷᠦᠯ ᠵᠦᠢᠯᠵᠢᠭᠦᠯᠬᠦ᠂ ᠲᠦᠷᠦᠯ ᠵᠦᠢᠯ᠎ᠢ ᠨᠠᠷᠢᠨ ᠲᠠᠩᠰᠠᠵᠢᠭᠤᠯᠬᠤ᠂ ᠨᠠᠷᠢᠨ ᠲᠠᠩᠰᠠ᠎ᠶ᠋ᠢ ᠬᠠᠷᠢᠭᠤᠴᠠᠯᠭᠠᠵᠢᠭᠤᠯᠬᠤ》᠎ᠶ᠋ᠢ ᠠᠬᠢᠭᠤᠯᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠤᠯᠠᠨ ᠴᠢᠭᠯᠡᠯ᠎ᠢᠶᠡᠷ ᠬᠦᠴᠦᠯᠡᠵᠦ᠍᠂ ᠤᠯᠠᠨ ᠴᠡᠭ᠎ᠲᠦ  ᠳᠡᠯᠭᠡᠷᠡᠭᠦᠯᠬᠦ ᠬᠡᠷᠡᠭ᠌ᠲᠡᠢ᠃ ᠦᠷ᠎ᠡ ᠪᠦᠲᠦᠮᠵᠢ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ 《ᠡᠮᠦᠨᠡᠬᠢ ᠬᠤᠭᠤᠴᠠᠭᠠᠨ᠎ᠳᠦ ᠲᠥᠯᠥᠪᠵᠢᠭᠦᠯᠦᠨ ᠪᠡᠯᠡᠳᠭᠡᠬᠦ ᠠᠵᠢᠯ᠎ᠢ ᠠᠳᠬᠤᠵᠤ᠂ ᠳᠤᠮᠳᠠ ᠬᠤᠭᠤᠴᠠᠭᠠᠨ᠎ᠳᠤ ᠬᠤᠷᠳᠤᠴᠠ᠎ᠪᠠᠨ ᠨᠡᠮᠡᠭᠳᠡᠭᠦᠯᠦᠨ ᠠᠬᠢᠭᠤᠯᠬᠤ ᠠᠵᠢᠯ᠎ᠢ ᠠᠳᠬᠤᠵᠤ᠂ ᠰᠡᠭᠦᠯᠴᠢ᠎ᠶ᠋ᠢᠨ ᠬᠤᠭᠤᠴᠠᠭᠠᠨ᠎ᠳᠦ  ᠦᠢ᠍ᠯᠡᠴᠢᠯᠡᠭᠡᠨ᠎ᠦ ᠪᠠᠲᠤᠯᠠᠭ᠎ᠠ᠎ᠶᠢ ᠠᠳᠬᠤᠬᠤ》᠎ᠶ᠋ᠢᠨ ᠲᠣᠭᠤᠷᠢᠨ᠎ᠳᠤ᠂ ᠠᠢᠮᠠᠭ᠎ᠤᠨ ᠱᠠᠲᠤᠨ᠎ᠤ ᠨᠢᠭᠡᠳᠦᠯᠲᠡᠢ ᠲᠥᠯᠥᠪᠵᠢᠭᠦᠯᠭᠡ᠂ ᠬᠤᠱᠢᠭᠤ ᠲᠣᠭᠤᠷᠢᠭ᠎ᠤᠨ ᠭᠤᠣᠯ ᠳᠠᠢᠯᠠᠯᠳᠤᠭᠠᠨ᠂ ᠰᠠᠯᠠᠭ᠎ᠠ ᠮᠥᠴᠢᠷ ᠬᠠᠮᠵᠢᠯᠴᠠᠵᠤ᠂ ᠠᠵᠤ ᠠᠬᠤᠢᠯᠠᠯ ᠬᠦᠴᠦᠯᠡᠬᠦ᠌ ᠠᠵᠢᠯ᠎ᠤᠨ ᠪᠠᠢᠷᠢᠱᠢᠯ᠎ᠢ ᠪᠠᠢᠭᠤᠯᠵᠤ᠂ ᠳᠠᠷᠤᠢ ᠲᠦᠷᠭᠡᠨ ᠬᠥᠳᠡᠯᠦᠯᠴᠡᠵᠦ᠍᠂ ᠡᠷᠡᠰ ᠱᠢᠭᠤᠷᠬᠠᠢ᠎ᠪᠠᠷ ᠳᠠᠭᠠᠷᠢᠯᠲᠠ ᠬᠢᠵᠦ᠍᠂ ᠥᠨᠳᠥᠷ ᠦᠷ᠎ᠡ ᠪᠦᠲᠦᠮᠵᠢᠲᠠᠢ᠎ᠪᠠᠷ 《ᠪᠣᠭᠤᠮᠲᠠ ᠱᠢᠪᠲᠤᠯᠬᠤ ᠬᠤᠷᠳᠤᠴᠠ》᠎ᠪᠠᠷ ᠴᠢᠨᠠᠷ ᠰᠠᠢᠲᠠᠢ 《ᠬᠤᠳᠠᠯᠳᠤᠭᠠᠴᠢᠨ ᠤᠷᠢᠬᠤ ᠳᠠᠢᠯᠠᠯᠳᠤᠭᠠᠨ᠎ᠤ ᠦᠷ᠎ᠡ ᠪᠦᠲᠦᠭᠡᠯ》᠎ᠢ ᠰᠣᠯᠢᠨ ᠠᠪᠴᠢᠷᠠᠬᠤ ᠬᠡᠷᠡᠭ᠌ᠲᠡᠢ᠃ ᠦᠢᠯᠡᠴᠢᠯᠡᠭᠡᠨ᠎ᠤ ᠤᠬᠠᠮᠰᠠᠷ᠎ᠢᠶᠠᠨ ᠴᠢᠩᠭᠠᠳᠭᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ 《 ᠵᠠᠷᠤᠴᠠ》 ᠪᠤᠯᠵᠤ᠂ 《ᠳᠣᠲᠣᠨᠣ ᠬᠥᠮᠦᠨ》᠎ᠢ ᠰᠠᠢᠲᠤᠷ ᠬᠢᠵᠦ᠍᠂《ᠤᠴᠢᠷ ᠶᠠᠪᠤᠳᠠᠯ ᠱᠢᠢᠳᠪᠦᠷᠢᠯᠡᠬᠦ᠌᠎ᠳᠤ ᠬᠠᠷᠰᠢ ᠰᠠᠭᠠᠳ ᠦᠭᠡᠢ᠂  ᠢᠯᠭᠠᠭ᠎ᠠ ᠦᠭᠡᠢ ᠬᠠᠨᠳᠤᠬᠤ᠂ ᠠᠰᠠᠭᠤᠳᠠᠯ᠎ᠢ ᠣᠭ᠍ᠲᠣ ᠠᠭᠤᠴᠢᠯᠠᠬᠤ ᠦᠭᠡᠢ》ᠪᠠᠢᠬᠤ᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠢᠲᠡᠭᠡᠯ᠎ᠢ ᠪᠠᠲᠤᠳᠭᠠᠵᠤ᠂ ᠲᠦᠷᠦᠯ ᠵᠦᠢᠯ᠎ᠤᠨ ᠤᠷᠤᠭ᠍ᠰᠢᠲᠠᠢ ᠨᠠᠢᠳᠠᠪᠤᠷᠢᠵᠢᠭᠤᠯᠤᠭ᠍ᠳᠠᠬᠤ᠎ᠶ᠋ᠢ ᠠᠬᠢᠭᠤᠯᠬᠤ ᠬᠡᠷᠡᠭ᠌ᠲᠡᠢ᠃ ᠮᠥᠷᠦᠢᠴᠡᠬᠦ᠌ ᠤᠬᠠᠮᠰᠠᠷ᠎ᠢᠶᠠᠨ ᠴᠢᠩᠭᠠᠳᠭᠠᠵᠤ᠂ 《ᠲᠥᠷᠥᠯ ᠵᠦᠢᠯ᠎ᠤᠨ ᠭᠡᠷ᠎ᠡ ᠲᠣᠭ᠍ᠲᠠᠭ᠍ᠰᠠᠨ ᠨᠣᠷᠮ᠎ᠠ᠎ᠶ᠋ᠢᠨ ᠥᠨᠳᠥᠷ ᠳᠣᠣᠷ᠎ᠠ ᠎ᠪᠠᠨ ᠠᠳᠠᠯᠢᠳᠬᠠᠬᠤ᠂ ᠪᠣᠳᠠᠲᠠᠢ ᠎ᠳᠤ ᠨᠠᠢᠲᠠᠪᠤᠷᠢᠵᠢᠭᠤᠯᠤᠨ ᠠᠵᠢᠯ ᠡᠬᠢᠯᠡᠭᠦᠯᠦᠭ᠌ᠰᠡᠨ ᠨᠣᠷᠮ᠎ᠠ᠎ᠶ᠋ᠢᠨ ᠬᠢᠬᠦ᠌ ᠡᠷᠴᠢ ᠵᠣᠷᠢᠭ᠎ᠢᠶᠠᠨ  ᠠᠳᠠᠯᠢᠳᠬᠠᠬᠤ᠂ ᠪᠣᠳᠠᠲᠠᠢᠵᠢᠭᠤᠯᠬᠤ ᠪᠠᠯᠠ ᠮᠥᠩᠭᠦ᠎ᠶ᠋ᠢᠨ ᠨᠣᠷᠮ᠎ᠠ᠎ᠶ᠋ᠢᠨ ᠬᠤᠷᠳᠤᠨ ᠤᠳᠠᠭᠠᠨ᠎ᠢᠶᠠᠨ  ᠠᠳᠠᠯᠢᠳᠭᠠᠬᠤ 》ᠢᠯᠡ ᠲᠣᠳᠣ ᠤᠳᠤᠷᠢᠳᠤᠮᠵᠢ᠎ᠶ᠋ᠢ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠎ᠶ᠋ᠢ ᠬᠢᠨᠠᠨ ᠱᠢᠯᠭᠠᠬᠤ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠤᠳᠠᠯᠳᠤᠭᠠᠴᠢᠨ ᠤᠷᠢᠬᠤ᠎ᠶ᠋ᠢ ᠶᠡᠬᠡ ᠪᠡᠷ ᠠᠳᠭᠤᠬᠤ᠂ ᠬᠥᠭ᠌ᠵᠢᠯᠲᠡ᠎ᠶ᠋ᠢ ᠴᠢᠩᠭ᠎ᠠ ᠠᠳᠭᠤᠬᠤ ᠭᠦᠨ ᠵᠤᠵᠠᠭᠠᠨ ᠠᠭᠤᠷ ᠠᠮᠢᠰᠭᠤᠯ᠎ᠢ ᠬᠦᠴᠦᠯᠡᠨ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭ᠍ᠰᠠᠨ ᠱᠢᠨ᠎ᠡ ᠦᠷ᠎ᠡ ᠪᠦᠲᠦᠭᠡᠯ᠂ ᠱᠢᠨ᠎ᠡ ᠦᠷ᠎ᠡ ᠪᠦᠲᠦᠮᠵᠢ᠎ᠪᠠᠷ ᠪᠥᠬᠦ᠌ ᠠᠢᠮᠠᠭ᠎ᠤᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ ᠱᠠᠭ᠋ᠠᠷᠳᠠᠪᠠ᠃

ᠢᠷᠡᠯᠲᠡ᠄ ᠠᠯᠠᠱᠠ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            