ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ᠌ ᠮᠠᠲᠸᠷᠢᠶᠠᠯ
ᠥᠪᠥᠷ ᠵᠠᠰᠠᠭ ᠦᠰᠦᠭ 〔2025〕 119 ᠳ᠋ᠦ᠍ᠭᠡᠷ ᠲᠣᠭᠠᠲᠤ
ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ
ᠠᠬᠢᠭᠤᠯᠬᠤ ᠲᠥᠷᠥ᠎ᠶᠢᠨ ᠪᠣᠳᠣᠯᠭ᠎ᠠ᠎ᠨᠤᠭᠤᠳ᠎ᠢ ᠳᠠᠷᠤᠮᠠᠯᠯᠠᠨ ᠶᠠᠪᠤᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠨᠤᠭᠤᠳ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃
2025 ᠣᠨ᠎ᠤ 7 ᠳ᠋ᠤᠭᠠᠷ ᠰᠠᠷ᠎ᠠ᠎ᠶᠢᠨ 12᠎ᠤᠨ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠠᠢᠲ᠋ᠠ ᠪᠠ ᠵᠣᠬᠢᠶᠠᠮᠠᠯ ᠣᠶᠣᠨ᠎ᠤ
ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠨᠤᠭᠤᠳ
ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠣᠨ᠎ᠢ ᠲᠦᠷᠭᠡᠳᠬᠡᠨ ᠬᠥᠭᠵᠢᠭᠦᠯᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠥᠪᠡᠷᠲᠡᠭᠡᠨ ᠵᠠᠰᠠᠬᠤ ᠣᠷᠣᠨ᠎ᠤ ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠢ ᠪᠣᠯᠭᠠᠵᠤ᠂ ᠠᠵᠤ ᠦᠢᠯᠡᠰ᠎ᠦᠨ ᠳ᠋ᠢᠭᠢᠲᠴᠢᠯᠡᠨ ᠣᠶᠤᠨᠴᠢᠯᠠᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠡᠷᠴᠢᠮᠯᠡᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠲᠥᠷᠥ᠎ᠶᠢᠨ ᠪᠣᠳᠣᠯᠭ᠎ᠠ᠎ᠶᠢ ᠲᠣᠭᠲᠠᠭᠠᠪᠠ᠃
ᠨᠢᠭᠡ᠂ ᠠᠵᠤ ᠦᠢᠯᠡᠰ᠎ᠤᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠦᠨ᠎ᠡ
《ᠣᠷᠣᠨ ᠵᠠᠢ᠎ᠶᠢ ᠲᠥᠪᠯᠡᠷᠡᠭᠦᠯᠬᠦ᠂ ᠰᠣᠯᠪᠢᠴᠠᠭᠤᠯᠤᠨ ᠬᠥᠭᠵᠢᠭᠦᠯᠬᠦ᠂ ᠡᠵᠡᠩᠨᠡᠯᠲᠡ᠎ᠶᠢᠨ ᠪᠠᠢᠳᠠᠯ᠎ᠢ ᠬᠡᠯᠬᠢᠶᠡᠵᠢᠭᠦᠯᠬᠦ》 ᠵᠠᠷᠴᠢᠮ ᠶᠣᠰᠣᠭᠠᠷ᠂ ᠬᠣᠷᠢᠨᠭᠡᠷ ᠳ᠋ᠠᠢᠲ᠋ᠠ᠎ᠶᠢᠨ ᠲᠥᠪ᠎ᠦᠨ ᠪᠦᠯᠦᠭᠵᠢᠯ᠎ᠳᠦ ᠲᠦᠰᠢᠭᠯᠡᠨ᠂ ᠳ᠋ᠢᠭᠢᠲ ᠠᠵᠤ ᠦᠢᠯᠡᠰ᠎ᠦᠨ ᠬᠦᠷᠢᠶᠡᠯᠡᠩ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳ᠋ᠢᠭᠢᠲ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠢᠶᠠᠷ ᠦᠨᠡᠮᠰᠢᠨ ᠲᠣᠭᠲᠠᠭᠠᠵᠤ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠠᠮᠢᠶ᠎ᠠ ᠪᠦᠬᠦᠢ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠠᠳᠠᠯᠢᠬᠠᠨ ᠬᠦᠷᠲᠡᠨ᠎ᠡ᠃ ᠡᠯ᠎ᠡ ᠠᠢᠮᠠᠭ ᠬᠣᠲᠠ᠎ᠶᠢ ᠵᠣᠷᠢᠭ᠍ᠵᠢᠭᠤᠯᠵᠤ ᠪᠠᠢᠭᠠᠳ ᠳ᠋ᠠᠢᠲ᠋ᠠ ᠪᠠ ᠵᠣᠬᠢᠶᠠᠮᠠᠯ ᠣᠶᠣᠨ᠎ᠤ ᠮᠡᠷᠭᠡᠵᠢᠯ᠎ᠢᠶᠡᠷ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠦᠨ ᠳ᠋ᠢᠭᠢᠲᠴᠢᠯᠡᠨ ᠣᠶᠤᠨᠴᠢᠯᠠᠬᠤ᠎ᠪᠠᠷ ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ᠎ᠶᠢ ᠨᠢ ᠠᠬᠢᠭᠤᠯᠵᠤ᠂ ᠨᠢᠭᠡ ᠪᠦᠯᠦᠭ ᠲᠣᠰ ᠲᠣᠰ᠎ᠤᠨ ᠣᠨᠴᠠᠯᠢᠭ᠋᠎ᠲᠠᠢ ᠬᠡᠷᠡᠭᠯᠡᠯᠲᠡ᠎ᠶᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠦᠲᠦᠭᠡᠨ ᠪᠠᠢᠭᠤᠯᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ)
ᠬᠣᠶᠠᠷ᠂ ᠮᠡᠷᠭᠡᠵᠢᠯ᠎ᠦᠨ ᠲᠠᠯ᠎ᠠ᠎ᠪᠠᠷ ᠰᠢᠪᠲᠤᠯᠤᠯᠲᠠ ᠬᠢᠬᠦ᠎ᠶᠢ ᠵᠣᠷᠢᠭ᠍ᠵᠢᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠂ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ᠎ᠳᠤ᠎ᠪᠡᠨ ᠳ᠋ᠠᠢᠲ᠋ᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠣᠶᠣᠨ᠎ᠢ ᠭᠣᠣᠯᠳᠠᠯᠭ᠎ᠠ᠎ᠲᠠᠢ ᠳᠡᠮᠵᠢᠬᠦ ᠬᠡᠪᠴᠢᠶᠡᠨ᠎ᠳᠦ ᠵᠢᠭ᠍ᠰᠠᠭᠠᠨ ᠣᠷᠣᠭᠤᠯᠤᠨ᠎ᠠ᠃ ᠳ᠋ᠠᠢᠲ᠋ᠠ᠎ᠶᠢ ᠰᠢᠢᠳᠪᠦᠷᠢᠯᠡᠬᠦ ᠪᠠ ᠵᠣᠬᠢᠶᠠᠮᠠᠯ ᠣᠶᠤᠨ ᠵᠡᠷᠭᠡ ᠵᠥᠭᠡᠯᠡᠨ ᠬᠡᠷᠡᠭᠰᠡᠯ᠎ᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠳᠡᠮᠵᠢᠵᠦ᠂ ᠠᠩᠬᠠᠨ᠎ᠤ ᠬᠡᠪᠯᠡᠯ᠎ᠦᠨ ᠵᠥᠭᠡᠯᠡᠨ ᠬᠡᠷᠡᠭᠰᠡᠯ᠎ᠦᠨ ᠣᠯᠣᠭᠰᠠᠨ ᠮᠡᠳᠡᠯᠭᠡ᠎ᠶᠢᠨ ᠥᠮᠴᠢᠯᠡᠯ᠎ᠦᠨ ᠡᠷᠬᠡ ᠪᠤᠶᠤ ᠦᠨᠡᠮᠯᠡᠯ᠎ᠦᠨ ᠲᠣᠭᠲᠠᠭᠰᠠᠨ ᠬᠤᠭᠤᠴᠠᠭᠠᠨ ᠳᠣᠲᠣᠷ᠎ᠠ ᠭᠤᠶᠤᠴᠢᠯᠠᠬᠤ ᠬᠦᠷᠲᠡᠯᠡᠬᠢ ᠪᠣᠳᠠᠲᠠᠢ ᠪᠣᠷᠣᠯᠠᠭᠤᠯᠤᠭᠰᠠᠨ ᠶᠡᠷᠦᠩᠬᠡᠢ ᠲᠣᠭᠠᠨ᠎ᠤ 20% ᠪᠠᠷ ᠱᠠᠩᠨᠠᠵᠤ ᠨᠥᠬᠥᠪᠦᠷᠢᠯᠡᠨ᠎ᠡ᠂ ᠳᠠᠩ ᠭᠠᠭᠴᠠ ᠠᠵᠤ ᠠᠬᠤᠢᠯᠠᠯ᠎ᠳᠤ ᠱᠠᠩᠨᠠᠵᠤ ᠨᠥᠬᠥᠪᠦᠷᠢᠯᠡᠬᠦ ᠵᠣᠭᠣᠰ᠎ᠤᠨ ᠲᠣᠭ᠎ᠠ᠎ᠶᠢ 300 ᠲᠦᠮᠡᠨ ᠲᠥᠭᠥᠷᠢᠭ᠎ᠡᠴᠡ ᠬᠡᠲᠦᠷᠡᠭᠦᠯᠬᠦ ᠦᠭᠡᠢ᠃ ᠠᠵᠤ ᠠᠬᠤᠢᠯᠠᠯ᠎ᠤᠳ᠎ᠢ ᠵᠣᠷᠢᠭ᠍ᠵᠢᠭᠤᠯᠵᠤ ᠪᠠᠢᠭᠠᠳ ᠮᠡᠷᠭᠡᠵᠢᠯ᠎ᠦᠨ ᠲᠡᠷᠢᠭᠦᠨ᠎ᠦ ᠴᠢᠨᠠᠷ ᠪᠠ ᠠᠮᠢ ᠠᠬᠤᠢ᠎ᠶᠢᠨ ᠥᠷᠢᠰᠦᠯᠳᠦᠭᠡᠨ᠎ᠦ ᠳᠠᠪᠠᠭᠤᠯᠢᠭ᠋᠎ᠲᠠᠢ ᠨᠢᠭᠡ ᠪᠦᠯᠦᠭ ᠡᠬᠢ ᠺᠣᠳ᠋᠎ᠢ ᠢᠯᠡ ᠪᠣᠯᠭᠠᠬᠤ ᠲᠥᠷᠥᠯ ᠵᠦᠢᠯ᠎ᠢ ᠪᠠᠢᠷᠢᠰᠢᠭᠤᠯᠤᠨ ᠪᠣᠢᠵᠢᠭᠤᠯᠤᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ)
ᠭᠤᠷᠪᠠ᠂ ᠰᠢᠨ᠎ᠡ᠎ᠶᠢ ᠡᠭᠦᠳᠬᠦ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠤᠨ᠎ᠠ
ᠠᠵᠤ ᠠᠬᠤᠢᠯᠠᠯ᠎ᠤᠳ᠎ᠤᠨ ᠥᠪᠡᠷᠲᠡᠭᠡᠨ ᠵᠠᠰᠠᠬᠤ ᠣᠷᠣᠨ᠎ᠳᠤ ᠵᠣᠬᠢᠶᠠᠮᠠᠯ ᠣᠶᠣᠨ᠎ᠤ ᠲᠤᠷᠰᠢᠯᠲᠠ᠎ᠶᠢᠨ ᠲᠠᠰᠤᠭ᠂ EAI ᠠᠵᠢᠯ ᠲᠥᠷᠥᠯ᠎ᠦᠨ ᠬᠡᠷᠡᠭᠯᠡᠯᠲᠡ᠎ᠶᠢᠨ ᠲᠤᠷᠰᠢᠯᠲᠠ᠎ᠶᠢᠨ ᠰᠠᠭᠤᠷᠢᠨ ᠭᠠᠵᠠᠷ᠂ ᠵᠣᠬᠢᠶᠠᠮᠠᠯ ᠣᠶᠣᠨ᠎ᠤ ᠠᠮᠤᠷ ᠲᠦᠪᠰᠢᠨ᠎ᠦ ᠵᠢᠱ᠌ᠢᠶ᠎ᠡ ᠦᠵᠡᠭᠦᠯᠬᠦ ᠲᠥᠪ ᠵᠡᠷᠭᠡ᠎ᠶᠢ ᠪᠠᠢᠭᠤᠯᠬᠤ᠎ᠶᠢ ᠳᠡᠮᠵᠢᠵᠦ᠂ ᠠᠵᠤ ᠠᠬᠤᠢᠯᠠᠯ᠎ᠤᠨ ᠳ᠋ᠠᠢᠲ᠋ᠠ᠎ᠶᠢᠨ ᠵᠠᠰᠠᠯᠲᠠ᠂ ᠬᠡᠪ ᠵᠠᠭᠪᠤᠷ᠎ᠤᠨ ᠪᠣᠳᠣᠯᠲᠠ᠎ᠶᠢᠨ ᠠᠷᠭ᠎ᠠ᠂ ᠦᠢᠯᠡᠳᠬᠦᠨ᠎ᠦ ᠦᠨᠡᠯᠡᠨ ᠰᠢᠨᠵᠢᠯᠲᠡ᠂ ᠠᠮᠤᠷ ᠲᠦᠪᠰᠢᠨ᠎ᠦ ᠰᠡᠷᠭᠡᠢᠯᠡᠯᠲᠡ᠂ ᠪᠤᠳᠤᠬᠤ ᠴᠢᠳᠠᠪᠤᠷᠢ ᠪᠠ ᠳ᠋ᠠᠢᠲ᠋ᠠ᠎ᠶᠢᠨ ᠠᠷᠠᠯᠵᠢᠶ᠎ᠠ ᠵᠡᠷᠭᠡ ᠦᠢᠯᠡᠴᠢᠯᠡᠭᠡᠨ᠎ᠦ ᠲᠠᠪᠴᠠᠩ᠎ᠢ ᠪᠠᠢᠭᠤᠯᠬᠤ᠎ᠶᠢ ᠳᠡᠮᠵᠢᠵᠦ᠂ ᠰᠢᠨ᠎ᠡ᠎ᠪᠡᠷ ᠦᠨᠡᠮᠰᠢᠨ ᠲᠣᠭᠲᠠᠭᠠᠭᠰᠠᠨ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠎ᠠ ᠪᠣᠯᠬᠤ ᠲᠤᠷᠰᠢᠯᠲᠠ᠎ᠶᠢᠨ ᠲᠠᠰᠤᠭ᠂ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠨᠡᠪᠴᠢᠭᠦᠯᠦᠭᠦᠷ᠂ ᠲᠦᠷᠭᠡᠳᠬᠡᠭᠦᠷ ᠵᠡᠷᠭᠡ᠎ᠳᠦ ᠳᠠᠷᠠᠭᠠᠴᠢ ᠨᠥᠬᠥᠪᠦᠷᠢ ᠣᠯᠭᠣᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ)
ᠳᠥᠷᠪᠡ᠂ ᠪᠤᠳᠤᠬᠤ ᠴᠢᠳᠠᠪᠤᠷᠢ᠎ᠶᠢ ᠬᠡᠷᠡᠭᠯᠡᠬᠦ ᠥᠪᠡᠷ᠎ᠦᠨ ᠥᠷᠲᠡᠭ᠎ᠢ ᠪᠠᠭᠤᠷᠠᠭᠤᠯᠤᠨ᠎ᠠ
ᠪᠤᠳᠤᠬᠤ ᠴᠢᠳᠠᠪᠤᠷᠢ᠎ᠶᠢᠨ ᠬᠠᠩᠭᠠᠯᠭ᠎ᠠ ᠬᠡᠷᠡᠭᠴᠡᠭᠡ᠎ᠶᠢᠨ ᠲᠠᠯ᠎ᠠ᠎ᠶᠢᠨ ᠬᠢᠨ᠎ᠤ ᠥᠪᠡᠷᠲᠡᠭᠡᠨ ᠵᠠᠰᠠᠬᠤ ᠣᠷᠣᠨ᠎ᠤ ᠪᠤᠳᠤᠬᠤ ᠴᠢᠳᠠᠪᠤᠷᠢ᠎ᠶᠢ ᠬᠢᠨᠠᠨ ᠰᠢᠨᠵᠢᠵᠦ ᠲᠣᠬᠢᠷᠠᠭᠤᠯᠬᠤ ᠲᠠᠪᠴᠠᠩ᠎ᠢᠶᠠᠷ ᠠᠷᠠᠯᠵᠢᠶᠠᠯᠠᠵᠤ ᠳ᠋ᠦᠩᠨᠡᠨ ᠪᠤᠳᠤᠬᠤ᠎ᠶᠢ ᠳᠡᠮᠵᠢᠵᠦ᠂ 《ᠥᠪᠥᠷ ᠮᠣᠩᠭᠣᠯ᠎ᠤᠨ ᠬᠣᠷᠢᠨᠭᠡᠷ ᠪᠦᠯᠦᠭᠵᠢᠯ᠎ᠦᠨ ᠪᠣᠬᠢᠷᠲᠤᠯ ᠦᠭᠡᠢ ᠪᠤᠳᠤᠬᠤ ᠴᠢᠳᠠᠪᠤᠷᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠳᠡᠮᠵᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠰᠠᠨᠠᠯ᠎ᠤᠳ》 (ᠥᠪᠥᠷ ᠵᠠᠰᠠᠭ ᠠᠯᠪᠠᠨ ᠲᠠᠷᠬᠠᠭᠠᠭᠰᠠᠨ 〔2024〕 26 ᠳ᠋ᠤᠭᠠᠷ ᠲᠣᠭᠠᠲᠤ)᠎ᠤᠨ ᠶᠣᠰᠣᠭᠠᠷ ᠪᠤᠳᠤᠬᠤ ᠴᠢᠳᠠᠪᠤᠷᠢ᠎ᠶᠢ ᠵᠠᠯᠭᠠᠨ ᠣᠷᠣᠭᠤᠯᠬᠤ ᠪᠠ ᠬᠡᠷᠡᠭᠯᠡᠬᠦ ᠲᠠᠯ᠎ᠠ᠎ᠶᠢᠨ ᠬᠢᠨ᠎ᠳᠤ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ)
ᠲᠠᠪᠤ᠂ ᠳ᠋ᠠᠢᠲ᠋ᠠ᠎ᠳᠤ ᠡᠷᠬᠡ ᠣᠯᠭᠣᠨ ᠬᠡᠷᠡᠭᠯᠡᠬᠦ᠎ᠶᠢ ᠲᠦᠷᠭᠡᠳᠬᠡᠨ᠎ᠡ
ᠣᠯᠠᠨ ᠨᠡᠢᠲᠡ᠎ᠶᠢᠨ ᠳ᠋ᠠᠢᠲ᠋ᠠ᠎ᠶᠢᠨ ᠡᠬᠢ ᠪᠠᠶᠠᠯᠢᠭ᠋᠎ᠤᠨ ᠨᠡᠭᠡᠭᠡᠯᠲᠡ᠎ᠶᠢᠨ ᠲᠣᠳᠣᠷᠬᠠᠢ ᠬᠠᠭᠤᠳᠠᠰᠤ᠎ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶᠢᠨ ᠳ᠋ᠠᠢᠲ᠋ᠠ᠎ᠶᠢᠨ ᠨᠡᠭᠡᠭᠡᠯᠲᠡ᠎ᠶᠢᠨ ᠲᠠᠪᠴᠠᠩ᠎ᠳᠤ ᠲᠦᠰᠢᠭᠯᠡᠨ ᠭᠣᠣᠯᠳᠠᠯᠭ᠎ᠠ ᠲᠠᠢ ᠬᠦᠷᠢᠶ᠎ᠡ ᠴᠠᠷᠠᠭᠠᠨ᠎ᠤ ᠳ᠋ᠠᠢᠲ᠋ᠠ᠎ᠶᠢ ᠡᠮᠬᠢ ᠵᠢᠷᠤᠮ ᠲᠠᠢ᠎ᠪᠡᠷ ᠴᠢᠯᠦᠭᠡᠲᠡᠢ ᠪᠣᠯᠭᠠᠨ᠎ᠠ᠃ ᠣᠯᠠᠨ ᠨᠡᠢᠲᠡ᠎ᠶᠢᠨ ᠳ᠋ᠠᠢᠲ᠋ᠠ᠎ᠳᠤ ᠡᠷᠬᠡ ᠣᠯᠭᠣᠨ ᠡᠵᠡᠩᠨᠡᠬᠦ᠎ᠶᠢ ᠭᠦᠨᠵᠡᠭᠡᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠠᠴᠠ ᠵᠢᠯ ᠪᠦᠷᠢ 3 ᠠᠵᠤ ᠠᠬᠤᠢᠯᠠᠯ᠎ᠳᠤ ᠡᠷᠬᠡ ᠣᠯᠭᠣᠵᠤ ᠣᠯᠠᠨ ᠨᠡᠢᠲᠡ᠎ᠶᠢᠨ ᠳ᠋ᠠᠢᠲ᠋ᠠ᠎ᠶᠢᠨ ᠡᠵᠡᠩᠨᠡᠯᠲᠡ᠎ᠶᠢ ᠥᠷᠨᠢᠭᠦᠯᠦᠨ᠎ᠡ᠃ ᠳ᠋ᠠᠢᠲ᠋ᠠ᠎ᠶᠢᠨ ᠶᠡᠷᠦᠩᠬᠡᠢ ᠬᠡᠮᠵᠢᠶ᠎ᠡ᠂ ᠬᠡᠷᠡᠭᠯᠡᠯᠲᠡ᠎ᠶᠢᠨ ᠥᠷᠲᠡᠭ᠂ ᠨᠡᠭᠡᠭᠡᠨ ᠠᠰᠢᠭ᠍ᠯᠠᠭᠰᠠᠨ ᠦᠷ᠎ᠡ ᠪᠦᠲᠦᠮᠵᠢ᠎ᠪᠡᠷ ᠵᠢᠯ ᠪᠦᠷᠢ ᠤᠯᠤᠰ᠎ᠤᠨ ᠲᠠᠰ᠎ᠤᠨ ᠳ᠋ᠠᠢᠲ᠋ᠠ᠎ᠶᠢᠨ ᠵᠡᠭᠦᠯᠲᠡ᠂ ᠠᠵᠢᠯ ᠲᠥᠷᠥᠯ᠎ᠦᠨ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ᠂ ᠢᠲᠡᠭᠡᠮᠵᠢᠲᠦ ᠳ᠋ᠠᠢᠲ᠋ᠠ᠎ᠶᠢᠨ ᠣᠷᠣᠨ ᠵᠠᠢ ᠵᠡᠷᠭᠡ ᠳ᠋ᠠᠢᠲ᠋ᠠ ᠵᠢᠴᠢ ᠵᠣᠬᠢᠶᠠᠮᠠᠯ ᠣᠶᠣᠨ᠎ᠤ ᠬᠦᠷᠢᠶ᠎ᠡ ᠴᠠᠷᠠᠭᠠᠨ᠎ᠳᠡᠬᠢ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠰᠢᠯᠭᠠᠷᠠᠭᠤᠯᠤᠨ ᠲᠠᠨᠢᠯᠴᠠᠭᠤᠯᠵᠤ᠂ ᠤᠯᠤᠰ᠎ᠤᠨ ᠲᠠᠰ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ ᠪᠣᠯᠣᠭᠰᠠᠳ᠎ᠲᠤ ᠨᠢᠭᠡ ᠯᠡ ᠤᠳᠠᠭ᠎ᠠ᠎ᠪᠡᠷ 200 ᠲᠦᠮᠡᠨ ᠲᠥᠭᠥᠷᠢᠭ᠎ᠦᠨ ᠱᠠᠩᠨᠠᠯ ᠨᠥᠬᠥᠪᠦᠷᠢ ᠣᠯᠭᠣᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ)
ᠵᠢᠷᠭᠤᠭ᠎ᠠ᠂ ᠳ᠋ᠠᠢᠲ᠋ᠠ᠎ᠶᠢ ᠲᠣᠭᠲᠠᠭᠠᠯ᠎ᠳᠤ ᠨᠡᠢᠴᠡᠭᠦᠯᠦᠨ ᠠᠷᠠᠯᠵᠢᠶᠠᠯᠠᠬᠤ᠎ᠶᠢ ᠠᠬᠢᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳ᠋ᠠᠢᠲ᠋ᠠ᠎ᠶᠢᠨ ᠠᠷᠠᠯᠵᠢᠶᠠᠨ᠎ᠤ ᠲᠠᠯᠠᠪᠤᠷ ᠭᠠᠵᠠᠷ ᠪᠠ ᠳ᠋ᠠᠢᠲ᠋ᠠ᠎ᠶᠢᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠣᠯᠠᠨ ᠨᠡᠢᠲᠡ᠎ᠶᠢᠨ ᠳ᠋ᠠᠢᠲ᠋ᠠ᠂ ᠳ᠋ᠠᠢᠲ᠋ᠠ᠎ᠶᠢᠨ ᠴᠤᠭᠯᠠᠷᠠᠯ᠂ ᠬᠡᠯᠡᠨ᠎ᠦ ᠮᠠᠲᠧᠷᠢᠶᠠᠯ᠂ ᠬᠡᠪ ᠵᠠᠭᠪᠤᠷ ᠵᠡᠷᠭᠡ ᠳ᠋ᠠᠢᠲ᠋ᠠ᠎ᠶᠢᠨ ᠦᠢᠯᠡᠳᠬᠦᠨ᠎ᠢ ᠬᠤᠳᠠᠯᠳᠤᠨ ᠠᠪᠤᠭᠰᠠᠨ ᠠᠵᠤ ᠠᠬᠤᠢᠯᠠᠯ᠎ᠳᠤ ᠭᠡᠷ᠎ᠡ᠎ᠶᠢᠨ ᠵᠣᠭᠣᠰ᠎ᠤᠨ ᠲᠣᠭ᠎ᠠ ᠨᠢ 20 ᠲᠦᠮᠡᠨ ᠲᠥᠭᠥᠷᠢᠭ᠎ᠡᠴᠡ ᠬᠡᠲᠦᠷᠡᠭᠰᠡᠨ ᠪᠠᠢᠪᠠᠯ᠂ ᠭᠡᠷ᠎ᠡ᠎ᠶᠢᠨ ᠵᠣᠭᠣᠰ᠎ᠤᠨ ᠲᠣᠭᠠᠨ᠎ᠤ 20% ᠪᠠᠷ ᠱᠠᠩᠨᠠᠵᠤ ᠨᠥᠬᠥᠪᠦᠷᠢᠯᠡᠨ᠎ᠡ᠂ ᠠᠳᠠᠯᠢ ᠨᠢᠭᠡᠨ ᠠᠵᠤ ᠠᠬᠤᠢᠯᠠᠯ᠎ᠳᠤ ᠵᠢᠯ ᠪᠦᠷᠢ᠎ᠶᠢᠨ ᠱᠠᠩᠨᠠᠵᠤ ᠨᠥᠬᠥᠪᠦᠷᠢᠯᠡᠭᠰᠡᠨ ᠪᠡᠯᠡ ᠮᠥᠩᠭᠥ᠎ᠶᠢᠨ ᠶᠡᠷᠦᠩᠬᠡᠢ ᠲᠣᠭ᠎ᠠ᠎ᠶᠢ 200 ᠲᠦᠮᠡᠨ ᠲᠥᠭᠥᠷᠢᠭ᠎ᠡᠴᠡ ᠬᠡᠲᠦᠷᠡᠭᠦᠯᠵᠦ ᠪᠣᠯᠬᠤ ᠦᠭᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ)
ᠲᠤᠯᠤᠭ᠎ᠠ᠂ ᠬᠡᠷᠡᠭᠯᠡᠯᠲᠡ᠎ᠶᠢᠨ ᠵᠢᠱ᠌ᠢᠶ᠎ᠡ ᠦᠵᠡᠭᠦᠯᠬᠦ᠎ᠶᠢ ᠲᠦᠷᠭᠡᠳᠬᠡᠨ᠎ᠡ
《ᠳ᠋ᠠᠢᠲ᠋ᠠ᠎ᠶᠢᠨ ᠬᠦᠴᠦᠨ ᠵᠦᠢᠯ ×》᠂ 《ᠵᠣᠬᠢᠶᠠᠮᠠᠯ ᠣᠶᠤᠨ +》 ᠠᠵᠢᠯᠯᠠᠭ᠎ᠠ᠎ᠨᠢ ᠥᠷᠨᠢᠭᠦᠯᠵᠦ᠂ ᠴᠠᠬᠢᠯᠭᠠᠨ ᠬᠦᠴᠦᠨ ᠡᠨᠧᠷᠭᠢ᠂ ᠠᠵᠤ ᠦᠢᠯᠡᠳᠪᠦᠷᠢ᠎ᠶᠢᠨ ᠦᠢᠯᠡᠳᠬᠦ ᠦᠢᠯᠡᠰ᠂ ᠣᠲᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠂ ᠠᠮᠢᠳᠤ ᠪᠣᠳᠠᠰ᠎ᠤᠨ ᠡᠮ ᠡᠮᠨᠡᠯᠭᠡ᠂ ᠠᠮᠢ ᠠᠬᠤᠢ ᠣᠷᠴᠢᠨ ᠲᠣᠭᠣᠷᠢᠨ ᠵᠡᠷᠭᠡ ᠬᠦᠷᠢᠶ᠎ᠡ ᠴᠠᠷᠠᠭᠠᠨ᠎ᠳᠦ ᠪᠦᠯᠦᠭ ᠤᠳᠠᠭ᠎ᠠ ᠬᠤᠪᠢᠶᠠᠨ ᠬᠡᠷᠡᠭᠯᠡᠯᠲᠡ᠎ᠶᠢᠨ ᠠᠬᠤᠢ ᠪᠠᠢᠳᠠᠯ᠎ᠤᠨ ᠬᠡᠷᠡᠭᠴᠡᠭᠡᠨ᠎ᠦ ᠲᠣᠳᠣᠷᠬᠠᠢ ᠬᠠᠭᠤᠳᠠᠰᠤ᠎ᠶᠢ ᠨᠡᠢᠲᠡᠯᠡᠨ᠎ᠡ᠃ 2026 ᠣᠨ – 2028 ᠣᠨ ᠪᠣᠯᠲᠠᠯ᠎ᠠ ᠨᠡᠢᠲᠡ 10 ᠭᠠᠷᠤᠢ ᠠᠵᠤ ᠦᠢᠯᠡᠰ᠎ᠦᠨ ᠳ᠋ᠢᠭᠢᠲᠴᠢᠯᠠᠨ ᠣᠶᠤᠨᠴᠢᠯᠠᠬᠤ ᠲᠡᠢᠰᠢ ᠬᠡᠯᠪᠡᠷᠢ᠎ᠪᠡᠨ ᠬᠤᠪᠢᠷᠠᠭᠤᠯᠤᠭᠰᠠᠨ ᠳᠠᠭᠤᠷᠢᠶᠠᠯ ᠪᠣᠯᠬᠤ ᠠᠵᠤ ᠠᠬᠤᠢᠯᠠᠯ᠎ᠤᠨ ᠰᠢᠯᠢᠳᠡᠭ᠎ᠠᠴᠠ ᠨᠢ ᠰᠣᠩᠭᠣᠨ ᠰᠢᠯᠭᠠᠷᠠᠭᠤᠯᠵᠤ᠂ ᠠᠵᠤ ᠠᠬᠤᠢᠯᠠᠯ ᠪᠦᠷᠢ᠎ᠶᠢ ᠨᠢᠭᠡ ᠯᠡ ᠤᠳᠠᠭ᠎ᠠ᠎ᠪᠡᠷ 200 ᠲᠦᠮᠡᠨ ᠲᠥᠭᠥᠷᠢᠭ ᠱᠠᠩᠨᠠᠨ ᠨᠥᠬᠥᠪᠦᠷᠢᠯᠡᠨ᠎ᠡ᠃ ᠳ᠋ᠢᠭᠢᠲ ᠦᠢᠯᠡᠴᠢᠯᠡᠭᠡ ᠪᠠ ᠵᠠᠰᠠᠯᠲᠠ᠎ᠶᠢ ᠳᠡᠭᠡᠭᠰᠢᠯᠡᠭᠦᠯᠬᠦ ᠠᠵᠢᠯᠯᠠᠭ᠎ᠠ᠎ᠨᠢ ᠦᠷᠭᠦᠯᠵᠢᠯᠡᠨ ᠬᠡᠷᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠦᠷᠢᠶ᠎ᠡ ᠴᠠᠷᠠᠭᠠᠨ᠎ᠳᠡᠬᠢ ᠵᠣᠬᠢᠶᠠᠮᠠᠯ ᠣᠶᠣᠨ᠎ᠤ ᠮᠡᠷᠭᠡᠵᠢᠯ᠎ᠦᠨ ᠬᠡᠷᠡᠭᠯᠡᠯᠲᠡ᠎ᠶᠢ ᠡᠮᠬᠢ ᠵᠢᠷᠤᠮ᠎ᠲᠠᠢ ᠠᠬᠢᠭᠤᠯᠤᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ)
ᠨᠠᠢ᠍ᠮᠠ᠂ ᠳ᠋ᠢᠭᠢᠲ᠎ᠦᠨ ᠴᠢᠳᠠᠪᠤᠷᠢᠲᠠᠨ᠎ᠢ ᠬᠥᠲᠥᠯᠥᠨ ᠬᠥᠮᠥᠵᠢᠭᠦᠯᠬᠦ᠎ᠪᠡᠨ ᠴᠢᠩᠭᠠᠳᠬᠠᠨ᠎ᠠ
《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠦᠨ ᠮᠠᠨᠳᠤᠭᠤᠯᠬᠤ》 ᠢᠨᠵᠧᠨᠧᠷᠢᠩ ᠪᠠ ᠳ᠋ᠢᠭᠢᠲ᠎ᠦᠨ ᠴᠢᠳᠠᠪᠤᠷᠢᠲᠠᠨ᠎ᠢ ᠬᠥᠮᠥᠵᠢᠭᠦᠯᠬᠦ᠎ᠳᠤ ᠲᠦᠰᠢᠭᠯᠡᠨ ᠳ᠋ᠢᠭᠢᠲ ᠠᠵᠤ ᠠᠬᠤᠢ᠎ᠶᠢ ᠬᠥᠭᠵᠢᠭᠦᠯᠬᠦ ᠠᠵᠢᠯᠯᠠᠭᠠᠨ᠎ᠳᠤ ᠲᠤᠯᠭᠠᠭᠤᠷᠢᠯᠠᠯ ᠬᠠᠩᠭᠠᠵᠤ᠂ ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠳᠤᠲᠠᠭᠳᠠᠵᠤ ᠪᠠᠢᠭ᠎ᠠ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠢ ᠨᠢᠭᠡ ᠪᠦᠯᠦᠭ ᠣᠷᠣᠭᠤᠯᠤᠨ ᠠᠪᠴᠢᠷᠠᠨ᠎ᠠ᠃ ᠶᠡᠬᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠨᠤᠭᠤᠳ᠎ᠤᠨ ᠳ᠋ᠠᠢᠲ᠋ᠠ᠂ ᠵᠣᠬᠢᠶᠠᠮᠠᠯ ᠣᠶᠤᠨ ᠵᠡᠷᠭᠡ ᠬᠠᠮᠢᠶ᠎ᠠ ᠪᠦᠬᠦᠢ ᠰᠢᠨᠵᠢᠯᠡᠭᠡᠨ᠎ᠦ ᠲᠤᠰᠬᠠᠢ ᠮᠡᠷᠭᠡᠵᠢᠯ ᠪᠠ ᠳᠠᠳᠤᠯᠭ᠎ᠠ᠎ᠶᠢᠨ ᠰᠠᠭᠤᠷᠢᠨ ᠭᠠᠵᠠᠷ᠎ᠤᠨ ᠪᠠᠢᠭᠤᠯᠤᠯᠲᠠ᠎ᠪᠠᠨ ᠴᠢᠩᠭᠠᠳᠬᠠᠬᠤ᠎ᠶᠢ ᠨᠢ ᠵᠣᠷᠢᠭ᠍ᠵᠢᠭᠤᠯᠤᠨ᠎ᠠ᠃ ᠳ᠋ᠢᠭᠢᠲ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠲᠠᠬᠢ ᠠᠵᠤ ᠠᠬᠤᠢᠯᠠᠯ᠎ᠢ ᠳᠡᠮᠵᠢᠵᠦ ᠪᠠᠢᠭᠠᠳ ᠳ᠋ᠢᠬᠢᠲᠴᠢᠯᠡᠭᠰᠡᠨ ᠮᠡᠷᠭᠡᠵᠢᠯ᠎ᠦᠨ ᠪᠣᠯᠪᠠᠰᠤᠷᠠᠯ ᠥᠷᠨᠢᠭᠦᠯᠦᠨ᠂ ᠨᠥᠬᠥᠴᠡᠯ᠎ᠳᠦ ᠨᠡᠢᠴᠡᠭᠰᠡᠨ᠎ᠳᠦ ᠨᠢ ᠲᠣᠭᠲᠠᠭᠠᠯ ᠶᠣᠰᠣᠭᠠᠷ ᠪᠣᠯᠪᠠᠰᠤᠷᠠᠯ᠎ᠤᠨ ᠨᠡᠮᠡᠭᠦᠷᠢ ᠣᠯᠭᠣᠵᠤ᠂ ᠪᠣᠯᠪᠠᠰᠤᠷᠠᠯ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠵᠠᠰᠠᠭ᠎ᠤᠨ ᠣᠷᠳᠣᠨ᠎ᠤ ᠨᠡᠮᠡᠭᠦᠷᠢ᠎ᠶᠢᠨ ᠴᠢᠨᠠᠷᠲᠠᠢ ᠮᠡᠷᠭᠡᠵᠢᠯ᠎ᠦᠨ ᠪᠣᠯᠪᠠᠰᠤᠷᠠᠯ᠎ᠤᠨ ᠪᠡᠯᠡ ᠮᠥᠩᠭᠥᠨ᠎ᠦ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ)
ᠶᠢᠰᠦ᠂ ᠠᠵᠤ ᠦᠢᠯᠡᠰ᠎ᠤᠨ ᠬᠥᠭᠵᠢᠯᠲᠡ᠎ᠶᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ
《ᠮᠥᠩᠬᠡ ᠰᠤᠪᠠᠭ》᠎ᠲᠤ ᠳ᠋ᠠᠢᠲ᠋ᠠ ᠪᠠ ᠵᠣᠬᠢᠶᠠᠮᠠᠯ ᠣᠶᠣᠨ᠎ᠢᠶᠠᠷ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢᠨ ᠨᠢᠭᠡᠳᠦᠯᠲᠡᠢ ᠭᠤᠶᠤᠴᠢᠯᠠᠨ ᠮᠡᠳᠡᠭᠦᠯᠬᠦ ᠣᠷᠣᠴᠠ ᠲᠣᠬᠢᠷᠠᠭᠤᠯᠵᠤ᠂ ᠲᠥᠷᠥ᠎ᠶᠢᠨ ᠪᠣᠳᠣᠯᠭ᠎ᠠ᠎ᠶᠢ ᠬᠣᠣᠰ ᠱᠤᠭᠤᠮ᠎ᠢᠶᠠᠷ ᠬᠠᠢᠬᠤ᠂ ᠭᠤᠶᠤᠴᠢᠯᠠᠬᠤ᠎ᠠᠴᠠ ᠬᠡᠯᠲᠦᠷᠢᠭᠦᠯᠵᠦ ᠰᠢᠭᠤᠳ ᠬᠦᠷᠲᠡᠭᠡᠬᠦ᠂ ᠨᠠᠷᠢᠯᠢᠭ᠋ ᠣᠨᠣᠴᠠᠲᠠᠢ ᠰᠢᠭᠤᠳ ᠳᠠᠮᠵᠢᠭᠤᠯᠬᠤ ᠦᠢᠯᠡᠴᠢᠯᠡᠭᠡ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠠᠵᠤ ᠦᠢᠯᠡᠰ᠎ᠦᠨ ᠬᠥᠭᠵᠢᠯᠲᠡ᠎ᠶᠢᠨ ᠰᠠᠭᠤᠷᠢ ᠮᠥᠩᠭᠥ᠎ᠪᠡᠷ ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠦᠢᠯᠡᠰ᠎ᠢ ᠳᠡᠮᠵᠢᠨ᠎ᠡ᠃ ᠨᠥᠬᠥᠴᠡᠯ᠎ᠳᠦ ᠨᠡᠢᠴᠡᠭᠰᠡᠨ ᠳ᠋ᠢᠭᠢᠲ ᠠᠵᠤ ᠠᠬᠤᠢ ᠪᠠ ᠵᠣᠬᠢᠶᠠᠮᠠᠯ ᠣᠶᠣᠨ᠎ᠤ ᠠᠵᠤ ᠦᠢᠯᠡᠰ᠎ᠦᠨ ᠪᠦᠯᠦᠭᠵᠢᠯ᠎ᠦᠨ 《ᠬᠡᠯᠬᠢᠶᠡᠨ᠎ᠦ ᠭᠣᠣᠯᠯᠠᠭ᠍ᠴᠢ》 ᠠᠵᠤ ᠠᠬᠤᠢᠯᠠᠯ᠎ᠢ ᠰᠲ᠋ᠣᠺ᠎ᠤᠨ ᠵᠠᠬ᠎ᠠ᠎ᠳᠤ ᠭᠠᠷᠭᠠᠵᠤ ᠪᠣᠢᠵᠢᠭᠤᠯᠬᠤ ᠬᠡᠪᠴᠢᠶᠡᠨ᠎ᠳᠦ ᠣᠷᠣᠭᠤᠯᠬᠤ᠎ᠶᠢ ᠠᠬᠢᠭᠤᠯᠵᠤ᠂ 《ᠬᠡᠯᠬᠢᠶᠡᠨ᠎ᠦ ᠭᠣᠣᠯᠯᠠᠭ᠍ᠴᠢ》 ᠠᠵᠤ ᠠᠬᠤᠢᠯᠠᠯ᠎ᠢ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠵᠥᠩ ᠵᠧᠩ ᠬᠤᠷᠢᠶᠠᠬᠤ ᠶᠣᠰᠣᠲᠠᠢ ᠲᠠᠩᠰᠠᠨ ᠵᠣᠭᠣᠰ᠎ᠤᠨ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡᠨ᠎ᠦ ᠲᠠᠪᠴᠠᠩ ᠯᠤᠭ᠎ᠠ ᠰᠢᠰᠲᠧᠮ᠎ᠲᠠᠢ ᠵᠣᠯᠭᠠᠭᠤᠯᠬᠤ᠂ ᠰᠦᠯᠵᠢᠶ᠎ᠡ᠎ᠪᠡᠷ ᠡᠷᠬᠡ ᠲᠣᠳᠣᠯᠠᠨ ᠲᠣᠭᠲᠠᠭᠠᠬᠤ᠎ᠶᠢ ᠨᠢ ᠵᠣᠷᠢᠭ᠍ᠵᠢᠭᠤᠯᠵᠤ᠂ ᠬᠡᠯᠬᠢᠶᠡᠨ᠎ᠳᠡᠬᠢ ᠳᠤᠮᠳᠠ ᠵᠢᠵᠢᠭ ᠠᠵᠤ ᠠᠬᠤᠢᠯᠠᠯ᠎ᠢ ᠬᠠᠪᠰᠤᠷᠴᠤ ᠪᠠᠢᠭᠠᠳ ᠬᠥᠳᠡᠯᠬᠦ ᠬᠥᠷᠥᠩᠭᠡ᠎ᠪᠡᠨ ᠳᠠᠨᠵᠢᠯᠠᠵᠤ ᠪᠡᠯᠡ ᠲᠣᠬᠢᠷᠠᠭᠤᠯᠬᠤ᠎ᠶᠢ ᠪᠡᠶᠡᠯᠡᠭᠦᠯᠦᠨ᠎ᠡ᠃ ᠳ᠋ᠠᠢᠲ᠋ᠠ ᠪᠠ ᠵᠣᠬᠢᠶᠠᠮᠠᠯ ᠣᠶᠣᠨ᠎ᠤ ᠠᠵᠤ ᠠᠬᠤᠢᠯᠠᠯ᠎ᠤᠨ ᠳ᠋ᠠᠢᠲ᠋ᠠ᠎ᠶᠢᠨ ᠡᠳ᠋ ᠬᠥᠷᠥᠩᠭᠡ᠂ ᠮᠡᠳᠡᠯᠭᠡ᠎ᠶᠢᠨ ᠥᠮᠴᠢᠯᠡᠯ᠎ᠦᠨ ᠡᠷᠬᠡ ᠵᠡᠷᠭᠡ᠎ᠳᠦ᠎ᠪᠡᠨ ᠲᠦᠰᠢᠭᠯᠡᠨ ᠣᠯᠠᠨ ᠵᠠᠮ ᠮᠥᠷ᠎ᠢᠶᠠᠷ ᠪᠡᠯᠡ ᠲᠣᠬᠢᠷᠠᠭᠤᠯᠬᠤ᠎ᠶᠢ ᠨᠢ ᠳᠡᠮᠵᠢᠨ᠎ᠡ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠦ ᠠᠵᠢᠯ᠎ᠤᠨ ᠠᠯᠪᠠᠨ ᠭᠡᠷ᠂ ᠥᠪᠥᠷ ᠮᠣᠩᠭᠣᠯ᠎ᠤᠨ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ)
ᠳᠡᠭᠡᠷᠡᠬᠢ ᠲᠥᠷᠥ᠎ᠶᠢᠨ ᠪᠣᠳᠣᠯᠭ᠎ᠠ᠎ᠶᠢ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ 3 ᠵᠢᠯ ᠪᠠᠢᠵᠤ᠂ ᠬᠡᠷᠡᠭᠵᠢᠭᠦᠯᠵᠦ ᠪᠠᠢᠭ᠎ᠠ ᠬᠤᠭᠤᠴᠠᠭᠠᠨ᠎ᠳᠤ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ᠎ᠳᠦ ᠲᠣᠬᠢᠶᠠᠯᠳᠤᠪᠠᠯ᠂ ᠵᠣᠬᠢᠬᠤ ᠲᠣᠬᠢᠷᠠᠭᠤᠯᠤᠯᠲᠠ ᠬᠢᠵᠦ ᠪᠣᠯᠣᠨ᠎ᠠ᠃