ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔2025〕 112 ᠳ᠋ᠤᠭᠠᠷ ᠲᠣᠭᠠᠲᠤ
ᠪᠥᠬᠥ ᠣᠷᠣᠨ᠎ᠤ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠠᠵᠢᠯ᠎ᠢ ᠰᠠᠢᠲᠤᠷ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄
《ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢ ᠥᠷᠨᠢᠭᠦᠯᠬᠦ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠮᠡᠳᠡᠭᠳᠡᠯ》 (ᠲᠥᠷᠥ ᠲᠠᠷᠬᠠᠭᠠᠭᠰᠠᠨ 〔2025〕 9 ᠳ᠋ᠦ᠍ᠭᠡᠷ ᠲᠣᠭᠠᠲᠤ)᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠪᠥᠬᠥ ᠣᠷᠣᠨ᠎ᠤ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠠᠵᠢᠯ᠎ᠢ ᠪᠥᠬᠥ ᠬᠦᠴᠦᠨ᠎ᠢᠶᠡᠷ᠎ᠢᠶᠠᠨ ᠰᠠᠢᠲᠤᠷ ᠬᠢᠬᠦ᠎ᠶᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠨᠡᠢᠳᠡᠮ ᠪᠠᠢᠴᠠᠭᠠᠭᠳᠠᠭ᠍ᠴᠢ᠂ ᠠᠵᠢᠯ ᠲᠥᠷᠥᠯ᠎ᠤᠨ ᠬᠡᠪᠴᠢᠶ᠎ᠡ᠂ ᠠᠭᠤᠯᠭ᠎ᠠ ᠪᠠ ᠴᠠᠭ ᠬᠤᠭᠤᠴᠠᠭ᠎ᠠ
(ᠨᠢᠭᠡ) ᠨᠡᠢᠳᠡᠮ ᠪᠠᠢᠴᠠᠭᠠᠭᠳᠠᠭ᠍ᠴᠢ᠃ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠬᠠᠮᠢᠶ᠎ᠠ ᠪᠦᠬᠦᠢ ᠬᠤᠪᠢ ᠬᠥᠮᠥᠨ ᠪᠠ ᠨᠢᠭᠡᠴᠢ᠂ ᠡᠭᠦᠨ᠎ᠳᠦ ᠭᠣᠣᠯᠳᠠᠭᠤ ᠲᠠᠷᠢᠶᠠᠯᠠᠬᠤ ᠮᠠᠯᠵᠢᠬᠤ ᠣᠷᠣᠨ᠎ᠤ ᠰᠠᠭᠤᠭᠠᠯᠢ ᠡᠷᠥᠭᠡ (ᠲᠠᠷᠢᠶᠠᠯᠠᠬᠤ ᠮᠠᠯᠵᠢᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠡᠷᠥᠭᠡ ᠪᠠ ᠪᠤᠰᠤᠳ ᠰᠠᠭᠤᠭᠠᠯᠢ ᠡᠷᠥᠭᠡ ᠪᠠᠭᠲᠠᠨ᠎ᠠ)᠂ ᠬᠣᠲᠠ ᠪᠠᠯᠭᠠᠰᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠡᠷᠥᠭᠡ᠂ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠂ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ ᠪᠠᠭᠲᠠᠨ᠎ᠠ᠃
(ᠬᠣᠶᠠᠷ) ᠨᠡᠢᠳᠡᠮ ᠪᠠᠢᠴᠠᠭᠠᠬᠤ ᠠᠵᠢᠯ ᠲᠥᠷᠥᠯ᠎ᠤᠨ ᠬᠡᠪᠴᠢᠶ᠎ᠡ᠃ ᠲᠠᠷᠢᠶᠠᠯᠠᠩ᠎ᠤᠨ ᠲᠠᠷᠢᠮᠠᠯ᠎ᠤᠨ ᠦᠢᠯᠡᠰ᠂ ᠤᠢ ᠰᠢᠭᠤᠢ᠎ᠶᠢᠨ ᠠᠵᠤ ᠠᠬᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠪᠠ ᠲᠠᠷᠢᠶᠠᠯᠠᠩ ᠤᠢ ᠰᠢᠭᠤᠢ ᠮᠠᠯ ᠵᠢᠭᠠᠰᠤᠨ ᠠᠵᠤ ᠠᠬᠤᠢ᠎ᠶᠢᠨ ᠦᠢᠯᠡᠴᠢᠯᠡᠭᠡᠨ᠎ᠦ ᠦᠢᠯᠡᠰ ᠵᠡᠷᠭᠡ ᠠᠵᠢᠯ ᠲᠦᠷᠦᠯ᠃
(ᠭᠤᠷᠪᠠ) ᠨᠡᠢᠳᠡᠮ ᠪᠠᠢᠴᠠᠭᠠᠯᠲᠠ᠎ᠶᠢᠨ ᠠᠭᠤᠯᠭ᠎ᠠ᠃ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠨᠥᠬᠥᠴᠡᠯ᠂ ᠠᠮᠤ ᠪᠤᠳᠠᠭ᠎ᠠ ᠪᠠ ᠬᠠᠮ ᠢᠳᠡᠭᠡᠨ᠎ᠦ ᠦᠢᠯᠡᠳᠪᠦᠷᠢᠯᠡᠯ᠎ᠦᠨ ᠪᠠᠢᠳᠠᠯ᠂ ᠲᠠᠷᠢᠶᠠᠯᠠᠩ ᠮᠠᠯ ᠠᠵᠤ ᠠᠬᠤᠢ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠪᠠᠢᠳᠠᠯ᠂ ᠬᠥᠳᠡᠭᠡ ᠲᠣᠰᠬᠣᠨ᠎ᠤ ᠬᠥᠭᠵᠢᠯᠲᠡ᠎ᠶᠢᠨ ᠦᠨᠳᠦᠰᠦᠨ ᠪᠠᠢᠳᠠᠯ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠭᠠᠯᠢ ᠠᠷᠠᠳ᠎ᠤᠨ ᠠᠮᠢᠳᠤᠷᠠᠯ᠎ᠤᠨ ᠪᠠᠢᠳᠠᠯ ᠵᠡᠷᠭᠡ᠃
(ᠳᠥᠷᠪᠡ) ᠨᠡᠢᠳᠡᠮ ᠪᠠᠢᠴᠠᠭᠠᠯᠲᠠ᠎ᠶᠢᠨ ᠴᠠᠭ᠃ ᠨᠡᠢᠳᠡᠮ ᠪᠠᠢᠴᠠᠭᠠᠯᠲᠠ᠎ᠶᠢᠨ ᠪᠠᠷᠢᠮᠵᠢᠶ᠎ᠠ ᠪᠣᠯᠭᠠᠬᠤ ᠴᠠᠭ ᠨᠢ 2026 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ᠎ᠦᠨ 24 ᠴᠠᠭ ᠪᠠᠢᠵᠤ᠂ ᠨᠡᠢᠳᠡᠮ ᠪᠠᠢᠴᠠᠭᠠᠯᠲᠠ᠎ᠶᠢᠨ ᠬᠤᠭᠤᠴᠠᠭᠠᠨ᠎ᠤ ᠮᠠᠲᠧᠷᠢᠶᠠᠯ ᠨᠢ 2026 ᠣᠨᠳᠡᠬᠢ ᠣᠨ᠎ᠤ ᠮᠠᠲᠧᠷᠢᠶᠠᠯ ᠪᠣᠯᠣᠨ᠎ᠠ᠃
ᠬᠣᠶᠠᠷ᠂ ᠵᠣᠬᠢᠶᠠᠨ ᠪᠠᠢᠭᠤᠯᠵᠤ ᠬᠡᠷᠡᠭᠵᠢᠭᠦᠯᠬᠦ
ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ (ᠳᠣᠷᠣᠭ᠍ᠰᠢ ᠤᠳᠤᠷᠢᠳᠬᠤ ᠳᠤᠭᠤᠢᠯᠠᠩ ᠭᠡᠵᠦ ᠲᠣᠪᠴᠢᠯᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ ᠪᠣᠯᠭᠠᠬᠤ ᠦᠭᠡᠢ᠂ ᠨᠡᠢᠳᠡᠮ ᠪᠠᠢᠴᠠᠭᠠᠯᠲᠠ᠎ᠶᠢᠨ ᠡᠭᠦᠷᠭᠡ᠎ᠪᠠᠨ ᠪᠡᠶᠡᠯᠡᠭᠦᠯᠦᠭᠰᠡᠨ᠎ᠤ ᠲᠠᠷᠠᠭ᠎ᠠ ᠠᠶᠠᠨ᠎ᠳᠠᠭᠠᠨ ᠬᠦᠴᠦᠨ ᠦᠭᠡᠢ ᠪᠣᠯᠣᠨ᠎ᠠ)᠎ᠢ ᠪᠠᠢᠭᠤᠯᠵᠤ᠂ ᠪᠥᠬᠥ ᠣᠷᠣᠨ᠎ᠤ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠠᠵᠢᠯ᠎ᠢ ᠬᠠᠷᠢᠭᠤᠴᠠᠨ ᠵᠣᠬᠢᠶᠠᠨ ᠪᠠᠢᠭᠤᠯᠵᠤ᠂ ᠨᠡᠢᠳᠡᠮ ᠪᠠᠢᠴᠠᠭᠠᠯᠲᠠ᠎ᠶᠢᠨ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ᠃ ᠤᠳᠤᠷᠢᠳᠬᠤ ᠳᠤᠭᠤᠢᠯᠠᠩ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠲᠣᠬᠢᠷᠠᠭᠤᠯᠵᠤ᠂ ᠪᠥᠬᠥ ᠣᠷᠣᠨ᠎ᠤ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠶᠡᠷᠦᠩᠬᠡᠢᠯᠡᠨ ᠵᠣᠬᠢᠴᠠᠭᠤᠯᠬᠤ ᠪᠠ ᠪᠣᠳᠠᠲᠠᠢ ᠬᠡᠷᠡᠭᠵᠢᠭᠦᠯᠬᠦ ᠠᠵᠢᠯ᠎ᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠢᠯᠠᠩ᠎ᠤᠨ ᠡᠯ᠎ᠡ ᠪᠦᠷᠢᠯᠳᠦᠭᠦᠨ ᠨᠢᠭᠡᠴᠢ᠎ᠨᠦᠭᠦᠳ ᠲᠤᠰ ᠲᠤᠰ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠨ᠂ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠦᠴᠦ᠎ᠪᠡᠨ ᠬᠠᠮᠲᠤᠳᠬᠠᠨ ᠬᠠᠪᠰᠤᠷᠤᠯᠴᠠᠵᠤ᠂ ᠨᠢᠭ᠍ᠲᠠ ᠬᠠᠮᠵᠢᠯᠴᠠᠨ᠂ ᠮᠡᠳᠡᠭᠡ ᠵᠠᠩᠭᠢ᠎ᠶᠢ ᠬᠠᠮᠲᠤ᠎ᠪᠠᠷ ᠬᠦᠷᠲᠡᠵᠦ᠂ ᠨᠡᠢᠳᠡᠮ ᠪᠠᠢᠴᠠᠭᠠᠯᠲᠠ᠎ᠶᠢᠨ ᠡᠯ᠎ᠡ ᠵᠦᠢᠯ᠎ᠤᠨ ᠠᠵᠢᠯ᠎ᠢ ᠬᠦᠴᠦ᠎ᠪᠡᠨ ᠬᠠᠮᠲᠤᠳᠬᠠᠨ ᠰᠠᠢᠲᠤᠷ ᠬᠢᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠨᠡᠢᠳᠡᠮ ᠪᠠᠢᠴᠠᠭᠠᠯᠲᠠ᠎ᠶᠢᠨ ᠵᠠᠷᠤᠳᠠᠯ᠂ ᠤᠬᠠᠭᠤᠯᠤᠨ ᠳᠠᠢᠴᠢᠯᠠᠬᠤ᠂ ᠠᠯᠤᠰ ᠰᠡᠷᠡᠯ᠎ᠦᠨ ᠬᠡᠮᠵᠢᠯᠲᠡ ᠵᠡᠷᠭᠡ ᠲᠠᠯ᠎ᠠ᠎ᠶᠢᠨ ᠪᠠᠲᠤᠯᠠᠬᠤ ᠪᠠ ᠵᠣᠬᠢᠴᠠᠭᠤᠯᠬᠤ ᠠᠵᠢᠯ᠎ᠢ ᠦᠨᠡᠨ ᠬᠦ᠌ ᠰᠠᠢᠲᠤᠷ ᠬᠢᠵᠦ᠂ ᠨᠡᠢᠳᠡᠮ ᠪᠠᠢᠴᠠᠭᠠᠯᠲᠠ᠎ᠳᠤ ᠬᠡᠷᠡᠭᠰᠡᠬᠦ ᠵᠠᠰᠠᠭ ᠵᠠᠬᠢᠷᠭᠠᠨ᠎ᠤ ᠲᠡᠮᠳᠡᠭᠯᠡᠯ᠂ ᠳᠠᠭᠠᠭᠤᠯᠢ ᠣᠳᠣᠨ᠎ᠤ ᠠᠯᠤᠰ ᠰᠡᠷᠡᠯ᠎ᠦᠨ ᠵᠢᠷᠤᠭ ᠳᠦᠷᠰᠦ᠂ ᠵᠠᠰᠠᠭ ᠵᠠᠬᠢᠷᠭᠠᠨ᠎ᠤ ᠵᠠᠭᠠᠭ ᠬᠢᠵᠠᠭᠠᠷ ᠪᠠ ᠪᠤᠰᠤᠳ ᠳ᠋ᠠᠢᠲ᠋ᠠ᠎ᠶᠢᠨ ᠮᠡᠳᠡᠭᠡ ᠵᠠᠩᠭᠢ ᠵᠡᠷᠭᠡ᠎ᠶᠢ ᠲᠣᠭᠲᠠᠭᠠᠯ ᠶᠣᠰᠣᠭᠠᠷ ᠴᠠᠭ ᠲᠤᠬᠠᠢ᠎ᠳᠤ ᠨᠢ ᠬᠠᠩᠭᠠᠬᠤ ᠬᠡᠷᠡᠭᠲᠡᠢ᠃
ᠡᠯ᠎ᠡ ᠠᠢᠮᠠᠭ᠎ᠤᠨ ᠵᠠᠬᠢᠷᠭ᠎ᠠ᠂ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠤᠳᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ ᠨᠢ 《ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠳᠦᠷᠢᠮ》᠎ᠤᠨ ᠲᠣᠭᠲᠠᠭᠠᠯ ᠶᠣᠰᠣᠭᠠᠷ᠂ ᠲᠤᠰ ᠭᠠᠵᠠᠷ ᠣᠷᠣᠨ᠎ᠤ᠎ᠪᠠᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠵᠣᠬᠢᠶᠠᠨ ᠪᠠᠢᠭᠤᠯᠵᠤ ᠤᠳᠤᠷᠢᠳᠬᠤ ᠪᠠᠢᠭᠤᠯᠤᠮᠵᠢ᠎ᠪᠡᠨ ᠪᠠᠢᠭᠤᠯᠤᠨ ᠪᠦᠷᠢᠨᠰᠢᠭᠦᠯᠵᠦ᠂ ᠲᠤᠰ ᠭᠠᠵᠠᠷ ᠣᠷᠣᠨ᠎ᠤ᠎ᠪᠠᠨ ᠨᠡᠢᠳᠡᠮ ᠪᠠᠢᠴᠠᠭᠠᠯᠲᠠ᠎ᠶᠢ ᠬᠡᠷᠡᠭᠵᠢᠭᠦᠯᠬᠦ ᠠᠵᠢᠯ᠎ᠢᠶᠠᠨ ᠬᠢᠨᠠᠮᠠᠭᠠᠢ ᠰᠠᠢᠲᠤᠷ ᠵᠣᠬᠢᠶᠠᠨ ᠪᠠᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢᠭᠠᠳ ᠨᠡᠢᠳᠡᠮ ᠪᠠᠢᠴᠠᠭᠠᠯᠲᠠ᠎ᠶᠢᠨ ᠠᠵᠢᠯ᠎ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠢ᠎ᠳᠤ ᠨᠢ ᠰᠢᠢᠳᠪᠦᠷᠢᠯᠡᠬᠦ ᠬᠡᠷᠡᠭᠲᠡᠢ᠃ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ) ᠪᠠ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ (ᠰᠠᠭᠤᠭᠠᠯᠢ ᠠᠷᠠᠳ᠎ᠤᠨ ᠵᠥᠪᠯᠡᠯ)᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠨᠡᠢᠭᠡᠮ᠎ᠤᠨ ᠬᠦᠴᠦᠨ᠎ᠢ ᠥᠷᠭᠡᠨ᠎ᠢᠶᠡᠷ ᠳᠠᠢᠴᠢᠯᠠᠬᠤ ᠪᠠ ᠵᠣᠬᠢᠶᠠᠨ ᠪᠠᠢᠭᠤᠯᠵᠤ ᠪᠠᠢᠭᠠᠳ ᠨᠡᠢᠳᠡᠮ ᠪᠠᠢᠴᠠᠭᠠᠯᠲᠠ᠎ᠶᠢᠨ ᠠᠵᠢᠯ᠎ᠳᠤ ᠢᠳᠡᠪᠬᠢᠲᠡᠢ ᠣᠷᠤᠯᠴᠠᠭᠤᠯᠬᠤ ᠪᠠ ᠬᠠᠮᠵᠢᠯᠴᠠᠭᠤᠯᠵᠤ ᠰᠠᠢᠲᠤᠷ ᠬᠢᠬᠦ ᠬᠡᠷᠡᠭᠲᠡᠢ᠃
ᠭᠤᠷᠪᠠ᠂ ᠵᠠᠷᠤᠳᠠᠯ᠎ᠤᠨ ᠪᠠᠲᠤᠯᠠᠭ᠎ᠠ
ᠪᠥᠬᠥ ᠣᠷᠣᠨ᠎ᠤ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠳᠤ ᠬᠡᠷᠡᠭᠰᠡᠬᠦ ᠵᠠᠷᠤᠳᠠᠯ᠎ᠢ ᠣᠲᠣ᠌᠎ᠶᠢᠨ ᠬᠡᠷᠡᠭᠵᠢᠭᠦᠯᠵᠦ ᠪᠠᠢᠭ᠎ᠠ ᠵᠠᠷᠤᠳᠠᠯ᠎ᠤᠨ ᠠᠷᠭ᠎ᠠ ᠵᠠᠮ᠎ᠢᠶᠠᠷ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ᠎ᠪᠠᠷ ᠡᠭᠦᠷᠭᠡᠯᠡᠵᠦ᠂ ᠵᠣᠬᠢᠬᠤ ᠣᠨ᠎ᠤ ᠡᠳ᠋᠎ᠦᠨ ᠵᠠᠰᠠᠭ᠎ᠤᠨ ᠲᠥᠰᠥᠪ᠎ᠲᠦ ᠵᠢᠭ᠍ᠰᠠᠭᠠᠨ ᠣᠷᠣᠭᠤᠯᠵᠤ᠂ ᠴᠠᠭ ᠲᠤᠬᠠᠢ᠎ᠳᠤ ᠨᠢ ᠰᠠᠯᠭᠠᠨ ᠥᠭᠬᠦ᠂ ᠭᠦᠢᠴᠡᠳ ᠲᠣᠭ᠎ᠠ᠎ᠪᠠᠷ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠠᠢᠮᠠᠭ ᠬᠤᠳᠠ ᠨᠢ ᠲᠤᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠬᠣᠰᠢᠭᠤ ᠰᠢᠶᠠᠨ (ᠬᠤᠳᠠ᠂ ᠲᠣᠭᠣᠷᠢᠭ᠋) ᠢᠯᠠᠩᠭᠤᠶ᠎ᠠ ᠡᠳ᠋᠎ᠤᠨ ᠵᠠᠰᠠᠭ ᠨᠢ ᠬᠦᠴᠢᠷᠳᠡᠯᠲᠡᠢ ᠬᠣᠰᠢᠭᠤ ᠰᠢᠶᠠᠨ (ᠬᠤᠳᠠ᠂ ᠲᠣᠭᠣᠷᠢᠭ᠋)᠎ᠤ ᠨᠡᠢᠳᠡᠮ ᠪᠠᠢᠴᠠᠭᠠᠯᠲᠠ᠎ᠶᠢᠨ ᠵᠠᠷᠤᠳᠠᠯ᠎ᠢ ᠰᠢᠮᠳᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠬᠢᠵᠦ᠂ ᠡᠳ᠋᠎ᠤᠨ ᠵᠠᠰᠠᠭ᠎ᠤᠨ ᠲᠥᠰᠥᠪ᠎ᠢ ᠨᠠᠢᠳᠠᠪᠤᠷᠢᠵᠢᠭᠤᠯᠤᠭᠰᠠᠨ ᠦᠭᠡᠢ᠎ᠡᠴᠡ ᠪᠣᠯᠵᠤ ᠨᠡᠢᠳᠡᠮ ᠪᠠᠢᠴᠠᠭᠠᠯᠲᠠ᠎ᠶᠢᠨ ᠠᠵᠢᠯ᠎ᠢ ᠨᠥᠯᠥᠭᠡᠯᠡᠭᠰᠡᠨ ᠪᠠᠢᠳᠠᠯ ᠡᠭᠦᠰᠬᠦ᠎ᠶᠢ ᠡᠷᠡᠰ ᠬᠣᠷᠢᠭ᠍ᠯᠠᠬᠤ ᠬᠡᠷᠡᠭᠲᠡᠢ᠃ ᠨᠡᠢᠳᠡᠮ ᠪᠠᠢᠴᠠᠭᠠᠯᠲᠠ᠎ᠶᠢᠨ ᠵᠠᠷᠤᠳᠠᠯ᠎ᠤᠨ ᠬᠠᠮᠢᠶᠠᠷᠤᠯᠲᠠ᠎ᠶᠢ ᠴᠢᠩᠭᠠᠳᠬᠠᠨ᠂ ᠲᠤᠰᠬᠠᠢ ᠵᠣᠭᠣᠰ᠎ᠢ ᠲᠤᠰᠬᠠᠢ ᠵᠦᠢᠯ᠎ᠳᠤ ᠬᠡᠷᠡᠭᠯᠡᠵᠦ᠂ ᠠᠷᠪᠢᠯᠠᠨ ᠭᠠᠮᠨᠠᠵᠤ᠂ ᠨᠡᠢᠳᠡᠮ ᠪᠠᠢᠴᠠᠭᠠᠯᠲᠠ᠎ᠶᠢᠨ ᠵᠠᠷᠤᠳᠠᠯ᠎ᠤᠨ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃
ᠳᠥᠷᠪᠡ᠂ ᠠᠵᠢᠯ᠎ᠤᠨ ᠱᠠᠭᠠᠷᠳᠠᠯᠭ᠎ᠠ
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠡᠷ ᠠᠵᠢᠯ᠎ᠤᠨ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠲᠥᠷᠥ ᠲᠠᠷᠬᠠᠭᠠᠭᠰᠠᠨ 〔2025〕 9 ᠳ᠋ᠦ᠍ᠭᠡᠷ ᠲᠣᠭᠠᠲᠤ ᠪᠢᠴᠢᠭ ᠮᠠᠲᠧᠷᠢᠶᠠᠯ (ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠫᠤᠷᠲᠸᠯ ᠰᠦᠯᠵᠢᠶ᠎ᠡ᠎ᠠᠴᠠ ᠪᠠᠭᠤᠯᠭᠠᠵᠤ ᠪᠣᠯᠣᠨ᠎ᠠ)᠎ᠤᠨ ᠵᠣᠷᠢᠭ᠋ ᠰᠠᠨᠠᠭ᠎ᠠ ᠪᠠ ᠱᠠᠭᠠᠷᠳᠠᠯᠭ᠎ᠠ᠎ᠶᠢ ᠬᠢᠨᠠᠮᠠᠭᠠᠢ ᠰᠤᠷᠤᠯᠴᠠᠨ ᠤᠬᠠᠵᠤ᠂ ᠨᠡᠢᠳᠡᠮ ᠪᠠᠢᠴᠠᠭᠠᠯᠲᠠ᠎ᠶᠢᠨ ᠪᠠᠢᠭᠤᠯᠤᠮᠵᠢ᠎ᠶᠢ ᠵᠣᠬᠢᠶᠠᠨ ᠪᠠᠢᠭᠤᠯᠬᠤ᠂ ᠵᠠᠷᠤᠳᠠᠯ᠎ᠤᠨ ᠲᠥᠰᠥᠪ᠎ᠢ ᠨᠠᠢᠷᠠᠭᠤᠯᠤᠨ ᠵᠣᠬᠢᠶᠠᠬᠤ᠂ ᠨᠡᠢᠳᠡᠮ ᠪᠠᠢᠴᠠᠭᠠᠯᠲᠠ᠎ᠶᠢᠨ ᠡᠩᠨᠡᠭᠡ᠎ᠶᠢ ᠵᠣᠬᠢᠶᠠᠨ ᠪᠠᠢ᠍ᠢᠭᠤᠯᠬᠤ᠂ ᠰᠠᠯᠠᠭ᠎ᠠ ᠮᠥᠴᠢᠷ᠎ᠦᠨ ᠨᠡᠪᠲᠡᠷᠡᠯᠴᠡᠨ ᠬᠠᠮᠵᠢᠯᠴᠠᠬᠤ ᠵᠡᠷᠭᠡ ᠲᠠᠯ᠎ᠠ᠎ᠶᠢᠨ ᠪᠡᠯᠡᠳᠬᠡᠯ ᠠᠵᠢᠯ᠎ᠢ ᠤᠷᠢᠳᠴᠢᠯᠠᠨ ᠰᠠᠢᠲᠤᠷ ᠬᠢᠵᠦ᠂ ᠨᠡᠢᠳᠡᠮ ᠪᠠᠢᠴᠠᠭᠠᠯᠲᠠ᠎ᠶᠢᠨ ᠠᠵᠢᠯ᠎ᠤᠨ ᠲᠣᠭᠲᠠᠭᠰᠠᠨ ᠬᠤᠭᠤᠴᠠᠭᠠᠨ᠎ᠳᠤ ᠤᠷᠤᠭᠰᠢᠲᠠᠢ ᠶᠠᠪᠤᠭᠳᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠡᠢᠳᠡᠮ ᠪᠠᠢᠴᠠᠭᠠᠯᠲᠠ᠎ᠶᠢᠨ ᠳᠡᠩᠰᠡᠯᠡᠨ ᠲᠡᠮᠳᠡᠭᠯᠡᠬᠦ ᠠᠵᠢᠯ᠎ᠢ ᠦᠨᠡᠨ᠎ᠢ ᠪᠠᠷᠢᠮᠲᠠᠯᠠᠨ ᠥᠷᠨᠢᠭᠦᠯᠵᠦ᠂ ᠨᠡᠢᠳᠡᠮ ᠪᠠᠢᠴᠠᠭᠠᠯᠲᠠ᠎ᠶᠢᠨ ᠲᠥᠰᠥᠯ᠎ᠢ ᠴᠢᠩᠭ᠎ᠠ ᠬᠡᠷᠡᠭᠵᠢᠭᠦᠯᠦᠨ᠂ ᠨᠡᠢᠳᠡᠮ ᠪᠠᠢᠴᠠᠭᠠᠯᠲᠠ᠎ᠶᠢᠨ ᠵᠢᠯᠣᠭᠣᠳᠤᠯᠭ᠎ᠠ ᠪᠣᠯᠪᠠᠰᠤᠷᠠᠯ᠎ᠢ ᠴᠢᠩᠭᠠᠳᠬᠠᠵᠤ᠂ ᠳ᠋ᠠᠢᠲ᠋ᠠ᠎ᠶᠢᠨ ᠶᠠᠰᠤ ᠴᠢᠨᠠᠷ᠎ᠢ ᠬᠢᠨᠠᠨ ᠬᠠᠷᠭᠤᠭᠤᠯᠬᠤ᠎ᠪᠡᠨ ᠴᠢᠩᠭᠠᠷᠠᠭᠤᠯᠵᠤ᠂ ᠲᠣᠭ᠎ᠠ ᠪᠦᠷᠢᠳᠬᠡᠯ᠎ᠢ ᠬᠠᠭᠤᠷᠮᠠᠭ᠎ᠢᠶᠠᠷ ᠵᠣᠬᠢᠶᠠᠬᠤ ᠦᠢᠯᠡ ᠠᠵᠢᠯᠯᠠᠭ᠎ᠠ᠎ᠶᠢ ᠡᠷᠡᠰ ᠬᠣᠷᠢᠭ᠍ᠯᠠᠵᠤ᠂ ᠨᠡᠢᠳᠡᠮ ᠪᠠᠢᠴᠠᠭᠠᠯᠲᠠ᠎ᠶᠢᠨ ᠳ᠋ᠠᠢᠲ᠋ᠠ᠎ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠡᠢᠳᠡᠮ ᠪᠠᠢᠴᠠᠭᠠᠯᠲᠠ᠎ᠶᠢᠨ ᠤᠬᠠᠭᠤᠯᠭ᠎ᠠ᠎ᠶᠢ ᠬᠢᠨᠠᠮᠠᠭᠠᠢ ᠰᠠᠢᠲᠤᠷ ᠬᠢᠵᠦ᠂ ᠨᠡᠢᠭᠡᠮ᠎ᠤᠨ ᠡᠯ᠎ᠡ ᠡᠲᠡᠭᠡᠳ᠎ᠤᠨ ᠬᠢᠨᠢ ᠬᠥᠲᠥᠯᠥᠨ ᠵᠢᠯᠤᠭᠣᠳᠴᠤ ᠪᠠᠢᠭᠠᠳ ᠢᠳᠡᠪᠬᠢᠲᠡᠢ ᠣᠷᠣᠯᠴᠠᠭᠤᠯᠤᠨ᠂ ᠨᠡᠢᠳᠡᠮ ᠪᠠᠢᠴᠠᠭᠠᠯᠲᠠ᠎ᠶᠢᠨ ᠠᠵᠢᠯ᠎ᠤᠨ ᠤᠷᠤᠭᠰᠢᠲᠠᠢ ᠶᠠᠪᠤᠭᠳᠠᠬᠤ᠎ᠳᠤ ᠰᠠᠢᠨ ᠰᠠᠢᠬᠠᠨ ᠣᠷᠴᠢᠨ ᠠᠬᠤᠢ᠎ᠶᠢ ᠪᠤᠢ ᠪᠣᠯᠭᠠᠬᠤ ᠬᠡᠷᠡᠭᠲᠡᠢ᠃
ᠳᠠᠭᠠᠯᠳᠤᠭᠤᠯᠤᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠎ᠤ ᠨᠡᠷᠡᠰ
2025 ᠣᠨ᠎ᠤ 7 ᠳ᠋ᠤᠭᠠᠷ ᠰᠠᠷ᠎ᠠ᠎ᠶᠢᠨ 7᠎ᠤ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠳᠠᠭᠠᠯᠳᠤᠭᠤᠯᠤᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ
ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠎ᠤ ᠨᠡᠷᠡᠰ
ᠳᠤᠭᠤᠢᠯᠠᠩ᠎ᠤᠨ ᠳᠠᠷᠤᠭ᠎ᠠ ᠄ ᠳᠠᠢᠴᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ
ᠳᠤᠭᠤᠢᠯᠠᠩ᠎ᠤᠨ ᠳᠡᠳ᠋ ᠳᠠᠷᠤᠭ᠎ᠠ ᠄ ᠦ᠋ ᠰᠢᠶᠠᠩ ᠯᠢᠶᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠦᠨ ᠳᠠᠷᠤᠭ᠎ᠠ
ᠵᠠᠩ ᠫᠧᠩ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶᠠᠨ᠎ᠤ ᠲᠣᠪᠴᠢᠶᠠᠨ ᠳᠠᠷᠤᠭ᠎ᠠ
ᠮᠠ ᠬᠣᠩ ᠵᠢᠶᠦ᠋ᠨ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶᠠᠨ᠎ᠤ ᠥᠪᠥᠷ ᠮᠣᠩᠭᠣᠯ᠎ᠤᠨ ᠪᠠᠢᠴᠠᠭᠠᠯᠲᠠ᠎ᠶᠢᠨ ᠶᠡᠷᠦᠩᠬᠡᠢ ᠳᠤᠭᠤᠢᠯᠠᠩ᠎ᠤᠨ ᠶᠡᠷᠦᠩᠬᠡᠢ ᠳᠠᠷᠤᠭ᠎ᠠ
ᠵᠠᠩ ᠯᠧᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ
ᠸᠠᠩ ᠯᠢᠩ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠳᠡᠳ᠋ ᠳᠠᠷᠤᠭ᠎ᠠ
ᠬᠠᠢᠱᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠦᠨ ᠳᠡᠳ᠋ ᠳᠠᠷᠤᠭ᠎ᠠ
ᠪᠦᠷᠢᠯᠳᠦᠭᠦᠨ᠄ ᠸᠠᠩ ᠶᠢᠩ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ
ᠳᠦ ᠫᠧᠢ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠎ᠦᠨ ᠳᠡᠳ᠋ ᠡᠷᠬᠢᠯᠡᠭᠴᠢ᠂ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ
ᠬᠤᠸᠠᠩ ᠲᠢᠩ ᠪᠧᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠴᠡᠷᠢᠭ ᠠᠷᠠᠳ᠎ᠤᠨ ᠠᠭᠤᠰᠤᠯᠴᠠᠯ᠎ᠤᠨ ᠠᠯᠪᠠᠨ ᠭᠡᠷ᠎ᠦᠨ ᠳᠡᠳ᠋ ᠡᠷᠬᠢᠯᠡᠭᠴᠢ
ᠵᠣᠣ ᠵᠢᠶᠠᠨ ᠨᠠᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ
ᠯᠢᠦ ᠴᠧᠩ ᠮᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠳᠡᠳ᠋ ᠳᠠᠷᠤᠭ᠎ᠠ
ᠸᠠᠩ ᠫᠢᠩ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠳᠡᠳ᠋ ᠳᠠᠷᠤᠭ᠎ᠠ
ᠯᠢ ᠸᠸᠨ ᠭᠠᠩ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠳᠡᠳ᠋ ᠳᠠᠷᠤᠭ᠎ᠠ
ᠸᠠᠩ ᠲᠤᠤ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠦᠨ ᠳᠡᠳ᠋ ᠳᠠᠷᠤᠭ᠎ᠠ
ᠫᠧᠩ ᠶᠠ ᠯᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠳᠡᠳ᠋ ᠳᠠᠷᠤᠭ᠎ᠠ
ᠯᠢ ᠳ᠋ᠦᠩ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶᠠᠨ᠎ᠤ ᠳᠡᠳ᠋ ᠳᠠᠷᠤᠭ᠎ᠠ
ᠯᠢᠦ ᠵᠥᠩ ᠸᠸᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶᠠᠨ᠎ᠤ ᠳᠡᠳ᠋ ᠳᠠᠷᠤᠭ᠎ᠠ
ᠸᠠᠩ ᠴᠤᠸᠠᠨ ᠵᠢᠩ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶᠠᠨ᠎ᠤ ᠳᠡᠳ᠋ ᠳᠠᠷᠤᠭ᠎ᠠ
ᠯᠥᠸᠧ ᠬᠣᠩ ᠸᠸᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ
ᠯᠢ ᠹᠧᠩ ᠮᠢᠩ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶᠠᠨ᠎ᠤ ᠥᠪᠥᠷ ᠮᠣᠩᠭᠣᠯ᠎ᠳᠡᠬᠢ ᠪᠠᠢᠴᠠᠭᠠᠯᠲᠠ᠎ᠶᠢᠨ ᠶᠡᠷᠦᠩᠬᠡᠢ ᠳᠤᠭᠤᠢᠯᠠᠩ᠎ᠤᠨ ᠳᠡᠳ᠋ ᠶᠡᠷᠦᠩᠬᠡᠢ ᠳᠠᠷᠤᠭ᠎ᠠ
ᠸᠠᠩ ᠢᠦᠢ ᠴᠦᠨ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠪᠠᠲᠤᠯᠠᠭ᠎ᠠ᠎ᠶᠢᠨ ᠲᠣᠪᠴᠢᠶᠠᠨ᠎ᠤ ᠳᠡᠳ᠋ ᠳᠠᠷᠤᠭ᠎ᠠ
ᠭᠦᠩ ᠶᠤᠸᠠᠢ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠪᠠᠲᠤᠯᠠᠭ᠎ᠠ᠎ᠶᠢᠨ ᠬᠡᠯᠲᠡᠰ᠎ᠦᠨ ᠳᠡᠳ᠋ ᠳᠠᠷᠤᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ᠎ᠤᠨ ᠠᠯᠪᠠᠨ ᠭᠡᠷ᠎ᠦᠨ ᠡᠷᠬᠢᠯᠡᠭᠴᠢ᠎ᠶᠢᠨ ᠲᠤᠰᠢᠶᠠᠯ᠎ᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶᠠᠨᠦ ᠳᠡᠳ᠋ ᠳᠠᠷᠤᠭ᠎ᠠ ᠸᠠᠩ ᠴᠤᠸᠠᠨ ᠵᠢᠩ ᠬᠠᠪᠰᠤᠷᠤᠨ ᠬᠠᠷᠢᠭᠤᠴᠠᠨ᠎ᠠ᠃