ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠧᠷᠢᠶᠠᠯ
ᠥᠪᠥᠷ ᠵᠠᠰᠠᠭ ᠲᠠᠷᠬᠠᠭᠠᠭᠰᠠᠨ 〔2025〕 15 ᠳ᠋ᠤᠭᠠᠷ ᠲᠣᠭᠠᠲᠤ
ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠤ᠄
《ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠳᠦᠷᠢᠮ》᠎ᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠣᠯᠠᠨ ᠨᠡᠶ᠋ᠢᠲᠡ᠎ᠶᠢᠨ ᠵᠠᠮ ᠬᠠᠷᠢᠯᠴᠠᠭ᠎ᠠ᠎ᠶᠢ ᠤᠷᠢᠳ᠎ᠢᠶᠡᠷ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢᠷᠡᠭᠦᠯᠦᠨ᠂ ᠠᠷᠠᠳ᠎ᠤᠨ ᠬᠣᠲᠠ᠎ᠶᠢᠨ ᠣᠨᠣᠯᠵᠢᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠠᠲᠠᠬᠤ ᠬᠦᠴᠦᠨ᠎ᠢ ᠳᠡᠭᠡᠭᠰᠢᠯᠡᠭᠦᠯᠦᠨ᠂ ᠭᠠᠵᠠᠷ ᠣᠷᠣᠨ᠎ᠤ ᠠᠵᠤ ᠦᠢᠯᠡᠰ᠎ᠦᠨ ᠪᠠᠢᠷᠢᠰᠢᠭᠤᠯᠤᠯᠲᠠ᠂ ᠬᠥᠮᠥᠨ ᠠᠮᠠ᠎ᠶᠢᠨ ᠲᠠᠷᠬᠠᠯᠲᠠ ᠯᠤᠭ᠎ᠠ ᠤᠶᠠᠯᠳᠤᠭᠤᠯᠵᠤ᠂ ᠪᠦᠲᠦᠴᠡ ᠨᠢ ᠨᠠᠩ ᠵᠦᠢ ᠵᠣᠬᠢᠰᠲᠠᠢ᠂ ᠦᠢᠯᠡᠴᠢᠯᠡᠭᠡ ᠨᠢ ᠨᠠᠩ ᠬᠥᠮᠥᠯᠢᠭ᠂ ᠠᠵᠢᠯᠯᠠᠭᠤᠯᠬᠤ ᠨᠢ ᠨᠠᠩ ᠥᠨᠳᠥᠷ ᠪᠦᠲᠦᠮᠵᠢᠲᠡᠶ᠂ ᠲᠣᠣᠷ ᠰᠦᠯᠵᠢᠶ᠎ᠡ ᠨᠢ ᠨᠠᠩ ᠠᠭᠤᠰᠤᠯᠴᠠᠭᠰᠠᠨ᠂ ᠠᠮᠤᠷ ᠲᠦᠪᠰᠢᠨ᠎ᠤ ᠲᠠᠯ᠎ᠠ᠎ᠪᠠᠷ ᠨᠠᠩ ᠤᠶᠠᠨ ᠬᠠᠲᠠᠨ ᠴᠢᠨᠠᠷᠲᠠᠢ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠣᠭᠲᠠᠯᠴᠠᠭ᠎ᠠ᠎ᠶᠢ ᠪᠠᠢᠭᠤᠯᠵᠤ᠂ ᠬᠣᠲᠠ᠎ᠶᠢᠨ ᠵᠠᠮ ᠬᠠᠷᠢᠯᠴᠠᠭᠠᠨ᠎ᠤ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢ ᠠᠬᠢᠭᠤᠯᠤᠨ᠂ ᠠᠷᠠᠳ ᠣᠯᠠᠨ᠎ᠤ ᠵᠣᠷᠴᠢᠯᠭᠠᠶᠢᠨ ᠬᠡᠷᠡᠭᠴᠡᠭᠡ ᠱᠠᠭᠠᠷᠳᠠᠯᠭ᠎ᠠ᠎ᠶᠢ ᠨᠠᠩ ᠰᠠᠢᠲᠤᠷ ᠬᠠᠩᠭᠠᠨ᠎ᠠ᠃
ᠬᠣᠶᠠᠷ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠠᠳᠬᠤᠵᠤ ᠪᠣᠳᠠᠲᠠᠢᠵᠢᠭᠤᠯᠤᠨ᠎ᠠ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ ᠨᠢ ᠲᠤᠰ ᠭᠠᠵᠠᠷ ᠣᠷᠣᠨ᠎ᠤ᠎ᠪᠠᠨ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠠᠵᠢᠯ ᠲᠥᠷᠥᠯ᠎ᠦᠨ ᠬᠥᠭᠵᠢᠯᠲᠡ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠂ ᠬᠣᠲᠠ᠎ᠶᠢᠨ ᠵᠠᠮ ᠬᠠᠷᠢᠯᠴᠠᠭᠠᠨ᠎ᠳᠠᠬᠢ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠭᠣᠣᠯᠯᠠᠬᠤ ᠪᠠᠢᠷᠢ ᠰᠠᠭᠤᠷᠢ᠎ᠶᠢ ᠲᠣᠭᠲᠠᠭᠠᠵᠤ᠂ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠠᠵᠢᠯ ᠲᠥᠷᠥᠯ᠎ᠦᠨ ᠥᠭᠡᠷᠡᠴᠢᠯᠡᠯᠲᠡ᠎ᠶᠢ ᠲᠦᠷᠭᠡᠳᠬᠡᠨ ᠠᠬᠢᠭᠤᠯᠵᠤ᠂ ᠲᠣᠰ ᠭᠠᠵᠠᠷ ᠣᠷᠣᠨ᠎ᠤ ᠪᠣᠳᠠᠲᠠᠢ ᠲᠠᠶ ᠤᠶᠠᠯᠳᠤᠭᠤᠯᠤᠨ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠰᠤᠳᠤᠯᠤᠨ ᠲᠣᠭᠲᠠᠭᠠᠵᠤ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠂ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ᠂ ᠭᠠᠵᠠᠷ ᠰᠢᠷᠣᠢ᠎ᠶᠢᠨ ᠬᠠᠩᠭᠠᠯᠭ᠎ᠠ᠂ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠂ ᠵᠠᠮ᠎ᠤᠨ ᠡᠷᠬᠡ᠎ᠶᠢᠨ ᠳᠣᠬᠢᠶ᠎ᠠ᠂ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠤᠷᠢᠳ᠎ᠢᠶᠠᠷ ᠪᠠᠲᠤᠯᠠᠨ᠎ᠠ᠃〔ᠬᠠᠷᠢᠭᠤᠴᠠᠯᠭᠠᠲᠤ ᠨᠢᠭᠡᠴᠢ᠄ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠃ ᠳᠣᠣᠷᠠᠬᠢ ᠡᠯ᠎ᠡ ᠵᠦᠢᠯ᠎ᠦᠨ ᠡᠭᠦᠷᠭᠡ᠎ᠶᠢ ᠴᠥᠮ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ ᠨᠠᠢᠳᠠᠪᠤᠷᠢᠵᠢᠭᠤᠯᠬᠤ ᠬᠡᠷᠡᠭᠲᠡᠢ ᠪᠣᠯᠬᠣᠷ ᠳᠠᠭᠢᠵᠤ ᠵᠢᠭ᠍ᠰᠠᠭᠠᠬᠤ ᠦᠭᠡᠢ〕
ᠭᠤᠷᠪᠠ᠂ ᠬᠥᠭᠵᠢᠯᠲᠡ᠎ᠶᠢᠨ ᠵᠠᠭᠪᠤᠷ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠨ᠎ᠠ
ᠡᠯ᠎ᠡ ᠭᠠᠵᠠᠷ ᠣᠷᠣᠨ᠎ᠦ ᠬᠢᠨ ᠲᠤᠰ ᠭᠠᠵᠠᠷ ᠣᠷᠣᠨ᠎ᠤ᠎ᠪᠠᠨ ᠠᠵᠤ ᠦᠢᠯᠡᠰ᠎ᠤᠨ ᠪᠠᠢᠷᠢᠰᠢᠭᠤᠯᠤᠯᠲᠠ᠂ ᠬᠥᠮᠥᠨ ᠠᠮᠠ᠎ᠶᠢᠨ ᠲᠠᠷᠬᠠᠯᠲᠠ᠂ ᠤᠯᠠᠨ ᠲᠦᠮᠡᠨ᠎ᠤ ᠵᠣᠷᠴᠢᠯᠭᠠᠶᠢᠨ ᠣᠨᠴᠠᠯᠢᠭ᠋ ᠵᠡᠷᠭᠡ᠎ᠳᠦ ᠰᠠᠭᠤᠷᠢᠯᠠᠨ᠂ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠣᠷᠣᠨ ᠪᠦᠰᠡ᠂ ᠵᠠᠭᠪᠤᠷ᠂ ᠬᠠᠷᠠᠯᠲᠠ ᠪᠠ ᠦᠢᠯᠡᠴᠢᠯᠡᠭᠡᠨ᠎ᠤ ᠪᠠᠷᠢᠮᠵᠢᠶ᠎ᠠ᠎ᠶᠢ ᠵᠦᠢ ᠵᠣᠬᠢᠰᠲᠠᠢ ᠲᠣᠭᠲᠠᠭᠠᠵᠤ᠂ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠥᠯᠦᠪᠵᠢᠭᠦᠯᠭᠡ᠎ᠶᠢ ᠵᠣᠬᠢᠶᠠᠨ ᠪᠠᠢᠭᠤᠯᠵᠤ ᠨᠠᠢᠷᠠᠭᠤᠯᠤᠨ ᠵᠣᠬᠢᠶᠠᠬᠤ ᠬᠡᠷᠡᠭᠲᠡᠢ᠃ ᠶᠠᠪᠠᠭᠠᠨ ᠶᠠᠪᠤᠬᠤ ᠪᠠ ᠮᠠᠰᠢᠨᠲᠤ ᠪᠤᠰᠤ ᠲᠡᠷᠭᠡ ᠵᠡᠷᠭᠡ ᠤᠳᠠᠭᠠᠨ ᠠᠶᠠᠯᠠᠬᠤ ᠵᠠᠮ ᠬᠠᠷᠢᠯᠴᠠᠭᠠᠨ᠎ᠤ ᠰᠢᠰᠲᠧᠮ᠎ᠢ ᠲᠡᠭᠦᠯᠳᠡᠷᠵᠢᠭᠦᠯᠬᠦ᠎ᠶᠢᠨ ᠬᠠᠮᠲᠤ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠰᠢᠰᠲᠧᠮ ᠯᠦ᠍ᠭᠡ ᠪᠦᠲᠦᠮᠵᠢᠲᠡᠶ ᠵᠣᠯᠭᠠᠭᠤᠯᠬᠤ ᠬᠡᠷᠡᠭᠲᠡᠢ᠃ ᠬᠤᠳᠠ ᠬᠥᠳᠡᠭᠡ᠎ᠶᠢᠨ ᠠᠭᠤᠰᠤᠯᠴᠠᠯ ᠪᠠ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠬᠡᠷᠡᠭᠴᠡᠭᠡ᠎ᠶᠢ ᠦᠨᠳᠦᠰᠦᠯᠡᠨ᠂ ᠬᠤᠳᠠ ᠬᠥᠳᠡᠭᠡ᠎ᠶᠢᠨ ᠬᠣᠭᠣᠷᠣᠨᠳᠣᠬᠢ᠂ ᠣᠷᠣᠨ ᠪᠦᠰᠡ᠎ᠶᠢᠨ ᠬᠣᠭᠣᠷᠣᠨᠳᠣᠬᠢ ᠤᠯᠠᠨ ᠨᠡᠶ᠋ᠢᠲᠡ᠎ᠶᠢᠨ ᠵᠠᠮ ᠬᠠᠷᠢᠯᠴᠠᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠤᠳᠠ᠎ᠶᠢᠨ ᠬᠣᠭᠣᠷᠣᠨᠳᠣᠬᠢ ᠤᠯᠠᠨ ᠨᠡᠢᠲᠡ᠎ᠶᠢᠨ ᠵᠠᠮ ᠬᠠᠷᠢᠯᠴᠠᠭ᠎ᠠ᠎ᠶᠢ ᠶᠡᠬᠡ᠎ᠪᠠᠷ ᠬᠥᠭᠵᠢᠭᠦᠯᠵᠦ᠂ ᠣᠷᠣᠨ ᠪᠦᠰᠡ᠎ᠶᠢᠨ ᠴᠡᠭ᠎ᠡᠴᠡ ᠴᠡᠭ᠎ᠲᠦ ᠰᠢᠭᠤᠳ ᠬᠦᠷᠬᠦ ᠬᠤᠳᠠ᠎ᠶᠢᠨ ᠬᠣᠭᠣᠷᠣᠨᠳᠣᠬᠢ ᠤᠯᠠᠨ ᠨᠡᠢᠲᠡ᠎ᠶᠢᠨ ᠮᠠᠰᠢᠨ ᠲᠡᠷᠭᠡ᠎ᠶᠢ ᠨᠡᠭᠡᠭᠡᠨ ᠠᠶᠠᠯᠠᠭᠤᠯᠬᠤ᠎ᠶᠢ ᠠᠬᠢᠭᠤᠯᠤᠨ᠎ᠠ᠃ 《ᠨᠢᠭᠡ ᠬᠤᠳᠠ᠎ᠳᠦ ᠨᠢᠭᠡ ᠤᠯᠠᠨ ᠨᠡᠢᠲᠡ᠎ᠶᠢᠨ ᠵᠠᠮ ᠬᠠᠷᠢᠯᠴᠠᠭ᠎ᠠ》᠂ 《ᠠᠯᠪᠠᠨ᠎ᠤ ᠲᠡᠷᠭᠡ᠎ᠶᠢ ᠠᠯᠪᠠᠨ᠎ᠠᠴᠠ ᠡᠵᠡᠩᠨᠡᠬᠦ》᠂ 《ᠤᠯᠠᠨ ᠨᠡᠢᠲᠡ᠎ᠶᠢᠨ ᠵᠠᠮ ᠬᠠᠷᠢᠯᠴᠠᠭ᠎ᠠ᠎ᠶᠢ ᠤᠷᠢᠳ᠎ᠢᠶᠠᠷ ᠪᠣᠳᠣᠯᠬᠢᠯᠠᠬᠤ》 ᠵᠡᠷᠭᠡ᠎ᠪᠡᠷ ᠬᠠᠷᠠᠯᠲᠠ ᠪᠣᠯᠭᠠᠨ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠠᠵᠢᠯ ᠥᠷᠨᠢᠭᠦᠯᠬᠦ᠎ᠶᠢ ᠵᠣᠷᠢᠭ᠍ᠵᠢᠭᠤᠯᠤᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠳᠥᠷᠪᠡ᠂ ᠪᠢᠯᠧᠲ᠎ᠦᠨ ᠳᠦᠷᠢᠮ ᠪᠢᠯᠧᠲ᠎ᠦᠨ ᠦᠨ᠎ᠡ᠎ᠶᠢ ᠵᠦᠢ ᠵᠣᠬᠢᠰᠲᠠᠢ ᠲᠣᠭᠲᠠᠭᠠᠨ᠎ᠠ
ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠢᠯᠧᠲ᠎ᠦᠨ ᠦᠨᠡᠳᠦ ᠵᠠᠰᠠᠭ᠎ᠤᠨ ᠣᠷᠳᠣᠨ ᠦᠨ᠎ᠡ ᠲᠣᠭᠲᠠᠭᠠᠬᠤ ᠪᠤᠶᠤ ᠵᠠᠰᠠᠭ᠎ᠤᠨ ᠣᠷᠳᠣᠨ ᠦᠨ᠎ᠡ ᠵᠢᠯᠤᠭᠣᠳᠬᠤ᠎ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠎ᠨᠢ 《ᠵᠠᠰᠠᠭ᠎ᠤᠨ ᠣᠷᠳᠣᠨ ᠡᠭᠦᠷᠭᠡᠯᠡᠵᠦ ᠳᠡᠶ᠋ᠢᠯᠬᠦ᠂ ᠠᠵᠤ ᠠᠬᠤᠢᠯᠠᠯ ᠦᠷᠭᠦᠯᠵᠢᠯᠡᠵᠦ ᠳᠡᠶ᠋ᠢᠯᠬᠦ᠂ ᠠᠷᠠᠳ ᠤᠯᠠᠨ ᠳᠠᠭᠠᠭᠠᠵᠤ ᠳᠡᠶ᠋ᠢᠯᠬᠦ》 ᠵᠠᠷᠴᠢᠮ ᠶᠣᠰᠣᠭᠠᠷ ᠪᠢᠯᠧᠲ᠎ᠤᠨ ᠦᠨ᠎ᠡ᠎ᠶᠢ ᠲᠣᠭᠲᠠᠭᠠᠬᠤ᠎ᠶᠢᠨ ᠬᠠᠮᠲᠤ ᠬᠥᠳᠡᠯᠦᠩᠭᠦᠢ᠎ᠪᠡᠷ ᠲᠣᠬᠢᠷᠠᠭᠤᠯᠤᠯᠲᠠ ᠬᠢᠬᠦ ᠲᠣᠭᠲᠠᠴᠠ᠎ᠶᠢ ᠰᠦᠪᠡᠭᠴᠢᠯᠡᠨ ᠪᠠᠢᠭᠤᠯᠵᠤ᠂ ᠬᠠᠤᠯᠢ᠎ᠪᠡᠷ ᠲᠣᠭᠲᠠᠭᠠᠭᠰᠠᠨ ᠲᠡᠷᠭᠡᠨ᠎ᠳᠤ ᠰᠠᠭᠤᠬᠤ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠡᠷᠭᠡᠨ᠎ᠳᠤ ᠰᠠᠭᠤᠬᠤ ᠬᠠᠷᠠᠭᠠᠯᠵᠠᠯ ᠬᠦᠷᠲᠡᠬᠦ ᠬᠥᠮᠥᠰ᠎ᠦᠨ ᠬᠡᠪᠴᠢᠶ᠎ᠡ᠎ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠲᠤᠰᠬᠠᠢᠯᠠᠨ ᠲᠣᠭᠲᠠᠭᠠᠭᠰᠠᠨ ᠵᠣᠷᠴᠢᠯᠭᠠᠶᠢᠨ ᠦᠢᠯᠡᠴᠢᠯᠡᠭᠡ᠎ᠳᠦ ᠵᠠᠬ᠎ᠠ ᠳᠡᠯᠭᠡᠭᠦᠷ᠎ᠦᠨ ᠲᠣᠬᠢᠷᠠᠭᠤᠯᠤᠭᠰᠠᠨ ᠦᠨ᠎ᠡ᠎ᠶᠢ ᠬᠡᠷᠡᠭᠵᠢᠭᠦᠯᠵᠦ᠂ ᠲᠡᠭᠦᠷᠭᠡ ᠵᠡᠷᠭᠡ ᠬᠣᠯᠠ ᠵᠠᠢ᠎ᠶᠢᠨ ᠵᠠᠮ ᠱᠤᠭᠤᠮ᠎ᠳᠤ ᠵᠠᠮ᠎ᠤᠨ ᠵᠠᠢ᠎ᠪᠠᠷ ᠦᠨ᠎ᠡ ᠪᠤᠳᠤᠬᠤ ᠠᠷᠭ᠎ᠠ ᠮᠠᠶᠢᠭ᠋᠎ᠢ ᠬᠡᠷᠡᠭᠯᠡᠨ᠎ᠡ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠲᠠᠪᠤ᠂ ᠣᠨᠴᠠ ᠵᠥᠪᠰᠢᠶᠡᠷᠡᠯ ᠲᠡᠢ ᠡᠵᠡᠩᠨᠡᠯᠲᠡ ᠬᠠᠮᠢᠶᠠᠷᠤᠯᠲᠠ᠎ᠶᠢ ᠵᠢᠷᠤᠮᠵᠢᠭᠤᠯᠤᠨ᠎ᠠ
ᠡᠯ᠎ᠡ ᠭᠠᠵᠠᠷ ᠣᠷᠣᠨ᠎ᠤ ᠬᠢᠨ ᠲᠣᠭᠲᠠᠭᠠᠭᠰᠠᠨ ᠣᠷᠣᠨ ᠪᠦᠰᠡ᠎ᠶᠢᠨ ᠳᠣᠲᠣᠷ᠎ᠠ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠣᠨᠴᠠ ᠵᠥᠪᠰᠢᠶᠡᠷᠡᠯ ᠲᠡᠶ ᠡᠵᠡᠩᠨᠡᠯᠲᠡ᠎ᠶᠢᠨ ᠳᠦᠷᠢᠮ᠎ᠢ ᠬᠡᠷᠡᠭᠵᠢᠭᠦᠯᠵᠦ᠂ ᠵᠠᠮ ᠱᠤᠭᠤᠮ᠎ᠤᠨ ᠣᠨᠴᠠ ᠵᠥᠪᠰᠢᠶᠡᠷᠡᠯ ᠲᠡᠶ ᠡᠵᠡᠩᠨᠡᠯᠲᠡ᠎ᠶᠢᠨ ᠵᠥᠪᠯᠡᠯᠴᠡᠭᠡᠷ ᠲᠣᠭᠲᠠᠬᠤ᠎ᠶᠢᠨ ᠬᠠᠮᠲᠤ ᠡᠵᠡᠩᠨᠡᠯᠲᠡ᠎ᠶᠢᠨ ᠬᠤᠭᠤᠴᠠᠭ᠎ᠠ ᠬᠢᠵᠠᠭᠠᠷ᠎ᠢᠶᠠᠨ ᠲᠣᠳᠣᠷᠬᠠᠢᠯᠠᠬᠤ ᠬᠡᠷᠡᠭᠲᠡᠢ᠃ ᠨᠡᠪᠲᠡᠷᠡᠭᠦᠯᠦᠨ ᠠᠵᠢᠯᠯᠠᠭᠤᠯᠤᠭᠰᠠᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠱᠤᠭᠤᠮ᠎ᠳᠤ᠂ ᠵᠠᠮ ᠱᠤᠭᠤᠮ᠎ᠤᠨ ᠡᠵᠡᠩᠨᠡᠯᠲᠡ᠎ᠶᠢᠨ ᠡᠷᠬᠡ᠎ᠶᠢᠨ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠳᠦᠷᠢᠮ᠎ᠢ ᠬᠡᠷᠡᠭᠵᠢᠭᠦᠯᠦᠭᠡᠳᠦᠢ᠂ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠵᠥᠪᠯᠡᠯᠴᠡᠭᠡᠷ ᠲᠣᠭᠲᠠᠭᠰᠠᠨ ᠦᠭᠡᠢ ᠪᠤᠶᠤ ᠲᠣᠭᠲᠠᠭᠠᠭᠰᠠᠨ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠵᠥᠪᠯᠡᠯᠴᠡᠭᠡᠷ᠎ᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠢ ᠪᠠᠢᠪᠠᠯ᠂ ᠡᠯ᠎ᠡ ᠭᠠᠵᠠᠷ ᠣᠷᠣᠨ᠎ᠤ ᠬᠢᠨ ᠰᠢᠯᠵᠢᠯᠲᠡ᠎ᠶᠢᠨ ᠲᠥᠰᠥᠯ᠎ᠢᠶᠡᠨ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ ᠠᠵᠤ ᠠᠬᠤᠢ᠎ᠶᠢᠨ᠂ ᠬᠠᠤᠯᠢ ᠴᠠᠭᠠᠵᠠ᠎ᠶᠢᠨ᠂ ᠵᠠᠰᠠᠭ ᠵᠠᠬᠢᠷᠭᠠᠨ᠎ᠤ ᠵᠡᠷᠭᠡ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭᠯᠡᠵᠦ᠂ ᠡᠵᠡᠩᠨᠡᠯᠲᠡ᠎ᠶᠢᠨ ᠡᠷᠬᠡ᠎ᠶᠢ ᠤᠷᠢᠳ᠎ᠢᠶᠠᠷ ᠲᠣᠬᠢᠷᠠᠭᠤᠯᠬᠤ᠂ ᠡᠵᠡᠩᠨᠡᠯᠲᠡ᠎ᠶᠢᠨ ᠬᠤᠭᠤᠴᠠᠭ᠎ᠠ ᠬᠢᠵᠠᠭᠠᠷ᠎ᠢ ᠤᠷᠲᠤᠳᠬᠠᠬᠤ ᠪᠤᠶᠤ ᠵᠣᠭᠣᠰ ᠮᠥᠩᠭᠥ ᠪᠤᠴᠠᠭᠠᠬᠤ ᠵᠡᠷᠭᠡ ᠠᠷᠭ᠎ᠠ ᠮᠠᠶᠢᠭ᠋᠎ᠢᠶᠡᠷ ᠯᠠᠪᠳᠠᠭᠤᠨ ᠲᠣᠬᠢᠲᠠᠢ ᠰᠢᠢᠳᠪᠦᠷᠢᠯᠡᠬᠦ᠎ᠶᠢᠨ ᠬᠠᠮᠲᠤ᠂ 2025 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ᠎ᠡᠴᠡ ᠡᠮᠦᠨ᠎ᠡ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ ᠯᠤᠭ᠎ᠠ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠵᠥᠪᠯᠡᠯᠴᠡᠭᠡᠷ ᠲᠣᠭᠲᠠᠬᠤ ᠠᠵᠢᠯ᠎ᠢ ᠪᠡᠶᠡᠯᠡᠭᠦᠯᠬᠦ ᠬᠡᠷᠡᠭᠲᠡᠶ; ᠰᠢᠨ᠎ᠡ᠎ᠪᠡᠷ ᠨᠡᠪᠲᠡᠷᠡᠭᠦᠯᠦᠨ ᠠᠵᠢᠯᠯᠠᠭᠤᠯᠬᠤ᠎ᠪᠠᠷ ᠪᠠᠢᠭ᠎ᠠ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠱᠤᠭᠤᠮ᠎ᠢ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ ᠯᠤᠭ᠎ᠠ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠵᠥᠪᠯᠡᠯᠴᠡᠭᠡᠷ ᠲᠣᠭᠲᠠᠭᠰᠠᠨ᠎ᠤ ᠳᠠᠷᠠᠭ᠎ᠠ ᠨᠡᠪᠲᠡᠷᠡᠭᠦᠯᠦᠨ ᠠᠵᠢᠯᠯᠠᠭᠤᠯᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠵᠢᠷᠭᠤᠭ᠎ᠠ᠂ ᠡᠳ᠋᠎ᠦᠨ ᠵᠠᠰᠠᠭ᠎ᠤᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ
ᠡᠯ᠎ᠡ ᠭᠠᠵᠠᠷ ᠣᠷᠣᠨ᠎ᠤ ᠬᠢᠨ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨᠦ ᠪᠣᠳᠠᠲᠤ ᠪᠠᠢᠳᠠᠯ ᠪᠠ ᠡᠳ᠋᠎ᠦᠨ ᠵᠠᠰᠠᠭ᠎ᠤᠨ ᠳᠠᠭᠠᠭᠠᠬᠤ ᠴᠢᠳᠠᠪᠤᠷᠢ᠎ᠪᠡᠨ ᠦᠨᠳᠦᠰᠦᠯᠡᠨ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠳᠦ ᠬᠡᠷᠡᠭᠰᠡᠬᠦ ᠵᠠᠷᠤᠳᠠᠯ᠎ᠢ ᠲᠣᠬᠢᠷᠠᠭᠤᠯᠬᠤ᠎ᠶᠢᠨ ᠬᠠᠮᠲᠤ ᠲᠤᠰ ᠱᠠᠲᠤᠨ᠎ᠤ ᠲᠥᠰᠥᠪ᠎ᠲᠦ ᠪᠠᠨ ᠣᠷᠣᠭᠤᠯᠵᠤ᠂ ᠴᠠᠭ ᠲᠤᠬᠠᠢᠳᠤᠨᠢ ᠲᠣᠭ᠎ᠠ ᠶᠣᠰᠣᠭᠠᠷ ᠰᠠᠯᠭᠠᠨ ᠥᠭᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠦᠢᠯᠡᠴᠢᠯᠡᠭᠡᠨ᠎ᠦ ᠪᠠᠷᠢᠮᠵᠢᠶ᠎ᠠ᠎ᠶᠢ ᠲᠣᠭᠲᠠᠭᠠᠬᠤ᠎ᠶᠢᠨ ᠬᠠᠮᠲᠤ ᠦᠢᠯᠡᠴᠢᠯᠡᠭᠡᠨ᠎ᠦ ᠶᠠᠰᠤ ᠴᠢᠨᠠᠷ᠎ᠤᠨ ᠦᠨᠡᠯᠡᠯᠲᠡ᠎ᠶᠢ ᠥᠷᠨᠢᠭᠦᠯᠦᠭᠰᠡᠨ᠎ᠤ ᠰᠠᠭᠤᠷᠢᠨ ᠳᠡᠭᠡᠷ᠎ᠡ᠂ ᠬᠣᠲᠠ᠎ᠶᠢᠨ ᠣᠯᠠᠨ ᠨᠡᠢᠲᠡ᠎ᠶᠢᠨ ᠮᠠᠰᠢᠨᠲᠤ ᠴᠠᠬᠢᠯᠭᠠᠨ ᠲᠡᠷᠭᠡᠨ᠎ᠦ ᠠᠵᠤ ᠠᠬᠤᠢᠯᠠᠯ᠎ᠤᠨ ᠡᠵᠡᠩᠨᠡᠯᠲᠡ᠎ᠶᠢᠨ ᠥᠪᠡᠷ᠎ᠦᠨ ᠥᠷᠲᠡᠭ᠎ᠦᠨ ᠲᠣᠭᠠᠴᠠᠭ᠎ᠠ ᠪᠠ ᠨᠥᠬᠥᠪᠦᠷᠢ ᠲᠥᠯᠥᠪᠦᠷᠢ᠎ᠶᠢ ᠲᠤᠬᠠᠢ᠎ᠶᠢᠨ ᠭᠠᠵᠠᠷ᠎ᠤᠨ ᠪᠠᠢᠳᠠᠯ᠎ᠳᠤ ᠨᠢ ᠲᠣᠬᠢᠷᠠᠭᠤᠯᠤᠨ ᠬᠡᠷᠡᠭᠵᠢᠭᠦᠯᠵᠦ᠂ ᠠᠳᠠᠯᠢ ᠪᠤᠰᠤ ᠥᠮᠴᠢᠯᠡᠯ᠎ᠦᠨ ᠡᠵᠡᠩᠨᠡᠯᠲᠡ᠎ᠶᠢᠨ ᠭᠣᠣᠯ ᠴᠣᠭᠴᠠ᠎ᠳᠤ ᠡᠷᠬᠡ ᠲᠡᠭᠰᠢ᠎ᠪᠡᠷ ᠬᠠᠨᠳᠤᠬᠤ ᠬᠡᠷᠡᠭᠲᠡᠢ᠃ ᠰᠠᠯᠭᠠᠨ ᠥᠭᠭᠦᠭᠡᠳᠦᠢ ᠪᠡᠯᠡ ᠮᠥᠩᠭᠥ᠎ᠶᠢ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ᠎ᠪᠠᠷ ᠢᠯᠭᠠᠷᠠᠭᠤᠯᠤᠨ ᠲᠥᠯᠥᠵᠦ᠂ ᠡᠳ᠋᠎ᠦᠨ ᠵᠠᠰᠠᠭ᠎ᠤᠨ ᠪᠠᠢᠳᠠᠯ᠎ᠢ ᠦᠨᠳᠦᠰᠦᠯᠡᠨ ᠱᠠᠲᠤ ᠬᠤᠪᠢᠶᠠᠨ ᠢᠯᠭᠠᠷᠠᠭᠤᠯᠤᠨ ᠲᠥᠯᠥᠬᠦ ᠲᠥᠯᠥᠪᠯᠡᠭᠡ ᠲᠣᠭᠲᠠᠭᠠᠵᠤ᠂ ᠢᠯᠭᠠᠷᠠᠭᠤᠯᠤᠨ ᠲᠥᠯᠥᠬᠦ ᠠᠵᠢᠯ᠎ᠢ ᠡᠮᠬᠢ ᠵᠢᠷᠤᠮ ᠲᠠᠢ᠎ᠪᠠᠷ ᠠᠬᠢᠭᠤᠯᠬᠤ ᠬᠡᠷᠡᠭᠲᠡᠢ᠃ ᠲᠥᠪ᠎ᠦᠨ ᠬᠣᠲᠠ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠱᠠᠩᠨᠠᠯ᠎ᠤᠨ ᠪᠡᠯᠡ ᠮᠥᠩᠭᠥ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠢᠵᠢ ᠪᠦᠷᠢᠳᠦᠭᠦᠯᠦᠭᠰᠡᠨ ᠶᠡᠬᠡ ᠬᠡᠪᠴᠢᠶᠡᠨ᠎ᠦ ᠲᠥᠬᠦᠭᠡᠷᠦᠮᠵᠢ᠎ᠶᠢ ᠰᠢᠨᠡᠳᠬᠡᠬᠦ ᠪᠠ ᠬᠡᠷᠡᠭᠯᠡᠭᠡ᠎ᠶᠢᠨ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠪᠡᠯᠡ ᠮᠥᠩᠭᠥᠨ᠎ᠦ ᠵᠢᠷᠤᠮᠵᠢᠭ᠍ᠰᠠᠨ ᠬᠠᠮᠢᠶᠠᠷᠤᠯᠲᠠ᠎ᠶᠢ ᠴᠢᠩᠭᠠᠳᠬᠠᠵᠤ᠂ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠪᠡᠯᠡ ᠮᠥᠩᠭᠥ᠎ᠶᠢ ᠴᠠᠭ ᠲᠤᠬᠠᠢ᠎ᠳᠤ ᠨᠢ ᠲᠣᠭ᠎ᠠ ᠶᠣᠰᠣᠭᠠᠷ ᠰᠠᠯᠭᠠᠨ ᠥᠭᠬᠦ ᠬᠡᠷᠡᠭᠲᠡᠢ᠂ ᠲᠣᠭᠲᠠᠭᠠᠯ᠎ᠠᠴᠠ ᠵᠥᠷᠢᠴᠡᠨ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ)
ᠲᠤᠯᠤᠭ᠎ᠠ᠂ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠦᠨ᠎ᠡ
ᠡᠯ᠎ᠡ ᠭᠠᠵᠠᠷ ᠣᠷᠣᠨ᠎ᠤ ᠬᠢᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠡᠬᠢ ᠵᠠᠮ ᠬᠠᠷᠢᠯᠴᠠᠭᠠᠨ᠎ᠤ ᠨᠥᠯᠥᠭᠡ᠎ᠶᠢ ᠦᠨᠡᠯᠡᠬᠦ ᠳᠦᠷᠢᠮ ᠪᠠ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠡᠯᠡᠳᠬᠡᠮᠵᠢ᠎ᠶᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠵᠦ᠂ ᠡᠬᠢᠨ᠎ᠤ ᠪᠠ ᠡᠴᠦᠰ᠎ᠤᠨ ᠥᠷᠳᠡᠭᠡ᠂ ᠲᠡᠷᠭᠡᠨ ᠵᠣᠭᠰᠣᠭᠠᠯ ᠪᠠ ᠵᠠᠩᠭᠢᠯᠠᠭ᠎ᠠ ᠦᠷᠳᠡᠭᠡ᠎ᠶᠢᠨ ᠲᠡᠷᠭᠡᠨ᠎ᠦ ᠲᠠᠯᠠᠪᠤᠷ ᠥᠷᠳᠡᠭᠡ᠎ᠶᠢᠨ ᠳᠤᠮᠳᠠᠴᠢ ᠲᠠᠯᠠᠪᠠᠢ᠎ᠶᠢᠨ ᠭᠦᠢᠴᠡᠳᠬᠡᠯ ᠲᠣᠭ᠎ᠠ᠎ᠶᠢ ᠱᠠᠭᠠᠷᠳᠠᠯᠭ᠎ᠠ᠎ᠳᠦ ᠬᠦᠷᠦᠭᠦᠯᠬᠦ᠎ᠶᠢ ᠦᠨᠡᠨ ᠬᠦ᠌ ᠪᠠᠲᠤᠯᠠᠵᠤ᠂ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠡᠯᠡᠳᠬᠡᠮᠵᠢ ᠬᠢᠭᠡᠳ ᠬᠤᠳᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠭᠣᠣᠯ ᠴᠣᠭᠴᠠ᠎ᠶᠢ ᠵᠡᠷᠭᠡ᠎ᠳᠦ ᠨᠢ ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠶ᠋ᠢᠭᠤᠯᠬᠤ᠂ ᠰᠢᠯᠭᠠᠨ ᠬᠤᠷᠢᠶᠠᠬᠤ ᠪᠠ ᠲᠤᠰᠢᠶᠠᠨ ᠥᠭᠴᠦ ᠬᠡᠷᠡᠭᠯᠡᠭᠦᠯᠬᠦ᠎ᠶᠢ ᠠᠬᠢᠭᠤᠯᠬᠤ ᠬᠡᠷᠡᠭᠲᠡᠢ᠃ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ᠎ᠤ ᠤᠷᠢᠲᠠᠯ ᠳᠣᠣᠷ᠎ᠠ᠂ ᠤᠳᠤ᠎ᠶᠢᠨ ᠪᠠᠢᠭ᠎ᠠ ᠬᠤᠳᠠ᠎ᠶᠢᠨ ᠵᠠᠮ᠎ᠤᠨ ᠬᠥᠭᠥᠷᠭᠡᠨᠦ ᠳᠣᠣᠷᠠᠬᠢ ᠣᠷᠣᠨ ᠵᠠᠢ᠎ᠳᠤ ᠲᠥᠯᠥᠪᠦᠷᠢ ᠦᠭᠡᠢ ᠪᠤᠶᠤ ᠨᠡᠢᠲᠡ᠎ᠶᠢᠨ ᠠᠰᠠᠷᠠᠮᠵᠢ᠎ᠶᠢᠨ ᠴᠢᠨᠠᠷᠲᠠᠢ ᠰᠦᠢᠳᠬᠡᠯ ᠬᠤᠷᠢᠶᠠᠬᠤ ᠬᠡᠯᠪᠡᠷᠢ᠎ᠪᠡᠷ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ᠎ᠳᠤ ᠬᠠᠩᠭᠠᠨ ᠥᠭᠴᠦ ᠲᠠᠯᠠᠪᠤᠷ ᠦᠷᠳᠡᠬᠡ ᠪᠣᠯᠭᠠᠨ᠂ ᠬᠤᠳᠠ᠎ᠶᠢᠨ ᠲᠥᠪ ᠪᠣᠯᠬᠤ ᠣᠷᠣᠨ ᠪᠦᠰᠡ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠲᠠᠯᠠᠪᠤᠷ ᠥᠷᠲᠡᠭᠡᠨ᠎ᠦ ᠬᠠᠩᠭᠠᠯᠭ᠎ᠠ᠎ᠶᠢᠨ ᠳᠤᠲᠠᠭᠳᠠᠯ᠎ᠢ ᠨᠥᠬᠥᠪᠦᠷᠢᠯᠡᠬᠦ᠎ᠶᠢ ᠵᠥᠪᠰᠢᠶᠡᠷᠡᠨ᠎ᠡ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠨᠠᠢ᠍ᠮᠠ᠂ ᠬᠡᠷᠡᠭᠯᠡᠬᠦ ᠭᠠᠵᠠᠷ᠎ᠢ ᠶᠡᠷᠦᠩᠬᠡᠢᠯᠡᠨ ᠨᠡᠭᠡᠭᠡᠨ ᠬᠥᠭᠵᠢᠭᠦᠯᠬᠦ᠎ᠶᠢ ᠳᠡᠮᠵᠢᠨ᠎ᠡ
ᠲᠣᠭᠲᠠᠭᠠᠭᠰᠠᠨ ᠨᠥᠬᠥᠴᠡᠯ᠎ᠳᠤ ᠨᠡᠢᠴᠡᠬᠦ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠰᠠᠭᠤᠷᠢ ᠪᠡᠯᠡᠳᠬᠡᠮᠵᠢᠳᠦ ᠬᠡᠷᠡᠭᠯᠡᠬᠦ ᠭᠠᠵᠠᠷ᠎ᠢ ᠬᠤᠪᠢᠶᠠᠷᠢᠯᠠᠨ ᠰᠠᠯᠭᠠᠬᠤ᠂ ᠵᠥᠪᠯᠡᠯᠴᠡᠭᠡᠷ᠎ᠢᠶᠡᠷ ᠲᠥᠯᠥᠪᠦᠷᠢᠲᠡᠢ ᠰᠢᠯᠵᠢᠭᠦᠯᠬᠦ ᠵᠡᠷᠭᠡ ᠠᠷᠭ᠎ᠠ ᠮᠠᠶᠢᠭ᠋᠎ᠢᠶᠡᠷ ᠬᠠᠩᠭᠠᠵᠤ ᠪᠣᠯᠣᠨ᠎ᠠ᠃ ᠰᠢᠨ᠎ᠡ᠎ᠪᠡᠷ ᠪᠠᠢᠭᠤᠯᠤᠭᠰᠠᠨ ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠪᠡᠯᠡᠳᠬᠡᠮᠵᠢᠳᠦ ᠬᠡᠷᠡᠭᠯᠡᠬᠦ ᠭᠠᠵᠠᠷ᠎ᠤᠨ ᠭᠠᠵᠠᠷ ᠳᠡᠭᠡᠷᠡᠬᠢ᠂ ᠭᠠᠵᠠᠷ ᠳᠣᠣᠷᠠᠬᠢ ᠣᠷᠣᠨ ᠵᠠᠢ᠎ᠳᠤ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠭᠠᠵᠠᠷ ᠰᠢᠷᠣᠢ᠎ᠶᠢᠨ ᠶᠡᠷᠦᠩᠬᠡᠢᠯᠡᠭᠰᠡᠨ ᠨᠡᠭᠡᠭᠡᠨ ᠠᠰᠢᠭ᠍ᠯᠠᠯᠲᠠ᠎ᠶᠢ ᠬᠡᠷᠡᠭᠵᠢᠭᠦᠯᠬᠦ᠎ᠶᠢ ᠳᠡᠮᠵᠢᠨ᠎ᠡ᠃ ᠣᠲᠣ᠌᠎ᠶᠢᠨ ᠪᠠᠢᠭ᠎ᠠ ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠪᠡᠯᠡᠳᠬᠡᠮᠵᠢᠳᠦ ᠬᠡᠷᠡᠭᠯᠡᠬᠦ ᠭᠠᠵᠠᠷ᠎ᠲᠤ᠂ ᠤᠤᠯ᠎ᠤᠨ ᠭᠠᠵᠠᠷ ᠰᠢᠷᠣᠢ ᠬᠡᠷᠡᠭᠯᠡᠭᠴᠢ᠎ᠶᠢᠨ ᠲᠥᠯᠦᠪᠵᠢᠭᠦᠯᠭᠡ᠎ᠳᠦ ᠨᠡᠢᠴᠡᠭᠦᠯᠬᠦ ᠮᠥᠷᠲᠡᠭᠡᠨ ᠬᠡᠷᠡᠭᠴᠡᠭᠡ᠎ᠶᠢ ᠨᠢ ᠥᠯᠥ ᠬᠤᠪᠢᠷᠠᠭᠤᠯᠬᠤ ᠤᠷᠢᠲᠠᠯ ᠳᠣᠣᠷ᠎ᠠ ᠪᠣᠰᠣᠭ᠎ᠠ ᠴᠣᠭᠴᠠᠲᠤ ᠨᠡᠭᠡᠭᠡᠯᠲᠡ ᠬᠢᠬᠦ᠎ᠶᠢ ᠨᠢ ᠳᠡᠮᠵᠢᠨ᠎ᠡ᠃ ᠤᠯᠠᠨ ᠨᠡᠢᠲᠡ᠎ᠶᠢᠨ ᠵᠠᠮ ᠬᠠᠷᠢᠯᠴᠠᠭᠠᠨ᠎ᠳᠦ ᠬᠡᠷᠡᠭᠯᠡᠬᠦ ᠭᠠᠵᠠᠷ᠎ᠢ ᠶᠡᠷᠦᠩᠬᠡᠢᠯᠡᠨ ᠨᠡᠭᠡᠭᠡᠨ ᠠᠰᠢᠭ᠍ᠯᠠᠭᠰᠠᠨᠤ ᠠᠰᠢᠭ᠋ ᠣᠷᠤᠯᠭ᠎ᠠ᠎ᠶᠢ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠰᠠᠭᠤᠷᠢ ᠪᠡᠯᠡᠳᠬᠡᠮᠵᠢ᠎ᠶᠢ ᠪᠦᠲᠦᠭᠡᠨ ᠪᠠᠢᠭᠤᠯᠬᠤ ᠪᠠ ᠡᠵᠡᠩᠨᠡᠯᠲᠡ᠎ᠶᠢᠨ ᠠᠯᠳᠠᠭᠳᠠᠯ᠎ᠢ ᠨᠥᠬᠥᠪᠦᠷᠢᠯᠡᠬᠦ᠎ᠳᠤ ᠬᠡᠷᠡᠭᠯᠡᠵᠦ ᠪᠣᠯᠣᠨ᠎ᠠ᠃ ᠨᠡᠢᠭᠡᠮ᠎ᠤᠨ ᠬᠥᠷᠥᠩᠭᠡ᠎ᠶᠢᠨ ᠬᠠᠤᠯᠢ ᠲᠣᠭᠲᠠᠭᠠᠯ ᠶᠣᠰᠣᠭᠠᠷ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠲᠠᠯᠠᠪᠤᠷ ᠦᠷᠳᠡᠬᠡ᠎ᠶᠢ ᠶᠡᠷᠦᠩᠬᠡᠢᠯᠡᠨ ᠨᠡᠭᠡᠭᠡᠵᠦ ᠬᠥᠭᠵᠢᠭᠦᠯᠬᠦ᠎ᠳᠤ ᠣᠷᠣᠯᠴᠠᠬᠤ᠎ᠶᠢ᠎ᠨᠢ ᠵᠣᠷᠢᠭ᠍ᠵᠢᠭᠤᠯᠤᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠶᠢᠰᠦ᠂ ᠵᠠᠮ᠎ᠤᠨ ᠡᠷᠬᠡ᠎ᠶᠢᠨ ᠳᠣᠬᠢᠶ᠎ᠠ᠎ᠶᠢ ᠲᠡᠷᠢᠭᠦᠨ᠎ᠳᠤ ᠪᠠᠢᠯᠭᠠᠬᠤ᠎ᠶᠢ ᠪᠠᠲᠤᠯᠠᠨ᠎ᠠ
ᠡᠯ᠎ᠡ ᠭᠠᠵᠠᠷ ᠣᠷᠣᠨ᠎ᠤ ᠬᠢᠨ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠲᠤᠰᠬᠠᠢ ᠵᠠᠮ ᠭᠠᠷᠭᠠᠬᠤ᠎ᠶᠢ ᠢᠳᠡᠪᠬᠢᠲᠡᠢ ᠠᠬᠢᠭᠤᠯᠵᠤ᠂ ᠨᠡᠢᠲᠡ᠎ᠶᠢᠨ ᠮᠠᠰᠢᠨ ᠲᠡᠷᠭᠡᠨ᠎ᠤ ᠲᠤᠰᠬᠠᠢ ᠵᠠᠮ᠎ᠢ ᠬᠠᠤᠯᠢ᠎ᠠᠴᠠ ᠵᠥᠷᠢᠴᠡᠨ ᠡᠵᠡᠯᠡᠨ ᠬᠡᠷᠡᠭᠯᠡᠭᠰᠡᠨ᠂ ᠨᠡᠢᠲᠡ᠎ᠶᠢᠨ ᠮᠠᠰᠢᠨ ᠲᠡᠷᠭᠡᠨ᠎ᠤ ᠥᠷᠲᠡᠭᠡ᠎ᠳᠤ ᠬᠠᠤᠯᠢ᠎ᠠᠴᠠ ᠵᠥᠷᠢᠴᠡᠨ ᠵᠣᠭᠰᠣᠭᠰᠠᠨ ᠵᠡᠷᠭᠡ ᠦᠢᠯᠡ ᠠᠵᠢᠯᠯᠠᠭ᠎ᠠ᠎ᠶᠢ ᠪᠠᠢᠴᠠᠭᠠᠨ ᠵᠠᠯᠠᠷᠠᠭᠤᠯᠬᠤ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ᠃ ᠨᠡᠪᠲᠡᠷᠡᠬᠦ ᠳᠣᠬᠢᠶᠠᠨ ᠰᠢᠰᠲᠧᠮ᠎ᠦᠨ ᠴᠢᠳᠠᠮᠵᠢ᠎ᠶᠢ ᠰᠢᠯᠢᠳᠡᠭᠵᠢᠭᠦᠯᠬᠦ ᠵᠡᠷᠭᠡ ᠠᠷᠭ᠎ᠠ ᠮᠠᠶᠢᠭ᠋᠎ᠢᠶᠠᠷ ᠳᠣᠬᠢᠶ᠎ᠠ᠎ᠶᠢ ᠡᠵᠡᠮᠳᠡᠬᠦ ᠳᠤᠮᠳᠠ ᠨᠡᠢᠲᠡ᠎ᠶᠢᠨ ᠮᠠᠰᠢᠨ᠎ᠳᠦ ᠨᠣᠭᠣᠭᠠᠨ ᠳ᠋ᠧᠩ᠎ᠢ ᠡᠷᠲᠡ ᠠᠰᠠᠭᠠᠬᠤ ᠪᠤᠶᠤ ᠨᠣᠭᠣᠭᠠᠨ ᠳ᠋ᠧᠩ ᠠᠰᠠᠭᠠᠬᠤ ᠴᠠᠭ᠎ᠢ ᠤᠷᠲᠤᠳᠬᠠᠵᠤ᠂ ᠨᠥᠬᠥᠴᠡᠯ ᠪᠦᠷᠢᠳᠦᠭᠰᠡᠨ ᠵᠠᠮ᠎ᠤᠨ ᠠᠭᠤᠯᠵᠠᠷ᠎ᠲᠤ ᠨᠡᠢᠲᠡ᠎ᠶᠢᠨ ᠮᠠᠰᠢᠨ ᠪᠠᠷᠠᠭᠤᠨᠰᠢ ᠡᠷᠭᠢᠬᠦ ᠵᠠᠮ᠎ᠢᠶᠠᠷ ᠵᠡᠭᠦᠨᠰᠢ ᠡᠷᠭᠢᠬᠦ᠎ᠶᠢ ᠨᠢ ᠵᠥᠪᠰᠢᠶᠡᠷᠡᠨ᠂ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠰᠢᠰᠲᠧᠮ᠎ᠦᠨ ᠪᠦᠬᠦᠯᠢ ᠴᠣᠭᠴᠠ᠎ᠶᠢᠨ ᠠᠵᠢᠯᠯᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃ ᠭᠣᠣᠯᠳᠠᠯᠭ᠎ᠠ ᠪᠣᠯᠬᠤ ᠬᠣᠲᠠᠨ᠎ᠳᠤ ᠭᠠᠷᠠᠮ ᠪᠤᠯᠤᠩ ᠬᠡᠯᠪᠡᠷᠢ᠎ᠶᠢᠨ ᠨᠡᠢᠲᠡ᠎ᠶᠢᠨ ᠮᠠᠰᠢᠨ᠎ᠦ ᠦᠷᠳᠡᠭᠡᠨᠦᠭᠦᠳᠢ ᠥᠭᠡᠷᠡᠴᠢᠯᠡᠨ ᠪᠠᠢᠭᠤᠯᠵᠤ᠂ ᠭᠠᠷᠠᠮ ᠪᠤᠯᠤᠩ ᠬᠡᠯᠪᠡᠷᠢ᠎ᠶᠢᠨ ᠨᠡᠢᠲᠡ᠎ᠶᠢᠨ ᠮᠠᠰᠢᠨ᠎ᠦ ᠦᠷᠳᠡᠭᠡ ᠪᠠᠢᠭᠤᠯᠬᠤ ᠬᠠᠷᠢᠴᠠᠯ᠎ᠢ ᠳᠡᠭᠡᠭᠰᠢᠯᠡᠭᠦᠯᠦᠨ᠎ᠡ᠃ ᠣᠯᠠᠨ ᠨᠡᠢᠲᠡ᠎ᠶᠢᠨ ᠵᠠᠮ ᠬᠠᠷᠢᠯᠴᠠᠭ᠎ᠠ᠎ᠶᠢᠨ 《ᠡᠮᠨᠡᠯᠭᠡ᠎ᠶᠢᠨ ᠬᠣᠷᠢᠶᠠᠨ᠎ᠳᠤ ᠣᠷᠣᠬᠤ᠂ ᠰᠤᠷᠭᠠᠭᠤᠯᠢ᠎ᠶᠢᠨ ᠬᠦᠷᠢᠶᠡᠨ᠎ᠳᠦ ᠣᠷᠣᠬᠤ᠂ ᠬᠦᠷᠢᠶᠡᠯᠡᠩ ᠲᠣᠭᠣᠷᠢᠭ᠋᠎ᠲᠤ ᠣᠷᠣᠬᠤ》᠎ᠶᠢ ᠵᠣᠷᠢᠭ᠍ᠵᠢᠭᠤᠯᠵᠤ᠂ ᠵᠠᠮ ᠳᠡᠭᠡᠷᠡᠬᠢ ᠵᠠᠮ ᠬᠠᠷᠢᠯᠴᠠᠭᠠᠨ᠎ᠤ ᠳᠠᠷᠤᠭᠠᠰᠤ᠎ᠶᠢ ᠬᠥᠩᠭᠡᠷᠡᠭᠦᠯᠦᠨ᠎ᠡ᠃ ᠬᠥᠬᠡᠬᠣᠲᠠ᠎ᠶᠢᠨ ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭ᠎ᠠ ᠬᠢᠭᠡᠳ ᠲᠡᠮᠦᠷ ᠵᠢᠮᠲᠣ᠌ ᠵᠠᠮ ᠬᠠᠷᠢᠯᠴᠠᠭᠠᠨ᠎ᠤ 《ᠬᠣᠶᠠᠷ ᠲᠣᠣᠷ᠎ᠤᠨ ᠨᠡᠢᠯᠡᠯ》᠎ᠢ ᠤᠯᠠᠮ ᠨᠢᠭᠡ ᠠᠯᠬᠤᠮ ᠠᠬᠢᠭᠤᠯᠬᠤ᠎ᠶᠢ ᠵᠣᠷᠢᠭ᠍ᠵᠢᠭᠤᠯᠵᠤ᠂ ᠬᠣᠲᠠ᠎ᠶᠢᠨ ᠡᠷᠬᠢᠨ ᠲᠣᠭᠣᠷᠢᠨ᠎ᠤ ᠲᠡᠮᠦᠷ ᠵᠢᠮᠲᠣ᠌ ᠵᠠᠮ ᠬᠠᠷᠢᠯᠴᠠᠭᠠᠨ᠎ᠤ ᠥᠷᠲᠡᠭᠡ ᠴᠡᠭ᠎ᠲᠤ ᠲᠡᠷᠭᠡ᠎ᠪᠡᠨ ᠵᠣᠭᠰᠣᠭᠠᠵᠤ ᠲᠡᠷᠭᠡ ᠰᠣᠯᠢᠬᠤ ᠲᠡᠷᠭᠡᠨ ᠵᠣᠭᠰᠣᠭᠠᠯ᠎ᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠤ᠂ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠪᠠᠭᠠᠵᠢ᠎ᠶᠢ ᠰᠣᠯᠢᠵᠤ ᠰᠠᠭᠤᠭᠠᠳ ᠬᠣᠲᠠ᠎ᠶᠢᠨ ᠲᠥᠪ ᠪᠣᠯᠬᠤ ᠣᠷᠣᠨ ᠪᠦᠰᠡ᠎ᠳᠦ ᠣᠷᠣᠬᠤ᠎ᠶᠢ ᠨᠢ ᠬᠥᠲᠥᠯᠥᠨ ᠵᠢᠯᠣᠭᠣᠳᠤᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ)
ᠠᠷᠪᠠ᠂ ᠣᠶᠤᠨᠴᠢᠯᠠᠭᠰᠠᠨ᠂ ᠪᠣᠬᠢᠷᠲᠤᠯ ᠦᠭᠡᠢᠳᠡᠭᠦᠯᠦᠭᠰᠡᠨ ᠡᠵᠡᠩᠨᠡᠯᠲᠡ᠎ᠶᠢ ᠠᠬᠢᠭᠤᠯᠤᠨ᠎ᠠ
ᠡᠯ᠎ᠡ ᠭᠠᠵᠠᠷ ᠣᠷᠣᠨ᠎ᠦ ᠬᠢᠨ ᠲᠣᠭᠲᠠᠮᠠᠯ ᠬᠤᠭᠤᠴᠠᠭ᠎ᠠ ᠲᠠᠢ᠎ᠪᠠᠷ ᠣᠯᠠᠨ ᠨᠡᠢᠲᠡ᠎ᠶᠢᠨ ᠵᠣᠷᠴᠢᠯᠭᠠᠶᠢᠨ ᠪᠠᠢᠴᠠᠭᠠᠯᠲᠠ᠎ᠶᠢ ᠥᠷᠨᠢᠭᠦᠯᠵᠦ᠂ ᠲᠣᠮᠣ᠌ ᠳ᠋ᠠᠢᠲ᠋ᠠ᠂ ᠡᠭᠦᠯᠡᠨ ᠪᠣᠳᠣᠯᠲᠠ ᠵᠡᠷᠭᠡ ᠰᠢᠨ᠎ᠡ ᠮᠡᠷᠭᠡᠵᠢᠯ᠎ᠦᠨ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠱᠤᠭᠤᠮ ᠲᠣᠣᠷ᠎ᠤᠨ ᠰᠢᠯᠢᠳᠡᠭᠵᠢᠭᠦᠯᠦᠯᠲᠡ᠂ ᠡᠵᠡᠩᠨᠡᠯᠲᠡ᠎ᠶᠢᠨ ᠲᠣᠬᠢᠷᠠᠭᠤᠯᠤᠯᠲᠠ᠂ ᠦᠢᠯᠡᠴᠢᠯᠡᠭᠡᠨ᠎ᠦ ᠬᠢᠨᠠᠯᠲᠠ ᠬᠠᠮᠢᠶᠠᠷᠤᠯᠲᠠ᠂ ᠠᠵᠢᠯ ᠲᠥᠷᠥᠯ᠎ᠦᠨ ᠬᠠᠮᠢᠶᠠᠷᠤᠯᠲᠠ ᠪᠠ ᠵᠣᠷᠴᠢᠯᠭᠠᠶᠢᠨ ᠦᠢᠯᠡᠴᠢᠯᠡᠭᠡ ᠵᠡᠷᠭᠡ ᠲᠠᠯ᠎ᠠ᠎ᠳᠠᠬᠢ ᠬᠡᠷᠡᠭᠯᠡᠯᠲᠡ᠎ᠶᠢ ᠠᠬᠢᠭᠤᠯᠵᠤ᠂ ᠴᠠᠭ᠎ᠲᠤ᠎ᠪᠠᠨ ᠠᠵᠢᠯᠯᠠᠭᠰᠠᠨ ᠨᠣᠷᠮ᠎ᠠ ᠪᠠ ᠠᠵᠢᠯᠯᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠲᠤᠬᠠᠢ᠎ᠶᠢᠨ ᠴᠠᠭ᠎ᠤᠨ ᠮᠡᠳᠡᠭᠡ ᠵᠠᠩᠭᠢ᠎ᠶᠢᠨ ᠦᠢᠯᠡᠴᠢᠯᠡᠭᠡ᠎ᠶᠢ 《ᠣᠯᠠᠨ ᠲᠣᠣᠷ᠎ᠤᠨ ᠨᠡᠢᠯᠡᠯ》 ᠲᠡᠢᠰᠢ ᠥᠷᠭᠡᠳᠬᠡᠬᠦ᠎ᠶᠢ ᠠᠬᠢᠭᠤᠯᠵᠤ᠂ ᠵᠣᠷᠴᠢᠯᠭᠠᠶᠢᠨ ᠮᠡᠳᠡᠭᠡ ᠵᠠᠩᠭᠢ᠎ᠶᠢᠨ ᠦᠢᠯᠡᠴᠢᠯᠡᠭᠡ᠎ᠶᠢᠨ ᠭᠦᠨᠴᠡ ᠪᠠ ᠥᠷᠭᠡᠴᠡ᠎ᠶᠢ ᠳᠡᠭᠡᠭᠰᠢᠯᠡᠭᠦᠯᠦᠨ᠂ ᠣᠯᠠᠨ ᠲᠦᠮᠡᠨ᠎ᠳᠦ ᠨᠡᠩ ᠣᠶᠤᠨᠴᠢ ᠪᠣᠬᠢᠷᠲᠤᠯ ᠦᠭᠡᠢ ᠵᠣᠷᠴᠢᠯᠭᠠᠶᠢᠨ ᠪᠡᠶᠡᠴᠢᠯᠡᠨ ᠣᠢᠯᠠᠭᠠᠯᠲᠠ᠎ᠶᠢ ᠡᠳ᠋ᠯᠡᠭᠦᠯᠦᠨ᠎ᠡ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠠᠷᠪᠠᠨ ᠨᠢᠭᠡ᠂ ᠣᠯᠠᠨ ᠲᠦᠮᠡᠨ᠎ᠦ ᠲᠡᠷᠭᠡᠨ᠎ᠳᠦ ᠰᠠᠭᠤᠬᠤ ᠲᠥᠬᠥᠮ ᠳᠥᠲᠡ ᠪᠠᠢᠬᠤ ᠬᠡᠮᠵᠢᠶ᠎ᠡ᠎ᠶᠢ ᠳᠡᠭᠡᠭᠰᠢᠯᠡᠭᠦᠯᠦᠨ᠎ᠡ
ᠡᠯ᠎ᠡ ᠭᠠᠵᠠᠷ ᠣᠷᠣᠨ᠎ᠦ ᠬᠢᠨ ᠰᠣᠬᠣᠷ ᠬᠥᠮᠥᠨ᠎ᠦ ᠵᠠᠮ᠂ ᠰᠠᠭᠠᠳ ᠦᠭᠡᠢ ᠭᠠᠲᠤᠯᠬᠤ ᠬᠠᠪᠲᠠᠰᠤ᠂ ᠡᠬᠡ ᠨᠢᠯᠬᠠᠰ᠎ᠤᠨ ᠥᠷᠥᠭᠡ ᠵᠡᠷᠭᠡ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠪᠡᠯᠡᠳᠬᠡᠮᠵᠢ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠰᠤᠲᠠᠢᠴᠤᠳ᠂ ᠬᠡᠦᠬᠡᠳ᠂ ᠵᠡᠮᠳᠡᠭᠴᠦᠳ ᠵᠡᠷᠭᠡ ᠬᠥᠮᠥᠰ᠎ᠦᠨ ᠵᠣᠷᠴᠢᠯᠭᠠᠶᠢᠨ ᠦᠢᠯᠡᠴᠢᠯᠡᠭᠡ᠎ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ; ᠲᠣᠮᠣ᠌ ᠦᠷᠳᠡᠬᠡ ᠲᠦᠷᠭᠡᠨ ᠱᠤᠭᠤᠮ᠂ ᠪᠢᠴᠢᠯ ᠣᠷᠴᠢᠯ᠂ ᠲᠤᠰᠬᠠᠢᠯᠠᠨ ᠲᠣᠭᠲᠠᠭᠠᠭᠰᠠᠨ ᠵᠡᠷᠭᠡ ᠠᠮᠢᠳᠤᠯᠢᠭ᠋ ᠤᠯᠠᠨ ᠶᠠᠩᠵᠤᠲᠤ ᠦᠢᠯᠡᠴᠢᠯᠡᠭᠡᠨ᠎ᠦ ᠵᠠᠭᠪᠤᠷ᠎ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠤᠨᠢᠨ ᠳᠡᠭᠡᠷ᠎ᠡ ᠨᠢ ᠬᠠᠩᠭᠠᠯᠭ᠎ᠠ ᠬᠡᠷᠡᠭᠴᠡᠭᠡ᠎ᠶᠢ ᠲᠣᠬᠢᠷᠠᠭᠤᠯᠬᠤ᠎ᠶᠢ ᠠᠬᠢᠭᠤᠯᠬᠤ ᠬᠡᠷᠡᠭᠲᠡᠢ; ᠶᠠᠷᠢᠶ᠎ᠠ ᠬᠡᠯᠡᠯᠴᠡᠭᠡ᠎ᠪᠡᠷ ᠤᠬᠠᠭᠤᠯᠵᠤ ᠬᠥᠲᠥᠯᠥᠨ ᠵᠢᠯᠤᠭᠣᠳᠬᠤ᠎ᠪᠡᠨ ᠴᠢᠩᠭᠠᠳᠬᠠᠵᠤ᠂ ᠪᠣᠬᠢᠷᠲᠤᠯ ᠦᠭᠡᠢ ᠵᠣᠷᠴᠢᠯᠭᠠ᠂ ᠣᠯᠠᠨ ᠨᠡᠢᠲᠡ᠎ᠶᠢᠨ ᠵᠠᠮ ᠬᠠᠷᠢᠯᠴᠠᠭ᠎ᠠ᠎ᠶᠢ ᠤᠷᠢᠳ᠎ᠢᠶᠠᠷ ᠪᠣᠳᠣᠯᠬᠢᠯᠠᠬᠤ ᠲᠠᠯ᠎ᠠ᠎ᠪᠠᠷ ᠬᠢ ᠣᠯᠠᠨ ᠨᠡᠢᠲᠡ᠎ᠶᠢᠨ ᠮᠡᠳᠡᠷᠡᠮᠵᠢ᠎ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠠᠷᠪᠠᠨ ᠬᠣᠶᠠᠷ᠂ ᠠᠵᠤ ᠠᠬᠤᠢᠯᠠᠯ᠎ᠤᠨ ᠤᠯᠠᠨ ᠡᠰᠢᠵᠢᠭᠰᠡᠨ ᠡᠵᠡᠩᠨᠡᠯᠲᠡ᠎ᠶᠢ ᠳᠡᠮᠵᠢᠨ᠎ᠡ
ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ᠎ᠤᠨ ᠣᠯᠠᠨ ᠨᠡᠢᠲᠡ᠎ᠶᠢᠨ ᠦᠨᠳᠦᠰᠦᠨ ᠦᠢᠯᠡᠴᠢᠯᠡᠭᠡ᠎ᠶᠢ ᠪᠠᠲᠤᠯᠠᠭᠰᠠᠨ᠎ᠤ ᠰᠠᠭᠤᠷᠢᠨ ᠳᠡᠭᠡᠷ᠎ᠡ᠂ ᠠᠵᠢᠯ ᠲᠥᠷᠥᠯ᠎ᠦᠨ ᠳᠠᠪᠠᠭᠤᠯᠢᠭ᠎ᠲᠤ᠎ᠪᠠᠨ ᠲᠦᠰᠢᠭᠯᠡᠨ ᠵᠠᠷ ᠮᠡᠳᠡᠭᠡ ᠵᠠᠭᠤᠴᠢᠯᠠᠭᠤᠷ᠂ ᠬᠤᠳᠠᠯᠳᠤᠭᠠᠨ᠎ᠤ ᠲᠦᠷᠢᠶᠡᠰᠦᠯᠡᠯ᠂ ᠮᠠᠰᠢᠨ ᠲᠡᠷᠭᠡᠨ᠎ᠦ ᠴᠡᠨᠡᠭᠯᠡᠯᠲᠡ ᠵᠡᠷᠭᠡ ᠲᠤᠬᠠᠢᠯᠠᠭᠰᠠᠨ ᠠᠵᠢᠯ᠎ᠢ ᠥᠷᠭᠡᠳᠬᠡᠵᠦ᠂ ᠠᠵᠤ ᠠᠬᠤᠢᠯᠠᠯ᠎ᠤᠨ ᠪᠦᠬᠦᠯᠢ ᠴᠣᠭᠴᠠ᠎ᠶᠢᠨ ᠡᠵᠡᠩᠨᠡᠯᠲᠡ᠎ᠶᠢᠨ ᠦᠷ᠎ᠡ ᠠᠰᠢᠭ᠋ ᠪᠠ ᠦᠷᠭᠦᠯᠵᠢᠯᠡᠬᠦᠢᠴᠡ ᠬᠥᠭᠵᠢᠯᠲᠡ᠎ᠶᠢᠨ ᠴᠢᠳᠠᠪᠤᠷᠢ ᠪᠠᠨ ᠳᠡᠭᠡᠭᠰᠢᠯᠡᠭᠦᠯᠬᠦ᠎ᠶᠢ᠎ᠨᠢ ᠳᠡᠮᠵᠢᠨ᠎ᠡ᠃ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠡᠵᠡᠩᠨᠡᠯᠲᠡ᠎ᠶᠢᠨ ᠠᠮᠤᠷ ᠲᠦᠪᠰᠢᠨ᠎ᠢ ᠪᠠᠲᠤᠯᠠᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ)
ᠠᠷᠪᠠᠨ ᠭᠤᠷᠪᠠ᠂ ᠠᠵᠢᠯ ᠡᠷᠬᠢᠯᠡᠭᠰᠡᠳ᠎ᠦᠨ ᠡᠷᠬᠡ ᠠᠰᠢᠭ᠋᠎ᠢ ᠪᠠᠲᠤᠯᠠᠨ᠎ᠠ
ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ᠎ᠨᠢ ᠠᠵᠢᠯᠲᠠᠨ᠎ᠤ ᠴᠠᠯᠢᠩ᠎ᠢ᠎ᠪᠠᠨ ᠴᠠᠭ ᠲᠤᠬᠠᠢ᠎ᠳᠤ ᠨᠢ ᠲᠣᠭ᠎ᠠ ᠶᠣᠰᠣᠭᠠᠷ ᠥᠭᠴᠦ᠂ ᠨᠡᠢᠭᠡᠮ᠎ᠤᠨ ᠳᠠᠭᠠᠳᠬᠠᠯ᠎ᠢ᠎ᠨᠢ ᠲᠤᠰᠢᠶᠠᠵᠤ᠂ ᠠᠵᠢᠯᠯᠠᠭᠰᠠᠳ᠎ᠤᠨ ᠴᠠᠯᠢᠩ᠎ᠤᠨ ᠣᠷᠣᠯᠭ᠎ᠠ᠎ᠶᠢᠨ ᠬᠡᠪ᠎ᠤᠨ ᠨᠡᠮᠡᠭᠳᠡᠯ᠎ᠦᠨ ᠲᠣᠭᠲᠠᠴᠠ ᠪᠠ ᠵᠢᠯᠣᠭᠣᠴᠢ᠎ᠳᠤ ᠬᠡᠯᠪᠡᠢᠯᠭᠡᠭᠰᠡᠨ ᠴᠠᠯᠢᠩ ᠬᠥᠯᠥᠰᠦ᠎ᠶᠢᠨ ᠳᠦᠷᠢᠮ᠎ᠢ ᠪᠠᠢᠭᠤᠯᠤᠨ᠂ ᠪᠡᠶ᠎ᠡ᠎ᠶᠢᠨ ᠪᠠᠢᠴᠠᠭᠠᠯᠲᠠ ᠵᠢᠴᠢ ᠰᠡᠳᠬᠢᠴᠡ᠎ᠶᠢᠨ ᠡᠷᠡᠭᠦᠯ ᠮᠡᠨᠳᠤ᠎ᠶᠢᠨ ᠬᠠᠪᠰᠤᠷᠤᠨ ᠵᠢᠯᠣᠭᠣᠳᠤᠯᠭ᠎ᠠ᠎ᠶᠢ ᠲᠣᠭᠲᠠᠮᠠᠯ ᠬᠤᠭᠤᠴᠠᠭ᠎ᠠ ᠲᠠᠢ᠎ᠪᠠᠷ ᠵᠣᠬᠢᠶᠠᠨ ᠪᠠᠢᠭᠤᠯᠵᠤ᠂ ᠬᠣᠭᠣᠯᠠᠯᠠᠬᠤ ᠵᠢᠴᠢ ᠠᠮᠠᠷᠠᠬᠤ ᠲᠠᠯᠠᠪᠤᠷ ᠭᠠᠵᠠᠷ ᠲᠣᠬᠢᠷᠠᠭᠤᠯᠤᠨ᠂ ᠵᠢᠯᠣᠭᠣᠴᠢ᠎ᠶᠢᠨ ᠠᠵᠢᠯᠯᠠᠬᠤ ᠴᠠᠭ᠎ᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠡᠷᠢᠭᠦᠨ᠎ᠦ ᠨᠡᠢᠲᠡᠯᠢᠭ ᠵᠢᠱ᠌ᠢᠶ᠎ᠡ ᠰᠣᠩᠭᠣᠵᠤ ᠪᠣᠢ ᠪᠣᠯᠭᠠᠬᠤ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠬᠣᠲᠠ᠎ᠶᠢᠨ ᠣᠯᠠᠨ ᠨᠡᠢᠲᠡ᠎ᠶᠢᠨ ᠮᠠᠰᠢᠨᠲᠤ ᠲᠡᠷᠭᠡ ᠴᠠᠬᠢᠯᠭᠠᠨ ᠲᠡᠷᠭᠡᠨ᠎ᠦ ᠵᠢᠯᠣᠭᠣᠴᠢ᠎ᠶᠢ ᠪᠠᠴᠢᠮ ᠳᠤᠲᠠᠭᠳᠠᠵᠤ ᠪᠠᠢᠭ᠎ᠠ ᠠᠵᠢᠯ ᠮᠡᠷᠭᠡᠵᠢᠯ (ᠠᠵᠢᠯ᠎ᠤᠨ ᠲᠥᠷᠥᠯ)᠎ᠤᠨ ᠭᠠᠷᠴᠠᠭ᠎ᠲᠤ ᠵᠢᠭ᠍ᠰᠠᠭᠠᠨ ᠣᠷᠣᠭᠤᠯᠬᠤ᠎ᠶᠢ ᠵᠣᠷᠢᠭ᠍ᠵᠢᠭᠤᠯᠵᠤ᠂ ᠨᠥᠬᠥᠴᠡᠯ᠎ᠳᠦ ᠨᠡᠢᠴᠡᠬᠦ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠳᠤ ᠠᠵᠢᠯ᠎ᠤᠨ ᠪᠠᠢᠷᠢ᠎ᠶᠢᠨ ᠨᠡᠮᠡᠯᠭᠡ ᠣᠯᠭᠣᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠠᠵᠢᠯᠴᠢᠨ᠎ᠤ ᠶᠡᠷᠦᠩᠬᠡᠢ ᠡᠪᠯᠡᠯ)
ᠠᠷᠪᠠᠨ ᠳᠥᠷᠪᠡ᠂ ᠠᠵᠢᠯ᠎ᠤᠨ ᠲᠣᠭᠲᠠᠴᠠ᠎ᠶᠢᠨ ᠪᠠᠲᠤᠯᠠᠭ᠎ᠠ᠎ᠶᠢ ᠴᠢᠩᠭᠠᠳᠬᠠᠨ᠎ᠠ
ᠡᠯ᠎ᠡ ᠠᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ᠋)᠎ᠤ ᠬᠢᠨ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠠᠵᠢᠯ᠎ᠢ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ᠎ᠤᠨ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠨᠢ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠣᠨᠴᠠ ᠵᠥᠪᠰᠢᠶᠡᠷᠡᠯ ᠲᠠᠢ ᠡᠵᠡᠩᠨᠡᠯᠲᠡ᠂ ᠡᠵᠡᠩᠨᠡᠯᠲᠡ᠎ᠶᠢᠨ ᠦᠢᠯᠡᠴᠢᠯᠡᠭᠡᠨ᠎ᠤ ᠥᠪᠡᠷ᠎ᠤᠨ ᠦᠷᠳᠡᠭ᠎ᠤᠨ ᠳᠦᠷᠢᠮ᠂ ᠬᠥᠭᠵᠢᠯᠲᠡ᠎ᠶᠢᠨ ᠬᠢᠷᠢ ᠲᠦᠪᠰᠢᠨ᠎ᠤ ᠦᠨᠡᠯᠡᠯᠲᠡ᠂ ᠦᠢᠯᠡᠴᠢᠯᠡᠭᠡᠨ᠎ᠤ ᠴᠢᠨᠠᠷ ᠴᠢᠨᠰᠠᠭ᠎ᠠ᠎ᠶᠢᠨ ᠦᠨᠡᠯᠡᠯᠲᠡ ᠵᠡᠷᠭᠡ ᠵᠦᠭᠯᠡᠭᠦᠷ᠎ᠢ ᠲᠦᠷᠦᠭᠦᠯᠡᠨ ᠲᠣᠭᠲᠠᠭᠠᠵᠤ᠂ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠢᠯ ᠲᠦᠷᠦᠯ᠎ᠤᠨ ᠬᠥᠭᠵᠢᠯᠲᠡ᠎ᠳᠦ ᠦᠢᠯᠡᠴᠢᠯᠡᠬᠦ ᠠᠵᠢᠯ᠎ᠢᠶᠠᠨ ᠰᠠᠢᠲᠤᠷ ᠬᠢᠵᠦ᠂ ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠠᠵᠢᠯ ᠲᠦᠷᠦᠯ᠎ᠤᠨ ᠨᠡᠢᠭᠡᠮᠯᠢᠭ ᠪᠠᠢᠭᠤᠯᠬᠤ᠎ᠶᠢ ᠢᠳᠡᠪᠬᠢᠲᠡᠢ᠎ᠪᠡᠷ ᠬᠥᠲᠥᠯᠥᠨ ᠵᠢᠯᠤᠭᠣᠳᠬᠤ ᠪᠠ ᠵᠣᠷᠢᠭ᠍ᠵᠢᠭᠤᠯᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ)
ᠲᠤᠰ ᠰᠠᠨᠠᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 《ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭ᠎ᠠ᠎ᠶᠢ ᠤᠷᠢᠳ᠎ᠢᠶᠠᠷ ᠬᠥᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠥᠪᠥᠷ ᠵᠠᠰᠠᠭ ᠲᠠᠷᠬᠠᠭᠠᠭᠰᠠᠨ〔 2013〕108 ᠳ᠋ᠤᠭᠠᠷ ᠲᠣᠭᠠᠲᠤ)᠎ᠢ ᠬᠠᠮᠲᠤ᠎ᠳᠤ ᠨᠢ ᠬᠦᠴᠦᠨ ᠦᠭᠡᠢ ᠪᠣᠯᠭᠠᠨ᠎ᠠ᠃ ᠲᠤᠰ ᠰᠠᠨᠠᠯ᠎ᠳᠤ ᠪᠣᠳᠠᠲᠠᠢ ᠲᠣᠭᠲᠠᠭᠠᠭᠰᠠᠨ ᠦᠭᠡᠢ ᠵᠦᠢᠯᠡᠰ᠎ᠢ 《ᠬᠤᠳᠠ᠎ᠶᠢᠨ ᠤᠯᠠᠨ ᠨᠡᠢᠲᠡ᠎ᠶᠢᠨ ᠵᠠᠮ ᠬᠠᠷᠢᠯᠴᠠᠭᠠᠨ᠎ᠤ ᠳᠦᠷᠢᠮ》 ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
2025 ᠣᠨ᠎ᠤ 7 ᠳ᠋ᠤᠭᠠᠷ ᠰᠠᠷ᠎ᠠ᠎ᠶᠢᠨ 17᠎ᠦ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 7 ᠳ᠋ᠤᠭᠠᠷ ᠰᠠᠷ᠎ᠠ᠎ᠶᠢᠨ
17᠎ᠦ ᠡᠳᠦᠷ ᠳᠠᠷᠤᠮᠠᠯᠯᠠᠨ ᠲᠠᠷᠬᠠᠭᠠᠪᠠ