ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠧᠷᠢᠶᠠᠯ
ᠥᠪᠥᠷ ᠵᠠᠰᠠᠭ ᠲᠠᠷᠬᠠᠭᠠᠭᠰᠠᠨ 〔2025〕14 ᠳ᠋ᠦ᠍ᠭᠡᠷ ᠲᠣᠭᠠᠲᠤ
《ᠤᠰᠤ᠎ᠪᠠᠷ ᠳᠥᠷᠪᠡ᠎ᠶᠢ ᠲᠣᠭᠲᠠᠭᠠᠬᠤ》᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ ᠄
ᠨᠠᠮ᠎ᠦᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠦ ᠲᠥᠪ ᠬᠣᠷᠢᠶᠠᠨ᠎ᠦ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠦᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ ᠤᠰᠤ᠎ᠪᠠᠷ ᠬᠤᠳᠠ᠎ᠶᠢ ᠲᠣᠭᠲᠠᠭᠠᠬᠤ᠂ ᠤᠰᠤ᠎ᠪᠠᠷ ᠭᠠᠵᠠᠷ ᠰᠢᠷᠣᠢ᠎ᠶᠢ ᠲᠣᠭᠲᠠᠭᠠᠬᠤ᠂ ᠤᠰᠤ᠎ᠪᠠᠷ ᠬᠥᠮᠥᠨ ᠠᠮᠠ᠎ᠶᠢ ᠲᠣᠭᠲᠠᠭᠠᠬᠤ᠂ ᠤᠰᠤ᠎ᠪᠠᠷ ᠦᠢᠯᠡᠳᠪᠦᠷᠢᠯᠡᠯ᠎ᠢ ᠲᠣᠭᠲᠠᠭᠠᠬᠤ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠦ ᠪᠣᠳᠠᠲᠠᠢ᠎ᠲᠠᠢ ᠤᠶᠠᠯᠳᠤᠭᠤᠯᠵᠤ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ 《ᠤᠰᠤ ᠠᠷᠪᠢᠯᠠᠬᠤ᠎ᠶᠢ ᠤᠷᠢᠳ᠎ᠢᠶᠠᠷ ᠪᠣᠳᠣᠯᠬᠢᠯᠠᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠲᠤᠬᠠᠢ ᠤᠰᠤ ᠵᠠᠰᠠᠬᠤ ᠰᠡᠳᠬᠢᠮᠵᠢ ᠪᠠ ᠤᠰᠤ ᠵᠠᠰᠠᠬᠤ ᠴᠢᠬᠤᠯᠠ ᠥᠭᠦᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠤᠰᠤᠨ᠎ᠤ ᠡᠬᠢ ᠪᠠᠶᠠᠯᠢᠭ᠋᠎ᠢᠶᠠᠷ ᠬᠠᠮᠤᠭ᠎ᠤᠨ ᠬᠠᠲᠠᠭᠤ ᠬᠢᠵᠠᠭᠠᠷᠯᠠᠯ ᠪᠣᠯᠭᠠᠵᠤ᠂ 《ᠤᠰᠤ᠎ᠪᠠᠷ ᠳᠥᠷᠪᠡ᠎ᠶᠢ ᠲᠣᠭᠲᠠᠭᠠᠬᠤ》᠎ᠶᠢ ᠬᠡᠷᠡᠭᠵᠢᠭᠦᠯᠬᠦ ᠲᠣᠭᠲᠠᠴᠠ᠎ᠪᠠᠨ ᠤᠯᠠᠮ ᠨᠢᠭᠡ ᠠᠯᠬᠤᠮ ᠪᠦᠷᠢᠨᠰᠢᠭᠦᠯᠦᠨ᠂ 《ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ》 ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠵᠦ᠂ ᠨᠠᠷᠢᠨ ᠨᠢᠭ᠍ᠲᠠ ᠪᠣᠳᠤᠵᠤ ᠪᠠᠢᠭᠠᠳ ᠤᠰᠤᠨ᠎ᠤ ᠡᠬᠢ ᠪᠠᠶᠠᠯᠢᠭ᠋᠎ᠢ ᠰᠠᠢᠲᠤᠷ ᠠᠰᠢᠭ᠍ᠯᠠᠨ᠂ ᠤᠰᠤᠨ᠎ᠤ ᠡᠬᠢ ᠪᠠᠶᠠᠯᠢᠭ᠋᠎ᠢ ᠴᠢᠩᠭ᠎ᠠ ᠨᠢᠮᠪᠠᠢ ᠰᠠᠢᠲᠤᠷ ᠬᠠᠮᠢᠶᠠᠷᠴᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠷᠢᠰᠢᠭᠤᠯᠤᠯᠲᠠ᠎ᠶᠢ ᠤᠰᠤᠨ᠎ᠤ ᠡᠬᠢ ᠪᠠᠶᠠᠯᠢᠭ᠋᠎ᠤᠨ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠤᠯᠬᠤ᠎ᠶᠢ ᠠᠬᠢᠭᠤᠯᠤᠨ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠬᠤ ᠪᠠ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠦ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ ᠬᠠᠩᠭᠠᠨ᠎ᠠ᠃
2025 ᠣᠨ᠎ᠤ ᠰᠡᠭᠦᠯᠴᠢ ᠪᠣᠯᠬᠤ᠎ᠳᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠪᠦᠲᠦᠮᠵᠢᠲᠡᠶ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠋᠎ᠢ ᠬᠠᠮᠢᠶᠠᠷᠤᠨ ᠡᠵᠡᠮᠳᠡᠬᠦ ᠬᠠᠷᠠᠯᠲᠠᠲᠤ ᠬᠠᠷᠢᠭᠤᠴᠠᠯᠭ᠎ᠠ᠎ᠶᠢᠨ ᠲᠣᠭᠲᠠᠯᠴᠠᠭ᠎ᠠ᠎ᠶᠢ ᠪᠦᠬᠦ ᠲᠠᠯ᠎ᠠ᠎ᠪᠠᠷ ᠪᠠᠢᠭᠤᠯᠤᠨ᠂ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠯᠢᠭ ᠠᠰᠢᠭ᠍ᠯᠠᠬᠤ ᠬᠢᠷᠢ ᠬᠡᠮᠵᠢᠶ᠎ᠡ᠎ᠶᠢ ᠢᠯᠡᠳᠲᠡ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠋᠎ᠤᠨ ᠪᠠᠲᠤᠯᠠᠭ᠎ᠠ᠎ᠶᠢᠨ ᠴᠢᠳᠠᠪᠤᠷᠢ᠎ᠶᠢ ᠢᠯᠡᠳᠲᠡ ᠴᠢᠩᠭᠠᠳᠬᠠᠨ᠂ ᠪᠥᠬᠥ ᠣᠷᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ 196.3 ᠳ᠋ᠦᠩᠰᠢᠭᠤᠷ ᠺᠦᠪ ᠮᠧᠲᠷ᠎ᠦᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠥᠷᠢᠭ᠎ᠦᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠲᠤ ᠬᠡᠷᠡᠭᠯᠡᠬᠦ ᠤᠰᠤᠨ᠎ᠤ ᠬᠡᠮᠵᠢᠶ᠎ᠡ᠎ᠶᠢ 2020 ᠣᠨ᠎ᠤ ᠬᠢ᠎ᠡᠴᠡ 12%᠎ᠠᠴᠠ ᠳᠡᠭᠡᠭᠰᠢ ᠪᠠᠭᠤᠷᠠᠭᠤᠯᠤᠨ᠂ ᠲᠦᠮᠡᠨ ᠲᠥᠭᠥᠷᠢᠭ᠎ᠦᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ᠎ᠲᠤ ᠬᠡᠷᠡᠭᠯᠡᠬᠦ ᠤᠰᠤᠨ᠎ᠤ ᠬᠡᠮᠵᠢᠶ᠎ᠡ᠎ᠶᠢ 2020 ᠣᠨ᠎ᠤ ᠬᠢ᠎ᠡᠴᠡ 13%᠎ᠠᠴᠠ ᠳᠡᠭᠡᠭᠰᠢ ᠪᠠᠭᠤᠷᠠᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ᠎ᠶᠢᠨ ᠤᠰᠤᠨ᠎ᠤ ᠪᠦᠲᠦᠮᠵᠢᠲᠡᠶ ᠠᠰᠢᠭ᠍ᠯᠠᠯᠲᠠ᠎ᠶᠢᠨ ᠢᠯᠡᠳᠬᠡᠮᠵᠢ᠎ᠶᠢ 0.59᠎ᠠᠴᠠ ᠳᠡᠭᠡᠭᠰᠢ᠎ᠳᠦ ᠬᠦᠷᠦᠭᠦᠯᠦᠨ᠎ᠡ᠃ 2030 ᠣᠨ ᠪᠣᠯᠬᠤ᠎ᠳᠤ᠂ ᠬᠥᠮᠥᠨ ᠠᠮᠠ᠂ ᠠᠵᠤ ᠠᠬᠤᠢ ᠬᠢᠭᠡᠳ ᠤᠰᠤᠨ᠎ᠤ ᠡᠬᠢ ᠪᠠᠶᠠᠯᠢᠭ᠋᠎ᠤᠨ ᠲᠡᠩᠴᠡᠭᠦᠷᠢᠲᠡᠢ ᠬᠥᠭᠵᠢᠯᠲᠡ᠎ᠶᠢ ᠦᠨᠳᠦᠰᠦᠨ᠎ᠳᠦ᠎ᠪᠡᠨ ᠪᠡᠶᠡᠯᠡᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ᠋᠎ᠢ ᠢᠯᠡᠳᠲᠡ ᠳᠡᠭᠡᠭᠰᠢᠯᠡᠭᠦᠯᠦᠨ᠂ ᠪᠥᠬᠥ ᠣᠷᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠲᠦᠮᠡᠨ ᠲᠥᠭᠥᠷᠢᠭ᠎ᠦᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠲᠤ ᠬᠡᠷᠡᠭᠯᠡᠬᠦ ᠤᠰᠤᠨ᠎ᠤ ᠬᠡᠮᠵᠢᠶ᠎ᠡ᠂ ᠲᠦᠮᠡᠨ ᠲᠥᠭᠥᠷᠢᠭ᠎ᠦᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ᠎ᠲᠤ ᠬᠡᠷᠡᠭᠯᠡᠬᠦ ᠤᠰᠤᠨ᠎ᠤ ᠬᠡᠮᠵᠢᠶ᠎ᠡ᠎ᠶᠢ ᠤᠯᠤᠰ᠎ᠠᠴᠠ ᠪᠠᠭᠤᠯᠭᠠᠭᠰᠠᠨ ᠬᠠᠮᠢᠶᠠᠷᠤᠨ ᠡᠵᠡᠮᠳᠡᠬᠦ ᠭᠦᠢᠴᠡᠳᠬᠡᠯ ᠲᠣᠭ᠎ᠠ᠎ᠶᠢᠨ ᠳᠣᠲᠣᠷ᠎ᠠ ᠬᠢᠵᠠᠭᠠᠷᠯᠠᠵᠤ᠂ ᠲᠠᠷᠢᠶᠠᠨ ᠭᠠᠵᠠᠷ᠎ᠤᠨ ᠤᠰᠤᠯᠠᠯᠲᠠ᠎ᠶᠢᠨ ᠤᠰᠤᠨ᠎ᠤ ᠪᠦᠲᠦᠮᠵᠢᠲᠡᠶ ᠠᠰᠢᠭ᠍ᠯᠠᠯᠲᠠ᠎ᠶᠢᠨ ᠢᠯᠡᠳᠬᠡᠮᠵᠢ᠎ᠶᠢ 0.608᠎ᠠᠴᠠ ᠳᠡᠭᠡᠭᠰᠢ᠎ᠳᠦ ᠬᠦᠷᠦᠭᠦᠯᠦᠨ᠎ᠡ᠃
ᠬᠣᠶᠠᠷ᠂ ᠬᠠᠲᠠᠭᠤ ᠬᠢᠵᠠᠭᠠᠷᠯᠠᠯ᠎ᠢ ᠴᠢᠩᠭᠠᠷᠠᠭᠤᠯᠵᠤ᠂ ᠤᠰᠤᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠶᠡᠷᠦᠩᠬᠡᠢ ᠬᠡᠮᠵᠢᠶ᠎ᠡ᠎ᠶᠢ ᠴᠢᠩᠭ᠎ᠠ ᠬᠢᠵᠠᠭᠠᠷᠯᠠᠨ᠎ᠠ
(ᠨᠢᠭᠡ) ᠣᠷᠣᠨ ᠪᠦᠰᠡ᠎ᠶᠢᠨ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠶᠢ ᠬᠠᠮᠢᠶᠠᠷᠤᠨ ᠡᠵᠡᠮᠳᠡᠬᠦ᠎ᠪᠡᠨ ᠴᠢᠩᠳᠠᠯᠠᠨ᠎ᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠣᠭᠠᠨ᠎ᠤ ᠲᠣᠭᠲᠠᠯᠴᠠᠭ᠎ᠠ᠎ᠪᠠᠨ ᠪᠦᠷᠢᠨᠰᠢᠭᠦᠯᠵᠦ᠂ ᠵᠠᠰᠠᠭ ᠵᠠᠬᠢᠷᠭᠠᠨ᠎ᠤ ᠣᠷᠣᠨ ᠬᠡᠪᠴᠢᠶ᠎ᠡ ᠠᠯᠤᠰᠯᠠᠭᠰᠠᠨ ᠭᠣᠣᠯ ᠮᠥᠷᠡᠨ᠎ᠦ ᠤᠰᠤᠨ᠎ᠤ ᠬᠡᠮᠵᠢᠶ᠎ᠡ᠎ᠶᠢᠨ ᠬᠤᠪᠢᠶᠠᠷᠢᠯᠠᠯᠲᠠ᠎ᠶᠢ ᠲᠦᠷᠭᠡᠳᠬᠡᠨ ᠪᠡᠶᠡᠯᠡᠭᠦᠯᠵᠦ᠂ ᠡᠯ᠎ᠡ ᠵᠠᠰᠠᠭ ᠵᠠᠬᠢᠷᠭᠠᠨ᠎ᠤ ᠣᠷᠣᠨ᠎ᠤ ᠠᠳᠠᠯᠢ ᠪᠤᠰᠤ ᠭᠣᠣᠯ ᠮᠥᠷᠡᠨ ᠨᠠᠭᠤᠷ ᠴᠦᠬᠦᠷᠦᠮ ᠵᠢᠴᠢ ᠤᠰᠤ ᠲᠠᠲᠠᠬᠤ ᠢᠨᠵᠧᠨᠧᠷᠢᠩ᠎ᠡᠴᠡ ᠠᠪᠤᠭᠰᠠᠨ ᠭᠠᠵᠠᠷ ᠳᠡᠭᠡᠷᠡᠬᠢ ᠤᠰᠤᠨ᠎ᠤ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠶᠢ ᠲᠣᠳᠣᠷᠬᠠᠢᠯᠠᠨ᠂ ᠡᠯ᠎ᠡ ᠬᠠᠮᠢᠶᠠᠷᠤᠯᠲᠠ᠎ᠶᠢᠨ ᠨᠢᠭᠡᠴᠢ᠎ᠶᠢᠨ ᠭᠠᠵᠠᠷ ᠳᠣᠣᠷᠠᠬᠢ ᠤᠰᠤᠨ᠎ᠤ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ ᠵᠢᠴᠢ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠤ ᠪᠠᠢᠩᠭᠤ᠎ᠶᠢᠨ ᠪᠤᠰᠤ ᠤᠰᠤᠨ᠎ᠤ ᠡᠬᠢ ᠰᠤᠷᠪᠤᠯᠵᠢ᠎ᠶᠢᠨ ᠬᠠᠮᠤᠭ᠎ᠤᠨ ᠳᠣᠣᠷ᠎ᠠ ᠠᠰᠢᠭ᠍ᠯᠠᠬᠤ ᠬᠡᠮᠵᠢᠶ᠎ᠡ᠎ᠶᠢ ᠵᠦᠢ ᠵᠣᠬᠢᠰᠲᠠᠢ ᠲᠣᠭᠲᠠᠭᠠᠨ᠎ᠠ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋) ᠨᠢ ᠤᠰᠤ ᠬᠡᠷᠡᠭᠯᠡᠬᠦ ᠬᠡᠮᠵᠢᠶ᠎ᠡ᠎ᠶᠢ ᠬᠢᠵᠠᠭᠠᠷᠯᠠᠬᠤ ᠭᠦᠢᠴᠡᠳᠬᠡᠯ ᠲᠣᠭ᠎ᠠ ᠪᠠᠨ ᠤᠰᠤ ᠬᠡᠷᠡᠭᠯᠡᠬᠦ ᠦᠨᠳᠦᠰᠦᠨ ᠡᠷᠦᠬᠡ ᠪᠠ ᠤᠰᠤ ᠬᠡᠷᠡᠭᠯᠡᠬᠦ ᠦᠨᠳᠦᠰᠦᠨ ᠨᠢᠭᠡᠴᠢ᠎ᠳᠦ ᠬᠦᠷᠲᠡᠯ᠎ᠡ ᠤᠰᠤᠨ᠎ᠤ ᠡᠬᠢ ᠰᠤᠷᠪᠤᠯᠵᠢ᠂ ᠠᠵᠢᠯ ᠲᠥᠷᠥᠯ᠎ᠢᠶᠡᠷ ᠨᠠᠷᠢᠯᠢᠭ᠍ᠵᠢᠭᠤᠯᠤᠨ ᠬᠤᠪᠢᠶᠠᠵᠤ᠂ ᠤᠰᠤ ᠲᠠᠲᠠᠵᠤ ᠬᠡᠷᠡᠭᠯᠡᠬᠦ᠎ᠶᠢ ᠬᠢᠨᠠᠨ ᠰᠢᠨᠵᠢᠬᠦ ᠬᠡᠮᠵᠢᠯᠲᠡ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠬᠢᠵᠠᠭᠠᠷᠯᠠᠬᠤ 《ᠤᠯᠠᠭᠠᠨ ᠱᠤᠭᠤᠮ》 ᠵᠢᠴᠢ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠶᠢᠨ ᠳᠡᠭᠡᠳᠦ ᠬᠢᠵᠠᠭᠠᠷ᠎ᠢ ᠴᠢᠩᠭ᠎ᠠ ᠰᠠᠬᠢᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ; ᠳᠣᠣᠷᠠᠬᠢ ᠡᠯ᠎ᠡ ᠵᠦᠢᠯ᠎ᠦᠨ ᠠᠵᠢᠯ᠎ᠢ ᠴᠥᠮ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠠᠴᠠ ᠨᠠᠢᠳᠠᠪᠤᠷᠢᠵᠢᠭᠤᠯᠬᠤ ᠴᠢᠬᠤᠯᠠᠲᠠᠢ ᠪᠣᠯᠬᠣᠷ ᠳᠠᠭᠢᠵᠤ ᠠᠰ᠎ᠲᠤ ᠨᠢ ᠵᠢᠭ᠍ᠰᠠᠭᠠᠬᠤ ᠦᠭᠡᠢ)
(ᠬᠣᠶᠠᠷ) ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠤᠰᠤᠨ᠎ᠤ ᠬᠡᠮᠵᠢᠶ᠎ᠡ᠎ᠶᠢᠨ ᠬᠠᠮᠢᠶᠠᠷᠤᠯᠲᠠ᠎ᠶᠢ ᠴᠢᠩᠭᠠᠷᠠᠭᠤᠯᠤᠨ᠎ᠠ᠃ ᠤᠰᠤᠨ᠎ᠤ ᠡᠬᠢ ᠪᠠᠶᠠᠯᠢᠭ᠋᠎ᠦᠨ ᠤᠭ ᠴᠢᠨᠠᠷ ᠪᠠ ᠠᠮᠢ ᠠᠬᠤᠢ᠎ᠶᠢᠨ ᠬᠠᠮᠠᠭᠠᠯᠠᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠵᠦ᠂ ᠴᠢᠬᠤᠯᠠ ᠭᠣᠣᠯ ᠮᠥᠷᠡᠨ ᠨᠠᠭᠤᠷ ᠴᠥᠭᠥᠷᠥᠮ᠎ᠦᠨ ᠭᠣᠣᠯ ᠡᠵᠡᠮᠳᠡᠵᠦ ᠪᠦᠬᠦᠢ ᠣᠭᠲᠣᠯᠣᠭᠠᠰᠤ᠎ᠶᠢᠨ ᠠᠮᠢ ᠠᠬᠤᠢ᠎ᠶᠢᠨ ᠤᠷᠤᠰᠴᠠ᠎ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠣᠭ᠎ᠠ (ᠤᠰᠤᠨ᠎ᠤ ᠬᠡᠮᠵᠢᠶ᠎ᠡ᠂ ᠤᠰᠤᠨ ᠲᠦᠪᠰᠢᠨ᠂ ᠳᠣᠷᠣᠭ᠍ᠰᠢ ᠠᠳᠠᠯᠢ)᠎ᠶᠢ ᠵᠦᠢ ᠵᠣᠬᠢᠰᠲᠠᠢ ᠲᠣᠭᠲᠠᠭᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠤᠷᠤᠰᠴᠠ᠎ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠤᠷᠤᠰᠴᠠ᠎ᠶᠢ ᠲᠣᠬᠢᠷᠠᠭᠤᠯᠤᠨ ᠬᠠᠮᠢᠶᠠᠷᠬᠤ᠎ᠪᠠᠨ ᠴᠢᠩᠭᠠᠷᠠᠭᠤᠯᠵᠤ᠂ ᠴᠢᠬᠤᠯᠠ ᠭᠣᠣᠯ ᠮᠥᠷᠡᠨ᠎ᠦ ᠠᠮᠢ ᠠᠬᠤᠢ᠎ᠶᠢᠨ ᠤᠷᠤᠰᠴᠠ᠎ᠶᠢᠨ ᠬᠠᠷᠠᠯᠲᠠᠲᠤ ᠱᠠᠭᠠᠷᠳᠠᠯᠭ᠎ᠠ᠎ᠶᠢ ᠬᠠᠩᠭᠠᠬᠤ᠂ ᠭᠣᠣᠯᠳᠠᠯᠭ᠎ᠠ᠎ᠲᠠᠢ ᠨᠠᠭᠤᠷ ᠴᠥᠭᠥᠷᠥᠮ᠎ᠦᠨ ᠠᠮᠢ ᠠᠬᠤᠢ᠎ᠶᠢᠨ ᠤᠰᠤᠨ ᠲᠦᠪᠰᠢᠨ ᠪᠠ ᠤᠰᠤᠨ ᠭᠠᠳᠠᠷᠭᠤ᠎ᠶᠢᠨ ᠲᠠᠯᠠᠪᠠᠢ᠎ᠶᠢ ᠵᠦᠢ ᠵᠣᠬᠢᠰᠲᠠᠢ ᠬᠡᠪᠴᠢᠶᠡᠨ᠎ᠳᠤ ᠪᠠᠢᠯᠭᠠᠬᠤ᠎ᠶᠢ ᠦᠨᠡᠨ ᠬᠦ᠌ ᠪᠠᠲᠤᠯᠠᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
(ᠭᠤᠷᠪᠠ) ᠭᠠᠵᠠᠷ ᠳᠣᠣᠷᠠᠬᠢ ᠤᠰᠤᠨ᠎ᠤ 《ᠬᠣᠶᠠᠷ᠎ᠢ ᠡᠵᠡᠮᠳᠡᠬᠦ》 ᠬᠠᠮᠢᠶᠠᠷᠤᠯᠲᠠ᠎ᠶᠢ ᠴᠢᠩᠭᠠᠳᠬᠠᠨ᠎ᠠ᠃ ᠭᠠᠵᠠᠷ ᠳᠣᠣᠷᠠᠬᠢ ᠤᠰᠤᠨ᠎ᠤ ᠤᠰᠤᠨ᠎ᠤ ᠬᠡᠮᠵᠢᠶ᠎ᠡ᠂ ᠤᠰᠤᠨ ᠲᠦᠪᠰᠢᠨ᠎ᠢ ᠡᠵᠡᠮᠳᠡᠬᠦ ᠬᠠᠮᠢᠶᠠᠷᠤᠯᠲᠠ᠎ᠶᠢ ᠬᠡᠷᠡᠭᠵᠢᠭᠦᠯᠵᠦ᠂ ᠬᠠᠮᠢᠶᠠᠷᠤᠨ ᠡᠵᠡᠮᠳᠡᠬᠦ ᠬᠠᠷᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠨ᠂ ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ᠎ᠶᠢᠨ ᠨᠢᠭᠡᠴᠢ᠎ᠶᠢᠨ ᠤᠰᠤᠨ᠎ᠤ ᠬᠡᠮᠵᠢᠶ᠎ᠡ᠂ ᠤᠰᠤᠨ ᠲᠦᠪᠰᠢᠨ᠎ᠢ ᠦᠨᠡᠯᠡᠨ ᠵᠢᠱ᠌ᠢᠬᠦ᠎ᠪᠡᠨ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠭᠠᠵᠠᠷ ᠳᠣᠣᠷᠠᠬᠢ ᠤᠰᠤᠨ᠎ᠤ ᠤᠰᠤᠨ ᠲᠦᠪᠰᠢᠨ᠎ᠢ ᠬᠥᠳᠡᠯᠦᠩᠭᠦᠢ᠎ᠪᠡᠷ ᠨᠡᠪᠲᠡᠷᠡᠭᠦᠯᠦᠨ ᠮᠡᠳᠡᠭᠡᠯᠡᠬᠦ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠡᠯ᠎ᠡ ᠬᠠᠮᠢᠶᠠᠷᠤᠯᠲᠠ᠎ᠶᠢᠨ ᠨᠢᠭᠡᠴᠢ᠎ᠶᠢᠨ ᠭᠠᠵᠠᠷ ᠳᠣᠣᠷᠠᠬᠢ ᠣᠰᠣᠨ᠎ᠤ ᠨᠡᠭᠡᠭᠡᠨ ᠠᠰᠢᠭ᠍ᠯᠠᠬᠤ ᠶᠡᠷᠦᠩᠬᠡᠢ ᠬᠡᠮᠵᠢᠶ᠎ᠡ᠎ᠶᠢ ᠭᠠᠵᠠᠷ ᠳᠣᠣᠷᠠᠬᠢ ᠤᠰᠤ᠎ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠣᠭ᠎ᠠ᠎ᠠᠴᠠ ᠳᠠᠪᠠᠭᠤᠯᠵᠤ ᠪᠣᠯᠬᠤ ᠦᠭᠡᠢ ᠪᠥᠭᠡᠳ ᠭᠠᠵᠠᠷ ᠳᠣᠣᠷᠠᠬᠢ ᠤᠰᠤᠨ᠎ᠤ ᠤᠰᠤᠨ ᠲᠦᠪᠰᠢᠨ᠎ᠢ ᠡᠵᠡᠮᠳᠡᠬᠦ ᠬᠠᠷᠠᠯᠲᠠᠲᠤ ᠱᠠᠭᠠᠷᠳᠠᠯᠭ᠎ᠠ᠎ᠳᠤ ᠨᠡᠢᠴᠡᠭᠦᠯᠬᠦ ᠬᠡᠷᠡᠭᠲᠡᠢ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ)
(ᠳᠥᠷᠪᠡ) ᠤᠰᠤᠨ᠎ᠦ ᠡᠬᠢ ᠪᠠᠶᠠᠯᠢᠭ᠋᠎ᠤᠨ ᠬᠡᠷᠡᠭᠯᠡᠯᠲᠡ᠎ᠶᠢ ᠨᠢ ᠵᠠᠬᠢᠷᠤᠨ ᠬᠠᠮᠢᠶᠠᠷᠬᠤ᠎ᠶᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠢ ᠲᠣᠰ ᠭᠠᠵᠠᠷ ᠣᠷᠣᠨ᠎ᠤ᠎ᠪᠠᠨ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠶᠢ ᠦᠨᠳᠦᠰᠦᠯᠡᠨ᠂ ᠠᠵᠤ ᠠᠮᠢᠳᠤᠷᠠᠯ᠂ ᠠᠮᠢ ᠠᠬᠤᠢ ᠪᠠ ᠲᠠᠷᠢᠶᠠᠯᠠᠩ ᠠᠵᠤ ᠠᠬᠤᠢ᠂ ᠠᠵᠤ ᠦᠢᠯᠡᠳᠪᠦᠷᠢ ᠵᠡᠷᠭᠡ ᠠᠵᠢᠯ ᠲᠥᠷᠥᠯ᠎ᠳᠤ ᠬᠡᠷᠡᠭᠯᠡᠬᠦ ᠤᠰᠤ᠎ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠴᠢᠨᠠᠷ ᠰᠠᠢᠲᠠᠢ ᠪᠥᠭᠡᠳ ᠨᠠᠢᠳᠠᠪᠤᠷᠢᠲᠠᠢ ᠤᠰᠤ ᠬᠠᠩᠭᠠᠬᠤ ᠤᠰᠤᠨ ᠰᠤᠷᠪᠤᠯᠵᠢ᠎ᠪᠠᠷ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠠᠮᠢᠳᠤᠷᠠᠯ᠎ᠳᠦ ᠬᠡᠷᠡᠭᠯᠡᠬᠦ ᠤᠰᠤ᠎ᠶᠢ ᠤᠷᠢᠳ᠎ᠢᠶᠠᠷ ᠬᠠᠩᠭᠠᠵᠤ᠂ ᠦᠨᠳᠦᠰᠦᠨ ᠠᠮᠢ ᠠᠬᠤᠢ᠎ᠶᠢᠨ ᠬᠡᠷᠡᠭᠯᠡᠬᠦ ᠤᠰᠤ ᠪᠠ ᠲᠠᠷᠢᠶᠠᠨ ᠭᠠᠵᠠᠷ᠎ᠤᠨ ᠤᠰᠤᠯᠠᠯᠲᠠ᠎ᠶᠢᠨ ᠵᠦᠢ ᠶᠣᠰᠣᠨ᠎ᠤ ᠬᠡᠷᠡᠭᠯᠡᠬᠦ ᠤᠰᠤ᠎ᠶᠢ ᠰᠢᠬᠠᠨ ᠡᠵᠡᠯᠡᠬᠦ᠎ᠶᠢ ᠨᠢ ᠴᠠᠭᠠᠵᠠᠯᠠᠵᠤ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠤᠰᠤ ᠬᠡᠷᠡᠭᠯᠡᠬᠦ᠂ ᠦᠢᠯᠡᠳᠪᠦᠷᠢᠯᠡᠯ ᠡᠵᠡᠩᠨᠡᠯᠲᠡ᠎ᠳᠦ ᠬᠡᠷᠡᠭᠯᠡᠬᠦ ᠤᠰᠤ᠎ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ)
(ᠲᠠᠪᠤ) ᠤᠰᠤᠨ᠎ᠤ ᠡᠬᠢ ᠪᠠᠶᠠᠯᠢᠭ᠋᠎ᠢ ᠲᠣᠬᠢᠷᠠᠭᠤᠯᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠬᠠᠲᠤᠨ ᠭᠣᠣᠯ᠎ᠤᠨ 《ᠨᠠᠶᠠᠨ ᠳᠣᠯᠣᠭ᠎ᠠ》 ᠣᠨ᠎ᠤ ᠤᠰᠤ ᠬᠤᠪᠢᠶᠠᠷᠢᠯᠠᠬᠤ ᠭᠦᠢᠴᠡᠳᠬᠡᠯ ᠲᠣᠭ᠎ᠠ᠎ᠶᠢ ᠲᠣᠬᠢᠷᠠᠭᠤᠯᠤᠨ ᠨᠡᠮᠡᠭᠳᠡᠭᠦᠯᠬᠦ᠎ᠪᠡᠷ ᠢᠳᠡᠪᠬᠢᠲᠡᠢ ᠴᠢᠷᠮᠠᠢᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠢᠮᠠᠭ ᠬᠣᠲᠠ᠎ᠶᠢᠨ ᠬᠣᠭᠣᠷᠣᠨᠳᠣᠬᠢ ᠤᠰᠤᠨ᠎ᠤ ᠡᠷᠬᠡ᠎ᠶᠢ ᠰᠢᠯᠵᠢᠭᠦᠯᠦᠨ ᠥᠭᠬᠦ ᠪᠠ ᠤᠰᠤ ᠬᠡᠷᠡᠭᠯᠡᠬᠦ ᠡᠷᠬᠡ᠎ᠶᠢ ᠠᠷᠠᠯᠵᠢᠶᠠᠯᠠᠬᠤ᠎ᠶᠢ ᠶᠡᠬᠡ᠎ᠪᠠᠷ ᠠᠬᠢᠭᠤᠯᠤᠨ᠎ᠠ᠃ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤ ᠾᠧ ᠭᠣᠣᠯ᠎ᠳᠤ ᠨᠡᠮᠡᠷᠢᠯᠡᠬᠦ ᠬᠣᠶᠠᠳᠤᠭᠠᠷ ᠬᠤᠭᠤᠴᠠᠭ᠎ᠠ᠂ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠵᠡᠷᠭᠡ ᠤᠰᠤᠨ ᠲᠣᠣᠷ᠎ᠤᠨ ᠨᠢᠷᠤᠭᠤᠪᠴᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤ ᠾᠧ ᠭᠣᠣᠯ᠎ᠳᠤ ᠨᠡᠮᠡᠷᠢᠯᠡᠬᠦ ᠢᠨᠵᠧᠨᠧᠷᠢᠩ᠎ᠦᠨ 2025 ᠣᠨ᠎ᠤ ᠰᠡᠭᠦᠯᠴᠢ᠎ᠡᠴᠡ ᠡᠮᠦᠨ᠎ᠡ ᠤᠰᠤ ᠨᠡᠪᠲᠡᠷᠡᠭᠦᠯᠬᠦ᠎ᠶᠢ ᠦᠨᠡᠨ ᠬᠦ᠌ ᠪᠠᠲᠤᠯᠠᠨ᠎ᠠ᠃ ᠳᠠᠬᠢᠯᠲᠠ ᠤᠰᠤ᠂ ᠨᠡᠭᠦᠷᠡᠰᠦᠨ᠎ᠦ ᠬᠠᠶᠠᠭᠳᠠᠮᠠᠯ ᠤᠰᠤ᠎ᠶᠢᠨ ᠢᠵᠢ ᠪᠦᠷᠢᠳᠦᠭᠦᠯᠬᠦ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢ ᠶᠡᠬᠡ᠎ᠪᠠᠷ ᠲᠡᠮᠵᠢᠵᠤ᠂ ᠪᠠᠢᠩᠭᠤ᠎ᠶᠢᠨ ᠪᠤᠰᠤ ᠤᠰᠤ᠎ᠶᠢ ᠲᠣᠬᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ 2025 ᠣᠨ᠎ᠦ ᠰᠡᠭᠦᠯᠴᠢ ᠪᠣᠯᠬᠤ ᠳᠤ᠂ ᠪᠥᠬᠥ ᠣᠷᠣᠨ᠎ᠦ ᠪᠠᠢᠩᠭᠤ᠎ᠶᠢᠨ ᠪᠤᠰᠤ ᠤᠰᠤ ᠠᠰᠢᠭ᠍ᠯᠠᠬᠤ ᠬᠡᠮᠵᠢᠶ᠎ᠡ᠎ᠶᠢ 7.68 ᠳ᠋ᠦᠩᠰᠢᠭᠤᠷ ᠺᠦᠪ ᠮᠧᠲᠷ᠎ᠡᠴᠡ ᠳᠡᠭᠡᠭᠰᠢ ᠳᠤ ᠬᠦᠷᠦᠭᠦᠯᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
ᠭᠤᠷᠪᠠ᠂ ᠤᠰᠤ᠎ᠪᠠᠷ ᠬᠣᠲᠠ᠎ᠶᠢ ᠲᠣᠭᠲᠠᠭᠠᠬᠤ ᠬᠥᠮᠥᠨ ᠠᠮᠠ᠎ᠶᠢ ᠲᠣᠭᠲᠠᠭᠠᠬᠤ᠎ᠶᠢ ᠪᠠᠷᠢᠮᠲᠠᠯᠠᠵᠤ᠂ ᠬᠣᠲᠠ ᠪᠠᠯᠭᠠᠰᠤ᠎ᠶᠢᠨ ᠪᠠᠢᠷᠢᠰᠢᠭᠤᠯᠤᠯᠲᠠ ᠪᠠ ᠬᠥᠮᠥᠨ ᠠᠮᠠ᠎ᠶᠢᠨ ᠬᠡᠪᠴᠢᠶᠡᠵᠢᠯ᠎ᠢ ᠰᠢᠯᠢᠳᠡᠭᠵᠢᠭᠦᠯᠦᠨ᠎ᠡ
(ᠨᠢᠭᠡ) ᠬᠣᠲᠠ ᠪᠠᠯᠭᠠᠰᠤ᠎ᠶᠢᠨ ᠨᠡᠭᠡᠭᠡᠨ ᠬᠥᠭᠵᠢᠭᠦᠯᠦᠯᠲᠡ᠎ᠶᠢᠨ ᠵᠠᠭᠠᠭ᠎ᠢ ᠬᠠᠮᠢᠶᠠᠷᠤᠨ ᠡᠵᠡᠮᠳᠡᠬᠦ᠎ᠪᠠᠨ ᠴᠢᠩᠭᠠᠳᠬᠠᠨ᠎ᠠ᠃ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ 《ᠤᠰᠤ᠎ᠪᠠᠷ ᠳᠥᠷᠪᠡ᠎ᠶᠢ ᠲᠣᠭᠲᠠᠭᠠᠬᠤ》 ᠵᠠᠷᠴᠢᠮ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠵᠢᠯᠣᠭᠣᠳᠤᠨ ᠬᠢᠨᠠᠯᠲᠠ ᠲᠠᠯᠪᠢᠵᠤ᠂ ᠤᠰᠤᠨ᠎ᠤ ᠡᠬᠢ ᠪᠠᠶᠠᠯᠢᠭ᠋᠎ᠤᠨ ᠬᠢᠵᠠᠭᠠᠷᠯᠠᠯ᠎ᠤᠨ ᠬᠣᠷᠢᠭ᠎ᠠ ᠱᠤᠭᠤᠮ ᠪᠠ ᠠᠰᠢᠭ᠍ᠯᠠᠯᠲᠠ᠎ᠶᠢᠨ ᠳᠡᠭᠡᠳᠦ ᠬᠢᠵᠠᠭᠠᠷ᠎ᠢ ᠦᠨᠳᠦᠰᠦᠯᠡᠨ᠂ ᠰᠢᠨ᠎ᠡ᠎ᠪᠡᠷ ᠨᠡᠮᠡᠭᠳᠡᠬᠦ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ᠎ᠶᠢ ᠬᠢᠵᠠᠭᠠᠷᠯᠠᠵᠤ᠂ ᠬᠥᠮᠥᠨ ᠠᠮᠠ᠂ ᠠᠵᠤ ᠦᠢᠯᠡᠰ ᠪᠠ ᠬᠡᠷᠡᠭᠯᠡᠬᠦ ᠭᠠᠵᠠᠷ᠎ᠤᠨ ᠵᠦᠢ ᠵᠣᠬᠢᠰᠲᠠᠢ ᠪᠠᠢᠷᠢᠰᠢᠭᠤᠯᠤᠯᠲᠠ᠎ᠶᠢ ᠬᠥᠲᠥᠯᠥᠨ ᠵᠢᠯᠤᠭᠣᠳᠴᠤ᠂ ᠬᠣᠲᠠ ᠪᠠᠯᠭᠠᠰᠤ᠎ᠶᠢᠨ ᠨᠡᠭᠡᠭᠡᠨ ᠬᠥᠭᠵᠢᠭᠦᠯᠦᠯᠲᠡ᠎ᠶᠢᠨ ᠵᠠᠭᠠᠭ᠎ᠢ ᠥᠷᠭᠡᠳᠬᠡᠬᠦ ᠳᠠᠬᠢᠨ ᠲᠣᠭ᠎ᠠ᠎ᠶᠢ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠎ᠶᠢᠨ ᠴᠣᠬᠣᠯᠠᠪᠤᠷᠢᠯᠠᠭᠰᠠᠨ ᠳᠠᠬᠢᠨ ᠲᠣᠭᠠᠨ᠎ᠤ ᠳᠣᠲᠣᠷ᠎ᠠ ᠬᠢᠵᠠᠭᠠᠷᠯᠠᠵᠤ᠂ ᠬᠥᠮᠥᠨ ᠠᠮᠠ᠎ᠶᠢᠨ ᠲᠡᠩᠴᠡᠭᠦᠷᠢᠲᠡᠢ ᠬᠥᠭᠵᠢᠯᠲᠡ᠂ ᠬᠣᠲᠠ᠎ᠶᠢᠨ ᠰᠠᠭᠤᠭᠠᠯᠢ ᠠᠷᠠᠳ᠎ᠤᠨ ᠨᠡᠮᠡᠭᠳᠡᠯ ᠬᠢᠭᠡᠳ ᠤᠰᠤᠨ᠎ᠤ ᠡᠬᠢ ᠪᠠᠶᠠᠯᠢᠭ᠋᠎ᠤᠨ ᠨᠡᠭᠡᠭᠡᠨ ᠠᠰᠢᠭ᠍ᠯᠠᠯᠲᠠ᠎ᠶᠢᠨ ᠬᠠᠷᠢᠯᠴᠠᠨ ᠵᠣᠬᠢᠴᠠᠯᠳᠤᠬᠤ᠎ᠶᠢ ᠠᠬᠢᠭᠤᠯᠤᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ)
(ᠬᠣᠶᠠᠷ) ᠬᠣᠲᠠ ᠪᠠᠯᠭᠠᠰᠤ᠎ᠶᠢᠨ ᠠᠮᠢᠳᠤᠷᠠᠯ᠎ᠦᠨ ᠤᠰᠤ ᠠᠷᠪᠢᠯᠠᠬᠤ᠎ᠶᠢ ᠠᠬᠢᠭᠤᠯᠤᠨ᠎ᠠ᠃ ᠬᠣᠲᠠ ᠪᠠᠯᠭᠠᠰᠤ᠎ᠶᠢᠨ ᠰᠠᠭᠤᠭᠠᠯᠢ ᠠᠷᠠᠳ᠎ᠤᠨ ᠤᠰᠤᠨ᠎ᠤ ᠱᠠᠲᠤᠯᠢᠭ᠋ ᠦᠨ᠎ᠡ᠎ᠶᠢᠨ ᠳᠦᠷᠢᠮ᠎ᠢ ᠲᠡᠭᠦᠯᠳᠡᠷᠵᠢᠭᠦᠯᠵᠦ᠂ ᠤᠰᠤᠨ᠎ᠤ ᠱᠠᠲᠤᠯᠢᠭ᠋ ᠬᠡᠮᠵᠢᠶ᠎ᠡ᠎ᠶᠢ ᠵᠦᠢ ᠵᠣᠬᠢᠰᠲᠠᠢ ᠲᠣᠭᠲᠠᠭᠠᠨ᠎ᠠ᠃ ᠬᠣᠲᠠ ᠪᠠᠯᠭᠠᠰᠤ᠎ᠶᠢᠨ ᠰᠠᠭᠤᠭᠠᠯᠢ ᠠᠷᠠᠳ᠎ᠤᠨ ᠪᠤᠰᠤ ᠬᠡᠷᠡᠭᠯᠡᠬᠦ ᠤᠰᠤᠨ᠎ᠤ ᠲᠣᠭᠲᠠᠭᠰᠠᠨ ᠨᠣᠷᠮ᠎ᠠ᠎ᠠᠴᠠ ᠬᠡᠲᠦᠷᠡᠭᠰᠡᠨ (ᠲᠥᠯᠥᠪᠯᠡᠭᠡ᠎ᠡᠴᠡ ᠳᠠᠪᠠᠭᠰᠠᠨ) ᠬᠡᠰᠡᠭ᠎ᠢ ᠨᠢ ᠠᠬᠢᠭᠤᠯᠤᠨ ᠪᠤᠳᠤᠵᠤ ᠦᠨ᠎ᠡ ᠥᠰᠬᠡᠬᠦ ᠳᠦᠷᠢᠮ᠎ᠢ ᠪᠦᠷᠢᠨᠰᠢᠭᠦᠯᠵᠦ᠂ ᠤᠰᠤᠨ᠎ᠤ ᠬᠡᠮᠵᠢᠶ᠎ᠡ᠎ᠶᠢᠨ ᠳᠡᠰ ᠬᠤᠪᠢᠶᠠᠷᠢᠯᠠᠯ᠎ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠦᠨ᠎ᠡ ᠥᠰᠬᠡᠬᠦ ᠪᠠᠷᠢᠮᠵᠢᠶ᠎ᠠ᠎ᠶᠢ ᠲᠣᠭᠲᠠᠭᠠᠨ᠎ᠠ᠃ ᠪᠦᠲᠦᠭᠡᠨ ᠪᠠᠢᠭᠤᠯᠵᠤ ᠥᠭᠡᠷᠡᠴᠢᠯᠡᠨ ᠰᠢᠨᠡᠳᠬᠡᠬᠦ᠂ ᠠᠵᠢᠯᠯᠠᠭᠤᠯᠵᠤ ᠠᠷᠠᠴᠢᠯᠠᠨ ᠬᠠᠮᠢᠶᠠᠷᠬᠤ ᠲᠣᠭᠲᠠᠴᠠ ᠪᠠ ᠤᠷᠮᠠᠰᠢᠭᠤᠯᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠬᠠᠭᠤᠴᠢᠷᠠᠵᠤ ᠡᠪᠳᠡᠷᠡᠭᠰᠡᠨ ᠤᠰᠤ ᠬᠠᠩᠭᠠᠬᠤ ᠬᠣᠭᠣᠯᠠᠢ ᠭᠤᠤᠷᠰᠤ᠎ᠶᠢᠨ ᠲᠣᠣᠷ᠎ᠤᠨ ᠥᠭᠡᠷᠡᠴᠢᠯᠡᠨ ᠰᠢᠨᠡᠳᠬᠡᠬᠦ ᠠᠵᠢᠯ᠎ᠢ ᠲᠦᠷᠭᠡᠳᠬᠡᠨ ᠬᠡᠷᠡᠭᠵᠢᠭᠦᠯᠵᠦ᠂ ᠬᠣᠲᠠ ᠪᠠᠯᠭᠠᠰᠤ᠎ᠶᠢᠨ ᠤᠰᠤ ᠬᠠᠩᠭᠠᠬᠤ ᠬᠣᠭᠣᠯᠠᠢ ᠭᠤᠤᠷᠰᠤ᠎ᠶᠢᠨ ᠲᠣᠣᠷ᠎ᠤᠨ ᠯᠡᠪᠡᠷᠡᠵᠦ ᠡᠪᠳᠡᠷᠡᠬᠦ᠎ᠶᠢ ᠵᠠᠰᠠᠬᠤ ᠠᠵᠢᠯ ᠢᠶᠠᠨ ᠦᠷᠭᠦᠯᠵᠢᠯᠡᠨ ᠠᠬᠢᠭᠤᠯᠤᠨ᠎ᠠ᠃ 2025 ᠣᠨ᠎ᠤ ᠰᠡᠭᠦᠯᠴᠢ ᠪᠣᠯᠬᠤ᠎ᠳᠤ᠂ ᠬᠠᠭᠤᠴᠢᠷᠠᠵᠤ ᠡᠪᠳᠡᠷᠡᠭᠰᠡᠨ ᠤᠰᠤ ᠬᠠᠩᠭᠠᠬᠤ ᠬᠣᠭᠣᠯᠠᠢ ᠭᠤᠤᠷᠰᠤ᠎ᠶᠢᠨ ᠲᠣᠣᠷ᠎ᠢ 400 ᠺᠢᠯᠣᠮᠧᠲᠷ᠎ᠡᠴᠡ ᠳᠡᠭᠡᠭᠰᠢ ᠥᠭᠡᠷᠡᠴᠢᠯᠡᠨ ᠰᠢᠨᠡᠳᠬᠡᠵᠦ᠂ ᠬᠣᠲᠠ᠎ᠶᠢᠨ ᠣᠯᠠᠨ ᠨᠡᠶ᠋ᠢᠲᠡ᠎ᠶᠢᠨ ᠤᠰᠤ ᠬᠠᠩᠭᠠᠬᠤ ᠬᠣᠭᠣᠯᠠᠢ ᠭᠤᠤᠷᠰᠤ᠎ᠶᠢᠨ ᠲᠣᠣᠷ᠎ᠤᠨ ᠯᠡᠪᠡᠷᠡᠵᠦ ᠡᠪᠳᠡᠷᠡᠭᠰᠡᠨ ᠨᠣᠷᠮ᠎ᠠ᠎ᠶᠢ 9%᠎ᠶᠢᠨ ᠳᠣᠲᠣᠷ᠎ᠠ ᠬᠢᠵᠠᠭᠠᠷᠯᠠᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
(ᠭᠤᠷᠪᠠ) ᠤᠰᠤ ᠠᠷᠪᠢᠯᠠᠬᠤ ᠬᠡᠯᠪᠡᠷᠢ ᠪᠦᠬᠦᠢ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠤᠰᠤ ᠠᠷᠪᠢᠯᠠᠬᠤ ᠱᠠᠭᠠᠷᠳᠠᠯᠭ᠎ᠠ᠎ᠶᠢ ᠬᠤᠳᠠ᠎ᠶᠢᠨ ᠲᠥᠯᠦᠪᠵᠢᠭᠦᠯᠭᠡ᠂ ᠪᠦᠲᠦᠭᠡᠨ ᠪᠠᠢᠭᠤᠯᠤᠯᠲᠠ᠂ ᠵᠠᠰᠠᠯᠲᠠ᠎ᠶᠢᠨ ᠡᠯ᠎ᠡ ᠭᠣᠭᠴᠣᠭ᠎ᠠ᠎ᠳᠤ ᠨᠠᠢᠳᠠᠪᠤᠷᠢᠵᠢᠭᠤᠯᠵᠤ᠂ ᠤᠰᠤ ᠠᠷᠪᠢᠯᠠᠬᠤ ᠬᠡᠯᠪᠡᠷᠢ ᠪᠦᠬᠦᠢ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠤᠨ᠎ᠠ᠃ ᠤᠯᠠᠨ ᠨᠡᠶ᠋ᠢᠲᠡ᠎ᠶᠢᠨ ᠪᠠᠷᠢᠯᠭ᠎ᠠ᠎ᠶᠢ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠤᠰᠤ ᠠᠷᠪᠢᠯᠠᠬᠤ ᠪᠠᠭᠠᠵᠢ ᠬᠡᠷᠡᠭᠰᠡᠯ᠎ᠢ ᠬᠡᠷᠡᠭᠯᠡᠬᠦ ᠬᠡᠷᠡᠭᠲᠡᠢ᠃ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠤᠨ ᠬᠠᠶ᠋ᠢᠮᠢᠶᠠᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠬᠤᠳᠠ᠎ᠶᠢᠨ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ᠂ ᠬᠠᠭᠤᠴᠢᠨ ᠬᠤᠳᠠ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ ᠪᠠ ᠬᠤᠳᠠ᠎ᠶᠢᠨ ᠶᠠᠪᠤᠳᠠᠯ᠎ᠤᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠵᠡᠷᠭᠡ ᠠᠵᠢᠯ᠎ᠢ ᠥᠷᠨᠢᠭᠦᠯᠬᠦ᠎ᠳᠦ ᠪᠣᠷᠣᠭᠠᠨ᠎ᠤ ᠤᠰᠤ᠎ᠶᠢ ᠤᠳᠠᠭᠠᠰᠢᠷᠠᠭᠤᠯᠤᠨ ᠨᠡᠪᠴᠢᠭᠦᠯᠬᠦ᠂ ᠴᠡᠪᠡᠷᠰᠢᠭᠦᠯᠬᠦ᠂ ᠠᠰᠢᠭ᠍ᠯᠠᠬᠤ ᠪᠠ ᠲᠣᠬᠢᠷᠠᠭᠤᠯᠤᠨ ᠬᠠᠳᠠᠭᠠᠯᠠᠬᠤ ᠪᠡᠯᠡᠳᠬᠡᠮᠵᠢ᠎ᠶᠢ ᠰᠢᠨᠵᠢᠯᠡᠬᠦ ᠤᠬᠠᠭᠠᠨᠴᠢ᠎ᠪᠠᠷ ᠪᠠᠢᠷᠢᠯᠠᠭᠤᠯᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ)
ᠳᠥᠷᠪᠡ᠂ ᠤᠰᠤ᠎ᠪᠠᠷ ᠭᠠᠵᠠᠷ ᠰᠢᠷᠣᠢ᠎ᠶᠢ ᠲᠣᠭᠲᠠᠭᠠᠬᠤ᠎ᠶᠢ ᠪᠠᠷᠢᠮᠲᠠᠯᠠᠵᠤ᠂ ᠤᠰᠤ ᠬᠥᠷᠥᠰᠥᠨ᠎ᠦ ᠡᠬᠢ ᠪᠠᠶᠠᠯᠢᠭ᠋᠎ᠤᠨ ᠬᠠᠷᠢᠯᠴᠠᠨ ᠵᠣᠬᠢᠴᠠᠯᠳᠤᠬᠤ᠎ᠶᠢ ᠠᠬᠢᠭᠤᠯᠤᠨ᠎ᠠ
(ᠨᠢᠭᠡ) ᠲᠠᠷᠢᠶᠠᠯᠠᠩ᠎ᠦᠨ ᠤᠰᠤᠯᠠᠯᠲᠠ᠎ᠶᠢᠨ ᠬᠡᠪᠴᠢᠶ᠎ᠡ᠎ᠶᠢ ᠵᠦᠢ ᠵᠣᠬᠢᠰᠲᠠᠢ ᠲᠣᠭᠲᠠᠭᠠᠨ᠎ᠠ᠃ ᠠᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ᠋)᠎ᠢ ᠵᠢᠯᠣᠭᠣᠳᠤᠨ ᠬᠢᠨᠠᠯᠲᠠ ᠲᠠᠯᠪᠢᠵᠤ ᠪᠠᠢᠭᠠᠳ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠢᠷᠢ ᠬᠡᠮᠵᠢᠶ᠎ᠡ ᠪᠠ ᠤᠰᠤᠨ᠎ᠦ ᠡᠬᠢ ᠪᠠᠶᠠᠯᠢᠭ᠋᠎ᠦᠨ ᠳᠠᠭᠠᠭᠠᠬᠤ ᠴᠢᠳᠠᠪᠤᠷᠢ᠎ᠶᠢ ᠦᠨᠳᠦᠰᠦᠯᠡᠨ᠂ ᠤᠰᠤᠨ᠎ᠦ ᠡᠬᠢ ᠪᠠᠶᠠᠯᠢᠭ᠋᠎ᠦᠨ ᠨᠥᠬᠥᠴᠡᠯ ᠪᠠ ᠠᠮᠤ ᠪᠤᠳᠠᠭᠠᠨᠦ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠠᠷᠢᠶᠠᠯᠠᠩ᠎ᠦᠨ ᠦᠢᠯᠡᠳᠪᠦᠷᠢᠯᠡᠯ᠎ᠦᠨ ᠪᠦᠲᠦᠴᠡ᠎ᠶᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠶᠠᠯᠠᠩ᠎ᠦᠨ ᠤᠰᠤᠯᠠᠯᠲᠠ᠎ᠶᠢᠨ ᠬᠡᠪᠴᠢᠶ᠎ᠡ ᠵᠢᠴᠢ ᠪᠠᠢᠷᠢᠰᠢᠭᠤᠯᠤᠯᠲᠠ᠎ᠶᠢ ᠵᠦᠢ ᠵᠣᠬᠢᠰᠲᠠᠢ ᠲᠣᠭᠲᠠᠭᠠᠨ᠂ ᠲᠠᠷᠢᠶᠠᠯᠠᠩ᠎ᠦᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠡᠵᠡᠮᠳᠡᠬᠦ ᠪᠠ ᠨᠤᠷᠮ᠎ᠠ ᠲᠣᠭᠲᠠᠭᠠᠨ ᠬᠠᠮᠢᠶᠠᠷᠬᠤ᠎ᠶᠢ ᠠᠬᠢᠭᠤᠯᠬᠤ ᠬᠡᠷᠡᠭᠲᠡᠢ᠃ ᠲᠠᠷᠢᠶᠠᠯᠠᠬᠤ ᠭᠠᠵᠠᠷ᠎ᠢ ᠬᠠᠮᠠᠭᠠᠯᠠᠬᠤ ᠬᠠᠷᠠᠯᠲᠠ᠎ᠠᠴᠠ ᠦᠯᠦ ᠬᠡᠲᠦᠷᠡᠬᠦ ᠪᠠ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ᠂ ᠲᠣᠭᠲᠠᠭᠠᠯ᠎ᠠᠴᠠ ᠵᠥᠷᠢᠴᠡᠨ ᠨᠡᠭᠡᠭᠡᠨ ᠬᠥᠭᠵᠢᠭᠦᠯᠵᠦ ᠰᠢᠨ᠎ᠡ᠎ᠪᠡᠷ ᠨᠡᠮᠡᠭᠳᠡᠭᠦᠯᠦᠭᠰᠡᠨ ᠤᠰᠤᠯᠠᠯᠲᠠ᠎ᠶᠢᠨ ᠲᠠᠯᠠᠪᠠᠢ᠎ᠶᠢ ᠡᠮᠬᠢ ᠵᠢᠷᠤᠮ᠎ᠲᠠᠢ ᠪᠤᠴᠠᠭᠠᠵᠤ᠂ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠠᠴᠠ ᠬᠡᠲᠦᠷᠡᠭᠰᠡᠨ ᠭᠠᠵᠠᠷ ᠣᠷᠣᠨ᠎ᠤ ᠤᠰᠤᠯᠠᠯᠲᠠ᠎ᠶᠢᠨ ᠲᠠᠯᠠᠪᠠᠢ᠎ᠶᠢ ᠵᠣᠬᠢᠬᠤ ᠬᠡᠮᠵᠢᠶ᠎ᠡ᠎ᠪᠠᠷ ᠪᠠᠭᠠᠰᠬᠠᠨ᠎ᠠ᠃ ᠤᠰᠤᠨ᠎ᠤ ᠡᠬᠢ ᠪᠠᠶᠠᠯᠢᠭ᠋ ᠬᠦᠨᠳᠦ ᠨᠣᠴᠢᠲᠠᠢ ᠳᠤᠲᠠᠭᠳᠠᠵᠤ ᠪᠠᠢᠭ᠎ᠠ ᠪᠠ ᠳᠠᠭᠠᠭᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠲᠠᠷᠢᠶᠠᠯᠠᠬᠤ ᠭᠠᠵᠠᠷ᠎ᠤᠨ ᠪᠡᠯᠡᠳᠬᠡᠯ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠲᠥᠷᠥᠯ ᠵᠦᠢᠯ᠎ᠢ ᠪᠠᠢᠷᠢᠰᠢᠭᠤᠯᠵᠤ ᠪᠣᠯᠬᠤ ᠦᠭᠡᠢ᠂ ᠵᠠᠷᠴᠢᠮ ᠳᠡᠭᠡᠷ᠎ᠡ᠎ᠪᠡᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ᠎ᠶᠢ ᠳᠠᠭᠢᠵᠤ ᠰᠢᠨ᠎ᠡ᠎ᠪᠡᠷ ᠨᠡᠮᠡᠭᠳᠡᠭᠦᠯᠬᠦ ᠦᠭᠡᠢ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡᠨ᠎ᠠᠴᠠ ᠪᠣᠯᠵᠤ ᠤᠰᠤᠯᠠᠯᠲᠠ᠎ᠶᠢᠨ ᠲᠠᠯᠠᠪᠠᠶ᠎ᠶᠢ ᠦᠨᠡᠬᠡᠷ ᠰᠢᠨ᠎ᠡ᠎ᠪᠡᠷ ᠨᠡᠮᠡᠭᠳᠡᠭᠦᠯᠬᠦ ᠴᠢᠬᠤᠯᠠᠲᠠᠢ ᠪᠠᠢᠪᠠᠯ᠂ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠎ᠶᠢ ᠴᠢᠩᠭ᠎ᠠ ᠶᠠᠪᠤᠭᠳᠠᠭᠤᠯᠬᠤ ᠬᠡᠷᠡᠭᠲᠡᠢ᠃ ᠲᠠᠷᠢᠶᠠᠯᠠᠬᠤ ᠭᠠᠵᠠᠷ᠎ᠤᠨ ᠡᠵᠡᠯᠡᠬᠦ ᠪᠠ ᠨᠥᠬᠥᠪᠦᠷᠢᠯᠡᠬᠦ᠎ᠶᠢ ᠲᠡᠩᠴᠡᠭᠦᠷᠢᠰᠢᠭᠦᠯᠬᠦ ᠳᠦᠷᠢᠮ᠎ᠢ ᠨᠠᠢᠳᠠᠪᠤᠷᠢᠵᠢᠭᠤᠯᠤᠨ ᠲᠠᠷᠢᠶᠠᠯᠠᠬᠤ ᠭᠠᠵᠠᠷ ᠨᠥᠬᠥᠪᠦᠷᠢᠯᠡᠭᠰᠡᠨ ᠪᠠᠢᠪᠠᠯ᠂ ᠲᠠᠷᠢᠶᠠᠯᠠᠩ᠎ᠤᠨ ᠲᠠᠷᠢᠮᠠᠯ᠎ᠤᠨ ᠤᠰᠤᠨ᠎ᠤ ᠡᠬᠢ ᠪᠠᠶᠠᠯᠢᠭ᠋᠎ᠤᠨ ᠨᠥᠬᠥᠴᠡᠯ᠎ᠢ ᠪᠦᠷᠢᠳᠦᠭᠦᠯᠦᠭᠰᠡᠨ ᠡᠰᠡᠬᠦ᠎ᠶᠢ ᠰᠢᠨᠵᠢᠯᠡᠬᠦ ᠤᠬᠠᠭᠠᠨᠴᠢ᠎ᠪᠠᠷ ᠨᠤᠲᠠᠯᠠᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
(ᠬᠣᠶᠠᠷ) ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ᠎ᠶᠢ ᠴᠢᠩᠭᠠᠳᠬᠠᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠪᠠᠷ ᠭᠣᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠦᠨ ᠪᠦᠲᠦᠭᠡᠨ ᠪᠠᠢᠭᠤᠯᠤᠯᠲᠠ᠎ᠶᠢ ᠶᠡᠬᠡ᠎ᠪᠠᠷ ᠬᠡᠷᠡᠭᠵᠢᠭᠦᠯᠵᠦ᠂ ᠵᠡᠭᠦᠨ ᠬᠣᠢᠲᠤ ᠣᠷᠣᠨ᠎ᠦ ᠬᠠᠷ᠎ᠠ ᠬᠥᠷᠥᠰᠥᠲᠦ ᠣᠷᠣᠨ᠂ ᠲᠠᠯ᠎ᠠ ᠭᠠᠵᠠᠷ᠂ ᠤᠰᠤᠨ ᠠᠰᠢᠭ᠍ᠯᠠᠯᠲᠠ᠎ᠶᠢᠨ ᠤᠰᠤᠯᠠᠯᠲᠠ᠎ᠶᠢᠨ ᠨᠥᠬᠥᠴᠡᠯ᠎ᠢ ᠪᠦᠷᠢᠳᠦᠭᠦᠯᠦᠭᠰᠡᠨ ᠭᠠᠵᠠᠷ ᠣᠷᠣᠨ᠎ᠦ ᠲᠠᠷᠢᠶᠠᠯᠠᠬᠤ ᠭᠠᠵᠠᠷ᠎ᠢ ᠡᠩ ᠲᠡᠷᠢᠭᠦᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠵᠤ᠂ ᠨᠥᠬᠥᠴᠡᠯ ᠪᠦᠷᠢᠳᠦᠭᠦᠯᠦᠭᠰᠡᠨ ᠥᠨᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ᠎ᠢᠶᠠᠷ ᠪᠥᠬᠥᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠬᠤ᠎ᠶᠢ ᠠᠬᠢᠭᠤᠯᠤᠨ᠎ᠠ᠃ ᠪᠣᠷᠣᠳᠣᠬᠣᠢ᠂ ᠳ᠋ᠧᠩᠺᠧᠥ ᠵᠡᠷᠭᠡ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠦ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠬᠤ᠎ᠪᠠᠷ ᠥᠭᠡᠷᠡᠴᠢᠯᠡᠨ ᠰᠢᠨᠡᠳᠬᠡᠬᠦ᠎ᠶᠢ ᠲᠦᠷᠭᠡᠳᠬᠡᠨ ᠠᠬᠢᠭᠤᠯᠤᠨ᠎ᠠ᠃ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠮᠡᠷᠭᠡᠵᠢᠯ ᠪᠠ ᠪᠦᠷᠬᠦᠪᠴᠢ ᠪᠦᠷᠬᠦᠵᠦ ᠴᠢᠬᠢᠭ ᠬᠠᠮᠠᠭᠠᠯᠠᠬᠤ᠂ ᠭᠠᠩ ᠬᠠᠭᠰᠠᠷᠠᠭᠠᠨ᠎ᠲᠠᠢ ᠲᠡᠮᠡᠴᠡᠨ ᠤᠰᠤ ᠬᠠᠳᠠᠭᠠᠯᠠᠬᠤ ᠵᠡᠷᠭᠡ ᠲᠠᠷᠢᠶᠠᠯᠠᠩ᠎ᠤᠨ ᠮᠡᠷᠭᠡᠰᠢᠯ᠎ᠦᠨ ᠤᠰᠤ ᠠᠷᠪᠢᠯᠠᠬᠤ ᠮᠡᠷᠭᠡᠵᠢᠯ᠎ᠢ ᠥᠷᠭᠡᠨ᠎ᠢᠶᠡᠷ ᠳᠡᠯᠭᠡᠷᠡᠭᠦᠯᠦᠨ᠎ᠡ᠃ ᠣᠰᠣᠨ᠎ᠤ ᠬᠣᠷᠣᠭᠳᠠᠯ ᠪᠠᠭᠠᠲᠠᠢ᠂ ᠭᠠᠩ ᠬᠠᠭᠰᠠᠷᠠᠭᠠᠨ᠎ᠳᠤ ᠳᠠᠭᠠᠭᠠᠴᠠᠲᠠᠢ ᠲᠠᠷᠢᠮᠠᠯ ᠪᠠ ᠭᠠᠩ ᠬᠠᠭᠰᠠᠷᠠᠭᠠᠨ᠎ᠲᠠᠢ ᠲᠡᠮᠡᠴᠡᠬᠦ ᠡᠭᠦᠯᠳᠡᠷ᠎ᠤᠨ ᠲᠠᠷᠢᠮᠠᠯ᠎ᠢ ᠢᠳᠡᠪᠬᠢᠲᠡᠢ᠎ᠪᠡᠷ ᠬᠥᠭᠵᠢᠭᠦᠯᠦᠨ᠂ ᠬᠠᠭᠤᠷᠠᠢ᠎ᠶᠢᠨ ᠲᠠᠷᠢᠮᠠᠯ᠎ᠤᠨ ᠤᠰᠤ ᠠᠷᠪᠢᠯᠠᠬᠤ ᠬᠡᠯᠪᠡᠷᠢ᠎ᠶᠢᠨ ᠲᠠᠷᠢᠶᠠᠯᠠᠩ᠎ᠢ ᠶᠡᠬᠡ᠎ᠪᠠᠷ ᠬᠥᠭᠵᠢᠭᠦᠯᠦᠨ᠂ ᠠᠮᠢ ᠠᠬᠤᠢ᠎ᠶᠢᠨ ᠣᠷᠴᠢᠯ᠎ᠢᠶᠠᠷ ᠤᠳᠤᠷᠢᠳᠤᠮᠵᠢ ᠪᠣᠯᠭᠠᠭᠰᠠᠨ ᠤᠳᠤ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ 2025 ᠣᠨ᠎ᠤ ᠰᠡᠭᠦᠯᠴᠢ ᠪᠣᠯᠬᠤ᠎ᠳᠤ᠂ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ᠎ᠶᠢ 2.7 ᠳ᠋ᠦᠩᠰᠢᠭᠤᠷ ᠺᠦᠪ ᠮᠧᠲᠷ ᠰᠢᠨ᠎ᠡ᠎ᠪᠡᠷ ᠨᠡᠮᠡᠭᠳᠡᠭᠦᠯᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠤᠰᠤᠨ ᠠᠰᠢᠭ᠍ᠯᠠᠯᠲᠠ᠎ᠶᠢᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
(ᠭᠤᠷᠪᠠ) ᠤᠰᠤᠯᠠᠯᠲᠠ᠎ᠶᠢᠨ ᠬᠡᠲᠦᠷᠡᠲᠡᠯ᠎ᠡ ᠬᠡᠷᠡᠭᠯᠡᠬᠦ ᠤᠰᠤᠨ᠎ᠦ ᠬᠡᠮᠵᠢᠶ᠎ᠡ᠎ᠶᠢ ᠪᠠᠭᠠᠰᠬᠠᠨ᠎ᠠ᠃ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ ᠪᠠ ᠣᠷᠳᠣᠰ᠎ᠤᠨ ᠳᠡᠨᠵᠢ ᠭᠠᠵᠠᠷ ᠵᠡᠷᠭᠡ ᠭᠣᠣᠯᠳᠠᠯᠭ᠎ᠠ᠎ᠲᠠᠢ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠠᠴᠠ ᠬᠡᠲᠦᠷᠡᠭᠰᠡᠨ (ᠬᠡᠲᠦᠷᠡᠲᠡᠯ᠎ᠡ ᠲᠠᠲᠠᠭᠰᠠᠨ) ᠬᠡᠰᠡᠭ᠎ᠦᠨ ᠶᠡᠷᠦᠩᠬᠡᠢᠯᠡᠭᠰᠡᠨ ᠵᠠᠰᠠᠯᠲᠠ᠎ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠢᠨᠵᠧᠨᠧᠷᠢᠩ᠎ᠢ ᠬᠡᠷᠡᠭᠵᠢᠭᠦᠯᠬᠦ᠂ ᠲᠠᠷᠢᠮᠠᠯ᠎ᠤᠨ ᠪᠦᠲᠦᠴᠡ᠎ᠶᠢ ᠲᠣᠬᠢᠷᠠᠭᠤᠯᠬᠤ᠂ ᠤᠰᠤᠨ᠎ᠤ ᠡᠬᠢ ᠰᠤᠷᠪᠤᠯᠵᠢ᠎ᠶᠢ ᠰᠣᠯᠢᠬᠤ᠂ ᠵᠦᠢ ᠵᠣᠬᠢᠰ ᠦᠭᠡᠢ ᠤᠰᠤᠯᠠᠯᠲᠠ᠎ᠶᠢᠨ ᠲᠠᠯᠠᠪᠠᠢ᠎ᠶᠢ ᠠᠯᠬᠤᠮ ᠠᠯᠬᠤᠮ᠎ᠢᠶᠠᠷ ᠪᠠᠭᠠᠰᠬᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ 2025 ᠣᠨ᠎ᠤ ᠰᠡᠭᠦᠯᠴᠢ ᠪᠣᠯᠬᠤ᠎ᠳᠤ ᠭᠠᠵᠠᠷ ᠳᠣᠣᠷᠠᠬᠢ ᠤᠰᠤ᠎ᠶᠢ ᠨᠡᠭᠡᠭᠡᠨ ᠮᠠᠯᠲᠠᠬᠤ ᠬᠡᠮᠵᠢᠶ᠎ᠡ᠎ᠶᠢ 3.3 ᠳ᠋ᠦᠩᠰᠢᠭᠤᠷ ᠺᠦᠪ ᠮᠧᠲᠷ ᠪᠠᠭᠠᠰᠬᠠᠨ᠂ 2030 ᠣᠨ ᠪᠣᠯᠬᠤ᠎ᠳᠤ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠭᠰᠠᠨ ᠣᠷᠣᠨ᠎ᠤ ᠲᠠᠲᠠᠬᠤ ᠪᠠ ᠨᠥᠬᠥᠪᠦᠷᠢᠯᠡᠬᠦ᠎ᠶᠢ ᠦᠨᠳᠦᠰᠦᠨ᠎ᠳᠤ᠎ᠪᠠᠨ ᠲᠡᠩᠴᠡᠭᠦᠷᠢᠲᠡᠢ ᠪᠠᠢᠯᠭᠠᠬᠤ᠎ᠶᠢ ᠠᠬᠢᠭᠤᠯᠤᠨ᠎ᠠ᠃ ᠨᠠᠮᠤᠷ ᠪᠠ ᠬᠠᠪᠤᠷ᠎ᠤᠨ ᠤᠰᠤᠯᠠᠯᠲᠠ᠎ᠶᠢᠨ ᠦᠷᠡᠵᠢᠯ᠎ᠦᠨ ᠪᠤᠰᠤ ᠬᠤᠭᠤᠴᠠᠭᠠᠨ᠎ᠤ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠦᠨᠡᠯᠡᠨ ᠵᠢᠱ᠌ᠢᠵᠦ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ 《ᠬᠣᠭᠣᠰᠤᠨ ᠭᠠᠵᠠᠷ᠎ᠢ ᠤᠰᠤᠯᠠᠬᠤ》 ᠤᠰᠤᠨ᠎ᠤ ᠬᠡᠮᠵᠢᠶ᠎ᠡ᠎ᠶᠢ ᠵᠣᠬᠢᠰᠲᠠᠢ ᠪᠠᠭᠠᠰᠬᠠᠨ᠂ 《ᠨᠡᠯᠦᠢᠲᠡᠯ᠎ᠡ ᠤᠰᠤᠯᠠᠬᠤ》 ᠠᠰᠠᠭᠤᠳᠠᠯ᠎ᠢ ᠬᠦᠴᠦᠯᠡᠨ ᠰᠢᠢᠳᠪᠦᠷᠢᠯᠡᠨ᠎ᠡ᠃ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠪᠣᠰᠣᠭ᠎ᠠ ᠳᠥᠷᠪᠡᠯᠵᠢᠨ ᠮᠧᠲᠷ᠎ᠢᠶᠠᠷ ᠬᠡᠮᠵᠢᠶᠡᠯᠡᠵᠦ ᠰᠦᠢᠳᠬᠡᠯ ᠬᠤᠷᠢᠶᠠᠬᠤ᠂ ᠬᠡᠲᠦᠷᠡᠲᠡᠯ᠎ᠡ ᠬᠡᠷᠡᠭᠯᠡᠭᠰᠡᠨ ᠬᠡᠰᠡᠭ᠎ᠦᠨ ᠦᠨ᠎ᠡ᠎ᠶᠢ ᠥᠰᠬᠡᠬᠦ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢᠭᠠᠳ ᠲᠠᠷᠢᠵᠤ ᠤᠷᠭᠤᠭᠤᠯᠬᠤ᠎ᠳᠤ ᠰᠢᠨᠵᠢᠯᠡᠬᠦ ᠤᠬᠠᠭᠠᠨᠴᠢ᠎ᠪᠠᠷ ᠤᠰᠤ ᠬᠡᠷᠡᠭᠯᠡᠬᠦ᠂ ᠪᠡᠶ᠎ᠡ᠎ᠪᠡᠨ ᠳᠠᠭᠠᠭᠠᠵᠤ ᠤᠰᠤ ᠠᠷᠪᠢᠯᠠᠬᠤ ᠪᠣᠯᠭᠠᠨ᠎ᠠ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠠᠵᠢᠯ ᠬᠤᠪᠢᠶᠠᠷᠢᠯᠠᠨ ᠬᠠᠷᠢᠭᠤᠴᠠᠨ᠎ᠠ)
ᠲᠠᠪᠤ᠂ ᠤᠰᠤ᠎ᠪᠠᠷ ᠦᠢᠯᠡᠳᠪᠦᠷᠢᠯᠡᠯ᠎ᠢ ᠲᠣᠭᠲᠠᠭᠠᠬᠤ᠎ᠶᠢ ᠪᠠᠷᠢᠮᠲᠠᠯᠠᠵᠤ᠂ ᠠᠵᠤ ᠦᠢᠯᠡᠰ᠎ᠢ ᠤᠰᠤᠨ᠎ᠦ ᠡᠬᠢ ᠪᠠᠶᠠᠯᠢᠭ᠋᠎ᠲᠤ ᠲᠣᠬᠢᠷᠠᠭᠤᠯᠤᠨ ᠬᠥᠭᠵᠢᠭᠦᠯᠬᠦ᠎ᠶᠢ ᠠᠬᠢᠭᠤᠯᠤᠨ᠎ᠠ
(ᠨᠢᠭᠡ) ᠠᠵᠤ ᠦᠢᠯᠡᠰ᠎ᠦᠨ ᠬᠥᠭᠵᠢᠯᠲᠡ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠦᠨ᠎ᠡ᠃ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠲᠣᠰ ᠣᠷᠣᠨ ᠪᠦᠰᠡ᠎ᠶᠢᠨ᠎ᠢᠶᠡᠨ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠶᠢ ᠦᠨᠳᠦᠰᠦᠯᠡᠨ᠂ ᠠᠵᠤ ᠦᠢᠯᠡᠰ᠎ᠦᠨ ᠪᠦᠲᠦᠴᠡ ᠪᠠ ᠬᠡᠪᠴᠢᠶ᠎ᠡ᠎ᠶᠢ ᠵᠦᠢ ᠵᠣᠬᠢᠰᠲᠠᠢ ᠪᠠᠢᠷᠢᠰᠢᠭᠤᠯᠬᠤ᠎ᠶᠢ ᠵᠢᠯᠣᠭᠣᠳᠤᠨ ᠬᠢᠨᠠᠯᠲᠠ ᠲᠠᠯᠪᠢᠨ᠎ᠠ᠃ ᠠᠵᠤ ᠦᠢᠯᠡᠳᠪᠦᠷᠢ᠂ ᠡᠨᠧᠷᠭᠢ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠨᠤᠲᠤᠭ ᠪᠡᠯᠴᠢᠭᠡᠷ᠎ᠦᠨ ᠦᠢᠯᠡᠰ ᠵᠡᠷᠭᠡ ᠡᠯ᠎ᠡ ᠲᠥᠷᠥᠯ᠎ᠦᠨ ᠠᠵᠤ ᠦᠢᠯᠡᠰ᠎ᠦᠨ ᠲᠥᠯᠦᠪᠵᠢᠭᠦᠯᠭᠡ ᠵᠢᠴᠢ ᠡᠯ᠎ᠡ ᠲᠥᠷᠥᠯ᠎ᠦᠨ ᠨᠡᠭᠡᠭᠡᠯᠲᠡ᠎ᠶᠢᠨ ᠲᠣᠭᠣᠷᠢᠭ᠋ (ᠰᠢᠨ᠎ᠡ ᠲᠣᠭᠣᠷᠢᠭ᠋)᠎ᠤᠨ ᠲᠥᠯᠦᠪᠵᠢᠭᠦᠯᠭᠡ ᠨᠢ ᠤᠰᠤᠨ᠎ᠤ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠳᠤ ᠬᠣᠯᠪᠣᠭᠳᠠᠪᠠᠯ᠂ ᠨᠠᠢᠷᠠᠭᠤᠯᠤᠨ ᠵᠣᠬᠢᠶᠠᠬᠤ ᠰᠠᠯᠠᠭ᠎ᠠ ᠮᠥᠴᠢᠷ ᠨᠢ ᠲᠥᠯᠦᠪᠵᠢᠭᠦᠯᠭᠡ᠎ᠶᠢᠨ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠎ᠶᠢ ᠵᠡᠷᠭᠡ᠎ᠪᠠᠷ ᠥᠷᠨᠢᠭᠦᠯᠬᠦ᠎ᠶᠢᠨ ᠬᠠᠮᠲᠤ᠂ ᠲᠥᠯᠦᠪᠵᠢᠭᠦᠯᠭᠡ᠎ᠶᠢ ᠬᠢᠨᠠᠨ ᠵᠥᠪᠰᠢᠶᠡᠷᠡᠭᠰᠡᠨ ᠠᠳᠠᠯᠢ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ ᠬᠢᠨᠠᠨ ᠪᠠᠢᠴᠠᠭᠠᠯᠭᠠᠵᠤ᠂ ᠲᠥᠯᠦᠪᠵᠢᠭᠦᠯᠭᠡ᠎ᠶᠢᠨ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠎ᠶᠢᠨ ᠦᠷ᠎ᠡ ᠳ᠋ᠦᠩ ᠨᠢ ᠤᠰᠤᠨ᠎ᠤ ᠡᠬᠢ ᠪᠠᠶᠠᠯᠢᠭ᠋᠎ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ᠎ᠳᠤ ᠨᠡᠢᠴᠡᠬᠦ ᠦᠭᠡᠢ ᠪᠠᠢᠪᠠᠯ᠂ ᠤᠰᠤᠨ᠎ᠤ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠰᠠᠨᠠᠯ᠎ᠢ ᠦᠨᠳᠦᠰᠦᠯᠡᠨ᠂ ᠲᠥᠯᠦᠪᠵᠢᠭᠦᠯᠭᠡ᠎ᠶᠢᠨ ᠠᠭᠤᠯᠭ᠎ᠠ ᠪᠠ ᠬᠡᠪᠴᠢᠶ᠎ᠡ᠎ᠳᠦ ᠲᠣᠬᠢᠷᠠᠭᠤᠯᠤᠯᠲᠠ ᠬᠢᠬᠦ ᠬᠡᠷᠡᠭᠲᠡᠶ; ᠲᠥᠯᠥᠪᠵᠢᠭᠦᠯᠭᠡ᠎ᠶᠢ ᠮᠡᠳᠡᠭᠦᠯᠦᠨ ᠬᠢᠨᠠᠭᠤᠯᠬᠤ ᠶᠠᠪᠤᠴᠠ᠎ᠳᠤ᠂ ᠲᠥᠯᠦᠪᠵᠢᠭᠦᠯᠭᠡ᠎ᠶᠢᠨ ᠵᠣᠯᠭᠠᠭᠤᠯᠬᠤ᠎ᠶᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ ᠬᠢᠬᠦ᠎ᠶᠢ ᠵᠣᠯᠭᠠᠭᠤᠯᠬᠤ᠎ᠶᠢᠨ ᠤᠷᠢᠳᠠᠴᠢ ᠨᠥᠬᠥᠴᠡᠯ ᠪᠣᠯᠭᠠᠬᠤ ᠬᠡᠷᠡᠭᠲᠡᠢ᠃ ᠤᠰᠤᠨ᠎ᠤ ᠬᠣᠷᠣᠭᠳᠠᠯ ᠶᠡᠬᠡᠲᠡᠢ ᠲᠥᠷᠥᠯ ᠵᠦᠢᠯ᠎ᠢ ᠰᠣᠬᠣᠷ ᠪᠠᠯᠠᠢ᠎ᠪᠠᠷ ᠡᠬᠢᠯᠡᠭᠦᠯᠬᠦ᠎ᠶᠢ ᠡᠷᠡᠰ ᠬᠣᠷᠢᠭ᠍ᠯᠠᠵᠤ᠂ ᠤᠰᠤᠨ᠎ᠤ ᠬᠣᠷᠣᠭᠳᠠᠯ ᠶᠡᠬᠡᠲᠡᠢ ᠲᠥᠷᠥᠯ ᠵᠦᠢᠯ᠎ᠦᠨ ᠤᠰᠤ ᠬᠡᠷᠡᠭᠯᠡᠬᠦ ᠬᠢᠨᠠᠨ ᠵᠥᠪᠰᠢᠶᠡᠷᠡᠯ᠎ᠢ ᠴᠢᠩᠭ᠎ᠠ ᠡᠵᠡᠮᠳᠡᠨ᠎ᠡ᠃ ᠲᠥᠷᠥᠯ ᠵᠦᠢᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠡᠬᠢᠯᠡᠭᠦᠯᠬᠦ᠎ᠡᠴᠡ ᠡᠮᠦᠨᠡᠬᠢ ᠭᠠᠷᠳᠠᠮ᠎ᠢᠶᠡᠨ ᠴᠢᠩᠭ᠎ᠠ ᠬᠠᠷᠢᠭᠤᠴᠠᠵᠤ᠂ ᠤᠰᠤ ᠲᠠᠲᠠᠬᠤ᠎ᠪᠠᠷ ᠭᠤᠶᠤᠴᠢᠯᠠᠬᠤ ᠴᠢᠬᠤᠯᠠᠲᠠᠢ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠤ ᠠᠵᠢᠯ ᠡᠬᠢᠯᠡᠭᠦᠯᠬᠦ᠎ᠡᠴᠡ ᠡᠮᠦᠨ᠎ᠡ ᠤᠰᠤ ᠲᠠᠲᠠᠬᠤ᠎ᠶᠢ ᠵᠥᠪᠰᠢᠶᠡᠷᠡᠬᠦ ᠭᠠᠷᠳᠠᠮ᠎ᠢᠶᠡᠨ ᠬᠠᠤᠯᠢ ᠶᠣᠰᠣᠭᠠᠷ ᠭᠦᠢᠴᠡᠳᠬᠡᠵᠦ᠂ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠵᠤ ᠦᠢᠯᠡᠳᠪᠦᠷᠢ ᠪᠠ ᠦᠢᠯᠡᠴᠢᠯᠡᠭᠡᠨ᠎ᠦ ᠦᠢᠯᠡᠰ᠎ᠦᠨ ᠲᠥᠷᠥᠯ ᠵᠦᠢᠯ᠎ᠦᠨ ᠤᠰᠤ ᠬᠡᠷᠡᠭᠯᠡᠬᠦ ᠬᠢᠷᠢ ᠬᠡᠮᠵᠢᠶ᠎ᠡ᠎ᠶᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠦ ᠠᠵᠢᠯ ᠲᠥᠷᠥᠯ᠎ᠦᠨ ᠤᠰᠤ ᠬᠡᠷᠡᠭᠯᠡᠬᠦ ᠲᠣᠭᠲᠠᠭᠰᠠᠨ ᠨᠤᠷᠮ᠎ᠠ᠎ᠶᠢᠨ ᠲᠡᠷᠢᠭᠦᠨ᠎ᠦ ᠬᠡᠮᠵᠢᠭᠳᠡᠯ᠎ᠡᠴᠡ ᠳᠣᠣᠷ᠎ᠠ ᠪᠠᠢᠯᠭᠠᠵᠤ ᠪᠣᠯᠬᠤ ᠦᠭᠡᠢ᠃ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠠᠴᠠ ᠬᠡᠲᠦᠷᠡᠭᠰᠡᠨ ᠭᠠᠵᠠᠷ ᠣᠷᠣᠨ ᠨᠢ ᠤᠰᠤ ᠲᠠᠲᠠᠬᠤ ᠵᠥᠪᠰᠢᠶᠡᠷᠡᠯ᠎ᠦᠨ ᠬᠢᠨᠠᠨ ᠵᠥᠪᠰᠢᠶᠡᠷᠡᠬᠦ᠎ᠶᠢ ᠬᠢᠵᠠᠭᠠᠷᠯᠠᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠤᠰᠤ ᠲᠠᠲᠠᠬᠤ᠎ᠶᠢ ᠰᠢᠨ᠎ᠡ᠎ᠪᠡᠷ ᠨᠡᠮᠡᠭᠳᠡᠭᠦᠯᠬᠦ᠎ᠶᠢ ᠴᠢᠩᠭ᠎ᠠ ᠬᠢᠵᠠᠭᠠᠷᠯᠠᠨ᠎ᠠ᠃ ᠬᠠᠤᠯᠢ ᠲᠣᠭᠲᠠᠭᠠᠯ᠎ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠦᠶ᠋ᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠤᠰᠤᠨ ᠠᠰᠢᠭ᠍ᠯᠠᠯᠲᠠ᠎ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠨᠧᠷᠭᠢ᠎ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
(ᠬᠣᠶᠠᠷ) ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠶᠢ ᠠᠬᠢᠭᠤᠯᠤᠨ᠎ᠠ᠃ ᠠᠵᠤ ᠦᠢᠯᠡᠳᠪᠦᠷᠢ᠎ᠶᠢᠨ ᠠᠵᠤ ᠠᠬᠤᠢᠯᠠᠯ᠎ᠦᠨ ᠤᠰᠤ ᠠᠷᠪᠢᠯᠠᠬᠤ ᠮᠡᠷᠭᠡᠵᠢᠯ᠎ᠢᠶᠠᠨ ᠥᠭᠡᠷᠡᠴᠢᠯᠡᠨ ᠰᠢᠨᠡᠳᠬᠡᠬᠦ᠎ᠶᠢ ᠢᠳᠡᠪᠬᠢᠲᠡᠢ ᠥᠷᠨᠢᠭᠦᠯᠬᠦ᠎ᠶᠢ ᠵᠣᠷᠢᠭ᠍ᠵᠢᠭᠤᠯᠵᠤ ᠬᠥᠲᠥᠯᠥᠨ ᠵᠢᠯᠤᠭᠣᠳᠴᠤ᠂ ᠲᠡᠷᠢᠭᠦᠨ᠎ᠦ ᠪᠥᠭᠡᠳ ᠬᠡᠷᠡᠭᠯᠡᠬᠦ᠎ᠳᠦ ᠲᠣᠬᠢᠷᠠᠬᠤ ᠤᠰᠤ ᠠᠷᠪᠢᠯᠠᠬᠤ ᠮᠡᠷᠭᠡᠵᠢᠯ᠎ᠦᠨ ᠲᠤᠨᠤᠭ ᠲᠥᠬᠦᠭᠡᠷᠦᠮᠵᠢ᠎ᠶᠢ ᠳᠡᠯᠭᠡᠷᠡᠭᠦᠯᠦᠨ᠂ ᠠᠵᠤ ᠦᠢᠯᠡᠳᠪᠦᠷᠢ᠎ᠶᠢᠨ ᠠᠵᠤ ᠠᠬᠤᠢᠯᠠᠯ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠦᠨ ᠤᠰᠤ ᠠᠷᠪᠢᠯᠠᠬᠤ ᠬᠡᠯᠪᠡᠷᠢ ᠪᠦᠬᠦᠢ ᠠᠵᠤ ᠠᠬᠤᠢᠯᠠᠯ᠂ ᠬᠦᠷᠢᠶᠡᠯᠡᠩ ᠲᠣᠭᠣᠷᠢᠭ᠋ ᠡᠭᠦᠳᠦᠨ ᠪᠠᠶ᠋ᠢᠭᠤᠯᠬᠤ᠎ᠶᠢ ᠠᠬᠢᠭᠤᠯᠵᠤ᠂ ᠲᠣᠭᠲᠠᠭᠠᠯ ᠶᠣᠰᠣᠭᠠᠷ ᠴᠢᠩᠭ᠎ᠠ ᠲᠠᠬᠢᠨ ᠬᠠᠷᠭᠤᠭᠤᠯᠤᠨ᠎ᠠ᠃ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠣᠬᠢᠷ ᠤᠰᠤ᠎ᠶᠢ ᠴᠤᠭᠯᠠᠭᠤᠯᠤᠨ ᠰᠠᠯᠭᠠᠬᠤ ᠬᠣᠭᠣᠯᠠᠢ ᠲᠣᠣᠷ᠂ ᠪᠣᠬᠢᠷ ᠤᠰᠤ᠎ᠶᠢ ᠲᠥᠪᠯᠡᠷᠡᠭᠦᠯᠦᠨ ᠰᠢᠢᠳᠪᠦᠷᠢᠯᠡᠬᠦ᠂ ᠳᠠᠬᠢᠯᠲᠠ ᠤᠰᠤ᠎ᠶᠢ ᠡᠭᠡᠭᠦᠯᠦᠨ ᠬᠡᠷᠡᠭᠯᠡᠬᠦ ᠵᠡᠷᠭᠡ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠳᠡᠮᠵᠢᠵᠦ᠂ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ᠎ᠶᠢ ᠡᠷᠭᠢᠯᠳᠦᠭᠦᠯᠦᠨ ᠠᠰᠢᠭ᠍ᠯᠠᠬᠤ᠎ᠶᠢ ᠴᠢᠩᠭᠠᠳᠬᠠᠨ᠎ᠠ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ 《ᠤᠰᠤ ᠠᠷᠪᠢᠯᠠᠬᠤ ᠵᠢᠭᠡᠯᠡᠯᠭᠡ》᠂ 《ᠤᠰᠤᠨ᠎ᠤ ᠡᠷᠬᠡ᠎ᠶᠢᠨ ᠵᠢᠭᠡᠯᠡᠯᠭᠡ》 ᠵᠡᠷᠭᠡ ᠮᠥᠩᠭᠥᠨ ᠭᠦᠢᠯᠭᠡᠭᠡᠨ᠎ᠦ ᠢᠲᠡᠭᠡᠮᠵᠢᠲᠦ ᠵᠢᠭᠡᠯᠡᠯᠭᠡ᠎ᠶᠢᠨ ᠨᠡᠷᠡᠳᠭᠦᠨ᠎ᠢᠶᠡᠷ ᠳᠠᠮᠵᠢᠭᠤᠯᠤᠨ ᠠᠵᠤ ᠠᠬᠤᠢᠯᠠᠯ᠎ᠤᠨ ᠤᠰᠤ ᠠᠷᠪᠢᠯᠠᠬᠤ᠎ᠪᠠᠷ ᠥᠭᠡᠷᠡᠴᠢᠯᠡᠨ ᠰᠢᠨᠡᠳᠬᠡᠬᠦ᠎ᠶᠢ ᠳᠡᠮᠵᠢᠬᠦ᠎ᠶᠢ ᠨᠢ ᠵᠣᠷᠢᠭ᠍ᠵᠢᠭᠤᠯᠤᠨ᠎ᠠ᠃ ᠬᠠᠤᠯᠢ ᠶᠣᠰᠣᠨ᠎ᠤ ᠤᠰᠤ ᠬᠡᠷᠡᠭᠯᠡᠬᠦ ᠡᠷᠦᠬᠡ᠎ᠶᠢᠨ ᠪᠡᠶ᠎ᠡ᠎ᠪᠡᠨ ᠳᠠᠭᠠᠭᠠᠵᠤ ᠤᠰᠤ ᠠᠷᠪᠢᠯᠠᠭᠰᠠᠨ ᠬᠡᠮᠵᠢᠶ᠎ᠡ᠎ᠪᠡᠷ᠎ᠢᠶᠡᠨ ᠤᠰᠤᠨ᠎ᠤ ᠡᠷᠬᠡ᠎ᠶᠢᠨ ᠠᠷᠠᠯᠵᠢᠶ᠎ᠠ ᠬᠢᠬᠦ᠎ᠶᠢ ᠳᠡᠮᠵᠢᠨ᠎ᠡ᠃ ᠦᠬᠠᠢ ᠬᠣᠲᠠ᠎ᠶᠢᠨ ᠤᠯᠤᠰ᠎ᠤᠨ ᠲᠠᠰ᠎ᠤᠨ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠲᠤᠷᠰᠢᠯᠲᠠ᠎ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠵᠤ ᠦᠢᠯᠡᠳᠪᠦᠷᠢ᠎ᠶᠢᠨ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠲᠤᠷᠰᠢᠯᠲᠠ᠎ᠶᠢ ᠵᠣᠬᠢᠶᠠᠨ ᠪᠠᠢᠭᠤᠯᠤᠨ ᠥᠷᠨᠢᠭᠦᠯᠦᠨ᠎ᠡ᠃ 2025 ᠣᠨ᠎ᠤ ᠰᠡᠭᠦᠯᠴᠢ ᠪᠣᠯᠬᠤ᠎ᠳᠤ᠂ ᠤᠰᠤ ᠠᠷᠪᠢᠯᠠᠬᠤ ᠴᠢᠳᠠᠪᠤᠷᠢ᠎ᠶᠢ 413 ᠲᠦᠮᠡᠨ ᠺᠦᠪ ᠮᠧᠲᠷ ᠰᠢᠨ᠎ᠡ᠎ᠪᠡᠷ ᠨᠡᠮᠡᠭᠳᠡᠭᠦᠯᠵᠦ᠂ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠳᠦ ᠬᠡᠷᠡᠭᠯᠡᠬᠦ ᠤᠰᠤᠨ᠎ᠤ ᠳᠠᠪᠲᠠᠨ ᠠᠰᠢᠭ᠍ᠯᠠᠬᠤ ᠨᠣᠷᠮ᠎ᠠ᠎ᠶᠢ 95%᠎ᠠᠴᠠ ᠳᠡᠭᠡᠭᠰᠢ᠎ᠳᠦ ᠬᠦᠷᠦᠭᠦᠯᠦᠨ᠎ᠡ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠡᠨᠧᠷᠭᠢ᠎ᠶᠢᠨ ᠲᠣᠪᠴᠢᠶ᠎ᠠ᠂ ᠤᠰᠤᠨ ᠠᠰᠢᠭ᠍ᠯᠠᠯᠲᠠ᠎ᠶᠢᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
(ᠭᠤᠷᠪᠠ) ᠦᠢᠯᠡᠴᠢᠯᠡᠭᠡᠨ᠎ᠦ ᠦᠢᠯᠡᠰ᠎ᠦᠨ ᠤᠰᠤ ᠬᠡᠷᠡᠭᠯᠡᠬᠦ ᠬᠠᠮᠢᠶᠠᠷᠤᠯᠲᠠ ᠡᠵᠡᠮᠳᠡᠯ᠎ᠢ ᠴᠢᠩᠭᠠᠷᠠᠭᠤᠯᠤᠨ᠎ᠠ᠃ ᠤᠰᠤᠨ᠎ᠤ ᠡᠬᠢ ᠪᠠᠶᠠᠯᠢᠭ᠋ ᠬᠦᠨᠳᠦ ᠨᠣᠴᠢᠲᠠᠢ ᠳᠤᠲᠠᠭᠳᠠᠵᠤ ᠪᠠᠢᠭ᠎ᠠ ᠪᠠ ᠳᠠᠭᠠᠭᠠᠴᠠ᠎ᠠᠴᠠ ᠬᠡᠲᠦᠷᠡᠭᠰᠡᠨ ᠭᠠᠵᠠᠷ ᠣᠷᠣᠨ᠎ᠨᠤᠭᠤᠳ ᠦᠢᠯᠡᠴᠢᠯᠡᠭᠡᠨ᠎ᠦ ᠦᠢᠯᠡᠰ᠎ᠦᠨ ᠬᠡᠷᠡᠭᠯᠡᠬᠦ ᠤᠰᠤᠨ᠎ᠤ ᠨᠤᠷᠮ᠎ᠠ ᠲᠣᠭᠲᠠᠭᠠᠨ ᠬᠠᠮᠢᠶᠠᠷᠬᠤ᠎ᠶᠢ ᠴᠢᠩᠭᠠᠷᠠᠭᠤᠯᠵᠤ᠂ ᠪᠡᠶ᠎ᠡ ᠤᠬᠢᠶᠠᠬᠤ᠂ ᠲᠡᠷᠭᠡ ᠤᠬᠢᠶᠠᠬᠤ᠂ ᠬᠢᠮᠡᠯ ᠴᠡᠨᠡᠯᠡᠯᠲᠡ᠎ᠶᠢᠨ ᠲᠠᠯᠠᠪᠠᠶ ᠵᠡᠷᠭᠡ ᠠᠵᠢᠯ ᠲᠥᠷᠥᠯ᠎ᠦᠨ ᠲᠥᠯᠥᠪᠯᠡᠭᠡ᠎ᠲᠠᠢ᠎ᠪᠡᠷ ᠤᠰᠤ ᠬᠡᠷᠡᠭᠯᠡᠬᠦ ᠬᠠᠮᠢᠶᠠᠷᠤᠯᠲᠠ᠎ᠶᠢ ᠴᠢᠩᠭ᠎ᠠ ᠡᠵᠡᠮᠳᠡᠵᠦ᠂ ᠤᠰᠤᠨ᠎ᠤ ᠬᠣᠷᠣᠭᠳᠠᠯ ᠶᠡᠬᠡᠲᠡᠢ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢ ᠬᠢᠵᠠᠭᠠᠷᠯᠠᠬᠤ ᠬᠡᠷᠡᠭᠲᠡᠢ᠃ ᠵᠠᠮ ᠵᠡᠭᠡᠯᠢ ᠴᠡᠪᠡᠷᠯᠡᠬᠦ᠂ ᠲᠡᠷᠭᠡ ᠬᠥᠰᠬᠡ ᠤᠬᠢᠶᠠᠬᠤ᠂ ᠪᠠᠷᠢᠯᠭ᠎ᠠ ᠪᠠᠷᠢᠬᠤ ᠵᠡᠷᠭᠡ᠎ᠳᠦ ᠤᠷᠢᠳ᠎ᠢᠶᠠᠷ ᠳᠠᠬᠢᠯᠲᠠ ᠤᠰᠤ ᠵᠡᠷᠭᠡ ᠪᠠᠢᠩᠭᠤ᠎ᠶᠢᠨ ᠪᠤᠰᠤ ᠤᠰᠤ᠎ᠶᠢ ᠬᠡᠷᠡᠭᠯᠡᠵᠦ᠂ ᠤᠰᠤᠨ᠎ᠤ ᠬᠣᠷᠣᠭᠳᠠᠯ ᠶᠡᠬᠡᠲᠡᠢ ᠦᠢᠯᠡᠴᠢᠯᠡᠭᠡᠨ᠎ᠦ ᠦᠢᠯᠡᠰ᠎ᠦᠨ ᠳᠠᠬᠢᠯᠲᠠ ᠤᠰᠤ ᠠᠰᠢᠭ᠍ᠯᠠᠬᠤ ᠬᠠᠷᠢᠴᠠᠯ᠎ᠢ ᠨᠢ ᠨᠡᠮᠡᠭᠳᠡᠭᠦᠯᠦᠨ᠎ᠡ᠃ ᠲᠡᠷᠭᠡ ᠤᠬᠢᠶᠠᠬᠤ ᠲᠠᠯᠠᠪᠠᠶ᠎ᠶᠢᠨ ᠳᠤᠷ᠎ᠠ᠎ᠪᠠᠷ᠎ᠢᠶᠠᠨ ᠬᠤᠳᠳᠤᠭ ᠥᠷᠥᠮᠳᠡᠭᠰᠡᠨ᠂ ᠭᠠᠵᠠᠷ ᠳᠣᠣᠷᠠᠬᠢ ᠤᠰᠤ᠎ᠶᠢ ᠬᠤᠯᠠᠭᠠᠢᠯᠠᠨ ᠬᠡᠷᠡᠭᠯᠡᠭᠰᠡᠨ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠨ᠎ᠡ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
ᠵᠢᠷᠭᠤᠭ᠎ᠠ᠂ ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ᠎ᠶᠢ ᠪᠠᠷᠢᠮᠲᠠᠯᠠᠵᠤ᠂ ᠨᠤᠲᠤᠭ ᠳᠡᠪᠢᠰᠬᠡᠷ᠎ᠦᠨ ᠨᠣᠭᠣᠭᠠᠷᠠᠭᠤᠯᠤᠯᠲᠠ᠎ᠶᠢ ᠰᠢᠨᠵᠢᠯᠡᠬᠦ ᠤᠬᠠᠭᠠᠨᠴᠢ᠎ᠪᠠᠷ ᠥᠷᠨᠢᠭᠦᠯᠦᠨ᠎ᠡ
(ᠨᠢᠭᠡ) ᠨᠤᠲᠤᠭ ᠳᠡᠪᠢᠰᠬᠡᠷ᠎ᠦᠨ ᠨᠣᠭᠣᠭᠠᠷᠠᠭᠤᠯᠤᠯᠲᠠ᠎ᠶᠢ ᠤᠰᠤᠨ᠎ᠤ ᠬᠡᠮᠵᠢᠶ᠎ᠡ᠎ᠪᠡᠷ ᠬᠢᠬᠦ᠎ᠶᠢ ᠠᠬᠢᠭᠤᠯᠤᠨ᠎ᠠ᠃ ᠪᠠᠢᠭᠠᠯᠢ᠎ᠶᠢᠨ ᠪᠣᠷᠣᠭᠠᠨ ᠣᠷᠣᠬᠤ ᠨᠥᠬᠥᠴᠡᠯ ᠵᠢᠴᠢ ᠤᠰᠤᠨ᠎ᠦ ᠡᠬᠢ ᠪᠠᠶᠠᠯᠢᠭ᠋᠎ᠦᠨ ᠴᠠᠭ ᠬᠤᠭᠤᠴᠠᠭ᠎ᠠ ᠣᠷᠣᠨ ᠵᠠᠢ᠎ᠶᠢᠨ ᠲᠠᠷᠬᠠᠯᠲᠠ ᠪᠠ ᠳᠠᠭᠠᠭᠠᠬᠤ ᠴᠢᠳᠠᠪᠤᠷᠢ᠎ᠶᠢ ᠭᠦᠢᠴᠡᠳ ᠪᠣᠳᠣᠯᠬᠢᠯᠠᠨ᠂ ᠪᠠᠢᠭᠠᠯᠢ᠎ᠶᠢᠨ ᠵᠢᠮ᠎ᠡ ᠶᠣᠰᠣ᠌᠎ᠶᠢ ᠬᠦᠨᠳᠦᠳᠬᠡᠨ᠂ ᠤᠢ ᠰᠢᠭᠤᠢ ᠡᠪᠡᠰᠦ ᠤᠷᠭᠤᠮᠠᠯ᠎ᠦᠨ ᠬᠤᠴᠢᠯᠭ᠎ᠠ᠎ᠶᠢᠨ ᠲᠥᠷᠥᠯ ᠬᠡᠯᠪᠡᠷᠢ ᠪᠠ ᠨᠢᠭ᠍ᠲᠠᠴᠠ᠎ᠶᠢ ᠵᠦᠢ ᠵᠣᠬᠢᠰᠲᠠᠢ ᠲᠣᠬᠢᠷᠠᠭᠤᠯᠵᠤ᠂ ᠣᠢᠵᠢᠭᠤᠯᠬᠤ᠎ᠳᠤ ᠲᠣᠬᠢᠷᠠᠮᠵᠢᠲᠠᠢ ᠪᠣᠯ ᠣᠢᠵᠢᠭᠤᠯᠵᠤ᠂ ᠡᠪᠡᠰᠦ ᠲᠠᠷᠢᠬᠤ᠎ᠳᠦ ᠲᠣᠬᠢᠷᠠᠮᠵᠢᠲᠠᠢ ᠪᠣᠯ ᠡᠪᠡᠰᠦ ᠲᠠᠷᠢᠵᠤ᠂ ᠠᠲᠠᠷᠰᠢᠭᠤᠯᠬᠤ᠎ᠳᠤ ᠲᠣᠬᠢᠷᠠᠮᠵᠢᠲᠠᠢ ᠪᠣᠯ ᠠᠲᠠᠷᠰᠢᠭᠤᠯᠵᠤ᠂ ᠤᠢ ᠰᠢᠭᠤᠢ ᠨᠤᠲᠤᠭ ᠪᠡᠯᠴᠢᠭᠡᠷ᠎ᠦᠨ ᠤᠰᠤ ᠠᠷᠪᠢᠯᠠᠬᠤ ᠤᠰᠤᠯᠠᠯᠲᠠ᠎ᠶᠢᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠪᠠ ᠤᠰᠤ ᠠᠷᠪᠢᠯᠠᠬᠤ ᠤᠢ ᠰᠢᠭᠤᠢ ᠨᠤᠲᠤᠭ ᠪᠡᠯᠴᠢᠭᠡᠷ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠳᠬᠦᠨ᠎ᠢ ᠳᠡᠯᠭᠡᠷᠡᠭᠦᠯᠦᠨ ᠬᠡᠷᠡᠭᠯᠡᠬᠦ᠎ᠶᠢ ᠴᠢᠩᠭᠠᠳᠬᠠᠨ᠎ᠠ᠃ ᠤᠰᠤᠨ᠎ᠤ ᠡᠬᠢ ᠪᠠᠶᠠᠯᠢᠭ᠋᠎ᠤᠨ ᠳᠠᠭᠠᠭᠠᠬᠤ ᠴᠢᠳᠠᠪᠤᠷᠢ᠎ᠶᠢᠨ ᠬᠡᠪᠴᠢᠶᠡᠨ᠎ᠳᠤ 《ᠭᠤᠷᠪᠠᠨ ᠤᠮᠠᠷᠠᠲᠤ》᠎ᠶᠢᠨ ᠢᠨᠵᠧᠨᠧᠷᠢᠩ ᠵᠡᠷᠭᠡ ᠤᠯᠤᠰ᠎ᠤᠨ ᠴᠢᠬᠤᠯᠠ ᠶᠡᠬᠡ ᠠᠮᠢ ᠠᠬᠤᠢ᠎ᠶᠢᠨ ᠢᠨᠵᠧᠨᠧᠷᠢᠩ᠎ᠦᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ᠎ᠶᠢ ᠰᠠᠢᠲᠤᠷ ᠪᠠᠲᠤᠯᠠᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠤᠰᠤᠨ ᠠᠰᠢᠭ᠍ᠯᠠᠯᠲᠠ᠎ᠶᠢᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
(ᠬᠣᠶᠠᠷ) ᠬᠣᠲᠠ᠎ᠶᠢᠨ ᠨᠣᠭᠣᠭᠠᠷᠠᠭᠤᠯᠤᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠶᠢ ᠴᠢᠩᠭᠠᠳᠬᠠᠨ᠎ᠠ᠃ ᠬᠤᠳᠠ ᠶᠢᠨ ᠴᠡᠴᠡᠷᠯᠢᠭ᠎ᠦᠨ ᠨᠣᠭᠣᠭᠠᠷᠠᠭᠤᠯᠤᠯᠲᠠ ᠳᠤ ᠤᠰᠤᠨ᠎ᠦ ᠴᠢᠨᠠᠷ ᠨᠢ ᠪᠠᠷᠢᠮᠵᠢᠶᠠᠲᠤ ᠱᠠᠭᠠᠷᠳᠠᠯᠭ᠎ᠠ ᠳᠤ ᠨᠡᠢᠴᠡᠬᠦ ᠳᠠᠬᠢᠯᠲᠠ ᠤᠰᠤ᠎ᠶᠢ ᠡᠩ ᠲᠡᠷᠢᠭᠦᠨ ᠳᠤ ᠬᠡᠷᠡᠭᠯᠡᠵᠦ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠠᠷᠭ᠎ᠠ ᠮᠠᠶᠢᠭ᠋᠎ᠢ ᠳᠡᠯᠭᠡᠷᠡᠭᠦᠯᠦᠨ᠂ ᠲᠤᠰ ᠭᠠᠵᠠᠷ ᠣᠷᠣᠨ ᠳᠤ ᠲᠣᠬᠢᠷᠠᠬᠤ ᠤᠰᠤ ᠠᠷᠪᠢᠯᠠᠵᠤ ᠭᠠᠩ ᠬᠠᠭᠰᠠᠷᠠᠭᠠᠨ᠎ᠳᠤ ᠳᠠᠭᠠᠭᠠᠴᠠᠲᠠᠢ ᠤᠷᠭᠤᠮᠠᠯ᠎ᠦᠨ ᠬᠤᠴᠢᠯᠭ᠎ᠠ᠎ᠶᠢ ᠰᠣᠩᠭᠣᠨ ᠬᠡᠷᠡᠭᠯᠡᠵᠦ᠂ ᠤᠰᠤᠯᠠᠬᠤ ᠤᠳᠠᠭ᠎ᠠ ᠳᠠᠷᠠᠭ᠎ᠠ᠎ᠶᠢ ᠵᠦᠢ ᠵᠣᠬᠢᠰᠲᠠᠢ ᠲᠣᠬᠢᠷᠠᠭᠤᠯᠤᠨ᠂ ᠬᠣᠲᠠ ᠪᠠᠯᠭᠠᠰᠤ ᠶᠢᠨ ᠦᠵᠡᠮᠵᠢᠳᠤ ᠬᠡᠷᠡᠭᠯᠡᠬᠦ ᠤᠰᠤ᠎ᠶᠢ ᠴᠢᠩᠭ᠎ᠠ ᠬᠢᠵᠠᠭᠠᠷᠯᠠᠵᠤ᠂ ᠭᠠᠵᠠᠷ ᠳᠣᠣᠷᠠᠬᠢ ᠤᠰᠤ᠎ᠶᠢ ᠲᠠᠲᠠᠵᠤ ᠬᠤᠳᠠ ᠶᠢᠨ ᠤᠰᠤᠨ᠎ᠦ ᠦᠵᠡᠮᠵᠢ᠂ ᠤᠰᠤᠨ ᠳᠡᠭᠡᠷᠡᠬᠢ ᠵᠤᠭ᠎ᠠ ᠴᠡᠩᠭᠡᠯ᠎ᠦᠨ ᠲᠦᠷᠦᠯ ᠵᠦᠢᠯ ᠳᠤ ᠬᠡᠷᠡᠭᠯᠡᠬᠦ᠎ᠶᠢ ᠴᠢᠩᠭ᠎ᠠ ᠴᠠᠭᠠᠵᠠᠯᠠᠨ᠎ᠠ᠃ ᠳᠠᠬᠢᠯᠲᠠ ᠤᠰᠤᠨ ᠬᠣᠭᠣᠯᠠᠢ ᠭᠤᠤᠷᠰᠤ᠎ᠶᠢᠨ ᠲᠣᠣᠷ᠎ᠤᠨ ᠬᠠᠮᠤᠷᠬᠤ ᠬᠡᠪᠴᠢᠶᠡᠨ ᠳᠣᠲᠣᠷᠠᠬᠢ ᠨᠣᠭᠣᠭᠠᠷᠠᠭᠤᠯᠤᠯᠲᠠ᠎ᠶᠢᠨ ᠤᠰᠤᠨ ᠰᠤᠷᠪᠤᠯᠵᠢ᠎ᠶᠢᠨ ᠬᠤᠳᠳᠤᠭ᠎ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ (ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠤᠰᠤᠨ ᠠᠰᠢᠭ᠍ᠯᠠᠯᠲᠠ᠎ᠶᠢᠨ ᠲᠢᠩᠬᠢᠮ ᠠᠵᠢᠯ ᠬᠤᠪᠢᠶᠠᠷᠢᠯᠠᠨ ᠬᠠᠷᠢᠭᠤᠴᠠᠨ᠎ᠠ)
ᠳᠣᠯᠣᠭ᠎ᠠ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ
ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠬᠤ᠎ᠶᠢ ᠴᠢᠩᠭᠠᠷᠠᠭᠤᠯᠵᠤ᠂ ᠤᠰᠤᠨ᠎ᠤ ᠡᠬᠢ ᠪᠠᠶᠠᠯᠢᠭ᠋᠎ᠢᠶᠠᠷ ᠦᠨᠡᠨ ᠬᠦ᠌ ᠬᠠᠮᠤᠭ᠎ᠤᠨ ᠴᠢᠩᠭ᠎ᠠ ᠬᠢᠵᠠᠭᠠᠷᠯᠠᠯ ᠪᠣᠯᠭᠠᠵᠤ᠂ ᠬᠠᠮᠢᠶ᠎ᠠ ᠪᠦᠬᠦᠢ ᠡᠭᠦᠷᠭᠡ ᠬᠠᠷᠠᠯᠲᠠ᠎ᠪᠠᠨ ᠲᠡᠷᠡ ᠬᠡᠪ᠎ᠢᠶᠡᠷ ᠨᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ᠎ᠦ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ ᠨᠢ 《ᠤᠰᠤ᠎ᠪᠠᠷ ᠲᠣᠭᠲᠠᠭᠠᠬᠤ》 ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠤᠰᠤᠨ᠎ᠦ ᠡᠬᠢ ᠪᠠᠶᠠᠯᠢᠭ᠋᠎ᠢ ᠨᠢᠭᠡᠳᠦᠯᠲᠡᠢ ᠬᠢᠨᠠᠨ ᠬᠠᠮᠢᠶᠠᠷᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠣᠷᠢᠨ᠂ ᠣᠶ ᠰᠢᠭᠤᠢ ᠪᠠ ᠨᠤᠲᠤᠭ ᠪᠡᠯᠴᠢᠭᠡᠷ᠂ ᠡᠨᠧᠷᠭᠢ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ 《ᠤᠰᠤ᠎ᠪᠠᠷ ᠳᠥᠷᠪᠡ᠎ᠶᠢ ᠲᠣᠭᠲᠠᠭᠠᠬᠤ》 ᠬᠠᠷᠢᠭᠤᠴᠠᠯᠭ᠎ᠠ᠎ᠪᠠᠨ ᠠᠵᠢᠯ᠎ᠢᠶᠠᠨ ᠬᠤᠪᠢᠶᠠᠷᠢᠯᠠᠨ ᠨᠠᠢᠳᠠᠪᠤᠷᠢᠵᠢᠭᠤᠯᠵᠤ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠢᠭ᠍ᠲᠠ ᠬᠠᠮᠵᠢᠯᠴᠠᠨ᠂ 《ᠤᠰᠤ᠎ᠪᠠᠷ ᠳᠥᠷᠪᠡ᠎ᠶᠢ ᠲᠣᠭᠲᠠᠭᠠᠬᠤ》᠎ᠶᠢ ᠪᠦᠲᠦᠮᠵᠢᠲᠡᠶ ᠨᠠᠢᠳᠠᠪᠤᠷᠢᠵᠢᠭᠤᠯᠬᠤ᠎ᠶᠢ ᠦᠨᠡᠨ ᠬᠦ᠌ ᠠᠬᠢᠭᠤᠯᠬᠤ ᠬᠡᠷᠡᠭᠲᠡᠢ᠃ 《ᠤᠰᠤ᠎ᠪᠠᠷ ᠳᠥᠷᠪᠡ᠎ᠶᠢ ᠲᠣᠭᠲᠠᠭᠠᠬᠤ》᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠰᠢᠮᠳᠠᠭᠤᠯᠤᠨ ᠪᠠᠢᠴᠠᠭᠠᠬᠤ ᠴᠢᠬᠤᠯᠠ ᠠᠭᠤᠯᠭ᠎ᠠ ᠪᠣᠯᠭᠠᠵᠤ᠂ 《ᠤᠰᠤ᠎ᠪᠠᠷ ᠳᠥᠷᠪᠡ᠎ᠶᠢ ᠲᠣᠭᠲᠠᠭᠠᠬᠤ》᠎ᠶᠢ ᠰᠠᠢᠲᠤᠷ ᠨᠠᠢᠳᠠᠪᠤᠷᠢᠵᠢᠭᠤᠯᠤᠭᠰᠠᠨ ᠦᠭᠡᠢ ᠭᠠᠵᠠᠷ ᠣᠷᠣᠨ᠂ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠬᠠᠷᠢᠭᠤᠴᠠᠯᠭ᠎ᠠ᠎ᠲᠠᠢ ᠬᠥᠮᠥᠰ᠎ᠡᠴᠡ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃ ᠤᠰᠤ ᠠᠷᠪᠢᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠪᠦᠬᠦ ᠠᠷᠠᠳ᠎ᠢᠶᠠᠷ᠎ᠢᠶᠠᠨ ᠤᠰᠤ ᠠᠷᠪᠢᠯᠠᠵᠤ ᠤᠰᠤ ᠬᠠᠮᠠᠭᠠᠯᠠᠬᠤ ᠦᠵᠡᠯ ᠤᠬᠠᠮᠰᠠᠷ᠎ᠢ ᠪᠠᠲᠤ ᠪᠡᠬᠢ ᠪᠤᠢ ᠪᠣᠯᠭᠠᠵᠤ᠂ ᠪᠦᠬᠦ ᠨᠡᠢᠭᠡᠮ᠎ᠢᠶᠡᠷ᠎ᠢᠶᠡᠨ ᠤᠰᠤᠨ᠎ᠤ ᠡᠬᠢ ᠪᠠᠶᠠᠯᠢᠭ᠋᠎ᠢ ᠠᠷᠪᠢᠯᠠᠨ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠨ᠎ᠠ᠃
2025 ᠣᠨ᠎ᠤ 7 ᠳ᠋ᠤᠭᠠᠷ ᠰᠠᠷ᠎ᠠ᠎ᠶᠢᠨ 11᠎ᠤ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 7 ᠳ᠋ᠤᠭᠠᠷ ᠰᠠᠷ᠎ᠠ᠎ᠶᠢᠨ 14᠎ᠦ ᠡᠳᠦᠷ ᠳᠠᠷᠤᠮᠠᠯᠯᠠᠨ ᠲᠠᠷᠬᠠᠭᠠᠪᠠ