ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠄ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ《ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠥᠷᠭᠡᠳᠭᠡᠬᠦ᠌ ᠲᠤᠬᠠᠶ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-09-16

  ᠦᠢᠯᠡᠴᠢᠯᠡᠭᠡᠨ᠎ᠤ ᠬᠡᠷᠡᠭ᠌ᠯᠡᠭᠡ ᠪᠣᠯ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠂ ᠪᠠᠰᠠ ᠴᠤ᠌ ᠬᠡᠷᠡᠭ᠌ᠯᠡᠭᠡ᠎ᠶᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢᠨ ᠴᠢᠬᠤᠯᠠ ᠴᠢᠭ᠌ᠯᠡᠯ ᠮᠥᠨ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠴᠢᠬᠤᠯᠠ ᠦᠢᠯᠡᠳᠦᠯ ᠪᠠᠳᠠᠷᠠᠭᠤᠯᠬᠤ ᠬᠡᠷᠡᠭ᠌ᠲᠡᠢ᠃ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠤᠰᠠᠳᠠ᠂ ᠬᠡᠷᠡᠭ᠌ᠯᠡᠭᠡ᠎ᠶ᠋ᠢ ᠨᠡᠩ ᠶᠡᠬᠡᠪᠡᠷ ᠬᠥᠭ᠌ᠵᠢᠭᠦᠯᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠨ᠂  ᠳᠣᠤᠷᠠᠬᠢ ᠠᠷᠭ᠎ᠠ ᠬᠡᠮᠵᠢᠶ᠎ᠡ᠎ᠨᠦᠭᠦᠳ᠎ᠢ ᠳᠤᠷᠠᠳᠤᠪᠠ᠃

  ᠨᠢᠭᠡ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠠᠬᠢᠭᠤᠯᠬᠤ ᠲᠠᠪᠴᠠᠩ᠎ᠢ ᠪᠣᠢ᠌ᠵᠢᠭᠤᠯᠤᠨ᠎ᠠ

  (ᠨᠢᠭᠡ) ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠠᠷᠠᠳ᠎ᠲᠤ ᠠᠱᠢᠭ ᠬᠦᠷᠲᠡᠭᠡᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ 《ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠠᠷᠠᠳ᠎ᠲᠤ ᠠᠱᠢᠭ ᠬᠦᠷᠲᠡᠭᠡᠬᠦ᠌ ᠠᠵᠢᠯᠯᠠᠭ᠎ᠠ᠎ᠶ᠋ᠢᠨ ᠠᠵᠢᠯ᠎ᠤᠨ ᠲᠥᠰᠦᠯ》 ᠎ᠢ ᠳᠠᠷᠤᠮᠠᠯᠯᠠᠨ ᠲᠠᠷᠬᠠᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠬᠤ᠂ ᠲᠠᠪᠴᠠᠩ᠎ᠤᠨ ᠠᠴᠢᠶᠠᠯᠠᠪᠤᠷᠢ᠎ᠶ᠋ᠢ ᠪᠠᠢᠭᠤᠯᠬᠤ᠂ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠂ ᠪᠠᠷᠢᠮᠵᠢᠶ᠎ᠠ᠎ᠪᠠᠷ ᠬᠥᠲᠥᠯᠦᠨ ᠳᠠᠭᠠᠭᠤᠯᠬᠤ᠎ᠶ᠋ᠢ ᠴᠢᠩᠭᠠᠳᠭᠠᠬᠤ᠂ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠠᠵᠢᠯ᠎ᠤᠨ ᠠᠷᠭ᠎ᠠ ᠬᠡᠮᠵᠢᠶ᠎ᠡ᠎ᠶ᠋ᠢ ᠳᠤᠷᠠᠳᠪᠠ᠃ 《ᠳᠤᠮᠳᠠᠳᠤ ᠤᠯᠤᠰ᠎ᠡᠴᠡ ᠬᠤᠳᠠᠯᠳᠤᠨ ᠠᠪᠬᠤ》 ᠨᠠᠷᠠᠲᠤ ᠲᠡᠮᠳᠡᠭ᠎ᠢ ᠪᠣᠶ ᠪᠣᠯᠭᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠦᠢᠯᠡᠴᠢᠯᠡᠭᠡᠨ᠎ᠤ ᠬᠡᠷᠡᠭᠯᠡᠭᠡ᠎ᠶᠢᠨ ᠤᠯᠠᠷᠢᠯ》 ᠎ᠤᠨ ᠬᠡᠷᠡᠭ᠌ᠯᠡᠭᠡ᠎ᠶ᠋ᠢ ᠠᠬᠢᠭᠤᠯᠬᠤ ᠱᠢᠷᠢᠰ ᠠᠵᠢᠯᠯᠠᠭ᠎ᠠ᠎ᠶ᠋ᠢ ᠥᠷᠨᠢᠭᠦᠯᠦᠨ᠂ ᠣᠯᠠᠨ ᠲᠦᠮᠡᠨ᠎ᠤ ᠠᠮᠢᠳᠤᠷᠠᠯ᠎ᠳᠤ ᠣᠢᠷᠠᠲᠤᠭ᠍ᠰᠠᠨ᠂ ᠬᠡᠷᠡᠭ᠌ᠴᠡᠭᠡ᠎ᠶ᠋ᠢᠨ ᠳᠠᠯᠳᠠ ᠬᠦᠴᠦᠨ᠎ᠢᠶᠠᠷ ᠶᠡᠭᠡ᠂ ᠳᠠᠢᠴᠢᠯᠠᠬᠤ ᠦᠢᠯᠡᠳᠦᠯ᠎ᠢᠶᠠᠷ ᠴᠢᠩᠭ᠎ᠠ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠨᠠᠷᠠᠲᠤ ᠲᠡᠮᠳᠡᠭ᠎ᠢ ᠪᠤᠢᠵᠢᠭᠤᠯᠤᠨ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠠᠯᠠᠮᠱᠢᠯ ᠴᠡᠭ᠎ᠢ ᠪᠣᠶ ᠪᠣᠯᠭᠠᠨ᠎ᠠ᠃ ( ᠬᠤᠳᠠᠯᠳᠤᠭᠠᠨ᠎ᠤ ᠶᠠᠪᠤᠳᠠᠯ᠎ᠤᠨ ᠶᠠᠮᠤᠨ ᠲᠦᠷᠦᠭᠦᠯᠡᠨ ᠬᠠᠷᠢᠭᠤᠴᠠᠬᠤ )

  (ᠬᠤᠶᠠᠷ) ᠬᠡᠷᠡᠭᠯᠡᠭᠡᠨ᠎ᠦ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠰᠢᠨ᠎ᠡ ᠬᠡᠪ ᠵᠠᠭᠪᠤᠷ ᠰᠢᠨ᠎ᠡ ᠠᠬᠤᠢ ᠪᠠᠢᠳᠠᠯ᠎ᠤᠨ ᠲᠤᠷᠰᠢᠯᠲᠠ᠎ᠶᠢᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠥᠷᠨᠢᠭᠦᠯᠦᠨ᠎ᠡ᠃ ᠠᠩᠬᠠᠨ᠎ᠤ ᠠᠵᠤ ᠠᠬᠤᠶ᠎ᠶ᠋ᠢ ᠢᠳᠡᠪᠬᠢᠲᠡᠶ ᠬᠥᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠪᠠ ᠦᠢᠯᠡᠴᠢᠯᠡᠭᠡᠨ᠎ᠤ ᠬᠡᠷᠡᠭ᠌ᠯᠡᠭᠡᠨ᠎ᠤ ᠪᠠᠢᠳᠠᠯ᠎ᠢ ᠪᠠᠶᠠᠯᠢᠭ᠍ᠵᠢᠭᠤᠯᠬᠤ᠎ᠶ᠋ᠢ ᠠᠬᠢᠭᠤᠯᠵᠤ᠂ ᠴᠢᠨᠠᠷ ᠰᠠᠢᠲᠠᠶ ᠬᠡᠷᠡᠭ᠌ᠯᠡᠭᠡ᠎ᠶ᠋ᠢᠨ ᠡᠬᠢ ᠪᠠᠶᠠᠯᠢᠭ ᠬᠢᠭᠡᠳ ᠨᠠᠷᠠᠲᠤ IP ᠎ᠶ᠋ᠢᠨ ᠬᠢᠯᠢ ᠠᠯᠤᠰᠯᠠᠨ ᠬᠠᠮᠲᠤᠷᠠᠯᠴᠠᠬᠤ᠎ᠶ᠋ᠢ ᠳᠡᠮᠵᠢᠵᠦ᠍᠂ ᠨᠢᠭᠡ ᠪᠦᠯᠦᠭ ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ᠎ᠶ᠋ᠢᠨ ᠲᠠᠮᠢᠷ ᠡᠷᠡᠭᠦᠯ ᠮᠡᠨᠳᠦ᠍᠎ᠶ᠋ᠢᠨ ᠠᠭᠤᠰᠤᠯᠴᠠᠯ᠎ᠤᠨ ᠬᠡᠷᠡᠭ᠌ᠯᠡᠭᠡ᠎ᠶ᠋ᠢᠨ ᠱᠢᠨ᠎ᠡ ᠪᠠᠢᠳᠠᠯ᠎ᠢ ᠪᠣᠶ ᠪᠣᠯᠭᠠᠵᠤ᠂ ᠨᠢᠭᠡ ᠪᠦᠯᠦᠭ ᠱᠢᠨ᠎ᠡ ᠬᠡᠯᠪᠡᠷᠢ᠎ᠶ᠋ᠢᠨ ᠬᠡᠷᠡᠭ᠌ᠯᠡᠭᠡ᠎ᠶ᠋ᠢᠨ ᠬᠥᠲᠥᠴᠢ ᠠᠵᠤ ᠠᠬᠤᠢᠯᠠᠯ᠎ᠢ ᠪᠤᠢᠵᠢᠭᠤᠯᠤᠨ᠎ᠠ᠃ ( ᠡᠳ᠋᠎ᠦᠨ ᠵᠠᠰᠠᠭ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  ᠬᠤᠶᠠᠷ᠂ ᠴᠢᠨᠠᠷ ᠰᠠᠢᠲᠠᠢ ᠦᠢᠯᠡᠴᠢᠯᠡᠭᠡᠨ᠎ᠤ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠎ᠠ

  (ᠭᠤᠷᠪᠠ) ᠦᠢᠯᠡᠴᠢᠯᠡᠭᠡᠨ᠎ᠤ ᠦᠢᠯᠡᠰ᠎ᠤᠨ ᠥᠨᠳᠥᠷ ᠬᠢᠷᠢ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠨ᠎ᠡ᠃ ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ᠎ᠳᠠᠬᠢ ᠡᠮᠬᠢ ᠵᠢᠷᠤᠮ᠎ᠲᠠᠢ ᠨᠡᠭᠡᠭᠡᠯᠲᠡ ᠬᠢᠬᠦ᠌᠎ᠶ᠋ᠢ ᠠᠬᠢᠭᠤᠯᠵᠤ᠂ ᠴᠠᠬᠢᠯᠭᠠᠨ ᠬᠤᠯᠪᠣᠭ᠎ᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ᠎ᠳᠠᠬᠢ ᠨᠡᠭᠡᠭᠡᠯᠲᠡᠲᠦ ᠲᠤᠷᠱᠢᠯᠲᠠ᠎ᠶ᠋ᠢ ᠥᠷᠭᠡᠳᠭᠡᠨ᠎ᠡ᠃ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠲᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠴᠡᠭ᠎ᠤᠨ ᠵᠢᠱ᠌ᠢᠶ᠎ᠡ ᠦᠵᠡᠭᠦᠯᠬᠦ᠌᠎ᠶ᠋ᠢ ᠲᠦᠷᠭᠡᠳᠭᠡᠨ ᠠᠬᠢᠭᠤᠯᠤᠨ᠎ᠠ᠃ ᠨᠡᠩ ᠣᠯᠠᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠦᠷᠢᠶ᠎ᠡ ᠴᠠᠷᠠᠭ᠎ᠠ᠎ᠶ᠋ᠢ 《ᠭᠠᠳᠠᠭᠠᠳᠣ᠎ᠶ᠋ᠢᠨ ᠬᠤᠳᠠᠯᠳᠣᠭᠠᠴᠢᠨ᠎ᠤ ᠪᠡᠯᠡ ᠤᠷᠤᠭᠤᠯᠬᠤ᠎ᠶᠢ ᠵᠣᠷᠢᠭᠵᠢᠭᠤᠯᠬᠤ ᠠᠵᠦ᠍ ᠦᠢᠯᠡᠰ᠎ᠤᠨ ᠭᠠᠷᠴᠠᠭ》 ᠎ᠲᠤ ᠣᠷᠣᠭᠤᠯᠵᠦ᠍᠂ ᠵᠦᠷᠢᠶᠡᠵᠢᠭ᠌ᠰᠡᠨ ᠦᠢᠯᠡᠴᠢᠯᠡᠭᠡᠨ᠎ᠤ ᠬᠠᠩᠭᠠᠯᠭ᠎ᠠ ᠬᠠᠩᠭᠠᠬᠤ᠎ᠶ᠋ᠢ ᠳᠡᠮᠵᠢᠨ᠎ᠠ᠃ ( ᠲᠥᠪ᠎ᠤᠨ ᠤᠬᠠᠭᠤᠯᠬᠤ ᠬᠡᠯᠲᠡᠰ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠰᠤᠷᠭᠠᠨ ᠬᠥᠮᠦᠵᠢᠯ᠎ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠲᠦᠷᠪᠡ) ᠣᠳᠣ ᠪᠠᠢᠭ᠎ᠠ ᠪᠡᠯᠡ ᠮᠥᠩᠭᠥ᠎ᠶ᠋ᠢᠨ ᠠᠷᠭ᠎ᠠ ᠵᠠᠮ ᠎ᠢ ᠨᠢᠭᠡᠳᠦᠯᠲᠡᠶ ᠲᠥᠯᠥᠪᠯᠡᠨ ᠠᠱᠢᠭ᠍ᠯᠠᠵᠤ᠂ ᠨᠢᠭᠡ ᠪᠦᠯᠦᠭ ᠤᠳᠭ᠎ᠠ ᠵᠣᠬᠢᠶᠠᠯ᠂ ᠤᠷᠠᠯᠢᠭ᠂ ᠺᠢᠨᠣ᠋ ᠲᠧᠯᠸᠢᠰ᠂ ᠺᠠᠷᠲ᠋ᠣᠨ ᠵᠢᠷᠤᠭ ᠵᠡᠷᠭᠡ ᠬᠦᠷᠢᠶᠡᠨ᠎ᠦ ᠰᠣᠳᠣᠨ ᠪᠦᠲᠦᠭᠡᠯ ᠭᠠᠷᠭᠠᠬᠤ᠎ᠶ᠋ᠢ ᠳᠡᠮᠵᠢᠵᠦ᠍᠂ ᠨᠢᠭᠡᠨᠲᠡ ᠪᠠᠢᠭ᠎ᠠ ᠲᠠᠯᠠᠪᠠᠶ ᠣᠷᠳᠣᠨ ᠎ᠢ ᠭᠦᠢᠴᠡᠳ ᠠᠱᠢᠭ᠍ᠯᠠᠨ᠂ ᠨᠥᠯᠥᠭᠡᠯᠡᠨ ᠳᠠᠢᠴᠢᠯᠠᠬᠤ ᠦᠢᠯᠡᠳᠦᠯ᠎ᠢᠶᠡᠷ ᠴᠢᠩᠭ᠎ᠠ ᠨᠢᠭᠡ ᠪᠦᠯᠦᠭ ᠵᠦᠴᠦᠭᠡ᠎ᠶ᠋ᠢᠨ ᠲᠠᠯᠠᠪᠠᠶ᠂ ᠮᠦᠽᠧᠶ᠂ ᠤᠷᠠᠨ ᠵᠢᠷᠤᠭ᠎ᠤᠨ ᠣᠷᠳᠣᠨ᠂  ᠱᠢᠨᠵᠢᠯᠡᠬᠦ᠌ ᠤᠬᠠᠭᠠᠨ  ᠲᠸᠭᠨᠢᠭ ᠮᠡᠷᠭᠡᠵᠢᠯ᠎ᠦᠨ ᠣᠷᠳᠣᠨ᠎ᠢ ᠪᠣᠶ ᠪᠣᠯᠭᠠᠵᠤ᠂ ᠨᠢᠭᠡ ᠪᠦᠯᠦᠭ ᠣᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ ᠪᠠ ᠤᠷᠤᠯᠳᠤᠭᠠᠨ᠎ᠤ ᠶᠠᠪᠤᠳᠠᠯ᠎ᠤᠨ ᠲᠦᠷᠦᠯ ᠲᠡᠮᠳᠡᠭ᠎ᠢ ᠪᠣᠢᠵᠢᠭᠤᠯᠵᠤ᠂ ᠰᠣᠶᠣᠯ᠎ᠤᠨ ᠪᠦᠲᠦᠭᠡᠭ᠌ᠳᠡᠬᠦᠨ ᠪᠠ ᠦᠢᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠎ᠡ᠃ ᠳᠡᠯᠡᠬᠡᠶ᠎ᠶ᠋ᠢᠨ ᠰᠣᠶᠣᠯ᠎ᠤᠨ ᠥᠪ ᠬᠥᠷᠥᠩᠭᠡ᠂ ᠰᠣᠶᠣᠯ᠎ᠤᠨ ᠦᠵᠡᠰᠭᠦᠯᠡᠩ᠎ᠦᠨ ᠣᠷᠳᠣᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠢᠭᠤᠯᠤᠮᠵᠢ᠂ ᠲᠡᠦᠬᠡ ᠰᠣᠶᠣᠯ᠎ᠤᠨ ᠨᠡᠷᠡᠲᠦ ᠬᠣᠲᠠ᠎ᠶ᠋ᠢ ᠳᠡᠮᠵᠢᠵᠦ᠍᠂ ᠤᠯᠠᠮᠵᠢᠯᠠᠯᠲᠤ ᠰᠣᠶᠣᠯ᠎ᠤᠨ IP ᠵᠠᠬ᠎ᠠ ᠳᠡᠯᠭᠡᠭᠦᠷ᠎ᠦᠨ ᠦᠨ᠎ᠡ ᠥᠷᠲᠡᠭ᠎ᠢ ᠠᠭᠤᠳᠠᠯᠵᠤ᠂ ᠦᠢᠯᠡᠴᠢᠯᠡᠭᠡᠨ᠎ᠦ ᠬᠡᠷᠡᠭ᠌ᠯᠡᠭᠡ᠎ᠶ᠋ᠢᠨ ᠱᠢᠨ᠎ᠡ ᠪᠠᠢᠳᠠᠯ᠎ᠢ ᠪᠤᠶ ᠪᠣᠯᠭᠠᠨ᠎ᠠ᠃ ᠨᠥᠬᠦᠴᠡᠯ᠎ᠲᠠᠢ ᠭᠠᠵᠠᠷ ᠣᠷᠣᠨ᠎ᠤ ᠴᠢᠨᠠᠷ ᠰᠠᠢᠲᠠᠢ ᠤᠷᠠᠨ ᠰᠠᠢᠬᠠᠨ᠎ᠤ ᠲᠣᠭ᠍ᠯᠠᠯᠲᠠ᠂ ᠺᠠᠷᠲ᠋ᠣᠨ ᠵᠢᠷᠤᠭ᠂ ᠲᠣᠭ᠍ᠯᠠᠭᠠᠮ᠂ ᠺᠢᠨᠣ᠋ ᠲᠧᠯᠸᠢᠰ᠎ᠤᠨ ᠪᠦᠲᠦᠭᠡᠯ ᠵᠡᠷᠭᠡ ᠰᠦᠯᠵᠢᠶᠡᠨ ᠳᠡᠭᠡᠷᠡᠬᠢ ᠤᠷᠤᠰᠭᠠᠯ᠎ᠤᠨ ᠬᠡᠮᠵᠢᠶ᠎ᠡ᠎ᠪᠠᠷ ᠰᠦᠯᠵᠢᠶᠡᠨ ᠭᠠᠳᠠᠨᠠᠬᠢ ᠠᠬᠤᠢ ᠪᠠᠢᠳᠠᠯ᠎ᠤᠨ ᠱᠢᠨ᠎ᠡ᠎ᠶ᠋ᠢ ᠡᠭᠦᠳᠬᠦ᠌᠎ᠶ᠋ᠢ ᠳᠠᠢᠴᠢᠯᠠᠬᠤ᠎ᠶ᠋ᠢ ᠳᠡᠮᠵᠢᠨ᠎ᠡ᠃ ( ᠨᠠᠮ᠎ᠤᠨ ᠬᠣᠷᠢᠶᠠᠨ᠎ᠤ ᠤᠬᠠᠭᠤᠯᠬᠤ᠂ ᠡᠳ᠋᠎ᠦᠨ ᠵᠠᠰᠠᠭ᠂ ᠬᠤᠳᠠᠯᠳᠤᠭᠠᠨ᠎ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠲᠠᠪᠤ) ᠪᠣᠳᠠᠲᠠᠶ᠎ᠲᠠᠢ᠎ᠪᠠᠨ ᠤᠶᠠᠯᠳᠤᠭᠤᠯᠤᠨ᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠰᠣᠶᠣᠯ᠎ᠤᠨ ᠦᠵᠡᠰᠭᠦᠯᠡᠩ᠎ᠤᠨ ᠲᠠᠯᠠᠪᠤᠷ ᠣᠷᠳᠣᠨ᠂ ᠦᠵᠡᠮᠵᠢ᠎ᠶ᠋ᠢᠨ ᠣᠷᠣᠨ᠎ᠳᠤ ᠡᠵᠡᠩᠨᠡᠬᠦ᠌ ᠴᠠᠭ᠎ᠢ ᠤᠷᠲᠤᠳᠭᠠᠵᠤ᠂ ᠤᠷᠢᠳᠴᠢᠯᠠᠨ ᠪᠣᠯᠵᠣᠬᠤ ᠠᠷᠭ᠎ᠠ ᠮᠠᠶᠢᠭ᠎ᠢ ᠱᠢᠯᠢᠳᠡᠭ᠌ᠵᠢᠭᠦᠯᠦᠨ᠂ ᠤᠷᠢᠳᠴᠢᠯᠠᠨ ᠪᠣᠯᠵᠣᠬᠤ᠎ᠶ᠋ᠢ ᠬᠡᠷᠡᠭ᠌ᠵᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠰᠣᠶᠣᠯ ᠦᠵᠡᠰᠭᠦᠯᠡᠩ᠎ᠤᠨ ᠲᠠᠯᠠᠪᠤᠷ ᠣᠷᠳᠣᠨ᠎ᠤ ᠱᠢᠨ᠎ᠡ᠎ᠶ᠋ᠢ ᠡᠭᠦᠳᠦᠨ ᠡᠷᠭᠢᠯᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠵᠦ᠍᠂ ᠲᠡᠳᠡᠨ᠎ᠤ ᠠᠱᠢᠭ ᠣᠯᠵᠠᠪᠤᠷᠢ᠎ᠶ᠋ᠢ ᠲᠣᠭ᠍ᠲᠠᠭᠠᠯ ᠶᠣᠰᠣᠭᠠᠷ ᠠᠵᠢᠯ᠎ᠤᠨ ᠠᠮᠵᠢᠯᠲᠠ ᠪᠦᠲᠦᠮᠵᠢ᠎ᠶ᠋ᠢ ᠤᠷᠮᠠᠱᠢᠭᠤᠯᠬᠤ᠎ᠳᠤ ᠬᠡᠷᠡᠭ᠌ᠯᠡᠵᠦ᠍᠂ ᠠᠵᠢᠯ᠎ᠤᠨ ᠦᠷ᠎ᠡ ᠪᠦᠲᠦᠮᠵᠢ᠎ᠶ᠋ᠢ ᠦᠨᠳᠦᠰᠦᠯᠡᠨ ᠠᠮᠵᠢᠯᠲᠠ ᠪᠦᠲᠦᠮᠵᠢ᠎ᠶ᠋ᠢᠨ ᠴᠠᠯᠢᠩ᠎ᠤᠨ ᠶᠡᠷᠦᠩᠬᠡᠶ ᠬᠡᠮᠵᠢᠶ᠎ᠡ᠎ᠶ᠋ᠢ ᠵᠦᠶ ᠵᠣᠬᠢᠰᠲᠠᠶ ᠬᠢᠨᠠᠨ ᠲᠣᠭ᠍ᠲᠠᠭᠠᠵᠤ ᠪᠣᠯᠤᠨ᠎ᠠ᠃ ᠰᠣᠶᠣᠯ᠎ᠤᠨ ᠦᠵᠡᠰᠭᠦᠯᠡᠩ᠎ᠤᠨ ᠨᠢᠭᠡᠴᠢ᠎ᠶ᠋ᠢᠨ ᠮᠦᠽᠧᠶ᠎ᠳᠤ ᠬᠠᠳᠠᠭᠠᠯᠠᠵᠤ ᠪᠠᠢᠭ᠎ᠠ ᠡᠬᠢ ᠪᠠᠶᠠᠯᠢᠭ᠎ᠢᠶᠠᠨ ᠴᠢᠯᠥᠭᠡᠲᠡᠶ ᠪᠣᠯᠭᠠᠬᠤ᠎ᠶ᠋ᠢ ᠵᠣᠷᠢᠭ᠍ᠵᠢᠭᠤᠯᠵᠤ᠂ ᠨᠡᠢᠭᠡᠮ᠎ᠤᠨ ᠬᠦᠴᠦᠨ᠎ᠯᠦᠭᠡ ᠬᠠᠮᠲᠤᠷᠠᠨ ᠰᠣᠶᠣᠯ᠎ᠤᠨ ᠡᠭᠦᠳᠦᠯᠲᠡ᠂ ᠲᠣᠭᠠᠴᠢᠯᠠᠭ᠍ᠰᠠᠨ ᠦᠢᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠮᠠᠶᠢᠭ᠎ᠢᠶᠠᠷ ᠡᠷᠭᠢᠯᠡᠭ᠌ᠰᠡᠨ ᠡᠯ᠎ᠡ ᠲᠥᠷᠥᠯ᠎ᠤᠨ ᠰᠣᠶᠣᠯ᠎ᠤᠨ ᠦᠵᠡᠰᠭᠦᠯᠡᠩ᠎ᠢ ᠬᠤᠳᠠᠯᠳᠤᠭᠠᠨ᠎ᠤ ᠲᠠᠯᠠᠪᠤᠷ᠂ ᠨᠡᠢᠭᠡᠮ ᠲᠣᠭᠤᠷᠢᠭ᠂ ᠴᠡᠴᠡᠷᠯᠢᠭ᠎ᠲᠤ ᠣᠷᠣᠭᠤᠯᠬᠤ᠎ᠶ᠋ᠢ ᠠᠬᠢᠭᠤᠯᠤᠨ᠎ᠠ᠃ ( ᠡᠳ᠋᠎ᠦᠨ ᠵᠠᠰᠠᠭ᠂ ᠬᠥᠮᠦᠨ᠎ᠦ ᠬᠦᠴᠦᠨ᠎ᠦ ᠡᠬᠢ ᠪᠠᠶᠠᠯᠢᠭ ᠨᠡᠢᠭᠡᠮ᠎ᠦᠨ ᠪᠠᠲᠤᠯᠠᠭ᠎ᠠ᠂ ᠬᠤᠳᠠᠯᠳᠤᠭᠠᠨ᠎ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠲᠡᠦᠬᠡ᠎ᠶ᠋ᠢᠨ ᠳᠤᠷᠠᠰᠭᠠᠯᠲᠤ ᠵᠦᠢᠯ᠎ᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠵᠢᠷᠭᠤᠭ᠎ᠠ) ᠭᠠᠳᠠᠭᠠᠳᠤ᠎ᠶ᠋ᠢᠨ ᠱᠢᠯᠢᠳᠡᠭ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠣᠷᠣᠭᠤᠯᠤᠨ ᠠᠪᠴᠢᠷᠠᠬᠤ᠎ᠶ᠋ᠢ ᠵᠣᠷᠢᠭ᠍ᠵᠢᠭᠤᠯᠵᠤ᠂ ᠣᠷᠣᠨ ᠨᠤᠲᠤᠭ᠎ᠤᠨ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠡᠷᠬᠢᠯᠡᠬᠦ᠌᠎ᠶ᠋ᠢ ᠳᠡᠮᠵᠢᠵᠦ᠍᠂ ᠨᠢᠭᠡ ᠪᠦᠯᠦᠭ ᠨᠡᠯᠢᠶᠡᠳ ᠥᠨᠳᠥᠷ ᠠᠯᠳᠠᠷᠱᠢᠯ᠎ᠲᠠᠢ ᠰᠣᠳᠣᠨ ᠤᠷᠤᠯᠳᠤᠭᠠᠨ᠂ ᠠᠵᠢᠯ ᠮᠡᠷᠭᠡᠵᠢᠯ᠎ᠤᠨ ᠬᠤᠯᠪᠣᠭᠠᠲᠤ ᠤᠷᠤᠯᠳᠤᠭᠠᠨ ᠵᠢᠴᠢ ᠪᠡᠶ᠎ᠡ᠎ᠪᠠᠨ ᠳᠠᠭᠠᠭᠠᠭ᠍ᠰᠠᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠲᠠᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠨᠢᠭᠡ ᠪᠦᠯᠦᠭ ᠨᠠᠷᠠᠲᠤ ᠲᠥᠷᠥᠯ ᠲᠡᠮᠳᠡᠭ᠎ᠢ ᠪᠣᠶ ᠪᠣᠯᠭᠠᠨ᠎ᠠ᠃ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》᠂ 《ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠦᠵᠡᠮᠵᠢ᠎ᠶ᠋ᠢᠨ ᠣᠷᠣᠨ᠎ᠳᠤ ᠣᠷᠣᠬᠤ᠂ ᠵᠡᠭᠡᠯᠢ ᠲᠣᠭᠤᠷᠢᠭ᠂ ᠬᠤᠳᠠᠯᠳᠤᠭᠠᠨ᠎ᠤ ᠲᠣᠭᠤᠷᠢᠭ᠎ᠲᠤ ᠣᠷᠣᠬᠤ》᠂ 《ᠭᠣᠢᠳᠠ ᠰᠠᠢᠬᠠᠨ ᠤᠷᠤᠯᠳᠤᠭᠠᠨ᠎ᠢ ᠡᠳ᠋ᠯᠡᠵᠦ ᠳᠤᠮᠳᠠᠳᠤ᠎ᠶ᠋ᠢᠨ ᠠᠮᠲᠠᠲᠤ ᠢᠳᠡᠭᠡᠨ᠎ᠢ ᠠᠮᠲᠠᠯᠠᠬᠤ》 ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠪᠠ ᠬᠠᠮᠢᠶ᠎ᠠ ᠪᠦᠬᠦᠢ ᠠᠵᠢᠯᠯᠠᠭ᠎ᠠ᠎ᠶ᠋ᠢᠨ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠎ᠠ᠃ ( ᠬᠤᠳᠠᠯᠳᠤᠭᠠᠨ᠎ᠤ ᠶᠠᠪᠤᠳᠠᠯ ᠂ ᠰᠣᠶᠣᠯ ᠪᠠ ᠵᠢᠭᠤᠯᠴᠢᠯᠠᠯ ᠂ ᠪᠡᠶ᠎ᠡ᠎ᠶ᠋ᠢᠨ ᠲᠠᠮᠢᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠳᠤᠯᠤᠭ᠎ᠠ) ᠣᠯᠠᠨ ᠡᠱᠢᠵᠢᠭ᠌ᠰᠡᠨ ᠰᠤᠷᠭᠠᠨ ᠬᠥᠮᠦᠵᠢᠯ ᠪᠠ ᠪᠣᠯᠪᠠᠰᠤᠷᠠᠯ᠎ᠤᠨ ᠵᠠᠬ᠎ᠠ ᠳᠡᠯᠭᠡᠭᠦᠷ᠎ᠢ ᠪᠣᠢᠵᠢᠭᠤᠯᠬᠤ ᠬᠡᠷᠡᠭ᠌ᠲᠡᠶ᠃ ᠰᠣᠶᠣᠯ ᠤᠷᠠᠯᠢᠭ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠪᠡᠶ᠎ᠡ᠎ᠶ᠋ᠢᠨ ᠲᠠᠮᠢᠷ᠎ᠤᠨ ᠲᠥᠷᠥᠯ᠎ᠤᠨ ᠱᠢᠨᠵᠢᠯᠡᠭᠡᠨ᠎ᠤ ᠪᠤᠰᠤ ᠬᠥᠮᠦᠵᠢᠯ ᠪᠣᠯᠪᠠᠰᠤᠷᠠᠯ᠎ᠢ ᠵᠢᠷᠤᠮᠵᠢᠭᠤᠯᠤᠨ ᠬᠥᠭ᠌ᠵᠢᠭᠦᠯᠵᠦ᠍᠂ ᠵᠥᠪᠱᠢᠶᠡᠷᠡᠬᠦ᠌ ᠨᠥᠬᠦᠴᠡᠯ᠎ᠢ ᠲᠡᠭᠦᠯᠳᠡᠷᠵᠢᠭᠦᠯᠦᠨ᠂ ᠨᠥᠬᠦᠴᠡᠯ᠎ᠳᠤ ᠨᠡᠢᠴᠡᠭ᠌ᠰᠡᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷᠬᠢ ᠱᠢᠨᠵᠢᠯᠡᠭᠡᠨ᠎ᠤ ᠪᠤᠰᠤ ᠲᠥᠷᠥᠯ᠎ᠤᠨ ᠪᠣᠯᠪᠠᠰᠤᠷᠠᠯ᠎ᠤᠨ ᠪᠠᠢᠭᠤᠯᠤᠮᠵᠢ᠎ᠨᠢ ᠬᠠᠤᠯᠢ ᠲᠣᠭ᠍ᠲᠠᠭᠠᠯ ᠶᠣᠰᠣᠭᠠᠷ ᠵᠠᠰᠠᠭ ᠵᠠᠬᠢᠷᠭᠠᠨ᠎ᠤ ᠵᠥᠪᠱᠢᠶᠡᠷᠡᠯ᠎ᠢ ᠭᠤᠶᠤᠴᠢᠯᠠᠵᠤ ᠪᠣᠯᠤᠨ᠎ᠠ᠃ ᠬᠠᠮᠢᠶ᠎ᠠ ᠪᠥᠬᠦᠶ ᠪᠠᠢᠭᠤᠯᠤᠮᠵᠢ᠎ᠶ᠋ᠢ ᠵᠠᠬ᠎ᠠ ᠳᠡᠯᠭᠡᠭᠦᠷᠴᠢᠯᠡᠬᠦ᠌᠎ᠪᠠᠷ ᠤᠳᠤᠷᠢᠳᠤᠮᠵᠢ ᠪᠣᠯᠭᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠪᠣᠯᠪᠠᠰᠤᠷᠠᠯ᠎ᠢ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠨᠡᠢᠭᠡᠮ ᠲᠣᠭᠣᠷᠢᠭ᠎ᠤᠨ ᠳᠡᠭᠡᠳᠦ ᠰᠤᠷᠭᠠᠭᠤᠯᠢ᠂ ᠬᠣᠲᠠ᠎ᠶ᠋ᠢᠨ ᠠᠷᠠᠳ᠎ᠤᠨ ᠣᠷᠣᠶ᠎ᠶ᠋ᠢᠨ ᠰᠤᠷᠭᠠᠭᠤᠯᠢ᠂ ᠨᠠᠰᠤᠲᠠᠢᠴᠤᠳ᠎ᠤᠨ ᠪᠣᠯᠪᠠᠰᠤᠷᠠᠯ ᠎ᠢ ᠡᠮᠬᠢ ᠵᠢᠷᠤᠮ᠎ᠲᠠᠶ᠎ᠪᠠᠷ ᠬᠥᠭ᠌ᠵᠢᠭᠦᠯᠵᠦ᠍᠂ ᠴᠢᠨᠠᠷ ᠰᠠᠢᠲᠠᠶ ᠮᠡᠷᠭᠡᠵᠢᠯ᠎ᠦᠨ ᠴᠢᠳᠠᠪᠤᠷᠢ᠎ᠶ᠋ᠢᠨ ᠪᠣᠯᠪᠠᠰᠤᠷᠠᠯ᠂ ᠰᠣᠶᠣᠯ ᠤᠷᠠᠯᠢᠭ᠎ᠤᠨ ᠪᠣᠯᠪᠠᠰᠤᠷᠠᠯ ᠬᠠᠩᠭᠠᠵᠤ᠂ ᠨᠥᠬᠥᠴᠡᠯ ᠪᠦᠬᠦᠢ ᠭᠠᠵᠠᠷ ᠣᠷᠣᠨ᠎ᠤ ᠰᠦᠢᠳᠭᠡᠯ ᠬᠤᠷᠢᠶᠠᠬᠤ ᠦᠭᠡᠶ ᠪᠤᠶᠤ ᠰᠦᠢᠳᠭᠡᠯ ᠪᠠᠭ᠎ᠠ ᠬᠤᠷᠢᠶᠠᠬᠤ ᠲᠠᠯᠠᠪᠠᠶ ᠭᠠᠵᠠᠷ᠎ᠤᠨ ᠪᠡᠯᠡᠳᠭᠡᠮᠵᠢ ᠬᠠᠩᠭᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠶ ᠃ ( ᠰᠤᠷᠭᠠᠨ ᠬᠥᠮᠦᠵᠢᠯ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠷᠠᠳ᠎ᠤᠨ ᠶᠠᠪᠤᠳᠠᠯ᠂ ᠬᠥᠮᠦᠨ᠎ᠦ ᠬᠦᠴᠦᠨ᠎ᠦ ᠡᠬᠢ ᠪᠠᠶᠠᠯᠢᠭ ᠨᠡᠢᠭᠡᠮ᠎ᠦᠨ ᠪᠠᠲᠤᠯᠠᠭ᠎ᠠ᠂ ᠪᠡᠶ᠎ᠡ᠎ᠶ᠋ᠢᠨ ᠲᠠᠮᠢᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠨᠠᠢ᠍ᠮᠠ) ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠳᠥᠷᠢᠮ᠎ᠤᠨ ᠪᠠᠢᠭᠤᠯᠥᠯᠳᠡ᠎ᠶ᠋ᠢ ᠳᠦᠷᠭᠡᠳᠭᠡᠨ ᠠᠬᠢᠭᠤᠯᠵᠦ᠍᠂ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠳᠥᠷᠢᠮ᠎ᠤᠨ ᠬᠠᠮᠤᠷᠬᠤ ᠭᠡᠪᠴᠢᠶ᠎ᠠ᠎ᠶ᠋ᠢ ᠦᠷᠭᠡᠳᠭᠡᠨ᠎ᠠ᠃ ᠨᠠᠰᠣᠵᠢᠯ᠎ᠤᠨ ᠰᠣᠪᠢᠯᠠᠯᠳᠡ᠂ ᠭᠡᠷ᠎ᠤᠨ ᠶᠠᠪᠤᠳᠡᠯ᠎ᠤᠨ ᠦᠢᠯᠡᠴᠢᠯᠡᠬᠡᠨ᠂ ᠣᠷᠳᠣ ᠬᠤᠭᠤᠴᠠᠭ᠎ᠠ᠎ᠪᠠᠷ ᠬᠠᠷᠡᠭᠠᠯᠵᠠᠨ ᠠᠰᠠᠷᠠᠬᠤ ᠵᠡᠷᠭᠡ ᠬᠦᠷᠢᠶ᠎ᠡ ᠴᠡᠷᠠᠭ᠎ᠠ᠎ᠶ᠋ᠢᠨ ᠠᠵᠢᠯ ᠡᠷᠬᠢᠯᠡᠭ᠌ᠰᠡᠳ᠎ᠢ ᠬᠦᠮᠦᠵᠢᠬᠦᠯᠥᠨ ᠪᠤᠯᠪᠠᠰᠣᠷᠡᠭᠤᠯᠬᠤ᠎ᠶ᠋ᠢ ᠴᠢᠩᠭᠠᠳᠭᠠᠵᠦ᠍᠂ ᠬᠤᠯᠪᠤᠠᠠᠳᠡᠯ ᠪᠦᠬᠦᠢ ᠳᠡᠮᠵᠢᠬᠦ᠌ ᠳᠥᠷᠥ᠎ᠶ᠋ᠢᠨ ᠪᠤᠳᠣᠯᠭ᠎ᠠ᠎ᠶ᠋ᠢ ᠨᠡᠢᠳᠡᠪᠦᠷᠢᠵᠢᠭᠤᠯᠥᠨ᠎ᠠ᠃ ᠭᠡᠷ᠎ᠦᠨ ᠶᠠᠪᠤᠳᠠᠯ᠎ᠤᠨ ᠦᠢᠯᠡᠴᠢᠯᠡᠭᠡᠨ᠎ᠦ ᠠᠵᠢᠯ ᠮᠡᠷᠭᠡᠵᠢᠯ᠎ᠦᠨ ᠮᠡᠷᠭᠡᠵᠢᠯ ᠴᠢᠳᠠᠪᠤᠷᠢ᠎ᠶ᠋ᠢᠨ ᠲᠤᠰᠭᠠᠶ ᠵᠦᠢᠯ᠎ᠦᠨ ᠪᠣᠯᠪᠠᠰᠤᠷᠠᠯ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠠᠵᠢᠯ ᠮᠡᠷᠭᠡᠵᠢᠯ᠎ᠦᠨ ᠴᠢᠳᠠᠪᠤᠷᠢ᠎ᠪᠠᠷ ᠤᠳᠤᠷᠢᠳᠤᠮᠵᠢ ᠪᠣᠯᠭᠠᠭ᠍ᠰᠠᠨ ᠭᠡᠷ᠎ᠦᠨ ᠶᠠᠪᠤᠳᠠᠯ᠎ᠤᠨ ᠦᠢᠯᠡᠴᠢᠯᠡᠭᠡᠨ᠎ᠦ ᠠᠵᠢᠯ ᠮᠡᠷᠭᠡᠵᠢᠯ᠎ᠦᠨ ᠦᠨᠡᠯᠡᠯᠲᠡ᠎ᠶ᠋ᠢᠨ ᠱᠢᠰᠲ᠋ᠧᠮᠵᠢ᠎ᠶ᠋ᠢ ᠲᠡᠭᠦᠯᠳᠡᠷᠵᠢᠭᠦᠯᠵᠦ᠍᠂ ᠭᠡᠷ᠎ᠦᠨ ᠶᠠᠪᠤᠳᠠᠯ᠎ᠤᠨ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠂ ᠠᠵᠤ ᠠᠬᠤᠢᠯᠠᠯ᠎ᠤᠨ ᠱᠢᠨ᠎ᠡ ᠮᠠᠶᠢᠭ᠎ᠤᠨ ᠱᠠᠪᠢ ᠣᠷᠣᠬᠤ ᠳᠦᠷᠢᠮ᠎ᠦᠨ ᠪᠣᠯᠪᠠᠰᠤᠷᠠᠯ᠂ ᠮᠠᠰᠲ᠋ᠧᠷ᠎ᠦᠨ ᠪᠣᠯᠪᠠᠰᠤᠷᠠᠯ ᠵᠡᠷᠭᠡ᠎ᠶ᠋ᠢ ᠥᠷᠨᠢᠭᠦᠯᠦᠨ᠎ᠡ᠃ ( ᠰᠤᠷᠭᠠᠨ ᠬᠥᠮᠦᠵᠢᠯ᠂ ᠡᠳ᠋᠎ᠦᠨ ᠵᠠᠰᠠᠭ᠂ ᠠᠷᠠᠳ᠎ᠤᠨ ᠶᠠᠪᠤᠳᠠᠯ᠂ ᠬᠥᠮᠦᠨ᠎ᠦ ᠬᠦᠴᠦᠨ᠎ᠦ ᠡᠬᠢ ᠪᠠᠶᠠᠯᠢᠭ ᠨᠡᠢᠭᠡᠮ᠎ᠦᠨ ᠪᠠᠲᠤᠯᠠᠭ᠎ᠠ᠂ ᠬᠤᠳᠠᠯᠳᠤᠭᠠᠨ᠎ᠤ ᠶᠠᠪᠤᠳᠠᠯ᠂ ᠡᠮᠴᠢᠯᠡᠭᠡᠨ᠎ᠦ ᠳᠠᠭᠠᠳᠭᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ᠎ᠤ ᠡᠪᠯᠡᠯ᠂ ᠡᠮᠡᠭ᠌ᠲᠡᠢᠴᠦᠳ᠎ᠦᠨ ᠬᠣᠯᠪᠣᠭᠠᠲᠤ ᠬᠤᠷᠠᠯ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠶᠢᠰᠦ) ᠨᠥᠬᠦᠴᠡᠯ᠎ᠲᠠᠢ ᠭᠠᠵᠠᠷ ᠣᠷᠣᠨ᠎ᠨᠢ ᠪᠣᠳᠠᠲᠠᠶ᠎ᠲᠠᠢ᠎ᠪᠠᠨ ᠤᠶᠠᠯᠳᠤᠭᠤᠯᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠢᠭᠤᠯᠤᠮᠵᠢ᠎ᠳᠤ ᠲᠠᠯᠠᠪᠤᠷ ᠭᠠᠵᠠᠷ᠎ᠤᠨ ᠳᠡᠮᠵᠢᠯᠭᠡ ᠪᠠ ᠵᠣᠬᠢᠬᠤ ᠠᠵᠢᠯᠯᠠᠭᠠᠨ᠎ᠤ ᠨᠥᠬᠦᠪᠥᠷᠢ ᠣᠯᠭᠤᠵᠤ ᠪᠣᠯᠤᠨ᠎ᠠ᠃ ᠨᠥᠬᠦᠴᠡᠯ᠎ᠲᠠᠢ ᠬᠡᠦᠬᠡᠳ᠎ᠤᠨ ᠴᠡᠴᠡᠷᠯᠢᠭ 2 - 3 ᠨᠠᠰᠤᠨ᠎ᠤ ᠬᠡᠦᠬᠡᠳ ᠡᠯᠰᠡᠬᠦ᠌᠎ᠶ᠋ᠢ ᠳᠡᠮᠵᠢᠵᠦ᠍᠂ ᠨᠡᠢᠭᠡᠮ ᠲᠣᠭᠤᠷᠢᠭ᠎ᠤᠨ ᠱᠢᠭᠢᠳᠭᠡᠯ ᠮᠠᠶᠢᠭ᠎ᠤᠨ ᠬᠡᠦᠬᠡᠳ ᠰᠠᠭᠠᠲᠠᠭᠤᠯᠬᠤ᠂ ᠭᠡᠷ ᠪᠦᠯᠢ᠎ᠶ᠋ᠢᠨ ᠬᠡᠦᠬᠡᠳ ᠰᠠᠭᠠᠲᠠᠭᠤᠯᠬᠤ ᠴᠡᠭ᠎ᠢ ᠬᠥᠭ᠌ᠵᠢᠭᠦᠯᠵᠦ᠍᠂ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ᠎ᠶ᠋ᠢ ᠵᠣᠷᠢᠭ᠍ᠵᠢᠭᠤᠯᠬᠤ᠎ᠶ᠋ᠢᠨ ᠬᠠᠮᠲᠤ ᠬᠠᠮᠢᠶ᠎ᠠ ᠪᠦᠬᠦᠢ ᠲᠣᠭ᠍ᠲᠠᠭᠠᠯ ᠶᠣᠰᠣᠭᠠᠷ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠦᠨ᠎ᠡ᠃ ( ᠬᠥᠭ᠌ᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠡᠳ᠋᠎ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ᠎ᠤ ᠡᠪᠯᠡᠯ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠠᠷᠪᠠ) ᠳᠤᠮᠳᠠ ᠳᠡᠭᠡᠳᠦ ᠲᠠᠰ᠎ᠤᠨ ᠡᠮ ᠡᠮᠨᠡᠯᠭᠡ᠂ ᠰᠡᠯᠡᠭᠦᠴᠡᠯ ᠠᠮᠠᠷᠠᠯᠲᠠ ᠵᠡᠷᠭᠡ ᠬᠦᠷᠢᠶᠡᠨ᠎ᠳᠠᠬᠢ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ᠎ᠢ ᠠᠭᠤᠵᠢᠭᠤ ᠲᠠᠯᠪᠢᠵᠤ᠂ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ᠎ᠶ᠋ᠢ ᠪᠠᠭᠠᠰᠭᠠᠨ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠨᠠᠩ ᠣᠯᠠᠨ ᠪᠠᠯᠠ ᠣᠷᠣᠭᠤᠯᠤᠯᠲᠠ᠂ ᠠᠷᠠᠳ᠎ᠤᠨ ᠡᠵᠡᠩᠨᠡᠯᠲᠡ᠎ᠶ᠋ᠢᠨ ᠬᠥᠷᠥᠩᠭᠡ᠎ᠶ᠋ᠢ ᠲᠡᠳᠡᠨ ᠣᠷᠣᠭᠤᠯᠵᠤ᠂ ᠴᠢᠨᠠᠷ ᠰᠠᠢᠲᠠᠶ ᠦᠢᠯᠡᠴᠢᠯᠡᠭᠡᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃ ( ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  ᠭᠤᠷᠪᠠ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠱᠢᠨ᠎ᠡ ᠨᠡᠮᠡᠭ᠌ᠳᠡᠯ᠎ᠤᠨ ᠭᠡᠮᠵᠢᠶ᠎ᠠ᠎ᠶ᠋ᠢ ᠬᠦᠭᠵᠢᠭᠡᠨ᠎ᠡ

  (ᠠᠷᠪᠠᠨ ᠨᠢᠭᠡ) ᠬᠢᠯᠢ᠎ᠶᠢᠨ ᠭᠠᠳᠠᠨᠠᠬᠢ ᠨᠡᠩ ᠣᠯᠠᠨ ᠬᠥᠮᠦᠰ᠎ᠦ᠋ᠨ ᠬᠢᠯᠢ᠎ᠳ᠋ᠦ᠍ ᠣᠷᠣᠬᠤ ᠬᠡᠷᠡᠭ᠌ᠯᠡᠭᠡ᠎ᠶᠢ ᠲᠠᠲᠠᠵᠤ ᠪᠠᠢᠨ᠎ᠠ᠃ ᠭᠠᠭ᠍ᠴᠠ ᠲᠠᠯ᠎ᠠ᠎ᠠᠴᠠ ᠤᠯᠤᠰ᠎ᠤᠨ ᠬᠡᠪᠴᠢᠶᠡᠨ᠎ᠳᠤ ᠭᠠᠷ᠎ᠤᠨ ᠦᠰᠦᠭ ᠵᠢᠷᠤᠬᠤ᠎ᠠᠴᠠ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠭᠠᠳᠠᠭᠠᠳᠤ᠎ᠶ᠋ᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ᠍ ᠸᠢᠰᠠ᠎ᠶ᠋ᠢᠨ ᠲᠥᠷᠥ᠎ᠶ᠋ᠢᠨ ᠪᠣᠳᠣᠯᠭ᠎ᠠ ᠪᠠ ᠴᠢᠮᠡᠭᠡ ᠬᠤᠯᠪᠣᠭ᠎ᠠ᠂ ᠬᠤᠨᠤᠭ ᠪᠠᠭᠤᠳᠠᠯ᠂ ᠲᠣᠭᠠᠴᠠᠭ᠎ᠠ ᠬᠢᠬᠦ᠌ ᠵᠡᠷᠭᠡ ᠳᠥᠭᠦᠮᠴᠢᠯᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠥᠬᠦᠴᠡᠯ᠎ᠳᠤ ᠨᠡᠢᠴᠡᠬᠦ᠌ ᠨᠠᠩ ᠣᠯᠠᠨ ᠬᠥᠮᠦᠰ᠎ᠲᠤ 5 ᠵᠢᠯ ᠭᠠᠷᠤᠶ ᠭᠠᠷ᠎ᠤᠨ ᠦᠰᠦᠭ ᠵᠢᠷᠤᠵᠤ ᠣᠯᠭᠤᠨ ᠥᠭ᠌ᠭᠦᠨ᠎ᠡ᠃ ᠮᠠᠨ᠎ᠤ ᠤᠯᠤᠰ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠣᠯᠠᠨ ᠤᠯᠤᠰ᠎ᠲᠤ ᠤᠬᠠᠭᠤᠯᠤᠨ ᠳᠡᠯᠭᠡᠷᠡᠭᠦᠯᠬᠦ᠌᠎ᠶ᠋ᠢ ᠴᠢᠩᠭᠠᠳᠭᠠᠵᠤ᠂ ᠠᠮᠲᠠᠲᠤ ᠢᠳᠡᠭᠡᠨ᠂ ᠬᠢᠲᠠᠳ ᠡᠮ ᠡᠮᠨᠡᠯᠭᠡ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠡᠷᠲᠡᠨ᠎ᠤ ᠪᠠᠭᠤᠷᠢ ᠵᠡᠷᠭᠡ ᠤᠯᠠᠮᠵᠢᠯᠠᠯᠲᠤ ᠰᠣᠶᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠤᠨ᠂ ᠵᠢᠭᠤᠯᠴᠢᠯᠠᠯ᠎ᠤᠨ ᠦᠢᠯᠡᠴᠢᠯᠡᠭᠡᠨ᠎ᠤ ᠭᠠᠵᠠᠷ᠂ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠲᠠᠪᠴᠠᠩ᠎ᠤᠨ ᠭᠠᠳᠠᠭᠠᠳᠤ᠎ᠶ᠋ᠢᠨ ᠬᠥᠮᠦᠨ᠎ᠳᠤ ᠲᠣᠬᠢᠷᠠᠬᠤ ᠣᠨᠴᠠᠯᠢᠭ᠍ᠲᠤ ᠵᠢᠭᠤᠯᠴᠢᠯᠠᠯ᠎ᠤᠨ ᠵᠠᠮ ᠱᠤᠭᠤᠮ ᠭᠠᠷᠭᠠᠬᠤ᠎ᠶ᠋ᠢ ᠵᠣᠷᠢᠭ᠍ᠵᠢᠭᠤᠯᠤᠨ᠎ᠠ᠃ 《ᠳᠤᠮᠳᠠᠳᠤ ᠤᠯᠤᠰ᠎ᠲᠤ ᠰᠤᠷᠤᠯᠴᠠᠬᠤ》 ᠨᠡᠷᠡᠲᠦ ᠲᠡᠮᠳᠡᠭ᠎ᠦ᠋ᠨ ᠪᠠᠢᠭᠤᠯᠤᠯᠲᠠ᠎ᠶᠢ ᠴᠢᠩᠭᠠᠳᠭᠠᠵᠤ ᠭᠠᠳᠠᠭᠠᠳᠤ᠎ᠶᠢᠨ ᠰᠢᠯᠢᠳᠡᠭ ᠰᠤᠷᠤᠭ᠍ᠴᠢ᠎ᠶᠢ ᠳᠤᠮᠳᠠᠳᠤ ᠤᠯᠤᠰ᠎ᠲᠤ᠌ ᠲᠡᠳᠡᠨ ᠠᠪᠴᠢᠷᠠᠵᠤ ᠰᠤᠷᠤᠯᠴᠠᠭᠤᠯᠤᠨ᠎ᠠ᠃ ᠳᠡᠯᠡᠬᠡᠢ᠎ᠶ᠋ᠢᠨ ᠡᠮᠴᠢᠯᠡᠭᠡᠨ᠂ ᠦᠵᠡᠭᠦᠯᠭᠡ ᠵᠡᠷᠭᠡ ᠵᠠᠬ᠎ᠠ ᠵᠡᠭᠡᠯᠢ᠎ᠶ᠋ᠢ ᠪᠣᠢᠵᠢᠭᠤᠯᠤᠨ᠎ᠠ᠃ (ᠬᠤᠳᠠᠯᠳᠤᠭᠠᠨ᠎ᠤ ᠶᠠᠪᠤᠳᠠᠯ᠎ᠤᠨ ᠶᠠᠮᠤᠨ ᠲᠦᠷᠦᠭᠦᠯᠡᠨ᠂ ᠭᠠᠳᠠᠭᠠᠳᠤ ᠶᠠᠪᠤᠳᠠᠯ᠎ᠤᠨ ᠶᠠᠮᠤᠨ᠂ ᠰᠤᠷᠭᠠᠨ ᠬᠥᠮᠦᠵᠢᠯ᠎ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠤᠯᠤᠰ᠎ᠤᠨ ᠨᠡᠭᠦᠳᠡᠯ ᠠᠷᠠᠳ᠎ᠤᠨ ᠲᠣᠪᠴᠢᠶ᠎ᠠ᠂ ᠤᠯᠤᠰ᠎ᠤᠨ ᠲᠡᠤᠬᠡ᠎ᠶ᠋ᠢᠨ ᠳᠤᠷᠠᠰᠭᠠᠯᠲᠤ ᠵᠦᠢᠯ᠎ᠤᠨ ᠲᠣᠪᠴᠢᠶ᠎ᠠ᠂ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠲᠣᠪᠴᠢᠶ᠎ᠠ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠠᠷᠪᠠᠨ ᠬᠣᠶᠠᠷ) ᠲᠣᠭᠠᠴᠢᠯᠠᠭ᠍ᠰᠠᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠥᠷᠭᠡᠳᠭᠡᠵᠦ᠍᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠎ᠤ ᠭᠠᠳᠠᠭᠤᠷᠬᠢ ᠠᠭᠤᠰᠤᠯᠴᠠᠭᠤᠯᠤᠭ᠍ᠰᠠᠨ ᠲᠣᠭᠠᠴᠢᠯᠠᠭ᠍ᠰᠠᠨ ᠦᠢᠯᠡᠴᠢᠯᠡᠭᠡᠨ᠎ᠤ ᠬᠡᠷᠡᠭ᠌ᠯᠡᠭᠡᠨ᠎ᠤ ᠠᠬᠤᠢ ᠲᠠᠯᠠᠪᠠᠶ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ ᠠᠮᠢᠳᠤᠷᠠᠯ᠎ᠤᠨ ᠦᠢᠯᠡᠴᠢᠯᠡᠭᠡᠨ᠎ᠤ ᠠᠵᠤ ᠠᠬᠤᠢᠯᠠᠯ᠎ᠤᠨ ᠲᠣᠭᠠᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠬᠤ ᠪᠠ ᠳᠡᠯᠭᠡᠷᠡᠭᠦᠯᠦᠨ ᠡᠵᠡᠩᠨᠡᠬᠦ᠌᠎ᠶ᠋ᠢ ᠳᠡᠮᠵᠢᠨ᠎ᠡ᠃ 《ᠵᠣᠬᠢᠶᠠᠮᠠᠯ ᠣᠶᠤᠨᠴᠢ ᠬᠡᠷᠡᠭ᠌ᠯᠡᠭᠡ》 ᠎ᠶ᠋ᠢᠨ ᠨᠡᠢᠲᠡᠯᠢᠭ ᠬᠡᠷᠡᠭ᠌ᠯᠡᠭᠡᠨ᠎ᠤ ᠬᠡᠷᠡᠭ᠎ᠤᠨ ᠵᠢᠱ᠌ᠢᠶ᠎ᠡ᠎ᠶ᠋ᠢ ᠲᠠᠨᠢᠯᠴᠠᠭᠤᠯᠬᠤ᠎ᠶ᠋ᠢ ᠥᠷᠨᠢᠭᠦᠯᠵᠦ᠍᠂ ᠮᠡᠳᠡᠭᠡ ᠵᠠᠩᠭᠢ᠎ᠶ᠋ᠢᠨ ᠬᠡᠷᠡᠭ᠌ᠯᠡᠭᠡᠨ᠎ᠤ ᠱᠢᠨ᠎ᠡ ᠦᠶ᠋ᠯᠡᠳᠬᠦᠨ᠎ᠤ ᠱᠢᠨ᠎ᠡ ᠲᠠᠯᠠᠪᠤᠷ ᠱᠢᠨ᠎ᠡ ᠬᠠᠯᠠᠮᠱᠢᠯ ᠴᠡᠭ᠎ᠢ ᠦᠷᠭᠦᠯᠵᠢᠯᠡᠨ ᠪᠣᠶ ᠪᠣᠯᠭᠠᠨ᠎ᠠ᠃ ( ᠬᠤᠳᠠᠯᠳᠤᠭᠠᠨ᠎ᠤ ᠶᠠᠪᠤᠳᠠᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ         ᠬᠠᠷᠢᠭᠤᠴᠠᠨ᠎ᠠ )

  (ᠠᠷᠪᠠᠨ ᠭᠤᠷᠪᠠ) ᠰᠤᠷᠤᠭ᠍ᠴᠢᠳ᠎ᠤᠨ ᠠᠮᠠᠷᠠᠯᠲᠠ᠎ᠶ᠋ᠢᠨ ᠬᠤᠭᠤᠴᠠᠭᠠᠨ᠎ᠤ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠲᠥᠬᠦᠷ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ᠃ ᠴᠢᠯᠥᠭᠡ ᠲᠠᠯᠪᠢᠭ᠍ᠰᠠᠨ ᠶᠡᠷᠦᠩᠬᠡᠶ ᠡᠳᠦᠷ᠎ᠦᠨ ᠲᠣᠭ᠎ᠠ ᠪᠣᠯᠤᠨ ᠵᠢᠭᠠᠨ ᠰᠤᠷᠭᠠᠬᠤ ᠴᠠᠭ᠎ᠤᠨ ᠶᠡᠷᠦᠩᠬᠡᠶ ᠬᠡᠮᠵᠢᠶ᠎ᠡ᠎ᠶ᠋ᠢ ᠬᠤᠪᠢᠷᠠᠭᠤᠯᠬᠤ ᠦᠭᠡᠶ ᠪᠠᠢᠬᠤ ᠪᠠᠢᠳᠠᠯ᠎ᠤᠨ ᠳᠣᠤᠷ᠎ᠠ᠂ ᠨᠥᠬᠥᠴᠡᠯ ᠪᠦᠬᠦᠢ ᠭᠠᠵᠠᠷ ᠣᠷᠣᠨ᠎ᠢ ᠵᠣᠷᠢᠭ᠍ᠵᠢᠭᠤᠯᠤᠨ ᠠᠭᠤᠷ ᠠᠮᠢᠰᠭᠤᠯ᠎ᠤᠨ ᠨᠥᠬᠥᠴᠡᠯ᠂ ᠦᠢᠯᠡᠳᠪᠦᠷᠢᠯᠡᠯ᠎ᠦᠨ ᠲᠣᠬᠢᠷᠠᠭᠤᠯᠤᠯᠲᠠ᠂ ᠠᠵᠢᠯᠲᠠᠨ ᠠᠵᠢᠯᠴᠢᠨ᠎ᠤ ᠴᠠᠯᠢᠩ᠎ᠲᠠᠶ ᠠᠮᠠᠷᠠᠯᠲᠠ᠎ᠶ᠋ᠢᠨ ᠳᠦᠷᠢᠮ᠎ᠢ ᠨᠠᠢᠳᠠᠪᠤᠷᠢᠵᠢᠭᠤᠯᠬᠤ ᠵᠡᠷᠭᠡ ᠬᠦᠴᠦᠨ ᠵᠦᠢᠯ᠎ᠲᠡᠶ ᠤᠶᠠᠯᠳᠤᠭᠤᠯᠵᠤ᠂ ᠰᠤᠷᠤᠯᠭ᠎ᠠ᠎ᠶ᠋ᠢᠨ ᠣᠨ ᠨᠢᠭᠡᠪᠦᠷᠢ᠎ᠶ᠋ᠢᠨ ᠵᠢᠭᠠᠨ ᠰᠤᠷᠭᠠᠬᠤ ᠪᠠ ᠴᠢᠯᠥᠭᠡ ᠲᠠᠯᠪᠢᠬᠤ ᠴᠠᠭ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠠᠪᠤᠷ ᠨᠠᠮᠤᠷ᠎ᠤᠨ ᠠᠮᠠᠷᠠᠯᠲᠠ ᠲᠠᠯᠪᠢᠬᠤ᠎ᠶ᠋ᠢ ᠬᠠᠢᠨ ᠰᠦᠪᠡᠭ᠌ᠴᠢᠯᠡᠵᠦ᠍᠂ ᠡᠪᠦᠯ ᠵᠤᠨ᠎ᠤ ᠠᠮᠠᠷᠠᠯᠲᠠ᠎ᠶ᠋ᠢᠨ ᠴᠠᠭ᠎ᠢ ᠵᠣᠬᠢᠴᠠᠩᠭᠤᠶ᠎ᠪᠠᠷ ᠪᠣᠭᠤᠨᠢᠰᠭᠠᠵᠤ᠂ ᠵᠢᠭᠤᠯᠴᠢᠯᠠᠯ᠎ᠢᠶᠠᠷ ᠶᠠᠪᠤᠵᠤ ᠰᠠᠭᠤᠬᠤ ᠵᠡᠷᠭᠡ ᠦᠢᠯᠡᠴᠢᠯᠡᠭᠡᠨ᠎ᠦ ᠬᠡᠷᠡᠭ᠌ᠯᠡᠭᠡᠨ᠎ᠦ ᠴᠠᠭ᠎ᠢ ᠨᠡᠮᠡᠭ᠌ᠳᠡᠭᠦᠯᠬᠦ᠌ ᠬᠡᠷᠡᠭ᠌ᠲᠡᠶ᠃ ( ᠰᠤᠷᠭᠠᠨ ᠬᠥᠮᠦᠵᠢᠯ᠂ ᠬᠥᠮᠦᠨ᠎ᠦ ᠬᠦᠴᠦᠨ᠎ᠦ ᠡᠬᠢ ᠪᠠᠶᠠᠯᠢᠭ ᠨᠡᠢᠭᠡᠮ᠎ᠦᠨ ᠪᠠᠲᠤᠯᠠᠭ᠎ᠠ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  ᠳᠥᠷᠪᠡ᠂ ᠡᠳ᠋᠎ᠤᠨ ᠵᠠᠰᠠᠭ ᠮᠦᠩᠭᠦᠨ ᠭᠦᠢᠯᠭᠡᠭᠡᠨ᠎ᠤ ᠳᠡᠮᠵᠢᠯᠭᠡ᠎ᠶ᠋ᠢ ᠴᠢᠩᠭ᠋ᠠᠳᠬᠠᠨ᠎ᠠ

  (ᠠᠷᠪᠠᠨ ᠳᠦᠷᠪᠡ ) ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠢᠭᠡᠯᠡᠯᠭᠡ᠎ᠶ᠋ᠢᠨ ᠲᠡᠮᠳᠡᠭ᠌ᠲᠦ ᠵᠡᠷᠭᠡ ᠡᠯ᠎ᠡ ᠲᠥᠷᠥᠯ᠎ᠤᠨ ᠪᠠᠯᠠ ᠮᠥᠩᠭᠦ᠎ᠶ᠋ᠢᠨ ᠠᠷᠭ᠎ᠠ ᠵᠠᠮ᠎ᠢ ᠨᠢᠭᠡᠳᠦᠯᠲᠡᠶ ᠲᠥᠯᠥᠪᠯᠡᠨ ᠠᠱᠢᠭ᠍ᠯᠠᠵᠤ᠂ ᠨᠥᠬᠦᠴᠡᠯ᠎ᠳᠤ ᠨᠡᠢᠴᠡᠬᠦ᠌ ᠰᠣᠶᠣᠯ᠂ ᠵᠢᠭᠤᠯᠴᠢᠯᠠᠯ᠂ ᠨᠠᠰᠤᠵᠢᠯ᠎ᠤᠨ ᠠᠰᠠᠷᠠᠮᠵᠢ᠂ ᠨᠠᠢᠳᠠᠨ ᠬᠥᠮᠦᠵᠢᠭᠦᠯᠬᠦ᠂ ᠪᠡᠶ᠎ᠡ᠎ᠶ᠋ᠢᠨ ᠲᠠᠮᠢᠷ ᠵᠡᠷᠭᠡ ᠦᠢᠯᠡᠴᠢᠯᠡᠭᠡᠨ᠎ᠤ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠳᠡᠮᠵᠢᠨ᠎ᠡ᠃ ( ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠠᠷᠪᠠᠨ ᠲᠠᠪᠤ) ᠦᠢᠯᠡᠴᠢᠯᠡᠭᠡᠨ᠎ᠦ ᠠᠷᠠᠯᠵᠢᠶ᠎ᠠ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠬᠥᠲᠥᠯᠥᠨ ᠵᠢᠯᠣᠭᠣᠳᠭᠤ ᠰᠠᠭᠤᠷᠢ ᠮᠥᠩᠭᠥ᠎ᠶ᠋ᠢ ᠵᠠᠬ᠎ᠠ ᠳᠡᠯᠭᠡᠭᠦᠷᠴᠢᠯᠡᠬᠦ᠌ ᠵᠠᠷᠴᠢᠮ᠎ᠤᠨ ᠶᠣᠰᠣᠭᠠᠷ ᠨᠥᠬᠥᠴᠡᠯ᠎ᠳᠦ ᠨᠡᠢᠴᠡᠬᠦ᠌ ᠦᠢᠯᠡᠴᠢᠯᠡᠭᠡᠨ᠎ᠦ ᠬᠡᠷᠡᠭ᠌ᠯᠡᠭᠡᠨ᠎ᠦ ᠠᠵᠤ ᠠᠬᠤᠢᠯᠠᠯ᠎ᠳᠤ ᠪᠡᠯᠡ ᠣᠷᠣᠭᠤᠯᠵᠤ᠂ ᠨᠡᠢᠭᠡᠮ᠎ᠦᠨ ᠬᠥᠷᠥᠩᠭᠡ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠦᠢᠯᠡᠴᠢᠯᠡᠭᠡᠨ᠎ᠦ ᠬᠡᠷᠡᠭ᠌ᠯᠡᠭᠡ᠎ᠶ᠋ᠢᠨ ᠬᠠᠮᠢᠶ᠎ᠠ ᠪᠦᠬᠦᠢ ᠬᠦᠷᠢᠶᠡᠨ᠎ᠦ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠦᠨ᠎ᠡ ᠃ ( ᠡᠳ᠋᠎ᠦᠨ ᠵᠠᠰᠠᠭ᠎ᠤᠨ ᠶᠠᠮᠤᠨ ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠠᠷᠪᠠᠨ ᠵᠢᠷᠭᠤᠭ᠎ᠠ) ᠵᠣᠭᠤᠰᠣᠨ᠎ᠤ ᠢᠲᠡᠭᠡᠮᠵᠢᠲᠦ ᠵᠢᠭᠡᠯᠡᠯᠭᠡ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠳᠡᠮᠵᠢᠵᠦ᠍ ᠪᠠᠢᠭᠠᠳ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠦᠷᠢᠶᠡᠨ᠎ᠳᠠᠬᠢ ᠢᠲᠡᠭᠡᠮᠵᠢᠲᠦ ᠵᠢᠭᠡᠯᠡᠯᠭᠡ ᠲᠠᠯᠪᠢᠬᠤ᠎ᠶ᠋ᠢ ᠥᠷᠭᠡᠳᠭᠡᠨ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠦᠷᠢᠶᠡᠨ᠎ᠳᠠᠬᠢ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢ ᠴᠢᠩᠭᠠᠷᠠᠭᠤᠯᠵᠤ᠂ ᠵᠢᠭᠡᠯᠡᠯᠭᠡ᠎ᠶ᠋ᠢᠨ ᠬᠦᠦ᠍᠎ᠶ᠋ᠢᠨ ᠨᠣᠷᠮ᠎ᠠ᠎ᠶ᠋ᠢᠨ ᠬᠢᠷᠢ ᠬᠡᠮᠵᠢᠶ᠎ᠡ᠎ᠶ᠋ᠢ ᠵᠦᠢ ᠵᠣᠬᠢᠰᠲᠠᠢ ᠲᠣᠭ᠍ᠲᠠᠭᠠᠨ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠦᠷᠭᠦᠯᠵᠢᠯᠡᠨ ᠳᠡᠮᠵᠢᠬᠦ᠌ ᠬᠡᠷᠡᠭ᠌ᠲᠡᠢ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠳᠡᠮᠵᠢᠵᠦ᠍ ᠪᠠᠢᠭᠠᠳ ᠦᠢᠯᠡᠴᠢᠯᠡᠭᠡᠨ᠎ᠦ ᠬᠡᠷᠡᠭᠯᠡᠭᠡ᠎ᠶᠢᠨ ᠡᠵᠡᠩᠨᠡᠯᠲᠡ᠎ᠶ᠋ᠢᠨ ᠭᠣᠤᠯ ᠴᠣᠭ᠍ᠴᠠ᠎ᠶ᠋ᠢᠨ ᠣᠨᠴᠠᠯᠢᠭ ᠪᠠ ᠪᠡᠯᠡ ᠲᠣᠬᠢᠷᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ ᠣᠨᠴᠠᠯᠢᠭ᠍ᠲᠤ ᠮᠥᠩᠭᠥᠨ ᠭᠦᠢᠯᠭᠡᠭᠡᠨ᠎ᠦ ᠨᠡᠷᠡᠳᠬᠦᠨ ᠪᠠ ᠦᠢᠯᠡᠴᠢᠯᠡᠭᠡᠨ᠎ᠳᠦ ᠱᠢᠨ᠎ᠡ᠎ᠶ᠋ᠢ ᠡᠭᠦᠳᠦᠨ ᠨᠡᠭᠡᠭᠡᠨ ᠬᠥᠭ᠌ᠵᠢᠭᠦᠯᠦᠨ᠎ᠡ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠵᠣᠷᠢᠭ᠍ᠵᠢᠭᠤᠯᠵᠤ ᠪᠠᠢᠭᠠᠳ ᠣᠯᠠᠨ ᠡᠱᠢᠵᠢᠭ᠌ᠰᠡᠨ ᠦᠢᠯᠡᠴᠢᠯᠡᠭᠡᠨ᠎ᠤ ᠬᠡᠷᠡᠭ᠌ᠯᠡᠭᠡᠨ᠎ᠤ ᠦᠵᠡᠭ᠌ᠳᠡᠯ᠂ ᠲᠥᠪᠯᠡᠷᠡᠭ᠌ᠰᠡᠨ ᠣᠷᠣᠨ ᠪᠠ ᠬᠠᠮᠢᠶ᠎ᠠ ᠪᠦᠬᠦᠢ ᠭᠤᠣᠯᠳᠠᠯᠭ᠎ᠠ᠎ᠲᠠᠢ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠳᠤ ᠳᠡᠮᠵᠢᠯᠭᠡ ᠦᠵᠡᠭᠦᠯᠬᠦ᠌᠎ᠶ᠋ᠢ ᠴᠢᠩᠭᠠᠳᠭᠠᠨ᠎ᠠ᠃ ( ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠠᠷᠪᠠᠨ ᠳᠣᠯᠣᠭ᠎ᠠ) ᠬᠡᠷᠡᠭᠯᠡᠭᠡ᠎ᠶᠢᠨ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ᠎ᠶᠢᠨ ᠡᠷᠴᠢᠮ᠎ᠢᠶᠠᠨ ᠨᠡᠮᠡᠭ᠌ᠳᠡᠭᠦᠯᠬᠦ᠌ ᠬᠡᠷᠡᠭ᠌ᠲᠡᠶ᠃ ᠣᠷᠣᠨ ᠨᠤᠲᠤᠭ᠎ᠤᠨ᠎ᠬᠢᠨ᠎ᠤ ᠣᠳᠣ᠎ᠶ᠋ᠢᠨ ᠪᠠᠢᠭ᠎ᠠ ᠲᠥᠭ᠌ᠰᠢᠭᠦᠷᠢ᠎ᠶ᠋ᠢᠨ ᠨᠦᠬᠦᠪᠦᠷᠢ᠎ᠶ᠋ᠢᠨ ᠲᠤᠰᠭᠠᠢ ᠪᠡᠯᠡ ᠮᠦᠩᠭᠦ᠎ᠶ᠋ᠢ ᠱᠢᠨ᠎ᠡ᠎ᠪᠠᠷ ᠪᠠᠢᠭᠤᠯᠬᠤ ᠪᠣᠶᠣ ᠣᠷᠤᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠬᠡᠷᠡᠭ᠌ᠯᠡᠭᠡ᠎ᠶ᠋ᠢᠨ ᠢᠲᠡᠭᠡᠮᠵᠢᠲᠦ ᠵᠢᠭᠡᠯᠡᠯᠭᠡ᠎ᠶ᠋ᠢᠨ ᠲᠥᠭ᠌ᠰᠢᠭᠦᠷᠢ᠎ᠶ᠋ᠢ ᠬᠤᠪᠢᠶᠠᠨ ᠡᠭᠦᠷᠭᠡᠯᠡᠵᠦ᠍᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠠᠬᠢ ᠬᠡᠷᠡᠭ᠌ᠯᠡᠭᠡ᠎ᠶ᠋ᠢᠨ ᠵᠢᠭᠡᠯᠡᠯᠭᠡ᠎ᠳᠤ ᠳᠠᠮ ᠬᠦᠦ ᠮᠦᠩᠭᠦ᠌ ᠲᠥᠯᠥᠬᠦ᠌᠎ᠶ᠋ᠢ ᠦᠷᠨᠢᠭᠦᠯᠦᠨ᠂ ᠮᠦᠩᠭᠦᠨ ᠭᠦᠢᠯᠭᠡᠭᠡᠨ᠎ᠤ ᠪᠠᠢᠭᠤᠯᠤᠮᠵᠢ ᠪᠣᠯᠣᠨ ᠬᠤᠳᠠᠯᠳᠤᠭᠠᠴᠢᠳ᠎ᠢ ᠬᠦᠲᠦᠯᠦᠨ ᠵᠢᠯᠤᠭᠤᠳᠴᠤ᠌ ᠪᠠᠢᠭᠠᠳ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠣᠨᠴᠠᠯᠢᠭ᠎ᠲᠤ ᠲᠣᠬᠢᠷᠠᠭ᠍ᠰᠠᠨ ᠪᠦᠲᠦᠭᠡᠭ᠌ᠳᠡᠭᠦᠨ ᠪᠠ ᠦᠢᠯᠡᠴᠢᠯᠡᠭᠡ᠎ᠶ᠋ᠢ ᠬᠠᠮᠲᠤᠷᠠᠨ ᠨᠡᠭᠡᠭᠡᠨ ᠬᠥᠭ᠌ᠵᠢᠭᠦᠯᠵᠦ᠍᠂ 《ᠵᠠᠰᠠᠭ᠎ᠤᠨ ᠣᠷᠳᠤᠨ᠎ᠦ ᠨᠦᠬᠦᠪᠦᠷᠢ + ᠮᠦᠩᠭᠦᠨ ᠭᠦᠢᠯᠭᠡᠭᠡᠨ᠎ᠢᠶᠠᠷ ᠳᠡᠮᠵᠢᠬᠦ᠌ + ᠬᠤᠳᠠᠯᠳᠤᠭᠠᠴᠢᠨ᠎ᠤ ᠬᠠᠷᠠᠭᠠᠯᠵᠠᠯ》 ᠎ᠤᠨ ᠬᠠᠮ ᠠᠷᠭ᠎ᠠ ᠬᠡᠮᠵᠢᠶ᠎ᠡ᠎ᠶ᠋ᠢ ᠪᠣᠢ ᠪᠣᠯᠭᠠᠨ᠎ᠠ᠃ ( ᠡᠳ᠋᠎ᠦᠨ ᠵᠠᠰᠠᠭ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂  ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  (ᠠᠷᠪᠠᠨ ᠨᠠᠢ᠍ᠮᠠ) ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠯᠤᠭ᠎ᠠ ᠨᠢᠭ᠍ᠲᠠ ᠬᠤᠯᠪᠣᠭ᠍ᠳᠠᠬᠤ ᠦᠢᠯᠡᠴᠢᠯᠡᠭᠡᠨ᠎ᠤ ᠬᠡᠷᠡᠭᠯᠡᠭᠡ᠎ᠶᠢᠨ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠢᠯᠡᠴᠢᠯᠡᠭᠡᠨ᠎ᠤ ᠦᠢᠯᠡᠰ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠡᠳ᠋᠎ᠤᠨ ᠵᠠᠰᠠᠭ᠎ᠤᠨ ᠳᠠᠮ ᠬᠦᠦ᠍᠎ᠶ᠋ᠢᠨ ᠳᠡᠮᠵᠢᠯᠭᠡ ᠦᠵᠡᠭᠦᠯᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠪᠠᠯᠠ ᠲᠣᠬᠢᠷᠠᠭᠤᠯᠭ᠎ᠠ᠎ᠶ᠋ᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠶ᠋ᠢ ᠠᠬᠢᠭᠤᠯᠵᠤ᠂ ᠦᠢᠯᠡᠴᠢᠯᠡᠭᠡᠨ᠎ᠤ ᠬᠡᠷᠡᠭ᠌ᠯᠡᠭᠡᠨ᠎ᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ( ᠡᠳ᠋᠎ᠦᠨ ᠵᠠᠰᠠᠭ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠡᠷᠭᠡ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  ᠲᠠᠪᠤ᠂ ᠲᠤᠭ᠎ᠠ ᠪᠦᠷᠢᠳᠭᠡᠯ᠎ᠤᠨ ᠬᠢᠨᠠᠨ ᠱᠢᠨᠵᠢᠬᠦ᠌ ᠲᠦᠷᠢᠮ᠎ᠢ ᠪᠦᠷᠢᠨᠱᠢᠬᠦᠯᠦᠨ᠎ᠠ

  (ᠠᠷᠪᠠ ᠶᠢᠰᠦ) ᠦᠢᠯᠡᠴᠢᠯᠡᠭᠡᠨ᠎ᠦ ᠬᠡᠷᠡᠭ᠌ᠯᠡᠭᠡ᠎ᠶ᠋ᠢᠨ ᠪᠦᠷᠢᠳᠭᠡᠬᠦ᠌ ᠠᠷᠭ᠎ᠠ᠎ᠶ᠋ᠢ ᠱᠢᠯᠢᠳᠡᠭ᠌ᠵᠢᠭᠦᠯᠦᠨ᠎ᠡ ᠃ ᠭᠠᠵᠠᠷ ᠣᠷᠣᠨ ᠬᠤᠪᠢᠶᠠᠨ ᠦᠢᠯᠡᠴᠢᠯᠡᠭᠡᠨ᠎ᠤ ᠵᠢᠵᠢᠭ᠌ᠯᠡᠨ ᠬᠤᠳᠠᠯᠳᠤᠬᠤ ᠲᠤᠭ᠎ᠠ᠎ᠶ᠋ᠢ ᠲᠥᠰᠦᠭᠡᠯᠡᠨ ᠪᠣᠳᠣᠬᠤ ᠠᠵᠢᠯ᠎ᠢ ᠲᠦᠷᠭᠡᠳᠭᠡᠨ ᠠᠬᠢᠭᠤᠯᠵᠤ᠂ ᠭᠠᠵᠠᠷ ᠣᠷᠣᠨ ᠬᠤᠪᠢᠶᠠᠨ ᠦᠢᠯᠡᠴᠢᠯᠡᠬᠦ᠌ ᠬᠡᠷᠡᠭ᠌ᠯᠡᠭᠡᠨ᠎ᠤ ᠬᠥᠭ᠌ᠵᠢᠯᠲᠡ᠎ᠶ᠋ᠢᠨ ᠪᠠᠢᠳᠠᠯ᠎ᠢ ᠪᠤᠰᠤᠳᠴᠢ᠎ᠪᠠᠷ ᠲᠤᠰᠭᠠᠬᠤ ᠬᠡᠷᠡᠭ᠌ᠲᠡᠢ᠃ ᠲᠤᠭ᠎ᠠ ᠪᠦᠷᠢᠳᠭᠡᠯ᠎ᠤᠨ ᠬᠢᠨᠠᠨ ᠱᠢᠨᠵᠢᠬᠦ᠌ ᠠᠷᠭ᠎ᠠ᠎ᠳᠤ ᠱᠢᠨ᠎ᠡ᠎ᠶ᠋ᠢ ᠡᠭᠦᠳᠴᠦ᠍᠂ ᠨᠥᠬᠦᠴᠡᠯ᠎ᠲᠠᠢ ᠭᠠᠵᠠᠷ ᠣᠷᠣᠨ᠎ᠤ ᠲᠣᠮᠣ ᠳ᠋ᠠᠢᠲ᠋ᠠ ᠵᠡᠷᠭᠡ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠠᠷᠭ᠎ᠠ ᠪᠠᠷᠢᠯ᠎ᠢ ᠠᠱᠢᠭ᠍ᠯᠠᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠢᠨᠠᠨ ᠱᠢᠨᠵᠢᠬᠦ᠌ ᠪᠠ ᠵᠠᠳᠠᠯᠤᠯᠲᠠ ᠬᠢᠬᠦ᠌᠎ᠶ᠋ᠢ ᠵᠣᠷᠢᠬ᠍ᠵᠢᠭᠤᠯᠤᠨ᠎ᠠ᠃ ( ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ )

  ᠡᠯ᠎ᠡ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠨᠠᠷᠢᠨ ᠨᠢᠮᠪᠠᠶ ᠠᠬᠢᠭᠤᠯᠬᠤ ᠬᠡᠷᠡᠭ᠌ᠲᠡᠶ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠲᠦᠷᠦᠭᠦᠯᠡᠨ ᠲᠡᠭᠦᠯᠳᠡᠷᠵᠢᠭᠦᠯᠵᠦ᠍᠂ ᠴᠢᠨᠠᠷ ᠰᠠᠢᠲᠠᠢ ᠦᠢᠯᠡᠴᠢᠯᠡᠭᠡᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠠᠷᠠᠳ ᠤᠯᠠᠨ᠎ᠤ ᠤᠯᠠᠨ ᠶᠠᠩᠵᠤᠴᠢᠯᠠᠭ᠍ᠰᠠᠨ ᠦᠢᠯᠡᠴᠢᠯᠡᠭᠡᠨ᠎ᠤ ᠬᠡᠷᠡᠭᠯᠡᠭᠡ᠎ᠶᠢᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ ᠬᠡᠷᠡᠭ᠌ᠲᠡᠢ᠃

  

  ᠬᠤᠳᠠᠯᠳᠤᠭᠠᠨ᠎ᠤ ᠶᠠᠪᠤᠳᠠᠯ᠎ᠤᠨ ᠶᠠᠮᠤᠨ

  ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ

  ᠰᠤᠷᠭᠠᠨ ᠬᠦᠮᠦᠵᠢᠯ᠎ᠤᠨ ᠶᠠᠮᠤᠨ

  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ

  ᠡᠳ᠋᠎ᠦᠨ ᠵᠠᠰᠠᠭ᠎ᠤᠨ ᠶᠠᠮᠤᠨ

  ᠬᠥᠮᠦᠨ᠎ᠦ᠌ ᠬᠦᠴᠦᠨ᠎ᠦ᠌ ᠡᠬᠢ ᠪᠠᠶᠠᠯᠢᠭ ᠨᠡᠢᠭᠡᠮ᠎ᠦ᠋ᠨ ᠪᠠᠲᠤᠯᠠᠭ᠎ᠠ᠎ᠶᠢᠨ ᠶᠠᠮᠤᠨ

  ᠰᠣᠶᠣᠯ ᠪᠠ ᠵᠢᠭᠤᠯᠴᠢᠯᠠᠯ᠎ᠤᠨ ᠶᠠᠮᠤᠨ

  ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ

  ᠳᠤᠮᠳᠠᠳᠤ ᠤᠯᠤᠰ᠎ᠤᠨ ᠠᠷᠠᠳ᠎ᠤᠨ ᠪᠠᠩᠬᠢ

  2025 ᠣᠨ᠎ᠤ 9 ᠳ᠋ᠤᠭᠡᠷ ᠰᠠᠷ᠎ᠠ᠎ᠶ᠋ᠢᠨ 5 ᠎ᠤ ᠡᠳᠦᠷ

ᠢᠷᠡᠯᠲᠡ᠄        ᠵᠤᠷᠭᠠᠨ
          
ᠬᠠᠮᠢᠶ᠎ᠡ ᠪᠦᠬᠦᠢ ᠰᠣᠨᠢᠨ
 
            