ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠄ ᠡᠳ᠋᠎ᠤᠨ ᠵᠠᠰᠠᠭ᠎ᠤᠨ ᠶᠠᠮᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠤ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-09-30

  [ ᠨᠡᠢᠲᠡᠯᠡᠭ᠌ᠰᠡᠨ ᠪᠠᠢᠭᠤᠯᠤᠮᠵᠢ ] ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠦ ᠪᠤᠰᠤᠳ

  [ ᠪᠢᠴᠢᠭ᠎ᠤᠨ ᠳ᠋ᠤᠭᠠᠷ ] ᠡᠳ᠋ ᠪᠠᠢᠭᠤᠯᠤᠯᠲᠠ [ 2025 ] 342 ᠳ᠋ᠤᠭᠠᠷ ᠲᠣᠭᠠᠲᠤ

  [ ᠪᠢᠴᠢᠭ᠌ᠳᠡᠭ᠌ᠰᠡᠨ ᠡᠳᠦᠷ ᠬᠤᠭᠤᠴᠠᠭ᠎ᠠ ] 2025 ᠣᠨ᠎ᠤ 9 ᠳ᠋ᠤᠭᠡᠷ ᠰᠠᠷ᠎ᠠ᠎ᠶ᠋ᠢᠨ 28 ᠎ᠤ ᠡᠳᠦᠷ

 

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ᠂ ᠠᠰᠲᠠᠭᠠᠨ ᠲᠥᠯᠥᠪᠯᠡᠭᠡ ᠬᠢᠬᠦ᠌ ᠬᠤᠲᠠ᠎ᠶ᠋ᠢᠨ ᠡᠳ᠋᠎ᠤᠨ ᠵᠠᠰᠠᠭ᠎ᠤᠨ ᠲᠢᠩᠬᠢᠮ ( ᠲᠣᠪᠴᠢᠶ᠎ᠠ )᠂ ᠬᠤᠳᠠᠯᠳᠤᠭᠠᠨ᠎ᠤ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠌᠄

  ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯᠳᠤᠭᠠᠨ᠎ᠤ ᠬᠣᠯᠪᠣᠭ᠍ᠳᠠᠯ ᠪᠦᠬᠦᠢ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠶ ᠵᠦᠢᠯ᠎ᠦᠨ ᠠᠵᠢᠯᠯᠠᠭ᠎ᠠ᠎ᠶ᠋ᠢᠨ ᠲᠥᠰᠦᠯ 》 ( ᠳᠣᠷᠣᠭ᠍ᠰᠢ 《 ᠠᠵᠢᠯᠯᠠᠭ᠎ᠠ᠎ᠶ᠋ᠢᠨ ᠲᠥᠰᠦᠯ 》 ᠭᠡᠵᠦ᠍ ᠲᠣᠪᠴᠢᠯᠠᠨ᠎ᠠ )᠎ᠦᠨ ᠬᠠᠮᠢᠶ᠎ᠠ ᠪᠦᠬᠦᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠤᠰᠠᠳᠠ᠂《 ᠳᠤᠮᠳᠠᠳᠤ ᠤᠯᠤᠰ᠎ᠲᠤ ᠬᠤᠳᠠᠯᠳᠤᠨ ᠠᠪᠬᠤ 》 ᠠᠵᠢᠯ᠎ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠣᠷᠢᠨ᠎ᠢ ᠪᠣᠶ ᠪᠣᠯᠭᠠᠵᠤ᠂ ᠬᠢᠯᠢ᠎ᠪᠡᠷ ᠣᠷᠣᠵᠤ ᠢᠷᠡᠬᠦ᠌ ᠬᠡᠷᠡᠭ᠌ᠯᠡᠭᠡ᠎ᠶ᠋ᠢᠨ ᠳᠥᠭᠥᠮ ᠴᠢᠨᠠᠷ᠂ ᠲᠣᠬᠢᠯᠢᠭ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠡᠳ᠋᠎ᠦᠨ ᠵᠠᠰᠠᠭ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠣᠷᠢᠨ᠎ᠤ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠦᠨ᠎ᠡ᠃ ᠡᠳᠦᠭᠡ ᠬᠤᠯᠪᠣᠭ᠍ᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭ᠌ᠳᠡᠶ᠎ᠡ᠄

  ᠨᠢᠭᠡ᠂ ᠶᠡᠷᠦᠩᠬᠡᠢ ᠱᠠᠭᠠᠷᠳᠠᠯᠭ᠎ᠠ

  ( ᠨᠢᠭᠡ ) ᠲᠥ᠋ᠷᠥ᠍᠎ᠶ᠋ᠢᠨ ᠪᠣᠳᠣᠯᠭ᠎ᠠ᠎ᠶ᠋ᠢᠨ ᠬᠠᠷᠠᠯᠲᠠ᠃ ᠬᠡᠷᠡᠭ᠌ᠯᠡᠭᠡ᠎ᠶ᠋ᠢ ᠶᠡᠬᠡ ᠪᠡᠷ ᠬᠥᠭ᠌ᠵᠢᠭᠡᠬᠦ᠌ ᠲᠤᠬᠠᠶ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠶᠣᠰᠣᠭᠠᠷ᠂ ᠲᠤᠷᠱᠢᠯᠲᠠ᠎ᠶ᠋ᠢᠨ ᠴᠡᠭ ᠬᠤᠲᠠ᠎ᠶ᠋ᠢᠨ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠢ ᠪᠤᠢᠵᠢᠭᠤᠯᠤᠨ ᠪᠠᠢᠭᠤᠯᠬᠤ᠎ᠶ᠋ᠢ ᠳᠡᠮᠵᠢᠵᠦ᠍᠂ 《ᠳᠤᠮᠳᠠᠳᠤ ᠤᠯᠤᠰ᠎ᠲᠤ ᠬᠤᠳᠠᠯᠳᠤᠨ ᠠᠪᠬᠤ 》ᠨᠠᠷᠠᠲᠤ ᠲᠡᠮᠳᠡᠭ᠌ᠲᠦ᠍᠎ᠶ᠋ᠢ ᠪᠣᠶ ᠪᠣᠯᠭᠠᠬᠤ᠎ᠶ᠋ᠢ ᠴᠢᠩᠭᠠᠷᠠᠭᠤᠯᠤᠨ᠂ ᠴᠢᠨᠠᠷ ᠰᠠᠢᠲᠠᠶ ᠲᠠᠸᠠᠷ ᠪᠠ ᠦᠢᠯᠡᠴᠢᠯᠡᠭᠡᠨ᠎ᠤ ᠬᠠᠩᠭᠠᠯᠭ᠎ᠠ᠎ᠶ᠋ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠣᠯᠠᠨ ᠤᠯᠤᠰᠴᠢᠯᠠᠭ᠍ᠰᠠᠨ᠂ ᠣᠯᠠᠨ ᠡᠱᠢᠵᠢᠭᠦᠯᠦᠭ᠌ᠰᠡᠨ ᠬᠡᠷᠡᠭ᠌ᠯᠡᠭᠡ᠎ᠶ᠋ᠢᠨ ᠪᠠᠢᠳᠠᠯ᠎ᠤᠨ ᠱᠢᠨ᠎ᠡ᠎ᠶ᠋ᠢ ᠡᠭᠦᠳᠴᠦ᠍᠂ ᠣᠯᠠᠨ ᠤᠯᠤᠰᠴᠢᠯᠠᠭ᠍ᠰᠠᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠂ ᠨᠠᠩ ᠳᠥᠭᠦᠮ ᠳᠥᠲᠡ᠂ ᠳᠣᠬᠢᠯᠢᠭ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠢ ᠪᠣᠶ ᠪᠣᠯᠭᠠᠵᠤ᠂ ᠬᠢᠯᠢ᠎ᠶ᠋ᠢᠨ ᠭᠠᠳᠠᠨᠠᠬᠢ ᠵᠢᠭᠤᠯᠴᠢᠯᠠᠭ᠍ᠴᠢᠳ᠎ᠤᠨ ᠬᠢᠯᠢ᠎ᠪᠠᠷ ᠣᠷᠣᠵᠤ ᠢᠷᠡᠬᠦ᠌ ᠬᠡᠷᠡᠭ᠌ᠯᠡᠭᠡ᠎ᠶ᠋ᠢ ᠲᠡᠳᠡᠨ ᠠᠪᠴᠢᠷᠠᠵᠤ᠂ ᠣᠯᠠᠨ ᠶᠠᠩᠵᠤᠴᠢᠯᠠᠭ᠍ᠰᠠᠨ᠂ ᠴᠢᠨᠠᠷᠵᠢᠭ᠍ᠰᠠᠨ ᠬᠡᠷᠡᠭ᠌ᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠨ᠎ᠠ᠃

  ( ᠬᠣᠶᠠᠷ ) ᠳᠡᠮᠵᠢᠬᠦ᠌ ᠬᠦᠷᠢᠶ᠎ᠡ ᠬᠡᠪᠴᠢᠶ᠎ᠡ᠃ ᠲᠣᠷᠱᠢᠯᠲᠠ᠎ᠶ᠋ᠢᠨ ᠴᠡᠭ ᠬᠤᠲᠠ᠎ᠶ᠋ᠢᠨ ᠭᠤᠶᠤᠴᠢᠯᠠᠨ ᠮᠡᠳᠡᠭᠦᠯᠬᠦ᠌ ᠬᠦᠷᠢᠶ᠎ᠡ ᠬᠡᠪᠴᠢᠶ᠎ᠡ᠎ᠨᠢ ᠲᠤᠰᠭᠠᠢ ᠣᠷᠣᠨ᠎ᠤ ᠬᠤᠲᠠ᠎ᠶ᠋ᠢᠨ ᠳᠡᠰ ᠵᠢᠴᠢ ᠲᠡᠭᠦᠨ᠎ᠠᠴᠠ ᠳᠡᠭᠡᠭ᠌ᠰᠢᠬᠢ ᠬᠤᠲᠠ ( ᠱᠢᠭᠤᠳ ᠬᠠᠷᠢᠶ᠎ᠠ ᠬᠤᠲᠠ᠂ ᠲᠤᠰᠠᠭᠠᠷ ᠲᠥᠯᠥᠪᠯᠡᠭᠡᠲᠦ ᠬᠤᠲᠠ᠂ ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠲᠥᠪ ᠪᠣᠶᠣ ᠲᠥᠪ ᠬᠤᠲᠠ᠂ ᠲᠤᠰᠭᠠᠢ ᠣᠷᠣᠨ᠎ᠤ ᠱᠠᠲᠤᠨ᠎ᠤ ᠬᠤᠲᠠ᠂ ᠵᠸᠤ᠂ ᠠᠢᠮᠠᠭ᠎ᠢ ᠪᠠᠭ᠍ᠲᠠᠭᠠᠨ᠎ᠠ )᠃ 15 ᠣᠷᠴᠢᠮ ᠲᠤᠷᠱᠢᠯᠲᠠ᠎ᠶ᠋ᠢᠨ ᠴᠡᠭ ᠬᠣᠲᠠ᠎ᠶ᠋ᠢ ᠳᠡᠮᠵᠢᠵᠦ᠍᠂ ᠨᠥᠬᠥᠴᠡᠯ᠎ᠳᠦ ᠨᠡᠢᠴᠡᠬᠦ᠌ ᠣᠯᠠᠨ ᠤᠯᠤᠰ᠎ᠤᠨ ᠬᠡᠷᠡᠭ᠌ᠯᠡᠭᠡ᠎ᠶ᠋ᠢᠨ ᠲᠥᠪ ᠬᠣᠲᠠ ᠪᠠ ᠪᠤᠰᠤᠳ ᠬᠡᠷᠡᠭ᠌ᠯᠡᠭᠡ᠎ᠶ᠋ᠢᠨ ᠳᠠᠢᠴᠢᠯᠠᠬᠤ ᠦᠢᠯᠡᠳᠦᠯ᠎ᠢᠶᠡᠷ ᠴᠢᠩᠭ᠎ᠠ᠂ ᠬᠥᠭ᠌ᠵᠢᠯᠲᠡ᠎ᠶ᠋ᠢᠨ ᠳᠠᠯᠳᠠ ᠬᠦᠴᠦᠨ᠎ᠢᠶᠡᠷ ᠶᠡᠬᠡ᠂ ᠬᠢᠯᠢ᠎ᠶ᠋ᠢᠨ ᠭᠠᠳᠠᠨᠠᠬᠢ ᠵᠢᠭᠤᠯᠴᠢᠯᠠᠭ᠍ᠴᠢᠳ ᠨᠡᠯᠢᠶᠡᠳ ᠣᠯᠠᠨ ᠪᠠᠢᠭ᠎ᠠ ᠬᠣᠲᠠ ᠪᠠᠭ᠍ᠲᠠᠨ᠎ᠠ᠃ ᠲᠥ᠋ᠷᠥ᠍ ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃

  ᠬᠤᠶᠠᠷ᠂ ᠳᠡᠮᠵᠢᠬᠦ᠌ ᠴᠢᠭ᠌ᠯᠡᠯ

  ( ᠨᠢᠭᠡ ) ᠴᠢᠨᠠᠷ ᠰᠠᠢᠲᠠᠢ ᠬᠡᠷᠡᠭ᠌ᠯᠡᠭᠡ᠎ᠶ᠋ᠢᠨ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠎ᠠ᠃ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠤ ᠪᠦᠲᠦᠭᠡᠨ ᠪᠠᠢᠭᠤᠯᠤᠯᠲᠠ᠎ᠶ᠋ᠢᠨ ᠲᠣᠭᠤᠷᠢᠨ᠎ᠳᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ ( IP )᠂ ᠲᠤᠭ᠎ᠠ᠂ ᠨᠣᠭᠣᠭᠠᠨ᠂ ᠣᠶᠤᠨᠴᠢ᠂ ᠰᠣᠶᠣᠯ ᠵᠢᠭᠤᠯᠴᠢᠯᠠᠯ᠂ ᠪᠡᠶ᠎ᠡ᠎ᠶ᠋ᠢᠨ ᠲᠠᠮᠢᠷ᠂ ᠤᠯᠤᠰ᠎ᠤᠨ ᠤᠷᠤᠰᠭᠠᠯ ᠵᠡᠷᠭᠡ ᠭᠤᠣᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠣᠯᠳᠠᠯᠭ᠎ᠠ᠎ᠲᠠᠢ ᠬᠤᠳᠠᠯᠳᠤᠭᠠᠨ᠎ᠤ ᠲᠣᠭᠤᠷᠢᠭ᠎ᠢ ᠥᠭᠡᠷᠡᠴᠢᠯᠡᠨ ᠳᠡᠭᠡᠭ᠌ᠰᠢᠯᠡᠭᠦᠯᠬᠦ᠌᠎ᠶ᠋ᠢ ᠳᠡᠮᠵᠢᠵᠦ᠍᠂ ᠣᠯᠠᠨ ᠤᠯᠤᠰ᠎ᠲᠠᠬᠢ ᠠᠯᠳᠠᠷᠱᠢᠯ ᠪᠠ ᠨᠥᠯᠥᠭᠡᠯᠡᠬᠦ᠌ ᠬᠦᠴᠦᠨ᠎ᠲᠠᠢ ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ᠎ᠶ᠋ᠢᠨ ᠲᠠᠮᠢᠷ ᠡᠷᠡᠭᠦᠯ ᠮᠡᠨᠳᠦ᠍᠎ᠶ᠋ᠢᠨ ᠣᠯᠠᠨ ᠡᠱᠢᠲᠦ ᠠᠭᠤᠰᠤᠯᠴᠠᠯ᠎ᠤᠨ ᠬᠡᠷᠡᠭ᠌ᠯᠡᠭᠡ᠎ᠶ᠋ᠢᠨ ᠪᠠᠢᠳᠠᠯ᠎ᠢ ᠱᠢᠨ᠎ᠡ᠎ᠪᠠᠷ ᠡᠭᠦᠳᠴᠦ᠍᠂ ᠣᠯᠠᠨ ᠤᠯᠤᠰ᠎ᠤᠨ ᠬᠡᠷᠡᠭ᠌ᠯᠡᠭᠡ᠎ᠶ᠋ᠢᠨ ᠪᠥᠭᠡᠮᠨᠡᠷᠡᠯ ᠲᠣᠭᠤᠷᠢᠭ᠂ ᠬᠢᠯᠢ᠎ᠳᠤ ᠣᠷᠣᠵᠤ ᠢᠷᠡᠭ᠌ᠰᠡᠨ ᠬᠡᠷᠡᠭ᠌ᠯᠡᠭᠡ᠎ᠶ᠋ᠢᠨ ᠨᠥᠬᠦᠷᠰᠡᠭ ᠬᠡᠯᠪᠡᠷᠢ᠎ᠶ᠋ᠢᠨ ᠬᠤᠳᠠᠯᠳᠤᠭᠠᠨ᠎ᠤ ᠲᠣᠭᠤᠷᠢᠭ ᠵᠢᠴᠢ ᠭᠠᠵᠠᠷ ᠱᠢᠷᠣᠢ᠎ᠶ᠋ᠢᠨ ᠬᠡᠷᠡᠭ᠌ᠯᠡᠭᠡ᠎ᠶ᠋ᠢᠨ ᠲᠥᠷᠥᠯ ᠵᠦᠢᠯ᠎ᠢ ᠪᠠᠢᠭᠤᠯᠤᠨ᠎ᠠ᠃ ᠨᠢᠭᠡ ᠪᠦᠯᠦᠭ ᠴᠠᠭ᠎ᠤᠨ ᠤᠷᠤᠰᠭᠠᠯ᠎ᠢ ᠳᠠᠭᠠᠭᠤᠯᠬᠤ ᠪᠠ ᠳᠡᠯᠡᠬᠡᠶ ᠳ᠋ᠠᠬᠢᠨ᠎ᠳᠤ ᠨᠥᠯᠥᠭᠡᠯᠡᠬᠦ᠌ ᠬᠦᠴᠦᠨ᠎ᠢᠶᠠᠷ ᠪᠠᠶᠠᠯᠢᠭ ᠲᠣᠰ ᠭᠠᠵᠠᠷ ᠣᠷᠣᠨ᠎ᠤ ᠨᠠᠷᠠᠲᠤ ᠲᠡᠮᠳᠡᠭ᠌ᠲᠦ᠍᠎ᠶ᠋ᠢ ᠳᠡᠮᠵᠢᠨ ᠪᠤᠢᠵᠢᠭᠤᠯᠤᠨ᠎ᠠ᠃ ᠬᠢᠯᠢ᠎ᠠᠴᠠ ᠭᠠᠷᠴᠤ᠌ ᠭᠠᠢᠯᠢ ᠪᠤᠴᠠᠭᠠᠬᠤ᠎ᠶ᠋ᠢ ᠶᠡᠬᠡ ᠪᠡᠷ ᠬᠥᠭ᠌ᠵᠢᠭᠦᠯᠵᠦ᠍᠂ ᠭᠠᠢᠯᠢ ᠪᠤᠴᠠᠭᠠᠬᠤ ᠳᠡᠯᠭᠡᠭᠦᠷ᠎ᠢ ᠨᠡᠮᠡᠭ᠌ᠳᠡᠭᠦᠯᠬᠦ᠂ ᠭᠠᠢᠯᠢ ᠪᠤᠴᠠᠭᠠᠬᠤ ᠲᠠᠸᠠᠷ᠎ᠢ ᠪᠠᠶᠠᠯᠢᠭ᠍ᠵᠢᠭᠤᠯᠬᠤ᠂ ᠭᠠᠢᠯᠢ ᠪᠤᠴᠠᠭᠠᠬᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠵᠡᠷᠭᠡ᠎ᠶ᠋ᠢ ᠳᠡᠮᠵᠢᠨ᠎ᠡ᠃

  ( ᠬᠤᠶᠠᠷ ) ᠭᠠᠳᠠᠭᠠᠳᠤ᠎ᠲᠠᠢ ᠬᠣᠯᠪᠣᠭ᠍ᠳᠠᠬᠤ ᠲᠣᠭᠠᠴᠠᠭ᠎ᠠ ᠬᠢᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠎ᠡ᠃ ᠣᠯᠠᠨ ᠳᠡᠰ ᠳᠠᠪᠬᠤᠷᠭ᠎ᠠ᠂ ᠣᠯᠠᠨ ᠡᠱᠢᠵᠢᠭ᠌ᠰᠡᠨ ᠵᠠᠷᠤᠳᠠᠯ ᠥᠭ᠌ᠬᠦ ᠦᠢᠯᠡᠴᠢᠯᠡᠭᠡᠨ᠎ᠦ ᠲᠣᠭ᠍ᠲᠠᠯᠴᠠᠭ᠎ᠠ᠎ᠶ᠋ᠢ ᠲᠡᠭᠦᠯᠳᠡᠷᠵᠢᠭᠦᠯᠦᠨ᠎ᠡ᠃ ᠬᠢᠯᠢ᠎ᠶ᠋ᠢᠨ ᠭᠠᠳᠠᠨᠠᠬᠢ ᠪᠠᠩᠬᠢ᠎ᠶ᠋ᠢᠨ ᠺᠠᠷᠲ᠎ᠤᠨ ᠬᠡᠷᠡᠭ᠌ᠯᠡᠬᠦ᠌ ᠣᠷᠴᠢᠨ ᠲᠣᠭᠣᠷᠢᠨ᠎ᠢ ᠱᠢᠯᠢᠳᠡᠭ᠌ᠵᠢᠭᠦᠯᠵᠦ᠍᠂ ᠬᠤᠳᠠᠯᠳᠤᠭᠠᠨ᠎ᠤ ᠲᠣᠭᠣᠷᠢᠭ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠲᠣᠭᠣᠷᠢᠭ᠂ ᠪᠠᠭᠤᠳᠠᠯ᠂ ᠬᠣᠭᠣᠯᠠᠨ ᠲᠢᠩᠬᠢᠮ᠂ ᠨᠢᠰᠭᠡᠯ᠎ᠦᠨ ᠪᠠᠭᠤᠳᠠᠯ᠂ ᠲᠡᠷᠭᠡᠨ ᠥᠷᠲᠡᠭᠡ ᠵᠡᠷᠭᠡ ᠭᠠᠳᠠᠭᠠᠳᠤ᠎ᠳᠤ ᠬᠣᠯᠪᠣᠭ᠍ᠳᠠᠬᠤ ᠬᠥᠮᠦᠰ᠎ᠦᠨ ᠭᠣᠤᠯᠳᠠᠯᠭ᠎ᠠ᠎ᠲᠠᠶ ᠲᠠᠯᠠᠪᠤᠷ ᠭᠠᠵᠠᠷ᠎ᠤᠨ ᠭᠠᠳᠠᠨᠠᠬᠢ ᠺᠠᠷᠲ POS ᠮᠠᠱᠢᠨ᠎ᠤ ᠪᠦᠷᠬᠦᠭᠦᠯᠬᠦ᠌ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠬᠤᠳᠠᠯᠳᠤᠭᠠᠴᠢᠨ ᠡᠷᠦᠬᠡ᠎ᠶ᠋ᠢᠨ ᠭᠠᠳᠠᠨᠠᠬᠢ ᠺᠠᠷᠲ POS ᠮᠠᠱᠢᠨ ᠲᠥᠬᠥᠭᠡᠷᠦᠮᠵᠢ ᠤᠭ᠍ᠰᠠᠷᠠᠬᠤ ᠪᠤᠶᠤ ᠳᠡᠰ ᠳᠡᠪᠱᠢᠭᠦᠯᠬᠦ᠌᠎ᠶ᠋ᠢ ᠳᠡᠮᠵᠢᠬᠦ᠌ ᠬᠡᠷᠡᠭ᠌ᠲᠡᠢ᠃ ᠪᠡᠯᠡᠨ ᠵᠤᠭᠤᠰ᠎ᠤᠨ ᠭᠡᠷᠡᠭ᠌ᠯᠡᠯᠳᠡ᠎ᠶ᠋ᠢᠨ ᠣᠷᠴᠢᠨ ᠲᠤᠭᠤᠷᠢᠨ᠎ᠢ ᠱᠢᠯᠢᠳᠡᠭ᠌ᠵᠢᠬᠦᠯᠵᠦ᠍᠂ ᠭᠠᠳᠠᠭᠠᠳᠣ᠎ᠳᠤ ᠬᠤᠯᠪᠤᠠᠠᠳᠠᠬᠤ ᠬᠦᠮᠦᠰ᠎ᠤᠨ ᠭᠤᠤᠯᠳᠡᠯᠭ᠎ᠠ᠎ᠲᠠᠢ ᠳᠡᠯᠡᠪᠤᠷ ᠭᠠᠵᠡᠷ᠎ᠲᠤ ᠭᠠᠳᠠᠭᠠᠳᠣ᠎ᠶ᠋ᠢᠨ ᠵᠤᠭᠤᠰ ᠰᠣᠯᠢᠬᠤ ᠴᠡᠭ᠂ ᠭᠠᠳᠠᠭᠠᠳᠣ᠎ᠶ᠋ᠢᠨ ᠵᠤᠭᠤᠰ ᠰᠣᠯᠢᠬᠤ ᠮᠠᠱᠢᠨ ᠵᠡᠷᠭᠡ ᠲᠥᠬᠥᠭᠡᠷᠦᠮᠵᠢ ᠵᠢᠴᠢ ᠣᠯᠡᠨ ᠵᠤᠭᠤᠰ᠎ᠤᠨ ᠵᠤᠭᠤᠰ ᠰᠣᠯᠢᠬᠤ ᠦᠢᠯᠡᠴᠢᠯᠡᠭᠡ ᠨᠡᠮᠡᠬᠦ᠌᠎ᠶ᠋ᠢ ᠳᠡᠮᠵᠢᠨ᠎ᠠ᠃ ᠬᠤᠳᠠᠯᠳᠤᠭᠠᠨ᠎ᠤ ᠡᠷᠦᠬᠡ᠎ᠶ᠋ᠢᠨ ᠪᠡᠯᠡᠨ ᠵᠣᠭᠤᠰ᠎ᠤᠨ ᠪᠡᠯᠡᠳᠭᠡᠯ ᠠᠵᠢᠯ᠎ᠢ ᠠᠬᠢᠭᠤᠯᠵᠤ᠂ ᠵᠢᠵᠢᠭ᠌ᠯᠡᠨ ᠬᠤᠳᠠᠯᠳᠤᠬᠤ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ ᠵᠡᠷᠭᠡ ᠲᠠᠯᠠᠪᠤᠷ ᠭᠠᠵᠠᠷ᠎ᠢ ᠪᠦᠬᠦᠨ᠎ᠢ ᠪᠦᠷᠬᠦᠭᠦᠯᠬᠦ᠌᠎ᠶ᠋ᠢ ᠰᠠᠢᠲᠤᠷ ᠬᠢᠨ᠎ᠠ᠃

  ( ᠭᠤᠷᠪᠠ ) ᠤᠯᠠᠨ ᠤᠯᠤᠰᠴᠢᠯᠠᠭ᠍ᠰᠠᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠭᠣᠤᠯᠳᠠᠯᠭ᠎ᠠ᠎ᠲᠠᠶ ᠬᠤᠳᠠᠯᠳᠤᠭᠠᠨ᠎ᠤ ᠬᠦᠷᠢᠶ᠎ᠡ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠪᠠᠭᠤᠳᠠᠯ᠂ ᠨᠢᠰᠭᠡᠯ᠎ᠦᠨ ᠪᠠᠭᠤᠳᠠᠯ᠂ ᠭᠠᠯᠲᠤ ᠲᠡᠷᠭᠡᠨ᠎ᠤ ᠥᠷᠲᠡᠭᠡ᠂ ᠭᠠᠵᠠᠷ ᠳᠣᠤᠷᠠᠬᠢ ᠲᠡᠮᠦᠷ ᠵᠠᠮ᠎ᠤᠨ ᠥᠷᠲᠡᠭᠡ᠂ ᠪᠡᠶ᠎ᠡ᠎ᠶ᠋ᠢᠨ ᠲᠠᠮᠢᠷ᠎ᠤᠨ ᠣᠷᠳᠣᠨ ᠲᠠᠯᠠᠪᠠᠶ ᠵᠡᠷᠭᠡ ᠭᠣᠤᠯᠳᠠᠯᠭ᠎ᠠ᠎ᠲᠠᠶ ᠲᠠᠯᠠᠪᠤᠷ ᠭᠠᠵᠠᠷ᠎ᠤᠨ ᠣᠯᠠᠨ ᠬᠡᠯᠡᠨ᠎ᠦ ᠲᠡᠮᠳᠡᠭ᠎ᠢ ᠲᠡᠭᠦᠯᠳᠡᠷᠵᠢᠭᠦᠯᠬᠦ᠌᠎ᠶ᠋ᠢ ᠳᠡᠮᠵᠢᠵᠦ᠍᠂ ᠪᠣᠭ᠍ᠴᠤ ᠪᠠᠭ᠍ᠯᠠᠭ᠎ᠠ ᠬᠠᠳᠠᠭᠠᠯᠠᠭᠤᠯᠬᠤ᠂ ᠬᠢᠯᠢ᠎ᠶ᠋ᠢᠨ ᠭᠠᠳᠠᠨᠠᠬᠢ ᠵᠢᠭᠤᠯᠴᠢᠯᠠᠭ᠍ᠴᠢᠳ᠎ᠢ ᠬᠥᠲᠥᠯᠥᠨ ᠵᠢᠯᠣᠭᠣᠳᠭᠤ ᠦᠢᠯᠡᠴᠢᠯᠡᠭᠡᠨ᠎ᠦ ᠲᠠᠪᠴᠠᠩ ᠵᠡᠷᠭᠡ ᠳᠥᠭᠥᠮ ᠦᠢᠯᠡᠴᠢᠯᠡᠭᠡᠨ᠎ᠦ ᠲᠥᠬᠥᠭᠡᠷᠦᠮᠵᠢ᠎ᠶ᠋ᠢ ᠨᠡᠮᠡᠨ ᠪᠠᠢᠭᠤᠯᠵᠤ᠂ ᠣᠯᠠᠨ ᠬᠡᠯᠡᠨ᠎ᠦ ᠣᠷᠴᠢᠭᠤᠯᠭ᠎ᠠ᠎ᠶ᠋ᠢᠨ ᠪᠠᠭᠠᠵᠢ ᠬᠡᠷᠡᠭ᠌ᠰᠡᠯ᠎ᠢ ᠲᠠᠯᠪᠢᠬᠤ ᠬᠡᠷᠡᠭ᠌ᠲᠡᠢ᠃ ᠬᠢᠯᠢ᠎ᠪᠠᠷ ᠣᠷᠣᠵᠤ ᠢᠷᠡᠬᠦ᠌ ᠵᠢᠭᠤᠯᠴᠢᠯᠠᠯ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠵᠢᠭ᠌ᠯᠡᠨ ᠬᠤᠳᠠᠯᠳᠤᠬᠤ ᠵᠡᠷᠭᠡ ᠭᠤᠤᠯᠳᠠᠯᠭ᠎ᠠ᠎ᠲᠠᠢ ᠬᠤᠳᠠᠯᠳᠤᠭᠠᠴᠢᠨ ᠡᠷᠦᠬᠡ᠎ᠶ᠋ᠢᠨ ᠣᠯᠠᠨ ᠬᠡᠯᠡᠨ᠎ᠤ ᠦᠢᠯᠡᠳᠬᠦᠨ ᠵᠢᠴᠢ ᠦᠢᠯᠡᠴᠢᠯᠡᠭᠡᠨ᠎ᠤ ᠨᠠᠷᠢᠨ ᠬᠠᠭᠤᠳᠠᠰᠤ ᠬᠠᠩᠭᠠᠬᠤ᠎ᠶ᠋ᠢ ᠳᠡᠮᠵᠢᠨ᠎ᠡ᠃ ᠶᠡᠭᠡ ᠳᠡᠭᠡᠳᠦ ᠰᠤᠷᠭᠠᠭᠤᠯᠢ᠂ ᠪᠣᠯᠪᠠᠰᠤᠷᠠᠯ᠎ᠤᠨ ᠪᠠᠢᠭᠤᠯᠤᠮᠵᠢ᠎ᠲᠠᠢ ᠬᠤᠯᠪᠣᠭᠠᠯᠠᠨ ᠵᠢᠵᠢᠭ ᠬᠡᠯᠡᠨ᠎ᠤ ᠲᠥᠷᠥᠯ᠎ᠤᠨ ᠰᠠᠢᠨ ᠳᠤᠷᠠᠴᠤᠳ᠎ᠤᠨ ᠦᠢᠯᠡᠴᠢᠯᠡᠭᠡ᠎ᠶ᠋ᠢ ᠨᠡᠮᠡᠭ᠌ᠳᠡᠭᠦᠯᠵᠦ᠍᠂ ᠭᠤᠤᠯᠳᠠᠯᠭ᠎ᠠ᠎ᠲᠠᠢ ᠲᠠᠯᠠᠪᠤᠷ ᠭᠠᠵᠠᠷ᠎ᠤᠨ ᠠᠵᠢᠯᠲᠠᠳ᠎ᠢ ᠵᠣᠬᠢᠶᠠᠨ ᠪᠠᠢᠭᠤᠯᠤᠨ ᠭᠠᠳᠠᠭᠠᠳᠤ ᠬᠡᠯᠡᠨ᠎ᠤ ᠵᠣᠴᠢᠯᠠᠭ᠎ᠠ᠂ ᠲᠣᠭᠠᠴᠠᠭ᠎ᠠ ᠬᠢᠬᠦ᠌ ᠵᠢᠯᠣᠭᠤᠳᠣᠯᠭ᠎ᠠ᠂ ᠵᠢᠭᠤᠯᠴᠢᠯᠠᠯ᠎ᠤᠨ ᠵᠥᠪᠳᠡᠨ ᠯᠠᠪᠯᠠᠬᠤ᠂ ᠪᠠᠷᠠᠭ᠎ᠠ ᠬᠤᠳᠠᠯᠳᠤᠨ ᠠᠪᠬᠤ᠎ᠶ᠋ᠢ ᠵᠢᠯᠣᠭᠤᠳᠭᠤ ᠵᠡᠷᠭᠡ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠥᠷᠨᠢᠭᠦᠯᠦᠨ᠎ᠡ᠃

  ᠭᠤᠷᠪᠠ᠂ ᠠᠵᠢᠯ᠎ᠤᠨ ᠳᠡᠰ ᠳᠠᠷᠠᠭᠠᠯᠠᠯ

  ( ᠨᠢᠭᠡ ) ᠣᠷᠣᠨ ᠨᠤᠲᠤᠭ ᠵᠣᠬᠢᠶᠠᠨ ᠪᠠᠢᠭᠤᠯᠤᠨ ᠮᠡᠳᠡᠭᠦᠯᠦᠨ᠎ᠡ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠤᠨ ᠵᠠᠰᠠᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠠᠷᠢᠨ ᠬᠢᠨᠠᠮᠠᠭᠠᠶ ᠪᠠᠢᠳᠠᠯ᠎ᠢ ᠣᠢᠯᠠᠭᠠᠵᠤ᠂ ᠱᠢᠯᠢᠳᠡᠭ᠎ᠢ᠎ᠨᠢ ᠰᠣᠩᠭᠤᠵᠤ ᠬᠤᠲᠠ᠎ᠶ᠋ᠢ ᠲᠠᠨᠢᠯᠴᠠᠭᠤᠯᠬᠤ ᠭᠤᠶᠤᠴᠢᠯᠠᠨ ᠮᠡᠳᠡᠭᠦᠯᠬᠦ᠌᠎ᠳᠤ ᠣᠷᠣᠯᠴᠠᠭᠤᠯᠬᠤ᠎ᠶ᠋ᠢᠨ ᠬᠠᠮᠲᠤ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ᠎ᠶ᠋ᠢ ᠵᠢᠯᠣᠭᠤᠳᠭᠤ ᠬᠡᠷᠡᠭ᠌ᠲᠡᠶ᠃ ᠡᠯ᠎ᠡ ᠮᠤᠵᠢ ( ᠥᠪᠡᠷᠲᠡᠭᠡᠨ ᠵᠠᠰᠠᠬᠤ ᠣᠷᠣᠨ )᠎ᠨᠢ 1 ᠬᠤᠲᠠ᠎ᠶ᠋ᠢ ᠲᠠᠨᠢᠯᠴᠠᠭᠤᠯᠵᠤ ᠲᠤᠷᠱᠢᠯᠲᠠ᠎ᠶ᠋ᠢᠨ ᠴᠡᠭ᠎ᠲᠤ ᠭᠤᠶᠤᠴᠢᠯᠠᠨ ᠮᠡᠳᠡᠭᠦᠯᠵᠦ᠍ ᠪᠣᠯᠤᠨ᠎ᠠ᠃ ᠱᠢᠭᠤᠳ ᠬᠠᠷᠢᠶ᠎ᠠ ᠬᠤᠲᠠ ᠲᠤᠰᠠᠭᠠᠷ ᠭᠤᠶᠤᠴᠢᠯᠠᠨ ᠮᠡᠳᠡᠭᠦᠯᠵᠦ᠍᠂ ᠲᠥᠯᠥᠪᠯᠡᠭᠡ᠎ᠲᠠᠢ᠎ᠪᠠᠷ ᠬᠤᠲᠠ ᠪᠠ ᠣᠯᠠᠨ ᠤᠯᠤᠰ᠎ᠤᠨ ᠬᠡᠷᠡᠭ᠌ᠯᠡᠭᠡ᠎ᠶ᠋ᠢᠨ ᠲᠥᠪ ᠬᠤᠲᠠ ( ᠪᠠᠢᠭ᠎ᠠ ᠮᠤᠵᠢ᠎ᠶ᠋ᠢᠨ ᠣᠷᠣᠨ ᠲᠤᠭ᠎ᠠ᠎ᠶ᠋ᠢ ᠡᠵᠡᠯᠡᠬᠦ᠌ ᠥᠬᠡᠶ )᠎ᠶ᠋ᠢ ᠲᠤᠰᠠᠭᠠᠷ ᠭᠤᠶᠤᠴᠢᠯᠠᠨ ᠮᠡᠳᠡᠭᠦᠯᠦᠨ᠎ᠡ᠃ ᠭᠤᠶᠤᠴᠢᠯᠠᠨ ᠮᠡᠳᠡᠭᠦᠯᠬᠦ᠌ ᠬᠤᠲᠠ᠎ᠨᠢ ᠥᠪᠡᠷ᠎ᠤᠨ ᠪᠣᠳᠠᠲᠤ ᠪᠠᠢᠳᠠᠯ᠎ᠳᠦ᠎ᠪᠡᠨ ᠰᠠᠭᠤᠷᠢᠯᠠᠨ᠂ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ ᠬᠡᠷᠡᠭ᠌ᠲᠡᠶ᠃ ᠬᠡᠷᠡᠭ᠌ᠵᠢᠭᠦᠯᠬᠦ᠌ ᠲᠥᠰᠦᠯ᠎ᠨᠢ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠤ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠣᠭᠤᠷᠢᠨ᠎ᠳᠤ᠂ ᠬᠠᠮᠢᠶ᠎ᠠ ᠪᠥᠬᠦᠶ ᠠᠵᠢᠯ᠎ᠤᠨ ᠰᠠᠭᠤᠷᠢ᠎ᠶ᠋ᠢ ᠱᠢᠰᠲ᠋ᠧᠮ᠎ᠲᠠᠢ ᠡᠮᠬᠢᠯᠡᠵᠦ᠍᠂ ᠴᠢᠨᠠᠷ ᠰᠠᠢᠲᠠᠶ ᠬᠡᠷᠡᠭ᠌ᠯᠡᠭᠡ᠎ᠶ᠋ᠢᠨ ᠬᠠᠩᠭᠠᠯᠭ᠎ᠠ᠂ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠦᠢᠯᠡᠴᠢᠯᠡᠭᠡ ᠬᠠᠩᠭᠠᠬᠤ ᠵᠡᠷᠭᠡ ᠲᠠᠯ᠎ᠠ᠎ᠶ᠋ᠢᠨ ᠠᠰᠠᠭᠤᠳᠠᠯ᠎ᠤᠨ ᠳᠤᠲᠠᠭᠤᠳᠠᠯ᠎ᠢ ᠪᠥᠬᠦ᠌ ᠲᠠᠯ᠎ᠠ᠎ᠪᠠᠷ ᠵᠠᠳᠠᠯᠵᠤ᠂ ᠭᠤᠤᠯᠳᠠᠯᠭ᠎ᠠ᠎ᠲᠠᠢ ᠡᠭᠦᠷᠭᠡ᠂ ᠪᠣᠳᠠᠲᠠᠶ ᠲᠥᠷᠥᠯ ᠵᠦᠢᠯ᠎ᠤᠨ ᠨᠠᠷᠢᠨ ᠬᠠᠭᠤᠳᠠᠰᠤ ᠪᠠ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠣᠳᠣᠷᠬᠠᠢᠯᠠᠬᠤ ᠬᠡᠷᠡᠭ᠌ᠲᠡᠶ᠃

  ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠤᠨ ᠵᠠᠰᠠᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ 2025 ᠣᠨ᠎ᠤ 10 ᠳ᠋ᠤᠭᠠᠷ ᠰᠠᠷ᠎ᠠ᠎ᠶ᠋ᠢᠨ 24 ᠎ᠤ ᠡᠳᠦᠷ᠎ᠠᠴᠠ ᠡᠮᠦᠨ᠎ᠡ ᠠᠯᠪᠠᠨ ᠲᠠᠮᠠᠭ᠎ᠠ ᠳᠠᠷᠤᠬᠤ ᠲᠤᠷᠱᠢᠯᠲᠠ᠎ᠶ᠋ᠢᠨ ᠴᠡᠭ ᠬᠤᠲᠠ᠎ᠶ᠋ᠢᠨ ᠬᠡᠷᠡᠭ᠌ᠵᠢᠭᠦᠯᠬᠦ᠌ ᠲᠥᠰᠦᠯ᠎ᠤᠨ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ ( PDF ᠬᠡᠯᠪᠡᠷᠢ᠂ ᠭᠡᠷᠡᠯ ᠳ᠋ᠢᠰᠺ᠎ᠢᠶᠠᠷ ᠰᠡᠢᠯᠬᠦ᠌ )᠎ᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠳᠤ ᠮᠡᠳᠡᠭᠦᠯᠵᠦ᠍᠂ ᠬᠤᠭᠤᠴᠠᠭ᠎ᠠ ᠬᠡᠲᠦᠷᠡᠭ᠌ᠰᠡᠨ ᠪᠤᠶᠤ ᠲᠠᠰ ᠳᠠᠷᠠᠭᠠᠯᠠᠯ᠎ᠤᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠭ᠌ᠰᠡᠨ ᠦᠭᠡᠢ ᠪᠣᠯ ᠲᠡᠭᠦᠨ᠎ᠢ ᠲᠠᠶᠠᠭ᠍ᠳᠠᠭ᠍ᠰᠠᠨ᠎ᠢᠶᠠᠷ ᠦᠵᠡᠨ᠎ᠡ᠃ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠨᠢ ᠲᠣᠪᠴᠢ ᠠᠪᠰᠠᠷᠬᠠᠨ᠂ ᠯᠣᠭᠢᠭ᠎ᠨᠢ ᠲᠣᠳᠣᠷᠬᠠᠶ᠂ ᠳ᠋ᠠᠢᠲ᠋ᠠ᠎ᠨᠢ ᠨᠠᠷᠢᠨ ᠪᠣᠳᠠᠲᠠᠶ᠂ ᠲᠤᠯᠭᠠᠭᠤᠷᠢᠯᠠᠯ᠎ᠨᠢ ᠬᠦᠴᠦᠲᠡᠶ᠂ ᠬᠡᠭᠡᠨᠴᠢᠷ ᠮᠠᠲᠸᠷᠢᠶᠠᠯ ᠳᠠᠷᠤᠮᠠᠯᠯᠠᠨ ᠵᠣᠬᠢᠶᠠᠵᠤ ᠪᠣᠯᠬᠤ ᠦᠭᠡᠢ᠃ ᠡᠯ᠎ᠡ ᠭᠠᠵᠠᠷ᠎ᠤᠨ ᠬᠢᠨ ᠨᠢ ᠡᠳ᠋᠎ᠦᠨ ᠵᠠᠰᠠᠭ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠢᠴᠢ ᠬᠠᠷᠢᠶ᠎ᠠ ᠵᠠᠰᠠᠭ ᠵᠠᠬᠢᠷᠭᠠᠨ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠪᠠ ᠠᠵᠢᠯᠲᠠᠨ᠎ᠳᠤ ᠨᠠᠢᠳᠠᠵᠤ ᠶᠠᠮᠠᠷᠪᠠ ᠠᠷᠭ᠎ᠠ ᠮᠠᠶᠢᠭ ( ᠨᠡᠷ᠎ᠡ ᠪᠢᠴᠢᠬᠦ᠌ ᠪᠤᠶᠤ ᠨᠡᠷ᠎ᠡ ᠪᠢᠴᠢᠬᠦ᠌ ᠦᠭᠡᠢ )᠎ᠢᠶᠠᠷ ᠲᠥᠷᠥᠯ ᠵᠦᠢᠯ᠎ᠦᠨ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ ᠵᠡᠷᠭᠡ ᠭᠤᠶᠤᠴᠢᠯᠠᠨ ᠮᠡᠳᠡᠭᠦᠯᠬᠦ᠌ ᠠᠵᠢᠯ᠎ᠳᠤ ᠣᠷᠣᠯᠴᠠᠵᠤ ᠪᠣᠯᠬᠤ ᠦᠭᠡᠢ᠃ ᠪᠠᠢᠴᠠᠭᠠᠨ ᠳᠣᠲᠣᠯᠠᠭ᠍ᠰᠠᠨ᠎ᠤ ᠳᠠᠷᠠᠭ᠎ᠠ᠂ ᠲᠥᠷᠥᠯ ᠵᠦᠢᠯ ᠮᠡᠳᠡᠭᠦᠯᠬᠦ᠌ ᠬᠢᠷᠢ ᠭᠡᠮ᠎ᠢ ᠨᠢ ᠬᠦᠴᠦᠨ ᠦᠭᠡᠶ ᠪᠣᠯᠭᠠᠨ᠎ᠠ ;ᠨᠢᠭᠡᠨᠲᠡ ᠥᠷᠢᠰᠥᠯᠳᠦᠭᠡᠨ᠎ᠦ ᠴᠢᠨᠠᠷᠲᠠᠶ ᠬᠢᠨᠠᠨ ᠲᠣᠭ᠍ᠲᠠᠭᠠᠯᠲᠠ᠎ᠪᠠᠷ ᠳᠠᠮᠵᠢᠨ ᠬᠡᠪᠴᠢᠶᠡᠨ᠎ᠳᠦ ᠤᠷᠤᠭ᠍ᠰᠠᠨ ᠪᠣᠯ ᠬᠡᠪᠴᠢᠶᠡᠨ᠎ᠳᠦ ᠣᠷᠣᠬᠤ ᠬᠢᠷᠢ ᠭᠡᠮ᠎ᠢ ᠨᠢ ᠬᠦᠴᠦᠨ ᠦᠭᠡᠶ ᠪᠣᠯᠭᠠᠨ᠎ᠠ ; ᠨᠢᠭᠡᠨᠲᠡ ᠬᠠᠮᠢᠶ᠎ᠠ ᠪᠦᠬᠦᠢ ᠪᠡᠯᠡ ᠮᠥᠩᠭᠥ᠎ᠶ᠋ᠢᠨ ᠳᠡᠮᠵᠢᠯᠭᠡ᠎ᠶ᠋ᠢ ᠣᠯᠤᠭ᠍ᠰᠠᠨ ᠪᠣᠯ ᠪᠡᠯᠡ ᠮᠥᠩᠭᠥ᠎ᠶ᠋ᠢ ᠨᠢ ᠬᠤᠷᠢᠶᠠᠨ ᠠᠪᠤᠨ᠎ᠠ᠃

  ( ᠬᠤᠶᠠᠷ ) ᠬᠢᠨᠠᠨ ᠲᠣᠭ᠍ᠲᠠᠭᠠᠬᠤ ᠲᠤᠷᠱᠢᠯᠲᠠ᠎ᠶ᠋ᠢᠨ ᠴᠡᠭ᠎ᠢ ᠲᠣᠭ᠍ᠲᠠᠭᠠᠨ᠎ᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠤᠳᠠᠯᠳᠤᠭᠠᠨ᠎ᠤ ᠡᠳ᠋᠎ᠤᠨ ᠵᠠᠰᠠᠭ᠎ᠤᠨ ᠶᠠᠮᠤᠨ ᠥᠷᠢᠰᠥᠯᠳᠦᠭᠡᠨ᠎ᠤ ᠴᠢᠨᠠᠷᠲᠠᠶ ᠬᠢᠨᠠᠨ ᠲᠣᠭ᠍ᠲᠠᠭᠠᠬᠤ᠎ᠶ᠋ᠢ ᠵᠣᠬᠢᠶᠠᠨ ᠪᠠᠢᠭᠤᠯᠵᠤ᠂ ᠪᠢᠴᠢᠭ᠎ᠤᠨ ᠬᠢᠨᠠᠨ ᠲᠣᠭ᠍ᠲᠠᠭᠠᠯᠲᠠ᠎ᠶ᠋ᠢ 40%᠂ ᠠᠬᠤᠢ ᠲᠠᠯᠠᠪᠠᠢ᠎ᠳᠤ ᠬᠠᠷᠢᠭᠤ ᠮᠠᠷᠭᠤᠬᠤ 60%᠎ᠶ᠋ᠢᠨ ᠬᠡᠮᠵᠢᠶ᠎ᠡ ᠶᠣᠰᠣᠭᠠᠷ᠂ ᠬᠤᠲᠠ ᠨᠢᠭᠡ ᠪᠦᠷᠢ᠎ᠶ᠋ᠢᠨ ᠡᠴᠦᠰ᠎ᠤᠨ ᠣᠯᠤᠭ᠍ᠰᠠᠨ ᠬᠤᠪᠢ᠎ᠶ᠋ᠢ ᠪᠤᠳᠤᠵᠤ᠂ ᠣᠯᠤᠭ᠍ᠰᠠᠨ ᠬᠤᠪᠢ᠎ᠶ᠋ᠢᠨ ᠥᠨᠳᠥᠷ ᠳᠣᠣᠷ᠎ᠠ᠎ᠶ᠋ᠢ ᠦᠨᠳᠦᠰᠦᠯᠡᠨ ᠵᠢᠭ᠍ᠰᠠᠭᠠᠯᠲᠠ᠎ᠳᠤ ᠣᠷᠣᠬᠤ ᠨᠡᠷᠡᠰ᠎ᠢ ᠲᠣᠭ᠍ᠲᠠᠭᠠᠵᠤ᠂ ᠲᠠᠰ ᠳᠠᠷᠠᠭᠠᠯᠠᠯ᠎ᠤᠨ ᠶᠣᠰᠣᠭᠠᠷ ᠢᠯᠡ ᠨᠡᠢᠲᠡᠯᠡᠭ᠌ᠰᠡᠨ᠎ᠤ ᠳᠠᠷᠠᠭ᠎ᠠ᠂ ᠲᠤᠷᠱᠢᠯᠲᠠ᠎ᠶ᠋ᠢᠨ ᠴᠡᠭ ᠬᠤᠲᠠ᠎ᠶ᠋ᠢ ᠲᠣᠭ᠍ᠲᠠᠭᠠᠨ᠎ᠠ᠃ ᠬᠤᠲᠠ᠎ᠶ᠋ᠢᠨ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠂ ᠬᠡᠷᠡᠭ᠌ᠯᠡᠭᠡ᠎ᠶ᠋ᠢᠨ ᠵᠠᠬ᠎ᠠ ᠳᠡᠯᠭᠡᠭᠦᠷ᠎ᠤᠨ ᠬᠥᠭ᠌ᠵᠢᠯᠲᠡ᠎ᠶ᠋ᠢᠨ ᠳᠠᠯᠳᠠ ᠬᠦᠴᠦᠨ᠂ ᠬᠡᠷᠡᠭ᠌ᠯᠡᠭᠡ᠎ᠶ᠋ᠢ ᠠᠬᠢᠭᠤᠯᠬᠤ ᠵᠢᠴᠢ ᠬᠢᠯᠢ᠎ᠪᠠᠷ ᠣᠷᠣᠵᠤ ᠢᠷᠡᠬᠦ᠌ ᠬᠡᠷᠡᠭ᠌ᠯᠡᠭᠡ᠎ᠶ᠋ᠢ ᠲᠠᠲᠠᠬᠤ ᠠᠵᠢᠯ᠎ᠤᠨ ᠰᠠᠭᠤᠷᠢ᠂ ᠲᠥᠷᠥ᠎ᠶ᠋ᠢᠨ ᠪᠣᠳᠣᠯᠭ᠎ᠠ᠎ᠶ᠋ᠢᠨ ᠣᠷᠴᠢᠨ ᠲᠣᠭᠤᠷᠢᠨ᠎ᠢ ᠶᠡᠷᠦᠩᠬᠡᠢᠯᠡᠨ ᠦᠨᠡᠯᠡᠨ ᠵᠢᠱ᠌ᠢᠬᠦ᠌᠎ᠶ᠋ᠢᠨ ᠬᠡᠷᠡᠭ᠌ᠵᠢᠭᠦᠯᠬᠦ᠌ ᠲᠥᠰᠦᠯ᠎ᠤᠨ ᠪᠣᠯᠪᠠᠰᠤᠷᠠᠩᠭᠤᠶ ᠬᠡᠮᠵᠢᠶ᠎ᠡ᠎ᠶ᠋ᠢ ᠭᠤᠤᠯᠳᠠᠯᠭ᠎ᠠ᠎ᠲᠠᠢ ᠱᠢᠨᠵᠢᠯᠡᠨ ᠪᠠᠢᠴᠠᠭᠠᠵᠤ ᠮᠡᠳᠡᠭᠦᠯᠦᠨ᠎ᠡ᠃ ᠬᠡᠷᠡᠭ᠌ᠵᠢᠭᠦᠯᠬᠦ᠌ ᠲᠥᠰᠦᠯ᠎ᠢ ᠭᠠᠵᠠᠷ ᠣᠷᠣᠨ᠎ᠤ ᠪᠠᠢᠳᠠᠯ᠎ᠲᠠᠢ᠎ᠪᠠᠨ ᠤᠶᠠᠯᠳᠤᠭᠤᠯᠤᠨ 《ᠠᠵᠢᠯᠯᠠᠭ᠎ᠠ᠎ᠶ᠋ᠢᠨ ᠲᠥᠰᠦᠯ 》᠎ᠤᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠠᠵᠢᠯ᠎ᠤᠨ ᠰᠡᠳᠭᠢᠮᠵᠢ ᠲᠣᠳᠣᠷᠬᠠᠶ᠂ ᠬᠠᠷᠠᠯᠲᠠ᠎ᠶ᠋ᠢ ᠬᠡᠮᠵᠢᠶᠡᠵᠢᠭᠦᠯᠵᠦ᠍ ᠪᠣᠯᠬᠤ᠂ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍ ᠪᠣᠯᠬᠤ᠂ ᠲᠦᠷᠢᠮ ᠲᠣᠭ᠍ᠲᠠᠴᠠ᠎ᠶ᠋ᠢ ᠪᠦᠷᠢᠨ ᠲᠡᠭᠦᠯᠳᠡᠷ ᠪᠣᠯᠭᠠᠬᠤ ᠬᠡᠷᠡᠭ᠌ᠲᠡᠶ᠃ ᠬᠡᠷᠡᠭ᠌ᠵᠢᠭᠦᠯᠬᠦ᠌ ᠲᠥᠰᠦᠯ ᠪᠣᠯ ᠬᠤᠢᠱᠢᠳᠠ᠎ᠶ᠋ᠢᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠵᠡᠷᠭᠡ ᠠᠵᠢᠯ᠎ᠤᠨ ᠴᠢᠬᠤᠯᠠ ᠦᠨᠳᠦᠰᠦᠯᠡᠯ ᠮᠥᠨ᠂ ᠵᠠᠷᠴᠢᠮ ᠳᠡᠭᠡᠷ᠎ᠡ᠎ᠪᠠᠨ ᠲᠣᠬᠢᠷᠠᠭᠤᠯᠤᠯᠲᠠ ᠬᠢᠬᠦ᠌ ᠦᠭᠡᠢ᠃ ᠬᠡᠷᠪᠡ ᠦᠨᠡᠨ ᠬᠦ᠌ ᠲᠣᠬᠢᠷᠠᠭᠤᠯᠤᠯᠲᠠ ᠬᠢᠬᠦ᠌ ᠴᠢᠬᠤᠯᠠᠲᠠᠶ ᠪᠣᠯ᠂ ᠳᠡᠰ ᠳᠠᠷᠠᠭᠠᠯᠠᠯ ᠶᠣᠰᠣᠭᠠᠷ ᠳᠠᠬᠢᠵᠤ ᠳᠠᠩᠰᠠᠯᠠᠭᠤᠯᠬᠤ ᠬᠡᠷᠡᠭ᠌ᠲᠡᠶ᠃

  ( ᠭᠤᠷᠪᠠ ) ᠨᠥᠬᠥᠪᠥᠷᠢ ᠪᠡᠯᠡ ᠮᠥᠩᠭᠥ᠌ ᠪᠠᠭᠤᠯᠭᠠᠨ᠎ᠠ᠃ ᠲᠥᠪ᠎ᠦᠨ ᠡᠳ᠋᠎ᠦᠨ ᠵᠠᠰᠠᠭ᠎ᠠᠴᠠ ᠲᠤᠷᠱᠢᠯᠲᠠ᠎ᠶ᠋ᠢᠨ ᠴᠡᠭ ᠬᠣᠲᠠ᠎ᠳᠤ ᠪᠡᠯᠡ ᠮᠥᠩᠭᠥ᠎ᠶ᠋ᠢᠨ ᠨᠥᠬᠦᠪᠦᠷᠢ ᠣᠯᠭᠣᠨ᠎ᠠ᠃ ᠬᠡᠷᠡᠭ᠌ᠵᠢᠭᠦᠯᠬᠦ᠌ ᠬᠤᠭᠤᠴᠠᠭᠠᠨ᠎ᠳᠤ᠂ ᠣᠯᠠᠨ ᠤᠯᠤᠰ᠎ᠤᠨ ᠬᠡᠷᠡᠭ᠌ᠯᠡᠭᠡ᠎ᠶ᠋ᠢᠨ ᠲᠥᠪ ᠬᠣᠲᠠ᠎ᠶ᠋ᠢᠨ ᠬᠣᠲᠠ ᠨᠢᠭᠡ ᠪᠦᠷᠢ᠎ᠳᠦ ᠨᠡᠢᠲᠡ 2 ᠳ᠋ᠦᠩᠱᠢᠭᠤᠷ ᠲᠥᠭᠥᠷᠢᠭ᠎ᠦᠨ ᠨᠥᠬᠥᠪᠦᠷᠢ ᠣᠯᠭᠣᠵᠤ᠂ ᠪᠤᠰᠤᠳ ᠬᠣᠲᠠ᠎ᠶ᠋ᠢᠨ ᠬᠣᠲᠠ ᠨᠢᠭᠡ ᠪᠦᠷᠢ᠎ᠳᠦ ᠨᠡᠢᠲᠡ 1 ᠳ᠋ᠦᠩᠱᠢᠭᠤᠷ ᠲᠥᠭᠥᠷᠢᠭ᠎ᠦᠨ ᠨᠥᠬᠥᠪᠦᠷᠢ ᠣᠯᠭᠣᠨ᠎ᠠ᠃ ᠨᠥᠬᠥᠪᠦᠷᠢ ᠪᠡᠯᠡ ᠮᠥᠩᠭᠥ᠎ᠶ᠋ᠢ ᠬᠣᠶᠠᠷ ᠪᠦᠯᠦᠭ ᠬᠤᠪᠢᠶᠠᠨ ᠪᠠᠭᠤᠯᠭᠠᠨ᠎ᠠ᠃ ᠲᠤᠷᠱᠢᠯᠲᠠ᠎ᠶ᠋ᠢᠨ ᠴᠡᠭ᠎ᠲᠤ ᠠᠩᠬᠠᠨ᠎ᠤ ᠵᠢᠯ᠎ᠳᠤ ᠬᠡᠰᠡᠭ ᠪᠠᠯᠠ ᠮᠥᠩᠭᠦ᠎ᠶ᠋ᠢ ᠤᠷᠢᠳ᠎ᠢᠶᠡᠷ ᠪᠠᠭᠤᠯᠭᠠᠵᠤ᠂ ᠦᠯᠡᠳᠡᠭ᠌ᠰᠡᠨ ᠪᠠᠯᠠ ᠮᠥᠩᠭᠦ᠎ᠶ᠋ᠢ ᠠᠵᠢᠯ᠎ᠤᠨ ᠠᠮᠵᠢᠯᠲᠠ ᠪᠦᠲᠦᠮᠵᠢ᠎ᠶ᠋ᠢ ᠦᠨᠡᠯᠡᠭ᠌ᠰᠡᠨ ᠪᠠᠢᠳᠠᠯ᠎ᠢ ᠦᠨᠳᠦᠰᠦᠯᠡᠨ ᠪᠠᠭᠤᠯᠭᠠᠨ᠎ᠠ᠃ ᠲᠣᠷᠱᠢᠯᠳᠡ᠎ᠶ᠋ᠢᠨ ᠴᠡᠭ ᠬᠤᠳᠡ᠎ᠨᠢ ᠵᠠᠬ᠎ᠠ ᠳᠡᠯᠭᠡᠬᠦᠷᠵᠢᠬᠦᠯᠬᠦ᠌ ᠵᠠᠷᠴᠢᠮ ᠶᠣᠰᠣᠭᠠᠷ᠂ ᠨᠦᠬᠦᠴᠡᠯ᠎ᠳᠤ ᠨᠡᠢᠴᠡᠬᠦ᠌ ᠡᠵᠡᠩᠨᠡᠯᠳᠡ᠎ᠶ᠋ᠢᠨ ᠭᠤᠤᠯ ᠴᠣᠠᠠᠴᠠ᠎ᠳᠤ ᠲᠣᠠᠠᠳᠠᠭᠠᠯ ᠶᠣᠰᠣᠭᠠᠷ ᠨᠦᠬᠦᠪᠦᠷᠢ ᠦᠭ᠌ᠬᠦ᠂ ᠱᠠᠩᠨᠠᠬᠤ ᠵᠡᠷᠭᠡ ᠠᠷᠭ᠎ᠠ ᠮᠠᠶᠢᠭ᠎ᠢ ᠭᠡᠷᠡᠭ᠌ᠯᠡᠨ ᠳᠡᠮᠵᠢᠯᠭᠡ ᠣᠯᠭᠤᠨ᠎ᠠ᠃

  ( ᠳᠥᠷᠪᠡ ) ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢ ᠰᠠᠢᠲᠤᠷ ᠬᠢᠨ᠎ᠡ᠃ ᠲᠤᠷᠱᠢᠯᠲᠠ᠎ᠶ᠋ᠢᠨ ᠴᠡᠭ᠎ᠢ ᠡᠬᠢᠯᠡᠭᠦᠯᠦᠭ᠌ᠰᠡᠨ ᠳᠠᠷᠠᠭ᠎ᠠ ᠵᠢᠯ᠎ᠤᠨ ᠡᠬᠢᠨ᠎ᠳᠤ᠂ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦᠭᠦᠯᠡᠨ ᠲᠤᠷᠱᠢᠯᠲᠠ᠎ᠶ᠋ᠢᠨ ᠴᠡᠭ ᠬᠤᠲᠠ᠎ᠶ᠋ᠢ ᠵᠣᠬᠢᠶᠠᠨ ᠪᠠᠢᠭᠤᠯᠵᠤ ᠠᠮᠵᠢᠯᠲᠠ ᠪᠦᠲᠦᠮᠵᠢ᠎ᠶ᠋ᠢ᠎ᠨᠢ ᠥᠪᠡᠷ᠎ᠢᠶᠡᠨ ᠦᠨᠡᠯᠡᠬᠦ᠌ ᠠᠵᠢᠯ᠎ᠢ ᠥᠷᠨᠢᠭᠦᠯᠵᠦ᠍᠂ 3 ᠳ᠋ᠤᠭᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠥᠪᠡᠷ᠎ᠢᠶᠡᠨ ᠦᠨᠡᠯᠡᠭ᠌ᠰᠡᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ᠌ ᠬᠡᠷᠡᠭ᠌ᠲᠡᠢ ( ᠬᠤᠪᠢ ᠣᠯᠬᠤ ᠪᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠨᠠᠷᠢᠨ ᠬᠠᠭᠤᠳᠠᠰᠤ ᠪᠠᠭ᠍ᠲᠠᠨ᠎ᠠ )᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠤᠳᠠᠯᠳᠤᠭᠠᠨ᠎ᠤ ᠡᠳ᠋᠎ᠦᠨ ᠵᠠᠰᠠᠭ᠎ᠤᠨ ᠶᠠᠮᠤᠨ ᠭᠤᠷᠪᠠᠳᠤᠭᠠᠷ ᠡᠲᠡᠭᠡᠳ᠎ᠲᠤ ᠨᠠᠢᠳᠠᠵᠤ ᠠᠮᠵᠢᠯᠲᠠ ᠪᠦᠲᠦᠮᠵᠢ᠎ᠶ᠋ᠢᠨ ᠦᠨᠡᠯᠡᠯᠲᠡ ᠬᠢᠯᠭᠡᠵᠦ᠍᠂ ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢᠨ ᠦᠷ᠎ᠡ ᠳ᠋ᠦᠩ᠎ᠢ ᠬᠤᠢᠱᠢᠳᠠ᠎ᠶ᠋ᠢᠨ ᠪᠠᠯᠠ ᠮᠥᠩᠭᠦ᠎ᠶ᠋ᠢᠨ ᠲᠣᠬᠢᠷᠠᠭᠤᠯᠤᠯᠲᠠ᠎ᠲᠠᠢ ᠬᠤᠯᠪᠣᠭ᠍ᠳᠠᠭᠤᠯᠵᠤ᠂ 《ᠭᠤᠶᠤᠴᠢᠯᠠᠨ ᠮᠡᠳᠡᠭᠦᠯᠬᠦ᠎ᠶ᠋ᠢ ᠴᠢᠬᠤᠯᠠᠴᠢᠯᠠᠨ᠂ ᠨᠠᠢᠳᠠᠪᠤᠷᠢᠵᠢᠭᠤᠯᠬᠤ᠎ᠶ᠋ᠢ ᠬᠥᠩᠭᠡᠪᠴᠢᠯᠡᠬᠦ᠌ 》ᠪᠠᠢᠳᠠᠯ ᠭᠠᠷᠬᠤ᠎ᠶ᠋ᠢ ᠰᠡᠷᠭᠡᠢᠯᠡᠨ ᠬᠤᠷᠢᠭ᠍ᠯᠠᠨ᠎ᠠ᠃ ᠲᠤᠷᠱᠢᠯᠲᠠ᠎ᠶ᠋ᠢᠨ ᠴᠡᠭ᠎ᠦᠨ ᠬᠤᠭᠤᠴᠠᠭ᠎ᠠ ᠨᠢ ᠳᠦᠭᠦᠷᠦᠭ᠌ᠰᠡᠨ᠎ᠦ ᠳᠠᠷᠠᠭ᠎ᠠ᠂ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠲᠤᠷᠱᠢᠯᠲᠠ᠎ᠶ᠋ᠢᠨ ᠴᠡᠭ ᠬᠣᠲᠠ᠎ᠶ᠋ᠢ ᠵᠣᠬᠢᠶᠠᠨ ᠪᠠᠢᠭᠤᠯᠤᠨ ᠠᠮᠵᠢᠯᠲᠠ ᠪᠦᠲᠦᠮᠵᠢ᠎ᠶ᠋ᠢᠨ ᠥᠪᠡᠷ᠎ᠢᠶᠡᠨ ᠦᠨᠡᠯᠡᠬᠦ᠌᠎ᠶ᠋ᠢ ᠥᠷᠨᠢᠭᠦᠯᠵᠦ᠍᠂ ᠪᠢᠴᠢᠭ᠎ᠦᠨ ᠰᠠᠨᠠᠯ ᠭᠠᠷᠭᠠᠬᠤ᠎ᠶ᠋ᠢᠨ ᠬᠠᠮᠲᠤ᠂ ᠠᠮᠵᠢᠯᠲᠠ ᠪᠦᠲᠦᠮᠵᠢ᠎ᠶ᠋ᠢᠨ ᠥᠪᠡᠷ᠎ᠢᠶᠡᠨ ᠦᠨᠡᠯᠡᠭ᠌ᠰᠡᠨ ᠮᠡᠳᠡᠭᠦᠯᠦᠯᠲᠡ᠎ᠪᠡᠨ ᠮᠡᠳᠡᠭᠦᠯᠦᠨ ᠬᠦᠷᠭᠡᠬᠦ᠌ ᠬᠡᠷᠡᠭ᠌ᠲᠡᠶ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠪᠦᠬᠦᠯᠢ ᠴᠣᠭ᠍ᠴᠠ᠎ᠶ᠋ᠢᠨ ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢ ᠵᠣᠬᠢᠶᠠᠨ ᠪᠠᠢᠭᠤᠯᠤᠨ ᠬᠢᠬᠦ᠌᠎ᠶ᠋ᠢᠨ ᠬᠠᠮᠲᠤ ᠠᠰᠠᠭᠤᠳᠠᠯ᠎ᠢ ᠣᠯᠵᠤ ᠮᠡᠳᠡᠪᠡᠯ ᠣᠷᠣᠨ ᠨᠤᠲᠤᠭ᠎ᠢ ᠵᠣᠬᠢᠶᠠᠨ ᠪᠠᠢᠭᠤᠯᠤᠨ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ᠃

  ᠳᠥᠷᠪᠡ᠂ ᠠᠵᠢᠯ᠎ᠤᠨ ᠱᠠᠭᠠᠷᠳᠠᠯᠭ᠎ᠠ

  ( ᠨᠢᠭᠡ ) ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠨ᠎ᠠ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠦᠨ ᠵᠠᠰᠠᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ᠎ᠢᠶᠡᠨ ᠪᠠᠳᠠᠷᠠᠭᠤᠯᠤᠨ᠂ ᠪᠦᠷᠢᠨ ᠭᠦᠢᠴᠡᠳ ᠠᠮᠵᠢᠯᠲᠠ ᠪᠦᠲᠦᠮᠵᠢ᠎ᠶ᠋ᠢᠨ ᠭᠦᠢᠴᠡᠳᠭᠡᠯ ᠲᠣᠭ᠎ᠠ᠎ᠶ᠋ᠢᠨ ᠲᠣᠭ᠍ᠲᠠᠯᠴᠠᠭ᠎ᠠ᠂ ᠱᠢᠯᠭᠠᠨ ᠠᠪᠬᠤ ᠠᠷᠭ᠎ᠠ ᠵᠡᠷᠭᠡ᠎ᠶ᠋ᠢ ᠪᠦᠷᠢᠨᠱᠢᠭᠦᠯᠵᠦ᠍᠂ ᠲᠤᠷᠱᠢᠯᠲᠠ᠎ᠶ᠋ᠢᠨ ᠴᠡᠭ ᠬᠣᠲᠠ᠎ᠶ᠋ᠢ ᠵᠢᠯᠣᠭᠣᠳᠤᠨ ᠱᠢᠮᠳᠠᠭᠤᠯᠵᠤ ᠪᠠᠢᠭᠠᠳ ᠲᠤᠷᠱᠢᠯᠲᠠ᠎ᠶ᠋ᠢᠨ ᠴᠡᠭ᠎ᠦᠨ ᠪᠡᠯᠡ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ ᠲᠣᠭ᠍ᠲᠠᠭᠠᠵᠤ᠂ ᠲᠣᠭ᠍ᠲᠠᠭ᠍ᠰᠠᠨ ᠡᠭᠦᠷᠭᠡ᠎ᠶ᠋ᠢ ᠨᠠᠢᠳᠠᠪᠤᠷᠢᠵᠢᠭᠤᠯᠤᠨ᠂ ᠲᠥᠰᠦᠪ᠎ᠢ ᠭᠦᠢᠴᠡᠳᠭᠡᠬᠦ᠌ ᠠᠬᠢᠴᠠ᠎ᠶ᠋ᠢ ᠲᠦᠷᠭᠡᠳᠭᠡᠬᠦ᠌ ᠬᠡᠷᠡᠭ᠌ᠲᠡᠶ᠃ ᠲᠤᠷᠱᠢᠯᠲᠠ᠎ᠶ᠋ᠢᠨ ᠴᠡᠭ ᠬᠤᠲᠠ᠎ᠨᠢ ᠰᠠᠯᠠᠭ᠎ᠠ ᠮᠥᠴᠢᠷ᠎ᠤᠳ ᠬᠠᠮᠵᠢᠯᠴᠠᠬᠤ᠂ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠵᠡᠷᠭᠡ ᠠᠵᠢᠯ᠎ᠢ ᠠᠬᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠥᠷᠥᠯ ᠵᠦᠢᠯ᠎ᠤᠨ ᠨᠠᠷᠢᠨ ᠬᠠᠭᠤᠳᠠᠰᠤ᠎ᠶ᠋ᠢ ᠲᠣᠳᠣᠷᠬᠠᠢᠯᠠᠨ᠂ ᠮᠥᠷᠳᠡᠨ ᠲᠣᠬᠢᠷᠠᠭᠤᠯᠬᠤ᠎ᠪᠠᠨ ᠴᠢᠩᠭᠠᠳᠭᠠᠵᠤ᠂ ᠡᠳ᠋᠎ᠤᠨ ᠵᠠᠰᠠᠭ᠎ᠤᠨ ᠳᠡᠮᠵᠢᠯᠭᠡ᠎ᠶ᠋ᠢᠨ ᠪᠠᠯᠠ ᠮᠥᠩᠭᠦ᠌ ᠪᠠ ᠨᠡᠢᠭᠡᠮ᠎ᠤᠨ ᠣᠷᠣᠭᠤᠯᠤᠯᠲᠠ᠎ᠶ᠋ᠢ ᠰᠠᠢᠲᠤᠷ ᠨᠢᠭᠡᠳᠦᠯᠲᠡᠶ ᠲᠥᠯᠥᠪᠯᠡᠨ᠂ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠤᠷᠱᠢᠯᠲᠠ᠎ᠶ᠋ᠢᠨ ᠴᠡᠭ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠪᠣᠯ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠱᠢᠭᠤᠳ ᠬᠠᠷᠢᠭᠤᠴᠠᠯᠭᠠᠲᠤ ᠭᠤᠣᠯ ᠴᠣᠭ᠍ᠴᠠ ᠮᠥᠨ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠦᠢᠯᠡᠳᠦᠯ᠎ᠢᠶᠠᠨ ᠪᠠᠳᠠᠷᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠠᠵᠢᠯ᠎ᠤᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠨᠥᠬᠦᠴᠡᠯ᠎ᠢ ᠪᠤᠢᠵᠢᠭᠤᠯᠤᠨ ᠪᠠᠢᠭᠤᠯᠬᠤ᠎ᠶ᠋ᠢ ᠬᠡᠷᠡᠭ᠌ᠯᠡᠭᠡ᠎ᠶ᠋ᠢ ᠬᠥᠭ᠌ᠵᠢᠭᠡᠬᠦ᠌ ᠭᠤᠣᠯᠳᠠᠯᠭ᠎ᠠ᠎ᠲᠠᠢ ᠠᠵᠢᠯ᠎ᠤᠨ ᠡᠭᠦᠷᠭᠡ᠎ᠳᠤ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃

  ( ᠬᠤᠶᠠᠷ ) ᠪᠡᠯᠡ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠦᠨ ᠵᠠᠰᠠᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠷᠱᠢᠯᠲᠠ᠎ᠶ᠋ᠢᠨ ᠴᠡᠭ ᠬᠣᠲᠠ᠎ᠨᠤᠭᠤᠳ᠎ᠲᠠᠶ ᠬᠠᠮᠲᠤᠷᠠᠨ ᠡᠳᠦᠷ ᠲᠤᠲᠤᠮ᠎ᠤᠨ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠠᠢᠭᠤᠯᠤᠨ᠂ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠪᠣᠶ ᠪᠣᠯᠭᠠᠵᠤ᠂ ᠲᠥᠪ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢᠨ ᠬᠥᠲᠥᠯᠥᠨ ᠵᠢᠯᠣᠭᠣᠳᠭᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠨᠡᠢᠭᠡᠮ᠎ᠦᠨ ᠬᠥᠷᠥᠩᠭᠡ᠎ᠶ᠋ᠢ ᠳᠠᠢᠴᠢᠯᠠᠵᠤ᠂ ᠲᠤᠷᠱᠢᠯᠲᠠ᠎ᠶ᠋ᠢᠨ ᠴᠡᠭ᠎ᠦᠨ ᠠᠵᠢᠯ᠎ᠢ ᠬᠠᠮᠲᠤ ᠪᠠᠷ ᠠᠬᠢᠭᠤᠯᠬᠤ ᠬᠡᠷᠡᠭ᠌ᠲᠡᠶ᠃ ᠲᠤᠷᠱᠢᠯᠲᠠ᠎ᠶ᠋ᠢᠨ ᠴᠡᠭ ᠬᠣᠲᠠ ᠨᠢ ᠲᠥᠷᠥᠯ ᠵᠦᠢᠯ᠎ᠦᠨ ᠪᠡᠯᠡ ᠮᠥᠩᠭᠥ᠎ᠶ᠋ᠢᠨ ᠲᠣᠬᠢᠷᠠᠭᠤᠯᠤᠯᠲᠠ᠎ᠶ᠋ᠢ ᠲᠥᠪ᠎ᠦᠨ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠪᠡᠯᠡ ᠣᠷᠣᠭᠤᠯᠤᠯᠲᠠ ᠪᠠ ᠲᠥᠪ᠎ᠦᠨ ᠡᠳ᠋᠎ᠦᠨ ᠵᠠᠰᠠᠭ᠎ᠤᠨ ᠪᠤᠰᠤᠳ ᠲᠤᠰᠭᠠᠶ ᠵᠦᠢᠯ᠎ᠦᠨ ᠪᠡᠯᠡ ᠮᠥᠩᠭᠥ ᠎ᠯᠦᠭᠡ ᠵᠣᠯᠭᠠᠯᠳᠤᠭᠤᠯᠬᠤ᠎ᠪᠠᠨ ᠴᠢᠩᠭᠠᠳᠭᠠᠵᠤ᠂ ᠰᠣᠯᠪᠢᠴᠠᠨ ᠳᠠᠪᠬᠤᠷᠳᠠᠭᠤᠯᠬᠤ᠎ᠠᠴᠠ ᠵᠠᠢᠯᠠᠰᠭᠢᠬᠦ᠌ ᠬᠡᠷᠡᠭ᠌ᠲᠡᠶ᠃ ᠬᠣᠯᠪᠣᠭ᠍ᠳᠠᠯ ᠪᠦᠬᠦᠢ ᠨᠥᠬᠥᠪᠦᠷᠢ ᠪᠡᠯᠡ ᠮᠥᠩᠭᠥ᠎ᠶ᠋ᠢ ᠱᠢᠨ᠎ᠡ᠎ᠪᠡᠷ ᠪᠠᠢᠭᠤᠯᠬᠤ᠂ ᠥᠷᠭᠡᠳᠭᠡᠨ ᠪᠠᠢᠭᠤᠯᠬᠤ ᠰᠠᠭᠤᠷᠢ ᠲᠥᠬᠥᠭᠡᠷᠦᠮᠵᠢ ᠵᠡᠷᠭᠡ᠎ᠳᠦ ᠬᠡᠷᠡᠭ᠌ᠯᠡᠵᠦ᠍ ᠪᠣᠯᠬᠤ ᠦᠭᠡᠶ᠂ ᠵᠣᠭᠣᠰ ᠲᠣᠷᠭᠠᠬᠤ᠂ ᠲᠤᠰᠠᠯᠠᠬᠤ᠂ ᠥᠷᠢ ᠥᠭ᠌ᠴᠡᠭᠡ ᠲᠥᠯᠥᠬᠦ᠌ ᠵᠢᠴᠢ ᠡᠳ᠋᠎ᠦᠨ ᠵᠠᠰᠠᠭ᠎ᠤᠨ ᠨᠥᠬᠥᠪᠦᠷᠢ ᠨᠢᠭᠡᠴᠢ᠎ᠶ᠋ᠢᠨ ᠠᠵᠢᠯᠲᠠᠨ᠎ᠤ ᠵᠠᠷᠤᠳᠠᠯ ᠪᠠ ᠠᠵᠢᠯ᠎ᠤᠨ ᠵᠠᠷᠤᠳᠠᠯ ᠵᠡᠷᠭᠡ᠎ᠳᠦ ᠬᠡᠷᠡᠭ᠌ᠯᠡᠵᠦ᠍ ᠪᠣᠯᠬᠤ ᠦᠭᠡᠶ᠂ ᠭᠠᠵᠠᠷ ᠱᠢᠷᠣᠶ᠎ᠶ᠋ᠢ ᠨᠡᠭᠡᠭᠡᠨ ᠬᠥᠭ᠌ᠵᠢᠭᠦᠯᠬᠦ᠂ ᠭᠠᠵᠠᠷ ᠱᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠵᠠᠰᠠᠭ᠎ᠤᠨ ᠣᠷᠳᠣᠨ᠎ᠤ ᠴᠢᠨᠠᠷᠲᠠᠶ ᠠᠰᠠᠷ ᠲᠠᠩᠬᠢᠮ ᠣᠷᠳᠣᠨ ᠲᠠᠯᠠᠪᠤᠷ ᠪᠠᠢᠭᠤᠯᠬᠤ ᠵᠡᠷᠭᠡ᠎ᠳᠦ ᠬᠡᠷᠡᠭ᠌ᠯᠡᠵᠦ᠍ ᠪᠣᠯᠬᠤ ᠦᠭᠡᠶ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠵᠤ᠂ ᠨᠥᠬᠥᠪᠦᠷᠢ ᠪᠡᠯᠡ ᠮᠥᠩᠭᠥ᠎ᠶ᠋ᠢ ᠮᠡᠬᠡᠯᠡᠨ ᠠᠪᠬᠤ ᠪᠠ ᠤᠬᠠᠭᠠᠯᠠᠨ ᠠᠪᠴᠤ᠌ ᠪᠣᠯᠬᠤ ᠦᠭᠡᠶ᠃

  ( ᠭᠤᠷᠪᠠ ) ᠤᠬᠠᠭᠤᠯᠤᠨ ᠳᠡᠯᠭᠡᠷᠡᠭᠦᠯᠬᠦ᠌᠎ᠶ᠋ᠢ ᠰᠠᠢᠲᠤᠷ ᠬᠢᠨ᠎ᠡ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠤᠨ ᠵᠠᠰᠠᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠣᠷᠱᠢᠯᠲᠠ᠎ᠶ᠋ᠢᠨ ᠴᠡᠭ ᠬᠤᠲᠠ ᠎ᠯᠤᠭ᠎ᠠ ᠬᠠᠮᠲᠤᠷᠠᠵᠤ ᠡᠯ᠎ᠡ ᠵᠦᠢᠯ᠎ᠤᠨ ᠠᠷᠭ᠎ᠠ ᠵᠠᠮ᠎ᠢ ᠥᠷᠭᠡᠨ᠎ᠢᠶᠠᠷ ᠠᠱᠢᠭ᠍ᠯᠠᠨ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠪᠦᠬᠦ᠌ ᠲᠠᠯ᠎ᠠ᠎ᠪᠠᠷ᠂ ᠣᠯᠠᠨ ᠲᠠᠯ᠎ᠠ᠎ᠠᠴᠠ ᠴᠢᠩᠭᠠᠳᠭᠠᠵᠤ᠂ ᠲᠣᠷᠱᠢᠯᠲᠠ᠎ᠶ᠋ᠢᠨ ᠴᠡᠭ ᠬᠤᠲᠠ᠎ᠶ᠋ᠢᠨ ᠨᠡᠢᠲᠡᠯᠢᠭ ᠠᠷᠭ᠎ᠠ ᠬᠢᠳᠡᠯ ᠪᠠ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠳ᠋ᠦᠩᠨᠡᠨ ᠳᠡᠯᠭᠡᠷᠡᠭᠦᠯᠬᠦ᠌ ᠬᠡᠷᠡᠭ᠌ᠲᠡᠢ᠃ ᠡᠭᠦᠨ᠎ᠤ ᠬᠠᠮᠲᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ᠎ᠪᠠᠷ ᠵᠠᠰᠠᠭ᠍ᠰᠠᠨ᠂ ᠳᠥᠭᠦᠮᠴᠢᠯᠡᠭ᠌ᠰᠡᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠣᠶ ᠪᠣᠯᠭᠠᠵᠤ᠂ ᠠᠵᠢᠯ ᠲᠥᠷᠥᠯ᠎ᠤᠨ ᠨᠡᠢᠭᠡᠮᠯᠢᠭ᠂ ᠠᠵᠤ ᠠᠬᠤᠢᠯᠠᠯ᠂ ᠠᠷᠠᠳ ᠣᠯᠠᠨ᠎ᠤ ᠣᠷᠣᠯᠴᠠᠬᠤ ᠬᠠᠯᠠᠭᠤᠨ ᠰᠡᠳᠭᠢᠯᠭᠡ᠎ᠶ᠋ᠢ ᠤᠯᠠᠮ ᠨᠢᠭᠡ ᠠᠯᠬᠤᠮ ᠬᠥᠭ᠌ᠵᠢᠭᠡᠪᠡ᠃

  ᠣᠨᠴᠠᠭᠠᠢᠯᠠᠨ ᠮᠡᠳᠡᠭ᠌ᠳᠡᠪᠡ᠃

  ᠬᠠᠷᠢᠯᠴᠠᠬᠤ ᠠᠷᠭ᠎ᠠ ᠮᠠᠶᠢᠭ᠄

  ᠡᠳ᠋᠎ᠦᠨ ᠵᠠᠰᠠᠭ᠎ᠤᠨ ᠶᠠᠮᠤᠨ᠎ᠤ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠵᠤᠷᠭᠠᠨ 010 - 68554524

  ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭ᠌ᠯᠡᠭᠡ᠎ᠶ᠋ᠢ ᠠᠬᠢᠭᠤᠯᠬᠤ ᠵᠤᠷᠭᠠᠨ 010 - 85093358

  ᠳᠠᠭᠠᠯᠳᠤᠭᠤᠯᠤᠯ᠄ 1. ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠤ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ ᠲᠣᠪᠴᠢ

  2. ᠣᠯᠠᠨ ᠤᠯᠤᠰᠴᠢᠯᠠᠭ᠍ᠰᠠᠨ ᠬᠡᠷᠡᠭ᠌ᠯᠡᠭᠡ᠎ᠶ᠋ᠢᠨ ᠣᠷᠴᠢᠨ ᠲᠣᠭᠤᠷᠢᠨ᠎ᠤ ᠪᠠᠢᠭᠤᠯᠤᠯᠲᠠ᠎ᠶ᠋ᠢᠨ ᠠᠮᠵᠢᠯᠲᠠ ᠪᠦᠲᠦᠮᠵᠢ᠎ᠶ᠋ᠢᠨ ᠬᠦᠰᠦᠨᠦᠭ᠌ᠲᠦ

ᠡᠳ᠋᠎ᠦᠨ ᠵᠠᠰᠠᠭ᠎ᠤᠨ ᠶᠠᠮᠤᠨ
ᠬᠤᠳᠠᠯᠳᠤᠭᠠᠨ᠎ᠤ ᠶᠠᠪᠤᠳᠠᠯ᠎ᠤᠨ ᠶᠠᠮᠤᠨ
2025 ᠣᠨ᠎ᠤ 9 ᠳ᠋ᠤᠭᠡᠷ ᠰᠠᠷ᠎ᠠ᠎ᠶ᠋ᠢᠨ 28 ᠎ᠤ ᠡᠳᠦᠷ

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            