[ᠨᠡᠢ᠌ᠲᠡᠯᠡᠭᠰᠡᠨ ᠪᠠᠢ᠌ᠭᠤᠯᠤᠮᠵᠢ] ᠦᠢᠯᠡᠴᠢᠯᠡᠭᠡᠨ᠎ᠦ ᠠᠷᠠᠯᠵᠢᠶ᠎ᠠ ᠪᠠ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠦ ᠦᠢᠯᠡᠰ᠎ᠦᠨ ᠵᠤᠷᠭ᠋ᠠᠨ
[ᠨᠡᠢ᠌ᠲᠡᠯᠡᠭᠰᠡᠨ ᠳ᠋ᠤᠭᠠᠷ] ᠬᠤᠳᠠᠯᠳᠤᠭ᠎ᠠ ᠦᠢᠯᠡᠴᠢᠯᠡᠭᠡᠨ ᠵᠠᠬᠢᠳᠠᠯ [ 2025] 76 ᠳ᠋ᠤᠭᠠᠷ ᠲᠣᠭᠠᠲᠤ
[ ᠪᠢᠴᠢᠭᠳᠡᠭᠰᠡᠨ ᠡᠳᠦᠷ ᠬᠤᠭᠤᠴᠠᠭ᠎ᠠ] 2025 ᠣᠨ᠎ᠤ 4 ᠳ᠋ᠦ᠍ᠭᠡᠷ ᠰᠠᠷ᠎ᠠ᠎ᠶ᠋ᠢᠨ 9 ᠤ ᠡᠳᠦᠷ
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠰᠤᠷᠭᠠᠨ ᠬᠥᠮᠦᠵᠢᠯ᠎ᠦᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠪᠦᠬᠦ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭᠠᠲᠤ ᠬᠤᠷᠠᠯ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠲᠥᠯᠥᠪᠯᠡᠭᠡ᠎ᠳᠦ ᠠᠰᠲᠤᠨᠢ ᠵᠢᠭ᠍ᠰᠠᠭᠠᠭ᠍ᠰᠠᠨ ᠬᠣᠲᠠ᠂ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠬᠤᠳᠠᠯᠳᠤᠭᠠᠨ᠎ᠤ ᠶᠠᠪᠤᠳᠠᠯ᠂ ᠬᠥᠭ᠌ᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠳᠣᠲᠣᠭᠠᠳᠤ᠎ᠶ᠋ᠢ ᠬᠠᠮᠠᠭᠠᠯᠠᠬᠤ᠂ ᠠᠷᠠᠳ᠎ᠤᠨ ᠶᠠᠪᠤᠳᠠᠯ᠂ ᠡᠳ᠋᠎ᠦᠨ ᠵᠠᠰᠠᠭ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠂ ᠡᠮᠡᠭ᠌ᠲᠡᠢᠴᠦᠳ᠎ᠦᠨ ᠬᠣᠯᠪᠣᠭᠠᠲᠤ ᠬᠤᠷᠠᠯ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠱᠠᠩᠬᠠᠶ᠎ᠶ᠋ᠢᠨ ᠶᠡᠷᠦᠩᠬᠡᠶ ᠬᠡᠯᠲᠡᠰ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠲᠥᠯᠥᠪᠯᠡᠭᠡ᠎ᠳᠦ ᠠᠰᠲᠤᠨᠢ ᠵᠢᠭ᠍ᠰᠠᠭᠠᠭ᠍ᠰᠠᠨ ᠬᠣᠲᠠ᠎ᠶ᠋ᠢᠨ ᠬᠤᠪᠢᠶᠠᠷᠢ ᠪᠠᠩᠬᠢ᠎ᠳᠤ᠄
ᠦᠢᠯᠡᠴᠢᠯᠡᠭᠡᠨ᠎ᠦ ᠬᠡᠷᠡᠭ᠌ᠯᠡᠭᠡ᠎ᠨᠢ ᠬᠥᠭ᠌ᠵᠢᠭᠦᠯᠬᠦ᠌ ᠲᠤᠬᠠᠶ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠭᠡᠷ ᠠᠬᠤᠢ᠎ᠶᠢᠨ ᠦᠢᠯᠡᠴᠢᠯᠡᠭᠡᠨ᠎ᠦ ᠬᠡᠷᠡᠭ᠌ᠯᠡᠭᠡ᠎ᠶ᠋ᠢ ᠳᠡᠮᠵᠢᠵᠦ᠍᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ᠎ᠶ᠋ᠢᠨ ᠲᠤᠰᠠᠳᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠰᠤᠷᠭᠠᠨ ᠬᠥᠮᠦᠵᠢᠯ᠎ᠦᠨ ᠶᠠᠮᠤᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ ᠵᠡᠷᠭᠡ 9 ᠰᠠᠯᠠᠭ᠎ᠠ ᠮᠥᠴᠢᠷ᠎ᠦᠳ᠎ᠲᠡᠶ ᠬᠠᠮᠲᠤᠷᠠᠨ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ᠎ᠶ᠋ᠢᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠪᠦᠬᠦ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭᠠᠲᠤ ᠬᠤᠷᠠᠯ᠎ᠲᠠᠶ ᠬᠠᠮᠲᠤᠷᠠᠨ ᠰᠤᠳᠤᠯᠤᠨ ᠶᠠᠷᠢᠯᠴᠠᠵᠤ᠂ ᠭᠡᠷ ᠠᠬᠤᠢ᠎ᠶᠢᠨ ᠦᠢᠯᠡᠴᠢᠯᠡᠭᠡᠨ᠎ᠦ ᠬᠡᠷᠡᠭ᠌ᠯᠡᠭᠡᠨ᠎ᠦ ᠪᠠᠭ᠍ᠲᠠᠭᠠᠮᠵᠢ᠎ᠶ᠋ᠢ ᠥᠷᠭᠡᠳᠭᠡᠨ ᠳᠡᠰ ᠳᠡᠪᠱᠢᠭᠦᠯᠬᠦ᠌᠎ᠶ᠋ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠲᠣᠭ᠍ᠲᠠᠭᠠᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠤᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠡ ᠬᠦᠭᠵᠢᠯᠲᠡ ᠶᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠳᠤᠲᠤᠭ᠋ᠠᠳᠦ ᠬᠡᠷᠡᠭ᠌ᠴᠡᠭᠡ᠎ᠶᠢ ᠥᠷᠭᠡᠳᠭᠡᠬᠦ᠌ ᠪᠠ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ᠎ᠢᠶᠠᠷ ᠭᠣᠣᠯ ᠪᠣᠯᠭᠠᠵᠤ᠂ ᠵᠠᠰᠠᠭ᠎ᠤᠨ ᠣᠷᠳᠣᠨ ᠬᠦᠲᠦᠯᠦᠨ ᠵᠢᠯᠣᠭᠣᠳᠭᠤ᠎ᠶᠢ ᠪᠠᠷᠢᠮᠲᠠᠯᠠᠵᠤ᠂ ᠭᠡᠷ ᠠᠬᠤᠢ᠎ᠶᠢᠨ ᠦᠢᠯᠡᠴᠢᠯᠡᠭᠡᠨ᠎ᠤ ᠦᠢᠯᠡᠰ᠎ᠢ ᠳᠡᠮᠵᠢᠬᠦ᠌ ᠲᠦᠷᠦ᠍᠎ᠶᠢᠨ ᠪᠤᠳᠤᠯᠭ᠎ᠠ᠎ᠶᠢ ᠲᠡᠭᠦᠯᠳᠡᠷᠵᠢᠭᠦᠯᠵᠦ᠍᠂ ᠴᠢᠨᠠᠷ ᠰᠠᠢᠲᠠᠢ ᠭᠡᠷ᠎ᠦᠨ ᠶᠠᠪᠤᠳᠠᠯ᠎ᠤᠨ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠵᠦ᠂ ᠭᠡᠷ ᠠᠬᠤᠢ᠎ᠶᠢᠨ ᠦᠢᠯᠡᠴᠢᠯᠡᠭᠡᠨ᠎ᠦ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠬᠦ᠎ᠶᠢ ᠠᠬᠢᠭᠤᠯᠤᠨ᠂ ᠦᠢᠯᠡᠴᠢᠯᠡᠭᠡᠨ᠎ᠦ ᠬᠡᠷᠡᠭᠯᠡᠭᠡᠨ᠎ᠦ ᠰᠢᠨ᠎ᠡ ᠨᠡᠮᠡᠭᠳᠡᠯ᠎ᠦᠨ ᠴᠡᠭ᠎ᠢ ᠢᠳᠡᠪᠬᠢᠲᠡᠢ ᠪᠣᠢᠵᠢᠭᠤᠯᠵᠤ᠂ ᠠᠷᠠᠳ ᠣᠯᠠᠨ᠎ᠤ ᠴᠢᠨᠠᠷ ᠰᠠᠢᠲᠠᠢ ᠠᠮᠢᠳᠤᠷᠠᠯ᠎ᠤᠨ ᠦᠢᠯᠡᠴᠢᠯᠡᠭᠡᠨ᠎ᠦ ᠬᠡᠷᠡᠭᠴᠡᠭᠡ᠎ᠶᠢ ᠨᠠᠩ ᠰᠠᠢᠲᠤᠷ ᠬᠠᠩᠭᠠᠨ᠎ᠠ᠃
ᠬᠤᠶᠡᠷ᠂ ᠭᠡᠷ ᠠᠬᠤᠢ ᠶᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢᠨ ᠶᠠᠰᠣ ᠴᠢᠨᠡᠷ᠎ᠢ ᠳᠡᠭᠡᠭ᠌ᠰᠢᠯᠡᠬᠦᠯᠥᠨᠠ
(ᠨᠢᠭᠡ) ᠴᠢᠨᠠᠷ ᠰᠠᠢᠲᠠᠶ ᠭᠡᠷ ᠠᠬᠤᠢ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠬᠦ᠌ ᠬᠡᠷᠡᠭ᠌ᠲᠡᠶ᠃ ᠭᠡᠷ ᠠᠬᠤᠢ᠎ᠶᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠲᠤᠰᠭᠠᠢ ᠮᠡᠷᠭᠡᠵᠢᠯ᠎ᠤᠨ ᠭᠦᠨᠵᠡᠭᠡᠢ ᠠᠷᠢᠭᠤᠨ ᠴᠡᠪᠡᠷ᠎ᠢ ᠬᠠᠮᠠᠭᠠᠯᠠᠬᠤ᠂ ᠡᠮᠬᠢᠯᠡᠨ ᠲᠢᠭ᠌ᠯᠡᠵᠦ᠍ ᠬᠤᠷᠢᠶᠠᠬᠤ᠂ ᠭᠡᠷ᠎ᠤᠨ ᠴᠠᠬᠢᠯᠭᠠᠨ ᠬᠡᠷᠡᠭ᠌ᠰᠡᠯ᠎ᠢ ᠤᠬᠢᠶᠠᠵᠤ ᠴᠡᠪᠡᠷᠯᠡᠬᠦ᠂ ᠭᠡᠷ ᠳᠣᠲᠣᠷᠠᠬᠢ ᠠᠭᠠᠷ᠎ᠢ ᠵᠠᠰᠠᠬᠤ᠂ ᠠᠷᠢᠭᠤᠳᠭᠠᠬᠤ᠂ ᠰᠢᠮ᠎ᠡ ᠲᠡᠵᠢᠭᠡᠯ᠎ᠤᠨ ᠯᠠᠪᠯᠠᠯᠭ᠎ᠠ ᠵᠡᠷᠭᠡ ᠱᠢᠨ᠎ᠡ᠎ᠪᠠᠷ ᠬᠥᠭ᠌ᠵᠢᠭ᠌ᠰᠡᠨ ᠦᠢᠯᠡᠴᠢᠯᠡᠭᠡᠨ᠎ᠤ ᠬᠦᠷᠢᠶ᠎ᠡ ᠴᠠᠷᠠᠭ᠎ᠠ᠎ᠪᠠᠨ ᠥᠷᠭᠡᠳᠭᠡᠬᠦ᠌᠎ᠶ᠋ᠢ ᠵᠣᠷᠢᠭ᠍ᠵᠢᠭᠤᠯᠵᠤ᠂ ᠦᠢᠯᠡᠳᠬᠦᠨ ᠪᠠ ᠦᠢᠯᠡᠴᠢᠯᠡᠭᠡᠨ᠎ᠤ ᠬᠠᠩᠭᠠᠯᠭ᠎ᠠ᠎ᠶ᠋ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠬᠡᠷᠡᠭ᠌ᠯᠡᠭ᠌ᠴᠢᠳ᠎ᠤᠨ ᠥᠪᠡᠷᠮᠢᠴᠡ᠂ ᠴᠢᠨᠠᠷᠵᠢᠭ᠍ᠰᠠᠨ᠂ ᠤᠯᠠᠨ ᠡᠱᠢᠴᠢᠯᠡᠭ᠌ᠰᠡᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠨ᠎ᠠ᠃ ᠭᠡᠷ ᠠᠬᠤᠢ᠎ᠪᠡᠷ ᠲᠠᠷᠢᠶᠠᠯᠠᠩ᠎ᠢ ᠬᠥᠭ᠌ᠵᠢᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠭᠡᠷ ᠠᠬᠤᠢ᠎ᠶᠢᠨ ᠬᠥᠳᠡᠯᠮᠦᠷᠢ ᠬᠦᠴᠦᠨ᠎ᠢ ᠭᠠᠳᠠᠭ᠍ᠰᠢ ᠭᠠᠷᠭᠠᠬᠤ ᠬᠢᠭᠡᠳ ᠣᠷᠣᠭᠤᠯᠵᠤ ᠢᠷᠡᠬᠦ᠌ ᠭᠠᠵᠠᠷ᠎ᠤᠨ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠤᠨ ᠬᠠᠮᠲᠤᠷᠠᠯᠴᠠᠬᠤ᠎ᠶ᠋ᠢ ᠭᠦᠨᠵᠡᠭᠡᠢᠷᠡᠭᠦᠯᠵᠦ᠍᠂ ᠣᠷᠣᠨ ᠨᠤᠲᠤᠭ᠎ᠤᠨ ᠭᠡᠷ ᠠᠬᠤᠢ᠎ᠶᠢᠨ ᠬᠥᠳᠡᠯᠮᠦᠷᠢ ᠬᠦᠴᠦᠨ᠎ᠦ ᠣᠨᠴᠠᠯᠢᠭ᠍ᠲᠤ ᠲᠦᠷᠦᠯ ᠲᠡᠮᠳᠡᠭ᠎ᠢ ᠡᠭᠦᠳᠬᠦ᠌᠎ᠶ᠋ᠢ ᠳᠡᠮᠵᠢᠨ᠎ᠡ᠃ ᠦᠢᠯᠡᠳᠪᠦᠷᠢᠯᠡᠯ ᠵᠢᠭᠠᠨ ᠰᠤᠷᠭᠠᠯᠲᠠ᠎ᠶ᠋ᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠦᠢᠯᠡᠳᠦᠯ᠎ᠢ ᠪᠠᠳᠠᠷᠠᠭᠤᠯᠤᠨ᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ ᠪᠠ ᠠᠵᠤ ᠠᠬᠤᠢᠯᠠᠯ᠎ᠢ ᠳᠡᠮᠵᠢᠵᠦ᠍ ᠪᠠᠢᠭᠠᠳ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠬᠠᠮᠲᠤ᠎ᠪᠠᠷ ᠪᠠᠢᠭᠤᠯᠵᠤ᠂ ᠭᠡᠷ ᠠᠬᠤᠢ᠎ᠶ᠋ᠢᠨ ᠠᠵᠢᠯ ᠲᠥᠷᠥᠯ᠎ᠤᠨ ᠳᠤᠮᠳᠠ ᠳᠡᠭᠡᠳᠦ ᠵᠡᠷᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠨᠡᠢᠴᠡᠭ᠌ᠰᠡᠨ ᠨᠢᠭᠡ ᠪᠦᠯᠦᠭ ᠲᠤᠰᠭᠠᠢᠵᠢᠭ᠍ᠰᠠᠨ᠂ ᠡᠷᠬᠢᠯᠡᠭ᠌ᠰᠡᠨ ᠠᠵᠢᠯᠵᠢᠭ᠍ᠰᠠᠨ᠂ ᠥᠨᠳᠥᠷ ᠬᠡᠪ ᠪᠣᠯᠪᠠᠰᠤᠷᠠᠯ᠎ᠲᠠᠢ ᠤᠷ᠎ᠠ ᠮᠡᠷᠭᠡᠱᠢᠯ᠎ᠲᠠᠢ ᠴᠢᠳᠠᠪᠤᠷᠢᠲᠠᠨ᠎ᠢ ᠬᠦᠮᠦᠵᠢᠭᠦᠯᠦᠨ᠎ᠡ᠃
(ᠬᠤᠶᠠᠷ) ᠭᠡᠷ ᠠᠬᠤᠶ ᠶ᠋ᠢᠨ ᠦᠢ᠍ᠯᠡᠴᠢᠯᠡᠭᠡᠨ᠎ᠤ ᠨᠠᠷᠠᠲᠤ ᠲᠡᠮᠳᠡᠭ᠌ᠴᠢᠯᠡᠭ᠌ᠰᠡᠨ ᠬᠥᠭ᠌ᠵᠢᠯᠲᠡ ᠶᠢ ᠲᠦᠯᠬᠢᠨ ᠠᠬᠢᠭ᠍ᠤᠯᠬᠤ ᠬᠡᠷᠡᠭ᠌ᠲᠡᠶ᠃ ᠠᠵᠢᠯ ᠲᠥᠷᠥᠯ᠎ᠦᠨ ᠨᠡᠢᠭᠡᠮᠯᠢᠭ᠂ ᠬᠣᠯᠪᠣᠭ᠍ᠳᠠᠯ ᠪᠦᠬᠦᠢ ᠪᠠᠢᠭᠤᠯᠤᠮᠵᠢ᠎ᠨᠤᠭᠤᠳ ᠬᠠᠮᠢᠶ᠎ᠠ ᠪᠦᠬᠦᠢ ᠤᠯᠤᠰ᠎ᠤᠨ ᠪᠠᠷᠢᠮᠵᠢᠶ᠎ᠠ᠎ᠶ᠋ᠢ ᠦᠨᠳᠦᠰᠦᠯᠡᠨ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠎ᠳᠤ ᠵᠡᠷᠭᠡ ᠲᠠᠰ᠎ᠤᠨ ᠬᠤᠪᠢᠶᠠᠷᠢᠯᠠᠯ ᠪᠠ ᠦᠨᠡᠯᠡᠨ ᠲᠣᠭ᠍ᠲᠠᠭᠠᠯᠲᠠ ᠬᠢᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠶ᠃ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ ᠢ ᠬᠥᠲᠥᠯᠥᠨ ᠵᠢᠯᠣᠭᠣᠳᠴᠤ᠌ ᠪᠠᠢᠭᠠᠳ ᠬᠠᠮᠢᠶᠠᠷᠤᠯᠲᠠ᠎ᠶ᠋ᠢᠨ ᠲᠤᠭᠲᠠᠯᠴᠠᠭ᠎ᠠ᠂ ᠪᠣᠯᠪᠠᠰᠤᠷᠠᠯ᠎ᠤᠨ ᠲᠤᠭᠲᠠᠯᠴᠠᠭ᠎ᠠ᠂ ᠶᠠᠰᠤ ᠴᠢᠨᠠᠷ᠎ᠢ ᠦᠨᠡᠯᠡᠬᠦ᠌ ᠲᠤᠭᠲᠠᠯᠴᠠᠭ᠎ᠠ᠎ᠶ᠋ᠢ ᠪᠠᠢᠭᠤᠯᠤᠨ ᠪᠦᠷᠢᠨᠱᠢᠭᠦᠯᠵᠦ᠍᠂ ᠬᠡᠯᠬᠢᠶ᠎ᠡ ᠡᠵᠡᠩᠨᠡᠯᠲᠡ᠂ ᠬᠤᠳᠠᠯᠳᠤᠭᠠᠨ᠎ᠤ ᠣᠨᠴᠠ ᠵᠥᠪᠱᠢᠶᠡᠷᠡᠭ᠌ᠰᠡᠨ ᠡᠵᠡᠩᠨᠡᠯᠲᠡ᠎ᠶ᠋ᠢ ᠬᠥᠭ᠌ᠵᠢᠭᠦᠯᠦᠨ᠂ ᠨᠢᠭᠡ ᠪᠦᠯᠦᠭ ᠬᠥᠲᠥᠯᠥᠨ ᠳᠠᠭᠠᠭᠤᠯᠬᠤ ᠦᠢᠯᠡᠳᠦᠯ᠎ᠲᠡᠶ ᠭᠡᠷ ᠠᠬᠤᠢ᠎ᠶᠢᠨ ᠬᠥᠲᠥᠴᠢ ᠠᠵᠤ ᠠᠬᠤᠢᠯᠠᠯ ᠢ ᠪᠣᠢᠵᠢᠭᠤᠯᠤᠨ᠎ᠠ᠃ ᠡᠯ᠎ᠡ ᠲᠥᠷᠥᠯ᠎ᠦᠨ ᠨᠡᠢᠭᠡᠮ᠎ᠦᠨ ᠬᠥᠷᠥᠩᠭᠡ᠎ᠶ᠋ᠢᠨ ᠭᠡᠷ ᠠᠬᠤᠢ᠎ᠶᠢᠨ ᠦᠢᠯᠡᠴᠢᠯᠡᠭᠡᠨ᠎ᠦ ᠦᠢᠯᠡᠰ᠎ᠲᠦ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠵᠤ᠂ ᠲᠡᠷᠢᠭᠦᠨ᠎ᠦ ᠬᠠᠮᠢᠶᠠᠷᠤᠯᠲᠠ᠎ᠶ᠋ᠢᠨ ᠲᠤᠷᠱᠢᠯᠭ᠎ᠠ᠎ᠶ᠋ᠢ ᠣᠷᠣᠭᠤᠯᠵᠤ᠂ ᠠᠵᠢᠯ ᠲᠥᠷᠥᠯ᠎ᠢ ᠨᠡᠢᠯᠡᠭᠦᠯᠬᠦ᠌ ᠪᠠ ᠱᠢᠯᠢᠳᠡᠭ᠌ᠵᠢᠭᠦᠯᠬᠦ᠌᠎ᠶ᠋ᠢ ᠲᠦᠯᠬᠢᠨ ᠠᠬᠢᠭᠤᠯᠤᠨ᠎ᠠ᠃ ᠡᠮᠡᠭ᠌ᠲᠡᠢᠴᠦᠳ᠎ᠤᠨ ᠭᠡᠷ ᠠᠬᠤᠢ᠎ᠶ᠋ᠢᠨ ᠨᠡᠷᠡᠲᠦ ᠲᠡᠮᠳᠡᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠡᠷᠬᠢᠯᠡᠬᠦ᠌᠎ᠶ᠋ᠢ ᠳᠠᠮᠵᠢᠵᠤ᠂ ᠡᠯ᠎ᠡ ᠣᠷᠣᠨ ᠨᠤᠲᠤᠭ᠂ ᠠᠵᠢᠯ ᠲᠥᠷᠥᠯ᠎ᠤᠨ ᠨᠡᠢᠭᠡᠮᠯᠢᠭ᠎ᠤᠨ ᠭᠡᠷ ᠠᠬᠤᠢ᠎ᠶ᠋ᠢᠨ ᠦᠢᠯᠡᠴᠢᠯᠡᠭᠡᠨ᠎ᠤ ᠨᠡᠷᠡᠲᠦ ᠲᠡᠮᠳᠡᠭ᠎ᠢ ᠳᠡᠯᠭᠡᠨ ᠦᠵᠡᠭᠦᠯᠵᠦ᠍ ᠳᠡᠯᠭᠡᠷᠡᠭᠦᠯᠬᠦ᠌ ᠠᠵᠢᠯᠯᠠᠭ᠎ᠠ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠨᠡᠷᠡᠲᠦ ᠲᠡᠮᠳᠡᠭ᠎ᠤᠨ ᠠᠵᠤ ᠠᠬᠤᠢᠯᠠᠯ᠎ᠤᠨ ᠠᠯᠳᠠᠷᠱᠢᠯ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃
(ᠭᠤᠷᠪᠠ) ᠭᠡᠷ ᠠᠬᠤᠢ᠎ᠶᠢᠨ ᠦᠢᠯᠡᠴᠢᠯᠡᠭᠡᠨ᠎ᠦ ᠮᠡᠷᠭᠡᠵᠢᠯ᠎ᠦᠨ ᠴᠢᠳᠠᠪᠤᠷᠢ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠭᠡᠷ ᠠᠬᠤᠢ᠎ᠶᠢᠨ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠬᠠᠨᠳᠤᠰᠢ᠎ᠳᠤ ᠵᠠᠳᠠᠯᠤᠯᠲᠠ ᠬᠢᠬᠦ᠌᠎ᠶ᠋ᠢ ᠴᠢᠩᠭᠠᠳᠭᠠᠵᠤ᠂ ᠭᠡᠷ ᠠᠬᠤᠢ᠎ᠶᠢᠨ ᠠᠵᠢᠯ ᠲᠥᠷᠥᠯ᠎ᠦᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠰᠤᠳᠤᠯᠤᠨ ᠮᠠᠭᠠᠳᠯᠠᠵᠤ᠂ ᠡᠯ᠎ᠡ ᠭᠠᠵᠠᠷ᠎ᠤᠨ ᠬᠢᠨ ᠪᠣᠳᠠᠲᠤ ᠪᠠᠢᠳᠠᠯ᠎ᠢᠶᠠᠨ ᠦᠨᠳᠦᠰᠦᠯᠡᠨ ᠳᠤᠲᠠᠭ᠍ᠳᠠᠵᠤ ᠪᠠᠢᠭ᠎ᠠ ᠭᠡᠷ ᠠᠬᠤᠢ᠎ᠶᠢᠨ ᠦᠢᠯᠡᠴᠢᠯᠡᠭᠡᠨ᠎ᠦ ᠬᠠᠮᠢᠶ᠎ᠠ ᠪᠦᠬᠦᠢ ᠠᠵᠢᠯ ᠮᠡᠷᠭᠡᠵᠢᠯ ( ᠠᠵᠢᠯ᠎ᠤᠨ ᠲᠥᠷᠥᠯ ) ᠢ ᠳᠡᠮᠵᠢᠬᠦ᠌ ᠬᠡᠷᠡᠭ᠌ᠲᠡᠶ᠃ ᠲᠤᠰ ᠭᠠᠵᠠᠷ᠎ᠤᠨ ᠪᠠᠴᠢᠮ ᠬᠡᠷᠡᠭ᠌ᠰᠡᠬᠦ᠌ ᠠᠵᠢᠯ ᠮᠡᠷᠭᠡᠵᠢᠯ᠂ ᠠᠵᠢᠯ ᠣᠯᠬᠤ ᠬᠡᠷᠡᠭ᠌ᠴᠡᠭᠡ᠂ ᠪᠣᠯᠪᠠᠰᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠵᠢᠯᠣᠭᠣᠳᠭᠤ ᠭᠠᠷᠴᠠᠭ᠎ᠲᠤ ᠣᠷᠣᠭᠤᠯᠵᠤ᠂ ᠲᠥᠷᠥᠯ ᠵᠦᠢ᠍ᠯᠡᠴᠢᠯᠡᠭᠰᠡᠨ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠥᠳᠡᠯᠮᠦᠷᠢᠯᠡᠭ᠌ᠴᠢᠳᠢ ᠬᠥᠲᠥᠯᠥᠨ ᠵᠢᠯᠣᠭᠣᠳᠴᠤ᠌ ᠪᠠᠢᠭᠠᠳ ᠪᠣᠯᠪᠠᠰᠤᠷᠠᠯ᠎ᠳᠤ ᠣᠷᠣᠯᠴᠠᠭᠤᠯᠬᠤ ᠬᠡᠷᠡᠭ᠌ᠲᠡᠶ᠃ ᠠᠵᠢᠯ ᠣᠯᠭᠣᠬᠤ᠎ᠪᠠᠷ ᠤᠳᠤᠷᠢᠳᠤᠮᠵᠢ ᠪᠣᠯᠭᠠᠭ᠍ᠰᠠᠨ ᠭᠡᠷ ᠠᠬᠤᠢ᠎ᠶᠢᠨ ᠦᠢᠯᠡᠴᠢᠯᠡᠭᠡᠨ᠎ᠦ ᠪᠣᠯᠪᠠᠰᠤᠷᠠᠯ᠎ᠤᠨ ᠲᠤᠭᠲᠠᠯᠴᠠᠭ᠎ᠠ᠎ᠶᠢ ᠪᠠᠢᠭᠤᠯᠵᠤ᠂ ᠪᠣᠯᠪᠠᠰᠤᠷᠠᠯ ᠬᠢᠭᠡᠳ ᠠᠵᠢᠯ᠎ᠤᠨ ᠪᠠᠢᠷᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠲᠦᠮᠵᠢᠲᠡᠶ ᠵᠣᠯᠭᠠᠭᠤᠯᠬᠤ᠎ᠶ᠋ᠢ ᠴᠢᠩᠭᠠᠳᠭᠠᠨ᠎ᠠ᠃ 《ᠭᠡᠷ ᠠᠬᠤᠢ᠎ᠶᠢᠨ ᠢᠲᠡᠭᠡᠮᠵᠢ᠎ᠶ᠋ᠢᠨ ᠪᠠᠢᠴᠠᠭᠠᠯᠲᠠ》 ᠶ᠋ᠢᠨ ᠲᠠᠪᠴᠠᠩ᠎ᠳᠤ ᠲᠦᠱᠢᠭ᠌ᠯᠡᠨ᠂ ᠭᠡᠷ ᠠᠬᠤᠢ᠎ᠶᠢᠨ ᠦᠢᠯᠡᠴᠢᠯᠡᠭ᠌ᠴᠢ᠎ᠶ᠋ᠢᠨ ᠤᠷ᠎ᠠ ᠴᠢᠳᠠᠪᠤᠷᠢ᠎ᠶ᠋ᠢ ᠲᠠᠰ ᠳᠡᠪᠱᠢᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠰᠦᠢᠳᠭᠡᠯ ᠬᠤᠷᠢᠶᠠᠬᠤ ᠥᠬᠡᠶ᠎ᠪᠠᠷ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠡᠮᠡᠭ᠌ᠲᠡᠢᠴᠦᠳ᠎ᠤᠨ ᠭᠡᠷ ᠠᠬᠤᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌ ᠮᠡᠷᠭᠡᠵᠢᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠣᠯᠠᠨ ᠠᠷᠭ᠎ᠠ ᠵᠠᠮ᠂ ᠣᠯᠠᠨ ᠳᠡᠰ ᠳᠠᠪᠬᠤᠷᠭ᠎ᠠ᠂ ᠣᠯᠠᠨ ᠲᠥᠷᠥᠯ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠪᠣᠯᠪᠠᠰᠤᠷᠠᠯ᠎ᠢ ᠢᠳᠡᠪᠬᠢᠲᠡᠢ ᠥᠷᠨᠢᠭᠦᠯᠦᠨ᠎ᠡ᠃
ᠭᠤᠷᠪᠠ᠂ ᠭᠡᠷ ᠠᠬᠤᠢ᠎ᠶᠢᠨ ᠦᠢᠯᠡᠴᠢᠯᠡᠭᠡᠨ᠎ᠦ ᠳᠥᠭᠥᠮ ᠬᠡᠷᠡᠭ᠌ᠯᠡᠭᠡ᠎ᠶ᠋ᠢ ᠠᠬᠢᠭᠤᠯᠤᠨ᠎ᠠ
(ᠲᠦᠷᠪᠡ) ᠭᠡᠷ ᠠᠬᠤᠢ᠎ᠶᠢᠨ ᠦᠢᠯᠡᠴᠢᠯᠡᠭᠡᠨ᠎ᠦ ᠬᠡᠷᠡᠭ᠌ᠯᠡᠭᠡᠨ᠎ᠦ ᠪᠡᠯᠡᠳᠭᠡᠮᠵᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠨ᠎ᠡ᠃ ᠪᠠ ᠬᠤᠲᠠ᠎ᠶ᠋ᠢᠨ ᠨᠡᠢᠭᠡᠮ ᠲᠣᠭᠤᠷᠢᠭ᠎ᠤᠨ ᠱᠢᠭᠢᠳᠭᠡᠯ ᠮᠠᠶᠢᠭ᠎ᠤᠨ ᠦᠢᠯᠡᠴᠢᠯᠡᠭᠡᠨ᠎ᠤ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠥᠷᠨᠢᠭᠦᠯᠵᠦ᠍᠂ ᠬᠡᠷ ᠠᠬᠤᠢ ᠵᠡᠷᠭᠡ ᠪᠠᠲᠤᠯᠠᠭ᠎ᠠ᠎ᠶ᠋ᠢᠨ ᠲᠥᠷᠥᠯ᠎ᠤᠨ ᠡᠵᠡᠩᠨᠡᠯᠲᠡ᠎ᠶ᠋ᠢᠨ ᠪᠠᠢᠳᠠᠯ᠎ᠢ ᠲᠦᠷᠭᠡᠳᠭᠡᠨ ᠲᠤᠬᠢᠷᠠᠭᠤᠯᠤᠨ᠎ᠠ᠃ ᠬᠡᠷ ᠠᠬᠤᠶ᠎ᠶ᠋ᠢᠨ ᠨᠡᠢᠭᠡᠮ ᠲᠣᠭᠤᠷᠢᠭ᠎ᠲᠤ ᠬᠦᠷᠬᠦ᠌᠎ᠶ᠋ᠢ ᠠᠬᠢᠭᠤᠯᠵᠤ᠂ ᠬᠡᠷ ᠠᠬᠤᠶ᠎ᠶ᠋ᠢᠨ ᠠᠵᠤ ᠠᠬᠤᠢᠯᠠᠯ᠎ᠤᠨ ᠨᠡᠢᠭᠡᠮ ᠲᠣᠭᠤᠷᠢᠭ᠎ᠤᠨ ᠬᠡᠯᠬᠢᠶᠡᠵᠢᠭᠦᠯᠦᠨ ᠡᠵᠡᠩᠨᠡᠬᠦ᠌᠎ᠶ᠋ᠢ ᠳᠡᠮᠵᠢᠨ᠎ᠡ᠃ ᠭᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠦᠢᠯᠡᠴᠢᠯᠡᠭᠡᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ ᠵᠠᠬᠢᠶᠠᠯᠠᠭ᠎ᠠ᠎ᠶ᠋ᠢᠨ ᠬᠡᠯᠪᠡᠷᠢ᠂ ᠴᠠᠭ ᠬᠤᠪᠢᠶᠠᠨ ᠦᠢᠯᠡᠴᠢᠯᠡᠭᠡ ᠬᠠᠩᠭᠠᠵᠤ᠂ ᠨᠡᠢᠭᠡᠮ ᠲᠣᠭᠤᠷᠢᠭ᠎ᠤᠨ ᠲᠣᠤᠷ ᠴᠡᠭ᠎ᠢᠶᠠᠷ ᠲᠦᠱᠢᠭ ᠪᠣᠯᠭᠠᠵᠤ᠂ 《ᠪᠢᠴᠢᠯ ᠬᠡᠷᠡᠭ᠌ᠴᠡᠭᠡ ᠱᠠᠭᠠᠷᠳᠠᠯᠭ᠎ᠠ》 ᠶ᠋ᠢ ᠠᠭᠤᠳᠠᠯᠵᠤ᠂ 《ᠪᠢᠴᠢᠯ ᠦᠢᠯᠡᠴᠢᠯᠡᠭᠡ》 ᠶᠢ ᠬᠠᠩᠭᠠᠵᠤ᠂ ᠬᠡᠷᠡᠭ᠌ᠯᠡᠭ᠌ᠴᠢᠳ᠎ᠤᠨ ᠬᠠᠮᠲᠤ᠎ᠪᠠᠷ ᠡᠳ᠋ᠯᠡᠵᠦ᠍ ᠠᠷᠢᠭᠤᠨ ᠴᠡᠪᠡᠷ ᠪᠠᠢᠯᠭᠠᠬᠤ᠂ ᠬᠤᠭᠤᠯᠠ ᠪᠤᠳᠠᠭ᠎ᠠ ᠬᠢᠬᠦ᠂ ᠲᠤᠰᠴᠤ᠌ ᠬᠦᠷᠭᠡᠬᠦ᠌ ᠵᠡᠷᠭᠡ ᠭᠡᠷ ᠠᠬᠤᠶ᠎ᠶ᠋ᠢᠨ ᠦᠢᠯᠡᠴᠢᠯᠡᠭᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃ 《ᠬᠡᠷ ᠠᠬᠤᠶ + ᠨᠠᠰᠤᠵᠢᠯ᠎ᠤᠨ ᠠᠰᠠᠷᠠᠮᠵᠢ》 ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ ᠬᠢᠭᠡᠳ ᠨᠡᠢᠭᠡᠮ ᠲᠣᠭᠤᠷᠢᠭ᠎ᠤᠨ ᠨᠠᠰᠤᠵᠢᠯ᠎ᠤᠨ ᠦᠢᠯᠡᠴᠢᠯᠡᠭᠡᠨ᠎ᠤ ᠪᠠᠢᠭᠤᠯᠤᠮᠵᠢ᠎ᠶ᠋ᠢᠨ ᠨᠢᠭ᠍ᠲᠠ ᠬᠠᠮᠵᠢᠯᠴᠠᠬᠤ ᠬᠠᠷᠢᠴᠠᠭ᠎ᠠ ᠪᠠᠢᠭᠤᠯᠬᠤ᠎ᠶ᠋ᠢ ᠳᠡᠮᠵᠢᠵᠦ᠍᠂ ᠨᠥᠬᠦᠴᠡᠯ᠎ᠳᠤ ᠨᠡᠢᠴᠡᠬᠦ᠌ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠳ ᠵᠠᠰᠠᠭ᠎ᠤᠨ ᠣᠷᠳᠣᠨ᠎ᠤ ᠬᠡᠷ᠎ᠲᠡᠭᠡᠨ ᠰᠠᠭᠤᠵᠤ ᠪᠠᠢᠭ᠎ᠠ ᠨᠠᠰᠤᠲᠠᠢᠴᠤᠳ᠎ᠢ ᠬᠡᠷ᠎ᠲᠤ᠎ᠨᠢ ᠬᠦᠷᠴᠦ᠍ ᠦᠢᠯᠡᠴᠢᠯᠡᠬᠦ᠌᠎ᠶ᠋ᠢ ᠳᠠᠭᠠᠭᠠᠨ ᠠᠪᠬᠤ᠎ᠳᠤ ᠬᠠᠤᠯᠢ ᠶᠣᠰᠣᠭᠠᠷ ᠣᠷᠣᠯᠴᠠᠵᠤ ᠪᠣᠯᠤᠨ᠎ᠠ᠃
(ᠲᠠᠪᠤ) ᠭᠡᠷ ᠠᠬᠤᠢ᠎ᠶ᠋ᠢᠨ ᠦᠢᠯᠡᠴᠢᠯᠡᠭᠡᠨ᠎ᠤ ᠦᠢᠯᠡᠰ᠎ᠤᠨ ᠲᠣᠭᠠᠴᠢᠯᠠᠭ᠍ᠰᠠᠨ ᠬᠥᠭ᠌ᠵᠢᠯᠲᠡ᠎ᠶ᠋ᠢ ᠲᠦᠷᠭᠡᠳᠭᠡᠨ᠎ᠡ᠃ ᠭᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠤᠨ ᠲᠣᠭᠠᠴᠢᠯᠠᠭ᠍ᠰᠠᠨ ᠬᠡᠯᠪᠡᠷᠢ᠎ᠪᠠᠨ ᠬᠤᠪᠢᠷᠠᠭᠤᠯᠬᠤ᠎ᠶ᠋ᠢ ᠳᠡᠮᠵᠢᠵᠦ᠍᠂ ᠲᠣᠭᠠᠴᠢᠯᠠᠭ᠍ᠰᠠᠨ ᠮᠡᠷᠭᠡᠵᠢᠯ᠎ᠢ ᠠᠱᠢᠭ᠍ᠯᠠᠨ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠴᠠᠭᠤᠯᠬᠤ ᠦᠷ᠎ᠡ ᠪᠦᠲᠦᠮᠵᠢ ᠪᠠ ᠬᠡᠷᠡᠭ᠌ᠯᠡᠭ᠌ᠴᠢᠳ᠎ᠤᠨ ᠣᠷᠣᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠬᠡᠷᠡᠭ᠌ᠯᠡᠭ᠌ᠴᠢᠳ᠎ᠤᠨ ᠬᠡᠷ ᠠᠬᠤᠶ᠎ᠶ᠋ᠢᠨ ᠦᠢᠯᠡᠴᠢᠯᠡᠭᠡᠨ᠎ᠤ ᠲᠥᠰᠦᠯ᠎ᠤᠨ ᠥᠪᠡᠷᠮᠢᠴᠡ ᠴᠢᠨᠠᠷᠲᠠᠶ ᠵᠢᠷᠤᠭ ᠲᠥᠯᠥᠪᠯᠡᠭᠡ᠂ ᠦᠢᠯᠡᠴᠢᠯᠡᠭᠡᠨ᠎ᠤ ᠶᠠᠪᠤᠴᠠ᠎ᠶ᠋ᠢᠨ ᠪᠥᠬᠦ᠌ ᠶᠠᠪᠤᠴᠠ᠎ᠳᠤ ᠣᠷᠣᠯᠴᠠᠬᠤ᠂ ᠦᠢᠯᠡᠴᠢᠯᠡᠭᠡᠨ᠎ᠤ ᠦᠷ᠎ᠡ ᠳ᠋ᠦᠩ᠎ᠢ ᠦᠨᠡᠯᠡᠬᠦ᠌ ᠪᠠ ᠬᠤᠪᠢᠶᠠᠯᠴᠠᠬᠤ᠎ᠶ᠋ᠢ ᠪᠡᠶᠡᠯᠡᠭᠦᠯᠦᠨ᠎ᠡ᠃ ᠬᠡᠷ ᠠᠬᠤᠶ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ ᠬᠢᠭᠡᠳ ᠲᠣᠭᠠᠴᠢᠯᠠᠭ᠍ᠰᠠᠨ ᠮᠡᠷᠭᠡᠵᠢᠯ᠎ᠤᠨ ᠠᠵᠤ ᠠᠬᠤᠢᠯᠠᠯ᠎ᠤᠨ ᠬᠢᠯᠢ ᠠᠯᠤᠰᠯᠠᠨ ᠬᠠᠮᠲᠤᠷᠠᠯᠴᠠᠬᠤ᠎ᠶ᠋ᠢ ᠳᠡᠮᠵᠢᠵᠦ᠍᠂ ᠲᠣᠮᠣ ᠳ᠋ᠠᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ᠎ᠢ ᠠᠱᠢᠭ᠍ᠯᠠᠨ ᠬᠡᠷᠡᠭ᠌ᠯᠡᠭ᠌ᠴᠢ᠎ᠶ᠋ᠢᠨ ᠵᠢᠷᠤᠭ ᠳᠦᠷᠰᠦ᠂ ᠨᠠᠷᠢᠯᠢᠭ ᠣᠨᠣᠴᠠᠲᠠᠶ᠎ᠪᠠᠷ ᠦᠢᠯᠡᠴᠢᠯᠡᠬᠦ᠌᠎ᠶ᠋ᠢ ᠥᠷᠨᠢᠭᠦᠯᠵᠦ᠍᠂ ᠮᠠᠱᠢᠨ ᠬᠥᠮᠦᠨ ᠵᠡᠷᠭᠡ ᠱᠢᠨ᠎ᠡ ᠮᠡᠷᠭᠡᠵᠢᠯ᠂ ᠱᠢᠨ᠎ᠡ ᠲᠥᠬᠦᠭᠡᠷᠦᠮᠵᠢ᠎ᠳᠤ ᠲᠦᠱᠢᠭ᠌ᠯᠡᠨ ᠬᠡᠷ ᠠᠬᠤᠶ᠎ᠶ᠋ᠢᠨ ᠦᠢᠯᠡᠴᠢᠯᠡᠭᠡᠨ᠎ᠤ ᠬᠡᠷᠡᠭ᠌ᠯᠡᠭᠡᠨ᠎ᠤ ᠲᠠᠯᠠᠪᠤᠷ ᠭᠠᠵᠠᠷ᠎ᠢ ᠥᠷᠭᠡᠳᠭᠡᠨ᠎ᠡ᠃ ᠲᠠᠪᠴᠠᠩ᠎ᠤᠨ ᠬᠡᠯᠪᠡᠷᠢ᠎ᠶ᠋ᠢᠨ ᠢᠨᠲ᠋ᠧᠷ ᠰᠦᠯᠵᠢᠶᠡᠨ᠎ᠤ ᠭᠡᠷ ᠠᠬᠤᠢ᠎ᠶᠢᠨ ᠠᠵᠤ ᠠᠬᠤᠢᠯᠠᠯ᠎ᠢ ᠪᠤᠢᠵᠢᠭᠤᠯᠵᠤ᠂ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠦᠢᠯᠡᠳᠦᠯ ᠴᠢᠳᠠᠪᠤᠷᠢ᠂ ᠦᠢᠯᠡᠴᠢᠯᠡᠭᠡᠨ᠎ᠤ ᠦᠷ᠎ᠡ ᠪᠦᠲᠦᠮᠵᠢ ᠪᠠ ᠲᠣᠭᠠᠴᠢᠯᠠᠭ᠍ᠰᠠᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃
ᠳᠥᠷᠪᠡ᠂ ᠭᠡᠷ ᠠᠬᠤᠶ᠎ᠶ᠋ᠢᠨ ᠦᠢᠯᠡᠴᠢᠯᠡᠭᠡᠨ᠎ᠦ ᠦᠢᠯᠡᠰ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ
(ᠵᠢᠷᠭᠤᠭ᠎ᠠ) ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ᠃ ᠭᠡᠷ ᠠᠬᠤᠢ᠎ᠶᠢᠨ ᠠᠵᠤ ᠠᠬᠤᠢᠯᠠᠯ ᠨᠢ ᠪᠣᠳᠠᠲᠤ ᠬᠡᠷᠡᠭ᠌ᠴᠡᠭᠡ ᠱᠠᠭᠠᠷᠳᠠᠯᠭ᠎ᠠ᠎ᠲᠠᠶ᠎ᠪᠠᠨ ᠤᠶᠠᠯᠳᠤᠭᠤᠯᠤᠨ ᠪᠦᠬᠦ᠌ ᠤᠯᠤᠰ᠎ᠤᠨ ᠭᠡᠷ ᠠᠬᠤᠢ᠎ᠶᠢᠨ ᠦᠢᠯᠡᠴᠢᠯᠡᠭᠡᠨ᠎ᠦ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠳᠤ ᠦᠨᠡᠨ ᠨᠡᠷ᠎ᠡ᠎ᠶ᠋ᠢᠨ ᠭᠡᠷᠡᠴᠢᠯᠡᠯ ᠬᠢᠭ᠌ᠰᠡᠨ ᠮᠥᠷᠲᠡᠭᠡᠨ《 ᠭᠡᠷ᠎ᠲᠤ ᠨᠢ ᠬᠦᠷᠴᠦ᠍ ᠦᠢᠯᠡᠴᠢᠯᠡᠬᠦ᠌ ᠦᠨᠡᠮᠯᠡᠯ 》 ᠲᠡᠶ ᠭᠡᠷ ᠠᠬᠤᠢ᠎ᠶᠢᠨ ᠦᠢᠯᠡᠴᠢᠯᠡᠭ᠌ᠴᠢ᠎ᠡᠴᠡ ᠰᠠᠨᠠᠭᠠᠨ᠎ᠳᠤ ᠦᠭᠡᠶ ᠭᠡᠮᠲᠦᠯ᠎ᠦᠨ ᠳᠠᠭᠠᠳᠭᠠᠯ᠂ ᠠᠵᠢᠯ ᠮᠡᠷᠭᠡᠵᠢᠯ᠎ᠦᠨ ᠬᠠᠷᠢᠭᠤᠴᠠᠯᠭ᠎ᠠ᠎ᠶ᠋ᠢᠨ ᠳᠠᠭᠠᠳᠭᠠᠯ᠎ᠳᠤ ᠣᠷᠣᠯᠴᠠᠬᠤ᠎ᠶ᠋ᠢ ᠳᠡᠮᠵᠢᠨ᠎ᠠ᠃ ᠨᠥᠬᠦᠴᠡᠯ᠎ᠲᠠᠢ ᠭᠠᠵᠠᠷ ᠣᠷᠣᠨ᠎ᠤ ᠱᠢᠨ᠎ᠡ᠎ᠪᠠᠷ ᠪᠠᠢᠭᠤᠯᠤᠭ᠍ᠰᠠᠨ ᠭᠡᠷ ᠠᠬᠤᠢ᠎ᠶ᠋ᠢᠨ ᠨᠡᠢᠭᠡᠮ ᠲᠣᠭᠤᠷᠢᠭ᠎ᠤᠨ ᠲᠣᠣᠷ ᠴᠡᠭ᠎ᠲᠤ ᠵᠣᠬᠢᠰᠲᠠᠢ ᠳᠡᠮᠵᠢᠯᠭᠡ ᠦᠵᠡᠭᠦᠯᠬᠦ᠌᠎ᠶ᠋ᠢ ᠵᠣᠷᠢᠭ᠍ᠵᠢᠭᠤᠯᠵᠤ᠂ ᠨᠡᠢᠭᠡᠮ ᠲᠣᠭᠤᠷᠢᠭ᠎ᠤᠨ ᠭᠡᠷ ᠠᠬᠤᠢ᠎ᠶ᠋ᠢᠨ ᠦᠢᠯᠡᠴᠢᠯᠡᠭᠡᠨ᠎ᠤ ᠲᠣᠣᠷ ᠴᠡᠭ ᠲᠦᠷᠢᠶᠡᠰᠦᠯᠡᠬᠦ᠌ ᠲᠠᠯᠠᠪᠤᠷ ᠭᠠᠵᠠᠷ᠎ᠲᠤ ᠭᠡᠷ ᠪᠠᠢᠱᠢᠩ᠎ᠤᠨ ᠱᠢᠨᠵᠢ ᠴᠢᠨᠠᠷ᠎ᠢ ᠬᠢᠵᠠᠭᠠᠷᠯᠠᠬᠤ ᠦᠭᠡᠢ᠂ ᠤᠰᠤ ᠴᠠᠬᠢᠯᠭᠠᠨ ᠵᠡᠷᠭᠡ ᠵᠠᠷᠤᠳᠠᠯ᠎ᠳᠤ ᠰᠠᠭᠤᠭᠠᠯᠢ ᠠᠷᠠᠳ᠎ᠤᠨ ᠦᠨ᠎ᠡ ᠬᠠᠩᠰᠢ᠎ᠶ᠋ᠢ ᠬᠡᠷᠡᠭ᠌ᠵᠢᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠶ ᠥᠷᠨᠢᠭᠦᠯᠵᠦ᠍᠂ ᠨᠥᠬᠥᠴᠡᠯ᠎ᠳᠦ ᠨᠡᠢᠴᠡᠬᠦ᠌ ᠭᠡᠷ ᠠᠬᠤᠢ᠎ᠶᠢᠨ ᠦᠢᠯᠡᠴᠢᠯᠡᠭᠡᠨ᠎ᠦ ᠵᠢᠵᠢᠭ ᠠᠵᠤ ᠠᠬᠤᠢᠯᠠᠯ᠎ᠳᠤ ᠮᠥᠩᠭᠥᠨ ᠭᠦᠢᠯᠭᠡᠭᠡᠨ᠎ᠦ ᠳᠡᠮᠵᠢᠯᠭᠡ ᠦᠵᠡᠭᠦᠯᠬᠦ᠌᠎ᠶ᠋ᠢ ᠨᠡᠮᠡᠭ᠌ᠳᠡᠭᠦᠯᠦᠨ᠎ᠡ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠵᠣᠷᠢᠭ᠍ᠵᠢᠭᠤᠯᠵᠤ ᠪᠠᠢᠭᠠᠳ ᠬᠠᠤᠯᠢ ᠶᠣᠰᠣᠭᠠᠷ ᠲᠣᠭ᠍ᠲᠠᠭᠠᠯ᠎ᠳᠤ ᠨᠡᠢᠴᠡᠭᠦᠯᠵᠦ᠍᠂ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ ᠤᠷᠢᠲᠠᠯ ᠳᠣᠤᠷ᠎ᠠ ᠂ ᠭᠡᠷ ᠠᠬᠤᠢ᠎ᠶᠢᠨ ᠠᠵᠢᠯ ᠲᠥᠷᠥᠯ᠎ᠦᠨ ᠣᠨᠴᠠᠯᠢᠭ᠎ᠲᠠᠶ ᠤᠶᠠᠯᠳᠤᠭᠤᠯᠤᠨ ᠴᠢᠭ᠌ᠯᠡᠭᠦᠯᠬᠦ᠌ ᠴᠢᠨᠠᠷᠲᠠᠶ ᠮᠥᠩᠭᠥᠨ ᠭᠦᠢᠯᠭᠡᠭᠡᠨ᠎ᠦ ᠦᠢᠯᠡᠳᠬᠦᠨ ᠪᠠ ᠦᠢᠯᠡᠴᠢᠯᠡᠭᠡ ᠬᠠᠩᠭᠠᠵᠤ᠂ ᠢᠲᠡᠭᠡᠮᠵᠢᠲᠦ ᠵᠢᠭᠡᠯᠡᠯᠭᠡ᠎ᠶ᠋ᠢᠨ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠱᠢᠯᠢᠳᠡᠭ᠌ᠵᠢᠭᠦᠯᠦᠨ᠂ ᠭᠡᠷ ᠠᠬᠤᠢ᠎ᠶᠢᠨ ᠠᠵᠤ ᠠᠬᠤᠢᠯᠠᠯ᠎ᠤᠨ ᠵᠦᠢ ᠵᠣᠬᠢᠰᠲᠠᠶ ᠪᠡᠯᠡ ᠲᠣᠬᠢᠷᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃ ᠭᠡᠷ ᠠᠬᠤᠢ᠎ᠶᠢᠨ ᠦᠢᠯᠡᠴᠢᠯᠡᠭᠡᠨ᠎ᠦ ᠦᠢᠯᠡᠰ᠎ᠲᠦ ᠬᠠᠨᠳᠤᠭᠤᠯᠤᠭ᠍ᠰᠠᠨ ᠳᠠᠭᠠᠳᠭᠠᠯ᠎ᠤᠨ ᠦᠢᠯᠡᠳᠬᠦᠨ᠎ᠦ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠂ ᠳᠠᠭᠠᠳᠭᠠᠯ᠎ᠤᠨ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠭᠡᠷ ᠠᠬᠤᠢ᠎ᠶᠢᠨ ᠦᠢᠯᠡᠴᠢᠯᠡᠭᠡᠨ᠎ᠦ ᠬᠠᠮᠢᠶ᠎ᠠ ᠪᠦᠬᠦᠢ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠢ ᠢᠳᠡᠪᠬᠢᠲᠡᠶ ᠥᠷᠨᠢᠭᠦᠯᠵᠦ᠍᠂ ᠪᠠᠲᠤᠯᠠᠭ᠎ᠠ᠎ᠶ᠋ᠢᠨ ᠬᠠᠷᠢᠭᠤᠴᠠᠯᠭ᠎ᠠ᠎ᠶ᠋ᠢᠨ ᠬᠡᠪᠴᠢᠶ᠎ᠡ᠎ᠶ᠋ᠢ ᠲᠡᠭᠦᠯᠳᠡᠷᠵᠢᠭᠦᠯᠦᠨ᠂ ᠭᠡᠷ ᠠᠬᠤᠢ᠎ᠶᠢᠨ ᠠᠵᠤ ᠠᠬᠤᠢᠯᠠᠯ᠂ ᠦᠢᠯᠡᠴᠢᠯᠡᠭᠡᠨ᠎ᠦ ᠠᠵᠢᠯᠲᠠᠨ᠂ ᠬᠡᠷᠡᠭ᠌ᠯᠡᠭ᠌ᠴᠢᠳ᠎ᠦᠨ ᠲᠦᠭ᠌ᠰᠢᠭᠦᠷᠢ᠎ᠶ᠋ᠢ ᠪᠠᠲᠤᠯᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃
(ᠳᠤᠯᠤᠭ᠎ᠠ) ᠨᠡᠢᠭᠡᠮ᠎ᠤᠨ ᠪᠠᠲᠤᠯᠠᠭ᠎ᠠ᠎ᠶᠢᠨ ᠡᠷᠴᠢᠮ᠎ᠢᠶᠡᠨ ᠴᠢᠩᠭ᠋ᠠᠷᠠᠭᠤᠯᠤᠨ᠎ᠠ᠃ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ ᠪᠣᠯᠤᠨ ᠭᠡᠷ ᠠᠬᠤᠢ᠎ᠶᠢᠨ ᠦᠢᠯᠡᠴᠢᠯᠡᠭᠡᠨ᠎ᠦ ᠠᠵᠢᠯᠲᠠᠳ᠎ᠤᠨ ᠬᠠᠤᠯᠢ ᠶᠣᠰᠣᠭᠠᠷ ᠨᠡᠢᠭᠡᠮ᠎ᠦᠨ ᠳᠠᠭᠠᠳᠭᠠᠯ᠎ᠳᠤ ᠣᠷᠣᠯᠴᠠᠬᠤ᠎ᠶ᠋ᠢ ᠬᠥᠲᠥᠯᠥᠨ ᠵᠢᠯᠣᠭᠣᠳᠴᠤ᠌᠂ ᠨᠥᠬᠥᠴᠡᠯ᠎ᠳᠦ ᠨᠡᠢᠴᠡᠭ᠌ᠰᠡᠨ ᠠᠮᠢᠳᠤᠯᠢᠭ᠎ᠢᠶᠠᠷ ᠠᠵᠢᠯ ᠣᠯᠤᠭ᠍ᠰᠠᠨ ᠭᠡᠷ ᠠᠬᠤᠢ᠎ᠶᠢᠨ ᠦᠢᠯᠡᠴᠢᠯᠡᠭᠡᠨ᠎ᠦ ᠠᠵᠢᠯᠲᠠᠳ᠎ᠤᠨ ᠠᠵᠢᠯ ᠣᠯᠤᠭ᠍ᠰᠠᠨ ᠭᠠᠵᠠᠷ᠎ᠲᠤ᠎ᠪᠠᠨ ᠨᠡᠢᠭᠡᠮ᠎ᠦᠨ ᠳᠠᠭᠠᠳᠭᠠᠯ᠎ᠳᠤ ᠣᠷᠣᠯᠴᠠᠬᠤ᠎ᠶ᠋ᠢ ᠲᠦᠯᠬᠢᠨ ᠠᠬᠢᠭᠤᠯᠤᠨ᠎ᠠ᠃ ᠠᠵᠢᠯᠲᠠᠨ ᠠᠵᠢᠯᠴᠢᠨ᠎ᠤ ᠳᠦᠷᠢᠮᠲᠦ ᠭᠡᠷ ᠠᠬᠤᠢ᠎ᠶᠢᠨ ᠠᠵᠤ ᠠᠬᠤᠢᠯᠠᠯ ᠨᠢ ᠨᠥᠬᠥᠴᠡᠯ᠎ᠳᠦ ᠨᠡᠢᠴᠡᠬᠦ᠌ ᠬᠥᠮᠦᠰ᠎ᠢ ᠣᠷᠣᠭᠤᠯᠤᠨ ᠠᠪᠴᠤ᠌ ᠠᠵᠢᠯ ᠣᠯᠭᠣᠭ᠍ᠰᠠᠨ ᠪᠣᠯ ᠠᠵᠢᠯ ᠣᠯᠭᠣᠵᠤ ᠠᠳᠠᠯ ᠦᠢᠯᠡᠰ ᠪᠣᠰᠭᠠᠬᠤ᠎ᠶ᠋ᠢ ᠲᠡᠳᠬᠦᠬᠦ᠌ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠵᠠᠯᠭᠠᠪᠡᠷ ᠣᠷᠣᠯᠴᠠᠵᠤ ᠲᠣᠭ᠍ᠲᠠᠭ᠍ᠰᠠᠨ ᠣᠨ ᠵᠢᠯ ᠪᠠ ᠲᠤᠰ ᠵᠢᠯ᠎ᠦᠨ ᠰᠠᠭᠤᠷᠢ ᠮᠥᠩᠭᠥ᠎ᠶ᠋ᠢᠨ ᠳᠠᠩᠰᠠ ᠲᠠᠢᠯᠬᠤ ᠦᠭᠡᠶ ᠭᠡᠷ ᠠᠬᠤᠢ᠎ᠶᠢᠨ ᠦᠢᠯᠡᠴᠢᠯᠡᠭᠡᠨ᠎ᠦ ᠠᠵᠢᠯ ᠡᠷᠬᠢᠯᠡᠭ᠌ᠰᠡᠳ ᠪᠣᠯ᠂ ᠲᠣᠭ᠍ᠲᠠᠭᠠᠯ ᠶᠣᠰᠣᠭᠠᠷ ᠬᠦᠨᠳᠦ ᠡᠪᠡᠳᠴᠢᠨ᠎ᠦ ᠳᠠᠭᠠᠳᠭᠠᠯ᠎ᠤᠨ ᠬᠠᠮᠤᠭ᠎ᠤᠨ ᠥᠨᠳᠥᠷ ᠥᠭ᠌ᠬᠦ ᠬᠢᠵᠠᠭᠠᠷ ᠲᠣᠭ᠎ᠠ᠎ᠶ᠋ᠢ ᠳᠡᠭᠡᠭ᠌ᠰᠢᠯᠡᠭᠦᠯᠵᠦ᠍ ᠪᠣᠯᠤᠨ᠎ᠠ᠃ ᠨᠥᠬᠦᠴᠡᠯ᠎ᠳᠤ ᠨᠡᠢᠴᠡᠬᠦ᠌ ᠬᠡᠷ ᠠᠬᠤᠶ᠎ᠶ᠋ᠢᠨ ᠠᠵᠢᠯ ᠡᠷᠭᠢᠯᠡᠭ᠌ᠰᠡᠳᠢ ᠨᠡᠢᠲᠡ᠎ᠶ᠋ᠢᠨ ᠲᠦᠷᠢᠶᠡᠰᠦᠨ ᠬᠡᠷ᠂ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠤᠨ᠎ᠠ᠃
(ᠨᠠᠢ᠍ᠮᠠ) ᠭᠡᠷ ᠠᠬᠤᠢ᠎ᠶᠢᠨ ᠦᠢᠯᠡᠴᠢᠯᠡᠭᠡᠨ᠎ᠦ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠥᠷᠨᠢᠭᠦᠯᠦᠨ᠎ᠡ᠃ ᠡᠯ᠎ᠡ ᠭᠠᠵᠠᠷ᠎ᠤᠨ ᠨᠡᠩ ᠣᠯᠠᠨ ᠭᠡᠷ ᠠᠬᠤᠢ᠎ᠶᠢᠨ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ 《ᠦᠢᠯᠡᠴᠢᠯᠡᠭᠡᠨ᠎ᠦ ᠬᠡᠷᠡᠭ᠌ᠯᠡᠭᠡᠨ᠎ᠦ ᠤᠯᠠᠷᠢᠯ》 ᠤᠨ ᠠᠵᠢᠯᠯᠠᠭ᠎ᠠ᠎ᠳᠤ ᠣᠷᠣᠭᠤᠯᠵᠤ᠂ ᠬᠡᠷᠡᠭ᠌ᠯᠡᠭᠡᠨ᠎ᠦ ᠦᠵᠡᠭ᠌ᠳᠡᠯ᠎ᠦᠨ ᠱᠢᠨ᠎ᠡ᠎ᠶ᠋ᠢ ᠡᠭᠦᠳᠴᠦ᠍᠂ ᠠᠵᠢᠯ ᠲᠥᠷᠥᠯ᠎ᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌᠎ᠶ᠋ᠢ ᠳᠡᠮᠵᠢᠨ᠎ᠡ᠃ ᠨᠥᠬᠥᠴᠡᠯ ᠪᠦᠬᠦᠢ ᠭᠠᠵᠠᠷ ᠣᠷᠣᠨ᠎ᠤ ᠭᠡᠷ ᠠᠬᠤᠢ᠎ᠶᠢᠨ ᠦᠢᠯᠡᠴᠢᠯᠡᠭᠡᠨ᠎ᠦ ᠬᠡᠷᠡᠭ᠌ᠯᠡᠭᠡᠨ᠎ᠦ ᠪᠠᠶᠠᠷ ᠡᠷᠬᠢᠯᠡᠬᠦ᠌᠎ᠶ᠋ᠢ ᠳᠡᠮᠵᠢᠵᠦ᠍᠂ ᠢᠲᠡᠭᠡᠮᠵᠢ᠎ᠪᠡᠷ ᠰᠠᠢᠨ ᠨᠡᠷᠡᠲᠦ ᠲᠡᠮᠳᠡᠭ᠌ᠲᠦ ᠭᠡᠷ ᠠᠬᠤᠢ᠎ᠶᠢᠨ ᠠᠵᠤ ᠠᠬᠤᠢᠯᠠᠯ᠎ᠢ ᠵᠣᠬᠢᠶᠠᠨ ᠪᠠᠢᠭᠤᠯᠤᠨ ᠬᠡᠷᠡᠭ᠌ᠯᠡᠭ᠌ᠴᠢᠳ᠎ᠲᠦ ᠨᠡᠩ ᠰᠠᠢᠨ ᠦᠢᠯᠡᠴᠢᠯᠡᠭᠦᠯᠬᠦ᠌ ᠬᠡᠷᠡᠭ᠌ᠲᠡᠶ᠃ ᠭᠡᠷ ᠠᠬᠤᠢ᠎ᠶ᠋ᠢᠨ ᠠᠵᠤ ᠠᠬᠤᠢᠯᠠᠯ᠎ᠤᠨ ᠬᠠᠷᠠᠭᠠᠯᠵᠠᠯ᠎ᠤᠨ ᠲᠡᠮᠳᠡᠭ᠌ᠲᠦ᠂ ᠪᠡᠶᠡᠴᠢᠯᠡᠨ ᠣᠢᠯᠠᠭᠠᠬᠤ ᠲᠡᠮᠳᠡᠭ᠌ᠲᠦ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠬᠡᠷᠡᠭ᠌ᠯᠡᠭ᠌ᠴᠢᠳ᠎ᠢ ᠨᠡᠩ ᠣᠯᠠᠨ ᠲᠡᠳᠡᠨ ᠠᠪᠴᠢᠷᠠᠵᠤ ᠭᠡᠷ ᠠᠬᠤᠢ᠎ᠶ᠋ᠢᠨ ᠦᠢᠯᠡᠴᠢᠯᠡᠭᠡ᠎ᠶ᠋ᠢ ᠪᠡᠶᠡᠴᠢᠯᠡᠨ ᠣᠢᠯᠠᠭᠠᠬᠤ᠎ᠶ᠋ᠢ ᠵᠣᠷᠢᠭ᠍ᠵᠢᠭᠤᠯᠵᠤ᠂ ᠭᠡᠷ ᠠᠬᠤᠢ᠎ᠶ᠋ᠢᠨ ᠦᠢᠯᠡᠴᠢᠯᠡᠭᠡᠨ᠎ᠤ ᠬᠡᠷᠡᠭ᠌ᠯᠡᠭᠡᠨ᠎ᠤ ᠳᠠᠯᠳᠠ ᠬᠦᠴᠦᠨ᠎ᠢ ᠬᠥᠭ᠌ᠵᠢᠭᠡᠨ᠎ᠡ᠃ ᠣᠷᠣᠨ ᠨᠤᠲᠤᠭ᠂ ᠠᠵᠢᠯ ᠲᠥᠷᠥᠯ᠎ᠦᠨ ᠨᠡᠢᠭᠡᠮᠯᠢᠭ᠎ᠦᠨ ᠢᠨᠲ᠋ᠧᠷ ᠰᠦᠯᠵᠢᠶ᠎ᠡ᠎ᠶ᠋ᠢᠨ ᠲᠠᠪᠴᠠᠩ᠎ᠳᠤ ᠲᠦᠱᠢᠭ᠌ᠯᠡᠨ ᠠᠮᠢᠳᠤᠷᠠᠯ᠎ᠤᠨ ᠦᠢᠯᠡᠴᠢᠯᠡᠭᠡᠨ᠎ᠦ ᠤᠷᠢᠨ ᠡᠯᠰᠡᠬᠦ᠌ ᠤᠯᠠᠷᠢᠯ᠎ᠤᠨ ᠠᠵᠢᠯᠯᠠᠭ᠎ᠠ ᠥᠷᠨᠢᠭᠦᠯᠬᠦ᠌᠎ᠶ᠋ᠢ ᠳᠡᠮᠵᠢᠵᠦ᠍᠂ ᠭᠡᠷ ᠠᠬᠤᠢ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠨ᠎ᠡ ᠃
ᠲᠠᠪᠤ᠂ ᠭᠡᠷ ᠠᠬᠤᠢ᠎ᠶ᠋ᠢᠨ ᠦᠢᠯᠡᠴᠢᠯᠡᠭᠡᠨ᠎ᠤ ᠬᠡᠷᠡᠭ᠌ᠯᠡᠭᠡᠨ᠎ᠤ ᠣᠷᠴᠢᠨ ᠲᠣᠭᠤᠷᠢᠨ᠎ᠢ ᠰᠢᠯᠢᠳᠡᠭᠵᠢᠭᠦᠯᠦᠨ᠎ᠡ
(ᠶᠢᠰᠦ) ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠲᠦᠯᠬᠢᠨ ᠠᠬᠢᠭᠤᠯᠤᠨ᠎ᠠ᠃ ᠪᠦᠬᠦ᠌ ᠤᠯᠤᠰ᠎ᠤᠨ ᠭᠡᠷ ᠠᠬᠤᠢ᠎ᠶᠢᠨ ᠦᠢᠯᠡᠴᠢᠯᠡᠭᠡᠨ᠎ᠦ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠴᠢᠳᠠᠮᠵᠢ ᠪᠣᠯᠤᠨ ᠦᠢᠯᠡᠴᠢᠯᠡᠭᠡᠨᠢ ᠱᠢᠯᠢᠳᠡᠭ᠌ᠵᠢᠭᠦᠯᠵᠦ᠍᠂ ᠬᠠᠤᠯᠢ ᠲᠣᠭ᠍ᠲᠠᠭᠠᠯ ᠶᠣᠰᠣᠭᠠᠷ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠂ ᠭᠡᠷ ᠠᠬᠤᠢ᠎ᠶᠢᠨ ᠦᠢᠯᠡᠴᠢᠯᠡᠭ᠌ᠴᠢ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠤᠨᠠ᠃ 《ᠭᠡᠷ ᠠᠬᠤᠢ᠎ᠶᠢᠨ ᠢᠲᠡᠭᠡᠮᠵᠢ᠎ᠶ᠋ᠢᠨ ᠪᠠᠢᠴᠠᠭᠠᠯᠲᠠ》 APP ᠪᠠ ᠵᠢᠵᠢᠭ ᠫᠷᠤᠭ᠌ᠷᠠᠮ᠎ᠤᠨ ᠢᠨᠲ᠋ᠧᠷ ᠰᠦᠯᠵᠢᠶᠡᠨ᠎ᠤ ᠪᠥᠬᠦ᠌ ᠲᠠᠪᠴᠠᠩ᠎ᠤᠨ ᠪᠦᠷᠬᠦᠴᠡ᠎ᠶ᠋ᠢ ᠲᠦᠷᠭᠡᠳᠭᠡᠵᠦ᠍᠂ 《ᠭᠡᠷ ᠠᠬᠤᠢ᠎ᠶᠢᠨ ᠢᠲᠡᠭᠡᠮᠵᠢ᠎ᠶ᠋ᠢᠨ ᠪᠠᠢᠴᠠᠭᠠᠯᠲᠠ》 ᠬᠢᠭᠡᠳ ᠣᠷᠣᠨ ᠨᠤᠲᠤᠭ᠎ᠤᠨ ᠭᠡᠷ ᠠᠬᠤᠢ᠎ᠶᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠬᠠᠷᠢᠯᠴᠠᠨ ᠨᠡᠪᠲᠡᠷᠡᠯᠴᠡᠬᠦ᠌᠎ᠶ᠋ᠢ ᠪᠡᠶᠡᠯᠡᠭᠦᠯᠦᠨ᠎ᠡ᠃ ᠣᠷᠣᠨ ᠨᠤᠲᠤᠭ᠎ᠤᠨ ᠬᠡᠷᠡᠭ᠌ᠯᠡᠭ᠌ᠴᠢᠳ᠎ᠦᠨ ᠭᠡᠷ ᠠᠬᠤᠢ᠎ᠶᠢᠨ ᠦᠢᠯᠡᠴᠢᠯᠡᠭ᠌ᠴᠢ᠎ᠶ᠋ᠢᠨ ᠦᠢᠯᠡᠴᠢᠯᠡᠭᠡᠨ᠎ᠦ ᠦᠨᠡᠯᠡᠯᠲᠡ᠎ᠶ᠋ᠢᠨ ᠮᠡᠳᠡᠭᠡ ᠵᠠᠩᠭᠢ᠎ᠶ᠋ᠢ ᠰᠦᠪᠡᠭ᠌ᠴᠢᠯᠡᠨ ᠴᠤᠭ᠍ᠯᠠᠭᠤᠯᠬᠤ᠎ᠶ᠋ᠢᠨ ᠬᠠᠮᠲᠤ ᠬᠠᠤᠯᠢ ᠲᠣᠭ᠍ᠲᠠᠭᠠᠯ ᠶᠣᠰᠣᠭᠠᠷ ᠳᠡᠯᠭᠡᠨ ᠦᠵᠡᠭᠦᠯᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠶ᠃ ᠬᠡᠷ ᠠᠬᠤᠶ᠎ᠶ᠋ᠢᠨ ᠦᠢᠯᠡᠴᠢᠯᠡᠭ᠌ᠴᠢ᠎ᠶ᠋ᠢᠨ ᠢᠲᠡᠭᠡᠮᠵᠢ᠎ᠶ᠋ᠢᠨ ᠬᠢᠨᠠᠨ ᠪᠠᠢᠴᠠᠭᠠᠯᠲᠠ᠎ᠶ᠋ᠢ ᠴᠢᠩᠭᠠᠳᠭᠠᠵᠤ᠂ ᠡᠯᠧᠺᠲᠷᠣᠨ ᠬᠡᠪᠯᠡᠯ᠎ᠤᠨ 《ᠬᠡᠷ᠎ᠲᠤ ᠨᠢ ᠬᠦᠷᠴᠦ᠍ ᠦᠢᠯᠡᠴᠢᠯᠡᠬᠦ᠌ ᠦᠨᠡᠮᠯᠡᠯ》 ᠢ ᠬᠡᠷᠡᠭ᠌ᠵᠢᠭᠦᠯᠦᠨ᠂ ᠬᠠᠤᠯᠢ ᠲᠣᠭ᠍ᠲᠠᠭᠠᠯ ᠶᠣᠰᠣᠭᠠᠷ ᠬᠡᠷᠡᠭ᠌ᠯᠡᠭ᠌ᠴᠢᠳ᠎ᠲᠤ ᠬᠡᠷ ᠠᠬᠤᠶ᠎ᠶ᠋ᠢᠨ ᠦᠢᠯᠡᠴᠢᠯᠡᠭ᠌ᠴᠢ᠎ᠶ᠋ᠢᠨ ᠠᠵᠢᠯ ᠡᠷᠭᠢᠯᠡᠬᠦ᠌ ᠮᠡᠳᠡᠭᠡ ᠵᠠᠩᠭᠢ᠎ᠶ᠋ᠢ ᠬᠠᠤᠯᠢ ᠲᠣᠭ᠍ᠲᠠᠭᠠᠯ ᠶᠣᠰᠣᠭᠠᠷ ᠳᠡᠯᠭᠡᠨ ᠦᠵᠡᠭᠦᠯᠦᠨ᠎ᠡ᠃
(ᠠᠷᠪᠠ) ᠭᠡᠷ ᠠᠬᠤᠢ᠎ᠶᠢᠨ ᠦᠢᠯᠡᠴᠢᠯᠡᠭᠡᠨ᠎ᠦ ᠵᠢᠷᠤᠮᠵᠢᠭ᠍ᠰᠠᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠭᠡᠷ ᠠᠬᠤᠢ᠎ᠶ᠋ᠢᠨ ᠦᠢᠯᠡᠴᠢᠯᠡᠭᠡᠨ᠎ᠤ ᠠᠵᠤ ᠠᠬᠤᠢᠯᠠᠯ᠎ᠢ ᠵᠢᠯᠣᠭᠤᠳᠤᠨ ᠰᠦᠢᠳᠭᠡᠯ ᠬᠤᠷᠢᠶᠠᠬᠤ᠎ᠶ᠋ᠢ ᠢᠯᠡ ᠨᠡᠢᠲᠡᠯᠡᠬᠦ᠌ ᠬᠠᠮᠢᠶ᠎ᠠ ᠪᠦᠬᠦᠢ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠠᠵᠢᠯ ᠲᠥᠷᠥᠯ᠎ᠤᠨ ᠰᠦᠢᠳᠭᠡᠯ ᠬᠤᠷᠢᠶᠠᠬᠤ ᠢᠯᠡ ᠲᠣᠳᠣ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠭᠡᠷ ᠠᠬᠤᠢ᠎ᠶᠢᠨ ᠦᠢᠯᠡᠴᠢᠯᠡᠭᠡᠨ᠎ᠦ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ ᠬᠠᠷ᠎ᠠ᠎ᠶ᠋ᠢ ᠵᠠᠰᠠᠨ ᠲᠡᠭᠦᠯᠳᠡᠷᠵᠢᠭᠦᠯᠵᠦ᠍᠂ ᠡᠯᠧᠺᠲ᠋ᠷᠣᠨᠴᠢᠯᠠᠭ᠍ᠰᠠᠨ ᠭᠡᠷ᠎ᠡ᠎ᠶ᠋ᠢ ᠳᠡᠯᠭᠡᠷᠡᠭᠦᠯᠦᠨ᠎ᠡ᠃ 《ᠭᠡᠷ ᠠᠬᠤᠢ᠎ᠶᠢᠨ ᠦᠢᠯᠡᠴᠢᠯᠡᠭᠡᠨ᠎ᠦ ᠨᠡᠢᠲᠡ᠎ᠶ᠋ᠢᠨ ᠭᠡᠷ᠎ᠡ》 ᠶ᠋ᠢ ᠳᠡᠯᠭᠡᠷᠡᠭᠦᠯᠵᠦ᠍᠂ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠂ ᠬᠡᠷᠡᠭ᠌ᠯᠡᠭ᠌ᠴᠢᠳ ᠪᠣᠯᠤᠨ ᠭᠡᠷ ᠠᠬᠤᠢ᠎ᠶᠢᠨ ᠦᠢᠯᠡᠴᠢᠯᠡᠭ᠌ᠴᠢ ᠵᠡᠷᠭᠡ ᠭᠤᠷᠪᠠᠨ ᠲᠠᠯ᠎ᠠ᠎ᠶ᠋ᠢᠨ ᠦᠢᠯᠡ ᠠᠵᠢᠯᠯᠠᠭ᠎ᠠ᠎ᠶ᠋ᠢ ᠰᠠᠨᠠᠭᠠᠴᠢᠯᠠᠨ ᠵᠢᠷᠤᠮᠵᠢᠭᠤᠯᠵᠤ᠂ ᠰᠠᠢᠨ ᠰᠠᠢᠬᠠᠨ ᠠᠵᠢᠯ ᠲᠥᠷᠥᠯ᠎ᠦᠨ ᠣᠷᠴᠢᠨ ᠠᠬᠤᠶ᠎ᠶ᠋ᠢ ᠪᠣᠶ ᠪᠣᠯᠭᠠᠬᠤ ᠬᠡᠷᠡᠭ᠌ᠲᠡᠶ᠃ ᠨᠡᠩ ᠣᠯᠠᠨ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠎ᠤᠨ ᠪᠠᠷᠢᠮᠵᠢᠶ᠎ᠠ᠎ᠶ᠋ᠢᠨ ᠮᠡᠳᠡᠭᠡ ᠵᠠᠩᠭᠢ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠪᠴᠠᠩ᠎ᠳᠤ ᠢᠯᠡ ᠪᠠᠢᠯᠭᠠᠬᠤ ᠦᠢᠯᠡᠴᠢᠯᠡᠭᠡᠨ᠎ᠦ ᠪᠠᠷᠢᠮᠵᠢᠶ᠎ᠠ᠎ᠶ᠋ᠢ ᠠᠬᠢᠭᠤᠯᠤᠨ᠂ ᠨᠡᠢᠭᠡᠮ᠎ᠦᠨ ᠬᠢᠨᠠᠯᠲᠠ ᠲᠠᠯᠪᠢᠯᠲᠠ᠎ᠶ᠋ᠢ ᠬᠦᠯᠢᠶᠡᠨ᠎ᠡ᠃ ᠭᠡᠷ ᠠᠬᠤᠢ᠎ᠶ᠋ᠢᠨ ᠬᠦᠷᠢᠶ᠎ᠡ ᠴᠠᠷᠠᠭ᠎ᠠ᠎ᠳᠠᠬᠢ ᠨᠡᠷᠡᠲᠦ ᠲᠡᠮᠳᠡᠭ᠎ᠦᠨ ᠠᠵᠤ ᠠᠬᠤᠢᠯᠠᠯ᠂ ᠱᠢᠯᠢᠳᠡᠭ ᠬᠡᠷᠡᠭ᠎ᠤᠨ ᠵᠢᠱ᠌ᠢᠶ᠎ᠡ᠎ᠶ᠋ᠢ ᠤᠬᠠᠭᠤᠯᠤᠨ ᠮᠡᠳᠡᠭᠡᠯᠡᠬᠦ᠌᠎ᠶ᠋ᠢ ᠴᠢᠩᠭᠠᠳᠭᠠᠵᠤ᠂ ᠭᠡᠷ ᠠᠬᠤᠢ᠎ᠶ᠋ᠢᠨ ᠬᠦᠷᠢᠶ᠎ᠡ ᠴᠠᠷᠠᠭ᠎ᠠ᠎ᠳᠠᠬᠢ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠭᠡᠷ ᠠᠬᠤᠢ᠎ᠶ᠋ᠢᠨ ᠠᠵᠢᠯ ᠲᠦᠷᠦᠯ᠎ᠤᠨ ᠨᠡᠢᠭᠡᠮ᠎ᠤᠨ ᠮᠡᠳᠡᠷᠡᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃
(ᠠᠷᠪᠠᠨ ᠨᠢᠭᠡ) ᠭᠡᠷ ᠠᠬᠤᠢ᠎ᠶᠢᠨ ᠦᠢᠯᠡᠴᠢᠯᠡᠭᠡᠨ᠎ᠦ ᠪᠠᠷᠢᠮᠵᠢᠶᠠᠵᠢᠭᠤᠯᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠪᠠᠷᠢᠮᠵᠢᠶᠠᠲᠤ ᠬᠦᠲᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠭᠡᠷ ᠠᠬᠤᠢ᠎ᠶ᠋ᠢᠨ ᠦᠢᠯᠡᠴᠢᠯᠡᠭᠡᠨ᠎ᠤ ᠪᠠᠷᠢᠮᠵᠢᠶ᠎ᠠ᠎ᠶ᠋ᠢᠨ ᠲᠤᠭᠲᠠᠯᠴᠠᠭ᠎ᠠ ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠨᠢᠭᠡ ᠪᠦᠯᠦᠭ ᠭᠡᠷ ᠠᠬᠤᠢ᠎ᠶ᠋ᠢᠨ ᠦᠢᠯᠡᠴᠢᠯᠡᠭᠡᠨ᠎ᠤ ᠪᠠᠢᠭᠤᠯᠤᠮᠵᠢ᠎ᠶ᠋ᠢᠨ ᠢᠲᠡᠭᠡᠮᠵᠢ᠎ᠶ᠋ᠢᠨ ᠦᠨᠡᠯᠡᠯᠲᠡ᠂ ᠵᠡᠷᠭᠡ ᠳᠡᠰ᠎ᠤᠨ ᠬᠤᠪᠢᠶᠠᠷᠢᠯᠠᠯᠲᠠ᠎ᠪᠠᠷ ᠦᠨᠡᠯᠡᠨ ᠲᠣᠭ᠍ᠲᠠᠭᠠᠬᠤ᠂ ᠭᠡᠷ ᠠᠬᠤᠢ᠎ᠶᠢᠨ ᠦᠢᠯᠡᠴᠢᠯᠡᠭᠡᠨ᠎ᠤ ᠲᠣᠭᠠᠴᠢᠯᠠᠯᠲᠠ ᠵᠢᠴᠢ ᠡᠮᠬᠢᠯᠡᠵᠦ᠍ ᠬᠤᠷᠢᠶᠠᠬᠤ ᠵᠡᠷᠭᠡ ᠨᠠᠷᠢᠨ ᠲᠦᠷᠦᠯ ᠬᠤᠪᠢᠶᠠᠭ᠍ᠰᠠᠨ ᠦᠢᠯᠡᠴᠢᠯᠡᠭᠡᠨ᠎ᠤ ᠶᠠᠰᠤ ᠴᠢᠨᠠᠷ᠎ᠤᠨ ᠵᠢᠷᠤᠮᠵᠢᠯ᠎ᠤᠨ ᠬᠤᠯᠪᠣᠭ᠍ᠳᠠᠯ ᠪᠦᠬᠦᠢ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ᠎ᠶ᠋ᠢ ᠲᠦᠷᠭᠡᠳᠭᠡᠨ ᠲᠣᠭ᠍ᠲᠠᠭᠠᠵᠤ ᠵᠠᠰᠠᠪᠤᠷᠢ ᠣᠷᠤᠭᠤᠯᠤᠨ᠂ ᠭᠡᠷ ᠠᠬᠤᠢ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠠᠵᠢᠯ ᠲᠥᠷᠥᠯ᠎ᠦᠨ ᠨᠡᠢᠭᠡᠮᠯᠢᠭ᠂ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠎ᠤᠳ᠎ᠤᠨ ᠤᠯᠤᠰ᠎ᠤᠨ ᠪᠠᠷᠢᠮᠵᠢᠶ᠎ᠠ᠎ᠠᠴᠠ ᠥᠨᠳᠥᠷ ᠪᠦᠬᠦᠢ ᠪᠦᠯᠬᠦᠮ᠎ᠦᠨ ᠪᠠᠷᠢᠮᠵᠢᠶ᠎ᠠ᠂ ᠠᠵᠤ ᠠᠬᠤᠢᠯᠠᠯ᠎ᠤᠨ ᠪᠠᠷᠢᠮᠵᠢᠶ᠎ᠠ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠭᠡᠷ ᠠᠬᠤᠢ᠎ᠶᠢᠨ ᠦᠢᠯᠡᠴᠢᠯᠡᠭᠡᠨ᠎ᠦ ᠪᠠᠷᠢᠮᠵᠢᠶ᠎ᠠ᠎ᠶ᠋ᠢ ᠤᠬᠠᠭᠤᠯᠤᠨ ᠲᠤᠭᠤᠰᠢᠯᠠᠭᠤᠯᠵᠤ ᠳᠡᠯᠭᠡᠷᠡᠭᠦᠯᠬᠦ᠌ ᠪᠠ ᠬᠡᠷᠡᠭ᠌ᠯᠡᠬᠦ᠌᠎ᠶ᠋ᠢ ᠴᠢᠩᠭᠠᠳᠭᠠᠨ᠂ ᠭᠡᠷ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠎ᠤᠳ ᠢᠨᠲ᠋ᠧᠷ ᠰᠦᠯᠵᠢᠶ᠎ᠡ᠂ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠵᠡᠷᠭᠡ ᠡᠯ᠎ᠡ ᠲᠥᠷᠥᠯ᠎ᠦᠨ ᠠᠷᠭ᠎ᠠ ᠵᠠᠮ᠎ᠢᠶᠠᠷ ᠳᠠᠮᠵᠢᠭᠤᠯᠤᠨ ᠬᠡᠷᠡᠭ᠌ᠯᠡᠭ᠌ᠴᠢᠳ᠎ᠲᠦ ᠡᠯ᠎ᠡ ᠵᠦᠢᠯ᠎ᠦᠨ ᠦᠢᠯᠡᠴᠢᠯᠡᠭᠡᠨ᠎ᠦ ᠪᠠᠷᠢᠮᠵᠢᠶ᠎ᠠ᠎ᠪᠠᠨ ᠲᠣᠳᠣᠷᠬᠠᠶ ᠢᠯᠡᠳᠭᠡᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠶ᠃ ᠭᠡᠷ ᠠᠬᠤᠢ᠎ᠶᠢᠨ ᠬᠦᠷᠢᠶᠡᠨ᠎ᠳᠠᠬᠢ ᠪᠠᠷᠢᠮᠵᠢᠶᠠᠵᠢᠭᠤᠯᠤᠯᠲᠠ᠎ᠶ᠋ᠢᠨ ᠬᠡᠷᠡᠭ᠌ᠯᠡᠭᠡᠨ᠎ᠤ ᠨᠡᠢᠲᠡᠯᠢᠭ ᠲᠤᠷᠱᠢᠯᠭ᠎ᠠ᠎ᠶ᠋ᠢ ᠳ᠋ᠦᠩᠨᠡᠵᠦ᠍᠂ ᠤᠬᠠᠭᠤᠯᠤᠨ ᠳᠡᠯᠭᠡᠷᠡᠭᠦᠯᠬᠦ᠌ ᠡᠷᠴᠢᠮ᠎ᠢᠶᠠᠨ ᠴᠢᠩᠭᠠᠷᠠᠭᠤᠯᠤᠨ᠎ᠠ᠃
(ᠠᠷᠪᠠᠨ ᠬᠣᠶᠠᠷ) ᠭᠡᠷ ᠠᠬᠤᠢ᠎ᠶᠢᠨ ᠦᠢᠯᠡᠴᠢᠯᠡᠭᠡᠨ᠎ᠦ ᠵᠠᠬ᠎ᠠ ᠳᠡᠯᠭᠡᠭᠦᠷ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠬᠥᠲᠥᠯᠥᠨ ᠵᠢᠯᠣᠭᠣᠳᠤᠨ᠎ᠠ᠃ ᠭᠡᠷ ᠠᠬᠤᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠬᠢᠨᠠᠨ ᠬᠡᠮᠵᠢᠵᠦ᠍ ᠦᠨᠡᠯᠡᠬᠦ᠌᠎ᠶ᠋ᠢ ᠦᠷᠭᠦᠯᠵᠢᠯᠡᠨ ᠥᠷᠨᠢᠭᠦᠯᠵᠦ᠍᠂ ᠭᠡᠷ ᠠᠬᠤᠢ᠎ᠶᠢᠨ ᠠᠵᠤ ᠠᠬᠤᠢᠯᠠᠯ ᠪᠣᠯᠤᠨ ᠭᠡᠷ ᠠᠬᠤᠢ᠎ᠶᠢᠨ ᠦᠢᠯᠡᠴᠢᠯᠡᠭ᠌ᠴᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠦᠢᠯᠡᠴᠢᠯᠡᠭᠡᠨ᠎ᠦ ᠶᠠᠰᠤ ᠴᠢᠨᠠᠷ᠎ᠢ ᠨᠢ ᠳᠡᠭᠡᠭ᠌ᠰᠢᠯᠡᠭᠦᠯᠦᠨ᠎ᠡ᠃ ᠭᠡᠷ ᠠᠬᠤᠶ ᠶ᠋ᠢᠨ ᠦᠢᠯᠡᠴᠢᠯᠡᠭᠡᠨ᠎ᠦ ᠬᠦᠷᠢᠶ᠎ᠡ ᠬᠡᠪᠴᠢᠶᠡᠨ᠎ᠳᠦ ᠦᠢᠯᠡᠴᠢᠯᠡᠭᠡᠨ᠎ᠦ ᠶᠠᠰᠤ ᠴᠢᠨᠠᠷ᠎ᠤᠨ ᠠᠮᠠᠯᠠᠯᠲᠠ᠎ᠶ᠋ᠢᠨ ᠠᠵᠢᠯᠯᠠᠭ᠎ᠠ ᠥᠷᠨᠢᠭᠦᠯᠵᠦ᠍᠂ ᠭᠡᠷ ᠠᠬᠤᠶ ᠶ᠋ᠢᠨ ᠦᠢᠯᠡᠴᠢᠯᠡᠭᠡᠨ᠎ᠦ ᠢᠯᠡᠴᠢᠯᠡᠨ ᠮᠡᠳᠡᠭᠦᠯᠬᠦ᠌᠂ ᠵᠡᠭᠠᠯᠳᠦᠬᠤ ᠠᠷᠭ᠎ᠠ ᠵᠠᠮ ᠢ ᠲᠡᠭᠦᠯᠳᠡᠷᠵᠢᠭᠦᠯᠦᠨ᠂ ᠭᠡᠷ ᠠᠬᠤᠶ ᠶ᠋ᠢᠨ ᠠᠵᠤ ᠠᠬᠤᠢᠯᠠᠯ ᠪᠣᠯᠤᠨ ᠭᠡᠷ ᠠᠬᠤᠶ ᠶ᠋ᠢᠨ ᠦᠢᠯᠡᠴᠢᠯᠡᠭ᠌ᠴᠢ᠎ᠶ᠋ᠢᠨ ᠢᠲᠡᠭᠡᠯ᠎ᠲᠡᠶ ᠪᠠᠢᠬᠤ ᠶ᠋ᠢ ᠬᠥᠲᠥᠯᠥᠨ ᠵᠢᠯᠣᠭᠣᠳᠴᠤ᠌ ᠪᠠᠢᠭᠠᠳ ᠳᠠᠬᠢᠨ ᠠᠮᠠᠯᠠᠵᠤ᠂ ᠦᠢᠯᠡᠴᠢᠯᠡᠭᠡᠨ᠎ᠦ ᠶᠠᠰᠤ ᠴᠢᠨᠠᠷ᠎ᠤᠨ ᠬᠢᠷᠢ ᠬᠡᠮᠵᠢᠶ᠎ᠡ ᠶ᠋ᠢ ᠨᠢ ᠳᠡᠭᠡᠭ᠌ᠰᠢᠯᠡᠭᠦᠯᠬᠦ᠌ ᠬᠡᠷᠡᠭ᠌ᠲᠡᠶ᠃ 《ᠢᠲᠡᠭᠡᠮᠵᠢ᠎ᠲᠠᠢ +》 ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ᠎ᠢ ᠳᠡᠯᠭᠡᠷᠡᠭᠦᠯᠵᠦ᠍᠂ ᠢᠲᠡᠭᠡᠮᠵᠢ᠎ᠲᠠᠢ ᠡᠵᠡᠩᠨᠡᠯᠲᠡ᠎ᠶ᠋ᠢᠨ ᠤᠷᠮᠠᠱᠢᠭᠤᠯᠤᠯ᠎ᠢ ᠴᠢᠩᠭᠠᠷᠠᠭᠤᠯᠤᠨ᠎ᠠ᠃ ᠠᠵᠢᠯ ᠲᠥᠷᠥᠯ᠎ᠦᠨ ᠨᠡᠢᠭᠡᠮᠯᠢᠭ᠎ᠦᠨ ᠦᠢᠯᠡᠳᠦᠯ᠎ᠢ ᠪᠠᠳᠠᠷᠠᠭᠤᠯᠤᠨ᠂ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠎ᠶ᠋ᠢ ᠴᠢᠩᠭᠠᠳᠭᠠᠵᠤ᠂ ᠭᠡᠷ ᠠᠬᠤᠢ᠎ᠶᠢᠨ ᠦᠢᠯᠡᠴᠢᠯᠡᠭᠡᠨ᠎ᠦ ᠪᠠᠢᠩᠭᠤᠵᠢᠭ᠍ᠰᠠᠨ᠂ ᠣᠯᠠᠨ ᠡᠱᠢᠵᠢᠭ᠌ᠰᠡᠨ ᠵᠢᠭᠤᠷᠠᠯᠳᠤᠭᠠᠨ᠎ᠢ ᠡᠶᠡᠳᠡᠭᠦᠯᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠰᠠᠢᠨ ᠰᠠᠢᠬᠠᠨ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠣᠷᠴᠢᠨ ᠠᠬᠤᠶ᠎ᠶ᠋ᠢ ᠪᠣᠶ ᠪᠣᠯᠭᠠᠬᠤ ᠬᠡᠷᠡᠭ᠌ᠲᠡᠶ᠃
ᠬᠤᠳᠠᠯᠳᠤᠭᠠᠨ᠎ᠤ ᠶᠠᠪᠤᠳᠠᠯ᠎ᠤᠨ ᠶᠠᠮᠤᠨ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ
ᠰᠤᠷᠭᠠᠨ ᠬᠦᠮᠦᠵᠢᠯ᠎ᠤᠨ ᠶᠠᠮᠤᠨ
ᠳᠣᠲᠣᠭᠠᠳᠤ᠎ᠶ᠋ᠢ ᠬᠠᠮᠠᠭᠠᠯᠠᠬᠤ ᠶᠠᠮᠤᠨ
ᠠᠷᠠᠳ᠎ᠤᠨ ᠶᠠᠪᠤᠳᠠᠯ᠎ᠤᠨ ᠶᠠᠮᠤᠨ
ᠡᠳ᠋᠎ᠦᠨ ᠵᠠᠰᠠᠭ᠎ᠤᠨ ᠶᠠᠮᠤᠨ
ᠬᠥᠮᠦᠨ᠎ᠦ᠌ ᠬᠦᠴᠦᠨ᠎ᠦ᠌ ᠡᠬᠢ ᠪᠠᠶᠠᠯᠢᠭ ᠨᠡᠢᠭᠡᠮ᠎ᠦ᠋ᠨ ᠪᠠᠲᠤᠯᠠᠭ᠎ᠠ᠎ᠶᠢᠨ ᠶᠠᠮᠤᠨ
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠤᠪᠴᠢᠶ᠎ᠠ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠤᠪᠴᠢᠶ᠎ᠠ
2025 ᠣᠨ᠎ᠤ 4 ᠳ᠋ᠦ᠍ᠭᠡᠷ ᠰᠠᠷ᠎ᠠ᠎ᠶ᠋ᠢᠨ 9 ᠤ ᠡᠳᠦᠷ