ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠬᠡᠷᠡᠭ᠌ᠯᠡᠭᠡᠨ᠎ᠦ ᠵᠦᠢᠯ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠬᠠᠮᠤᠭ᠎ᠤᠨ ᠱᠢᠨ᠎ᠡ ᠨᠥᠬᠥᠪᠥᠷᠢ᠎ᠶ᠋ᠢᠨ ᠪᠠᠷᠢᠮᠵᠢᠶ᠎ᠠ
ᠨᠡᠶ᠋ᠢᠲᠡᠯᠡᠭᠰᠡᠨ ᠴᠠᠭ᠄ 2025-02-06

                 ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠷᠡᠭ᠌ᠯᠡᠭᠡᠨ᠎ᠤ ᠨᠦᠬᠦᠪᠦᠷᠢ

         ᠭᠡᠷ᠎ᠦᠨ ᠴᠠᠬᠢᠯᠭᠠᠨ ᠬᠡᠷᠡᠭ᠌ᠰᠡᠯ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠣᠭ᠎ᠠ᠎ᠪᠠᠷ ᠱᠢᠨ᠎ᠡ ᠨᠥᠬᠥᠪᠥᠷᠢ ᠠᠪᠬᠤ

 

  ᠬᠥᠳᠡᠯᠭᠡᠭᠡᠨ᠎ᠦ ᠴᠠᠭ

  2025 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ᠎ᠶ᠋ᠢᠨ 31 ᠎ᠤ ᠡᠳᠦᠷ ᠪᠣᠯᠲᠠᠯ᠎ᠠ

  ᠬᠢᠨᠠᠵᠦ ᠭᠠᠷᠭ᠋ᠠᠬᠤ ᠴᠠᠭ

  ᠰᠦᠯᠵᠢᠶᠡᠨ᠎ᠤ ᠭᠠᠳᠠᠭᠤᠷᠬᠢ ᠲᠤᠰᠭᠠᠶ ᠣᠷᠣᠨ᠎ᠤ ᠲᠡᠮᠳᠡᠭ᠌ᠲᠦ᠄ ᠡᠳᠦᠷ ᠪᠦᠷᠢ᠎ᠶ᠋ᠢᠨ 09᠄ 00᠄ 00 - 22᠄ 00᠄ 00

  ᠰᠦᠯᠵᠢᠶᠡᠨ ᠳᠡᠭᠡᠷᠡᠬᠢ ᠲᠤᠰᠭᠠᠶ ᠣᠷᠣᠨ᠎ᠤ ᠲᠡᠮᠳᠡᠭ᠌ᠲᠦ᠄ ᠡᠳᠦᠷ ᠪᠦᠷᠢ᠎ᠶ᠋ᠢᠨ 09᠄ 00᠄ 00 - 23᠄ 59᠄ 59

  ᠬᠦᠳᠡᠯᠭᠡᠭᠡᠨ᠎ᠦ ᠠᠭᠤᠯᠭ᠎ᠠ

  ᠭᠡᠷ᠎ᠦ᠋ᠨ ᠴᠠᠬᠢᠯᠭᠠᠨ ᠬᠡᠷᠡᠭ᠌ᠰᠡᠯ᠎ᠦ᠋ᠨ ᠳ᠋ᠢᠵᠢᠲ᠋ᠠᠯ ᠨᠥᠬᠥᠪᠥᠷᠢ᠎ᠶᠢᠨ ᠬᠠᠮᠤᠭ ᠥᠨᠳᠥᠷ ᠨᠥᠬᠥᠪᠥᠷᠢ ᠨᠢ 2000 ᠲᠥᠭᠥᠷᠢᠭ

  ᠰᠦᠯᠵᠢᠶᠡᠨ ᠳᠡᠭᠡᠷᠡᠬᠢ ᠲᠤᠰᠭᠠᠶ ᠣᠷᠣᠨ᠂ ᠰᠦᠯᠵᠢᠶᠡᠨ᠎ᠤ ᠭᠠᠳᠠᠭᠤᠷᠬᠢ ᠲᠤᠰᠭᠠᠶ ᠣᠷᠣᠨ

  ᠰᠦᠯᠵᠢᠶᠡᠨ ᠭᠠᠳᠠᠭᠤᠷᠬᠢ ᠬᠥᠳᠡᠯᠭᠡᠭᠡᠨ ᠬᠢᠵᠦ᠍ ᠪᠠᠢᠭ᠎ᠠ ᠬᠤᠳᠠᠯᠳᠤᠭᠠᠴᠢᠨ᠎ᠤ ᠨᠡᠷᠡᠰ᠎ᠢ ᠲᠤᠪᠴᠢᠳᠠᠨ ᠦᠵᠡᠭᠡᠷᠡᠢ

  ᠣᠷᠣᠯᠴᠠᠵᠤ ᠪᠠᠢᠭ᠎ᠠ ᠠᠵᠤ ᠠᠬᠤᠢᠯᠠᠯ᠎ᠤᠨ ᠨᠡᠷᠡᠰ᠎ᠢ ᠨᠡᠷ᠎ᠡ ᠮᠡᠳᠡᠭᠦᠯᠦᠭ᠌ᠰᠡᠨ ᠪᠠᠢᠳᠠᠯ᠎ᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠤᠨ ᠱᠢᠨᠡᠳᠭᠡᠨ᠎ᠡ

  ᠬᠦᠳᠡᠯᠭᠡᠭᠡᠨ᠎ᠦ ᠳᠦᠷᠢᠮ

  ᠬᠡᠷᠡᠭ᠌ᠵᠢᠭᠦᠯᠬᠦ᠌ ᠡᠲᠡᠭᠡᠳ᠄ GPS ᠣᠷᠣᠨ ᠪᠠᠢᠷᠢ᠎ᠶᠢᠨ ᠲᠣᠭᠲᠠᠭᠠᠯᠲᠠ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠢᠬᠤ ᠪᠥᠭᠡᠳ ᠦᠨᠡᠨ ᠨᠡᠷ᠎ᠡ᠎ᠪᠡᠷ᠎ᠢᠶᠡᠨ ᠳᠠᠩᠰᠠᠯᠠᠭᠤᠯᠤᠭᠰᠠᠨ ᠶᠦᠨ ᠱᠠᠨ ᠹᠦ APP ᠬᠡᠷᠡᠭᠯᠡᠭᠴᠢ 

  ᠭᠡᠷ᠎ᠦᠨ ᠴᠠᠬᠢᠯᠭᠠᠨ ᠬᠡᠷᠡᠭᠰᠡᠯ᠎ᠦᠨ ᠠᠵᠢᠯᠯᠠᠭ᠎ᠠ᠎ᠶᠢᠨ ᠪᠠᠷᠢᠮᠵᠢᠶ᠎ᠠ᠄ ᠠᠵᠤ ᠠᠬᠤᠢᠯᠠᠯ᠎ᠤᠨ ᠳᠡᠯᠭᠡᠭᠦᠷ᠎ᠡᠴᠡ [ ᠴᠠᠬᠢᠯᠭ᠋ᠠᠨ ᠬᠦᠯᠳᠡᠭᠡᠭᠦᠷ ( ᠬᠦᠯᠳᠡᠭᠡᠭᠦᠷ ᠬᠣᠷᠭᠣ ᠪᠠᠭᠲᠠᠨ᠎ᠠ )᠂ ᠬᠤᠪᠴᠠᠰᠤ ᠤᠬᠢᠶᠠᠬᠤ ᠮᠠᠱᠢᠨ ( ᠬᠣᠪᠴᠠᠰᠦ ᠬᠠᠲᠠᠭ᠋ᠠᠬᠤ ᠮᠠᠱᠢᠨ ᠪᠠᠭ᠍ᠲᠠᠨ᠎ᠠ )᠂ ᠲᠧᠯᠸᠢᠰ ᠮᠠᠱᠢᠨ᠂ ᠠᠭᠠᠷ ᠲᠣᠬᠢᠷᠠᠭᠤᠯᠤᠭᠤᠷ᠂ ᠺᠣᠮᠫᠢᠦ᠋ᠲ᠋ᠧᠷ ( ᠬᠠᠪᠲᠠᠭᠠᠢ ᠺᠣᠮᠫᠢᠦ᠋ᠲᠧᠷ ᠪᠠᠭ᠍ᠲᠠᠬᠤ ᠥᠬᠡᠶ )᠂ ᠤᠰᠤ ᠬᠠᠯᠠᠭᠠᠭᠤᠷ ( ᠡᠯᠭᠦᠮᠡᠯ ᠵᠤᠤᠬ᠎ᠠ ᠪᠠᠭ᠍ᠲᠠᠨ᠎ᠠ )᠂ ᠬᠡᠷ ᠪᠦᠯᠢ᠎ᠶ᠋ᠢᠨ ᠵᠤᠤᠬ᠎ᠠ ( ᠬᠤᠷᠠᠮᠠᠯ ᠵᠤᠤᠬ᠎ᠠ ᠪᠠᠭ᠍ᠲᠠᠨ᠎ᠠ )᠂ ᠲᠣᠰᠣ ᠰᠣᠷᠣᠬᠤ ᠮᠠᠱᠢᠨ᠂ ᠤᠰᠤ ᠴᠡᠪᠡᠷᠯᠡᠭᠦᠷ᠂ ᠠᠶᠠᠭ᠎ᠠ ᠤᠬᠢᠶᠠᠬᠤ ᠮᠠᠱᠢᠨ᠂ ᠴᠠᠬᠢᠯᠭᠠᠨ ᠲᠣᠭᠤᠭ᠎ᠠ᠂ ᠪᠢᠴᠢᠯ ᠳᠣᠯᠭᠢᠶᠠᠨ᠎ᠤ ᠵᠤᠤᠬ᠎ᠠ ) ] 12 ᠲᠥᠷᠥᠯ᠎ᠤᠨ ᠬᠡᠷ᠎ᠤᠨ ᠴᠠᠬᠢᠯᠭᠠᠨ ᠬᠡᠷᠡᠭ᠌ᠰᠡᠯ ᠬᠤᠳᠠᠯᠳᠤᠨ ᠠᠪᠬᠤ᠎ᠳᠤ ᠣᠷᠣᠯᠴᠠᠵᠤ᠂ 1 ᠲᠠᠰ᠎ᠤᠨ ᠡᠨᠧᠷᠭᠢ᠎ᠶᠢᠨ ᠠᠰᠢᠭ᠍ᠯᠠᠮᠵᠢ᠎ᠲᠠᠢ ( ᠪᠤᠶᠤ ᠤᠰᠤᠨ᠎ᠤ ᠠᠰᠢᠭ᠍ᠯᠠᠮᠵᠢ᠎ᠲᠠᠢ ) ᠦᠢᠯᠡᠳᠬᠦᠨ᠎ᠳᠦ ᠪᠣᠷᠣᠯᠠᠭᠤᠯᠤᠯᠲᠠ᠎ᠶᠢᠨ ᠦᠨ᠎ᠡ᠎ᠶᠢᠨ 20% ᠪᠠᠷ ᠨᠡᠮᠡᠭᠦᠷᠢ ᠥᠭᠭᠦᠨ᠎ᠡ ; 2 ᠲᠠᠰ᠎ᠤᠨ ᠡᠨᠧᠷᠭᠢ᠎ᠶᠢᠨ ᠠᠰᠢᠭ᠍ᠯᠠᠮᠵᠢ᠎ᠲᠠᠢ ( ᠪᠤᠶᠤ ᠤᠰᠤᠨ᠎ᠤ ᠠᠰᠢᠭ᠍ᠯᠠᠮᠵᠢ᠎ᠲᠠᠢ ) ᠦᠢᠯᠡᠳᠬᠦᠨ᠎ᠳᠦ ᠪᠣᠷᠣᠯᠠᠭᠤᠯᠬᠤ ᠦᠨ᠎ᠡ᠎ᠶᠢᠨ 15% ᠪᠠᠷ ᠨᠡᠮᠡᠭᠦᠷᠢ ᠥᠭᠭᠦᠨ᠎ᠡ ; ᠡᠨᠧᠷᠭᠢ᠎ᠶ᠋ᠢᠨ ᠦᠷ᠎ᠡ ᠪᠦᠲᠦᠮᠵᠢ ᠪᠤᠶᠤ ᠤᠰᠤᠨ᠎ᠤ ᠠᠱᠢᠭ᠍ᠯᠠᠮᠵᠢ᠎ᠶ᠋ᠢᠨ ᠦᠢᠯᠡᠳᠬᠦᠨ ᠎ᠤ ᠨᠡᠮᠡᠭᠦᠷᠢ ᠥᠭ᠌ᠬᠦ ᠪᠠᠷᠢᠮᠵᠢᠶ᠎ᠠ᠎ᠨᠢ ᠦᠢᠯᠡᠳᠬᠦᠨ᠎ᠤ ᠬᠠᠮᠤᠭ ᠡᠴᠦᠰ᠎ᠤᠨ ᠪᠣᠷᠣᠯᠠᠭᠤᠯᠬᠤ ᠦᠨ᠎ᠡ ᠬᠠᠩᠰᠢ᠎ᠶ᠋ᠢᠨ 15% ᠎ᠪᠠᠷ ᠬᠢᠵᠠᠭᠠᠷᠯᠠᠨ᠎ᠠ᠃ ᠬᠡᠷᠡᠭᠯᠡᠭᠴᠢ ᠨᠢᠭᠡᠪᠦᠷᠢ᠎ᠶᠢᠨ ᠲᠥᠷᠥᠯ ᠪᠦᠷᠢ᠎ᠶᠢᠨ ᠦᠢᠯᠡᠳᠬᠦᠨ᠎ᠳᠦ 1 ᠵᠦᠢᠯ ( ᠠᠭᠠᠷ ᠲᠣᠬᠢᠷᠠᠭᠤᠯᠤᠭ᠍ᠴᠢ 3 ᠵᠦᠢᠯ ) ᠨᠡᠮᠡᠭᠦᠷᠢᠯᠡᠵᠦ ᠪᠣᠯᠣᠨ᠎ᠠ ᠂ ᠵᠦᠢᠯ ᠪᠦᠷᠢ᠎ᠶᠢᠨ ᠨᠡᠮᠡᠭᠦᠷᠢ᠎ᠶᠢᠨ ᠲᠣᠭ᠎ᠠ᠎ᠶᠢ 2000 ᠲᠥᠭᠥᠷᠢᠭ᠎ᠡᠴᠡ ᠬᠡᠲᠦᠷᠡᠭᠦᠯᠬᠦ ᠦᠭᠡᠢ ᠃ 

  ᠳ᠋ᠢᠵᠢᠲ᠋ᠠᠯ ᠬᠦᠳᠡᠯᠭᠡᠭᠡᠨ᠎ᠤ ᠨᠥᠬᠥᠪᠥᠷᠢ᠎ᠶᠢᠨ ᠪᠠᠷᠢᠮᠵᠢᠶ᠎ᠠ᠄ ᠎ᠣᠷᠣᠯᠴᠠᠭᠰᠠᠨ ᠠᠵᠤ ᠠᠬᠤᠢᠯᠠᠯ᠎ᠤᠨ ᠳᠡᠯᠭᠡᠭᠦᠷ᠎ᠡᠴᠡ 6000 ᠲᠥᠭᠥᠷᠢᠭ᠎ᠡᠴᠡ ᠬᠡᠲᠦᠷᠡᠬᠦ ᠦᠭᠡᠢ ᠭᠠᠷ ᠤᠲᠠᠰᠤ ᠂ ᠬᠠᠪᠲᠠᠭᠠᠢ ᠬᠠᠪᠲᠠᠰᠤ ᠂ ᠣᠶᠤᠨᠲᠤ ᠭᠠᠷ ᠴᠠᠭ (  ᠭᠠᠷ ᠴᠠᠭ᠋ᠠᠷᠢᠭ ) 3 ᠲᠥᠷᠥᠯ᠎ᠦᠨ ᠳ᠋ᠢᠵᠢᠲ᠋ᠠᠯ ᠦᠢᠯᠡᠳᠬᠦᠨ ᠬᠤᠳᠠᠯᠳᠤᠨ ᠠᠪᠤᠪᠠᠯ ᠂ ᠬᠡᠷᠡᠭᠯᠡᠭᠴᠢ ᠨᠢᠭᠡᠪᠦᠷᠢ᠎ᠶᠢᠨ ᠲᠥᠷᠥᠯ ᠪᠦᠷᠢ᠎ᠶᠢᠨ ᠦᠢᠯᠡᠳᠬᠦᠨ᠎ᠳᠦ 1 ᠬᠤᠪᠢ ᠨᠡᠮᠡᠭᠦᠷᠢ ᠥᠭᠴᠦ ᠪᠣᠯᠣᠨ᠎ᠠ᠂ ᠵᠠᠬ᠎ᠠ ᠪᠦᠷᠢ᠎ᠶᠢᠨ ᠨᠡᠮᠡᠭᠦᠷᠢ᠎ᠶᠢᠨ ᠬᠠᠮᠤᠭ ᠡᠴᠦᠰ᠎ᠦᠨ ᠪᠣᠷᠣᠯᠠᠭᠤᠯᠤᠯᠲᠠ᠎ᠶᠢᠨ ᠦᠨ᠎ᠡ᠎ᠶᠢᠨ 15% ᠂ ᠵᠠᠬ᠎ᠠ ᠨᠢᠭᠡᠪᠦᠷᠢ᠎ᠶᠢᠨ ᠪᠣᠷᠣᠯᠠᠭᠤᠯᠤᠯᠲᠠ᠎ᠶᠢᠨ ᠬᠠᠮᠤᠭ ᠥᠨᠳᠥᠷ᠎ᠲᠤ᠎ᠪᠠᠨ 500 ᠲᠥᠭᠥᠷᠢᠭ᠎ᠡᠴᠡ ᠬᠡᠲᠦᠷᠡᠵᠦ ᠪᠣᠯᠬᠤ ᠦᠭᠡᠢ ᠃ 

  ᠬᠢᠨᠠᠵᠦ ᠭᠠᠷᠭ᠋ᠠᠬᠤ ᠠᠷᠭ᠎ᠠ ᠮᠠᠶᠢᠭ᠄ ᠬᠡᠷᠡᠭ᠌ᠯᠡᠭ᠌ᠴᠢᠳ ᠨᠡᠮᠡᠭᠦᠷᠢ ᠥᠭ᠌ᠬᠦ ᠨᠥᠬᠦᠴᠡᠯ᠎ᠳᠤ ᠨᠡᠢᠴᠡᠬᠦ᠌ ᠦᠶ᠋ᠯᠡᠳᠬᠦᠨ᠎ᠢ ᠰᠣᠩᠭᠤᠨ ᠲᠣᠭ᠍ᠲᠠᠭᠠᠭ᠍ᠰᠠᠨ᠎ᠤ ᠳᠠᠷᠠᠭ᠎ᠠ᠂ ᠰᠦᠯᠵᠢᠶᠡᠨ ᠎ᠤ ᠭᠠᠳᠠᠭᠤᠷᠬᠢ ᠬᠡᠷᠡᠭᠯᠡᠭᠡ ᠬᠢᠬᠦ ᠦᠶ᠎ᠡ᠎ᠳᠤ ᠬᠡᠷᠡᠭ᠌ᠯᠡᠭ᠌ᠴᠢᠳ ᠶᠦᠨ ᠱᠠᠨ ᠹᠦ᠋ ᠬᠤᠶᠠᠷ ᠬᠡᠮᠵᠢᠯᠳᠦ ᠺᠣᠳ᠋᠎ᠢᠶᠠᠨ ᠭᠠᠷᠭᠠᠨ ᠦᠵᠡᠭᠦᠯᠵᠦ᠍᠂ ᠠᠵᠤ ᠠᠵᠤ ᠠᠬᠤᠢᠯᠠᠯ ( ᠳᠡᠯᠭᠡᠭᠦᠷ )᠎ᠤᠨ POS ᠺᠣᠳ᠋ ᠰᠢᠷᠪᠢᠬᠦ᠎ᠪᠡᠷ ᠳᠠᠮᠵᠢᠭᠤᠯᠤᠨ ᠲᠣᠭᠠᠴᠠᠭ᠎ᠠ ᠬᠢᠬᠦ᠎ᠳᠦ ᠣᠷᠣᠯᠴᠠᠨ᠎ᠠ; ᠡᠰᠡᠬᠦᠯ᠎ᠡ ᠬᠡᠷᠡᠭ᠌ᠯᠡᠭ᠌ᠴᠢᠳ ᠺᠠᠷᠲ᠎ᠢᠶᠠᠷ ᠲᠣᠭᠠᠴᠠᠭ᠎ᠠ ᠬᠢᠨ᠎ᠡ ( ᠪᠠᠩᠬᠢ᠎ᠶ᠋ᠢᠨ ᠺᠠᠷᠲ ᠨᠢ ᠤᠷᠢᠳᠴᠢᠯᠠᠨ ᠶᠦᠨ ᠱᠠᠨ ᠹᠦ᠋ ᠲᠠᠢ ᠬᠤᠯᠪᠤᠬᠤ ᠬᠡᠷᠡᠭᠲᠡᠢ ); ᠰᠦᠯᠵᠢᠶᠡᠨ ᠳᠡᠭᠡᠷ᠎ᠡ ᠬᠡᠷᠡᠭ᠌ᠯᠡᠭᠡ ᠬᠢᠬᠦ᠌ ᠦᠶ᠎ᠡ᠎ᠳᠤ ᠪᠠᠷᠠᠭ᠎ᠠ ᠬᠤᠷᠢᠶᠠᠬᠤ ᠬᠠᠶᠢᠭ ᠨᠢ ᠥᠪᠥᠷ ᠮᠣᠩᠭᠤᠯ ᠣᠷᠣᠨ᠎ᠳᠤ ᠪᠠᠢᠵᠤ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠳᠤ ᠶᠦᠨ ᠱᠠᠨ ᠹᠦ᠋ ᠎ᠪᠡᠷ ᠲᠣᠭᠠᠴᠠᠭ᠎ᠠ ᠬᠢᠨ᠎ᠡ᠃ ᠬᠡᠷᠡᠭᠯᠡᠭᠴᠢᠳ ᠵᠣᠭᠣᠰ ᠥᠭᠬᠦ᠎ᠳᠡᠭᠡᠨ ᠵᠠᠰᠠᠭ᠎ᠤᠨ ᠣᠷᠳᠣᠨ᠎ᠤ ᠨᠡᠮᠡᠭᠦᠷᠢ ᠮᠥᠩᠭᠥ᠎ᠶᠢᠨ ᠲᠣᠭ᠎ᠠ᠎ᠶᠢ ᠠᠦ᠋ᠲ᠋ᠣ᠋ ᠲᠣᠭᠠᠴᠠᠭ᠎ᠠ ᠬᠢᠬᠦ᠎ᠶᠢᠨ ᠬᠠᠮᠲᠤ ᠬᠡᠷᠡᠭᠯᠡᠭᠴᠢᠳ ᠶᠦᠨ ᠱᠠᠨ ᠹᠦ᠋ ᠲᠠᠪᠴᠠᠩ᠎ᠳᠠᠬᠢ ᠬᠦᠴᠦᠨ ᠪᠦᠬᠦᠢ ᠡᠯᠧᠺᠲᠷᠣᠨ᠎ᠢᠶᠠᠷ ᠲᠤᠯᠭᠠᠨ ᠬᠡᠷᠡᠭᠯᠡᠬᠦ ᠲᠡᠮᠳᠡᠭᠲᠦ᠎ᠶᠢ ᠬᠠᠷᠭᠤᠭᠤᠯᠤᠨ ᠬᠠᠰᠤᠨ᠎ᠠ ᠃ ᠬᠡᠷᠡᠭᠯᠡᠭᠴᠢᠳ᠎ᠦᠨ ᠪᠣᠳᠠᠲᠠᠢ ᠥᠭᠭᠦᠭᠰᠡᠨ ᠵᠣᠭᠣᠰ᠎ᠤᠨ ᠲᠣᠭ᠎ᠠ ᠪᠣᠯ ᠲᠠᠸᠠᠷ᠎ᠤᠨ ᠬᠤᠳᠠᠯᠳᠤᠬᠤ ᠦᠨ᠎ᠡ᠎ᠡᠴᠡ ᠵᠠᠰᠠᠭ᠎ᠤᠨ ᠣᠷᠳᠣᠨ᠎ᠤ ᠨᠡᠮᠡᠭᠦᠷᠢ᠎ᠶᠢ ᠬᠠᠰᠤᠭᠰᠠᠨ᠎ᠤ ᠳᠠᠷᠠᠭᠠᠬᠢ ᠵᠣᠭᠣᠰ᠎ᠤᠨ ᠲᠣᠭ᠎ᠠ ᠪᠣᠯᠣᠨ᠎ᠠ᠃ 1 ᠲᠡᠮᠳᠡᠭᠲᠦ 1 ᠬᠠᠭᠤᠳᠠᠰᠤ᠂ ᠨᠢᠭᠡ ᠨᠢᠭᠡ᠎ᠪᠡᠷ ᠬᠠᠷᠭᠤᠭᠤᠯᠤᠨ ᠬᠠᠰᠤᠪᠠᠯ ᠂ ᠲᠥᠷᠥᠯ ᠪᠦᠷᠢ᠎ᠶᠢᠨ 《 ᠲᠥᠷᠥᠯ ᠵᠦᠢᠯ᠎ᠦᠨ ᠲᠡᠮᠳᠡᠭᠲᠦ 》 ᠨᠢ ᠵᠥᠪᠬᠡᠨ 1 ᠰᠠᠭᠤᠳᠬᠠᠯ᠎ᠤᠨ ᠲᠡᠮᠳᠡᠭᠲᠦ᠎ᠶᠢ ᠬᠠᠷᠭᠤᠭᠤᠯᠤᠨ ᠬᠠᠰᠤᠨ᠎ᠠ᠃ 

  ᠪᠦᠲᠦᠭᠡᠭ᠌ᠳᠡᠬᠦᠨ᠎ᠤ ᠲᠥᠷᠥᠯ᠎ᠤᠨ ᠲᠡᠮᠳᠡᠭ᠌ᠲᠦ᠍᠎ᠶ᠋ᠢᠨ ᠬᠦᠴᠦᠨ᠎ᠲᠠᠢ ᠬᠤᠭᠤᠴᠠᠭ᠎ᠠ᠄ ᠰᠦᠯᠵᠢᠶᠡᠨ᠎ᠤ ᠭᠠᠳᠠᠭᠤᠷᠬᠢ 《ᠪᠦᠲᠦᠭᠡᠭ᠌ᠳᠡᠬᠦᠨ᠎ᠤ ᠲᠦᠷᠦᠯ᠎ᠤᠨ ᠲᠡᠮᠳᠡᠭ᠌ᠲᠦ》 ᠎ᠶ᠋ᠢᠨ ᠬᠦᠴᠦᠨ᠎ᠲᠠᠢ ᠬᠤᠭᠤᠴᠠᠭ᠎ᠠ᠎ᠨᠢ ᠭᠤᠶᠤᠴᠢᠯᠠᠨ ᠠᠪᠬᠤ ᠴᠠᠭ᠎ᠠᠴᠠ ᠡᠬᠢᠯᠡᠵᠦ᠍ ᠲᠣᠰ ᠡᠳᠦᠷ᠎ᠤᠨ 22᠄ 00᠄ 00 ᠴᠠᠭ᠎ᠠᠴᠠ ᠡᠮᠦᠨ᠎ᠡ ᠠᠪᠤᠨ᠎ᠠ; ᠰᠦᠯᠵᠢᠶᠡᠨ ᠳᠡᠭᠡᠷᠡᠬᠢ 《ᠪᠦᠲᠦᠭᠡᠭ᠌ᠳᠡᠬᠦᠨ᠎ᠤ ᠲᠦᠷᠦᠯ᠎ᠤᠨ ᠲᠡᠮᠳᠡᠭ᠌ᠲᠦ》 ᠎ᠶ᠋ᠢᠨ ᠬᠦᠴᠦᠨ᠎ᠲᠠᠢ ᠬᠤᠭᠤᠴᠠᠭ᠎ᠠ᠎ᠨᠢ ᠭᠤᠶᠤᠴᠢᠯᠠᠨ ᠠᠪᠬᠤ ᠴᠠᠭ᠎ᠠᠴᠠ ᠡᠬᠢᠯᠡᠵᠦ᠍ ᠲᠤᠬᠠᠶ᠎ᠶ᠋ᠢᠨ ᠡᠳᠦᠷ᠎ᠤᠨ 23᠄ 59᠄ 59 ᠪᠤᠯᠬᠤ᠎ᠠᠴᠠ ᠡᠮᠦᠨ᠎ᠡ᠂ ᠬᠤᠭᠤᠴᠠᠭ᠎ᠠ᠎ᠨᠢ ᠲᠤᠯᠪᠠᠯ ᠠᠶᠠᠨᠳᠠᠭᠠᠨ ᠬᠦᠴᠦᠨ ᠥᠬᠡᠶ ᠪᠣᠯᠤᠨ᠎ᠠ᠃ ᠬᠦᠴᠦᠨ ᠦᠭᠡᠢ ᠪᠣᠯᠤᠭᠰᠠᠨ ᠲᠡᠮᠲᠡᠭᠲᠦ ᠎ᠶᠢ ᠲᠠᠪᠴᠠᠩ᠎ᠳᠤ ᠪᠤᠴᠠᠭᠠᠵᠤ ᠳᠠᠬᠢᠨᠲᠠ ᠲᠠᠷᠬᠠᠭᠠᠨ᠎ᠠ ᠃ 

  ᠠᠩᠬᠠᠷᠬᠤ ᠵᠦᠢᠯ ᠄

  (ᠨᠢᠭᠡ) ᠨᠡᠮᠡᠭᠦᠷᠢ᠎ᠶ᠋ᠢᠨ ᠲᠡᠮᠳᠡᠭ᠌ᠲᠦ᠍᠎ᠶ᠋ᠢ ᠭᠤᠤᠯᠳᠠᠭᠤ ᠬᠡᠷᠡᠭ᠌ᠯᠡᠬᠦ᠌ ᠲᠦᠷᠢᠮ᠄

  ᠨᠡᠮᠡᠭᠦᠷᠢ ᠎ᠶᠢᠨ ᠲᠡᠮᠲᠡᠭᠲᠦ ᠨᠢ ᠬᠤᠭᠤᠴᠠᠭ᠎ᠠ ᠬᠡᠲᠦᠷᠡᠭ᠌ᠰᠡᠨ᠎ᠤ ᠳᠠᠷᠠᠭ᠎ᠠ᠂ ᠪᠦᠬᠦ᠌ ᠤᠯᠤᠰ᠎ᠤ᠋ᠨ ᠬᠢᠷᠢ ᠭᠡᠮ ᠠᠪᠬᠤ ᠪᠠ ᠳᠠᠬᠢᠨ ᠠᠪᠬᠤ᠎ᠶᠢ ᠵᠦᠪᠰᠢᠶᠡᠷᠡᠨ᠎ᠡ ᠃

  ᠨᠡᠮᠡᠭᠦᠷᠢ᠎ᠶ᠋ᠢᠨ ᠲᠡᠮᠳᠡᠭ᠌ᠲᠦ᠍᠎ᠶ᠋ᠢ ᠬᠠᠰᠤᠬᠤ᠃ ᠬᠡᠷᠡᠭ᠌ᠯᠡᠭ᠌ᠴᠢ ᠰᠠᠨᠠᠭᠠᠴᠢᠯᠠᠭ᠎ᠠ᠎ᠠᠴᠠ᠎ᠪᠠᠨ ᠨᠡᠮᠡᠭᠦᠷᠢ᠎ᠶ᠋ᠢᠨ ᠲᠡᠮᠳᠡᠭ᠌ᠲᠦ᠍᠎ᠶ᠋ᠢ ᠬᠠᠰᠤᠵᠤ᠂ ᠪᠦᠬᠦ᠌ ᠤᠯᠤᠰ᠎ᠤᠨ ᠠᠪᠬᠤ ᠬᠢᠷᠢ ᠭᠡᠮ ᠎ᠢ ᠰᠤᠯᠠᠯᠠᠵᠤ᠂ ᠳᠠᠬᠢᠨ ᠠᠪᠬᠤ᠎ᠶ᠋ᠢ ᠵᠥᠪᠱᠢᠶᠡᠷᠡᠨ᠎ᠡ᠃

  ᠪᠠᠷᠠᠭ᠎ᠠ᠎ᠶᠢ ᠪᠤᠴᠠᠭᠠᠬᠤ᠎ᠳᠤ ᠦᠨᠡᠲᠦ ᠲᠡᠮᠳᠡᠭᠲᠦ᠎ᠶᠢ ᠪᠤᠴᠠᠭᠠᠬᠤ ᠦᠭᠡᠢ ᠪᠣᠯ ᠪᠦᠬᠦ ᠤᠯᠤᠰ᠎ᠤᠨ ᠬᠢᠨ᠎ᠦ ᠠᠪᠬᠤ ᠬᠢᠷᠢ ᠬᠡᠮ᠎ᠢ ᠰᠤᠯᠠᠯᠠᠵᠤ ᠪᠣᠯᠣᠨ᠎ᠠ᠃ 

   ᠬᠦᠳᠡᠯᠭᠡᠭᠡᠨ᠎ᠦ ᠬᠤᠭᠤᠴᠠᠭᠠᠨ᠎ᠳᠤ ᠲᠥᠷᠥᠯ ᠪᠦᠷᠢ᠎ᠶ᠋ᠢᠨ ᠨᠡᠮᠡᠭᠦᠷᠢ᠎ᠶ᠋ᠢᠨ ᠲᠡᠮᠳᠡᠭ᠌ᠲᠦ᠍᠎ᠶ᠋ᠢ ᠨᠡᠢᠲᠡ 5 ᠤᠳᠠᠭ᠎ᠠ (ᠰᠦᠯᠵᠢᠶᠡᠨ ᠳᠡᠭᠡᠷ᠎ᠡ᠂ ᠰᠦᠯᠵᠢᠶᠡᠨ ᠎ᠤ ᠭᠠᠳᠠᠭᠤᠷᠬᠢ᠎ᠶᠢ ᠨᠡᠢᠯᠡᠭᠦᠯᠦᠨ ᠪᠤᠳᠤᠨ᠎ᠠ) ᠠᠪᠴᠤ᠌ ᠪᠣᠯᠤᠨ᠎ᠠ᠃

  (ᠬᠤᠶᠠᠷ) ᠠᠳᠠᠯᠢ ᠨᠢᠭᠡᠨ ᠲᠥᠬᠦᠭᠡᠷᠦᠮᠵᠢ᠂ ᠠᠳᠠᠯᠢ ᠨᠢᠭᠡᠨ ᠳᠠᠩᠰᠠᠯᠠᠭᠤᠯᠤᠭ᠍ᠰᠠᠨ ᠭᠠᠷ ᠤᠲᠠᠰᠤᠨ᠎ᠤ ᠨᠣᠮᠧᠷ᠂ ᠠᠳᠠᠯᠢ ᠨᠢᠭᠡᠨ ᠪᠠᠩᠬᠢ᠎ᠶ᠋ᠢᠨ ᠺᠠᠷᠲ᠎ᠢᠶᠠᠷ ᠭᠠᠷ ᠤᠲᠠᠰᠤᠨ᠎ᠤ ᠨᠣᠮᠧᠷ᠂ ᠠᠳᠠᠯᠢ ᠨᠢᠭᠡᠨ ᠪᠠᠩᠬᠢ᠎ᠶ᠋ᠢᠨ ᠪᠣᠳᠠᠲᠤ ᠴᠣᠭ᠍ᠴᠠ᠎ᠶ᠋ᠢᠨ ᠺᠠᠷᠲ᠎ᠤᠨ ᠳ᠋ᠤᠭᠠᠷ᠂ ᠠᠳᠠᠯᠢ ᠨᠢᠭᠡᠨ ᠪᠡᠶ᠎ᠡ᠎ᠶ᠋ᠢᠨ ᠦᠨᠡᠮᠯᠡᠯ᠎ᠤᠨ ᠨᠣᠮᠧᠷ ᠪᠤᠶᠤ ᠠᠳᠠᠯᠢ ᠨᠢᠭᠡᠨ APP ᠲᠠᠩᠰᠠᠨ ᠨᠣᠮᠧᠷ ᠵᠡᠷᠭᠡ ᠠᠯᠢ ᠨᠢᠭᠡᠨ ᠨᠥᠬᠦᠴᠡᠯ᠎ᠳᠤ ᠨᠡᠢᠴᠡᠭ᠌ᠰᠡᠨ ᠪᠠᠢᠪᠠᠯ᠂ ᠴᠥᠮ ᠠᠳᠠᠯᠢ ᠨᠢᠭᠡᠨ ᠬᠡᠷᠡᠭ᠌ᠯᠡᠭ᠌ᠴᠢ᠎ᠪᠠᠷ ᠦᠵᠡᠨ᠎ᠡ᠃ ᠬᠡᠷᠡᠭ᠌ᠯᠡᠭ᠌ᠴᠢᠳ ᠲᠣᠰ ᠬᠥᠮᠦᠨ᠎ᠤ ᠡᠯᠧᠺᠲᠷᠣᠨ ᠲᠥᠬᠦᠭᠡᠷᠦᠮᠵᠢ᠂ APP ᠎ᠶ᠋ᠢᠨ ᠲᠠᠩᠰᠠᠨ ᠨᠣᠮᠧᠷ᠂ ᠪᠠᠩᠬᠢ᠎ᠶ᠋ᠢᠨ ᠺᠠᠷᠲ᠂ ᠬᠤᠶᠠᠷ ᠬᠡᠮᠵᠢᠯᠳᠦ ᠺᠣᠳ᠋ ᠵᠡᠷᠭᠡ᠎ᠶ᠋ᠢ ᠬᠡᠷᠡᠭ᠌ᠯᠡᠨ ᠪᠡᠶ᠎ᠡ᠎ᠪᠠᠷ᠎ᠢᠶᠠᠨ ᠳᠡᠯᠭᠡᠭᠦᠷ᠎ᠲᠤ ᠬᠦᠷᠴᠦ᠍ ᠣᠷᠣᠯᠴᠠᠬᠤ ᠬᠡᠷᠡᠭ᠌ᠲᠡᠶ᠃

  (ᠭᠤᠷᠪᠠ) ᠣᠷᠣᠯᠴᠠᠭᠰᠠᠨ ᠬᠡᠷᠡᠭᠯᠡᠭᠴᠢᠳ ᠦᠨᠡᠨᠴᠢ ᠢᠲᠡᠭᠡᠮᠵᠢᠲᠡᠢ ᠪᠠᠢᠬᠤ ᠵᠠᠷᠴᠢᠮ᠎ᠢ ᠵᠢᠷᠤᠮᠯᠠᠨ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ ᠪᠤᠶᠤ ᠬᠤᠳᠠᠯ ᠬᠠᠭᠤᠷᠮᠠᠭ ᠠᠷᠠᠯᠵᠢᠶ᠎ᠠ ᠬᠢᠵᠦ ᠨᠡᠮᠡᠭᠦᠷᠢ ᠪᠡᠯᠡ ᠮᠥᠩᠭᠥ᠎ᠶᠢ ᠮᠡᠬᠡᠯᠡᠨ ᠠᠪᠴᠤ ᠪᠣᠯᠬᠤ ᠦᠭᠡᠢ᠂ ᠨᠡᠮᠡᠭᠦᠷᠢ ᠥᠭᠬᠦ ᠲᠦᠷᠦ᠎ᠶᠢᠨ ᠪᠣᠳᠣᠯᠭ᠎ᠠ᠎ᠶᠢ ᠠᠰᠢᠭ᠍ᠯᠠᠨ ᠨᠡᠮᠡᠭᠦᠷᠢ ᠥᠭᠬᠦ ᠲᠠᠸᠠᠷ᠎ᠢ ᠰᠠᠷᠢᠭᠠᠯᠠᠨ ᠬᠤᠳᠠᠯᠳᠤᠵᠤ ᠪᠣᠯᠬᠤ ᠦᠭᠡᠢ᠃ ᠬᠡᠷᠪᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠣᠷᠣᠯᠴᠠᠬᠤ ᠬᠢᠷᠢ ᠭᠡᠮ᠎ᠢ ᠨᠢ ᠬᠦᠴᠦᠨ ᠦᠭᠡᠶ ᠪᠣᠯᠭᠠᠬᠤ᠎ᠶ᠋ᠢᠨ ᠬᠠᠮᠲᠤ ᠨᠡᠮᠡᠭᠦᠷᠢ᠎ᠶ᠋ᠢᠨ ᠪᠡᠯᠡ ᠮᠥᠩᠭᠥ᠎ᠶ᠋ᠢ ᠨᠢ ᠨᠡᠬᠡᠮᠵᠢᠯᠡᠨ ᠠᠪᠴᠤ᠌ ᠂ ᠦᠢᠯᠡ ᠪᠠᠢᠳᠠᠯ ᠨᠢ ᠬᠦᠨᠳᠦ ᠨᠣᠴᠢᠲᠠᠶ ᠪᠣᠯ ᠬᠠᠤᠯᠢ ᠶᠣᠰᠣᠭᠠᠷ ᠵᠣᠬᠢᠴᠠᠩᠭᠤᠶ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠨᠡᠬᠡᠮᠵᠢᠯᠡᠨ᠎ᠡ ᠃

  (ᠲᠦᠷᠪᠡ) ᠠᠵᠢᠯᠯᠠᠭ᠎ᠠ ᠨᠢ ᠵᠥᠪᠬᠡᠨ ᠲᠥᠯᠥᠪᠦᠷᠢ᠎ᠶᠢ ᠠᠮᠵᠢᠯᠲᠠ᠎ᠲᠠᠢ ᠪᠡᠶᠡᠯᠡᠭᠦᠯᠦᠭᠰᠡᠨ ᠠᠷᠠᠯᠵᠢᠶ᠎ᠠ᠎ᠳᠦ ᠬᠢᠵᠠᠭᠠᠷᠯᠠᠭᠳᠠᠨ᠎ᠠ᠂ ᠪᠦᠲᠦᠭᠰᠡᠨ ᠦᠭᠡᠢ ᠠᠷᠠᠯᠵᠢᠶ᠎ᠠ᠂ ᠠᠷᠠᠯᠵᠢᠶ᠎ᠠ᠎ᠶᠢ ᠬᠦᠴᠦᠨ ᠦᠭᠡᠢ ᠪᠣᠯᠭᠠᠬᠤ ᠵᠡᠷᠭᠡ ᠲᠠᠯ᠎ᠠ᠎ᠪᠠᠷ ᠬᠠᠷᠠᠭᠠᠯᠵᠠᠯ ᠬᠦᠷᠲᠡᠵᠦ ᠪᠣᠯᠬᠤ ᠦᠭᠡᠢ᠃ 

  (ᠲᠠᠪᠤ) ᠬᠡᠷᠡᠭᠯᠡᠭᠴᠢ ᠠᠵᠢᠯᠯᠠᠭ᠎ᠠ᠎ᠳᠤ ᠣᠷᠣᠯᠴᠠᠪᠠᠯ ᠳᠠᠷᠤᠢ ᠲᠣᠰ ᠠᠵᠢᠯᠯᠠᠭ᠎ᠠ᠎ᠶᠢᠨ ᠨᠠᠷᠢᠨ ᠳᠦᠷᠢᠮ᠎ᠢ ᠣᠢᠯᠠᠭᠠᠭᠰᠠᠨ᠎ᠢᠶᠠᠷ ᠦᠵᠡᠬᠦ᠎ᠶᠢᠨ ᠬᠠᠮᠲᠤ ᠵᠥᠪᠰᠢᠶᠡᠷᠡᠭᠰᠡᠨ᠎ᠢᠶᠡᠷ ᠦᠵᠡᠨ᠎ᠡ᠃ ᠠᠵᠢᠯᠯᠠᠭ᠎ᠠ᠎ᠳᠤ ᠣᠷᠣᠯᠴᠠᠭ᠍ᠰᠠᠨ ᠬᠤᠳᠠᠯᠳᠤᠭᠠᠨ᠎ᠤ ᠡᠷᠦᠬᠡ ᠵᠢᠴᠢ ᠳᠡᠯᠭᠡᠭᠦᠷ᠎ᠤᠨ ᠶᠣᠰᠣᠭᠠᠷ ᠡᠵᠡᠩᠨᠡᠬᠦ᠌᠎ᠪᠠᠷ ᠪᠠᠷᠢᠮᠵᠢᠶ᠎ᠠ ᠪᠣᠯᠭᠠᠵᠤ᠂ ᠬᠡᠷᠪᠡ ᠬᠡᠷᠡᠭ᠌ᠯᠡᠭ᠌ᠴᠢ ᠨᠢᠭᠡᠨᠲᠡ ᠨᠡᠢᠲᠡᠯᠡᠭ᠌ᠰᠡᠨ ᠠᠵᠢᠯᠯᠠᠭ᠎ᠠ᠎ᠶ᠋ᠢᠨ ᠳᠡᠯᠭᠡᠭᠦᠷ᠎ᠤᠨ ᠮᠡᠳᠡᠭᠡ ᠵᠠᠩᠭᠢ᠎ᠨᠢ ᠪᠣᠳᠠᠲᠠᠶ᠎ᠲᠠᠢ ᠨᠡᠢᠴᠡᠬᠦ᠌ ᠥᠬᠡᠶ ᠪᠣᠯ ᠪᠠᠩᠬᠢ᠎ᠶ᠋ᠢᠨ ᠬᠢᠨ᠎ᠦ ᠬᠤᠯᠪᠣᠭ᠎ᠠ᠎ᠳᠤ ᠲᠤᠰᠭᠠᠵᠤ᠂ ᠪᠠᠩᠬᠢ᠎ᠶ᠋ᠢᠨ ᠬᠢᠨ᠎ᠦ ᠬᠤᠯᠪᠣᠭ᠎ᠠ᠎ᠨᠢ ᠢᠳᠡᠪᠬᠢᠲᠡᠶ᠎ᠪᠠᠷ ᠵᠣᠬᠢᠴᠠᠭᠤᠯᠤᠨ  ᠰᠢᠢ᠍ᠳᠪᠦᠷᠢᠯᠡᠨ᠎ᠡ᠃

   (ᠵᠢᠷᠭᠤᠭ᠎ᠠ) ᠬᠡᠷᠡᠭᠯᠡᠭᠴᠢᠳ ᠨᠢᠭᠡᠨᠲᠡ ᠠᠪᠤᠭᠰᠠᠨ ᠲᠡᠮᠲᠡᠭᠲᠦ ᠎ᠶᠢᠨ ᠨᠠᠷᠢᠨ ᠲᠣᠳᠣᠷᠬᠠᠢ ᠳᠦᠷᠢᠮ ᠢ᠋ ᠪᠠᠢᠴᠠᠭᠠᠨ ᠦᠵᠡᠬᠦ ᠪᠤᠶᠤ ᠳᠤᠮᠳᠠᠳᠤ ᠤᠯᠤᠰ᠎ᠤᠨ ᠪᠠᠩᠬᠢ᠎ᠶ᠋ᠢᠨ ᠬᠢᠨ᠎ᠦ ᠬᠣᠯᠪᠣᠭᠠᠨ᠎ᠤ ᠬᠡᠷᠡᠭᠯᠡᠭᠴᠢᠳ᠎ᠦᠨ ᠦᠢᠯᠡᠴᠢᠯᠡᠭᠡᠨ᠎ᠦ ᠤᠲᠠᠰᠤ 95516 ᠳ᠋ᠥ ᠴᠠᠬᠢᠯᠭᠠᠨ ᠤᠳᠠᠰᠦ ᠶᠠᠪᠤᠭᠤᠯᠵᠤ ᠬᠣᠯᠪᠣᠭᠳᠠᠯ ᠪᠦᠬᠦᠢ ᠤᠴᠢᠷ ᠶᠠᠪᠤᠳᠠᠯ ᠢ᠋ ᠠᠰᠠᠭᠤᠨ  ᠯᠠᠪᠯᠠᠵᠤ ᠪᠤᠯᠤᠨ᠎ᠠ ᠃ 

ᠢᠷᠡᠯᠲᠡ᠄ ᠭᠦᠢᠯᠭᠡᠭᠡᠨ᠎ᠤ ᠦᠢ᠍ᠯᠡᠰ᠎ᠦᠨ ᠬᠦᠭᠵᠢᠭᠦᠯᠦᠯᠲᠡ᠎ᠶᠢᠨ ᠭᠠᠵᠠᠷ
          
ᠬᠠᠮᠢᠶ᠎ᠡ ᠪᠦᠬᠦᠢ ᠰᠣᠨᠢᠨ
 
            