ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠱᠢᠨ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢᠨ ᠬᠡᠷᠡᠭ᠌ᠵᠢᠭᠦᠯᠬᠦ᠌ ᠲᠥᠰᠦᠯ
ᠨᠡᠶ᠋ᠢᠲᠡᠯᠡᠭᠰᠡᠨ ᠴᠠᠭ᠄ 2025-01-28

  1. ᠮᠠᠱᠢᠨ ᠲᠡᠷᠭᠡ᠎ᠶ᠋ᠢ ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌

  ᠨᠡᠮᠡᠭᠦᠷᠢ ᠦᠭ᠌ᠬᠦ ᠬᠡᠪᠴᠢᠶ᠎ᠡ ᠪᠠ ᠪᠠᠷᠢᠮᠵᠢᠶ᠎ᠠ

  ᠨᠡᠮᠡᠭᠦᠷᠢ ᠣᠯᠭᠤᠬᠤ ᠡᠲᠡᠭᠡᠳ᠄ ᠬᠤᠪᠢ ᠬᠥᠮᠦᠨ᠎ᠤ ᠬᠡᠷᠡᠭ᠌ᠯᠡᠭ᠌ᠴᠢᠳ

  ᠬᠡᠷᠡᠭ᠌ᠯᠡᠭᠡᠨ᠎ᠠᠴᠠ ᠭᠠᠷᠭᠠᠬᠤ ᠳᠠᠩᠰᠠᠯᠠᠬᠤ᠎ᠨᠢ ᠲᠤᠰ ᠬᠥᠮᠥᠨ᠎ᠤ ᠨᠡᠷ᠎ᠡ᠎ᠪᠠᠷ 2012 ᠣᠨ᠎ᠤ 6 ᠳ᠋ᠤᠭ᠋ᠠᠷ ᠰᠠᠷ᠎ᠠ᠎ᠶ᠋ᠢᠨ 30 ᠎ᠤ ᠡᠳᠦᠷ (ᠲᠤᠰ ᠡᠳᠦᠷ᠎ᠢ ᠪᠠᠭ᠍ᠲᠠᠭᠠᠨ᠎ᠠ᠂ ᠳᠣᠷᠣᠭ᠍ᠰᠢ ᠠᠳᠠᠯᠢ) ᠎ᠠᠴᠠ ᠡᠮᠦᠨ᠎ᠡ ᠳᠠᠩᠰᠠᠯᠠᠭᠤᠯᠤᠭ᠍ᠰᠠᠨ ᠴᠢᠶᠢᠦ ᠲᠡᠷᠭᠡᠨ᠎ᠤ ᠰᠠᠭᠤᠳᠠᠯ᠎ᠤᠨ ᠮᠠᠱᠢᠨ ᠲᠡᠷᠭᠡ

  2014 ᠣᠨ᠎ᠤ 6 ᠳ᠋ᠤᠭᠠᠷ ᠰᠠᠷ᠎ᠠ᠎ᠶ᠋ᠢᠨ 30 ᠎ᠤ ᠡᠳᠦᠷ᠎ᠡᠴᠡ ᠡᠮᠦᠨ᠎ᠡ ᠳᠠᠩᠰᠠᠯᠠᠭᠤᠯᠤᠭ᠍ᠰᠠᠨ ᠴᠠᠢᠶᠢᠤ ᠲᠣᠰᠣ ᠵᠢᠴᠢ ᠪᠤᠰᠤᠳ ᠲᠦᠯᠡᠰᠢ᠎ᠶ᠋ᠢᠨ ᠰᠠᠭᠤᠳᠠᠯ᠎ᠤᠨ ᠮᠠᠱᠢᠨ ᠲᠡᠷᠭᠡ

  2018 ᠣᠨ᠎ᠤ 12 ᠳ᠋ᠤᠭ᠋ᠠᠷ ᠰᠠᠷ᠎ᠠ᠎ᠶ᠋ᠢᠨ 31 ᠎ᠤ ᠡᠳᠦᠷ᠎ᠠᠴᠠ ᠡᠮᠦᠨ᠎ᠡ ᠳᠠᠩᠰᠠᠯᠠᠭᠤᠯᠤᠭ᠍ᠰᠠᠨ ᠱᠢᠨ᠎ᠡ ᠡᠨᠧᠷᠬᠢ᠎ᠶ᠋ᠢᠨ ᠰᠠᠭᠤᠳᠠᠯ᠎ᠤᠨ ᠮᠠᠱᠢᠨ ᠲᠡᠷᠭᠡ

  ᠲᠡᠷᠡᠴᠢᠯᠡᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ 《ᠲᠡᠷᠭᠡ ᠬᠤᠳᠠᠯᠳᠤᠨ ᠠᠪᠬᠤ ᠭᠠᠢᠯᠢ᠎ᠶ᠋ᠢ ᠬᠠᠰᠤᠵᠤ ᠬᠡᠯᠲᠦᠷᠢᠭᠦᠯᠬᠦ᠌ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠯᠪᠡᠷᠢ᠎ᠶ᠋ᠢᠨ ᠭᠠᠷᠴᠠᠭ》 ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠯᠪᠡᠷᠢ ᠪᠤᠶᠤ 2.0 ᠯᠢᠲᠷ ᠵᠢᠴᠢ ᠲᠡᠭᠦᠨ᠎ᠠᠴᠠ ᠳᠣᠷᠣᠭ᠍ᠰᠢᠬᠢ ᠭᠠᠳᠠᠭ᠍ᠰᠢᠯᠠᠭᠤᠯᠬᠤ ᠬᠡᠮᠵᠢᠶ᠎ᠡ᠎ᠲᠠᠢ ᠱᠢᠲᠠᠭᠠᠯᠭ᠎ᠠ᠎ᠶ᠋ᠢᠨ ᠲᠣᠰᠣᠨ᠎ᠤ ᠰᠠᠭᠤᠳᠠᠯ᠎ᠤᠨ ᠮᠠᠱᠢᠨ ᠲᠡᠷᠭᠡ᠎ᠶ᠋ᠢ ᠬᠤᠳᠠᠯᠳᠤᠨ ᠠᠪᠤᠭᠰᠠᠨ ᠪᠠᠢ᠌ᠪᠠᠯ᠂ ᠲᠤᠬᠠᠶ᠎ᠶ᠋ᠢᠨ ᠭᠠᠵᠠᠷ᠎ᠤᠨ ᠮᠠᠰᠢᠨ ᠲᠡᠷᠭᠡᠨ᠎ᠤ ᠨᠢᠭᠡᠳᠦᠯᠲᠡᠶ ᠪᠣᠷᠣᠯᠠᠭᠤᠯᠬᠤ ᠪᠠᠷᠢᠮᠲᠠ᠎ᠶ᠋ᠢ ᠬᠢᠵᠦ᠍ ᠥᠭ᠌ᠭᠦᠨ᠎ᠡ᠃ ᠨᠢᠭᠡ ᠪᠠᠢᠭᠠᠯᠢ᠎ᠶ᠋ᠢᠨ ᠣᠨ᠎ᠤ ᠳᠣᠲᠣᠷ᠎ᠠ᠂ ᠬᠡᠷᠡᠭ᠌ᠯᠡᠭ᠌ᠴᠢᠳ ᠨᠢᠭᠡᠪᠦᠷᠢ ᠬᠠᠮᠤᠭ ᠣᠯᠠᠨ᠎ᠳᠠᠭᠠᠨ ᠨᠢᠭᠡ ᠤᠳᠠᠭ᠎ᠠ ᠮᠠᠱᠢᠨ ᠲᠡᠷᠭᠡᠨ᠎ᠦ ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌ ᠨᠡᠮᠡᠭᠦᠷᠢ ᠬᠦᠷᠲᠡᠵᠦ ᠪᠤᠯᠤᠨ᠎ᠠ᠃

  ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠤᠳᠠᠯᠳᠤᠨ ᠠᠪᠬᠤ᠎ᠳᠤ ᠨᠢᠭᠡ ᠤᠳᠠᠭ᠎ᠠ᠎ᠶ᠋ᠢᠨ ᠴᠢᠨᠠᠷᠲᠠᠶ ᠨᠡᠮᠡᠭᠦᠷᠢ᠄ 20000  ᠲᠦᠭᠦᠷᠢᠭ

  2.0 ᠯᠢᠲᠷ ᠵᠢᠴᠢ ᠲᠡᠭᠦᠨ᠎ᠡᠴᠡ ᠳᠣᠷᠣᠭ᠍ᠰᠢᠬᠢ ᠰᠢᠲᠠᠭᠠᠯᠭ᠎ᠠ᠎ᠶᠢᠨ ᠲᠣᠰᠣᠨ᠎ᠤ ᠰᠠᠭᠤᠳᠠᠯ᠎ᠤᠨ ᠮᠠᠰᠢᠨ ᠬᠤᠳᠠᠯᠳᠤᠨ ᠠᠪᠬᠤ᠎ᠳᠤ ᠨᠢᠭᠡ ᠯᠡ ᠤᠳᠠᠭ᠎ᠠ᠎ᠶᠢᠨ ᠴᠢᠨᠠᠷᠲᠠᠢ ᠨᠡᠮᠡᠭᠦᠷᠢ᠄ 15000 ᠲᠥᠭᠥᠷᠢᠭ

  ᠲᠣᠳᠣᠷᠬᠠᠢᠯᠠᠯᠲᠠ ᠄ ᠳᠡᠭᠡᠷ᠎ᠡ ᠳᠤᠷᠠᠳᠤᠭ᠍ᠰᠠᠨ 《ᠬᠡᠷᠡᠭ᠌ᠯᠡᠭᠡᠨ᠎ᠠᠴᠠ ᠭᠠᠷᠤᠭᠰᠠᠨ ᠮᠠᠱᠢᠨ ᠲᠡᠷᠭᠡ᠎ᠶ᠋ᠢ ᠬᠤᠷᠢᠶᠠᠨ ᠠᠪᠤᠭ᠍ᠰᠠᠨ ᠭᠡᠷᠡᠴᠢ》᠂ 《ᠮᠠᠱᠢᠨ ᠲᠡᠷᠭᠡ᠎ᠶ᠋ᠢ ᠬᠦᠴᠦᠨ ᠦᠭᠡᠢ ᠪᠣᠯᠭᠠᠭ᠍ᠰᠠᠨ ᠭᠡᠷᠡᠴᠢ》᠂ 《ᠮᠠᠱᠢᠨ ᠲᠡᠷᠭᠡ ᠎ᠪᠣᠷᠣᠯᠠᠭᠤᠯᠬᠤ ᠨᠢᠭᠡᠳᠦᠯᠲᠡᠢ ᠪᠠᠷᠢᠮᠲᠠ》᠂ 《ᠮᠠᠱᠢᠨ ᠲᠡᠷᠭᠡ ᠳᠠᠩᠰᠠᠯᠠᠭᠤᠯᠬᠤ ᠦᠨᠡᠮᠯᠡᠯ》 (ᠳᠣᠷᠣᠭ᠍ᠰᠢ 4 ᠲᠥᠷᠥᠯ᠎ᠤᠨ ᠭᠡᠷᠡᠴᠢ ᠭᠡᠵᠦ᠍ ᠲᠣᠪᠴᠢᠯᠠᠨ᠎ᠠ) ᠎ᠢ ᠴᠥᠮ 2025 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠠᠪᠤᠨ᠎ᠠ᠃

  《 ᠬᠡᠷᠡᠭ᠌ᠯᠡᠭᠡᠨ᠎ᠠᠴᠠ ᠭᠠᠷᠤᠭᠰᠠᠨ ᠮᠠᠰᠢᠨ ᠲᠡᠷᠭᠡ᠎ᠶᠢ ᠡᠭᠡᠭᠦᠯᠦᠨ ᠬᠤᠷᠢᠶᠠᠬᠤ ᠭᠡᠷᠡᠴᠢ》 ᠨᠢ ᠬᠡᠷᠡᠭ᠌ᠯᠡᠭᠡᠨ᠎ᠠᠴᠠ ᠭᠠᠷᠭᠠᠭ᠍ᠰᠠᠨ ᠮᠠᠱᠢᠨ ᠲᠡᠷᠭᠡ᠎ᠶ᠋ᠢ ᠡᠭᠡᠭᠦᠯᠦᠨ ᠬᠤᠷᠢᠶᠠᠵᠤ ᠵᠠᠳᠠᠯᠬᠤ ᠬᠢᠷᠢ ᠴᠢᠳᠠᠮᠵᠢ᠎ᠲᠠᠶ ᠠᠵᠤ ᠠᠬᠤᠢᠯᠠᠯ᠎ᠠᠴᠠ ᠭᠠᠷᠭᠠᠵᠤ ᠥᠭ᠌ᠬᠦ       ᠬᠡᠷᠡᠭ᠌ᠲᠡᠶ ᠃

  ᠬᠤᠪᠢ ᠬᠥᠮᠦᠨ᠎ᠤ ᠬᠡᠷᠡᠭ᠌ᠯᠡᠭ᠌ᠴᠢᠳ᠎ᠤᠨ ᠬᠡᠷᠡᠭ᠌ᠯᠡᠭᠡᠨ᠎ᠠᠴᠠ ᠭᠠᠷᠤᠭᠰᠠᠨ ᠮᠠᠱᠢᠨ ᠲᠡᠷᠭᠡ ᠬᠤᠷᠢᠶᠠᠨ ᠠᠪᠤᠭ᠍ᠰᠠᠨ ᠭᠡᠷᠡᠴᠢ ᠪᠠᠷᠢᠮᠲᠠ᠎ᠪᠠᠷ ᠪᠠᠷᠢᠮᠵᠢᠶ᠎ᠠ ᠪᠣᠯᠭᠠᠨ᠎ᠠ᠃

  ᠬᠤᠪᠢ ᠬᠥᠮᠦᠨ᠎ᠤ ᠬᠡᠷᠡᠭ᠌ᠯᠡᠭ᠌ᠴᠢᠳ᠎ᠤᠨ ᠱᠢᠨ᠎ᠡ ᠲᠡᠷᠭᠡ ᠬᠤᠳᠠᠯᠳᠤᠨ ᠠᠪᠬᠤ ᠡᠳᠦᠷ᠎ᠲᠤ ᠮᠠᠱᠢᠨ ᠲᠡᠷᠭᠡ ᠪᠣᠷᠣᠯᠠᠭᠤᠯᠬᠤ ᠪᠠᠢᠭᠤᠯᠤᠮᠵᠢ᠎ᠶ᠋ᠢᠨ ᠬᠢᠵᠦ᠍ ᠥᠭ᠌ᠭᠦᠭ᠌ᠰᠡᠨ 《ᠮᠠᠰᠢᠨ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》 ᠎ᠳᠤ ᠲᠣᠳᠣᠷᠬᠠᠶ ᠲᠡᠮᠳᠡᠭ᠌ᠯᠡᠭ᠌ᠰᠡᠨ ᠫᠢᠶᠣᠣ ᠥᠭ᠌ᠬᠦ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ᠃

  ᠱᠢᠨ᠎ᠡ ᠲᠡᠷᠭᠡ 《 ᠮᠠᠰᠢᠨ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》 ᠎ᠶ᠋ᠢ ᠭᠠᠷᠭᠠᠵᠤ ᠥᠭ᠌ᠭᠦᠭ᠌ᠰᠡᠨ ᠭᠠᠵᠠᠷ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠤᠲᠠ ᠪᠣᠯᠤᠨ᠎ᠠ᠃

  ᠱᠢᠨ᠎ᠡ᠎ᠪᠡᠷ ᠬᠤᠳᠠᠯᠳᠤᠨ ᠠᠪᠤᠭ᠍ᠰᠠᠨ ᠲᠡᠷᠭᠡ ᠬᠥᠰᠭᠡ᠎ᠶ᠋ᠢᠨ ᠳᠠᠩᠰᠠᠯᠠᠭᠤᠯᠬᠤ ᠡᠳᠦᠷ ᠬᠤᠭᠤᠴᠠᠭ᠎ᠠ᠎ᠶ᠋ᠢ 《 ᠮᠠᠰᠢᠨ ᠲᠡᠷᠭᠡ ᠳᠠᠩᠰᠠᠯᠠᠭᠤᠯᠬᠤ ᠦᠨᠡᠮᠯᠡᠯ》 ᠳᠡᠭᠡᠷ᠎ᠡ ᠲᠣᠳᠣᠷᠬᠠᠶ ᠲᠡᠮᠳᠡᠭ᠌ᠯᠡᠭ᠌ᠰᠡᠨ ᠳᠠᠩᠰᠠᠯᠠᠭᠤᠯᠬᠤ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ ᠃

  ᠬᠤᠪᠢ ᠬᠥᠮᠦᠨ᠎ᠤ ᠬᠡᠷᠡᠭ᠌ᠯᠡᠭ᠌ᠴᠢᠳ᠎ᠤᠨ ᠬᠡᠷᠡᠭ᠌ᠯᠡᠭᠡᠨ᠎ᠠᠴᠠ ᠭᠠᠷᠤᠭᠰᠠᠨ ᠨᠥᠬᠦᠴᠡᠯ᠎ᠳᠤ ᠨᠡᠢᠴᠡᠬᠦ᠌ ᠬᠠᠭᠤᠴᠢᠨ ᠲᠡᠷᠭᠡ᠎ᠶ᠋ᠢ 2025 ᠣᠨ᠎ᠤ 1 ᠳ᠋ᠦ᠍ᠭᠡᠷ ᠰᠠᠷ᠎ᠠ᠎ᠶ᠋ᠢᠨ 8 ᠎ᠤ ᠡᠳᠦᠷ᠎ᠠᠴᠠ ᠡᠮᠦᠨ᠎ᠡ ᠳᠠᠩᠰᠠᠯᠠᠨ᠎ᠠ᠃

   ᠨᠡᠮᠡᠭᠦᠷᠢ ᠠᠪᠬᠤ ᠭᠤᠶᠤᠴᠢᠯᠠᠯ ᠎ᠢ ᠬᠢᠨᠠᠨ ᠬᠠᠷᠭᠤᠭᠤᠯᠬᠤ ᠬᠤᠭᠤᠴᠠᠭᠠᠨ᠎ᠳᠤ ᠂ ᠲᠡᠭᠦᠨ᠎ᠦ ᠱᠢᠨ᠎ᠡ᠎ᠪᠡᠷ ᠬᠤᠳᠠᠯᠳᠤᠨ ᠠᠪᠤᠭ᠍ᠰᠠᠨ ᠮᠠᠱᠢᠨ ᠲᠡᠷᠭᠡ᠎ᠶ᠋ᠢ ᠭᠤᠶᠤᠴᠢᠯᠠᠭ᠍ᠴᠢ᠎ᠶ᠋ᠢᠨ  ᠨᠡᠷ᠎ᠡ  ᠳᠣᠤᠷ᠎ᠠ ᠳᠠᠩᠰᠠᠯᠠᠨ ᠲᠡᠮᠳᠡᠭ᠌ᠯᠡᠬᠦ᠌ ᠬᠡᠷᠡᠭ᠌ᠲᠡᠶ᠃

  ᠬᠡᠷᠡᠭᠯᠡᠭᠡᠨ᠎ᠡᠴᠡ ᠭᠠᠷᠤᠭᠰᠠᠨ ᠬᠠᠭᠤᠴᠢᠨ ᠲᠡᠷᠭᠡ᠎ᠶᠢᠨ ᠥᠮᠴᠢᠯᠡᠭᠴᠢ ᠂ ᠰᠢᠨ᠎ᠡ᠎ᠪᠡᠷ ᠬᠤᠳᠠᠯᠳᠤᠨ ᠠᠪᠤᠭᠰᠠᠨ ᠰᠠᠭᠤᠳᠠᠯ᠎ᠤᠨ ᠮᠠᠰᠢᠨ᠎ᠤ ᠥᠮᠴᠢᠯᠡᠭᠴᠢ ᠪᠣᠯᠣᠨ ᠮᠠᠰᠢᠨ ᠲᠡᠷᠭᠡ᠎ᠶᠢ ᠬᠡᠷᠡᠭᠯᠡᠭᠡᠨ᠎ᠡᠴᠡ ᠭᠠᠷᠭᠠᠭᠰᠠᠨ ᠰᠢᠨᠡᠳᠬᠡᠯᠲᠡ᠎ᠶᠢᠨ ᠨᠡᠮᠡᠭᠦᠷᠢ ᠭᠤᠶᠤᠴᠢᠯᠠᠭ᠍ᠴᠢ ᠨᠢ ᠡᠷᠬᠡᠪᠰᠢ ᠨᠢᠭᠡ ᠯᠡ ᠬᠡᠷᠡᠭᠯᠡᠭᠴᠢ ᠪᠠᠢᠬᠤ ᠬᠡᠷᠡᠭᠲᠡᠢ᠃ 

  ᠣᠨ ᠠᠯᠤᠰᠯᠠᠭ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠵᠣᠯᠭᠠᠭᠤᠯᠤᠯᠲᠠ

  2024 ᠣᠨ᠎ᠤ 7 ᠳ᠋ᠤᠭ᠋ᠠᠷ ᠰᠠᠷ᠎ᠠ᠎ᠶ᠋ᠢᠨ 25 ᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ᠎ᠶ᠋ᠢᠨ 31 ᠎ᠤ ᠡᠳᠦᠷ ᠪᠣᠯᠲᠠᠯᠠᠬᠢ ᠬᠤᠭᠤᠴᠠᠭᠠᠨ᠎ᠳᠤ ᠵᠥᠪᠬᠡᠨ 4 ᠲᠥᠷᠥᠯ᠎ᠤᠨ ᠭᠡᠷᠡᠴᠢ ᠤᠯᠬᠤ᠎ᠶ᠋ᠢᠨ ᠬᠠᠮᠲᠤ 2025 ᠣᠨ᠎ᠤ 2 ᠳ᠋ᠤᠭ᠋ᠠᠷ ᠰᠠᠷ᠎ᠠ᠎ᠶ᠋ᠢᠨ 28 ᠎ᠤ ᠡᠳᠦᠷ᠎ᠠᠴᠠ ᠡᠮᠦᠨ᠎ᠡ ᠴᠥᠮ 4 ᠲᠥᠷᠥᠯ᠎ᠤᠨ ᠭᠡᠷᠡᠴᠢ ᠣᠯᠤᠭ᠍ᠰᠠᠨ ᠬᠤᠪᠢ ᠬᠥᠮᠦᠨ᠎ᠤ ᠬᠡᠷᠡᠭ᠌ᠯᠡᠭ᠌ᠴᠢᠳ ᠪᠠᠢᠵᠤ᠂ 2025 ᠣᠨ᠎ᠤ ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢᠨ ᠬᠠᠮᠲᠤ 2025 ᠣᠨ᠎ᠤ ᠲᠣᠰ ᠵᠢᠯ᠎ᠤᠨ ᠨᠡᠮᠡᠭᠦᠷᠢ᠎ᠶ᠋ᠢᠨ ᠤᠳᠠᠭ᠎ᠠ᠎ᠶ᠋ᠢ ᠭᠥᠷᠳᠡᠨ᠎ᠡ᠃ ᠭᠤᠶᠤᠴᠢᠯᠠᠭ᠍ᠴᠢ᠎ᠠᠴᠠ ᠵᠣᠬᠢᠬᠤ ᠬᠡᠷᠡᠭ᠌ᠯᠡᠭᠡᠨ᠎ᠡᠴᠡ ᠭᠠᠷᠤᠭᠰᠠᠨ ᠮᠠᠰᠢᠨ ᠲᠡᠷᠭᠡ ᠪᠠ ᠬᠤᠳᠠᠯᠳᠤᠨ ᠠᠪᠬᠤ ᠱᠢᠨ᠎ᠡ ᠲᠡᠷᠭᠡ ᠨᠢ ᠬᠤᠳᠠᠯᠳᠤᠭᠠᠨ᠎ᠤ ᠬᠡᠷᠡᠭ᠌ᠯᠡᠭᠡ ᠵᠠᠬᠢᠳᠠᠯ [2024] 392 ᠳ᠋ᠤᠭᠠᠷ ᠲᠣᠭᠠᠲᠤ ᠪᠢᠴᠢᠭ ᠪᠠ ᠥᠪᠥᠷ ᠬᠤᠳᠠᠯᠳᠤᠭ᠎ᠠ ᠲᠡᠭᠡᠭᠡᠪᠦᠷᠢ ᠦᠰᠦᠭ [2024] 663 ᠳ᠋ᠤᠭᠠᠷ ᠲᠣᠭᠠᠲᠤ ᠪᠢᠴᠢᠭ ᠮᠠᠲ᠋ᠧᠷᠢᠶᠠᠯ᠎ᠤᠨ ᠬᠣᠯᠪᠣᠭ᠍ᠳᠠᠯ ᠪᠦᠬᠦᠢ ᠱᠠᠭᠠᠷᠳᠠᠯᠭ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ ᠃

  ᠨᠡᠮᠡᠭᠦᠷᠢ ᠭᠤᠶᠤᠴᠢᠯᠠᠬᠤ ᠠᠷᠭ᠎ᠠ ᠮᠠᠶᠢᠭ

   ᠺᠣᠮᠫᠢᠦ᠋ᠲ᠋ᠧᠷ᠎ᠤᠨ ᠦᠵᠦᠭᠦᠷ 《ᠪᠥᠬᠦ᠌ ᠤᠯᠤᠰ᠎ᠤᠨ ᠮᠠᠱᠢᠨ ᠲᠡᠷᠭᠡᠨ᠎ᠤ ᠭᠦᠢᠯᠭᠡᠭᠡᠨ᠎ᠤ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ》 ᠎ᠤᠨ ᠰᠦᠯᠵᠢᠶᠡᠨ ᠥᠷᠲᠡᠭᠡ ( https://qclt.mofcom.gov.cn) ᠎ᠳᠤ ᠣᠷᠣᠬᠤ᠎ᠪᠠᠷ ᠳᠠᠮᠵᠢᠭᠤᠯᠤᠨ᠂ 《ᠮᠠᠱᠢᠨ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠲᠤᠰᠭᠠᠶ ᠰᠡᠳᠦᠪ᠎ᠢ ᠲᠤᠪᠴᠢᠳᠠᠨ ᠭᠤᠶᠤᠴᠢᠯᠠᠬᠤ ᠬᠠᠭᠤᠳᠠᠰᠤᠨ᠎ᠳᠤ ᠣᠷᠣᠨ᠎ᠠ᠃

  ᠭᠠᠷ ᠤᠲᠠᠰᠤᠨ᠎ᠤ᠋ ᠦᠵᠦᠭᠦᠷ᠎ᠢ᠋ ᠸᠢᠴᠠᠲ᠂ ᡁᠢ ᠹᠦ᠋ ᠪᠤᠤ᠂ ᠲᠢᠭ ᠲᠤᠭ᠂ ᠶᠦᠨ ᠱᠠᠨ  ᠹᠦ᠋ ᠵᠡᠷᠭᠡ 4 ᠲᠠᠪᠴᠠᠩ᠎ᠤ᠋ᠨ ᠲᠦᠷᠦᠭᠦᠦ ᠨᠢᠭᠤᠷ 《 ᠮᠠᠰᠢᠨ ᠲᠡᠷᠭᠡ᠎ᠶᠢ ᠬᠠᠭᠤᠴᠢᠨ᠎ᠢᠶᠠᠷ ᠰᠢᠨ᠎ᠡ᠎ᠶᠢ ᠰᠣᠯᠢᠬᠤ》 ᠵᠢᠵᠢᠭ ᠫᠷᠤᠭ᠌ᠷᠠᠮ᠎ᠢ᠋ ᠬᠠᠢ᠌ᠬᠤ ᠪᠤᠶᠤ 《 ᠮᠠᠰᠢᠨ ᠲᠡᠷᠭᠡ᠎ᠶᠢ ᠬᠠᠭᠤᠴᠢᠨ᠎ᠢᠶᠠᠷ ᠰᠢᠨ᠎ᠡ᠎ᠶᠢ ᠰᠣᠯᠢᠬᠤ》 ᠵᠢᠵᠢᠭ ᠫᠷᠤᠭ᠌ᠷᠠᠮ᠎ᠤ᠋ᠨ ᠬᠣᠶᠠᠷ ᠬᠡᠮᠵᠢᠯᠲᠦ ᠺᠣᠳ᠋᠎ᠢ᠋ ᠰᠢᠷᠪᠢᠵᠦ᠂ ᠭᠤᠶᠤᠴᠢᠯᠠᠬᠤ ᠨᠢᠭᠤᠷ᠎ᠲᠤ᠌ ᠣᠷᠣᠨ᠎ᠠ᠃

  2. ᠮᠠᠱᠢᠨ ᠲᠡᠷᠭᠡ ᠰᠣᠯᠢᠵᠤ ᠱᠢᠨᠡᠳᠭᠡᠬᠦ᠌

  ᠨᠡᠮᠡᠭᠦᠷᠢ ᠦᠭ᠌ᠬᠦ ᠬᠡᠪᠴᠢᠶ᠎ᠡ ᠪᠠ ᠪᠠᠷᠢᠮᠵᠢᠶ᠎ᠠ

  ᠨᠡᠮᠡᠭᠦᠷᠢ ᠣᠯᠭᠤᠬᠤ ᠡᠲᠡᠭᠡᠳ᠄ ᠬᠤᠪᠢ ᠬᠥᠮᠦᠨ᠎ᠤ ᠬᠡᠷᠡᠭ᠌ᠯᠡᠭ᠌ᠴᠢᠳ

  ᠱᠢᠲᠠᠭᠠᠯᠭ᠎ᠠ᠎ᠶ᠋ᠢᠨ ᠲᠣᠰᠣᠨ᠎ᠤ ᠰᠠᠭᠤᠳᠠᠯ᠎ᠤᠨ ᠮᠠᠰᠢᠨ᠎ᠤ ᠬᠠᠮᠤᠭ᠎ᠤᠨ ᠥᠨᠳᠥᠷ ᠨᠡᠮᠡᠭᠦᠷᠢ ᠮᠥᠩᠭᠥ᠌ ᠄13000  ᠲᠦᠭᠦᠷᠢᠭ

  ᠰᠢᠨ᠎ᠡ ᠡᠨᠧᠷᠭᠢ᠎ᠶᠢᠨ ᠰᠠᠭᠤᠳᠠᠯ᠎ᠤᠨ ᠮᠠᠰᠢᠨ᠎ᠤ ᠬᠠᠮᠤᠭ᠎ᠤᠨ ᠥᠨᠳᠥᠷ ᠨᠡᠮᠡᠭᠦᠷᠢ᠄ 15000 ᠲᠥᠭᠦᠷᠢᠭ

  ᠰᠣᠯᠢᠬᠤ

  2025 ᠣᠨ᠎ᠳᠤ ᠬᠤᠪᠢ ᠬᠥᠮᠦᠨ᠎ᠤ ᠬᠡᠷᠡᠭ᠌ᠯᠡᠭ᠌ᠴᠢᠳ᠎ᠤᠨ ᠱᠢᠯᠵᠢᠭᠦᠯᠦᠨ ᠥᠭ᠌ᠴᠦ ᠳᠠᠩᠰᠠᠯᠠᠭᠤᠯᠬᠤ᠎ᠶ᠋ᠢᠨ ᠬᠠᠮᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠱᠢᠨ᠎ᠡ ᠮᠠᠱᠢᠨ ᠲᠡᠷᠭᠡ ᠬᠤᠳᠠᠯᠳᠤᠨ ᠠᠪᠴᠤ᠌᠂ ᠲᠤᠬᠠᠶ᠎ᠶ᠋ᠢᠨ ᠭᠠᠵᠠᠷ᠎ᠤᠨ ᠮᠠᠰᠢᠨ ᠲᠡᠷᠭᠡᠨ᠎ᠤ ᠨᠢᠭᠡᠳᠦᠯᠲᠡᠶ ᠪᠣᠷᠣᠯᠠᠭᠤᠯᠭ᠎ᠠ᠎ᠶ᠋ᠢᠨ ᠪᠠᠷᠢᠮᠲᠠ ᠬᠢᠵᠦ᠍᠂ ᠨᠢᠭᠡ ᠯᠡ ᠤᠳᠠᠭ᠎ᠠ᠎ᠶ᠋ᠢᠨ ᠴᠢᠨᠠᠷᠲᠠᠶ ᠲᠣᠭ᠍ᠲᠠᠭ᠍ᠰᠠᠨ ᠲᠣᠭᠠᠨ᠎ᠤ ᠨᠡᠮᠡᠭᠦᠷᠢ ᠭᠤᠶᠤᠴᠢᠯᠠᠵᠤ ᠪᠣᠯᠤᠨ᠎ᠠ᠃

  ᠬᠤᠪᠢ ᠬᠥᠮᠥᠨ᠎ᠦ ᠬᠡᠷᠡᠭᠯᠡᠭᠴᠢᠳ ᠥᠪᠡᠷ᠎ᠦᠨ ᠨᠡᠷ᠎ᠡ ᠳᠡᠭᠡᠷ᠎ᠡ ᠳᠠᠩᠰᠠᠯᠠᠭᠤᠯᠤᠭᠰᠠᠨ ᠬᠠᠭᠤᠴᠢᠨ ᠲᠡᠷᠭᠡ᠎ᠪᠡᠨ ᠰᠢᠯᠵᠢᠭᠦᠯᠦᠨ ᠥᠭᠬᠦ᠎ᠶᠢᠨ ᠬᠠᠮᠲᠤ ᠰᠢᠨ᠎ᠡ ᠲᠡᠷᠭᠡ ᠬᠤᠳᠠᠯᠳᠤᠨ ᠠᠪᠬᠤ᠎ᠳᠤ ᠳᠣᠣᠷᠠᠬᠢ ᠪᠠᠷᠢᠮᠵᠢᠶ᠎ᠠ᠎ᠪᠠᠷ ᠲᠠᠰ ᠬᠤᠪᠢᠶᠠᠨ ᠨᠡᠮᠡᠭᠦᠷᠢ ᠥᠭᠭᠦᠨ᠎ᠡ᠃

  ᠱᠢᠨ᠎ᠡ ᠲᠡᠷᠭᠡ᠎ᠶ᠋ᠢᠨ ᠦᠨ᠎ᠡ

  5 ᠲᠦᠮᠡᠨ ᠲᠦᠭᠦᠷᠢᠭ ( ᠪᠠᠭᠲᠠᠨ᠎ᠠ)᠎ᠡᠴᠡ 15 ᠲᠦᠮᠡᠨ ᠲᠦᠭᠦᠷᠢᠭ᠌

  15 ᠲᠦᠮᠡᠨ ᠲᠦᠭᠦᠷᠢᠭ ( ᠪᠠᠭᠲᠠᠨ᠎ᠠ)᠎ᠠᠴᠠ ᠳᠡᠭᠡᠭ᠌ᠰᠢ

  ᠱᠢᠲᠠᠭᠠᠯᠭ᠎ᠠ᠎ᠶ᠋ᠢᠨ ᠲᠤᠰᠤᠨ᠎ᠤ ᠰᠠᠭᠤᠳᠠᠯ᠎ᠤᠨ ᠮᠠᠰᠢᠨ 12000 ᠲᠥᠭᠥᠷᠢᠭ 13000 ᠲᠥᠭᠥᠷᠢᠭ

   ᠱᠢᠨ᠎ᠡ ᠡᠨᠧᠷᠭᠢ᠎ᠶ᠋ᠢᠨ  ᠰᠠᠭᠤᠳᠠᠯ᠎ᠤᠨ  ᠮᠠᠰᠢᠨ 14000 ᠲᠥᠭᠦᠷᠢᠭ 15000 ᠲᠥᠭᠦᠷᠢᠭ

  ᠲᠣᠳᠣᠷᠬᠠᠢᠯᠠᠯᠲᠠ ᠄ ᠳᠡᠭᠡᠷ᠎ᠡ ᠳᠤᠷᠠᠳᠤᠭ᠍ᠰᠠᠨ ᠬᠠᠭᠤᠴᠢᠨ ᠲᠡᠷᠭᠡ 《 ᠮᠠᠰᠢᠨ ᠲᠡᠷᠭᠡ ᠳᠠᠩᠰᠠᠯᠠᠭᠤᠯᠤᠭ᠍ᠰᠠᠨ ᠦᠨᠡᠮᠯᠡᠯ》᠂ 《ᠭᠠᠷ ᠳᠠᠮᠵᠢᠭ᠍ᠰᠠᠨ ᠮᠠᠱᠢᠨ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》᠂ ᠱᠢᠨ᠎ᠡ ᠲᠡᠷᠭᠡ 《ᠮᠠᠰᠢᠨ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》᠂ 《ᠮᠠᠰᠢᠨ ᠲᠡᠷᠭᠡ ᠳᠠᠩᠰᠠᠯᠠᠭᠤᠯᠤᠭ᠍ᠰᠠᠨ ᠦᠨᠡᠮᠯᠡᠯ》 (ᠳᠣᠷᠣᠭ᠍ᠰᠢ 4 ᠲᠥᠷᠥᠯ᠎ᠤᠨ ᠭᠡᠷᠡᠴᠢ ᠭᠡᠵᠦ᠍ ᠲᠣᠪᠴᠢᠯᠠᠨ᠎ᠠ) ᠎ᠨᠢ ᠴᠥᠮ 2025 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ ᠤᠯᠬᠤ ᠬᠡᠷᠡᠭ᠌ᠲᠡᠶ᠃

  ᠬᠠᠭᠤᠴᠢᠨ ᠲᠡᠷᠭᠡ᠎ᠶᠢ ᠰᠢᠯᠵᠢᠭᠦᠯᠦᠨ ᠥᠭ᠌ᠬᠦ ᠡᠳᠦᠷ ᠬᠤᠭᠤᠴᠠᠭ᠎ᠠ᠎ᠶᠢ 《 ᠬᠠᠭᠤᠴᠢᠨ ᠮᠠᠰᠢᠨ ᠲᠡᠷᠭᠡ ᠪᠣᠷᠣᠯᠠᠭᠤᠯᠤᠨ ᠬᠤᠳᠠᠯᠳᠤᠬᠤ ᠨᠢᠭᠡᠳᠦᠯᠲᠡᠢ ᠪᠠᠷᠢᠮᠲᠠ》 ᠳᠡᠭᠡᠷ᠎ᠡ ᠲᠣᠳᠣᠷᠬᠠᠢᠯᠠᠭ᠍ᠰᠠᠨ ᠫᠢᠶᠣᠣ ᠦᠭᠭᠦᠭᠰᠡᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ ᠃

  ᠬᠤᠪᠢ ᠬᠥᠮᠦᠨ᠎ᠤ ᠬᠡᠷᠡᠭ᠌ᠯᠡᠭ᠌ᠴᠢᠳ᠎ᠤᠨ ᠱᠢᠯᠵᠢᠭᠦᠯᠦᠨ ᠥᠭ᠌ᠭᠦᠭ᠌ᠰᠡᠨ ᠬᠠᠭᠤᠴᠢᠨ ᠲᠡᠷᠭᠡ᠎ᠶ᠋ᠢ ᠡᠷᠬᠡᠪᠰᠢ 2025 ᠣᠨ᠎ᠤ 1 ᠳ᠋ᠦ᠍ᠭᠡᠷ ᠰᠠᠷ᠎ᠠ᠎ᠶ᠋ᠢᠨ 8 ᠎ᠤ ᠡᠳᠦᠷ᠎ᠠᠴᠠ ᠡᠮᠦᠨ᠎ᠡ ᠨᠢᠭᠡᠨᠲᠡ ᠬᠤᠪᠢ ᠬᠥᠮᠦᠨ᠎ᠤ ᠨᠡᠷ᠎ᠡ᠎ᠪᠠᠷ ᠳᠠᠩᠰᠠᠯᠠᠭᠤᠯᠵᠤ᠂ ᠬᠠᠭᠤᠴᠢᠨ ᠲᠡᠷᠭᠡ 《ᠮᠠᠱᠢᠨ ᠲᠡᠷᠭᠡ ᠳᠠᠩᠰᠠᠯᠠᠭᠤᠯᠬᠤ ᠦᠨᠡᠮᠯᠡᠯ》 ᠳᠡᠭᠡᠷ᠎ᠡ ᠲᠣᠳᠣᠷᠬᠠᠶ ᠲᠡᠮᠳᠡᠭᠯᠡᠨ ᠳᠠᠩᠰᠠᠯᠠᠭᠤᠯᠤᠭ᠍ᠰᠠᠨ ᠡᠳᠦᠷ᠎ᠢᠶᠠᠷ ᠪᠠᠷᠢᠮᠵᠢᠶ᠎ᠠ ᠪᠣᠯᠭᠠᠬᠤ ᠬᠡᠷᠡᠭ᠌ᠲᠡᠶ᠃

  ᠰᠢᠨ᠎ᠡ ᠲᠡᠷᠭᠡᠨ᠎ᠦ 《 ᠮᠠᠰᠢᠨ ᠲᠡᠷᠭᠡ ᠪᠣᠷᠣᠯᠠᠭᠤᠯᠬᠤ ᠨᠢᠭᠡᠳᠦᠯᠲᠡᠢ ᠪᠠᠷᠢᠮᠲᠠ 》 ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ ᠪᠣᠯᠣᠨ᠎ᠠ ᠃ 

  ᠱᠢᠨ᠎ᠡ ᠲᠡᠷᠭᠡ ᠬᠤᠳᠠᠯᠳᠤᠨ ᠠᠪᠬᠤ ᠡᠳᠦᠷ᠎ᠤᠨ ᠬᠤᠭᠤᠴᠠᠭ᠎ᠠ ᠨᠢ 《ᠮᠠᠰᠢᠨ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》 ᠳᠡᠭᠡᠷ᠎ᠡ ᠲᠣᠳᠣᠷᠬᠠᠶ ᠲᠡᠮᠳᠡᠭ᠌ᠯᠡᠭ᠌ᠰᠡᠨ ᠫᠢᠶᠣᠣ ᠦᠭᠭᠦᠭᠰᠡᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ᠃

  ᠱᠢᠨ᠎ᠡ ᠲᠡᠷᠭᠡ ᠳᠠᠩᠰᠠᠯᠠᠭᠤᠯᠬᠤ ᠡᠳᠦᠷ ᠬᠤᠭᠤᠴᠠᠭ᠎ᠠ ᠨᠢ 《 ᠮᠠᠰᠢᠨ ᠲᠡᠷᠭᠡ ᠳᠠᠩᠰᠠᠯᠠᠭᠤᠯᠬᠤ ᠦᠨᠡᠮᠯᠡᠯ》 ᠳᠡᠭᠡᠷ᠎ᠡ ᠲᠣᠳᠣᠷᠬᠠᠶ ᠲᠡᠮᠳᠡᠭ᠌ᠯᠡᠭ᠌ᠰᠡᠨ ᠳᠠᠩᠰᠠᠯᠠᠭᠤᠯᠬᠤ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭᠠᠨ᠎ᠠ᠃

  

  ᠣᠨ ᠠᠯᠤᠰᠯᠠᠭ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠵᠣᠯᠭᠠᠭᠤᠯᠤᠯᠲᠠ

  2024 ᠣᠨ᠎ᠤ 9 ᠳ᠋ᠦ᠍ᠭᠡᠷ ᠰᠠᠷ᠎ᠠ᠎ᠶ᠋ᠢᠨ 9 ᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ᠎ᠶ᠋ᠢᠨ 31 ᠎ᠤ ᠡᠳᠦᠷ ᠪᠣᠯᠲᠠᠯᠠᠬᠢ ᠬᠤᠭᠤᠴᠠᠭᠠᠨ᠎ᠳᠤ ᠵᠥᠪᠬᠡᠨ 4 ᠲᠥᠷᠥᠯ᠎ᠤᠨ ᠭᠡᠷᠡᠴᠢ ᠣᠯᠤᠭ᠍ᠰᠠᠨ ᠪᠥᠭᠡᠳ 2025 ᠣᠨ᠎ᠤ 2 ᠳ᠋ᠤᠭ᠋ᠠᠷ ᠰᠠᠷ᠎ᠠ᠎ᠶ᠋ᠢᠨ 28 ᠎ᠤ ᠡᠳᠦᠷ᠎ᠠᠴᠠ ᠡᠮᠦᠨ᠎ᠡ ᠪᠦᠬᠦᠨ᠎ᠢᠶᠠᠷ᠎ᠢᠶᠠᠨ 4 ᠲᠥᠷᠥᠯ᠎ᠤᠨ ᠭᠡᠷᠡᠴᠢ ᠣᠯᠤᠭ᠍ᠰᠠᠨ ᠬᠤᠪᠢ ᠬᠥᠮᠦᠨ᠎ᠤ ᠬᠡᠷᠡᠭ᠌ᠯᠡᠭ᠌ᠴᠢ ᠪᠦᠬᠦᠨ᠎ᠢᠶᠠᠷ᠎ᠢᠶᠠᠨ 2025 ᠣᠨ᠎ᠤ ᠮᠠᠱᠢᠨ ᠲᠡᠷᠭᠡᠨ᠎ᠤ ᠱᠢᠨᠡᠳᠭᠡᠯᠲᠡ᠎ᠶ᠋ᠢᠨ ᠨᠡᠮᠡᠭᠦᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢᠨ ᠬᠠᠮᠲᠤ 2025 ᠣᠨ᠎ᠤ ᠲᠣᠰ ᠵᠢᠯ᠎ᠤᠨ ᠨᠡᠮᠡᠭᠦᠷᠢ᠎ᠶ᠋ᠢᠨ ᠤᠳᠠᠭ᠎ᠠ᠎ᠶ᠋ᠢ ᠬᠦᠷᠲᠡᠨ᠎ᠡ᠃ ᠭᠤᠶᠤᠴᠢᠯᠠᠭ᠍ᠴᠢ᠎ᠶ᠋ᠢᠨ ᠵᠣᠬᠢᠴᠠᠩᠭᠤᠶ ᠱᠢᠯᠵᠢᠭᠦᠯᠦᠨ ᠥᠭ᠌ᠭᠦᠭ᠌ᠰᠡᠨ ᠬᠠᠭᠤᠴᠢᠨ ᠲᠡᠷᠭᠡ ᠪᠠ ᠬᠤᠳᠠᠯᠳᠤᠨ ᠠᠪᠤᠭ᠍ᠰᠠᠨ ᠱᠢᠨ᠎ᠡ ᠲᠡᠷᠭᠡ᠎ᠨᠢ ᠬᠤᠳᠠᠯᠳᠤᠭᠠᠨ᠎ᠤ ᠬᠡᠷᠡᠭ᠌ᠯᠡᠭᠡ ᠵᠠᠬᠢᠳᠠᠯ [2024] 392 ᠳ᠋ᠤᠭᠠᠷ ᠲᠣᠭᠠᠲᠤ ᠪᠢᠴᠢᠭ ᠪᠠ ᠥᠪᠥᠷ ᠬᠤᠳᠠᠯᠳᠤᠭᠠᠨ᠎ᠤ ᠲᠡᠭᠡᠭᠡᠪᠦᠷᠢ ᠥᠰᠥᠭ [2024] 663 ᠳ᠋ᠤᠭᠠᠷ ᠲᠣᠭᠠᠲᠤ ᠪᠢᠴᠢᠭ ᠮᠠᠲ᠋ᠧᠷᠢᠶᠠᠯ᠎ᠤᠨ ᠬᠤᠯᠪᠣᠭ᠍ᠳᠠᠯ ᠪᠥᠬᠦᠶ ᠱᠠᠭᠠᠷᠳᠠᠯᠭ᠎ᠠ᠎ᠳᠤ ᠨᠡᠢᠴᠡᠵᠦ᠍᠂ 2025 ᠣᠨ᠎ᠳᠤ ᠮᠠᠱᠢᠨ ᠲᠡᠷᠭᠡ ᠰᠣᠯᠢᠵᠤ ᠱᠢᠨᠡᠳᠭᠡᠬᠦ᠌ ᠨᠡᠮᠡᠭᠦᠷᠢ᠎ᠶ᠋ᠢᠨ ᠪᠠᠷᠢᠮᠵᠢᠶ᠎ᠠ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃

  ᠨᠡᠮᠡᠭᠦᠷᠢ ᠭᠤᠶᠤᠴᠢᠯᠠᠬᠤ ᠠᠷᠭ᠎ᠠ ᠮᠠᠶᠢᠭ

   ᠶᠦᠨ ᠱᠠᠨ ᠹᠦ᠋᠎ᠪᠡᠷ ᠳᠠᠮᠵᠢᠭᠤᠯᠤᠨ 《ᠥᠪᠥᠷ ᠮᠣᠩᠭᠤᠯ᠎ᠤᠨ ᠮᠠᠱᠢᠨ ᠲᠡᠷᠭᠡᠨ᠎ᠤ ᠱᠢᠨᠡᠳᠭᠡᠯᠲᠡ᠎ᠶ᠋ᠢᠨ ᠨᠡᠮᠡᠭᠦᠷᠢ ᠭᠤᠶᠤᠴᠢᠯᠠᠬᠤ ᠭᠤᠶᠤᠴᠢᠯᠠᠯ》 ᠎ᠤᠨ ᠵᠢᠵᠢᠭ ᠫᠷᠤᠭ᠌ᠷᠠᠮ ᠎ᠢᠶᠠᠷ ᠳᠠᠮᠵᠢᠭᠤᠯᠤᠨ᠂ ᠨᠡᠮᠡᠭᠦᠷᠢ ᠭᠤᠶᠤᠴᠢᠯᠠᠬᠤ ᠦᠢᠯᠡᠴᠢᠯᠡᠭᠡᠨ᠎ᠤ ᠲᠠᠪᠴᠠᠩ᠎ᠳᠤ ᠣᠷᠣᠵᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ᠎ᠢ ᠳᠠᠮᠵᠢᠭᠤᠯᠤᠨ ᠨᠡᠮᠡᠭᠦᠷᠢ᠎ᠶ᠋ᠢ ᠭᠥᠯᠢᠶᠡᠨ ᠠᠪᠴᠤ᠌ ᠱᠢᠢᠳᠪᠦᠷᠢᠯᠡᠬᠦ᠌ ᠭᠠᠵᠠᠷ (ᠲᠤᠬᠠᠢᠯᠠᠪᠠᠯ ᠱᠢᠨ᠎ᠡ ᠲᠡᠷᠭᠡ 《ᠮᠠᠱᠢᠨ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》 ᠎ᠶ᠋ᠢ ᠭᠠᠷᠭᠠᠵᠤ ᠥᠭ᠌ᠭᠦᠭ᠌ᠰᠡᠨ ᠭᠠᠵᠠᠷ) ᠎ᠲᠤ ᠨᠡᠮᠡᠭᠦᠷᠢ ᠭᠤᠶᠤᠴᠢᠯᠠᠬᠤ ᠭᠤᠶᠤᠴᠢᠯᠠᠯ᠎ᠢᠶᠠᠨ ᠲᠤᠱᠢᠶᠠᠨ᠎ᠠ᠃

  ᠲᠠᠢᠯᠪᠤᠷᠢ ᠄ ᠬᠡᠷᠡᠭ᠌ᠯᠡᠭ᠌ᠴᠢᠳ ᠨᠢᠭᠡᠪᠦᠷᠢ ᠎ᠨᠢ ᠨᠢᠭᠡ ᠯᠡ ᠠᠶᠠᠨᠳᠠᠭᠠᠨ᠎ᠤ ᠣᠨ ᠳᠣᠲᠣᠷ᠎ᠠ ᠬᠠᠮᠤᠭ ᠠᠷᠪᠢᠨ᠎ᠳᠤ᠎ᠪᠠᠨ ᠨᠢᠭᠡ ᠤᠳᠠᠭ᠎ᠠ ᠮᠠᠱᠢᠨ ᠲᠡᠷᠭᠡ ᠰᠣᠯᠢᠵᠤ ᠱᠢᠨᠡᠳᠭᠡᠬᠦ᠌ ᠨᠡᠮᠡᠭᠦᠷᠢ ᠬᠦᠷᠲᠡᠬᠦ᠌ ᠪᠣᠯᠤᠨ᠎ᠠ᠂ ᠠᠳᠠᠯᠢ ᠨᠢᠭᠡᠨ ᠱᠢᠨ᠎ᠡ ᠲᠡᠷᠭᠡᠨ᠎ᠳᠤ ᠵᠥᠪᠬᠡᠨ ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌ ᠨᠡᠮᠡᠭᠦᠷᠢ ᠪᠤᠶᠤ ᠰᠣᠯᠢᠵᠤ ᠱᠢᠨᠡᠳᠭᠡᠬᠦ᠌ ᠨᠡᠮᠡᠭᠦᠷᠢ ᠭᠤᠶᠤᠴᠢᠯᠠᠬᠤ᠎ᠶ᠋ᠢ ᠰᠣᠩᠭᠤᠵᠤ ᠪᠣᠯᠤᠨ᠎ᠠ᠃

ᠢᠷᠡᠯᠲᠡ᠄ ᠠᠵᠢᠯᠯᠠᠭᠠᠨ᠎ᠤ ᠭᠠᠵᠠᠷ
          
ᠬᠠᠮᠢᠶ᠎ᠡ ᠪᠦᠬᠦᠢ ᠰᠣᠨᠢᠨ
 
            