ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ ᠠᠯᠪᠠᠨ ᠲᠢᠩᠬᠢᠮ (ᠲᠠᠰᠤᠭ) 《2025 ᠣᠨ᠎ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 (ᠳᠣᠷᠣᠭ᠍ᠰᠢ《ᠮᠡᠳᠡᠭ᠌ᠳᠡᠯ》 ᠭᠡᠵᠦ᠍ ᠲᠣᠪᠴᠢᠯᠠᠨ᠎ᠠ) ᠢ ᠳᠠᠷᠤᠮᠠᠯᠯᠠᠨ ᠲᠠᠷᠬᠠᠭᠠᠵᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠦᠢᠯᠭᠡᠭᠡᠨ᠎ᠤ ᠬᠥᠭ᠌ᠵᠢᠯᠲᠡ᠎ᠶ᠋ᠢᠨ ᠵᠤᠷᠭᠠᠨ᠎ᠤ ᠬᠠᠷᠢᠭᠤᠴᠠᠯᠭᠠᠲᠠᠨ ᠬᠤᠯᠪᠣᠭ᠍ᠳᠠᠯ ᠪᠥᠬᠦᠶ ᠠᠭᠤᠯᠭ᠎ᠠ᠎ᠶ᠋ᠢᠨ ᠲᠤᠬᠠᠶ ᠲᠠᠢᠯᠤᠮᠵᠢ ᠬᠢᠪᠠ᠃
ᠨᠢᠭᠡ᠂ 《ᠮᠡᠳᠡᠭ᠌ᠳᠡᠯ》 ᠢ ᠨᠡᠢᠲᠡᠯᠡᠭ᠌ᠰᠡᠨ ᠠᠬᠤᠢ ᠪᠠᠢᠳᠠᠯ ᠪᠠ ᠭᠤᠣᠯ ᠠᠭᠤᠯᠭ᠎ᠠ ᠨᠢ ᠶᠠᠭᠤ ᠪᠤᠢ?
2024 ᠣᠨ᠎ᠳᠤ᠂ ᠪᠥᠬᠦ᠌ ᠤᠯᠤᠰ᠎ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠠᠮᠤᠷ ᠲᠦᠪᠱᠢᠨ᠎ᠤ ᠳᠠᠯᠳᠠ ᠭᠡᠮ ᠢ ᠪᠥᠬᠦ᠌ ᠬᠡᠯᠬᠢᠶ᠎ᠡ᠎ᠪᠠᠷ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ ᠬᠠᠮᠲᠤᠷᠠᠨ 《ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠠᠬᠢᠭᠤᠯᠬᠤ ᠬᠡᠷᠡᠭ᠌ᠵᠢᠭᠦᠯᠬᠦ᠌ ᠲᠥᠰᠦᠯ》 ᠢ ᠲᠣᠭ᠍ᠲᠠᠭᠠᠵᠤ᠂ ᠡᠯ᠎ᠡ ᠭᠠᠵᠠᠷ᠎ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯ ᠥᠷᠨᠢᠭᠦᠯᠬᠦ᠌᠎ᠶ᠋ᠢ ᠵᠢᠯᠣᠭᠤᠳᠪᠠ᠃ 2025 ᠣᠨ᠎ᠤ 1 ᠳ᠋ᠦ᠍ᠭᠡᠷ ᠰᠠᠷ᠎ᠠ᠎ᠳᠤ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ 《2025 ᠣᠨ᠎ᠤ ᠬᠦᠷᠢᠶ᠎ᠡ ᠴᠠᠷᠠᠭ᠎ᠠ᠎ᠶ᠋ᠢ ᠬᠦᠴᠦᠯᠡᠨ ᠥᠷᠭᠡᠳᠭᠡᠵᠦ᠍ ᠶᠡᠭᠡ ᠬᠡᠪᠴᠢᠶᠡᠨ᠎ᠤ ᠲᠥᠬᠦᠭᠡᠷᠦᠮᠵᠢ᠎ᠶ᠋ᠢ ᠱᠢᠨᠡᠳᠭᠡᠬᠦ᠌ ᠪᠠ ᠬᠡᠷᠡᠭ᠌ᠯᠡᠭᠡᠨ᠎ᠤ ᠵᠦᠢᠯᠡᠰ᠎ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠲᠤᠬᠠᠢ ᠮᠡᠳᠡᠭ᠌ᠳᠡᠯ》 ᠢ ᠳᠠᠷᠤᠮᠠᠯᠯᠠᠨ ᠲᠠᠷᠬᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠲᠦᠷᠭᠡᠳᠭᠡᠨ ᠠᠬᠢᠭᠤᠯᠬᠤ᠎ᠶ᠋ᠢ ᠲᠣᠳᠣᠷᠬᠠᠢ ᠲᠣᠭ᠍ᠲᠠᠭᠠᠪᠠ᠃ ᠳᠡᠭᠡᠷ᠎ᠡ ᠳᠤᠷᠠᠳᠤᠭ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠪᠥᠬᠦ᠌ ᠤᠯᠤᠰ᠎ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠠᠮᠤᠷ ᠲᠦᠪᠱᠢᠨ᠎ᠤ ᠳᠠᠯᠳᠠ ᠬᠡᠮ᠎ᠢ ᠪᠥᠬᠦ᠌ ᠬᠡᠯᠬᠢᠶ᠎ᠡ᠎ᠪᠠᠷ ᠴᠡᠭ᠌ᠴᠡᠯᠡᠨ ᠵᠠᠰᠠᠬᠤ ᠠᠵᠢᠯ᠎ᠤᠨ ᠲᠤᠰᠭᠠᠶ ᠠᠩᠭᠢ ᠵᠢᠴᠢ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭ᠍ᠰᠠᠨ ᠰᠠᠭᠤᠷᠢᠨ ᠳᠡᠭᠡᠷ᠎ᠡ᠂ ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ ᠠᠯᠪᠠᠨ ᠲᠢᠩᠬᠢᠮ (ᠲᠠᠰᠤᠭ) 《2025 ᠣᠨ᠎ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 (ᠳᠣᠷᠣᠭ᠍ᠰᠢ 《ᠮᠡᠳᠡᠭ᠌ᠳᠡᠯ》 ᠭᠡᠵᠦ᠍ ᠲᠣᠪᠴᠢᠯᠠᠨ᠎ᠠ) ᠢ ᠳᠠᠷᠤᠮᠠᠯᠯᠠᠨ ᠲᠠᠷᠬᠠᠭᠠᠵᠤ᠂ 2025 ᠣᠨ᠎ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯ᠎ᠢ ᠦᠷᠭᠦᠯᠵᠢᠯᠡᠨ ᠥᠷᠨᠢᠭᠦᠯᠬᠦ᠌᠎ᠶ᠋ᠢ ᠪᠠᠢᠷᠢᠯᠠᠭᠤᠯᠪᠠ᠃
《ᠮᠡᠳᠡᠭ᠌ᠳᠡᠯ》 ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠠᠮᠤᠷ ᠲᠦᠪᠱᠢᠨ᠎ᠤ ᠳᠠᠯᠳᠠ ᠭᠡᠮ᠎ᠢ ᠪᠥᠬᠦ᠌ ᠬᠡᠯᠬᠢᠶ᠎ᠡ᠎ᠪᠠᠷ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠠᠮᠤᠷ ᠲᠦᠪᠱᠢᠨ᠎ᠤ ᠤᠳᠤᠷᠢᠳᠤᠮᠵᠢ᠎ᠠᠴᠠ ᠡᠭᠦᠰᠴᠦ᠍᠂ ᠬᠠᠭᠤᠴᠢᠨ᠎ᠢᠶᠠᠷ ᠱᠢᠨ᠎ᠡ ᠰᠣᠯᠢᠬᠤ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯᠯᠠᠭ᠎ᠠ᠎ᠶ᠋ᠢᠨ ᠴᠠᠭ᠂ ᠨᠡᠮᠡᠭᠦᠷᠢ ᠥᠭ᠌ᠬᠦ ᠡᠲᠡᠭᠡᠳ ᠪᠠ ᠪᠠᠷᠢᠮᠵᠢᠶ᠎ᠠ᠂ ᠨᠡᠮᠡᠭᠦᠷᠢ᠎ᠶ᠋ᠢᠨ ᠴᠤᠪᠤᠷᠠᠯ᠎ᠢ ᠱᠢᠯᠢᠳᠡᠭ᠌ᠵᠢᠭᠦᠯᠬᠦ᠌ ᠵᠢᠴᠢ ᠠᠷᠭ᠎ᠠ ᠮᠠᠶᠢᠭ᠎ᠢ ᠲᠣᠳᠣᠷᠬᠠᠢᠯᠠᠵᠤ᠂ ᠪᠣᠷᠣᠯᠠᠭᠤᠯᠬᠤ ᠭᠤᠭ᠍ᠴᠤᠭ᠎ᠠ᠎ᠶ᠋ᠢ ᠵᠢᠷᠤᠮᠵᠢᠭᠤᠯᠬᠤ᠂ ᠬᠠᠭᠤᠴᠢᠨ ᠭᠤᠭ᠍ᠴᠤᠭ᠎ᠠ᠎ᠶ᠋ᠢ ᠱᠢᠯᠢᠳᠡᠭ᠌ᠵᠢᠭᠦᠯᠬᠦ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠴᠢᠩᠭᠠᠳᠭᠠᠬᠤ᠂ ᠲᠤᠭ᠎ᠠ ᠪᠠᠷᠢᠮᠲᠠ᠎ᠶ᠋ᠢ ᠴᠤᠭ᠍ᠯᠠᠭᠤᠯᠬᠤ᠎ᠶ᠋ᠢ ᠰᠠᠢᠲᠤᠷ ᠬᠢᠬᠦ᠌ ᠵᠡᠷᠭᠡ ᠱᠠᠭᠠᠷᠳᠠᠯᠭ᠎ᠠ᠎ᠶ᠋ᠢ ᠳᠤᠷᠠᠳᠤᠨ ᠭᠠᠷᠭᠠᠪᠠ᠃ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠬᠠᠶ᠎ᠶ᠋ᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠠᠮᠤᠷ ᠲᠦᠪᠱᠢᠨ᠎ᠤ ᠳᠠᠯᠳᠠ ᠭᠡᠮ᠎ᠢ ᠪᠥᠬᠦ᠌ ᠬᠡᠯᠬᠢᠶ᠎ᠡ᠎ᠪᠠᠷ ᠴᠡᠭ᠌ᠴᠡᠯᠡᠨ ᠵᠠᠰᠠᠬᠤ ᠠᠵᠢᠯ᠎ᠤᠨ ᠲᠤᠰᠭᠠᠶ ᠠᠩᠭᠢ᠎ᠶ᠋ᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠣᠰ ᠣᠷᠣᠨ ᠪᠦᠰᠡ᠎ᠶ᠋ᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠬᠡᠷᠡᠭ᠌ᠵᠢᠭᠦᠯᠬᠦ᠌ ᠠᠵᠢᠯ᠎ᠢ ᠲᠦᠷᠦᠭᠦᠯᠡᠨ ᠰᠠᠢᠲᠤᠷ ᠬᠢᠬᠦ᠌ ᠬᠡᠷᠡᠭ᠌ᠲᠡᠶ; ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠳᠤ ᠬᠤᠯᠪᠣᠭ᠍ᠳᠠᠬᠤ ᠬᠠᠮᠢᠶ᠎ᠠ ᠪᠦᠬᠦᠢ ᠭᠤᠭ᠍ᠴᠤᠭ᠎ᠠ᠎ᠳᠤ ᠲᠤᠬᠠᠶ᠎ᠶ᠋ᠢᠨ ᠭᠠᠵᠠᠷ᠎ᠤᠨ ᠲᠤᠰᠭᠠᠶ ᠠᠩᠭᠢ᠎ᠳᠤ ᠲᠦᠱᠢᠭ᠌ᠯᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠠᠮᠤᠷ ᠲᠦᠪᠱᠢᠨ᠎ᠤ ᠳᠠᠯᠳᠠ ᠭᠡᠮ᠎ᠢ ᠪᠥᠬᠦ᠌ ᠬᠡᠯᠬᠢᠶ᠎ᠡ᠎ᠪᠠᠷ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠬᠤᠯᠪᠣᠭ᠍ᠳᠠᠯ ᠪᠦᠬᠦᠢ ᠠᠵᠢᠯ᠎ᠤᠨ ᠬᠤᠪᠢᠶᠠᠷᠢᠯᠠᠯ᠎ᠢ ᠬᠢᠨᠠᠮᠠᠭᠠᠶ ᠨᠠᠢᠳᠠᠪᠤᠷᠢᠵᠢᠭᠤᠯᠵᠤ᠂ ᠬᠤᠷᠢᠭ᠎ᠠ ᠴᠡᠭ᠎ᠢ ᠨᠡᠪᠲᠡᠷᠡᠭᠦᠯᠵᠦ᠍᠂ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃
ᠬᠤᠶᠠᠷ᠂ ᠬᠡᠷᠡᠭ᠌ᠯᠡᠭ᠌ᠴᠢᠳ ᠬᠡᠷᠬᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶ᠋ᠢᠨ ᠪᠣᠳᠣᠯᠭ᠎ᠠ᠎ᠶ᠋ᠢ ᠡᠳ᠋ᠯᠡᠬᠦ᠌ ᠪᠣᠶ?
ᠨᠢᠳᠤᠨᠤᠨ᠂ ᠥᠷᠭᠡᠨ ᠣᠯᠠᠨ ᠬᠡᠷᠡᠭ᠌ᠯᠡᠭ᠌ᠴᠢᠳ ᠲᠤᠬᠠᠶ᠎ᠶ᠋ᠢᠨ ᠭᠠᠵᠠᠷ᠎ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠬᠠᠭᠤᠴᠢᠨ ᠲᠡᠷᠭᠡ᠎ᠪᠡᠨ ᠲᠤᠰᠢᠶᠠᠨ ᠬᠤᠳᠠᠯᠳᠤᠵᠤ ᠂ ᠱᠢᠨ᠎ᠡ ᠲᠡᠷᠭᠡ ᠰᠣᠯᠢᠬᠤ᠎ᠳᠤ ᠲᠣᠰ ᠲᠣᠰ 138 ᠲᠦᠮᠡᠨ ᠰᠠᠥᠷᠢ ᠪᠠᠢᠵᠤ᠂ 6 ᠳ᠋ᠦᠩᠱᠢᠭᠤᠷ ᠭᠠᠷᠤᠶ ᠲᠥᠭᠦᠷᠢᠭ᠎ᠤᠨ ᠨᠡᠮᠡᠭᠦᠷᠢ ᠮᠥᠩᠭᠦ᠌ ᠭᠥᠷᠳᠡᠵᠦ᠍᠂ 37.4 ᠳ᠋ᠦᠩᠱᠢᠭᠤᠷ ᠲᠥᠭᠦᠷᠢᠭ᠎ᠤᠨ ᠪᠣᠷᠣᠯᠠᠭᠤᠯᠭ᠎ᠠ᠎ᠶ᠋ᠢ ᠳᠠᠢᠴᠢᠯᠠᠭ᠍ᠰᠠᠨ ᠪᠠᠢᠨ᠎ᠠ᠃ ᠬᠡᠷᠡᠭᠯᠡᠭᠴᠢᠳ ᠵᠢᠩᠬᠢᠨᠢ ᠠᠯᠲᠠ ᠮᠥᠩᠭᠥᠨ᠎ᠦ ᠠᠰᠢᠭ᠋ ᠲᠤᠰᠠ ᠶᠢ ᠭᠥᠷᠳᠡᠵᠦ᠂ ᠲᠡᠷᠭᠡ ᠬᠡᠷᠡᠭ᠌ᠯᠡᠬᠦ᠌ᠳ᠋ᠦ᠍ ᠨᠡᠩ ᠠᠮᠤᠷ ᠲᠦᠪᠰᠢᠨ ᠪᠣᠯᠪᠠ᠃
2025 ᠣᠨ᠎ᠤ 1 ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ ᠡᠬᠢᠯᠡᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠬᠤᠪᠢ ᠬᠥᠮᠥᠨ᠎ᠦ ᠬᠡᠷᠡᠭᠯᠡᠭᠴᠢᠳ᠎ᠦᠨ ᠬᠡᠷᠡᠭᠯᠡᠭᠡᠨ᠎ᠡᠴᠡ ᠭᠠᠷᠤᠭᠰᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢ ᠬᠤᠳᠠᠯᠳᠤᠭᠰᠠᠨ ᠪᠥᠭᠡᠳ ᠬᠢᠷᠢ ᠲᠡᠩᠴᠡᠭᠰᠡᠨ ᠰᠢᠨ᠎ᠡ ᠮᠠᠰᠢᠨ ᠲᠡᠷᠭᠡ ᠰᠣᠯᠢᠵᠤ ᠬᠤᠳᠠᠯᠳᠤᠨ ᠠᠪᠤᠭᠰᠠᠨ ᠪᠠᠢᠪᠠᠯ᠂ ᠬᠠᠭᠤᠴᠢᠨ᠎ᠢᠶᠠᠷ ᠰᠢᠨ᠎ᠡ᠎ᠶᠢ ᠰᠤᠯᠢᠭᠰᠠᠨ ᠨᠡᠮᠡᠭᠦᠷᠢ ᠣᠯᠭᠤᠨ᠎ᠠ᠃ ᠨᠡᠮᠡᠭᠦᠷᠢ᠎ᠶ᠋ᠢᠨ ᠪᠠᠷᠢᠮᠵᠢᠶ᠎ᠠ᠎ᠶ᠋ᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠠᠴᠠ ᠡᠯ᠎ᠡ ᠭᠠᠵᠠᠷ᠎ᠢ ᠵᠢᠯᠣᠭᠤᠳᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠵᠦᠶ ᠵᠣᠬᠢᠰᠲᠠᠶ ᠲᠣᠭ᠍ᠲᠠᠭᠠᠵᠤ᠂ ᠳᠡᠭᠡᠷ᠎ᠡ ᠵᠢᠯ᠎ᠤᠨ ᠨᠡᠮᠡᠭᠦᠷᠢ᠎ᠶ᠋ᠢᠨ ᠪᠠᠷᠢᠮᠵᠢᠶ᠎ᠠ᠎ᠲᠠᠢ ᠬᠠᠷᠢᠯᠴᠠᠨ ᠵᠣᠯᠭᠠᠭᠤᠯᠵᠤ᠂ ᠠᠵᠢᠯ᠎ᠤᠨ ᠲᠣᠭ᠍ᠲᠠᠭᠤᠨ᠎ᠢᠶᠠᠷ ᠱᠢᠯᠵᠢᠬᠦ᠌᠎ᠶ᠋ᠢ ᠪᠠᠲᠤᠯᠠᠪᠠ᠃
ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯᠯᠠᠭ᠎ᠠ᠎ᠳᠤ ᠣᠷᠣᠯᠴᠠᠵᠤ ᠣᠯᠤᠭ᠍ᠰᠠᠨ ᠬᠤᠳᠠᠯᠳᠤᠨ ᠠᠪᠬᠤ ᠨᠡᠮᠡᠭᠦᠷᠢ᠎ᠳᠤ ᠬᠠᠭᠤᠴᠢᠨ ᠲᠡᠷᠭᠡ ᠬᠤᠳᠠᠯᠳᠤᠬᠤ ᠵᠣᠭᠤᠰ᠎ᠤᠨ ᠲᠤᠭ᠎ᠠ᠎ᠶ᠋ᠢ ᠪᠠᠭ᠍ᠲᠠᠭᠠᠬᠤ ᠦᠭᠡᠢ᠂ 《ᠲᠤᠱᠢᠶᠠᠨ ᠬᠤᠳᠠᠯᠳᠤᠬᠤ》 ᠬᠠᠭᠤᠴᠢᠨ ᠲᠡᠷᠭᠡ᠎ᠶ᠋ᠢ ᠲᠤᠬᠠᠶ᠎ᠶ᠋ᠢᠨ ᠭᠠᠵᠠᠷ᠎ᠤᠨ ᠬᠠᠶᠠᠭ᠍ᠳᠠᠮᠠᠯ ᠲᠡᠷᠭᠡᠨ᠎ᠤ ᠵᠠᠬ᠎ᠠ ᠳᠡᠯᠭᠡᠭᠦᠷ᠎ᠤᠨ ᠦᠨ᠎ᠡ᠎ᠪᠠᠷ ᠬᠤᠷᠢᠶᠠᠨ ᠠᠪᠴᠤ᠌᠂ ᠬᠤᠷᠢᠶᠠᠨ ᠠᠪᠤᠭ᠍ᠰᠠᠨ᠎ᠤ ᠳᠠᠷᠠᠭ᠎ᠠ ᠵᠠᠳᠠᠯᠤᠨ ᠱᠢᠢᠳᠪᠦᠷᠢᠯᠡᠬᠦ᠌᠎ᠶ᠋ᠢᠨ ᠵᠣᠷᠢᠯᠭ᠎ᠠ᠎ᠨᠢ ᠲᠦᠭ᠌ᠰᠢᠭᠦᠷᠢ᠎ᠶ᠋ᠢᠨ ᠳᠠᠯᠳᠠ ᠭᠡᠮ᠎ᠢᠶᠠᠷ ᠨᠡᠯᠢᠶᠡᠳ ᠥᠨᠳᠥᠷ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠱᠢᠭ᠌ᠰᠢᠭ᠌ᠳᠡᠭᠦᠯᠬᠦ᠌ᠶ᠋ᠢᠨ ᠲᠥᠯᠥᠭᠡ ᠶᠤᠮ᠃ ᠬᠡᠷᠡᠭ᠌ᠯᠡᠭ᠌ᠴᠢᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ᠎ᠳᠠᠭᠠᠨ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠯᠪᠠᠳᠠᠯᠭ᠎ᠠ᠎ᠶ᠋ᠢᠨ ᠴᠢᠨᠠᠷᠲᠠᠶ ᠤᠯᠤᠰ᠎ᠤᠨ ᠪᠠᠷᠢᠮᠵᠢᠶ᠎ᠠ᠎ᠳᠤ ᠨᠡᠢᠴᠡᠬᠦ᠌ ᠦᠢᠯᠡᠳᠬᠦᠨ᠎ᠦ ᠬᠢᠷᠢ ᠲᠡᠩᠴᠡᠭ᠌ᠰᠡᠨ ᠦᠨᠡᠮᠯᠡᠯ᠂ ᠠᠯᠪᠠᠳᠠᠯᠭ᠎ᠠ᠎ᠶ᠋ᠢᠨ ᠴᠢᠨᠠᠷᠲᠠᠶ ᠦᠢᠯᠡᠳᠬᠦᠨ᠎ᠦ ᠭᠡᠷᠡᠴᠢᠯᠡᠯ (CCC) ᠦᠨᠡᠮᠯᠡᠯ᠎ᠢᠶᠡᠨ ᠪᠠᠢᠴᠠᠭᠠᠨ ᠱᠢᠯᠭᠠᠬᠤ᠎ᠳᠤ ᠵᠢᠩᠬᠢᠨᠢ ᠪᠠᠷᠢᠮᠲᠠ ᠬᠢᠵᠦ᠍ ᠥᠭ᠌ᠴᠦ᠂ ᠡᠭᠦᠳᠡᠨ ᠳᠡᠯᠭᠡᠭᠦᠷ᠎ᠦᠨ ᠬᠠᠪᠰᠤᠷᠤᠯᠭ᠎ᠠ ᠳᠣᠤᠷ᠎ᠠ ᠨᠡᠮᠡᠭᠦᠷᠢ ᠥᠭ᠌ᠬᠦ᠎ᠳᠦ ᠬᠡᠷᠡᠭ᠌ᠰᠡᠬᠦ᠌ ᠮᠡᠳᠡᠭᠡ ᠵᠠᠩᠭᠢ᠎ᠪᠠᠨ ᠲᠠᠭ᠍ᠯᠠᠨ ᠮᠡᠳᠡᠭᠦᠯᠬᠦ᠌᠎ᠶ᠋ᠢ ᠵᠣᠷᠢᠭᠵᠢᠭᠤᠯᠤᠨ᠎ᠠ᠃
ᠬᠡᠷᠡᠭ᠌ᠯᠡᠭ᠌ᠴᠢᠳ᠎ᠤᠨ ᠦᠢᠯᠡᠴᠢᠯᠡᠭᠡᠨ᠎ᠤ ᠣᠢᠯᠠᠭᠠᠯᠲᠠ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠡᠯ᠎ᠡ ᠭᠠᠵᠠᠷ᠎ᠤᠨ ᠲᠥᠯᠥᠪᠦᠷᠢ᠎ᠶ᠋ᠢ ᠬᠦᠴᠦᠨ ᠦᠭᠡᠢ ᠪᠣᠯᠭᠠᠬᠤ ᠵᠡᠷᠭᠡ ᠠᠷᠭ᠎ᠠ ᠮᠠᠶᠢᠭ᠎ᠢ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠨᠡᠮᠡᠭᠦᠷᠢ᠎ᠶ᠋ᠢᠨ ᠬᠠᠷᠠᠭᠠᠯᠵᠠᠯ᠎ᠢ ᠬᠡᠷᠡᠭ᠌ᠯᠡᠭ᠌ᠴᠢᠳ᠎ᠲᠤ ᠱᠢᠭᠤᠳ ᠬᠦᠷᠭᠡᠨ᠎ᠡ᠃ ᠨᠡᠮᠡᠭᠦᠷᠢ ᠣᠯᠭᠤᠬᠤ ᠶᠠᠪᠤᠴᠠ᠎ᠶ᠋ᠢ ᠤᠯᠠᠮ ᠨᠢᠭᠡ ᠠᠯᠬᠤᠮ ᠳᠥᠭᠦᠮᠴᠢᠯᠡᠬᠦ᠌᠎ᠶ᠋ᠢ ᠵᠣᠷᠢᠭ᠍ᠵᠢᠭᠤᠯᠵᠤ᠂ ᠪᠠᠯᠠ ᠮᠥᠩᠭᠦ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠭ᠍ᠰᠠᠨ ᠪᠠᠢᠳᠠᠯ ᠳᠣᠤᠷ᠎ᠠ᠂ ᠨᠡᠮᠡᠭᠦᠷᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠰᠠᠯᠭᠠᠨ ᠥᠭ᠌ᠬᠦ ᠳᠤᠮᠳᠠᠬᠢ ᠴᠢᠬᠤᠯᠠ ᠪᠤᠰᠤ ᠭᠤᠭ᠍ᠴᠤᠭ᠎ᠠ᠎ᠶ᠋ᠢ ᠬᠦᠴᠦᠨ ᠥᠬᠡᠶ ᠪᠣᠯᠭᠠᠵᠤ᠂ ᠬᠢᠨᠠᠨ ᠵᠥᠪᠱᠢᠶᠡᠷᠡᠬᠦ᠌ ᠠᠬᠢᠴᠠ᠎ᠶ᠋ᠢ ᠲᠦᠷᠭᠡᠳᠭᠡᠨ᠂ ᠨᠡᠮᠡᠭᠦᠷᠢ᠎ᠶ᠋ᠢ ᠲᠠᠩᠰᠠᠨ᠎ᠳᠤ ᠣᠷᠣᠭᠤᠯᠬᠤ ᠴᠠᠭ᠎ᠢ ᠠᠯᠢ ᠴᠢᠳᠠᠬᠤ᠎ᠪᠠᠷ ᠪᠣᠭᠤᠨᠢᠰᠭᠠᠨᠠ᠃ ᠬᠤᠳᠠᠯᠳᠤᠭ᠎ᠠ ᠳᠡᠯᠭᠡᠭᠦᠷ᠎ᠢᠶᠠᠷ ᠠᠬᠤᠶ ᠲᠠᠯᠠᠪᠠᠢ ᠪᠣᠯᠭᠠᠬᠤ᠎ᠶ᠋ᠢ ᠵᠣᠷᠢᠭ᠍ᠵᠢᠭᠤᠯᠵᠤ᠂ ᠬᠠᠭᠤᠴᠢᠨ᠎ᠢ ᠬᠤᠳᠠᠯᠳᠤᠬᠤ᠂ ᠱᠢᠨ᠎ᠡ᠎ᠶ᠋ᠢ ᠰᠣᠯᠢᠬᠤ᠂ ᠫᠠᠢᠰᠠ ᠣᠯᠭᠤᠬᠤ ᠵᠡᠷᠭᠡ 《ᠨᠢᠭᠡ ᠥᠷᠲᠡᠭᠡᠨ᠎ᠤ ᠮᠠᠶᠢᠭ》 ᠤᠨ ᠦᠢᠯᠡᠴᠢᠯᠡᠭᠡ ᠬᠠᠩᠭᠠᠵᠤ᠂ ᠬᠡᠷᠡᠭ᠌ᠯᠡᠭ᠌ᠴᠢᠳ᠎ᠲᠤ ᠲᠥᠬᠦᠮ ᠦᠵᠡᠭᠦᠯᠦᠨ᠎ᠡ᠃
ᠭᠤᠷᠪᠠ᠂ ᠶᠠᠭᠤᠨ᠎ᠳᠤ ᠬᠠᠶᠠᠭ᠍ᠳᠠᠮᠠᠯ ᠯᠢᠲ᠋ᠢ ᠢᠶᠤᠨ ᠬᠤᠷᠢᠶᠠᠭ᠍ᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠲᠤᠱᠢᠶᠠᠨ ᠬᠤᠳᠠᠯᠳᠤᠵᠤ ᠠᠪᠬᠤ᠎ᠶ᠋ᠢᠨ ᠬᠠᠮᠲᠤ ᠬᠠᠷ᠎ᠠ ᠲᠤᠭᠤᠯᠭᠠᠨ ᠬᠦᠴᠢᠯ᠎ᠤᠨ ᠴᠠᠬᠢᠯᠭᠠᠨ ᠬᠤᠷᠢᠶᠠᠭᠤᠷ ᠳᠤᠭᠤᠶ ᠲᠡᠷᠭᠡ᠎ᠶ᠋ᠢ ᠬᠤᠳᠠᠯᠳᠤᠨ ᠠᠪᠴᠤ᠌ ᠪᠣᠯᠬᠤ ᠪᠣᠶ?
ᠬᠠᠷᠢᠭᠤᠴᠠᠬᠤ ᠪᠠᠷᠢᠮᠵᠢᠶ᠎ᠠ ᠲᠣᠭ᠍ᠲᠠᠭᠠᠬᠤ ᠪᠠ ᠬᠡᠷᠡᠭ᠌ᠵᠢᠭᠦᠯᠬᠦ᠌ ᠰᠠᠯᠠᠭ᠎ᠠ ᠮᠥᠴᠢᠷ᠎ᠤᠨ ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠵᠢᠯ᠎ᠤᠨ ᠲᠤᠷᠰᠢ ᠮᠠᠨ᠎ᠤ ᠤᠯᠤᠰ᠎ᠤᠨ ᠯᠢᠲ᠋ᠢ ᠢᠶᠣᠨ᠎ᠤ ᠴᠠᠬᠢᠯᠭᠠᠨ ᠬᠤᠷᠢᠶᠠᠭᠤᠷ᠎ᠤᠨ ᠬᠥᠭ᠌ᠵᠢᠯᠲᠡ ᠬᠡᠳᠦ᠋ᠢᠪᠡᠷ ᠨᠡᠯᠢᠶᠡᠳ ᠲᠦᠷᠭᠡᠨ ᠪᠣᠯᠪᠠᠴᠤ᠌ ᠬᠠᠷ᠎ᠠ ᠳᠣᠭᠤᠯᠭᠠᠨ ᠬᠦᠴᠢᠯ᠎ᠤᠨ ᠴᠠᠬᠢᠯᠭᠠᠨ ᠬᠤᠷᠢᠶᠠᠬᠤ᠎ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠤ ᠴᠠᠬᠢᠯᠭ᠋ᠠᠨ ᠴᠡᠨᠡᠭ᠎ᠦᠨ ᠡᠵᠡᠯᠡᠬᠦ᠌ ᠬᠠᠷᠢᠴᠠᠯ᠎ᠨᠢ 80% ᠱᠢᠬᠠᠮ ᠪᠣᠯᠬᠤ ᠪᠥᠭᠡᠳ ᠠᠮᠤᠷ ᠲᠦᠪᠱᠢᠨ᠎ᠤ ᠴᠢᠨᠠᠷ᠎ᠢᠶᠠᠷ ᠨᠡᠯᠢᠶᠡᠳ ᠰᠠᠢᠨ᠂ ᠦᠨᠡᠨ᠎ᠢ ᠬᠢᠮᠳᠠ᠂ ᠬᠡᠷᠡᠭ᠌ᠯᠡᠭ᠌ᠴᠢᠳ᠎ᠤᠨ ᠲᠠᠭᠠᠱᠢᠶᠠᠯ᠎ᠢ ᠣᠯᠵᠤ᠂ ᠬᠠᠶᠠᠭᠳᠠᠮᠠᠯ ᠬᠠᠭᠤᠴᠢᠨ ᠯᠢᠲ᠋ᠢ ᠢᠶᠣᠨ᠎ᠤ ᠴᠠᠬᠢᠯᠭᠠᠨ ᠬᠤᠷᠢᠶᠠᠭᠤᠷ ᠤᠨ ᠳᠤᠭᠤᠶ ᠲᠡᠷᠭᠡ᠎ᠠᠴᠠ ᠬᠠᠷ᠎ᠠ ᠳᠣᠭᠤᠯᠭᠠᠨ ᠬᠦᠴᠢᠯ᠎ᠤᠨ ᠴᠠᠬᠢᠯᠭᠠᠨ ᠬᠤᠷᠢᠶᠠᠭᠤᠷ ᠰᠣᠯᠢᠵᠤ ᠬᠤᠳᠠᠯᠳᠤᠨ ᠠᠪᠬᠤ ᠬᠡᠷᠡᠭ᠌ᠯᠡᠭ᠌ᠴᠢᠳ᠎ᠲᠤ ᠨᠡᠮᠡᠭᠦᠷᠢ ᠥᠭ᠌ᠬᠦ ᠡᠷᠴᠢᠮ᠎ᠢᠶᠠᠨ ᠵᠣᠬᠢᠰᠲᠠᠶ ᠴᠢᠩᠭᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠠᠮᠤᠷ ᠲᠦᠪᠱᠢᠨ᠎ᠤ ᠳᠠᠯᠳᠠ ᠬᠡᠮ᠎ᠢ ᠪᠥᠬᠦ᠌ ᠬᠡᠯᠬᠢᠶ᠎ᠡ᠎ᠪᠠᠷ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠱᠠᠭᠠᠷᠳᠠᠯᠭ᠎ᠠ ᠪᠠ ᠪᠣᠳᠠᠲᠤ ᠪᠠᠢᠳᠠᠯ᠎ᠳᠤ ᠨᠡᠢᠴᠡᠭᠦᠯᠵᠦ᠍᠂ ᠠᠮᠤᠷ ᠲᠦᠪᠱᠢᠨ᠎ᠤ ᠤᠳᠤᠷᠢᠳᠤᠮᠵᠢ᠎ᠶ᠋ᠢ ᠢᠯᠡᠷᠡᠭᠦᠯᠬᠦ᠌ ᠬᠡᠷᠡᠭ᠌ᠲᠡᠢ᠃
ᠳᠥᠷᠪᠡ᠂ 2025 ᠣᠨ᠎ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶ᠋ᠢᠨ ᠪᠣᠳᠣᠯᠭ᠎ᠠ᠎ᠳᠤ ᠶᠠᠮᠠᠷ ᠶᠠᠮᠠᠷ ᠱᠢᠨ᠎ᠡ ᠬᠤᠪᠢᠷᠠᠯᠲᠠ ᠭᠠᠷᠤᠭ᠍ᠰᠠᠨ ᠪᠣᠶ?
ᠮᠡᠳᠡᠭ᠌ᠳᠡᠯ᠎ᠳᠤ ᠭᠤᠣᠯᠳᠠᠭᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠬᠤᠯᠪᠣᠭ᠍ᠳᠠᠯ ᠪᠦᠬᠦᠢ ᠵᠠᠩᠭᠢᠯᠠᠭ᠎ᠠ᠎ᠶ᠋ᠢᠨ ᠵᠣᠬᠢᠶᠠᠨ ᠪᠠᠢᠭᠤᠯᠤᠯᠲᠠ ᠪᠠ ᠬᠡᠷᠡᠭ᠌ᠵᠢᠭᠦᠯᠦᠯᠲᠡ᠎ᠳᠤ ᠲᠥᠪᠯᠡᠷᠡᠭᠦᠯᠦᠨ᠎ᠡ᠃
ᠨᠢᠭᠡ ᠳ᠋ᠦ᠍᠂ ᠬᠠᠭᠤᠴᠢᠨ ᠬᠤᠷᠢᠶᠠᠬᠤ ᠬᠦᠷᠢᠶ᠎ᠡ ᠬᠡᠪᠴᠢᠶ᠎ᠡ᠎ᠶᠢ ᠥᠷᠭᠡᠳᠭᠡᠪᠡ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠬᠤᠷᠢᠶᠠᠬᠤ ᠬᠡᠪᠴᠢᠶ᠎ᠡ᠎ᠶ᠋ᠢ ᠤᠤᠯ᠎ᠤᠨ 《 ᠬᠤᠪᠢ ᠬᠥᠮᠦᠨ᠎ᠦ ᠨᠡᠷ᠎ᠡ᠎ᠶ᠋ᠢᠨ ᠳᠣᠤᠷ᠎ᠠ 》 ᠠᠴᠠ 《 ᠬᠤᠪᠢ ᠬᠥᠮᠦᠨ᠎ᠦ ᠬᠡᠷᠡᠭ᠌ᠯᠡᠭ᠌ᠴᠢ》 ᠪᠣᠯᠭᠠᠨ ᠬᠤᠪᠢᠷᠠᠭᠤᠯᠵᠤ ᠂ ᠢᠷᠡᠯᠲᠡ᠎ᠶ᠋ᠢᠨ ᠡᠷᠬᠡ᠎ᠶ᠋ᠢᠨ ᠬᠠᠷᠢᠶ᠎ᠠ ᠨᠢ ᠲᠣᠳᠣᠷᠬᠠᠶ ᠮᠥᠷᠲᠡᠭᠡᠨ ᠲᠡᠷᠭᠡᠨ ᠳᠡᠭᠡᠷᠡᠬᠢ ᠴᠠᠬᠢᠯᠭ᠋ᠠᠨ ᠴᠡᠨᠡᠭ ᠲᠣᠬᠢᠷᠠᠭᠤᠯᠤᠭ᠍ᠰᠠᠨ ᠬᠠᠶᠠᠭᠳᠠᠮᠠᠯ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠦᠬᠦᠨ᠎ᠳᠦ ᠴᠥᠮ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠳᠤ ᠣᠷᠣᠯᠴᠠᠵᠤ ᠪᠣᠯᠤᠨ᠎ᠠ ᠂ ᠬᠢᠷᠢ ᠭᠡᠮ ᠢ ᠨᠤᠲᠠᠯᠠᠬᠤ ᠠᠷᠭ᠎ᠠ ᠮᠠᠶᠢᠭ᠎ᠢ ᠡᠯ᠎ᠡ ᠭᠠᠵᠠᠷ᠎ᠤᠨ ᠬᠢᠨ ᠨᠢ ᠪᠣᠳᠠᠲᠠᠶ᠎ᠲᠠᠶ᠎ᠪᠠᠨ ᠤᠶᠠᠯᠳᠤᠭᠤᠯᠤᠨ ᠡᠵᠡᠨ ᠮᠡᠳᠡᠵᠦ᠍ ᠲᠣᠭ᠍ᠲᠠᠭᠠᠨ᠎ᠠ ᠃
ᠬᠤᠶᠠᠷ᠎ᠲᠤ᠌᠂ ᠬᠡᠷᠡᠭᠯᠡᠭᠡᠨ᠎ᠡᠴᠡ ᠭᠠᠷᠤᠭᠰᠠᠨ ᠱᠢᠨᠡᠳᠭᠡᠬᠦ᠌ ᠠᠮᠤᠷ ᠲᠦᠪᠱᠢᠨ᠎ᠤ ᠤᠳᠤᠷᠢᠳᠤᠮᠵᠢ᠎ᠶ᠋ᠢ ᠲᠣᠳᠣᠷᠬᠠᠢᠯᠠᠪᠠ᠃ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠨᠡᠮᠡᠭᠦᠷᠢ᠎ᠶ᠋ᠢᠨ ᠬᠡᠪᠴᠢᠶ᠎ᠡ᠎ᠶ᠋ᠢ ᠬᠤᠪᠢᠷᠠᠭᠤᠯᠵᠤ᠂ ᠤᠤᠯ᠎ᠤᠨ 《ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠪᠠᠨ ᠪᠤᠴᠠᠭᠠᠬᠤ᠎ᠶ᠋ᠢᠨ ᠬᠠᠮᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠰᠣᠯᠢᠵᠤ ᠬᠤᠳᠠᠯᠳᠤᠨ ᠠᠪᠬᠤ》 ᠪᠠᠢᠭ᠍ᠰᠠᠨ᠎ᠠᠴᠠ 《ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠲᠤᠱᠢᠶᠠᠨ ᠬᠤᠳᠠᠯᠳᠤᠵᠤ ᠠᠪᠬᠤ᠎ᠶ᠋ᠢᠨ ᠬᠠᠮᠲᠤ ᠬᠢᠷᠢ ᠲᠡᠩᠴᠡᠭ᠌ᠰᠡᠨ ᠱᠢᠨ᠎ᠡ ᠲᠡᠷᠭᠡ ᠰᠣᠯᠢᠵᠤ ᠬᠤᠳᠠᠯᠳᠤᠨ ᠠᠪᠬᠤ》 ᠪᠣᠯᠭᠠᠨ ᠬᠤᠪᠢᠷᠠᠭᠤᠯᠵᠤ᠂ 《ᠲᠤᠱᠢᠶᠠᠨ ᠬᠤᠳᠠᠯᠳᠤᠬᠤ》 ᠨᠢ ᠬᠠᠭᠤᠴᠢᠨ ᠲᠡᠷᠭᠡ᠎ᠶ᠋ᠢ ᠵᠠᠬ᠎ᠠ ᠳᠡᠯᠭᠡᠭᠦᠷ᠎ᠤᠨ ᠦᠨ᠎ᠡ᠎ᠪᠠᠷ ᠬᠤᠷᠢᠶᠠᠨ ᠠᠪᠬᠤ᠎ᠶ᠋ᠢ ᠢᠯᠡᠷᠡᠭᠦᠯᠵᠦ᠍᠂ 《 ᠬᠡᠷᠡᠭᠯᠡᠭᠡᠨ᠎ᠡᠴᠡ ᠭᠠᠷᠭᠠᠬᠤ 》 ᠨᠢ ᠳᠠᠬᠢᠨᠲᠠ ᠭᠦᠢᠯᠭᠡᠭᠡᠨ᠎ᠳᠦ ᠣᠷᠣᠭᠤᠯᠵᠤ ᠬᠡᠷᠡᠭᠯᠡᠬᠦ᠎ᠶᠢ ᠴᠠᠭᠠᠵᠠᠯᠠᠬᠤ᠎ᠶᠢ ᠬᠠᠷᠠᠭᠤᠯᠵᠤ᠂ ᠬᠤᠳᠠᠯᠳᠤᠨ ᠠᠪᠬᠤ ᠱᠢᠨ᠎ᠡ ᠨᠡᠮᠡᠭᠦᠷᠢ᠎ᠨᠢ ᠬᠠᠭᠤᠴᠢᠨ ᠲᠡᠷᠭᠡ ᠬᠤᠳᠠᠯᠳᠤᠬᠤ ᠵᠣᠭᠤᠰ᠎ᠤᠨ ᠲᠤᠭ᠎ᠠ᠎ᠶ᠋ᠢ ᠪᠠᠭ᠍ᠲᠠᠭᠠᠬᠤ ᠦᠭᠡᠢ᠂ ᠬᠡᠷᠡᠭ᠌ᠯᠡᠭ᠌ᠴᠢᠳ᠎ᠤᠨ ᠣᠢᠯᠠᠭᠠᠯᠲᠠ᠎ᠶ᠋ᠢᠨ ᠲᠠᠯ᠎ᠠ᠎ᠪᠠᠷ ᠰᠠᠯᠠᠭ᠎ᠠ ᠤᠳᠭ᠎ᠠ ᠡᠭᠦᠰᠭᠦ᠎ᠠᠴᠠ ᠵᠠᠢᠯᠠᠰᠭᠢᠪᠡ᠃
ᠭᠤᠷᠪᠠ᠎ᠳᠤ᠂ ᠣᠷᠣᠯᠴᠠᠬᠤ ᠭᠤᠤᠯ ᠴᠣᠭ᠍ᠴᠠ᠎ᠶ᠋ᠢ ᠵᠢᠷᠤᠮᠵᠢᠭᠤᠯᠪᠠ᠃ ᠢᠯᠡ ᠪᠥᠭᠡᠳ ᠡᠷᠬᠡ ᠲᠡᠭ᠌ᠰᠢ ᠪᠠᠢᠯᠭᠠᠬᠤ ᠵᠠᠷᠴᠢᠮ ᠶᠣᠰᠣᠭᠠᠷ ᠂ ᠡᠯ᠎ᠡ ᠭᠠᠵᠠᠷ᠎ᠤᠨ ᠬᠢᠨ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯᠯᠠᠭ᠎ᠠ᠎ᠳᠤ ᠣᠷᠣᠯᠴᠠᠬᠤ ᠪᠣᠷᠣᠯᠠᠭᠤᠯᠬᠤ ᠠᠵᠤ ᠠᠬᠤᠢᠯᠠᠯ ᠪᠤᠶᠤ ᠳᠡᠯᠭᠡᠭᠦᠷ ( ᠬᠤᠪᠢ᠎ᠶ᠋ᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ ᠪᠠᠭ᠍ᠲᠠᠨ᠎ᠠ) ᠂ ᠵᠢᠴᠢ ᠡᠭᠡᠭᠦᠯᠦᠨ ᠬᠤᠷᠢᠶᠠᠬᠤ ᠠᠵᠤ ᠠᠬᠤᠢᠯᠠᠯ᠎ᠤᠨ ᠭᠠᠷᠴᠠᠭ ( ᠬᠣᠲᠠ ᠨᠢᠭᠡᠪᠦᠷᠢ᠎ᠳᠦ ᠬᠣᠶᠠᠷ᠎ᠠᠴᠠ ᠳᠤᠲᠠᠭᠤ ᠦᠭᠡᠶ) ᠂ ᠨᠡᠷᠡᠰ ᠢ ᠨᠡᠢᠭᠡᠮ᠎ᠳᠦ ᠢᠯᠡ ᠨᠡᠢᠲᠡᠯᠡᠬᠦ᠌ ᠬᠡᠷᠡᠭ᠌ᠲᠡᠶ ᠃ ᠪᠣᠷᠣᠯᠠᠭᠤᠯᠬᠤ ᠳᠡᠯᠭᠡᠭᠦᠷ᠎ᠨᠢ ᠲᠥᠷᠥ᠎ᠶ᠋ᠢᠨ ᠪᠣᠳᠣᠯᠭ᠎ᠠ᠎ᠶ᠋ᠢᠨ ᠵᠢᠷᠤᠭ᠍ᠲᠤ ᠲᠠᠢᠯᠪᠤᠷᠢ᠂ ᠦᠨ᠎ᠡ ᠬᠠᠩᠰᠢ᠎ᠶ᠋ᠢ ᠢᠯᠡ ᠨᠡᠢᠲᠡᠯᠡᠬᠦ᠂ ᠬᠢᠨᠠᠯᠲᠠ ᠲᠠᠯᠪᠢᠬᠤ ᠤᠲᠠᠰᠤ᠂ ᠠᠮᠠᠯᠠᠯᠲᠠ᠎ᠶ᠋ᠢᠨ ᠪᠢᠴᠢᠭ ᠵᠡᠷᠭᠡ 《ᠳᠥᠷᠪᠡ᠎ᠶ᠋ᠢ ᠬᠡᠷᠡᠮ ᠳᠡᠭᠡᠷ᠎ᠡ ᠭᠠᠷᠭᠠᠬᠤ》 ᠶ᠋ᠢ ᠪᠡᠶᠡᠯᠡᠭᠦᠯᠵᠦ᠍᠂ ᠨᠢᠭᠤᠷᠳᠠᠨ ᠤᠬᠠᠭᠤᠯᠬᠤ᠎ᠪᠠᠨ ᠴᠢᠩᠭᠠᠳᠭᠠᠬᠤ ᠬᠡᠷᠡᠭ᠌ᠲᠡᠶ᠃ ᠲᠤᠱᠢᠶᠠᠨ ᠬᠤᠳᠠᠯᠳᠤᠬᠤ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠡᠷᠬᠡᠪᠰᠢ ᠬᠠᠮᠢᠶ᠎ᠠ ᠪᠦᠬᠦᠢ ᠬᠢᠷᠢ ᠭᠡᠮ᠎ᠲᠡᠶ ᠡᠭᠡᠭᠦᠯᠦᠨ ᠬᠤᠷᠢᠶᠠᠬᠤ ᠠᠵᠤ ᠠᠬᠤᠢᠯᠠᠯ᠎ᠳᠤ ᠲᠤᠱᠢᠶᠠᠨ ᠬᠡᠷᠡᠭ᠌ᠯᠡᠭᠡᠨ᠎ᠡᠴᠡ ᠭᠠᠷᠭᠠᠵᠤ ᠱᠢᠶ᠋ᠳᠪᠦᠷᠢᠯᠡᠬᠦ᠌᠎ᠶ᠋ᠢᠨ ᠬᠠᠮᠲᠤ ᠲᠤᠱᠢᠶᠠᠵᠤ ᠬᠦᠯᠢᠶᠡᠨ ᠠᠪᠬᠤ ᠭᠠᠷᠳᠠᠮ ᠢ ᠲᠡᠭᠦᠯᠳᠡᠷᠵᠢᠭᠦᠯᠵᠦ᠍ ᠂ ᠠᠮᠤᠷ ᠲᠦᠪᠱᠢᠨ ᠢ ᠦᠨᠡᠨ ᠬᠦ᠌ ᠪᠠᠲᠤᠯᠠᠬᠤ ᠬᠡᠷᠡᠭ᠌ᠲᠡᠶ ᠃ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠡᠯ᠎ᠡ ᠲᠥᠷᠥᠯ᠎ᠤᠨ ᠪᠣᠷᠣᠯᠠᠭᠤᠯᠭ᠎ᠠ ᠪᠠ ᠡᠭᠡᠭᠦᠯᠦᠨ ᠬᠤᠷᠢᠶᠠᠬᠤ ᠠᠵᠤ ᠠᠬᠤᠢᠯᠠᠯ᠎ᠤᠨ ᠭᠤᠤᠯ ᠴᠣᠭ᠍ᠴᠠ᠎ᠨᠢ ᠨᠡᠢᠭᠡᠮ᠎ᠳᠤ ᠢᠯᠡ᠎ᠪᠠᠷ ᠠᠮᠠᠯᠠᠯᠲᠠ᠎ᠪᠠᠷ ᠡᠯ᠎ᠡ ᠵᠦᠢᠯ᠎ᠤᠨ ᠲᠣᠭ᠍ᠲᠠᠭᠠᠯ᠎ᠢ ᠵᠢᠷᠤᠮᠯᠠᠬᠤ᠎ᠶ᠋ᠢᠨ ᠬᠠᠮᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠪᠠ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠵᠢᠯᠣᠭᠤᠳᠣᠯᠭ᠎ᠠ᠎ᠶ᠋ᠢ ᠬᠦᠯᠢᠶᠡᠨ᠎ᠡ᠃
ᠡᠭᠦᠨ᠎ᠠᠴᠠ ᠭᠠᠳᠠᠨ᠎ᠠ᠂ 《ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠠᠶᠤᠯ ᠦᠭᠡᠢ ᠶ᠋ᠢᠨ ᠮᠡᠷᠭᠡᠵᠢᠯ᠎ᠤᠨ ᠵᠢᠷᠤᠮᠵᠢᠯ》 (GB17761 - 2024)᠂ 《ᠯᠢᠲ᠋ᠢ ᠢᠶᠣᠨ᠎ᠤ ᠴᠠᠬᠢᠯᠭ᠋ᠠᠨ ᠴᠡᠨᠡᠭ᠎ᠤᠨ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ》᠂ 《ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ》 ᠵᠡᠷᠭᠡ ᠪᠠᠷᠢᠮᠵᠢᠶ᠎ᠠ᠎ᠶ᠋ᠢᠨ ᠵᠢᠷᠤᠮᠵᠢᠯ᠎ᠢ ᠲᠣᠭ᠍ᠲᠠᠭᠠᠬᠤ᠂ ᠬᠡᠷᠡᠭ᠌ᠵᠢᠭᠦᠯᠬᠦ᠌ ᠵᠢᠴᠢ ᠦᠢᠯᠡᠳᠬᠦᠨ ᠦᠢᠯᠡᠳᠪᠦᠷᠢᠯᠡᠬᠦ᠂ ᠭᠡᠷᠡᠴᠢᠯᠡᠬᠦ᠂ ᠪᠣᠷᠣᠯᠠᠭᠤᠯᠬᠤ ᠵᠡᠷᠭᠡ ᠲᠠᠯ᠎ᠠ᠎ᠪᠠᠷ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ᠎ᠠᠴᠠ ᠬᠠᠷᠢᠭᠤᠴᠠᠵᠤ ᠲᠠᠢᠯᠪᠤᠷᠢᠯᠠᠨ᠎ᠠ᠃