ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠨᠡᠮᠡᠭᠦᠷᠢ ᠭᠤᠶᠤᠴᠢᠯᠠᠬᠤ
ᠨᠡᠮᠡᠭᠦᠷᠢ ᠥᠭ᠌ᠬᠦ ᠴᠠᠭ ᠬᠤᠭᠤᠴᠠᠭ᠎ᠠ᠄ 2025 ᠣᠨ᠎ᠤ 1 ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ ᠡᠬᠢᠯᠡᠨ᠎ᠡ
ᠨᠡᠮᠡᠭᠦᠷᠢ ᠬᠦᠷᠳᠡᠬᠦ᠌ ᠡᠲᠡᠭᠡᠳ᠄
ᠬᠤᠪᠢ ᠬᠥᠮᠦᠨ᠎ᠤ ᠬᠡᠷᠡᠭ᠌ᠯᠡᠭ᠌ᠴᠢᠳ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠲᠤᠱᠢᠶᠠᠨ ᠬᠤᠳᠠᠯᠳᠤᠵᠤ ᠠᠪᠬᠤ᠎ᠶ᠋ᠢᠨ ᠬᠠᠮᠲᠤ ᠰᠣᠯᠢᠵᠤ ᠬᠤᠳᠠᠯᠳᠤᠨ ᠠᠪᠬᠤ᠎ᠳᠤ ᠬᠢᠷᠢ ᠲᠡᠩᠴᠡᠭ᠌ᠰᠡᠨ ᠱᠢᠨ᠎ᠡ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠣᠭ᠍ᠲᠠᠭ᠍ᠰᠠᠨ ᠲᠣᠭᠠᠨ᠎ᠤ ᠨᠡᠮᠡᠭᠦᠷᠢ ᠣᠯᠭᠤᠨ᠎ᠠ᠃ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠ ᠰᠢᠨ᠎ᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠳᠠᠯᠳᠤᠨ ᠠᠪᠬᠤᠳ᠋ᠤ ᠡᠷᠬᠡᠪᠰᠢ ᠨᠢᠭᠡ ᠬᠥᠮᠦᠨ ᠪᠠᠢᠬᠤ ᠬᠡᠷᠡᠭ᠌ᠲᠡᠢ᠃
ᠨᠡᠮᠡᠭᠦᠷᠢ ᠣᠯᠭᠣᠬᠤ ᠪᠠᠷᠢᠮᠵᠢᠶ᠎ᠠ᠄
ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠲᠤᠱᠢᠶᠠᠨ ᠬᠤᠳᠠᠯᠳᠤᠵᠤ ᠠᠪᠬᠤ᠎ᠶ᠋ᠢᠨ ᠬᠠᠮᠲᠤ ᠬᠢᠷᠢ ᠲᠡᠩᠴᠡᠭ᠌ᠰᠡᠨ ᠱᠢᠨ᠎ᠡ ᠮᠠᠱᠢᠨ ᠲᠡᠷᠭᠡ᠎ᠶ᠋ᠢ ᠰᠣᠯᠢᠵᠤ ᠬᠤᠳᠠᠯᠳᠤᠨ ᠠᠪᠬᠤ ᠬᠤᠪᠢ ᠬᠥᠮᠦᠨ᠎ᠤ ᠬᠡᠷᠡᠭ᠌ᠯᠡᠭ᠌ᠴᠢᠳ᠎ᠲᠤ ᠨᠢᠭᠡ ᠤᠳᠠᠭ᠎ᠠ᠎ᠶ᠋ᠢᠨ ᠴᠢᠨᠠᠷᠲᠠᠶ 500 ᠲᠥᠭᠦᠷᠢᠭ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠣᠭ᠍ᠲᠠᠭ᠍ᠰᠠᠨ ᠲᠣᠭᠠᠨ᠎ᠤ ᠨᠡᠮᠡᠭᠦᠷᠢ ᠣᠯᠭᠤᠨ᠎ᠠ᠃
ᠡᠭᠦᠨ᠎ᠳᠤ᠂ ᠬᠡᠷᠡᠭ᠌ᠯᠡᠭᠡᠨ᠎ᠠᠴᠠ ᠭᠠᠷᠤᠭ᠍ᠰᠠᠨ ᠯᠢᠲ᠋ᠢ ᠢᠶᠤᠨ ᠬᠤᠷᠢᠶᠠᠬᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠲᠤᠱᠢᠶᠠᠨ ᠬᠤᠳᠠᠯᠳᠤᠬᠤ᠎ᠶ᠋ᠢᠨ ᠬᠠᠮᠲᠤ ᠬᠠᠷ᠎ᠠ ᠲᠤᠭᠤᠯᠭᠠᠨ ᠬᠦᠴᠢᠯ᠎ᠤᠨ ᠴᠠᠬᠢᠯᠭᠠᠨ ᠬᠤᠷᠢᠶᠠᠭᠤᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠰᠣᠯᠢᠵᠤ ᠬᠤᠳᠠᠯᠳᠤᠨ ᠠᠪᠬᠤ ᠬᠤᠪᠢ ᠬᠥᠮᠦᠨ᠎ᠤ ᠬᠡᠷᠡᠭ᠌ᠯᠡᠭ᠌ᠴᠢᠳ ᠳᠠᠬᠢᠨ 100 ᠲᠥᠭᠦᠷᠢᠭ (ᠳᠠᠷᠤᠶ 600 ᠲᠥᠭᠦᠷᠢᠭ᠎ᠤᠨ ᠲᠣᠭ᠍ᠲᠠᠭ᠍ᠰᠠᠨ ᠲᠣᠭᠠᠨ᠎ᠤ ᠨᠡᠮᠡᠭᠦᠷᠢ) ᠨᠡᠮᠡᠭᠦᠷᠢ ᠣᠯᠭᠣᠨ᠎ᠠ᠃
ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯᠯᠠᠭ᠎ᠠ᠎ᠳᠤ ᠣᠷᠣᠯᠴᠠᠬᠤ᠎ᠳᠤ ᠬᠡᠷᠡᠭ᠌ᠯᠡᠬᠦ᠌ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢᠨ ᠱᠢᠨ᠎ᠡ ᠲᠡᠷᠭᠡ᠎ᠨᠢ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠤᠯᠤᠰ᠎ᠤᠨ ᠠᠯᠪᠠᠳᠠᠯᠭ᠎ᠠ᠎ᠶ᠋ᠢᠨ ᠴᠢᠨᠠᠷᠲᠠᠶ ᠪᠠᠷᠢᠮᠵᠢᠶ᠎ᠠ᠎ᠳᠤ ᠨᠡᠢᠴᠡᠭ᠌ᠰᠡᠨ ᠦᠢᠯᠡᠳᠬᠦᠨ᠎ᠤ ᠬᠢᠷᠢ ᠲᠡᠩᠴᠡᠭ᠌ᠰᠡᠨ ᠦᠨᠡᠮᠯᠡᠯ᠂ ᠠᠯᠪᠠᠳᠠᠯᠭ᠎ᠠ᠎ᠶ᠋ᠢᠨ ᠴᠢᠨᠠᠷᠲᠠᠶ ᠦᠢᠯᠡᠳᠬᠦᠨ᠎ᠤ ᠭᠡᠷᠡᠴᠢᠯᠡᠯ (CC) ᠤᠨ ᠦᠨᠡᠮᠯᠡᠯ᠎ᠲᠠᠢ ᠪᠠᠢᠬᠤ ᠬᠡᠷᠡᠭ᠌ᠲᠡᠶ᠃ ᠨᠡᠮᠡᠭᠦᠷᠢ ᠭᠥᠷᠳᠡᠬᠦ᠌ ᠬᠡᠷᠡᠭ᠌ᠯᠡᠭ᠌ᠴᠢᠳ 《ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠤ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ᠎ᠳᠤ ᠨᠡᠢᠴᠡᠬᠦ᠌ ᠠᠵᠤ ᠠᠬᠤᠢᠯᠠᠯ᠎ᠤᠨ ᠦᠢᠯᠡᠳᠪᠦᠷᠢᠯᠡᠭ᠌ᠰᠡᠨ ᠬᠢᠷᠢ ᠲᠡᠩᠴᠡᠭ᠌ᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ᠎ᠶ᠋ᠢ ᠵᠣᠷᠢᠭ᠍ᠵᠢᠭᠤᠯᠤᠨ᠎ᠠ᠃
ᠣᠷᠣᠯᠴᠠᠬᠤ ᠶᠠᠪᠤᠴᠠ᠎ᠶ᠋ᠢᠨ ᠪᠠᠢᠳᠠᠯ᠄
ᠬᠤᠪᠢ ᠬᠥᠮᠦᠨ᠎ᠤ ᠬᠡᠷᠡᠭ᠌ᠯᠡᠭ᠌ᠴᠢᠳ ᠪᠠᠩᠬᠢ᠎ᠶᠢᠨ ᠬᠢᠨ᠎ᠦ ᠬᠣᠯᠪᠤᠭ᠎ᠠ ᠶᠦᠨ ᠱᠠᠨ ᠹᠦ᠋ App (ᠵᠢᠵᠢᠭ ᠫᠷᠤᠭ᠌ᠷᠠᠮ) ᠪᠠᠷ ᠳᠠᠮᠵᠢᠭᠤᠯᠤᠨ ᠬᠠᠭᠤᠴᠢᠨ᠎ᠢ ᠬᠤᠳᠠᠯᠳᠤᠬᠤ᠂ ᠱᠢᠨ᠎ᠡ᠎ᠶ᠋ᠢ ᠬᠤᠳᠠᠯᠳᠤᠨ ᠠᠪᠬᠤ ᠪᠠ ᠲᠥᠯᠥᠬᠦ᠌᠎ᠶ᠋ᠢ ᠪᠡᠶᠡᠯᠡᠭᠦᠯᠦᠨ᠎ᠡ᠃
1. ᠬᠠᠭᠤᠴᠢᠨ ᠮᠡᠳᠡᠭᠡ ᠵᠠᠩᠭᠢ ᠲᠤᠱᠢᠶᠠᠬᠤ᠃ ᠬᠤᠪᠢ ᠬᠥᠮᠦᠨ᠎ᠤ ᠬᠡᠷᠡᠭ᠌ᠯᠡᠭ᠌ᠴᠢᠳ ᠰᠠᠭᠤᠭ᠎ᠠ ᠭᠠᠵᠠᠷ᠎ᠤᠨ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠨᠡᠢᠲᠡᠯᠡᠭ᠌ᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠡᠭᠡᠭᠦᠯᠦᠨ ᠬᠤᠷᠢᠶᠠᠬᠤ ᠭᠤᠤᠯ ᠴᠣᠭ᠍ᠴᠠ (ᠪᠣᠷᠣᠯᠠᠭᠤᠯᠬᠤ ᠭᠤᠤᠯ ᠴᠣᠭ᠍ᠴᠠ ᠪᠠᠭ᠍ᠲᠠᠨ᠎ᠠ) ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠲᠤᠱᠢᠶᠠᠨ ᠬᠤᠳᠠᠯᠳᠤᠬᠤ᠎ᠳᠤ᠂ ᠪᠠᠩᠬᠢ᠎ᠶᠢᠨ ᠬᠢᠨ᠎ᠦ ᠬᠣᠯᠪᠤᠭ᠎ᠠ ᠶᠦᠨ ᠱᠠᠨ ᠹᠦ᠋ App (ᠵᠢᠵᠢᠭ ᠫᠷᠤᠭ᠌ᠷᠠᠮ) ᠪᠠᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠲᠤᠰᠭᠠᠶ ᠣᠷᠣᠨ᠎ᠳᠤ ᠣᠷᠣᠵᠤ ᠬᠠᠭᠤᠴᠢᠨ ᠮᠡᠳᠡᠭᠡ ᠵᠠᠩᠭᠢ᠎ᠪᠠᠨ ᠲᠤᠱᠢᠶᠠᠨ᠎ᠠ᠃ ᠬᠠᠭᠤᠴᠢᠨ ᠮᠡᠳᠡᠭᠡ ᠵᠠᠩᠭᠢ᠎ᠳᠤ᠄ ᠣᠪᠣᠭ ᠨᠡᠷ᠎ᠡ᠂ ᠪᠡᠶ᠎ᠡ᠎ᠶ᠋ᠢᠨ ᠦᠨᠡᠮᠯᠡᠯ᠎ᠦᠨ ᠨᠣᠮᠧᠷ᠂ ᠭᠠᠷ ᠤᠲᠠᠰᠤᠨ᠎ᠤ ᠨᠣᠮᠧᠷ᠂ ᠡᠭᠡᠭᠦᠯᠦᠨ ᠬᠤᠷᠢᠶᠠᠬᠤ ᠭᠣᠤᠯ ᠴᠣᠭ᠍ᠴᠠ᠎ᠶ᠋ᠢᠨ ᠨᠡᠷᠡᠢᠳᠦᠯ᠂ ᠬᠠᠭᠤᠴᠢᠨ ᠲᠡᠷᠭᠡᠨ᠎ᠦ ᠴᠠᠬᠢᠯᠭ᠋ᠠᠨ ᠴᠡᠨᠡᠭ᠎ᠦᠨ ᠬᠡᠯᠪᠡᠷᠢ᠂ ᠬᠠᠭᠤᠴᠢᠨ ᠲᠡᠷᠭᠡᠨ᠎ᠦ ᠡᠷᠬᠡ᠎ᠶ᠋ᠢᠨ ᠬᠠᠷᠢᠶᠠᠯᠠᠯ᠎ᠤᠨ ᠭᠡᠷᠡᠴᠢ ᠵᠡᠷᠭᠡ ᠪᠠᠭ᠍ᠲᠠᠨ᠎ᠠ᠃
2. ᠲᠣᠭ᠍ᠲᠠᠭ᠍ᠰᠠᠨ ᠲᠣᠭᠠᠨ᠎ᠤ ᠨᠡᠮᠡᠭᠦᠷᠢ᠎ᠶ᠋ᠢᠨ ᠲᠡᠮᠳᠡᠭ᠌ᠲᠦ᠍᠎ᠶ᠋ᠢ ᠣᠯᠭᠣᠬᠤ ᠬᠡᠷᠡᠭ᠌ᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠡᠭᠡᠭᠦᠯᠦᠨ ᠬᠤᠷᠢᠶᠠᠬᠤ ᠭᠤᠤᠯ ᠴᠣᠭ᠍ᠴᠠ (ᠪᠣᠷᠣᠯᠠᠭᠤᠯᠬᠤ ᠭᠤᠤᠯ ᠴᠣᠭ᠍ᠴᠠ ᠪᠠᠭ᠍ᠲᠠᠨ᠎ᠠ) ᠶ᠋ᠢᠨ ᠡᠭᠡᠭᠦᠯᠦᠨ ᠬᠤᠷᠢᠶᠠᠬᠤ ᠴᠤᠪᠤᠷᠠᠯ᠎ᠢ ᠪᠡᠶᠡᠯᠡᠭᠦᠯᠵᠦ᠍᠂ ᠨᠤᠲᠠᠯᠠᠭ᠍ᠰᠠᠨ ᠬᠠᠭᠤᠴᠢᠨ ᠮᠡᠳᠡᠭᠡ ᠵᠠᠩᠭᠢ᠎ᠶ᠋ᠢ ᠲᠠᠪᠴᠠᠩ᠎ᠳᠤ ᠪᠤᠴᠠᠭᠠᠨ ᠠᠪᠴᠢᠷᠠᠬᠤ ᠬᠡᠷᠡᠭ᠌ᠲᠡᠶ᠃ ᠬᠢᠨᠠᠨ ᠬᠠᠷᠭᠤᠭᠤᠯᠵᠤ ᠵᠥᠪᠱᠢᠶᠡᠷᠡᠭ᠌ᠰᠡᠨᠦ ᠳᠠᠷᠠᠭ᠎ᠠ ᠂ ᠬᠤᠪᠢ ᠬᠥᠮᠦᠨ᠎ᠦ ᠬᠡᠷᠡᠭ᠌ᠯᠡᠭ᠌ᠴᠢᠳ ᠲᠣᠭ᠍ᠲᠠᠭ᠍ᠰᠠᠨ ᠲᠣᠭᠠᠨ᠎ᠤ ᠨᠡᠮᠡᠭᠦᠷᠢ ᠵᠣᠭᠣᠰ ᠢ ᠠᠪᠴᠤ᠌ ᠪᠣᠯᠤᠨ᠎ᠠ᠃
3.ᠲᠣᠭ᠍ᠲᠠᠭᠠᠭ᠍ᠰᠠᠨ ᠨᠣᠷᠮ᠎ᠠ᠎ᠶ᠋ᠢᠨ ᠨᠡᠮᠡᠭᠦᠷᠢ᠎ᠶ᠋ᠢᠨ ᠲᠡᠮᠳᠡᠭ᠎ᠢ ᠬᠡᠷᠡᠭ᠌ᠯᠡᠬᠦ᠌ ᠬᠡᠷᠡᠭ᠌ᠲᠡᠶ᠃ ᠬᠤᠪᠢ ᠬᠥᠮᠦᠨ᠎ᠤ ᠬᠡᠷᠡᠭ᠌ᠯᠡᠭ᠌ᠴᠢᠳ ᠰᠠᠭᠤᠭ᠎ᠠ ᠭᠠᠵᠠᠷ᠎ᠤᠨ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠨᠡᠢᠲᠡᠯᠡᠭ᠌ᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠪᠣᠳᠠᠲᠤ ᠴᠣᠭ᠍ᠴᠠ᠎ᠶ᠋ᠢᠨ ᠳᠡᠯᠭᠡᠭᠦᠷ᠎ᠲᠤ ᠬᠦᠷᠴᠦ᠍ ᠲᠣᠭ᠍ᠲᠠᠭᠠᠯ᠎ᠳᠤ ᠨᠡᠢᠴᠡᠬᠦ᠌ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠲᠤᠬ᠍ᠳᠠᠭᠠᠯ᠎ᠢ ᠬᠤᠳᠠᠯᠳᠤᠨ ᠠᠪᠤᠭ᠍ᠰᠠᠨ᠎ᠤ ᠳᠠᠷᠠᠭ᠎ᠠ᠂ ᠡᠭᠦᠳᠡᠨ ᠳᠡᠯᠭᠡᠭᠦᠷ᠎ᠨᠢ ᠬᠤᠳᠠᠯᠳᠤᠨ ᠠᠪᠬᠤ ᠮᠡᠳᠡᠭᠡ ᠵᠠᠩᠭᠢ᠎ᠶ᠋ᠢ ᠲᠠᠭ᠍ᠯᠠᠭ᠍ᠰᠠᠨᠤ ᠳᠠᠷᠠᠭ᠎ᠠ᠂ ᠬᠡᠷᠡᠭ᠌ᠯᠡᠭ᠌ᠴᠢᠳ ᠪᠠᠷᠠᠭᠠᠨ᠎ᠤ ᠵᠣᠭᠤᠰ ᠥᠭ᠌ᠬᠦ ᠦᠶ᠎ᠡ᠎ᠳᠤ ᠬᠢᠨᠠᠨ ᠲᠠᠢᠯᠬᠤ ᠨᠥᠬᠦᠴᠡᠯ᠎ᠢ ᠬᠠᠩᠭᠠᠭ᠍ᠰᠠᠨ ᠪᠠᠢᠪᠠᠯ ᠳᠠᠷᠤᠶ ᠲᠣᠭ᠍ᠲᠠᠭ᠍ᠰᠠᠨ ᠲᠣᠭᠠᠨ᠎ᠤ ᠨᠡᠮᠡᠭᠦᠷᠢ᠎ᠶ᠋ᠢᠨ ᠲᠡᠮᠳᠡᠭ᠌ᠲᠦ᠍᠎ᠶ᠋ᠢᠨ ᠵᠣᠭᠤᠰ᠎ᠤᠨ ᠲᠤᠭ᠎ᠠ᠎ᠶ᠋ᠢ ᠱᠢᠭᠤᠳ ᠰᠠᠭᠤᠯᠭᠠᠨ ᠠᠪᠴᠤ᠌ ᠪᠣᠯᠤᠨ᠎ᠠ᠃
ᠣᠷᠣᠯᠴᠠᠬᠤ ᠳᠦᠷᠢᠮ ᠄
1. ᠱᠢᠨ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ᠎ᠳᠤ ᠡᠷᠬᠡᠪᠰᠢ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠤᠱᠢᠶᠠᠨ ᠬᠤᠳᠠᠯᠳᠤᠬᠤ ᠬᠡᠷᠡᠭ᠌ᠲᠡᠶ᠂ ᠱᠢᠨ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ᠎ᠳᠤ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠤ ᠨᠡᠷᠡᠲᠦ ᠲᠡᠮᠳᠡᠭ᠌ᠲᠦ᠍᠎ᠶ᠋ᠢᠨ ᠬᠡᠯᠪᠡᠷᠢ ᠮᠠᠶᠢᠭ ᠵᠢᠴᠢ ᠲᠣᠬᠢᠷᠠᠯᠴᠠᠬᠤ ᠬᠢᠵᠠᠭᠠᠷᠯᠠᠯ᠎ᠢ ᠬᠦᠯᠢᠶᠡᠬᠦ᠌ ᠥᠬᠡᠶ; ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠤᠱᠢᠶᠠᠨ ᠬᠤᠳᠠᠯᠳᠤᠬᠤ ᠪᠠ ᠱᠢᠨ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠲᠤᠬᠠᠶ ᠬᠤᠪᠢ ᠬᠥᠮᠦᠨ ᠡᠷᠬᠡᠪᠰᠢ ᠨᠢᠭᠡᠳᠦᠯᠲᠡᠶ ᠪᠠᠢᠬᠤ ᠬᠡᠷᠡᠭ᠌ᠲᠡᠶ; ᠠᠳᠠᠯᠢ ᠨᠢᠭᠡᠨ ᠬᠡᠷᠡᠭ᠌ᠯᠡᠭ᠌ᠴᠢᠳ ᠨᠢᠭᠡ ᠯᠡ ᠤᠳᠠᠭ᠎ᠠ᠎ᠳᠤ ᠨᠡᠮᠡᠭᠦᠷᠢ ᠥᠭ᠌ᠬᠦ ᠬᠢᠷᠢ ᠬᠡᠮ᠎ᠲᠠᠢ ᠪᠠᠢᠬᠤ ᠬᠡᠷᠡᠭ᠌ᠲᠡᠶ᠃
2. ᠲᠣᠰ ᠤᠳᠠᠭᠠᠨ᠎ᠤ ᠠᠵᠢᠯᠯᠠᠭ᠎ᠠ᠎ᠨᠢ ᠬᠤᠪᠢ ᠬᠥᠮᠦᠨ᠎ᠤ ᠬᠡᠷᠡᠭ᠌ᠯᠡᠭ᠌ᠴᠢᠳ᠎ᠲᠤ ᠬᠠᠨᠳᠤᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠭᠤᠤᠯ ᠴᠣᠭ᠍ᠴᠠ᠎ᠨᠢ ᠡᠷᠬᠡᠪᠰᠢ ᠬᠡᠷᠡᠭ᠌ᠯᠡᠭ᠌ᠴᠢᠳ᠎ᠲᠤ ᠦᠨᠡᠨ ᠨᠡᠷ᠎ᠡ᠎ᠪᠠᠷ ᠪᠣᠷᠣᠯᠠᠭᠤᠯᠬᠤ ᠬᠡᠷᠡᠭ᠌ᠲᠡᠶ᠃ ᠪᠠᠷᠢᠮᠲᠠ᠎ᠶ᠋ᠢᠨ ᠦᠨ᠎ᠡ ᠬᠠᠩᠰᠢ᠎ᠶ᠋ᠢᠨ ᠨᠡᠢᠯᠡᠪᠦᠷᠢ ᠵᠣᠭᠣᠰ᠎ᠤᠨ ᠲᠣᠭ᠎ᠠ ᠨᠢ 《 ᠬᠡᠷᠡᠭ᠌ᠯᠡᠭ᠌ᠴᠢᠳ ᠬᠤᠪᠢ ᠬᠥᠮᠦᠨ᠎ᠦ ᠪᠣᠳᠠᠲᠠᠶ ᠵᠠᠷᠤᠴᠠᠭᠤᠯᠤᠭ᠍ᠰᠠᠨ ᠵᠣᠭᠣᠰᠣᠨ ᠲᠣᠭ᠎ᠠ᠎ᠶ᠋ᠢᠨ ᠵᠠᠰᠠᠭ᠎ᠤᠨ ᠣᠷᠳᠣᠨ᠎ᠤ ᠨᠡᠮᠡᠭᠦᠷᠢ᠎ᠶ᠋ᠢᠨ ᠵᠣᠭᠣᠰ᠎ᠤᠨ ᠲᠣᠭ᠎ᠠ》 ᠪᠣᠯᠤᠨ᠎ᠠ ᠃
3. ᠲᠤᠰ ᠤᠳᠠᠭᠠᠨ᠎ᠤ ᠠᠵᠢᠯᠯᠠᠭ᠎ᠠ᠎ᠶ᠋ᠢᠨ ᠨᠡᠮᠡᠭᠦᠷᠢ᠎ᠶ᠋ᠢ ᠪᠣᠷᠣᠯᠠᠭᠤᠯᠬᠤ ᠭᠤᠤᠯ ᠴᠣᠭ᠍ᠴᠠ᠂ ᠮᠥᠩᠭᠦᠨ ᠭᠦᠢᠯᠭᠡᠭᠡᠨ᠎ᠤ ᠪᠠᠢᠭᠤᠯᠤᠮᠵᠢ ᠵᠡᠷᠭᠡ ᠡᠯ᠎ᠡ ᠲᠥᠷᠥᠯ᠎ᠤᠨ ᠬᠠᠷᠠᠭᠠᠯᠵᠠᠯ᠎ᠲᠠᠢ ᠳᠠᠪᠬᠤᠴᠠᠵᠤ ᠪᠣᠯᠤᠨ᠎ᠠ᠃
4. ᠬᠡᠷᠪᠡ ᠪᠠᠷᠠᠭ᠎ᠠ ᠪᠤᠴᠠᠭᠠᠬᠤ ᠪᠠᠢᠳᠠᠯ ᠭᠠᠷᠪᠠᠯ᠂ ᠬᠡᠷᠡᠭ᠌ᠯᠡᠭ᠌ᠴᠢᠳ᠎ᠲᠤ ᠪᠤᠴᠠᠭᠠᠵᠤ ᠥᠭ᠌ᠭᠦᠭ᠌ᠰᠡᠨ ᠵᠣᠭᠤᠰ᠎ᠲᠤ ᠵᠠᠰᠠᠭ᠎ᠤᠨ ᠣᠷᠳᠣᠨ᠎ᠤ ᠨᠡᠮᠡᠭᠦᠷᠢ ᠪᠡᠯᠡ ᠮᠥᠩᠭᠦ᠎ᠶ᠋ᠢ ᠪᠠᠭ᠍ᠲᠠᠭᠠᠬᠤ ᠦᠭᠡᠢ᠂ ᠤᠤᠯ᠎ᠤᠨ ᠲᠣᠭᠠᠴᠠᠭ᠎ᠠ ᠬᠢᠬᠦ᠌ ᠠᠷᠭ᠎ᠠ ᠵᠠᠮ᠎ᠢᠶᠠᠷ ᠳᠠᠮᠵᠢᠭᠤᠯᠤᠨ ᠪᠤᠴᠠᠭᠠᠨ᠎ᠠ᠃ ᠪᠠᠷᠠᠭ᠎ᠠ ᠪᠤᠴᠠᠭᠠᠬᠤ ᠵᠣᠭᠣᠰ᠎ᠢ ᠴᠥᠮ ᠨᠢᠭᠡᠨᠲᠡ ᠬᠡᠷᠡᠭ᠌ᠯᠡᠭ᠌ᠴᠢᠳ᠎ᠦᠨ ᠨᠢᠭᠡ ᠤᠳᠠᠭ᠎ᠠ᠎ᠶ᠋ᠢᠨ ᠨᠡᠮᠡᠭᠦᠷᠢ᠎ᠶ᠋ᠢᠨ ᠬᠢᠷᠢ ᠬᠡᠮ᠎ᠢᠶᠡᠷ ᠦᠵᠡᠨ᠎ᠡ᠃
ᠬᠡᠷᠡᠭᠯᠡᠭᠴᠢᠳ ᠨᠢᠭᠡᠨᠲᠡ ᠠᠪᠤᠭᠰᠠᠨ ᠲᠡᠮᠲᠡᠭᠲᠦ ᠶᠢᠨ ᠨᠠᠷᠢᠨ ᠲᠣᠳᠣᠷᠬᠠᠢ ᠳᠦᠷᠢᠮ ᠢ᠋ ᠪᠠᠢᠴᠠᠭᠠᠨ ᠦᠵᠡᠬᠦ ᠪᠤᠶᠤ ᠳᠤᠮᠳᠠᠳᠤ ᠤᠯᠤᠰ᠎ᠤᠨ ᠪᠠᠩᠬᠢ᠎ᠶ᠋ᠢᠨ ᠬᠢᠨ᠎ᠦ ᠬᠣᠯᠪᠣᠭᠠᠨ᠎ᠤ ᠬᠡᠷᠡᠭᠯᠡᠭᠴᠢᠳ᠎ᠦᠨ ᠦᠢᠯᠡᠴᠢᠯᠡᠭᠡᠨ᠎ᠦ ᠤᠲᠠᠰᠤ 95516 ᠳ᠋ᠥ ᠴᠠᠬᠢᠯᠭᠠᠨ ᠤᠳᠠᠰᠦ ᠶᠠᠪᠤᠭᠤᠯᠵᠤ ᠬᠣᠯᠪᠣᠭᠳᠠᠯ ᠪᠦᠬᠦᠢ ᠤᠴᠢᠷ ᠶᠠᠪᠤᠳᠠᠯ ᠢ᠋ ᠠᠰᠠᠭᠤᠨ ᠯᠠᠪᠯᠠᠵᠤ ᠪᠤᠯᠤᠨ᠎ᠠ ᠃