ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
2025 ᠣᠨ᠎ᠳ᠋ᠤ ᠮᠠᠰᠢᠨ ᠲᠡᠷᠭᠡ᠎ᠶᠢ ᠬᠠᠭᠤᠴᠢᠨ᠎ᠢᠶᠠᠷ ᠰᠢᠨ᠎ᠡ᠎ᠶᠢ ᠰᠣᠯᠢᠬᠤ ᠨᠡᠮᠡᠭᠦᠷᠢ᠎ᠶᠢᠨ ᠠᠰᠠᠭᠤᠯᠲᠠ ᠬᠠᠷᠢᠭᠤᠯᠲᠠ᠎ᠶᠢᠨ ᠭᠠᠷ ᠳᠡᠪᠲᠡᠷ
ᠨᠡᠶ᠋ᠢᠲᠡᠯᠡᠭᠰᠡᠨ ᠴᠠᠭ᠄ 2025-01-17

  2025 ᠣᠨ ᠪᠣᠯᠬᠤ᠎ᠳᠤ ᠮᠠᠱᠢᠨ ᠲᠡᠷᠭᠡ᠎ᠶᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯ᠎ᠢ ᠰᠠᠢᠲᠤᠷ ᠬᠢᠵᠦ᠍᠂ ᠬᠡᠷᠡᠭ᠌ᠯᠡᠭ᠌ᠴᠢᠳ᠎ᠤᠨ ᠨᠡᠮᠡᠭᠦᠷᠢ ᠭᠤᠶᠤᠴᠢᠯᠠᠨ ᠠᠪᠬᠤ᠎ᠳᠤ ᠲᠥᠬᠦᠮ ᠦᠵᠡᠭᠦᠯᠬᠦ᠌᠎ᠶ᠋ᠢᠨ ᠲᠥᠯᠥᠭᠡ᠂ 《 2025 ᠣᠨ᠎ᠤ ᠮᠠᠱᠢᠨ ᠲᠡᠷᠭᠡ᠎ᠶᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯ᠎ᠢ ᠰᠠᠢᠲᠤᠷ ᠬᠢᠬᠦ᠌ ᠲᠤᠬᠠᠶ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 8 ᠰᠠᠯᠠᠭ᠎ᠠ ᠮᠥᠴᠢᠷ᠎ᠤᠨ ᠠᠯᠪᠠᠨ ᠲᠢᠩᠬᠢᠮ᠎ᠤᠨ ᠮᠡᠳᠡᠭ᠌ᠳᠡᠯ 》 ( ᠬᠤᠳᠠᠯᠳᠤᠭᠠᠨ  ᠠᠯᠪᠠᠨ  ᠬᠡᠷᠡᠭᠯᠡᠭᠡ ᠵᠠᠬᠢᠳᠠᠯ [2025] 8 ᠳ᠋ᠤᠭᠠᠷ ᠲᠣᠭᠠᠲᠤ᠌᠂ ᠳᠣᠷᠣᠭ᠍ᠰᠢ《ᠮᠡᠳᠡᠭ᠌ᠳᠡᠯ》 ᠭᠡᠵᠦ᠍ ᠲᠣᠪᠴᠢᠯᠠᠨ᠎ᠠ) ᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠨᠡᠢᠭᠡᠮ ᠨᠡᠢᠲᠡ᠎ᠶ᠋ᠢᠨ ᠠᠩᠬᠠᠷᠴᠤ᠌ ᠪᠠᠢᠭ᠎ᠠ ᠬᠠᠮᠢᠶ᠎ᠠ ᠪᠥᠬᠦᠶ ᠠᠰᠠᠭᠤᠳᠠᠯ᠎ᠳᠤ ᠳᠣᠤᠷᠠᠬᠢ ᠮᠡᠲᠦ ᠬᠠᠷᠢᠭᠤᠯᠲᠠ ᠦᠭᠪᠡ᠄

  ᠨᠢᠭᠡ᠂  ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌ 

  1.2025 ᠣᠨ᠎ᠤ ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌᠎ᠶ᠋ᠢᠨ ᠬᠡᠷᠡᠭ᠌ᠵᠢᠭᠦᠯᠬᠦ᠌ ᠴᠠᠭ ᠬᠤᠭᠤᠴᠠᠭ᠎ᠠ᠎ᠨᠢ ?

  ᠬᠠᠷᠢᠭᠤᠯᠲᠠ᠄ ᠬᠡᠷᠡᠭ᠌ᠵᠢᠭᠦᠯᠬᠦ᠌ ᠴᠠᠭ᠎ᠨᠢ 2025 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ (ᠲᠣᠰ ᠡᠳᠦᠷ᠎ᠢ ᠪᠠᠭ᠍ᠲᠠᠭᠠᠨ᠎ᠠ᠂ ᠳᠣᠷᠣᠭ᠍ᠰᠢ ᠠᠳᠠᠯᠢ) ᠡᠬᠢᠯᠡᠨ᠎ᠡ᠃ ᠨᠡᠮᠡᠭᠦᠷᠢ ᠠᠪᠬᠤ᠎ᠪᠠᠷ ᠭᠤᠶᠤᠴᠢᠯᠠᠭ᠍ᠰᠠᠨ ᠬᠤᠪᠢ ᠬᠥᠮᠦᠨ ᠬᠡᠷᠡᠭ᠌ᠯᠡᠭ᠌ᠴᠢᠳ ᠪᠦᠬᠦ᠌ ᠤᠯᠤᠰ᠎ᠤᠨ ᠮᠠᠱᠢᠨ ᠲᠡᠷᠭᠡᠨ᠎ᠦ ᠭᠦᠢᠯᠭᠡᠭᠡᠨ᠎ᠦ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠦᠨ ᠰᠦᠯᠵᠢᠶᠡᠨ ᠥᠷᠲᠡᠭᠡ ᠪᠤᠶᠤ 《ᠮᠠᠱᠢᠨ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠵᠢᠵᠢᠭ ᠫᠷᠤᠭ᠌ᠷᠠᠮ᠎ᠢᠶᠠᠷ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠬᠣᠯᠪᠣᠭ᠍ᠳᠠᠯ ᠪᠦᠬᠦᠢ ᠭᠤᠶᠤᠴᠢᠯᠠᠯ᠎ᠤᠨ ᠮᠠᠲ᠋ᠧᠷᠢᠶᠠᠯ᠎ᠢᠶᠠᠨ ᠲᠤᠱᠢᠶᠠᠬᠤ ᠬᠡᠷᠡᠭ᠌ᠲᠡᠶ᠃

  2.2025 ᠣᠨ᠎ᠳᠤ ᠬᠡᠷᠡᠭᠯᠡᠭᠡᠨ᠎ᠡᠴᠡ ᠭᠠᠷᠤᠭᠰᠠᠨ ᠬᠠᠭᠤᠴᠢᠨ ᠲᠡᠷᠭᠡᠨ᠎ᠤ ᠨᠥᠬᠦᠴᠡᠯ᠎ᠳᠤ ᠶᠠᠮᠠᠷ ᠶᠠᠮᠠᠷ ᠬᠤᠪᠢᠷᠠᠯᠲᠠ ᠭᠠᠷᠤᠭ᠍ᠰᠠᠨ ᠪᠣᠶ?

  ᠬᠠᠷᠢᠭᠤᠯᠲᠠ᠄ ᠨᠢᠭᠡ᠎ᠳᠤ᠂ ᠬᠠᠶᠠᠭ᠍ᠳᠠᠮᠠᠯ ᠬᠠᠭᠤᠴᠢᠨ ᠲᠡᠷᠭᠡᠨ᠎ᠤ ᠬᠡᠪᠴᠢᠶ᠎ᠡ᠎ᠶ᠋ᠢ ᠥᠷᠭᠡᠳᠭᠡᠨ᠎ᠡ᠃ ᠨᠥᠬᠦᠴᠡᠯ᠎ᠳᠤ ᠨᠡᠢᠴᠡᠬᠦ᠌ ᠤᠯᠤᠰ᠎ᠤᠨ ᠳᠥᠷᠪᠡᠨ ᠵᠦᠢᠯ᠎ᠤᠨ ᠭᠠᠳᠠᠭ᠍ᠰᠢᠯᠠᠭᠤᠯᠬᠤ ᠪᠠᠷᠢᠮᠵᠢᠶᠠᠲᠤ ᠱᠢᠲᠠᠭᠠᠯᠭ᠎ᠠ᠎ᠶ᠋ᠢᠨ ᠲᠣᠰᠣ᠎ᠶ᠋ᠢ ᠬᠡᠷᠡᠭ᠌ᠯᠡᠭᠡᠨ᠎ᠠᠴᠠ ᠭᠠᠷᠭᠠᠬᠤ ᠱᠢᠨᠡᠳᠭᠡᠬᠦ᠌ ᠨᠡᠮᠡᠭᠦᠷᠢ ᠥᠭ᠌ᠬᠦ ᠬᠠᠭᠤᠴᠢᠨ ᠲᠡᠷᠭᠡᠨ᠎ᠤ ᠬᠡᠪᠴᠢᠶᠡᠨ᠎ᠳᠤ ᠣᠷᠣᠭᠤᠯᠵᠤ᠂ ᠴᠢᠶᠢᠦ ᠲᠣᠰᠣᠨ᠎ᠤ ᠬᠡᠷᠡᠭ᠌ᠯᠡᠭᠡᠨ᠎ᠤ ᠮᠠᠱᠢᠨ ᠲᠡᠷᠭᠡ᠎ᠶ᠋ᠢ ᠳᠠᠩᠰᠠᠯᠠᠭᠤᠯᠤᠨ ᠲᠡᠮᠳᠡᠭ᠌ᠯᠡᠬᠦ᠌ ᠴᠠᠭ᠎ᠢ 2011 ᠣᠨ᠎ᠤ 6 ᠳ᠋ᠤᠭᠠᠷ ᠰᠠᠷ᠎ᠠ᠎ᠶ᠋ᠢᠨ 30 ᠎ᠤ ᠡᠳᠦᠷ᠎ᠠᠴᠠ ᠡᠮᠦᠨ᠎ᠡ ᠬᠦᠷᠢᠶ᠎ᠡ ᠬᠡᠪᠴᠢᠶ᠎ᠡ᠎ᠳᠤ ᠬᠦᠷᠲᠡᠯ᠎ᠡ ᠥᠷᠭᠡᠳᠭᠡᠨ᠎ᠡ᠂ ᠴᠠᠢᠶᠢᠦ ᠵᠢᠴᠢ ᠪᠤᠰᠤᠳ ᠱᠢᠲᠠᠭᠠᠯᠭ᠎ᠠ᠎ᠶ᠋ᠢᠨ ᠮᠠᠱᠢᠨ ᠲᠡᠷᠭᠡ᠎ᠶ᠋ᠢ ᠳᠡᠩᠰᠡᠯᠡᠨ ᠲᠡᠮᠳᠡᠭ᠌ᠯᠡᠬᠦ᠌ ᠴᠠᠭ᠎ᠢ 2013 ᠣᠨ᠎ᠤ 6 ᠳ᠋ᠤᠭᠠᠷ ᠰᠠᠷ᠎ᠠ᠎ᠶ᠋ᠢᠨ 30 ᠎ᠤ ᠡᠳᠦᠷ᠎ᠠᠴᠠ ᠡᠮᠦᠨ᠎ᠡ ᠬᠡᠪᠴᠢᠶ᠎ᠡ᠎ᠳᠤ ᠣᠷᠤᠭᠤᠯᠬᠤ᠎ᠠᠴᠠ 2014 ᠣᠨ᠎ᠤ 6 ᠳ᠋ᠤᠭᠠᠷ ᠰᠠᠷ᠎ᠠ᠎ᠶ᠋ᠢᠨ 30 ᠎ᠤ ᠡᠳᠦᠷ᠎ᠠᠴᠠ ᠡᠮᠦᠨ᠎ᠡ ᠪᠣᠯᠲᠠᠯ᠎ᠠ ᠥᠷᠭᠡᠳᠭᠡᠵᠦ᠍᠂ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠰᠠᠭᠤᠳᠠᠯ᠎ᠤᠨ ᠮᠠᠰᠢᠨ᠎ᠤ ᠳᠠᠩᠰᠠᠯᠠᠭᠤᠯᠬᠤ ᠴᠠᠭ᠎ᠢ 2018 ᠣᠨ᠎ᠤ 4 ᠳ᠋ᠦ᠍ᠭᠡᠷ ᠰᠠᠷ᠎ᠠ᠎ᠶᠢᠨ 30᠎᠎᠎᠎ ᠎ᠤ ᠡᠳᠦᠷ᠎ᠡᠴᠡ ᠡᠮᠦᠨ᠎ᠡ 2018 ᠣᠨ᠎ᠤ 12 ᠳ᠋ᠤᠭ᠋ᠠᠷ ᠰᠠᠷ᠎ᠠ᠎ᠶᠢᠨ 31 ᠎ᠤ ᠡᠳᠦᠷ᠎ᠡᠴᠡ ᠡᠮᠦᠨ᠎ᠡ ᠪᠣᠯᠲᠠᠯ᠎ᠠ ᠥᠷᠭᠡᠳᠬᠡᠨ᠎ᠡ᠃ ᠬᠤᠶᠠᠷ᠎ᠲᠤ᠌᠂ ᠬᠠᠭᠤᠴᠢᠨ ᠲᠡᠷᠭᠡ ᠪᠠᠷᠢᠬᠤ ᠴᠠᠭ᠎ᠤᠨ ᠱᠠᠭᠠᠷᠳᠠᠯᠭ᠎ᠠ᠎ᠳᠤ ᠲᠣᠬᠢᠷᠠᠭᠤᠯᠤᠯᠲᠠ ᠬᠢᠪᠡ᠃ ᠬᠡᠷᠡᠭ᠌ᠯᠡᠭ᠌ᠴᠢᠳ ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌ ᠨᠡᠮᠡᠭᠦᠷᠢ ᠭᠤᠶᠤᠴᠢᠯᠠᠪᠠᠯ᠂ ᠬᠡᠷᠡᠭ᠌ᠯᠡᠭᠡᠨ᠎ᠠᠴᠠ ᠭᠠᠷᠭᠠᠭ᠍ᠰᠠᠨ ᠵᠣᠬᠢᠴᠠᠩᠭᠤᠶ ᠮᠠᠱᠢᠨ ᠲᠡᠷᠭᠡ᠎ᠶ᠋ᠢ ᠡᠷᠬᠡᠪᠰᠢ 2025 ᠣᠨ᠎ᠤ 1 ᠳ᠋ᠦ᠍ᠭᠡᠷ ᠰᠠᠷ᠎ᠠ᠎ᠶ᠋ᠢᠨ 8 ᠎ᠤ ᠡᠳᠦᠷ᠎ᠠᠴᠠ ᠡᠮᠦᠨ᠎ᠡ ᠲᠣᠰ ᠬᠥᠮᠦᠨ᠎ᠤ ᠨᠡᠷ᠎ᠡ᠎ᠶ᠋ᠢᠨ ᠳᠣᠤᠷ᠎ᠠ ᠳᠠᠩᠰᠠᠯᠠᠭᠤᠯᠬᠤ ᠬᠡᠷᠡᠭ᠌ᠲᠡᠶ᠃

  3. 2025 ᠣᠨ᠎ᠳᠤ ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨ᠎ᠡ ᠲᠡᠷᠭᠡ ᠬᠤᠳᠠᠯᠳᠤᠨ ᠠᠪᠬᠤ ᠨᠥᠬᠦᠴᠡᠯ᠎ᠳᠤ ᠶᠠᠮᠠᠷ ᠬᠤᠪᠢᠷᠠᠯᠲᠠ᠎ᠲᠠᠢ ᠪᠣᠢ?

  ᠬᠠᠷᠢᠭᠤᠯᠲᠠ᠄ ᠬᠤᠪᠢᠷᠠᠯᠲᠠ ᠦᠭᠡᠢ᠃ ᠳᠠᠷᠤᠶ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌᠎ᠪᠠᠷ ᠭᠤᠶᠤᠴᠢᠯᠠᠭ᠍ᠰᠠᠨ ᠱᠢᠨ᠎ᠡ ᠡᠨᠧᠷᠭᠢ᠎ᠶ᠋ᠢᠨ ᠰᠠᠭᠤᠳᠠᠯ᠎ᠤᠨ ᠮᠠᠱᠢᠨ ᠲᠡᠷᠭᠡ᠎ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ 《ᠲᠡᠷᠭᠡ ᠬᠥᠰᠭᠡ ᠬᠤᠳᠠᠯᠳᠤᠨ ᠠᠪᠬᠤ ᠭᠠᠢᠯᠢ᠎ᠶ᠋ᠢ ᠬᠠᠰᠤᠵᠤ ᠬᠡᠯᠲᠦᠷᠢᠭᠦᠯᠬᠦ᠌ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠯᠪᠡᠷᠢ᠎ᠶ᠋ᠢᠨ ᠭᠠᠷᠴᠠᠭ》 ᠎ᠲᠤ ᠣᠷᠣᠭᠤᠯᠤᠭ᠍ᠰᠠᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠪᠠᠷ ᠪᠣᠯᠤᠨ᠎ᠠ᠂ ᠱᠢᠲᠠᠭᠠᠯᠭ᠎ᠠ᠎ᠶ᠋ᠢᠨ ᠲᠣᠰᠣᠨ᠎ᠤ ᠮᠠᠱᠢᠨ ᠲᠡᠷᠭᠡᠨ᠎ᠤ ᠭᠠᠳᠠᠭ᠍ᠰᠢᠯᠠᠭᠤᠯᠬᠤ ᠬᠡᠮᠵᠢᠶ᠎ᠡ᠎ᠶ᠋ᠢ 2.0 ᠯᠢᠲᠷ ᠵᠢᠴᠢ ᠲᠡᠭᠦᠨ᠎ᠠᠴᠠ ᠳᠣᠷᠣᠭ᠍ᠰᠢ ᠪᠠᠢᠯᠭᠠᠨ᠎ᠠ᠃ ᠨᠡᠮᠡᠭᠦᠷᠢ ᠣᠯᠬᠤ ᠭᠤᠶᠤᠴᠢᠯᠠᠯ ᠎ᠢ ᠬᠢᠨᠠᠨ ᠬᠠᠷᠭᠤᠭᠤᠯᠬᠤ ᠬᠤᠭᠤᠴᠠᠭᠠᠨ᠎ᠳᠤ ᠂ ᠱᠢᠨ᠎ᠡ᠎ᠪᠡᠷ ᠬᠤᠳᠠᠯᠳᠤᠨ ᠠᠪᠤᠭ᠍ᠰᠠᠨ ᠰᠠᠭᠤᠬᠤ ᠲᠡᠷᠭᠡ᠎ᠶ᠋ᠢ ᠭᠤᠶᠤᠴᠢᠯᠠᠭ᠍ᠴᠢ᠎ᠶ᠋ᠢᠨ ᠨᠡᠷ᠎ᠡ᠎ᠶ᠋ᠢᠨ ᠳᠣᠤᠷ᠎ᠠ ᠳᠠᠩᠰᠠᠯᠠᠬᠤ ᠬᠡᠷᠡᠭ᠌ᠲᠡᠶ ᠃

  4.2025 ᠣᠨ᠎ᠳᠤ ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌᠎ᠳᠤ ᠨᠡᠮᠡᠭᠦᠷᠢ᠎ᠶ᠋ᠢᠨ ᠪᠠᠷᠢᠮᠵᠢᠶ᠎ᠠ᠎ᠳᠤ ᠬᠤᠪᠢᠷᠠᠯᠲᠠ ᠭᠠᠷᠤᠭᠰᠠᠨ ᠪᠤᠢ?

  ᠬᠠᠷᠢᠭᠤᠯᠲᠠ᠄ ᠬᠤᠪᠢᠷᠠᠯᠲᠠ ᠦᠭᠡᠢ᠃ ᠲᠤᠬᠠᠢᠯᠠᠪᠠᠯ ᠬᠡᠷᠡᠭ᠌ᠯᠡᠭᠡᠨ᠎ᠠᠴᠠ ᠭᠠᠷᠭᠠᠬᠤ ᠨᠥᠬᠦᠴᠡᠯ᠎ᠳᠤ ᠨᠡᠢᠴᠡᠬᠦ᠌ ᠤᠯᠤᠰ᠎ᠤᠨ ᠳᠦᠷᠪᠡᠳᠦᠭᠡᠷ ᠵᠢᠴᠢ ᠲᠡᠭᠦᠨ᠎ᠠᠴᠠ ᠳᠣᠷᠣᠭ᠍ᠰᠢᠬᠢ ᠭᠠᠳᠠᠭ᠍ᠰᠢᠯᠠᠭᠤᠯᠬᠤ ᠪᠠᠷᠢᠮᠵᠢᠶ᠎ᠠ᠎ᠶ᠋ᠢᠨ ᠰᠠᠭᠤᠳᠠᠯ᠎ᠤᠨ ᠲᠡᠷᠭᠡ ᠪᠤᠶᠤ 2018 ᠣᠨ᠎ᠤ 12 ᠳ᠋ᠤᠭᠠᠷ ᠰᠠᠷ᠎ᠠ᠎ᠶ᠋ᠢᠨ 31 ᠎ᠤ ᠡᠳᠦᠷ᠎ᠠᠴᠠ ᠡᠮᠦᠨ᠎ᠡ ᠳᠠᠩᠰᠠᠯᠠᠭᠤᠯᠤᠭ᠍ᠰᠠᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠨᠡᠢᠯᠡᠭᠦᠯᠦᠨ ᠬᠤᠳᠠᠯᠳᠤᠨ ᠠᠪᠴᠤ᠌ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ 《ᠲᠡᠷᠭᠡ ᠬᠥᠰᠭᠡ ᠬᠤᠳᠠᠯᠳᠤᠨ ᠠᠪᠬᠤ ᠭᠠᠢᠯᠢ᠎ᠶ᠋ᠢ ᠬᠠᠰᠤᠵᠤ ᠬᠡᠯᠲᠦᠷᠢᠭᠦᠯᠬᠦ᠌ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠯᠪᠡᠷᠢ᠎ᠶ᠋ᠢᠨ ᠭᠠᠷᠴᠠᠭ》 ᠎ᠲᠤ ᠣᠷᠣᠭᠤᠯᠤᠭ᠍ᠰᠠᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠯᠪᠡᠷᠢ᠎ᠶ᠋ᠢᠨ ᠱᠢᠨ᠎ᠡ ᠲᠡᠷᠭᠡᠨ᠎ᠳᠤ ᠬᠡᠷᠡᠭ᠌ᠯᠡᠬᠦ᠌ ᠲᠡᠷᠭᠡ᠎ᠳᠤ 2 ᠲᠦᠮᠡᠨ ᠲᠥᠭᠦᠷᠢᠭ᠎ᠤᠨ ᠨᠡᠮᠡᠭᠦᠷᠢ ᠥᠭ᠌ᠭᠦᠨ᠎ᠡ; ᠨᠥᠬᠦᠴᠡᠯ᠎ᠳᠤ ᠨᠡᠢᠴᠡᠬᠦ᠌ ᠤᠯᠤᠰ᠎ᠤᠨ ᠳᠦᠷᠪᠡᠳᠦᠭᠡᠷ ᠵᠢᠴᠢ ᠲᠡᠭᠦᠨ᠎ᠠᠴᠠ ᠳᠣᠷᠣᠭ᠍ᠰᠢᠬᠢ ᠭᠠᠳᠠᠭ᠍ᠰᠢᠯᠠᠭᠤᠯᠬᠤ ᠪᠠᠷᠢᠮᠵᠢᠶᠠᠲᠤ ᠱᠢᠲᠠᠭᠠᠯᠭ᠎ᠠ᠎ᠶ᠋ᠢᠨ ᠲᠣᠰᠣᠨ᠎ᠤ ᠰᠠᠭᠤᠳᠠᠯ᠎ᠤᠨ ᠮᠠᠱᠢᠨ ᠲᠡᠷᠭᠡ ᠬᠤᠳᠠᠯᠳᠤᠨ ᠠᠪᠬᠤ᠎ᠶ᠋ᠢᠨ ᠬᠠᠮᠲᠤ 2.0 ᠯᠢᠲᠷ ᠵᠢᠴᠢ ᠲᠡᠭᠦᠨ᠎ᠠᠴᠠ ᠳᠣᠷᠣᠭ᠍ᠰᠢᠬᠢ ᠭᠠᠳᠠᠭ᠍ᠰᠢᠯᠠᠭᠤᠯᠬᠤ ᠬᠡᠮᠵᠢᠶ᠎ᠡ᠎ᠲᠠᠢ ᠱᠢᠲᠠᠭᠠᠯᠭ᠎ᠠ᠎ᠶ᠋ᠢᠨ ᠲᠣᠰᠣᠨ᠎ᠤ ᠰᠠᠭᠤᠳᠠᠯ᠎ᠤᠨ ᠮᠠᠱᠢᠨ ᠲᠡᠷᠭᠡ ᠬᠤᠳᠠᠯᠳᠤᠨ ᠠᠪᠬᠤ᠎ᠳᠤ 1.5 ᠲᠦᠮᠡᠨ ᠲᠥᠭᠦᠷᠢᠭ᠎ᠤᠨ ᠨᠡᠮᠡᠭᠦᠷᠢ ᠥᠭ᠌ᠭᠦᠨ᠎ᠡ᠃ ᠬᠡᠷᠡᠭ᠌ᠯᠡᠭᠡᠨ᠎ᠡᠴᠡ ᠭᠠᠷᠭᠠᠭ᠍ᠰᠠᠨ ᠱᠢᠨ᠎ᠡ ᠡᠨᠧᠷᠭᠢ᠎ᠶ᠋ᠢᠨ ᠲᠡᠷᠭᠡᠨ᠎ᠳᠦ ᠬᠡᠷᠡᠭ᠌ᠯᠡᠬᠦ᠌ ᠮᠠᠱᠢᠨ ᠲᠡᠷᠭᠡ᠎ᠶ᠋ᠢ ᠨᠡᠢᠯᠡᠭᠦᠯᠦᠨ ᠬᠤᠳᠠᠯᠳᠤᠨ ᠠᠪᠴᠤ᠌ ᠱᠢᠲᠠᠭᠠᠯᠭ᠎ᠠ᠎ᠶ᠋ᠢᠨ ᠲᠣᠰᠣ᠎ᠶ᠋ᠢᠨ ᠰᠠᠭᠤᠳᠠᠯ᠎ᠤᠨ ᠲᠡᠷᠭᠡ ᠬᠤᠳᠠᠯᠳᠤᠨ ᠠᠪᠬᠤ᠎ᠳᠤ ᠨᠡᠮᠡᠭᠦᠷᠢ ᠣᠯᠭᠣᠬᠤ ᠦᠭᠡᠶ ᠃

  5. ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌᠎ᠳᠦ ᠨᠡᠮᠡᠭᠦᠷᠢ ᠦᠭ᠌ᠭᠦ ᠱᠠᠭᠠᠷᠲᠠᠯᠭ᠎ᠠ᠎ᠳᠤ ᠶᠠᠮᠠᠷ ᠶᠠᠮᠠᠷ ᠬᠤᠪᠢᠷᠠᠯᠲᠠ ᠎ᠪᠠᠢᠬᠤ ᠪᠤᠢ?

  ᠬᠠᠷᠢᠭᠤᠯᠲᠠ᠄ ᠬᠤᠪᠢᠷᠠᠯᠲᠠ ᠦᠭᠡᠢ᠃ ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌ ᠨᠡᠮᠡᠭᠦᠷᠢ᠎ᠶ᠋ᠢᠨ ᠪᠠᠯᠠ ᠮᠥᠩᠭᠦ᠎ᠶ᠋ᠢ ᠭᠤᠶᠤᠴᠢᠯᠠᠬᠤ᠎ᠳᠤ ᠳᠣᠤᠷᠠᠬᠢ ᠱᠠᠭᠠᠷᠳᠠᠯᠭ᠎ᠠ᠎ᠶ᠋ᠢ ᠬᠠᠩᠭᠠᠬᠤ ᠬᠡᠷᠡᠭ᠌ᠲᠡᠶ᠄

  (1) ᠨᠡᠮᠡᠭᠦᠷᠢ ᠭᠤᠶᠤᠴᠢᠯᠠᠭ᠍ᠴᠢ ᠨᠢ ᠬᠣᠪᠢ ᠬᠥᠮᠥᠨ᠎ᠦ ᠬᠡᠷᠡᠭ᠌ᠯᠡᠭ᠌ᠴᠢ ᠪᠤᠯᠤᠨ᠎ᠠ ᠃

  (2) ᠭᠤᠶᠤᠴᠢᠯᠠᠭ᠍ᠴᠢ᠎ᠶ᠋ᠢᠨ ᠬᠤᠪᠢ ᠬᠥᠮᠦᠨ᠎ᠤ ᠨᠡᠷ᠎ᠡ ᠳᠣᠤᠷᠠᠬᠢ ᠬᠠᠭᠤᠴᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠬᠤ᠎ᠶ᠋ᠢᠨ ᠬᠠᠮᠲᠤ 《ᠬᠠᠶᠠᠭ᠍ᠳᠠᠮᠠᠯ ᠮᠠᠱᠢᠨ ᠲᠡᠷᠭᠡ᠎ᠶ᠋ᠢ ᠬᠤᠷᠢᠶᠠᠨ ᠠᠪᠤᠭ᠍ᠰᠠᠨ ᠭᠡᠷᠡᠴᠢ》 ᠎ᠶ᠋ᠢ ᠣᠯᠤᠭ᠍ᠰᠠᠨ ᠪᠠᠢᠬᠤ ᠬᠡᠷᠡᠭ᠌ᠲᠡᠶ;

  (3) ᠭᠤᠶᠤᠴᠢᠯᠠᠭ᠍ᠴᠢ᠎ᠶ᠋ᠢᠨ ᠬᠤᠪᠢ ᠬᠥᠮᠦᠨ᠎ᠤ ᠨᠡᠷ᠎ᠡ ᠳᠣᠤᠷᠠᠬᠢ ᠬᠠᠭᠤᠴᠢᠨ ᠲᠡᠷᠭᠡ᠎ᠶ᠋ᠢ ᠬᠦᠴᠦᠨ ᠥᠬᠡᠶ ᠪᠣᠯᠭᠠᠬᠤ᠎ᠶ᠋ᠢᠨ ᠬᠠᠮᠲᠤ 《ᠮᠠᠱᠢᠨᠲᠤ ᠲᠡᠷᠭᠡ᠎ᠶ᠋ᠢ ᠬᠦᠴᠦᠨ ᠥᠬᠡᠶ ᠪᠣᠯᠭᠠᠭ᠍ᠰᠠᠨ ᠭᠡᠷᠡᠴᠢ》 ᠎ᠶ᠋ᠢ ᠣᠯᠤᠭ᠍ᠰᠠᠨ ᠪᠠᠢᠬᠤ ᠬᠡᠷᠡᠭ᠌ᠲᠡᠶ;

  (4) ᠭᠤᠶᠤᠴᠢᠯᠠᠭ᠍ᠴᠢ ᠱᠢᠨ᠎ᠡ ᠲᠡᠷᠭᠡ ᠬᠤᠳᠠᠯᠳᠤᠨ ᠠᠪᠬᠤ᠎ᠶ᠋ᠢᠨ ᠬᠠᠮᠲᠤ 《ᠮᠠᠱᠢᠨᠲᠤ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》 ᠎ᠣᠯᠤᠭ᠍ᠰᠠᠨ ᠪᠠᠢᠬᠤ ᠬᠡᠷᠡᠭ᠌ᠲᠡᠶ;

  (5) ᠭᠤᠶᠤᠴᠢᠯᠠᠭ᠍ᠴᠢ ᠳᠠᠩᠰᠠᠯᠠᠭᠤᠯᠬᠤ ᠭᠠᠷᠳᠠᠮ ᠭᠦᠢᠴᠡᠳᠭᠡᠬᠦ᠌᠎ᠶ᠋ᠢᠨ ᠬᠠᠮᠲᠤ 《 ᠮᠠᠱᠢᠨᠲᠤ ᠲᠡᠷᠭᠡ ᠳᠠᠩᠰᠠᠯᠠᠭᠤᠯᠬᠤ ᠦᠨᠡᠮᠯᠡᠯ 》 ᠎ᠢ ᠣᠯᠤᠭ᠍ᠰᠠᠨ ᠪᠠᠢᠬᠤ ᠬᠡᠷᠡᠭ᠌ᠲᠡᠶ ᠃

  (6) ᠳᠡᠭᠡᠷ᠎ᠡ ᠳᠤᠷᠠᠳᠤᠭ᠍ᠰᠠᠨ 《ᠬᠡᠷᠡᠭᠯᠡᠭᠡᠨ᠎ᠡᠴᠡ ᠭᠠᠷᠤᠭᠰᠠᠨ ᠮᠠᠱᠢᠨᠲᠤ ᠲᠡᠷᠭᠡ᠎ᠶ᠋ᠢ ᠬᠤᠷᠢᠶᠠᠨ ᠠᠪᠤᠭ᠍ᠰᠠᠨ ᠭᠡᠷᠡᠴᠢ》᠂ 《ᠮᠠᠱᠢᠨᠲᠤ ᠲᠡᠷᠭᠡ᠎ᠶ᠋ᠢ ᠬᠦᠴᠦᠨ ᠦᠭᠡᠢ ᠪᠣᠯᠭᠠᠭ᠍ᠰᠠᠨ ᠭᠡᠷᠡᠴᠢ》᠂ 《ᠮᠠᠱᠢᠨᠲᠤ ᠲᠡᠷᠭᠡ᠎ᠶ᠋ᠢ ᠪᠣᠷᠣᠯᠠᠭᠤᠯᠬᠤ ᠨᠢᠭᠡᠳᠦᠯᠲᠡᠶ ᠪᠠᠷᠢᠮᠲᠠ》᠂ 《ᠮᠠᠱᠢᠨᠲᠤ ᠲᠡᠷᠭᠡ᠎ᠶ᠋ᠢ ᠳᠠᠩᠰᠠᠯᠠᠭᠤᠯᠤᠭ᠍ᠰᠠᠨ ᠦᠨᠡᠮᠯᠡᠯ》 ᠎ᠢ ᠴᠥᠮ 2025 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠰᠡᠭᠦᠯᠡᠷ ᠬᠢᠵᠦ᠍ ᠥᠭ᠌ᠬᠦ ᠬᠡᠷᠡᠭ᠌ᠲᠡᠶ᠃

  ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌᠎ᠨᠢ ᠣᠨ ᠠᠯᠤᠰᠯᠠᠭ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠵᠣᠯᠭᠠᠭᠤᠯᠤᠯᠲᠠ᠎ᠶ᠋ᠢ ᠰᠠᠢᠲᠤᠷ ᠬᠢᠬᠦ᠌᠎ᠶ᠋ᠢᠨ ᠲᠥᠯᠥᠭᠡ᠂ 2024 ᠣᠨ᠎ᠤ 7 ᠳ᠋ᠤᠭ᠋ᠠᠷ ᠰᠠᠷ᠎ᠠ᠎ᠶ᠋ᠢᠨ 25 ᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ᠎ᠶ᠋ᠢᠨ 31 ᠎ᠤ ᠡᠳᠦᠷ ᠪᠣᠯᠲᠠᠯ᠎ᠠ ᠵᠥᠪᠬᠡᠨ 《ᠬᠡᠷᠡᠭ᠌ᠯᠡᠭᠡᠨ᠎ᠠᠴᠠ ᠭᠠᠷᠭᠠᠭ᠍ᠰᠠᠨ ᠮᠠᠱᠢᠨᠲᠤ ᠲᠡᠷᠭᠡ᠎ᠶ᠋ᠢ ᠡᠭᠡᠭᠦᠯᠦᠨ ᠬᠤᠷᠢᠶᠠᠭ᠍ᠰᠠᠨ ᠭᠡᠷᠡᠴᠢ》᠂ 《ᠮᠠᠱᠢᠨᠲᠤ ᠲᠡᠷᠭᠡ᠎ᠶ᠋ᠢ ᠬᠦᠴᠦᠨ ᠦᠭᠡᠢ ᠪᠣᠯᠭᠠᠭ᠍ᠰᠠᠨ ᠭᠡᠷᠡᠴᠢ》᠂ 《ᠮᠠᠱᠢᠨᠲᠤ ᠲᠡᠷᠭᠡᠨ᠎ᠤ ᠳᠠᠩᠰᠠᠯᠠᠭᠤᠯᠤᠭ᠍ᠰᠠᠨ ᠦᠨᠡᠮᠯᠡᠯ》 ᠵᠡᠷᠭᠡ 4 ᠲᠥᠷᠥᠯ᠎ᠤᠨ ᠭᠡᠷᠡᠴᠢ ᠮᠠᠲ᠋ᠧᠷᠢᠶᠠᠯ᠎ᠢ ᠤᠯᠬᠤ᠎ᠶ᠋ᠢᠨ ᠬᠠᠮᠲᠤ 2025 ᠣᠨ᠎ᠤ 2 ᠳ᠋ᠤᠭ᠋ᠠᠷ ᠰᠠᠷ᠎ᠠ᠎ᠶ᠋ᠢᠨ 28 ᠎ᠤ ᠡᠳᠦᠷ᠎ᠠᠴᠠ ᠡᠮᠦᠨ᠎ᠡ ᠴᠥᠮ ᠳᠡᠭᠡᠷ᠎ᠡ ᠳᠤᠷᠠᠳᠤᠭ᠍ᠰᠠᠨ ᠭᠡᠷᠡᠴᠢ᠎ᠶ᠋ᠢ ᠣᠯᠤᠭ᠍ᠰᠠᠨ ᠬᠤᠪᠢ ᠬᠥᠮᠦᠨ ᠬᠡᠷᠡᠭ᠌ᠯᠡᠭ᠌ᠴᠢᠳ᠎ᠲᠤ 2025 ᠣᠨ᠎ᠤ ᠮᠠᠱᠢᠨ ᠲᠡᠷᠭᠡᠨ᠎ᠤ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌ ᠨᠡᠮᠡᠭᠦᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢᠨ ᠬᠠᠮᠲᠤ 2025 ᠣᠨ᠎ᠤ ᠲᠣᠰ ᠵᠢᠯ᠎ᠤᠨ ᠨᠡᠮᠡᠭᠦᠷᠢ᠎ᠶ᠋ᠢᠨ ᠤᠳᠠᠭ᠎ᠠ᠎ᠶ᠋ᠢ ᠪᠤᠳᠤᠵᠤ ᠣᠷᠣᠭᠤᠯᠤᠨ᠎ᠠ᠃ ᠭᠤᠶᠤᠴᠢᠯᠠᠭ᠍ᠴᠢ᠎ᠶ᠋ᠢᠨ ᠵᠣᠬᠢᠴᠠᠩᠭᠤᠶ᠎ᠪᠠᠷ ᠬᠡᠷᠡᠭ᠌ᠯᠡᠭᠡᠨ᠎ᠠᠴᠠ ᠭᠠᠷᠤᠭᠰᠠᠨ ᠮᠠᠱᠢᠨᠲᠤ ᠲᠡᠷᠭᠡ ᠪᠠ ᠬᠤᠳᠠᠯᠳᠤᠨ ᠠᠪᠤᠭ᠍ᠰᠠᠨ ᠱᠢᠨ᠎ᠡ ᠲᠡᠷᠭᠡ᠎ᠨᠢ 《ᠮᠠᠱᠢᠨ ᠲᠡᠷᠭᠡᠨ᠎ᠤ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠬᠤᠯᠪᠣᠭ᠍ᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠶ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 7 ᠰᠠᠯᠠᠭ᠎ᠠ ᠮᠥᠴᠢᠷ᠎ᠤᠨ ᠮᠡᠳᠡᠭ᠌ᠳᠡᠯ》 ( ᠬᠤᠳᠠᠯᠳᠤᠭᠠᠨ ᠬᠡᠷᠡᠭ᠌ᠯᠡᠭᠡ ᠵᠠᠬᠢᠳᠠᠯ [2024] 392 ᠳ᠋ᠤᠭᠠᠷ ᠲᠣᠭᠠᠲᠤ ) ᠎ᠤᠨ ᠬᠤᠯᠪᠣᠭ᠍ᠳᠠᠯ ᠪᠦᠬᠦᠢ ᠱᠠᠭᠠᠷᠳᠠᠯᠭ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠃

  6. ᠮᠠᠱᠢᠨ ᠲᠡᠷᠭᠡ᠎ᠶ᠋ᠢ ᠬᠡᠷᠡᠭ᠌ᠯᠡᠭᠡᠨ᠎ᠠᠴᠠ ᠭᠠᠷᠭ᠋ᠠᠵᠤ  ᠱᠢᠨᠡᠳᠭᠡᠬᠦ᠌ ᠨᠡᠮᠡᠭᠦᠷᠢ᠎ᠶ᠋ᠢ ᠭᠤᠶᠤᠴᠢᠯᠠᠬᠤ᠎ᠳᠤ ᠬᠡᠷᠡᠭ᠌ᠰᠡᠬᠦ᠌ ᠮᠠᠲ᠋ᠧᠷᠢᠶᠠᠯ ᠶᠠᠮᠠᠷ ᠶᠠᠮᠠᠷ ᠬᠤᠪᠢᠷᠠᠯᠲᠠ ᠭᠠᠷᠬᠤ ᠪᠣᠶ?

  ᠬᠠᠷᠢᠭᠤᠯᠲᠠ᠄ ᠲᠣᠬᠢᠷᠠᠭᠤᠯᠤᠯᠲᠠ ᠬᠢᠭ᠌ᠰᠡᠨ ᠦᠭᠡᠢ᠃ ᠮᠠᠱᠢᠨ ᠲᠡᠷᠭᠡ᠎ᠶ᠋ᠢ ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌ ᠨᠡᠮᠡᠭᠦᠷᠢ᠎ᠶ᠋ᠢᠨ ᠪᠡᠯᠡ ᠮᠥᠩᠭᠥ᠎ᠳᠦ ᠳᠣᠤᠷᠠᠬᠢ ᠮᠡᠲᠦ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ᠄

  (1) ᠭᠤᠶᠤᠴᠢᠯᠠᠭ᠍ᠴᠢ᠎ᠶ᠋ᠢᠨ ᠪᠡᠶ᠎ᠡ ᠬᠡᠮ᠎ᠤᠨ ᠮᠡᠳᠡᠭᠡ ᠵᠠᠩᠭᠢ᠎ᠨᠢ ᠡᠷᠬᠡᠪᠰᠢ ᠪᠡᠶ᠎ᠡ᠎ᠶ᠋ᠢᠨ ᠦᠨᠡᠮᠯᠡᠯ᠎ᠤᠨ ᠵᠥᠪ ᠪᠤᠷᠤᠭᠤ ᠲᠠᠯ᠎ᠠ᠎ᠶ᠋ᠢᠨ ᠰᠡᠭᠦᠳᠡᠷ᠎ᠢ ᠳᠡᠭᠡᠭ᠌ᠰᠢ ᠳᠠᠮᠵᠢᠭᠤᠯᠬᠤ ᠬᠡᠷᠡᠭ᠌ᠲᠡᠶ;

  (2) ᠭᠤᠶᠤᠴᠢᠯᠠᠭ᠍ᠴᠢ᠎ᠶ᠋ᠢᠨ ᠪᠠᠩᠬᠢ᠎ᠶ᠋ᠢᠨ ᠳᠠᠩᠰᠠᠨ ᠡᠷᠦᠬᠡ᠎ᠶ᠋ᠢᠨ ᠮᠡᠳᠡᠭᠡ ᠵᠠᠩᠭᠢ᠎ᠶ᠋ᠢ ᠡᠷᠬᠡᠪᠰᠢ ᠬᠤᠳᠠᠯᠳᠤᠭᠠᠨ᠎ᠤ ᠪᠠᠩᠬᠢ᠎ᠶ᠋ᠢᠨ ᠳᠤᠮᠳᠠᠳᠤ ᠤᠯᠤᠰ᠎ᠤᠨ ᠬᠢᠯᠢ ᠳᠣᠲᠣᠷ᠎ᠠ ᠲᠠᠷᠬᠠᠭᠠᠭ᠍ᠰᠠᠨ ᠪᠠᠩᠬᠢ᠎ᠶ᠋ᠢᠨ ᠬᠠᠮᠲᠤᠷᠠᠭ᠍ᠰᠠᠨ ᠵᠢᠭᠡᠯᠡᠪᠦᠷᠢ᠎ᠶ᠋ᠢᠨ ᠺᠠᠷᠲ ᠮᠥᠷᠲᠡᠭᠡᠨ I ᠲᠥᠷᠥᠯ᠎ᠤᠨ ᠳᠠᠩᠰᠠᠨ ᠡᠷᠦᠬᠡ (ᠳᠠᠩᠰᠠ ᠪᠠᠢᠭᠤᠯᠤᠭ᠍ᠰᠠᠨ ᠪᠠᠩᠬᠢ᠎ᠶ᠋ᠢᠨ ᠬᠢᠨᠠᠨ ᠬᠠᠷᠭᠤᠭᠤᠯᠤᠭ᠍ᠰᠠᠨ ᠳᠠᠩᠰᠠᠨ ᠡᠷᠦᠬᠡ) ᠎ᠶ᠋ᠢᠨ ᠲᠥᠷᠥᠯ ᠪᠠᠢ᠌ᠬᠤ ᠬᠡᠷᠡᠭᠲᠡᠢ;

  (3) 《ᠬᠡᠷᠡᠭ᠌ᠯᠡᠭᠡᠨ᠎ᠠᠴᠠ ᠭᠠᠷᠤᠭᠰᠠᠨ ᠮᠠᠱᠢᠨ ᠲᠡᠷᠭᠡ᠎ᠶ᠋ᠢ ᠬᠤᠷᠢᠶᠠᠨ ᠠᠪᠤᠭ᠍ᠰᠠᠨ ᠭᠡᠷᠡᠴᠢ》 ᠪᠠ 《ᠮᠠᠱᠢᠨ ᠲᠡᠷᠭᠡ᠎ᠶ᠋ᠢ ᠬᠦᠴᠦᠨ ᠦᠭᠡᠢ ᠪᠣᠯᠭᠠᠭ᠍ᠰᠠᠨ ᠭᠡᠷᠡᠴᠢ》 ᠎ᠶ᠋ᠢᠨ ᠤᠭ ᠰᠡᠭᠦᠳᠡᠷ ᠪᠤᠶᠤ ᠱᠢᠷᠪᠢᠭ᠌ᠰᠡᠨ  ᠮᠠᠲᠸᠷᠢᠶᠠᠯ;

  (4) ᠱᠢᠨ᠎ᠡ ᠲᠡᠷᠭᠡ 《ᠮᠠᠱᠢᠨᠲᠤ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》᠂ 《ᠮᠠᠱᠢᠨᠲᠤ ᠲᠡᠷᠭᠡᠨ᠎ᠤ ᠳᠠᠩᠰᠠᠯᠠᠭᠤᠯᠤᠭ᠍ᠰᠠᠨ ᠦᠨᠡᠮᠯᠡᠯ》 ᠎ᠤᠨ ᠤᠭ ᠰᠡᠭᠦᠳᠡᠷ ᠪᠤᠶᠤ ᠱᠢᠷᠪᠢᠭ᠌ᠰᠡᠨ ᠮᠠᠲᠸᠷᠢᠶᠠᠯ᠃

  ᠬᠡᠷᠪᠡ ᠣᠪᠣᠭ ᠨᠡᠷ᠎ᠡ᠂ ᠪᠡᠶ᠎ᠡ᠎ᠶ᠋ᠢᠨ ᠦᠨᠡᠮᠯᠡᠯ᠎ᠦᠨ ᠨᠣᠮᠧᠷ᠎ᠢᠶᠡᠨ ᠥᠭᠡᠷᠡᠴᠢᠯᠡᠬᠦ᠌ ᠵᠡᠷᠭᠡ ᠣᠨᠴᠠᠭ᠋ᠠᠢ ᠪᠠᠢᠳᠠᠯ᠎ᠲᠠᠶ ᠪᠣᠯ ᠬᠠᠮᠢᠶ᠎ᠠ ᠪᠦᠬᠦᠢ ᠨᠡᠮᠡᠭᠦᠷᠢ ᠮᠠᠲ᠋ᠧᠷᠢᠶᠠᠯ᠎ᠢ ᠲᠤᠱᠢᠶᠠᠬᠤ ᠬᠡᠷᠡᠭ᠌ᠲᠡᠶ᠂ ᠪᠣᠳᠠᠲᠠᠶ ᠲᠤᠬᠠᠶ᠎ᠶ᠋ᠢᠨ ᠭᠠᠵᠠᠷ᠎ᠤᠨ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠱᠠᠭᠠᠷᠳᠠᠯᠭ᠎ᠠ᠎ᠪᠠᠷ ᠪᠠᠷᠢᠮᠵᠢᠶ᠎ᠠ ᠪᠣᠯᠭᠠᠬᠤ ᠬᠡᠷᠡᠭ᠌ᠲᠡᠶ᠃

  ᠮᠠᠱᠢᠨ ᠲᠡᠷᠭᠡ᠎ᠶ᠋ᠢ ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌ ᠨᠡᠮᠡᠭᠦᠷᠢ ᠪᠡᠯᠡ ᠮᠥᠩᠭᠥ᠌ ᠭᠤᠶᠤᠴᠢᠯᠠᠬᠤ᠎ᠪᠠᠷ ᠪᠠᠢᠭ᠎ᠠ ᠲᠡᠷᠭᠡᠨ᠎ᠦ ᠡᠵᠡᠨ ᠨᠢ 《 ᠮᠡᠳᠡᠭ᠌ᠳᠡᠯ 》 ᠎ᠳᠦ ᠲᠣᠭ᠍ᠲᠠᠭᠠᠭ᠍ᠰᠠᠨ ᠴᠠᠭ ᠬᠤᠭᠤᠴᠠᠭᠠᠨ᠎ᠤ ᠳᠣᠲᠣᠷ᠎ᠠ ᠂ ᠳᠡᠭᠡᠷ᠎ᠡ ᠳᠤᠷᠠᠳᠤᠭ᠍ᠰᠠᠨ ᠮᠠᠲ᠋ᠧᠷᠢᠶᠠᠯ᠎ᠢᠶᠠᠨ ᠮᠠᠱᠢᠨ ᠲᠡᠷᠭᠡᠨ᠎ᠦ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠠᠪᠴᠠᠩ᠎ᠳᠤ ᠳᠠᠮᠵᠢᠭᠤᠯᠬᠤ ᠬᠡᠷᠡᠭ᠌ᠲᠡᠶ ᠃ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠂ ᠡᠳ᠋᠎ᠤᠨ ᠵᠠᠰᠠᠭ᠂ ᠳᠣᠲᠣᠭᠠᠳᠤ᠎ᠶ᠋ᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ᠎ᠢᠶᠠᠷ ᠬᠢᠨᠠᠨ ᠬᠠᠷᠭᠤᠭᠤᠯᠤᠭ᠍ᠰᠠᠨ᠎ᠤ ᠳᠠᠷᠠᠭ᠎ᠠ᠂ ᠮᠠᠱᠢᠨ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠠᠪᠴᠠᠩ᠎ᠢᠶᠠᠷ ᠳᠠᠮᠵᠢᠭᠤᠯᠤᠨ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠎ᠢ ᠬᠠᠷᠢᠭᠤ ᠲᠤᠰᠭᠠᠨ᠎ᠠ᠃ ᠭᠤᠶᠤᠴᠢᠯᠠᠭ᠍ᠴᠢ᠎ᠶ᠋ᠢᠨ ᠲᠤᠱᠢᠶᠠᠭ᠍ᠰᠠᠨ ᠮᠡᠳᠡᠭᠡ ᠵᠠᠩᠭᠢ ᠨᠢ ᠦᠨᠡᠨ ᠪᠣᠳᠠᠲᠠᠶ ᠪᠦᠷᠢᠨ ᠪᠦᠲᠦᠨ ᠪᠠᠢᠵᠤ ᠂ 《 ᠮᠡᠳᠡᠭ᠌ᠳᠡᠯ 》 ᠎ᠦᠨ ᠱᠠᠭᠠᠷᠳᠠᠯᠭ᠎ᠠ᠎ᠳᠤ ᠨᠡᠢᠴᠡᠭ᠌ᠰᠡᠨ ᠪᠠᠢᠪᠠᠯ ᠂ ᠬᠢᠨᠠᠨ ᠬᠠᠷᠭᠤᠭᠤᠯᠵᠤ ᠪᠠᠲᠤᠯᠠᠨ᠎ᠠ ᠃ ᠭᠤᠶᠤᠴᠢᠯᠠᠭ᠍ᠴᠢ᠎ᠶ᠋ᠢᠨ ᠲᠤᠱᠢᠶᠠᠭ᠍ᠰᠠᠨ ᠮᠡᠳᠡᠭᠡ ᠵᠠᠩᠭᠢ᠎ᠨᠢ ᠪᠦᠷᠢᠨ ᠪᠤᠰᠤ ᠪᠤᠶᠤ ᠲᠣᠳᠣᠷᠬᠠᠢ ᠪᠤᠰᠤ ᠪᠠᠢᠳᠠᠯ᠎ᠠ ᠢᠯᠭᠠᠨ ᠲᠠᠨᠢᠬᠤ᠎ᠶ᠋ᠢᠨ ᠠᠷᠭ᠎ᠠ ᠦᠭᠡᠢ ᠪᠠᠢᠪᠠᠯ᠂ ᠬᠦᠯᠢᠶᠡᠨ ᠠᠪᠴᠤ᠌ ᠱᠢᠢᠳᠪᠦᠷᠢᠯᠡᠬᠦ᠌ ᠭᠠᠵᠠᠷ᠎ᠢᠶᠠᠷ᠎ᠨᠢ ᠨᠡᠮᠡᠭᠦᠷᠢᠯᠡᠨ ᠵᠠᠯᠠᠷᠠᠭᠤᠯᠬᠤ ᠮᠡᠳᠡᠭᠡ ᠵᠠᠩᠭᠢ᠎ᠶ᠋ᠢᠨ ᠱᠠᠭᠠᠷᠳᠠᠯᠭ᠎ᠠ᠎ᠶ᠋ᠢ ᠭᠤᠶᠤᠴᠢᠯᠠᠭ᠍ᠴᠢ᠎ᠳᠤ ᠮᠡᠳᠡᠭ᠌ᠳᠡᠵᠦ᠍᠂ ᠭᠤᠶᠤᠴᠢᠯᠠᠭ᠍ᠴᠢ ᠱᠠᠭᠠᠷᠳᠠᠯᠭ᠎ᠠ ᠶᠣᠰᠣᠭᠠᠷ ᠭᠤᠶᠤᠴᠢᠯᠠᠬᠤ ᠬᠤᠭᠤᠴᠠᠭ᠎ᠠ ᠳᠠᠭᠤᠰᠭᠤ᠎ᠠᠴᠠ ᠡᠮᠦᠨ᠎ᠡ ᠤᠤᠯ᠎ᠤᠨ ᠠᠷᠭ᠎ᠠ ᠵᠠᠮ᠎ᠢᠶᠠᠷ ᠬᠤᠯᠪᠣᠭ᠍ᠳᠠᠯ ᠪᠦᠬᠦᠢ ᠮᠡᠳᠡᠭᠡ ᠵᠠᠩᠭᠢ᠎ᠶ᠋ᠢ ᠨᠦᠬᠦᠪᠦᠷᠢᠯᠡᠨ ᠵᠠᠯᠠᠷᠠᠭᠤᠯᠬᠤ ᠬᠡᠷᠡᠭ᠌ᠲᠡᠢ᠃

  7. ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌ ᠨᠡᠮᠡᠭᠦᠷᠢ ᠭᠤᠶᠤᠴᠢᠯᠠᠬᠤ ᠠᠷᠭ᠎ᠠ ᠵᠠᠮ ᠬᠤᠪᠢᠷᠠᠯᠲᠠ᠎ᠲᠠᠢ ᠦᠦ?

  ᠬᠠᠷᠢᠭᠤᠯᠲᠠ᠄ ᠬᠤᠪᠢᠷᠠᠯᠲᠠ ᠦᠭᠡᠢ᠃ ᠨᠡᠮᠡᠭᠦᠷᠢ ᠲᠤᠱᠢᠶᠠᠬᠤ ᠭᠤᠶᠤᠴᠢᠯᠠᠯ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠠᠷᠭ᠎ᠠ ᠮᠠᠶᠢᠭ᠎ᠢ ᠬᠡᠷᠡᠭ᠌ᠯᠡᠵᠦ᠍᠂ ᠭᠤᠤᠯ ᠠᠷᠭ᠎ᠠ ᠵᠠᠮ᠎ᠨᠢ ᠬᠤᠶᠠᠷ ᠪᠠᠢᠨ᠎ᠠ᠄

  (1) ᠭᠠᠷ ᠤᠲᠠᠰᠤᠨ᠎ᠤ᠋ ᠦᠵᠦᠭᠦᠷ ᠎ᠤᠨ  ᠸᠢᠴᠠᠲ᠂ ᡁᠢ  ᠹᠦ᠋ ᠪᠤᠤ ᠂  ᠲᠢᠭ ᠲᠤᠭ ᠂ ᠶᠦᠨ ᠱᠠᠨ ᠹᠦ᠋ ᠵᠡᠷᠭᠡ 4 ᠲᠠᠪᠴᠠᠩ᠎ᠤ᠋ᠨ ᠲᠦᠷᠦᠭᠦᠦ ᠨᠢᠭᠤᠷ᠎ᠢᠶᠠᠷ ᠳᠠᠮᠵᠢᠭᠤᠯᠤᠨ 《 ᠮᠠᠰᠢᠨ ᠲᠡᠷᠭᠡ᠎ᠶᠢ ᠬᠠᠭᠤᠴᠢᠨ᠎ᠢᠶᠠᠷ ᠰᠢᠨ᠎ᠡ᠎ᠶᠢ ᠰᠣᠯᠢᠬᠤ》 ᠵᠢᠵᠢᠭ ᠫᠷᠤᠭ᠌ᠷᠡᠮ ᠪᠤᠶᠤ 《 ᠮᠠᠰᠢᠨ ᠲᠡᠷᠭᠡ᠎ᠶᠢ ᠬᠠᠭᠤᠴᠢᠨ᠎ᠢᠶᠠᠷ ᠰᠢᠨ᠎ᠡ᠎ᠶᠢ ᠰᠣᠯᠢᠬᠤ》 ᠵᠢᠵᠢᠭ ᠫᠷᠤᠭ᠌ᠷᠡᠮ᠎ᠤ᠋ᠨ ᠬᠣᠶᠠᠷ ᠬᠡᠮᠵᠢᠯᠲᠦ ᠺᠣᠳ᠋᠎ᠢ᠋  ᠰᠢᠭᠤᠳ  ᠱᠢᠷᠪᠢᠵᠦ᠍ ᠪᠣᠯᠤᠨ᠎ᠠ ᠂ ᠭᠤᠶᠤᠴᠢᠯᠠᠯ᠎ᠤ᠋ᠨ ᠨᠢᠭᠤᠷ᠎ᠲᠤ᠌ ᠣᠷᠣᠵᠤ ᠂ ᠭᠤᠶᠤᠴᠢᠯᠠᠯ᠎ᠤ᠋ᠨ ᠮᠡᠳᠡᠭᠡ ᠵᠠᠩᠭᠢ᠎ᠶᠢ ᠲᠠᠭ᠍ᠯᠠᠬᠤ᠎ᠶᠢᠨ ᠬᠠᠮᠲᠤ ᠬᠡᠷᠡᠭ᠌ᠰᠡᠬᠦ᠌ ᠳᠠᠭᠠᠯᠳᠤᠭᠤᠯᠤᠯ᠎ᠢ᠋ ᠳᠡᠭᠡᠭ᠌ᠱᠢ ᠳᠠᠮᠵᠢᠭᠤᠯᠵᠤ ᠪᠣᠯᠤᠨ᠎ᠠ ᠃

  (2) ᠺᠤᠮᠫᠢᠦ᠋ᠲ᠋ᠧᠷ᠎ᠤᠨ ᠦᠵᠦᠭᠦᠷ᠎ᠢ ᠪᠦᠭᠦ᠌ ᠤᠯᠤᠰ᠎ᠤᠨ ᠮᠠᠱᠢᠨ ᠲᠡᠷᠭᠡᠨ᠎ᠤ ᠭᠦᠢᠯᠬᠡᠬᠡᠨ᠎ᠤ ᠮᠡᠲᠡᠬᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠰᠢᠰᠲᠸᠮ ᠎ᠳᠤ ᠤᠷᠤᠭᠤᠯᠬᠤ ᠰᠦᠯᠵᠢᠶᠠᠨ ᠦᠷᠲᠡᠬᠡ https://qclt.mofcom.gov.       cn ) 《ᠮᠠᠱᠢᠨ ᠲᠡᠷᠭᠡ᠎ᠶᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠲᠤᠰᠭᠠᠶ ᠰᠡᠳᠦᠪ᠎ᠢ ᠳᠣᠲᠣᠯᠠᠵᠤ᠂ ᠭᠤᠶᠤᠴᠢᠯᠠᠬᠤ ᠨᠢᠭᠤᠷ᠎ᠲᠤ ᠣᠷᠣᠵᠤ᠂ ᠭᠤᠶᠤᠴᠢᠯᠠᠯ᠎ᠤᠨ ᠮᠡᠳᠡᠭᠡ ᠵᠠᠩᠭᠢ᠎ᠶ᠋ᠢ ᠲᠠᠭ᠍ᠯᠠᠨ ᠪᠢᠴᠢᠬᠦ᠌᠎ᠶ᠋ᠢᠨ ᠬᠠᠮᠲᠤ ᠬᠡᠷᠡᠭ᠌ᠰᠡᠬᠦ᠌ ᠳᠠᠭᠠᠯᠳᠤᠭᠤᠯᠤᠯ ᠮᠠᠲ᠋ᠧᠷᠢᠶᠠᠯ᠎ᠢ ᠳᠠᠮᠵᠢᠭᠤᠯᠪᠠᠯ ᠪᠣᠯᠴᠢᠬᠠᠨ᠎ᠠ᠃

  8. ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌ ᠨᠡᠮᠡᠭᠦᠷᠢ᠎ᠶ᠋ᠢ ᠭᠤᠶᠤᠴᠢᠯᠠᠬᠤ᠎ᠳᠤ᠂ ᠬᠠᠶᠠᠭ᠍ᠳᠠᠮᠠᠯ ᠬᠠᠭᠤᠴᠢᠨ ᠲᠡᠷᠭᠡ ᠪᠠ ᠱᠢᠨ᠎ᠡ ᠲᠡᠷᠭᠡ ᠬᠤᠳᠠᠯᠳᠤᠨ ᠠᠪᠬᠤ ᠡᠮᠦᠨ᠎ᠡ ᠬᠤᠢᠨᠠᠬᠢ ᠳᠠᠷᠠᠭᠠᠯᠠᠯ᠎ᠨᠢ ᠬᠤᠪᠢᠷᠠᠯᠲᠠ᠎ᠲᠠᠢ ᠦᠦ?

  ᠬᠠᠷᠢᠭᠤᠯᠲᠠ᠄ ᠬᠤᠪᠢᠷᠠᠯᠲᠠ ᠦᠭᠡᠢ᠃ ᠬᠠᠶᠠᠭ᠍ᠳᠠᠮᠠᠯ ᠬᠠᠭᠤᠴᠢᠨ ᠲᠡᠷᠭᠡ ᠪᠠ ᠱᠢᠨ᠎ᠡ ᠲᠡᠷᠭᠡ ᠬᠤᠳᠠᠯᠳᠤᠨ ᠠᠪᠬᠤ ᠨᠢ ᠤᠷᠢᠳ ᠬᠣᠵᠢᠳ ᠱᠠᠭᠠᠷᠳᠠᠯᠭ᠎ᠠ ᠦᠭᠡᠢ ᠃ ᠲᠡᠷᠭᠡᠨ ᠡᠵᠡᠨ ᠤᠷᠢᠳᠠᠪᠡᠷ ᠬᠠᠭᠤᠴᠢᠨ ᠲᠡᠷᠭᠡ᠎ᠶᠢ ᠬᠠᠶᠠᠵᠤ ᠪᠣᠯᠤᠨ᠎ᠠ ᠂ ᠪᠠᠰᠠ ᠤᠷᠢᠳᠠᠪᠡᠷ ᠰᠢᠨ᠎ᠡ ᠲᠡᠷᠭᠡ ᠬᠤᠳᠠᠯᠳᠤᠨ ᠠᠪᠴᠤ᠌ ᠪᠣᠯᠤᠨ᠎ᠠ ᠃

  ᠬᠤᠶᠠᠷ᠂ ᠮᠠᠱᠢᠨ ᠲᠡᠷᠭᠡ ᠰᠣᠯᠢᠵᠤ ᠱᠢᠨᠡᠳᠭᠡᠬᠦ᠌

  9.2025 ᠣᠨ᠎ᠳᠤ ᠮᠠᠱᠢᠨ ᠲᠡᠷᠭᠡ ᠰᠣᠯᠢᠵᠤ ᠱᠢᠨᠡᠳᠭᠡᠬᠦ᠌᠎ᠶ᠋ᠢ ᠬᠡᠷᠡᠭ᠌ᠵᠢᠭᠦᠯᠬᠦ᠌ ᠴᠠᠭ

  ᠬᠠᠷᠢᠭᠤᠯᠲᠠ᠄ ᠬᠡᠷᠡᠭ᠌ᠵᠢᠭᠦᠯᠬᠦ᠌ ᠴᠠᠭ᠎ᠨᠢ 2025 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ᠎ᠡ᠃ ᠪᠣᠳᠠᠲᠠᠶ ᠨᠡᠮᠡᠭᠦᠷᠢ ᠭᠤᠶᠤᠴᠢᠯᠠᠬᠤ ᠨᠢ ᠲᠤᠬᠠᠶ᠎ᠶ᠋ᠢᠨ ᠭᠠᠵᠠᠷ᠎ᠤᠨ ᠨᠡᠢᠲᠡᠯᠡᠭ᠌ᠰᠡᠨ ᠲᠥᠷᠥ᠎ᠶ᠋ᠢᠨ ᠪᠣᠳᠣᠯᠭ᠎ᠠ᠎ᠪᠠᠷ ᠪᠠᠷᠢᠮᠵᠢᠶ᠎ᠠ ᠪᠣᠯᠭᠠᠬᠤ                          ᠬᠡᠷᠡᠭ᠌ᠲᠡᠶ ᠃

  10.2025 ᠣᠨ᠎ᠳᠤ ᠮᠠᠱᠢᠨ ᠲᠡᠷᠭᠡ᠎ᠶᠢ ᠰᠢᠨᠡᠳᠭᠡᠬᠦ ᠨᠡᠮᠡᠭᠦᠷᠢ᠎ᠶ᠋ᠢᠨ ᠪᠠᠷᠢᠮᠵᠢᠶ᠎ᠠ᠎ᠳᠤ ᠶᠠᠮᠠᠷ ᠬᠤᠪᠢᠷᠠᠯᠲᠠ᠎ᠲᠠᠢ ᠪᠣᠶ?

  ᠬᠠᠷᠢᠭᠤᠯᠲᠠ᠄ 2025 ᠣᠨ᠎ᠳᠤ ᠮᠠᠱᠢᠨ ᠲᠡᠷᠭᠡ ᠰᠣᠯᠢᠬᠤ ᠨᠡᠮᠡᠭᠦᠷᠢ᠎ᠶ᠋ᠢᠨ ᠪᠠᠷᠢᠮᠵᠢᠶ᠎ᠠ᠎ᠶ᠋ᠢ ᠲᠡᠭᠦᠯᠳᠡᠷᠵᠢᠭᠦᠯᠵᠦ᠍᠂ ᠬᠤᠪᠢ ᠬᠥᠮᠥᠨ᠎ᠤ ᠬᠡᠷᠡᠭ᠌ᠯᠡᠭ᠌ᠴᠢᠳ᠎ᠤᠨ ᠱᠢᠯᠵᠢᠭᠦᠯᠦᠨ ᠥᠭ᠌ᠬᠦ᠎ᠪᠠᠷ ᠬᠤᠪᠢ ᠬᠥᠮᠥᠨ᠎ᠤ ᠨᠡᠷ᠎ᠡ ᠳᠣᠣᠷ᠎ᠠ ᠪᠠᠢᠭ᠎ᠠ ᠰᠠᠭᠤᠳᠠᠯ᠎ᠤᠨ ᠮᠠᠱᠢᠨ ᠲᠡᠷᠭᠡ ᠬᠤᠳᠠᠯᠳᠤᠨ ᠠᠪᠬᠤ ᠮᠥᠷᠲᠡᠭᠡᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠤᠳᠠᠯᠳᠤᠨ ᠠᠪᠬᠤ ᠳᠠᠩ ᠲᠠᠪᠴᠠᠩ᠎ᠤᠨ ᠨᠡᠮᠡᠭᠦᠷᠢ᠎ᠶ᠋ᠢ ᠬᠠᠮᠤᠭ᠎ᠤᠨ ᠥᠨᠳᠥᠷ᠎ᠲᠡᠭᠡᠨ 1.5 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠂ ᠰᠢᠲᠠᠭᠠᠯᠭ᠎ᠠ᠎ᠶᠢᠨ ᠲᠣᠰᠣᠨ᠎ᠤ ᠰᠠᠭᠤᠳᠠᠯ᠎ᠤᠨ ᠮᠠᠰᠢᠨ ᠬᠤᠳᠠᠯᠳᠤᠨ ᠠᠪᠬᠤ ᠳᠠᠩ ᠰᠠᠤᠷᠢ ᠮᠠᠰᠢᠨ᠎ᠤ ᠨᠡᠮᠡᠭᠦᠷᠢ᠎ᠶᠢ ᠬᠠᠮᠤᠭ᠎ᠤᠨ ᠥᠨᠳᠥᠷ᠎ᠲᠡᠬᠡᠨ 1.3 ᠲᠦᠮᠡᠨ ᠲᠥᠭᠥᠷᠢᠭ᠎ᠡᠴᠡ ᠬᠡᠲᠦᠷᠡᠭᠦᠯᠬᠦ ᠦᠭᠡᠢ᠃ ᠪᠣᠳᠠᠲᠠᠶ ᠨᠡᠮᠡᠭᠦᠷᠢ ᠥᠭ᠌ᠬᠦ ᠪᠠᠷᠢᠮᠵᠢᠶ᠎ᠠ᠎ᠶ᠋ᠢ ᠡᠯ᠎ᠡ ᠭᠠᠵᠠᠷ᠎ᠤᠨ ᠡᠵᠡᠨ ᠮᠡᠳᠡᠵᠦ᠍ ᠵᠦᠢ ᠵᠣᠬᠢᠰᠲᠠᠶ ᠲᠣᠭ᠍ᠲᠠᠭᠠᠬᠤ ᠬᠡᠷᠡᠭ᠌ᠲᠡᠶ ᠃

  11.2025 ᠣᠨ᠎ᠳᠤ ᠮᠠᠱᠢᠨ ᠲᠡᠷᠭᠡ᠎ᠶ᠋ᠢ ᠰᠣᠯᠢᠵᠤ ᠱᠢᠨᠡᠳᠭᠡᠵᠦ᠍ ᠱᠢᠯᠵᠢᠭᠦᠯᠬᠦ᠌᠎ᠳᠤ ᠲᠡᠷᠭᠡ ᠬᠥᠰᠭᠡ᠎ᠶ᠋ᠢᠨ ᠨᠥᠬᠦᠴᠡᠯ ᠶᠠᠮᠠᠷ ᠬᠤᠪᠢᠷᠠᠯᠲᠠ᠎ᠲᠠᠢ ᠪᠣᠶ?

  ᠬᠠᠷᠢᠭᠤᠯᠲᠠ᠄ ᠬᠤᠪᠢ ᠬᠥᠮᠥᠨ᠎ᠤ ᠬᠡᠷᠡᠭ᠌ᠯᠡᠭ᠌ᠴᠢᠳ ᠮᠠᠱᠢᠨ ᠲᠡᠷᠭᠡ᠎ᠪᠠᠨ ᠰᠣᠯᠢᠵᠤ ᠱᠢᠨᠡᠳᠭᠡᠬᠦ᠌ ᠨᠡᠮᠡᠭᠦᠷᠢ ᠠᠪᠬᠤ᠎ᠪᠠᠷ ᠭᠤᠶᠤᠴᠢᠯᠠᠬᠤ᠎ᠳᠤ᠂ ᠱᠢᠯᠵᠢᠭᠦᠯᠦᠨ ᠥᠭ᠌ᠭᠦᠭ᠌ᠰᠡᠨ ᠣᠳᠣ᠎ᠶ᠋ᠢᠨ ᠪᠠᠢᠭ᠎ᠠ ᠮᠠᠱᠢᠨ ᠲᠡᠷᠭᠡ᠎ᠨᠢ ᠲᠤᠬᠠᠢ᠎ᠶ᠋ᠢᠨ ᠬᠥᠮᠥᠨ᠎ᠤ ᠨᠡᠷ᠎ᠡ ᠳᠣᠣᠷ᠎ᠠ ᠪᠦᠷᠢᠳᠭᠡᠭᠦᠯᠦᠭ᠌ᠰᠡᠨ ᠴᠠᠭ᠎ᠨᠢ ᠬᠠᠮᠤᠭ᠎ᠤᠨ ᠣᠷᠣᠢ᠎ᠳᠤ᠎ᠪᠠᠨ 2025 ᠣᠨ᠎ᠤ 1 ᠳ᠋ᠦ᠍ᠭᠡᠷ ᠰᠠᠷ᠎ᠠ᠎ᠶ᠋ᠢᠨ 8 ᠎ᠤ ᠡᠳᠦᠷ᠎ᠠᠴᠠ ᠤᠷᠤᠢ ᠪᠠᠢᠵᠤ ᠪᠣᠯᠬᠤ ᠦᠭᠡᠢ᠃ ᠡᠯ᠎ᠡ ᠭᠠᠵᠠᠷ᠎ᠤᠨ᠎ᠬᠢᠨ ᠲᠤᠰ ᠭᠠᠵᠠᠷ᠎ᠤᠨ ᠪᠣᠳᠠᠲᠠᠶ ᠲᠣᠬᠢᠷᠠᠭᠤᠯᠵᠤ ᠳᠠᠩᠰᠠᠯᠠᠬᠤ ᠴᠠᠭ᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠪᠣᠳᠠᠲᠠᠶ ᠪᠠᠢᠭ᠎ᠠ ᠮᠠᠱᠢᠨ ᠲᠡᠷᠭᠡᠨ᠎ᠳᠤ ᠰᠠᠭᠤᠬᠤ ᠳᠠᠩᠰᠠᠯᠠᠬᠤ ᠴᠠᠭ᠎ᠢ ᠲᠤᠬᠠᠶ᠎ᠶ᠋ᠢᠨ ᠭᠠᠵᠠᠷ᠎ᠤᠨ ᠨᠡᠢᠲᠡᠯᠡᠭ᠌ᠰᠡᠨ ᠲᠥᠷᠥ᠎ᠶ᠋ᠢᠨ ᠪᠣᠳᠣᠯᠭ᠎ᠠ᠎ᠪᠠᠷ ᠪᠠᠷᠢᠮᠵᠢᠶ᠎ᠠ ᠪᠣᠯᠭᠠᠨ᠎ᠠ᠃

  ᠲᠤᠰ ᠭᠠᠷ ᠳᠡᠪᠲᠡᠷ᠎ᠲᠦ ᠲᠣᠳᠣᠷᠬᠠᠶ ᠲᠣᠭ᠍ᠲᠠᠭᠠᠭ᠍ᠰᠠᠨ ᠦᠭᠡᠶ ᠵᠦᠢᠯ᠎ᠳᠦ ᠪᠣᠯ ᠲᠤᠬᠠᠶ᠎ᠶ᠋ᠢᠨ ᠭᠠᠵᠠᠷ᠎ᠤᠨ ᠮᠠᠱᠢᠨ ᠲᠡᠷᠭᠡᠨ᠎ᠦ ᠱᠢᠨᠡᠳᠭᠡᠬᠦ᠌᠎ᠳᠦ ᠨᠡᠮᠡᠭᠦᠷᠢ ᠥᠭ᠌ᠬᠦ ᠲᠥᠷᠥ᠎ᠶ᠋ᠢᠨ ᠪᠣᠳᠣᠯᠭ᠎ᠠ᠎ᠪᠠᠷ ᠪᠠᠷᠢᠮᠵᠢᠶ᠎ᠠ ᠪᠣᠯᠭᠠᠨ᠎ᠠ᠃

ᠢᠷᠡᠯᠲᠡ᠄ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ
          
ᠬᠠᠮᠢᠶ᠎ᠡ ᠪᠦᠬᠦᠢ ᠰᠣᠨᠢᠨ
 
            