ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ᠎ᠤᠨ ᠴᠢᠮᠡᠭ᠌ᠯᠡᠯ᠎ᠤᠨ ᠲᠣᠭᠤᠭᠠᠨ ᠬᠡᠷ᠎ᠤᠨ 《ᠱᠢᠨᠡᠴᠢᠯᠡᠯᠲᠡ》
ᠨᠡᠶ᠋ᠢᠲᠡᠯᠡᠭᠰᠡᠨ ᠴᠠᠭ᠄ 2025-02-14

  ᠨᠡᠮᠡᠭᠦᠷᠢ ᠥᠭ᠌ᠬᠦ ᠴᠠᠭ ᠬᠢᠭᠡᠳ ᠡᠲᠡᠭᠡᠳ

  ᠨᠡᠮᠡᠭᠦᠷᠢ ᠥᠭ᠌ᠬᠦ ᠴᠠᠭ᠄ 2025 ᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠬᠤᠭᠤᠴᠠᠭᠠᠨ᠎ᠳᠤ᠂ ᠬᠡᠷᠡᠭ᠌ᠯᠡᠭ᠌ᠴᠢᠳ ᠬᠡᠷ᠎ᠤᠨ ᠴᠢᠮᠡᠭ᠌ᠯᠡᠯ᠎ᠤᠨ ᠲᠣᠭᠤᠭᠠᠨ ᠬᠡᠷ᠎ᠤᠨ 《ᠱᠢᠨᠡᠴᠢᠯᠡᠯᠲᠡ 》 ᠨᠡᠮᠡᠭᠦᠷᠢ ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠵᠦ᠍ ᠪᠣᠯᠤᠨ᠎ᠠ᠂ ᠲᠣᠰ ᠬᠤᠭᠤᠴᠠᠭᠠᠨ᠎ᠳᠤ ᠵᠢᠭᠠᠨ ᠲᠣᠭ᠍ᠲᠠᠭᠠᠭ᠍ᠰᠠᠨ ᠲᠠᠸᠠᠷ᠎ᠢ ᠬᠤᠳᠠᠯᠳᠤᠨ ᠠᠪᠤᠪᠠᠯ ᠨᠥᠬᠦᠪᠥᠷᠢ᠎ᠶ᠋ᠢᠨ ᠠᠵᠢᠯᠯᠠᠭ᠎ᠠ᠎ᠳᠤ ᠣᠷᠣᠯᠴᠠᠵᠤ ᠪᠣᠯᠤᠨ᠎ᠠ᠃

  ᠨᠡᠮᠡᠭᠦᠷᠢ ᠥᠭ᠌ᠬᠦ ᠡᠲᠡᠭᠡᠳ ᠄ ᠨᠥᠬᠥᠪᠥᠷᠢ ᠥᠭ᠌ᠬᠦ ᠡᠲᠡᠭᠡᠳ᠎ᠢ᠋ ᠬᠤᠪᠢ ᠬᠥᠮᠦᠨ᠎ᠦ᠌ ᠬᠡᠷᠡᠭ᠌ᠯᠡᠭ᠌ᠴᠢ ᠭᠡᠵᠦ᠍ ᠲᠣᠳᠣᠷᠬᠠᠢᠯᠠᠨ᠎ᠠ᠃

  ᠨᠡᠮᠡᠭᠦᠷᠢ ᠦᠭ᠌ᠬᠦ ᠬᠡᠪᠴᠢᠶ᠎ᠡ᠎ᠶ᠋ᠢᠨ ᠲᠠᠨᠢᠯᠴᠠᠭᠤᠯᠭ᠎ᠠ

  ᠵᠠᠰᠠᠯ ᠴᠢᠮᠡᠭ᠌ᠯᠡᠯ᠎ᠤᠨ ᠮᠠᠲ᠋ᠧᠷᠢᠶᠠᠯ᠎ᠤᠨ ᠲᠦᠷᠦᠯ (10 ᠵᠦᠢᠯ)᠄ ᠮᠣᠳᠣᠨ ᠱᠠᠯᠠ᠂ ᠱᠠᠭᠠᠵᠠᠩ ᠲᠣᠭᠤᠰᠭ᠎ᠠ᠂ ᠳᠤᠯᠠᠭᠠᠴᠠᠭᠤᠷ (ᠭᠠᠵᠠᠷ᠎ᠤᠨ ᠳᠤᠯᠠᠭᠠᠴᠠᠭᠤᠷ᠂ ᠬᠠᠨᠠᠨ ᠡᠯᠭᠦᠮᠡᠯ ᠵᠤᠤᠬ᠎ᠠ ᠪᠠᠭ᠍ᠲᠠᠨ᠎ᠠ)᠂ ᠴᠠᠢᠳᠠᠮ ᠱᠢᠷ᠂ ᠬᠠᠨ᠎ᠠ᠎ᠶ᠋ᠢᠨ ᠴᠠᠭᠠᠰᠤ᠂ ᠬᠤᠷᠠᠮᠠᠯ ᠡᠯᠭᠦᠮᠡᠯ ᠳᠡᠭᠡᠪᠦᠷ᠂ ᠴᠢᠯᠠᠭᠤᠨ ᠮᠠᠲ᠋ᠧᠷᠢᠶᠠᠯ᠂ ᠡᠭᠦᠳᠡ᠂ ᠴᠣᠩᠬᠤ

  ᠭᠡᠷ᠎ᠤᠨ ᠬᠡᠷᠡᠭ᠌ᠰᠡᠯ᠎ᠤᠨ ᠭᠡᠷᠡᠯᠳᠦᠭᠦᠯᠦᠭ᠌ᠴᠢ᠎ᠤᠨ ᠲᠥᠷᠥᠯ (13 ᠵᠦᠢᠯ)᠄ ᠤᠷᠣ᠂ ᠣᠷᠣ ᠶ᠋ᠢᠨ ᠳᠡᠪᠢᠰᠭᠡᠷ᠂ ᠬᠠᠶᠠᠩ ᠬᠣᠷᠭᠣ᠂ ᠱᠠᠹᠠ᠂ ᠴᠠᠢ ᠎ᠶ᠋ᠢᠨ ᠱᠢᠷᠡᠭᠡ᠂ ᠬᠤᠭᠤᠯᠠᠨ ᠱᠢᠷᠡᠭᠡ᠂ ᠬᠤᠭᠤᠯᠠᠨ ᠰᠠᠨᠳᠠᠯᠢ᠂ ᠲᠧᠯᠸᠢᠰ᠎ᠤᠨ ᠬᠤᠷᠭᠤ᠂ ᠬᠤᠪᠴᠠᠰᠤᠨ ᠬᠤᠷᠭᠤ᠂ ᠱᠠᠬᠠᠢ᠎ᠶ᠋ᠢᠨ ᠬᠣᠷᠭᠣ᠂ ᠳᠠᠮᠨᠠᠭᠤᠷ ᠬᠤᠷᠭᠤ᠂ ᠬᠡᠦᠬᠡᠳ᠎ᠤᠨ ᠰᠤᠷᠤᠯᠴᠠᠬᠤ ᠱᠢᠷᠡᠭᠡ᠂ ᠳ᠋ᠧᠩ᠎ᠤᠨ ᠬᠡᠷᠡᠭ᠌ᠰᠡᠯ

  ᠤᠬᠢᠶᠠᠯᠭ᠎ᠠ᠎ᠶ᠋ᠢᠨ ᠬᠡᠷᠡᠭ᠌ᠰᠡᠯ᠎ᠤᠨ ᠲᠦᠷᠦᠯ (8 ᠵᠦᠢᠯ)᠄ ᠤᠬᠢᠶᠠᠯᠭ᠎ᠠ ᠥᠷᠥᠭᠡᠨ᠎ᠦ᠌ ᠬᠣᠷᠭᠣ᠂ ᠭᠠᠳᠤᠷ᠎ᠠ᠂ ᠤᠬᠢᠶᠠᠯᠭ᠎ᠠ᠎ᠶ᠋ᠢᠨ ᠰᠠᠪᠠ᠂ ᠭᠠᠳᠠᠭᠠᠯᠠᠭᠤᠷ ᠰᠠᠭᠤᠯᠠᠭ᠎ᠠ᠂ ᠤᠰᠤᠨ ᠭᠣᠭᠤᠵᠢᠭᠤᠷ᠂ ᠰᠦᠷᠴᠢᠭᠦᠷ᠂ ᠱᠠᠯᠠ ᠎ᠶ᠋ᠢᠨ ᠵᠦᠯᠭᠦᠭᠦᠷ ᠎ᠤᠨ ᠲᠠᠲᠠᠭᠠᠯ᠂ ᠨᠣᠭᠣᠭ᠎ᠠ ᠤᠬᠢᠶᠠᠬᠤ ᠲᠠᠲᠠᠭᠠᠯ

  ᠤᠶᠤᠨᠲᠤ ᠭᠡᠷ᠎ᠤᠨ ᠡᠳ᠋ᠯᠡᠯ ᠬᠡᠷᠡᠭ᠌ᠰᠡᠯ ᠎ᠤᠨ ᠲᠥᠷᠥᠯ (8 ᠵᠦᠢᠯ)᠄ ᠤᠶᠤᠨᠲᠤ ᠣᠷᠣ ᠎ᠶ᠋ᠢᠨ ᠳᠡᠪᠢᠰᠭᠡᠷ᠂ ᠤᠶᠤᠨᠲᠤ ᠭᠠᠳᠠᠭᠠᠯᠠᠬᠤ ᠰᠠᠭᠤᠯᠠᠭ᠎ᠠ᠂ ᠤᠶᠤᠨᠲᠤ ᠡᠭᠦᠳᠡᠨ᠎ᠤ ᠣᠨᠢᠰᠣ᠂ ᠤᠶᠤᠨᠲᠤ ᠭᠡᠷᠡᠯᠲᠦᠭᠦᠯᠭᠡ᠂ ᠤᠶᠤᠨᠲᠤ ᠴᠣᠩᠬᠤᠨ᠎ᠤ ᠣᠷᠬᠢᠭᠤᠯ᠂ ᠤᠶᠤᠨᠴᠢᠯᠠᠭ᠍ᠰᠠᠨ ᠬᠤᠪᠴᠠᠰᠤ ᠬᠠᠲᠠᠭᠠᠬᠤ ᠵᠢᠶᠠᠰᠠ᠂ ᠠᠵᠢᠭ᠍ᠯᠠᠵᠤ ᠪᠣᠯᠬᠤ ᠡᠭᠦᠳᠡᠨ᠎ᠤ ᠬᠤᠩᠬᠤ᠂ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠬᠢᠨᠠᠨ ᠡᠵᠡᠮᠳᠡᠬᠦ᠌ ᠮᠠᠱᠢᠨ

  ᠬᠡᠷ ᠎ᠲᠤ ᠎ᠪᠠᠨ ᠰᠠᠭᠤᠵᠤ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ᠎ᠶ᠋ᠢᠨ ᠲᠥᠷᠥᠯ (6 ᠶᠡᠭᠡ ᠲᠥᠷᠥᠯ)᠄ ᠭᠠᠵᠠᠷ ᠎ᠤᠨ ᠭᠠᠳᠠᠷᠭᠤ ᠪᠠ ᠡᠭᠦᠳᠡ ᠎ᠶ᠋ᠢ ᠥᠭᠡᠷᠡᠴᠢᠯᠡᠬᠦ᠂ ᠤᠨᠲᠠᠬᠤ ᠥᠷᠥᠭᠡ ᠎ᠶ᠋ᠢ ᠥᠭᠡᠷᠡᠴᠢᠯᠡᠬᠦ᠂ ᠵᠣᠷᠯᠣᠩ ᠤᠬᠢᠶᠠᠬᠤ ᠲᠥᠬᠦᠭᠡᠷᠦᠮᠵᠢ᠎ᠶ᠋ᠢ ᠥᠭᠡᠷᠡᠴᠢᠯᠡᠬᠦ᠂ ᠲᠣᠭᠤᠭᠠᠨ ᠬᠡᠷ᠎ᠤᠨ ᠲᠥᠬᠦᠭᠡᠷᠦᠮᠵᠢ᠎ᠶ᠋ᠢ ᠥᠭᠡᠷᠡᠴᠢᠯᠡᠬᠦ᠂ ᠹᠢᠽᠢᠺ᠎ᠤᠨ ᠣᠷᠴᠢᠨ ᠲᠣᠭᠤᠷᠢᠨ᠎ᠢ ᠥᠭᠡᠷᠡᠴᠢᠯᠡᠬᠦ᠂ ᠣᠶᠤᠨᠴᠢ ᠲᠤᠰᠠᠯᠠᠬᠤ ᠦᠢᠯᠡᠳᠬᠦᠨ

  ᠨᠡᠮᠡᠭᠦᠷᠢ ᠥᠭ᠌ᠬᠦ ᠪᠠᠷᠢᠮᠵᠢᠶᠠᠨ᠎ᠤ ᠲᠠᠢᠯᠪᠤᠷᠢ

  ᠲᠦᠷᠦᠭᠦᠤ ᠳᠥᠷᠪᠡᠨ ᠶᠡᠭᠡ ᠲᠥᠷᠥᠯ᠎ᠤᠨ 39 ᠵᠦᠢᠯ᠎ᠤᠨ ᠲᠠᠸᠠᠷ᠎ᠤᠨ ᠨᠡᠮᠡᠭᠦᠷᠢ᠄ ᠬᠤᠪᠢ ᠬᠥᠮᠦᠨ᠎ᠤ ᠬᠡᠷᠡᠭ᠌ᠯᠡᠭ᠌ᠴᠢᠳ ᠳᠡᠭᠡᠷ᠎ᠡ ᠳᠤᠷᠠᠳᠤᠭ᠍ᠰᠠᠨ ᠳᠥᠷᠪᠡᠨ ᠶᠡᠭᠡ ᠲᠥᠷᠥᠯ᠎ᠤᠨ 39 ᠵᠦᠢᠯ ᠎ᠤᠨ ᠲᠠᠸᠠᠷ᠎ᠢ ᠬᠤᠳᠠᠯᠳᠤᠨ ᠠᠪᠬᠤ᠎ᠳᠤ᠂ ᠪᠣᠳᠠᠲᠠᠶ ᠠᠷᠠᠯᠵᠢᠶ᠎ᠠ ᠪᠦᠲᠦᠭ᠌ᠰᠡᠨ ᠦᠨ᠎ᠡ (ᠦᠨ᠎ᠡ ᠪᠠᠭᠤᠷᠠᠭᠤᠯᠤᠨ ᠬᠠᠷᠠᠭᠠᠯᠵᠠᠯ ᠦᠵᠡᠭᠦᠯᠦᠭ᠌ᠰᠡᠨ᠎ᠤ ᠳᠠᠷᠠᠭ᠎ᠠ)᠎ᠶ᠋ᠢᠨ 15% ᠎ᠪᠠᠷ ᠨᠡᠮᠡᠭᠦᠷᠢ ᠥᠭ᠌ᠭᠦᠨ᠎ᠡ᠃ 1 ᠳᠡᠰ ᠵᠢᠴᠢ ᠲᠡᠭᠦᠨ᠎ᠠᠴᠠ ᠳᠡᠭᠡᠭ᠌ᠰᠢᠬᠢ ᠡᠨᠧᠷᠭᠢ᠎ᠶ᠋ᠢᠨ ᠠᠱᠢᠭ᠍ᠯᠠᠮᠵᠢ ᠪᠤᠶᠤ ᠤᠰᠤᠨ᠎ᠤ ᠠᠱᠢᠭ᠍ᠯᠠᠮᠵᠢ᠎ᠶ᠋ᠢᠨ ᠪᠠᠷᠢᠮᠵᠢᠶᠠᠲᠤ ᠦᠢᠯᠡᠳᠭᠦᠨ᠎ᠢ ᠬᠤᠳᠠᠯᠳᠤᠨ ᠠᠪᠤᠭ᠍ᠰᠠᠨ ᠬᠡᠷᠡᠭ᠌ᠯᠡᠭ᠌ᠴᠢᠳ ᠪᠣᠳᠠᠲᠠᠶ ᠠᠷᠠᠯᠵᠢᠶᠠᠯᠠᠭ᠍ᠰᠠᠨ ᠦᠨ᠎ᠡ᠎ᠶ᠋ᠢᠨ 20% ᠎ᠶ᠋ᠢᠨ ᠨᠡᠮᠡᠭᠦᠷᠢ ᠎ᠶ᠋ᠢ ᠬᠦᠷᠲᠡᠵᠦ᠍ ᠪᠣᠯᠤᠨ᠎ᠠ᠃

  ᠭᠡᠷ ᠎ᠲᠦ ᠪᠡᠨ ᠰᠠᠭᠤᠵᠤ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ᠎ᠶ᠋ᠢᠨ ᠦᠢᠯᠡᠳᠬᠦᠨ᠎ᠤ ᠨᠡᠮᠡᠭᠦᠷᠢ᠄ ᠬᠡᠷ ᠎ᠲᠦ ᠪᠡᠨ ᠰᠠᠭᠤᠵᠤ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ᠎ᠶ᠋ᠢᠨ ᠦᠢᠯᠡᠳᠬᠦᠨ᠎ᠨᠢ ᠪᠣᠳᠠᠲᠠᠶ ᠠᠷᠠᠯᠵᠢᠶᠠᠯᠠᠭ᠍ᠰᠠᠨ ᠦᠨ᠎ᠡ᠎ᠶ᠋ᠢᠨ 30% ᠎ᠪᠠᠷ ᠨᠥᠬᠦᠪᠥᠷᠢ ᠣᠯᠭᠤᠨ᠎ᠠ᠃

  ᠨᠡᠮᠡᠭᠦᠷᠢ ᠥᠭ᠌ᠬᠦ ᠤᠳᠠᠭ᠎ᠠ᠎ᠶᠢᠨ ᠲᠣᠭ᠎ᠠ ᠪᠠ ᠮᠥᠩᠭᠥᠨ᠎ᠦ᠌ ᠲᠣᠭ᠎ᠠ᠎ᠶᠢᠨ ᠬᠢᠵᠠᠭᠠᠷᠯᠠᠯ

  ᠬᠡᠷᠡᠭ᠌ᠯᠡᠭ᠌ᠴᠢᠳ ᠨᠢᠭᠡ ᠪᠦᠷᠢ (ᠢᠵᠢ) ᠨᠢᠭᠡᠪᠦᠷᠢ᠎ᠶ᠋ᠢ 1 ᠤᠳᠠᠭ᠎ᠠ ᠨᠡᠮᠡᠭᠦᠷᠢᠯᠡᠵᠦ᠍ ᠪᠣᠯᠣᠨ᠎ᠠ᠂ ᠵᠦᠢᠯ ᠪᠦᠷᠢ᠎ᠶ᠋ᠢᠨ (ᠢᠵᠢ) ᠨᠡᠮᠡᠭᠦᠷᠢ ᠎ᠶ᠋ᠢ 2000 ᠲᠥᠭᠦᠷᠢᠭ᠎ᠠᠴᠠ ᠳᠠᠪᠠᠭᠤᠯᠬᠤ ᠦᠭᠡᠢ᠂ ᠬᠥᠮᠥᠨ ᠪᠦᠷᠢ᠎ᠶ᠋ᠢᠨ ᠬᠠᠮᠤᠭ᠎ᠤᠨ ᠥᠨᠳᠥᠷ ᠨᠡᠮᠡᠭᠦᠷᠢ᠎ᠶ᠋ᠢᠨ ᠮᠥᠩᠭᠦ᠎ᠶ᠋ᠢ ᠨᠡᠢᠲᠡ 18000 ᠲᠥᠭᠦᠷᠢᠭ᠎ᠠᠴᠠ ᠳᠠᠪᠠᠭᠤᠯᠬᠤ ᠦᠭᠡᠢ᠃

  ᠦᠢᠯᠡᠴᠢᠯᠡᠭᠡᠨ᠎ᠤ ᠲᠠᠪᠴᠠᠩ᠎ᠤᠨ ᠲᠠᠨᠢᠯᠴᠠᠭᠤᠯᠭ᠎ᠠ᠄ 2024 ᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠢᠯᠡ᠎ᠪᠠᠷ ᠰᠣᠩᠭᠤᠭ᠍ᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ᠎ᠤᠨ ᠴᠢᠮᠡᠭ᠌ᠯᠡᠯ᠎ᠤᠨ ᠲᠣᠭᠤᠭᠠᠨ ᠬᠡᠷ᠎ᠤᠨ ᠱᠢᠨᠡᠴᠢᠯᠡᠯᠲᠡ 》 ᠦᠢᠯᠡᠴᠢᠯᠡᠭᠡᠨ᠎ᠤ ᠲᠠᠪᠴᠠᠩ᠎ᠢ ᠠᠱᠢᠭ᠍ᠯᠠᠨ ᠬᠤᠪᠢ ᠬᠥᠮᠦᠨ᠎ᠤ ᠬᠡᠷᠡᠭ᠌ᠯᠡᠭ᠌ᠴᠢᠳ᠎ᠤᠨ ᠨᠡᠮᠡᠭᠦᠷᠢ ᠵᠢᠴᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠤᠭ᠍ᠰᠠᠨ ᠮᠡᠳᠡᠭᠡ ᠵᠠᠩᠭᠢ ᠠᠪᠬᠤ ᠵᠡᠷᠭᠡ᠎ᠳᠤ ᠬᠠᠮᠢᠶ᠎ᠠ ᠪᠥᠬᠦᠶ ᠦᠢᠯᠡᠴᠢᠯᠡᠭᠡ ᠪᠠ ᠮᠡᠷᠭᠡᠵᠢᠯ᠎ᠤᠨ ᠪᠠᠲᠤᠯᠠᠭ᠎ᠠ ᠬᠠᠩᠭᠠᠨ᠎ᠠ᠃

  ᠬᠡᠷᠡᠭ᠌ᠯᠡᠭᠡᠨ᠎ᠤ ᠲᠡᠮᠳᠡᠭ᠌ ᠠᠪᠬᠤ ᠵᠢᠴᠢ ᠬᠡᠷᠡᠭ᠌ᠯᠡᠬᠦ᠄ ᠬᠤᠪᠢ ᠬᠥᠮᠦᠨ᠎ᠤ ᠬᠡᠷᠡᠭ᠌ᠯᠡᠭ᠌ᠴᠢᠳ 《2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ᠎ᠤᠨ ᠴᠢᠮᠡᠭ᠌ᠯᠡᠯ ᠎ᠦᠨ ᠲᠣᠭᠤᠭᠠᠨ ᠬᠡᠷ ᠎ᠤᠨ ᠱᠢᠨᠡᠴᠢᠯᠡᠯᠲᠡ》 ᠨᠡᠮᠡᠭᠦᠷᠢ ᠎ᠶ᠋ᠢᠨ ᠬᠡᠰᠡᠭ᠎ᠢᠶᠠᠷ ᠳᠠᠮᠵᠢᠭᠤᠯᠤᠨ᠂ ᠵᠣᠬᠢᠴᠠᠩᠭᠤᠶ ᠦᠶ᠋ᠯᠡᠳᠬᠦᠨ᠎ᠤ ᠲᠥᠷᠥᠯ᠎ᠤᠨ ᠨᠡᠮᠡᠭᠦᠷᠢ ᠎ᠶ᠋ᠢᠨ ᠲᠡᠮᠳᠡᠭ᠌ ᠎ᠢ ᠠᠪᠤᠨ᠎ᠠ᠃ ᠠᠷᠠᠯᠵᠢᠶᠠᠨ᠎ᠤ ᠭᠠᠵᠠᠷ ᠎ᠲᠤ ᠬᠠᠷᠢᠶᠠᠯᠠᠭ᠍ᠳᠠᠬᠤ ᠠᠢᠮᠠᠭ ᠬᠤᠲᠠ᠎ᠶ᠋ᠢᠨ ᠬᠠᠭᠤᠳᠠᠰᠤᠨ ᠳᠡᠭᠡᠷ᠎ᠡ ᠠᠵᠢᠯᠯᠠᠭ᠎ᠠ᠎ᠶ᠋ᠢᠨ ᠬᠤᠳᠠᠯᠳᠤᠭᠠᠴᠢᠨ ᠡᠷᠦᠬᠡ ᠎ᠶ᠋ᠢᠨ ᠬᠦᠰᠦᠨᠦᠭ᠌ᠲᠦ᠍᠎ᠶ᠋ᠢ ᠪᠠᠢᠴᠠᠭᠠᠨ ᠦᠵᠡᠵᠦ᠍᠂ ᠳᠡᠯᠭᠡᠭᠦᠷ᠎ᠲᠤ ᠬᠦᠷᠴᠦ᠍ ᠬᠡᠷᠡᠭ᠌ᠯᠡᠭᠡ ᠬᠢᠵᠦ᠍᠂ ᠵᠣᠬᠢᠬᠤ ᠲᠥᠷᠥᠯ ᠵᠦᠢᠯ᠎ᠤᠨ ᠨᠡᠮᠡᠭᠦᠷᠢ ᠎ᠶ᠋ᠢᠨ ᠲᠡᠮᠳᠡᠭ᠌ᠲᠦ᠍᠎ᠶ᠋ᠢ ᠬᠢᠨᠠᠨ ᠳᠠᠩᠰᠠᠨ᠎ᠠᠴᠠ ᠬᠠᠰᠤᠵᠤ ᠳᠠᠭᠤᠰᠭᠠᠨ᠂ ᠬᠡᠷᠡᠭ᠌ᠯᠡᠭ᠌ᠴᠢᠳ ᠲᠣᠭᠠᠴᠠᠭ᠎ᠠ ᠬᠢᠬᠦ᠌ ᠬᠠᠷᠠᠭᠠᠯᠵᠠᠯ᠎ᠢ ᠬᠦᠷᠲᠡᠨ᠎ᠡ᠃

  ᠨᠠᠰᠤᠵᠢᠯᠲᠠ᠎ᠳ᠋ᠤ ᠲᠣᠬᠢᠷᠠᠬᠤ ᠨᠡᠮᠡᠭᠦᠷᠢ ᠎ᠶᠢᠨ ᠦᠢᠯᠡᠳᠬᠦᠨ᠎ᠦ᠌ ᠨᠠᠷᠢᠨ ᠳᠠᠩᠰᠠ

  01. ᠭᠠᠵᠠᠷ᠎ᠤᠨ ᠭᠠᠳᠠᠷᠭᠤ᠎ᠶ᠋ᠢ ᠥᠭᠡᠷᠡᠴᠢᠯᠡᠬᠦ᠌ ᠪᠠ ᠡᠭᠦᠳᠡ᠎ᠶ᠋ᠢ ᠥᠭᠡᠷᠡᠴᠢᠯᠡᠬᠦ᠌ ᠲᠥᠷᠥᠯ᠄ ᠡᠭᠦᠳᠡᠨ ᠳᠡᠭᠡᠷ᠎ᠡ ᠭᠤᠯᠭᠤᠬᠤ᠎ᠠᠴᠠ ᠰᠡᠷᠭᠡᠢᠯᠡᠬᠦ᠌ ᠦᠶ᠋ᠯᠡᠳᠬᠦᠨ᠂ ᠳᠣᠷᠣᠭ᠍ᠰᠢ ᠳᠠᠷᠤᠬᠤ ᠬᠡᠯᠪᠡᠷᠢ᠎ᠶ᠋ᠢᠨ ᠡᠭᠦᠳᠡᠨ᠎ᠤ ᠪᠠᠷᠢᠭᠤᠯ᠂ ᠡᠭᠦᠳᠡᠨ᠎ᠤ ᠬᠤᠩᠬᠤ᠂ ᠬᠤᠤᠰ ᠴᠢᠭ᠌ᠯᠡᠯ᠎ᠢᠶᠠᠷ ᠨᠡᠭᠡᠭᠡᠵᠦ᠍ ᠪᠣᠯᠬᠤ ᠡᠭᠦᠳᠡ᠂ ᠨᠠᠯᠠᠤ ᠪᠡᠯ ᠲᠤᠰᠠᠯᠠᠬᠤ ᠪᠠᠭᠠᠵᠢ ᠵᠡᠷᠭᠡ᠎ᠶ᠋ᠢ ᠪᠠᠭ᠍ᠲᠠᠭᠠᠨ᠎ᠠ᠃

  02. ᠤᠨᠲᠠᠯᠭ᠎ᠠ᠎ᠶ᠋ᠢᠨ ᠥᠷᠥᠭᠡ ᠶ᠋ᠢ ᠥᠭᠡᠷᠡᠴᠢᠯᠡᠬᠦ᠌ ᠲᠥᠷᠥᠯ᠄ ᠰᠤᠪᠢᠯᠠᠯᠲᠠ᠎ᠶ᠋ᠢᠨ ᠣᠷᠣ᠂ ᠣᠷᠣᠨ᠎ᠤ ᠵᠠᠬ᠎ᠠ᠎ᠶ᠋ᠢᠨ ᠬᠠᠯᠬᠠᠪᠴᠢ ᠬᠡᠷᠡᠰᠭᠡ ᠪᠤᠶᠤ ᠠᠳᠭᠤᠬᠤ ᠪᠠᠷᠢᠭᠤᠯ᠂ ᠱᠢᠷᠬ᠎ᠠ ᠳᠠᠷᠤᠬᠤ᠎ᠠᠴᠠ ᠰᠡᠷᠭᠡᠢᠯᠡᠬᠦ᠌ ᠣᠷᠣ᠎ᠶ᠋ᠢᠨ ᠳᠡᠪᠢᠰᠭᠡᠷ ᠵᠡᠷᠭᠡ᠃

  03. ᠵᠣᠷᠯᠣᠩ ᠪᠡᠶ᠎ᠡ ᠤᠬᠢᠶᠠᠬᠤ ᠲᠥᠬᠦᠭᠡᠷᠦᠮᠵᠢ᠎ᠶ᠋ᠢ ᠥᠭᠡᠷᠡᠴᠢᠯᠡᠬᠦ᠌ ᠲᠥᠷᠥᠯ᠄ ᠲᠦᠱᠢᠭᠦᠷ ᠵᠡᠷᠭᠡ ᠲᠦᠱᠢᠬᠦ᠌ ᠲᠥᠬᠥᠭᠡᠷᠦᠮᠵᠢ᠂ ᠭᠠᠳᠠᠭᠠᠯᠠᠭᠤᠷ᠂ ᠪᠡᠶ᠎ᠡ ᠤᠬᠢᠶᠠᠬᠤ ᠲᠥᠬᠦᠭᠡᠷᠦᠮᠵᠢ᠂ ᠰᠦᠷᠴᠢᠭᠦᠷ ᠰᠠᠨᠳᠠᠯᠢ ᠵᠡᠷᠭᠡ᠎ᠶ᠋ᠢ ᠪᠠᠭ᠍ᠲᠠᠭᠠᠨ᠎ᠠ᠃

  04. ᠲᠣᠭᠤᠭᠠᠨ ᠬᠡᠷ᠎ᠤᠨ ᠲᠥᠬᠦᠭᠡᠷᠦᠮᠵᠢ᠎ᠶ᠋ᠢ ᠥᠭᠡᠷᠡᠴᠢᠯᠡᠬᠦ᠌ ᠲᠥᠷᠥᠯ᠄ ᠨᠠᠰᠤᠵᠢᠯᠲᠠ᠎ᠳᠤ ᠳᠣᠭᠢᠷᠠᠬᠤ ᠵᠤᠤᠬ᠎ᠠ᠂ ᠨᠠᠰᠤᠵᠢᠯᠲᠠ᠎ᠳᠤ ᠳᠣᠭᠢᠷᠠᠬᠤ ᠡᠯᠭᠦᠮᠡᠯ ᠬᠣᠷᠭᠣ᠂ ᠵᠤᠤᠬ᠎ᠠ ᠠᠦ᠋ᠲ᠋ᠣ᠋ ᠭᠠᠯ ᠤᠨᠲᠠᠷᠠᠭᠠᠬᠤ ᠬᠠᠮᠠᠭᠠᠯᠠᠯᠲᠠ᠎ᠶ᠋ᠢᠨ ᠲᠥᠬᠦᠭᠡᠷᠦᠮᠵᠢ᠎ᠶ᠋ᠢ ᠪᠠᠭ᠍ᠲᠠᠭᠠᠨ᠎ᠠ᠃

  05. ᠹᠢᠽᠢᠺ ᠎ᠤᠨ ᠣᠷᠴᠢᠨ ᠲᠣᠭᠤᠷᠢᠨ᠎ᠢ ᠦᠭᠡᠷᠡᠴᠢᠯᠡᠬᠦ᠌ ᠲᠥᠷᠥᠯ᠄ ᠠᠦ᠋ᠲ᠋ᠣ᠋ ᠭᠡᠷᠡᠯᠲᠦᠭᠦᠯᠭᠡ᠎ᠶ᠋ᠢᠨ ᠳ᠋ᠧᠩ᠂ ᠴᠠᠬᠢᠯᠭᠠᠨ ᠡᠭᠦᠰᠭᠡᠭ᠌ᠴᠢ᠎ᠶ᠋ᠢᠨ ᠰᠠᠭᠤᠳᠠᠯ ᠵᠢᠴᠢ ᠨᠡᠭᠡᠭᠡᠯᠭᠡ᠎ᠶ᠋ᠢ ᠥᠭᠡᠷᠡᠴᠢᠯᠡᠬᠦ᠂ ᠮᠥᠷᠭᠦᠬᠦ᠌᠎ᠠᠴᠠ ᠰᠡᠷᠭᠡᠢᠯᠡᠬᠦ᠌ ᠥᠨᠴᠥᠭ / ᠵᠣᠷᠪᠣᠰ᠂ ᠰᠠᠨᠠᠭᠤᠯᠤᠮᠵᠢ᠎ᠶ᠋ᠢᠨ ᠲᠡᠮᠳᠡᠭ᠂ ᠨᠠᠰᠤᠵᠢᠯᠲᠠ ᠎ᠶ᠋ᠢᠨ ᠭᠡᠷ᠎ᠤᠨ ᠬᠡᠷᠡᠭ᠌ᠰᠡᠯ (ᠱᠠᠬᠠᠢ ᠰᠣᠯᠢᠬᠤ ᠰᠠᠨᠳᠠᠯᠢ᠂ ᠨᠠᠰᠤᠵᠢᠯᠲᠠ᠎ᠳᠤ ᠲᠣᠬᠢᠷᠠᠬᠤ ᠰᠠᠨᠳᠠᠯᠢ᠂ ᠬᠠᠶᠠᠩ ᠬᠤᠷᠭᠤ᠂ ᠣᠷᠣᠨ᠎ᠤ ᠬᠠᠵᠠᠭᠤ᠎ᠶ᠋ᠢᠨ ᠱᠢᠷᠡᠭᠡ᠂ ᠬᠤᠭᠤᠯᠠᠨ᠎ᠤ ᠱᠢᠷᠡᠭᠡ᠂ ᠴᠠᠬᠢᠯᠭᠠᠨ ᠬᠦᠳᠡᠯᠭᠡᠭᠦᠷᠲᠦ ᠬᠤᠪᠴᠠᠰᠤ ᠬᠠᠲᠠᠭᠠᠬᠤ ᠡᠯᠭᠦᠭᠦᠷ ᠵᠡᠷᠭᠡ) ᠎ᠢ ᠪᠠᠭ᠍ᠲᠠᠭᠠᠨ᠎ᠠ᠃

  06. ᠤᠶᠤᠨᠴᠢᠯᠠᠭ᠍ᠰᠠᠨ ᠲᠤᠰᠠᠯᠠᠬᠤ ᠦᠢᠯᠡᠳᠬᠦᠨ᠎ᠤ ᠲᠥᠷᠥᠯ᠄ ᠲᠠᠶᠠᠭ᠂ ᠬᠦᠷᠳᠦᠲᠦ ᠰᠠᠨᠳᠠᠯᠢ / ᠲᠠᠶᠠᠭ᠍ᠯᠠᠭᠤᠷ᠂ ᠰᠣᠨᠣᠷ ᠲᠤᠳᠤᠤᠡᠬᠠᠭᠤᠷ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢᠨ ᠦᠢᠯᠡᠳᠬᠦᠨ᠂ ᠭᠡᠭᠡᠭ᠌ᠳᠡᠬᠦ᠌᠎ᠠᠴᠠ ᠰᠡᠷᠭᠡᠢᠯᠡᠬᠦ᠌ ᠲᠣᠨᠣᠭ᠍ᠯᠠᠯ᠂ ᠣᠷᠴᠢᠨ ᠲᠣᠭᠤᠷᠢᠨ᠎ᠤ ᠬᠢᠨᠠᠨ ᠡᠵᠡᠮᠳᠡᠬᠦ᠌ ᠲᠥᠬᠦᠭᠡᠷᠦᠮᠵᠢ᠃

ᠢᠷᠡᠯᠲᠡ᠄ ᠲᠢᠩᠬᠢᠮ ᠎ᠦᠨ ᠵᠠᠬ᠎ᠠ ᠳᠡᠯᠭᠡᠬᠦᠷ ᠎ᠦᠨ ᠠᠵᠢᠯᠯᠠᠭ᠎ᠠ ᠪᠠ ᠬᠡᠷᠡᠭ᠌ᠯᠡᠭᠡ ᠎ᠶ᠋ᠢ ᠠᠬᠢᠭᠤᠯᠬᠤ ᠭᠠᠵᠠᠷ
          
ᠬᠠᠮᠢᠶ᠎ᠡ ᠪᠦᠬᠦᠢ ᠰᠣᠨᠢᠨ
 
            