ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭ᠌ᠯᠡᠭᠡ᠎ᠶ᠋ᠢ ᠠᠬᠢᠭᠤᠯᠬᠤ ᠵᠤᠷᠭᠠᠨ᠎ᠤ ᠬᠠᠷᠢᠭᠤᠴᠠᠯᠭᠠᠲᠠᠨ 《ᠡᠷᠡᠭᠦᠯ ᠮᠡᠨᠳᠦ᠍᠎ᠶ᠋ᠢᠨ ᠬᠡᠷᠡᠭ᠌ᠯᠡᠭᠡ᠎ᠶ᠋ᠢ ᠠᠬᠢᠭᠤᠯᠬᠤ ᠲᠤᠰᠭᠠᠶ ᠠᠵᠢᠯᠯᠠᠭ᠎ᠠ᠎ᠶ᠋ᠢᠨ ᠲᠥᠰᠦᠯ 》᠎ᠳᠤ ᠲᠠᠢᠯᠤᠮᠵᠢ ᠬᠢᠪᠠ
ᠨᠡᠶ᠋ᠢᠲᠡᠯᠡᠭᠰᠡᠨ ᠴᠠᠭ᠄ 2025-04-09

  ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠵᠡᠷᠭᠡ 12 ᠰᠠᠯᠠᠭ᠎ᠠ ᠮᠥᠴᠢᠷ ᠬᠠᠮᠲᠤᠷᠠᠨ 《ᠡᠷᠡᠭᠦᠯ ᠮᠡᠨᠳᠦ᠍᠎ᠶ᠋ᠢᠨ ᠬᠡᠷᠡᠭ᠌ᠯᠡᠭᠡ᠎ᠶ᠋ᠢ ᠠᠬᠢᠭᠤᠯᠬᠤ ᠲᠤᠰᠭᠠᠶ ᠠᠵᠢᠯᠯᠠᠭᠠᠨ᠎ᠤ ᠲᠥᠰᠦᠯ》 (ᠳᠣᠷᠣᠭ᠍ᠰᠢ 《ᠲᠥᠰᠦᠯ》 ᠭᠡᠵᠦ᠍ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠪᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭ᠌ᠯᠡᠭᠡ᠎ᠶ᠋ᠢ ᠠᠬᠢᠭᠤᠯᠬᠤ ᠵᠤᠷᠭᠠᠨ᠎ᠤ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ 《ᠲᠥᠰᠦᠯ》 ᠎ᠤᠨ ᠲᠤᠬᠠᠶ ᠲᠠᠢᠯᠤᠮᠵᠢ ᠬᠢᠪᠠ᠃

  ᠨᠢᠭᠡ᠂ 《ᠲᠥᠰᠦᠯ》 ᠎ᠢ ᠨᠡᠢᠲᠡᠯᠡᠭ᠌ᠰᠡᠨ ᠠᠬᠤᠶ ᠪᠠᠢᠳᠠᠯ

  ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠡᠷᠡᠭᠦᠯ ᠮᠡᠨᠳᠦ᠍᠎ᠶ᠋ᠢᠨ ᠬᠡᠷᠡᠭ᠌ᠯᠡᠭᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍ ᠪᠤᠢ᠃ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠂ ᠡᠷᠡᠭᠦᠯ ᠡᠩᠭᠡ ᠳᠤᠮᠳᠠᠳᠤ ᠤᠯᠤᠰ᠎ᠤᠨ ᠪᠠᠢᠯᠳᠤᠬᠤ ᠪᠤᠳᠤᠯᠭ᠎ᠠ ᠎ᠶ᠋ᠢ ᠠᠬᠢᠭᠤᠯᠵᠤ᠂ ᠠᠷᠠᠳ ᠲᠦᠮᠡᠨ᠎ᠤ ᠡᠷᠡᠭᠦᠯ ᠮᠡᠨᠳᠤ᠎ᠶ᠋ᠢ ᠪᠠᠲᠤᠯᠠᠬᠤ᠎ᠶ᠋ᠢ ᠤᠷᠢᠳ᠎ᠢᠶᠠᠷ ᠬᠥᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠤ ᠡᠷᠡᠭᠦᠯ ᠮᠡᠨᠳᠤ᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ ᠭᠡᠵᠦ᠍ ᠵᠢᠭᠠᠵᠤ ᠭᠠᠷᠭᠠᠪᠠ᠃ 2024 ᠣᠨ᠎ᠤ 8 ᠳ᠋ᠤᠭᠠᠷ ᠰᠠᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ 《ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭᠠᠵᠤ᠂ ᠡᠷᠡᠭᠦᠯ ᠮᠡᠨᠳᠦ᠍ ᠎ᠶ᠋ᠢᠨ ᠬᠡᠷᠡᠭ᠌ᠯᠡᠭᠡ᠎ᠶ᠋ᠢ ᠬᠥᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃

  ᠣᠢᠷ᠎ᠠ᠎ᠶ᠋ᠢᠨ ᠵᠢᠯ ᠡᠴᠡ ᠨᠠᠭᠠᠰᠢ᠂ ᠰᠠᠭᠤᠭᠠᠯᠢ ᠠᠷᠠᠳ᠎ᠤᠨ ᠡᠷᠡᠭᠦᠯ ᠮᠡᠨᠳᠦ᠍᠎ᠶ᠋ᠢᠨ ᠤᠬᠠᠮᠰᠠᠷ ᠢᠯᠡᠳᠲᠡ ᠴᠢᠩᠭᠠᠷᠠᠵᠤ᠂ ᠡᠷᠡᠭᠦᠯ ᠮᠡᠨᠳᠦ᠍ ᠎ᠶ᠋ᠢᠨ ᠬᠡᠷᠡᠭ᠌ᠯᠡᠭᠡᠨ᠎ᠤ ᠳᠠᠯᠳᠠ ᠬᠦᠴᠦᠨ ᠯᠤᠲᠤ ᠶᠡᠭᠡ ᠪᠠᠢᠵᠤ᠂ ᠵᠠᠬ᠎ᠠ ᠳᠡᠯᠭᠡᠭᠦᠷ᠎ᠤᠨ ᠬᠡᠪᠴᠢᠶ᠎ᠡ ᠲᠦᠷᠭᠡᠨ ᠨᠡᠮᠡᠭ᠌ᠳᠡᠵᠦ᠍᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠵᠠᠭ᠍ᠪᠤᠷ ᠲᠠᠰᠤᠷᠠᠯᠲᠠ ᠥᠬᠡᠶ ᠱᠢᠨ᠎ᠡ᠎ᠶ᠋ᠢ ᠡᠭᠦᠳᠬᠦ᠂ ᠬᠡᠷᠡᠭ᠌ᠯᠡᠭᠡᠨ᠎ᠤ ᠪᠦᠲᠦᠴᠡ ᠦᠷᠭᠦᠯᠵᠢᠯᠡᠨ ᠱᠢᠯᠢᠳᠡᠭ᠌ᠵᠢᠬᠦ᠌ ᠵᠡᠷᠭᠡ ᠣᠨᠴᠠᠯᠢᠭ ᠢᠯᠡᠷᠡᠪᠡ᠃ ᠡᠭᠦᠨ᠎ᠤ ᠬᠠᠮᠲᠤ᠌᠂ ᠡᠷᠡᠭᠦᠯ ᠮᠡᠨᠳᠦ᠍᠎ᠶ᠋ᠢᠨ ᠬᠡᠷᠡᠭ᠌ᠯᠡᠭᠡ ᠎ᠨᠢ ᠱᠢᠨ᠎ᠡ ᠎ᠪᠠᠷ ᠬᠥᠭ᠌ᠵᠢᠭ᠌ᠰᠡᠨ ᠬᠦᠷᠢᠶ᠎ᠡ ᠴᠠᠷᠠᠭ᠎ᠠ ᠪᠣᠯᠤᠭ᠍ᠰᠠᠨ᠎ᠤ ᠬᠤᠪᠢ᠎ᠳᠤ᠂ ᠴᠢᠨᠠᠷ ᠰᠠᠢᠲᠠᠶ ᠬᠠᠩᠭᠠᠯᠭ᠎ᠠ ᠬᠦᠷᠦᠯᠴᠡᠭᠦᠨ ᠪᠤᠰᠤ᠂ ᠡᠷᠡᠭᠦᠯ ᠮᠡᠨᠳᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠦᠭ᠌ᠰᠡᠨ ᠲᠠᠯ᠎ᠠ᠎ᠪᠠᠷ ᠬᠦᠷᠦᠯᠴᠡᠭᠦᠨ ᠪᠤᠰᠤ᠂ ᠬᠡᠷᠡᠭ᠌ᠯᠡᠭᠡᠨ᠎ᠤ ᠣᠷᠴᠢᠨ ᠲᠣᠭᠤᠷᠢᠨ ᠠᠨᠠᠶ ᠵᠡᠷᠭᠡ ᠠᠰᠠᠭᠤᠳᠠᠯ ᠮᠥᠨ ᠬᠦ᠌ ᠣᠷᠣᠱᠢᠵᠤ ᠪᠠᠢᠨ᠎ᠠ᠃ ᠰᠠᠭᠤᠭᠠᠯᠢ ᠠᠷᠠᠳ᠎ᠤᠨ ᠡᠷᠡᠭᠦᠯ ᠮᠡᠨᠳᠦ᠍᠎ᠶ᠋ᠢᠨ ᠬᠡᠷᠡᠭ᠌ᠯᠡᠭᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠬᠤ᠎ᠶ᠋ᠢᠨ ᠲᠥᠯᠥᠭᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠎ᠶ᠋ᠢᠨ ᠵᠥᠪᠯᠡᠯ᠎ᠠᠴᠠ ᠪᠥᠬᠦ᠌ ᠪᠥᠮᠪᠥᠷᠴᠡᠭ᠎ᠤᠨ ᠡᠷᠡᠭᠦᠯ ᠮᠡᠨᠳᠦ᠍᠎ᠶ᠋ᠢᠨ ᠬᠡᠷᠡᠭ᠌ᠯᠡᠭᠡᠨ᠎ᠤ ᠬᠥᠭ᠌ᠵᠢᠯᠲᠡ᠎ᠶ᠋ᠢᠨ ᠬᠠᠨᠳᠤᠰᠢ ᠪᠠ ᠮᠠᠨ᠎ᠤ ᠤᠯᠤᠰ᠎ᠤᠨ ᠡᠷᠡᠭᠦᠯ ᠮᠡᠨᠳᠦ᠍᠎ᠶ᠋ᠢᠨ ᠬᠡᠷᠡᠭ᠌ᠯᠡᠭᠡᠨ᠎ᠤ ᠬᠥᠭ᠌ᠵᠢᠯᠲᠡ᠎ᠶ᠋ᠢᠨ ᠣᠳᠣᠬᠢ ᠪᠠᠢᠳᠠᠯ᠎ᠢ ᠭᠦᠨᠵᠡᠭᠡᠶ ᠵᠠᠳᠠᠯᠵᠤ᠂ ᠣᠷᠣᠨ ᠨᠤᠲᠤᠭ ᠪᠠ ᠠᠵᠤ ᠠᠬᠤᠢᠯᠠᠯ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂  ᠲᠤᠰᠭᠠᠶ ᠮᠡᠷᠭᠡᠵᠢᠯᠲᠡᠨ᠎ᠢᠶᠠᠷ ᠭᠦᠢᠴᠡᠳ ᠨᠤᠲᠠᠯᠠᠭᠤᠯᠤᠭ᠍ᠰᠠᠨ ᠰᠠᠭᠤᠷᠢᠨ ᠳᠡᠭᠡᠷ᠎ᠡ᠂ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ 《ᠲᠥᠰᠦᠯ 》᠎ᠢ ᠰᠤᠳᠤᠯᠤᠨ ᠲᠣᠭ᠍ᠲᠠᠭᠠᠵᠤ᠂ ᠡᠷᠡᠭᠦᠯ ᠮᠡᠨᠳᠦ᠍ ᠎ᠶ᠋ᠢᠨ ᠬᠡᠷᠡᠭ᠌ᠯᠡᠭᠡ ᠎ᠶ᠋ᠢ ᠠᠬᠢᠭᠤᠯᠬᠤ ᠭᠤᠤᠯᠳᠠᠯᠭ᠎ᠠ᠎ᠲᠠᠢ ᠠᠷᠭ᠎ᠠ ᠬᠡᠮᠵᠢᠶ᠎ᠡ ᠎ᠶ᠋ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠪᠡ᠃

  ᠬᠤᠶᠠᠷ᠂ 《ᠲᠥᠰᠦᠯ》 ᠎ᠤᠨ ᠭᠤᠣᠯ ᠠᠭᠤᠯᠭ᠎ᠠ

  《ᠲᠥᠰᠦᠯ》 ᠎ᠳᠤ 10 ᠲᠠᠯ᠎ᠠ᠎ᠶ᠋ᠢᠨ ᠭᠤᠤᠯᠳᠠᠯᠭ᠎ᠠ᠎ᠲᠠᠢ ᠡᠭᠦᠷᠭᠡ᠎ᠶ᠋ᠢ ᠳᠤᠷᠠᠳᠪᠠ᠃ ᠨᠢᠭᠡ᠂ ᠡᠷᠡᠭᠦᠯ ᠴᠢᠭᠢᠷᠠᠭ ᠢᠳᠡᠭᠡᠨ ᠤᠮᠳᠠᠭᠠᠨ᠎ᠤ ᠬᠡᠷᠡᠭ᠌ᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠴᠢᠨᠠᠷ ᠰᠠᠢᠲᠠᠶ ᠲᠠᠷᠢᠶᠠᠯᠠᠩ ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ ᠪᠣᠷᠣᠯᠠᠭᠤᠯᠭ᠎ᠠ ᠎ᠶ᠋ᠢ ᠵᠣᠯᠭᠠᠭᠤᠯᠬᠤ ᠎ᠶ᠋ᠢ ᠴᠢᠩᠭᠠᠳᠭᠠᠵᠤ᠂ ᠱᠢᠮ᠎ᠡ ᠲᠡᠵᠢᠭᠡᠯ ᠡᠷᠡᠭᠦᠯ ᠮᠡᠨᠳᠦ᠍᠎ᠶ᠋ᠢ ᠠᠬᠢᠭᠤᠯᠬᠤ ᠲᠤᠰᠭᠠᠶ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠢᠳᠡᠭᠡᠨ ᠤᠮᠳᠠᠭᠠᠨ᠎ᠤ ᠠᠵᠤ ᠠᠬᠤᠢᠯᠠᠯ᠎ᠢ ᠬᠥᠲᠥᠯᠦᠨ ᠵᠢᠯᠣᠭᠤᠳᠴᠤ᠌ ᠪᠠᠢᠭᠠᠳ ᠢᠳᠡᠭᠡᠨ ᠤᠮᠳᠠᠭᠠᠨ᠎ᠤ ᠵᠦᠭ᠌ᠯᠡᠭᠦᠷ᠎ᠢ ᠳᠡᠯᠭᠡᠷᠡᠭᠦᠯᠦᠨ ᠬᠡᠷᠡᠭ᠌ᠯᠡᠭᠦᠯᠦᠨ᠎ᠡ᠃ ᠬᠤᠶᠠᠷ᠂ ᠣᠨᠴᠠᠭᠠᠢ ᠢᠳᠡᠭᠡᠨ᠎ᠤ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠎ᠡ᠃ ᠣᠨᠴᠠᠭᠠᠢ ᠢᠳᠡᠭᠡᠨ᠎ᠤ ᠳᠠᠩᠰᠠᠯᠠᠭᠤᠯᠬᠤ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠵᠤ ᠠᠬᠤᠢᠯᠠᠯ᠎ᠤᠨ ᠮᠡᠷᠭᠡᠵᠢᠯ ᠎ᠢ ᠰᠤᠳᠤᠯᠤᠨ ᠨᠡᠭᠡᠭᠡᠬᠦ᠂ ᠦᠢᠯᠡᠳᠬᠦᠨ᠎ᠤ ᠱᠢᠨ᠎ᠡ᠎ᠶ᠋ᠢ ᠡᠭᠦᠳᠬᠦ᠂ ᠶᠠᠰᠤ ᠴᠢᠨᠠᠷ᠎ᠢ ᠬᠠᠮᠢᠶᠠᠷᠤᠨ ᠡᠵᠡᠮᠳᠡᠬᠦ᠌ ᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠵᠤ᠂ ᠰᠦᠯᠵᠢᠶᠡᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠵᠤ ᠠᠮᠤᠷ ᠲᠦᠪᠱᠢᠨ᠎ᠢ ᠪᠠᠲᠤᠯᠠᠬᠤ᠂ ᠦᠨ᠎ᠡ ᠬᠠᠩᠰᠢ᠎ᠳᠤ ᠬᠢᠨᠠᠯᠲᠠ ᠲᠠᠯᠪᠢᠵᠤ ᠥᠷᠢᠰᠥᠯᠳᠦᠭᠦᠯᠦᠨ ᠰᠠᠬᠢᠨ ᠬᠠᠮᠠᠭᠠᠯᠠᠬᠤ ᠵᠡᠷᠭᠡ ᠲᠤᠰᠭᠠᠢ ᠠᠵᠢᠯᠯᠠᠭ᠎ᠠ᠎ᠶ᠋ᠢ ᠥᠷᠨᠢᠭᠦᠯᠦᠨ᠎ᠡ᠃ ᠭᠤᠷᠪᠠ᠂ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠤ ᠬᠡᠷᠡᠭ᠌ᠯᠡᠭᠡᠨ᠎ᠤ ᠪᠠᠢᠳᠠᠯ᠎ᠢ ᠪᠠᠶᠠᠯᠢᠭ᠍ᠵᠢᠭᠤᠯᠤᠨ᠎ᠠ᠃ ᠣᠷᠣᠨ ᠨᠤᠲᠤᠭ᠎ᠤᠨ ᠪᠡᠶ᠎ᠡ᠎ᠶ᠋ᠢᠨ ᠲᠠᠮᠢᠷ᠎ᠤᠨ ᠴᠡᠴᠡᠷᠯᠢᠭ᠂ ᠪᠡᠶ᠎ᠡ ᠴᠢᠭᠢᠷᠠᠭ᠍ᠵᠢᠭᠤᠯᠬᠤ ᠶᠠᠪᠠᠭᠠᠨ ᠬᠦᠮᠦᠨ᠎ᠦ ᠵᠠᠮ᠂ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠂ ᠨᠡᠢᠭᠡᠮ᠎ᠤᠨ ᠬᠥᠯ ᠪᠥᠮᠪᠦᠭᠡ᠎ᠶ᠋ᠢᠨ ᠲᠠᠯᠠᠪᠤᠷ ᠵᠡᠷᠭᠡ ᠲᠠᠯᠠᠪᠤᠷ ᠭᠠᠵᠠᠷ᠎ᠤᠨ ᠲᠥᠬᠥᠭᠡᠷᠦᠮᠵᠢ ᠪᠠᠢᠭᠤᠯᠬᠤ᠎ᠶ᠋ᠢ ᠳᠡᠮᠵᠢᠵᠦ᠍᠂ ᠨᠡᠢᠭᠡᠮ ᠲᠣᠭᠤᠷᠢᠭ᠎ᠤᠨ ᠪᠡᠶ᠎ᠡ ᠎ᠶ᠋ᠢᠨ ᠲᠠᠮᠢᠷ᠎ᠤᠨ ᠬᠥᠳᠡᠯᠭᠡᠭᠡᠨ᠎ᠤ ᠡᠷᠡᠭᠦᠯ ᠮᠡᠨᠳᠦ᠍᠎ᠶ᠋ᠢᠨ ᠲᠥᠪ᠎ᠤᠨ ᠲᠤᠷᠱᠢᠯᠲᠠ᠎ᠶ᠋ᠢᠨ ᠴᠡᠭ᠎ᠢ ᠥᠷᠨᠢᠭᠦᠯᠵᠦ᠍᠂ ᠡᠯ᠎ᠡ ᠲᠥᠷᠥᠯ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠨᠡᠭᠡᠭᠡᠯᠲᠡ ᠲᠠᠢ ᠬᠠᠮᠲᠤ ᠎ᠪᠠᠷ ᠡᠳ᠋ᠯᠡᠬᠦ᠌ ᠎ᠶ᠋ᠢ ᠠᠬᠢᠭᠤᠯᠤᠨ᠎ᠠ᠃ ᠳᠥᠷᠪᠡ᠂ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠠᠵᠤ ᠦᠢᠯᠡᠰ᠎ᠢ ᠶᠡᠬᠡ ᠪᠡᠷ ᠬᠥᠭ᠌ᠵᠢᠭᠦᠯᠦᠨ᠎ᠡ᠃ 《ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠶᠠᠪᠤᠳᠠᠯ᠎ᠢ ᠦᠵᠡᠮᠵᠢ᠎ᠶ᠋ᠢᠨ ᠣᠷᠣᠨ᠎ᠳᠤ ᠣᠷᠣᠭᠤᠯᠬᠤ᠂ ᠵᠡᠭᠡᠯᠢ ᠲᠣᠭᠤᠷᠢᠭ᠎ᠲᠤ ᠣᠷᠣᠭᠤᠯᠬᠤ᠂ ᠬᠤᠳᠠᠯᠳᠤᠭᠠᠨ᠎ᠤ ᠬᠦᠷᠢᠶᠡᠨ᠎ᠳᠤ ᠣᠷᠣᠭᠤᠯᠬᠤ》᠂ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》ᠵᠡᠷᠭᠡ ᠠᠵᠢᠯᠯᠠᠭ᠎ᠠ ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠥᠳᠡᠯᠭᠡᠭᠡᠨ᠎ᠤ ᠬᠡᠷᠡᠭ᠌ᠰᠡᠯ ᠦᠢᠯᠡᠳᠬᠦ᠌ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌ ᠎ᠶ᠋ᠢ ᠲᠦᠷᠭᠡᠳᠭᠡᠨ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠴᠢᠳᠠᠪᠤᠷᠢ ᠨᠡᠮᠡᠷᠢᠯᠡᠬᠦ᠌ ᠪᠠ ᠣᠶᠤᠨᠴᠢ ᠬᠡᠷᠡᠭ᠌ᠯᠡᠯᠲᠡ᠎ᠶ᠋ᠢ ᠴᠢᠩᠭᠠᠷᠠᠭᠤᠯᠤᠨ᠎ᠠ᠃ ᠲᠠᠪᠤ᠂ ᠪᠤᠭᠤᠷᠤᠯᠴᠤᠳ᠎ᠤᠨ ᠵᠠᠬ᠎ᠠ ᠳᠡᠯᠭᠡᠭᠦᠷ᠎ᠤᠨ ᠦᠢᠯᠡᠴᠢᠯᠡᠭᠡᠨ᠎ᠤ ᠴᠢᠳᠠᠪᠤᠷᠢ ᠎ᠶ᠋ᠢ ᠨᠡᠮᠡᠭ᠌ᠳᠡᠭᠦᠯᠦᠨ᠎ᠡ᠃ ᠨᠠᠰᠤᠲᠠᠢᠴᠤᠳ᠎ᠲᠤ ᠬᠠᠨᠳᠤᠭᠤᠯᠤᠭ᠍ᠰᠠᠨ ᠡᠷᠡᠭᠦᠯ ᠮᠡᠨᠳᠦ᠍ ᠎ᠶ᠋ᠢᠨ ᠬᠠᠮᠢᠶᠠᠷᠤᠯᠲᠠ᠂ ᠪᠡᠶ᠎ᠡ ᠰᠤᠪᠢᠯᠠᠬᠤ ᠡᠷᠡᠭᠦᠯᠵᠢᠯ᠂ ᠪᠡᠶ᠎ᠡ ᠴᠢᠭᠢᠷᠠᠭ᠍ᠵᠢᠭᠤᠯᠬᠤ ᠰᠡᠯᠡᠭᠦᠴᠡᠯ ᠵᠡᠷᠭᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠭᠦᠨᠵᠡᠭᠡᠶ ᠠᠭᠤᠰᠤᠯᠴᠠᠭᠤᠯᠬᠤ᠎ᠶ᠋ᠢ ᠳᠡᠮᠵᠢᠵᠦ᠍᠂ ᠨᠠᠰᠤᠲᠠᠢᠴᠤᠳ᠎ᠤᠨ ᠬᠡᠷ ᠪᠦᠯᠢ᠂ ᠦᠵᠡᠮᠵᠢ ᠎ᠶ᠋ᠢᠨ ᠣᠷᠣᠨ᠎ᠤ ᠲᠥᠬᠦᠭᠡᠷᠦᠮᠵᠢ ᠵᠡᠷᠭᠡ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ᠎ᠶ᠋ᠢ ᠳᠡᠮᠵᠢᠵᠦ᠍᠂ ᠡᠷᠡᠭᠦᠯᠵᠢᠯ᠎ᠤᠨ ᠲᠤᠰᠠᠯᠠᠬᠤ ᠪᠠᠭᠠᠵᠢ ᠬᠡᠷᠡᠭ᠌ᠰᠡᠯ᠎ᠤᠨ ᠠᠵᠤ ᠦᠢᠯᠡᠰ᠎ᠢ ᠶᠡᠬᠡ ᠪᠡᠷ ᠬᠥᠭ᠌ᠵᠢᠭᠦᠯᠵᠦ᠍᠂ ᠨᠠᠰᠤᠲᠠᠢᠴᠤᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠵᠢᠷᠭᠤᠭ᠎ᠠ᠂ ᠱᠢᠨ᠎ᠡ ᠬᠡᠯᠪᠡᠷᠢ᠎ᠶ᠋ᠢᠨ ᠡᠷᠡᠭᠦᠯ ᠮᠡᠨᠳᠦ᠍᠎ᠶ᠋ᠢᠨ ᠦᠢᠯᠡᠴᠢᠯᠡᠭᠡᠨ᠎ᠤ ᠬᠡᠯᠪᠡᠷᠢ ᠪᠠᠢᠳᠠᠯ᠎ᠢ ᠪᠤᠵᠠᠭᠠᠢᠷᠠᠭᠤᠯᠤᠨ᠎ᠠ᠃ ᠡᠷᠡᠭᠦᠯ ᠮᠡᠨᠳᠦ᠍᠎ᠶ᠋ᠢᠨ ᠪᠡᠶ᠎ᠡ᠎ᠶ᠋ᠢᠨ ᠪᠠᠢᠴᠠᠭᠠᠯᠲᠠ᠂ ᠡᠷᠡᠭᠦᠯ ᠮᠡᠨᠳᠦ᠍ ᠎ᠶ᠋ᠢᠨ ᠯᠠᠪᠯᠠᠯᠲᠠ᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ ᠵᠡᠷᠭᠡ ᠱᠢᠨ᠎ᠡ ᠬᠡᠯᠪᠡᠷᠢ᠎ᠶ᠋ᠢᠨ ᠦᠢᠯᠡᠴᠢᠯᠡᠭᠡᠨ᠎ᠤ ᠡᠵᠡᠩᠨᠡᠯᠲᠡ᠎ᠶ᠋ᠢᠨ ᠪᠠᠢᠳᠠᠯ᠎ᠢ ᠶᠡᠬᠡ ᠪᠡᠷ ᠬᠥᠭ᠌ᠵᠢᠭᠦᠯᠵᠦ᠍᠂ ᠡᠷᠡᠭᠦᠯ ᠮᠡᠨᠳᠦ᠍᠎ᠶ᠋ᠢᠨ ᠪᠡᠶ᠎ᠡ ᠎ᠶ᠋ᠢᠨ ᠪᠠᠢᠴᠠᠭᠠᠯᠲᠠ᠎ᠳᠤ ᠱᠢᠨ᠎ᠡ᠎ᠶ᠋ᠢ ᠡᠭᠦᠳᠦᠭ᠌ᠰᠡᠨ ᠦᠢᠯᠡᠳᠬᠦᠨ ᠪᠠ ᠪᠠᠢᠴᠠᠭᠠᠨ ᠱᠢᠯᠭᠠᠵᠤ ᠪᠠᠢᠴᠠᠭᠠᠨ ᠬᠡᠮᠵᠢᠬᠦ᠌ ᠠᠷᠭ᠎ᠠ ᠪᠠᠷᠢᠯ᠎ᠢ ᠳᠡᠯᠭᠡᠷᠡᠭᠦᠯᠦᠨ᠂ ᠡᠷᠡᠭᠦᠯ ᠮᠡᠨᠳᠦ᠍᠎ᠶ᠋ᠢᠨ ᠪᠡᠶ᠎ᠡ᠎ᠶ᠋ᠢᠨ ᠪᠠᠢᠴᠠᠭᠠᠯᠲᠠ᠎ᠶ᠋ᠢᠨ ᠦᠷ᠎ᠡ ᠳ᠋ᠦᠩ᠎ᠤᠨ ᠲᠣᠮᠣ ᠳ᠋ᠠᠢᠲ᠋ᠠ᠎ᠶ᠋ᠢᠨ ᠬᠡᠷᠡᠭ᠌ᠯᠡᠯᠲᠡ᠎ᠶ᠋ᠢ ᠠᠬᠢᠭᠤᠯᠵᠤ᠂ ᠠᠵᠢᠯᠲᠠᠨ ᠠᠵᠢᠯᠴᠢᠨ᠎ᠤ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠥᠷᠨᠢᠭᠦᠯᠬᠦ᠌᠎ᠶ᠋ᠢ ᠠᠬᠢᠭᠤᠯᠤᠨ᠎ᠠ᠃ ᠳᠣᠯᠤᠭ᠎ᠠ᠂ ᠡᠷᠡᠭᠦᠯ ᠮᠡᠨᠳᠦ᠍᠎ᠶ᠋ᠢᠨ ᠠᠵᠤ ᠦᠢᠯᠡᠰ᠎ᠤᠨ ᠣᠯᠠᠨ ᠡᠱᠢᠵᠢᠨ ᠬᠥᠭ᠌ᠵᠢᠬᠦ᠌ ᠎ᠶ᠋ᠢ ᠬᠥᠲᠥᠯᠥᠨ ᠵᠢᠯᠣᠭᠤᠳᠤᠨ᠎ᠠ᠃ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠡᠮᠴᠢᠯᠡᠭᠡ ᠰᠤᠪᠢᠯᠠᠯᠲᠠ ᠎ᠶ᠋ᠢ ᠤᠶᠠᠯᠳᠤᠭᠤᠯᠬᠤ ᠦᠢᠯᠡᠴᠢᠯᠡᠭᠡ ᠥᠷᠨᠢᠭᠦᠯᠬᠦ᠌ ᠎ᠶ᠋ᠢ ᠳᠡᠮᠵᠢᠵᠦ᠍ ᠂ ᠡᠷᠡᠭᠦᠯᠵᠢᠯ ᠪᠡᠶ᠎ᠡ ᠰᠤᠪᠢᠯᠠᠯᠲᠠ᠂ ᠰᠡᠯᠡᠭᠦᠴᠡᠯ ᠪᠡᠶ᠎ᠡ ᠰᠤᠪᠢᠯᠠᠯᠲᠠ ᠵᠡᠷᠭᠡ ᠡᠷᠡᠭᠦᠯ ᠮᠡᠨᠳᠦ᠍ ᠎ᠶ᠋ᠢᠨ ᠵᠢᠭᠤᠯᠴᠢᠯᠠᠯ᠎ᠤᠨ ᠱᠤᠭᠤᠮ ᠪᠠ ᠦᠢᠯᠡᠳᠬᠦᠨ ᠎ᠢ ᠨᠡᠭᠡᠭᠡᠨ ᠬᠥᠭ᠌ᠵᠢᠭᠦᠯᠬᠦ᠌ ᠪᠠ ᠲᠠᠨᠢᠯᠴᠠᠭᠤᠯᠵᠤ ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠂ ᠴᠢᠯᠥᠭᠡᠲᠦ ᠠᠷᠠᠯᠵᠢᠶᠠᠨ᠎ᠤ ᠭᠠᠷᠠᠮ ᠎ᠢᠶᠠᠷ ᠡᠮᠴᠢᠯᠡᠭᠡᠨ᠎ᠦ ᠵᠢᠭᠤᠯᠴᠢᠯᠠᠯ ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠡᠷᠡᠭᠦᠯ ᠮᠡᠨᠳᠦ᠍᠎ᠶ᠋ᠢᠨ ᠠᠵᠤ ᠦᠢᠯᠡᠰ ᠎ᠢ ᠬᠥᠭ᠌ᠵᠢᠭᠦᠯᠬᠦ᠌᠎ᠶ᠋ᠢ ᠳᠡᠮᠵᠢᠨ᠎ᠡ᠃ ᠣᠯᠥᠰ᠎ᠤᠨ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠳᠡ ᠬᠢᠬᠦ᠌ ᠶᠡᠷᠦᠩᠭᠡᠢᠯᠡᠭ᠌ᠰᠡᠨ ᠲᠣᠷᠱᠢᠯᠳᠡ᠎ᠶ᠋ᠢᠨ ᠴᠡᠭ ᠎ᠤᠨ ᠪᠠᠢᠭᠤᠯᠥᠯᠳᠡ᠎ᠶ᠋ᠢ ᠬᠦᠨᠵᠡᠭᠡᠢᠷᠡᠬᠦᠯᠥᠨ᠂ ᠣᠯᠡᠨ ᠣᠯᠥᠰ᠎ᠤᠨ ᠬᠠᠮᠳᠣᠷᠡᠯᠴᠠᠭ᠎ᠠ᠎ᠶ᠋ᠢᠨ ᠡᠷᠡᠬᠦᠯᠵᠢᠯ᠎ᠤᠨ ᠦᠢᠯᠡᠴᠢᠯᠡᠬᠡᠨ᠎ᠢ ᠦᠷᠨᠢᠬᠦᠯᠥᠨ᠎ᠠ᠃ ᠨᠠᠢ᠍ᠮᠠ᠂ ᠡᠮ᠎ᠤᠨ ᠳᠡᠯᠭᠡᠭᠦᠷ᠎ᠤᠨ ᠡᠷᠡᠭᠦᠯ ᠮᠡᠨᠳᠦ᠍᠎ᠶ᠋ᠢ ᠠᠬᠢᠭᠤᠯᠬᠤ ᠴᠢᠳᠠᠮᠵᠢ᠎ᠶ᠋ᠢ ᠴᠢᠩᠭᠠᠳᠭᠠᠨ᠎ᠠ᠃ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠷᠡᠭᠦᠯ ᠮᠡᠨᠳᠦ᠍᠎ᠶ᠋ᠢ ᠠᠬᠢᠭᠤᠯᠬᠤ᠂ ᠱᠢᠮ᠎ᠡ ᠲᠡᠵᠢᠭᠡᠯ ᠡᠷᠡᠭᠦᠯ ᠮᠡᠨᠳᠦ᠍᠎ᠶ᠋ᠢ ᠬᠠᠮᠠᠭᠠᠯᠠᠬᠤ ᠵᠡᠷᠭᠡ ᠴᠢᠳᠠᠮᠵᠢ᠎ᠪᠠᠨ ᠥᠷᠭᠡᠳᠭᠡᠬᠦ᠌᠎ᠶ᠋ᠢ ᠬᠥᠲᠥᠯᠦᠨ ᠵᠢᠯᠣᠭᠤᠳᠴᠤ᠌᠂ ᠣᠷᠣᠨ ᠨᠤᠲᠤᠭ᠎ᠤᠨ ᠲᠠᠰ ᠳᠠᠷᠠᠭᠠᠯᠠᠯ ᠶᠣᠰᠣᠭᠠᠷ ᠨᠥᠬᠦᠴᠡᠯ᠎ᠳᠤ ᠨᠡᠢᠴᠡᠬᠦ᠌ ᠡᠮᠴᠢᠯᠡᠭᠡᠨ᠎ᠤ ᠦᠢᠯᠡᠴᠢᠯᠡᠭᠡᠨ᠎ᠤ ᠲᠥᠷᠥᠯ ᠵᠦᠢᠯ᠎ᠢ ᠲᠣᠰ ᠭᠠᠵᠠᠷ ᠣᠷᠣᠨ᠎ᠤ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠤ ᠣᠷᠣᠭᠤᠯᠵᠤ᠂ 《ᠢᠨᠲ᠋ᠧᠷ ᠰᠦᠯᠵᠢᠶ᠎ᠡ +》 ᠡᠮᠴᠢᠯᠡᠭᠡᠨ᠎ᠤ ᠦᠢᠯᠡᠴᠢᠯᠡᠭᠡᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠨ᠎ᠡ᠃ ᠶᠢᠰᠦ᠂ ᠡᠷᠡᠭᠦᠯ ᠮᠡᠨᠳᠦ᠍᠎ᠶ᠋ᠢᠨ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ᠎ᠠ᠃ ᠪᠦᠬᠦ᠌ ᠤᠯᠤᠰ᠎ᠤᠨ ᠳᠡᠯᠭᠡᠨ ᠦᠵᠡᠭᠦᠯᠬᠦ᠌ ᠳᠡᠯᠭᠡᠨ ᠪᠣᠷᠣᠯᠠᠭᠤᠯᠬᠤ ᠂ ᠠᠷᠠᠯᠵᠢᠶᠠᠨ᠎ᠤ ᠶᠡᠬᠡ ᠬᠤᠷᠠᠯ ᠂ ᠤᠬᠠᠭᠤᠯᠤᠨ ᠳᠡᠯᠭᠡᠷᠡᠭᠦᠯᠬᠦ᠌ ᠵᠡᠷᠭᠡ ᠠᠵᠢᠯᠯᠠᠭ᠎ᠠ᠎ᠶ᠋ᠢ ᠨᠢᠭᠡᠳᠦᠯᠲᠡᠶ ᠲᠥᠯᠥᠪᠯᠡᠨ᠂ ᠬᠡᠷᠡᠭ᠌ᠯᠡᠭᠡ ᠎ᠶ᠋ᠢᠨ ᠵᠦᠢᠯᠡᠰ ᠎ᠦᠨ 《 ᠭᠤᠷᠪᠠᠨ ᠪᠦᠲᠦᠭᠡᠭ᠌ᠳᠡᠬᠦᠨ 》᠎ᠦ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍ ᠂ ᠢᠳᠡᠭᠡᠨ᠎ᠦ ᠵᠦᠢᠯᠡᠰ᠎ᠦᠨ ᠠᠵᠤ ᠦᠢᠯᠡᠳᠪᠦᠷᠢ᠎ᠶ᠋ᠢᠨ ᠶᠠᠰᠤ ᠴᠢᠨᠠᠷ ᠎ᠢ ᠳᠡᠭᠡᠭ᠌ᠰᠢᠯᠡᠭᠦᠯᠦᠨ ᠬᠡᠷᠡᠭ᠌ᠴᠡᠭᠡ᠎ᠶ᠋ᠢ ᠥᠷᠭᠡᠳᠭᠡᠬᠦ᠌᠎ᠶ᠋ᠢ ᠠᠬᠢᠭᠤᠯᠬᠤ ᠠᠵᠢᠯᠯᠠᠭ᠎ᠠ ᠥᠷᠨᠢᠭᠦᠯᠦᠨ᠂ ᠡᠯ᠎ᠡ ᠭᠠᠵᠠᠷ᠎ᠤᠨ ᠣᠷᠣᠨ ᠪᠦᠰᠡ᠎ᠶ᠋ᠢᠨ ᠴᠢᠨᠠᠷᠲᠠᠶ ᠡᠷᠡᠭᠦᠯ ᠮᠡᠨᠳᠦ᠍᠎ᠶ᠋ᠢᠨ ᠬᠡᠷᠡᠭ᠌ᠯᠡᠭᠡ᠎ᠶ᠋ᠢᠨ ᠠᠵᠢᠯᠯᠠᠭ᠎ᠠ ᠡᠷᠬᠢᠯᠡᠬᠦ᠌᠎ᠶ᠋ᠢ ᠵᠣᠷᠢᠭ᠍ᠵᠢᠭᠤᠯᠤᠨ᠎ᠠ᠃ ᠠᠷᠪᠠ᠂ ᠡᠷᠡᠭᠦᠯ ᠮᠡᠨᠳᠦ᠍᠎ᠶ᠋ᠢᠨ ᠣᠢᠯᠠᠭᠠᠭ᠍ᠳᠠᠬᠤᠨ᠎ᠤ ᠮᠡᠳᠡᠯᠭᠡ᠎ᠶ᠋ᠢ ᠤᠬᠠᠭᠤᠯᠤᠨ ᠳᠡᠯᠭᠡᠷᠡᠭᠦᠯᠦᠨ᠎ᠡ᠃ 《 ᠵᠦᠢ ᠵᠣᠬᠢᠰᠲᠠᠢ ᠬᠣᠭᠣᠯᠠ ᠢᠳᠡᠰᠢ ᠡᠷᠡᠭᠦᠯ ᠴᠢᠭᠢᠷᠠᠭ ᠠᠮᠢᠳᠤᠷᠠᠯ 》᠎ᠤᠨ ᠲᠤᠰᠭᠠᠶ ᠰᠡᠳᠦᠪᠲᠦ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠲᠥᠰᠦᠯ᠎ᠢ ᠨᠠᠢᠳᠠᠪᠤᠷᠢᠵᠢᠭᠤᠯᠵᠤ᠂ 《ᠪᠡᠶ᠎ᠡ ᠎ᠶ᠋ᠢᠨ ᠬᠦᠨᠳᠦ᠍ ᠎ᠶ᠋ᠢᠨ ᠬᠠᠮᠢᠶᠠᠷᠤᠯᠲᠠ》 ᠵᠡᠷᠭᠡ ᠭᠤᠤᠯ ᠰᠡᠳᠦᠪᠲᠦ ᠤᠬᠠᠭᠤᠯᠭ᠎ᠠ ᠥᠷᠨᠢᠭᠦᠯᠬᠦ᠌᠎ᠶ᠋ᠢ ᠠᠬᠢᠭᠤᠯᠵᠤ᠂ ᠰᠤᠷᠬᠤ ᠶ᠋ᠢ ᠵᠣᠷᠢᠭ᠍ᠵᠢᠭᠤᠯᠵᠤ᠂ ᠨᠡᠢᠭᠡᠮᠯᠢᠭ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠣᠯᠠᠨ ᠨᠡᠢᠲᠡ᠎ᠳᠤ ᠬᠠᠨᠳᠤᠭᠤᠯᠤᠭ᠍ᠰᠠᠨ ᠡᠷᠡᠭᠦᠯ ᠮᠡᠨᠳᠦ᠍ ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠣᠯᠪᠠᠰᠤᠷᠠᠯ ᠥᠷᠨᠢᠭᠦᠯᠦᠨ᠎ᠡ᠃

  ᠲᠠᠷᠠᠭᠠᠴᠢ᠎ᠶ᠋ᠢᠨ ᠠᠯᠬᠤᠮ ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ᠎ᠤᠨ ᠲᠣᠭ᠍ᠲᠠᠴᠠ᠎ᠪᠠᠨ ᠲᠡᠭᠦᠯᠳᠡᠷᠵᠢᠭᠦᠯᠵᠦ᠍᠂ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭᠠᠳᠭᠠᠨ᠂ ᠡᠯ᠎ᠡ ᠭᠠᠵᠠᠷ᠎ᠢ ᠵᠢᠯᠣᠭᠤᠳᠤᠨ ᠡᠷᠡᠭᠦᠯ ᠮᠡᠨᠳᠦ᠍᠎ᠶ᠋ᠢᠨ ᠬᠡᠷᠡᠭ᠌ᠯᠡᠭᠡ᠎ᠶ᠋ᠢ ᠠᠬᠢᠭᠤᠯᠬᠤ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶ᠋ᠢ ᠲᠦᠷᠭᠡᠨ ᠨᠠᠢᠳᠠᠪᠤᠷᠢᠵᠢᠭᠤᠯᠵᠤ᠂ ᠡᠷᠡᠭᠦᠯ ᠮᠡᠨᠳᠦ᠍᠎ᠶ᠋ᠢᠨ ᠦᠢᠯᠡᠴᠢᠯᠡᠭᠡ ᠪᠠ ᠲᠠᠸᠠᠷ᠎ᠤᠨ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠠᠷᠠᠳ ᠣᠯᠠᠨ᠎ᠤ ᠡᠷᠡᠭᠦᠯ ᠮᠡᠨᠳᠦ᠍᠎ᠶ᠋ᠢᠨ ᠬᠡᠷᠡᠭ᠌ᠯᠡᠭᠡᠨ᠎ᠤ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠨ᠎ᠠ᠃

ᠢᠷᠡᠯᠲᠡ᠄ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠣᠨᠢᠨ ᠮᠡᠳᠡᠭᠡᠨ᠎ᠤ ᠠᠯᠪᠠᠨ ᠭᠡᠷ
          
ᠬᠠᠮᠢᠶ᠎ᠡ ᠪᠦᠬᠦᠢ ᠰᠣᠨᠢᠨ
 
            