ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠢᠳᠡᠭᠡᠨ ᠤᠮᠳᠠᠭᠠᠨ᠎ᠤ ᠦᠢᠯᠡᠰ᠎ᠢ ᠠᠬᠢᠭᠤᠯᠬᠤ ᠪᠠ ᠡᠵᠡᠩᠨᠡᠨ ᠬᠠᠮᠢᠶᠠᠷᠬᠤ ᠠᠷᠭ᠎ᠠ
ᠨᠡᠶ᠋ᠢᠲᠡᠯᠡᠭᠰᠡᠨ ᠴᠠᠭ᠄ 2025-05-16

  [ ᠨᠡᠢᠲᠡᠯᠡᠭ᠌ᠰᠡᠨ ᠪᠠᠢᠭᠤᠯᠤᠮᠵᠢ ] ᠦᠢᠯᠡᠴᠢᠯᠡᠭᠡᠨ᠎ᠦ ᠠᠷᠠᠯᠵᠢᠶᠠᠨ᠎ᠤ ᠵᠤᠷᠭᠠᠨ

  [ ᠪᠢᠴᠢᠭ ᠎ᠤᠨ ᠳ᠋ᠤᠭᠠᠷ ] ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠵᠠᠷᠯᠢᠭ 2025 ᠣᠨ᠎ᠤ 3 ᠳ᠋ᠤᠭᠠᠷ ᠲᠣᠭᠠᠲᠤ

  [ ᠪᠢᠴᠢᠭ᠌ᠳᠡᠭ᠌ᠰᠡᠨ ᠡᠳᠦᠷ ᠬᠤᠭᠤᠴᠠᠭ᠎ᠠ ]  2025 ᠣᠨ᠎ᠤ 5 ᠳ᠋ᠤᠭᠠᠷ ᠰᠠᠷ᠎ᠠ᠎ᠶ᠋ᠢᠨ 12᠎ᠤᠨ ᠡᠳᠦᠷ

 

ᠢᠳᠡᠭᠡᠨ ᠤᠮᠳᠠᠭᠠᠨ᠎ᠤ ᠦᠢᠯᠡᠰ᠎ᠢ ᠠᠬᠢᠭᠤᠯᠬᠤ ᠪᠠ ᠡᠵᠡᠩᠨᠡᠨ ᠬᠠᠮᠢᠶᠠᠷᠬᠤ ᠠᠷᠭ᠎ᠠ

 

  ᠨᠢᠭᠡᠳᠦᠭᠡᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠯᠲᠡ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠵᠤ ᠂ ᠢᠳᠡᠭᠡᠨ ᠤᠮᠳᠠᠭᠠᠨ᠎ᠤ ᠠᠵᠢᠯ ᠲᠥᠷᠥᠯ᠎ᠦᠨ ᠡᠷᠡᠭᠦᠯ ᠪᠥᠭᠡᠳ ᠡᠮᠬᠢ ᠵᠢᠷᠤᠮ᠎ᠲᠠᠶ ᠬᠥᠭ᠌ᠵᠢᠬᠦ᠌᠎ᠶ᠋ᠢ ᠬᠥᠲᠥᠯᠥᠨ ᠵᠢᠯᠣᠭᠣᠳᠭᠤ ᠪᠠ ᠠᠬᠢᠭᠤᠯᠵᠤ ᠂ ᠬᠡᠷᠡᠭ᠌ᠯᠡᠭ᠌ᠴᠢᠳ ᠪᠠ ᠡᠵᠡᠩᠨᠡᠭ᠌ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ ᠎ᠢ ᠬᠠᠮᠠᠭᠠᠯᠠᠬᠤ᠎ᠶ᠋ᠢᠨ ᠲᠤᠰᠠᠳᠠ ᠂ ᠤᠯᠤᠰ᠎ᠤᠨ ᠬᠣᠯᠪᠣᠭ᠍ᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭ᠍ᠲᠠᠭᠠᠯ ᠎ᠢ ᠦᠨᠳᠦᠰᠦᠯᠡᠨ ᠂ ᠲᠤᠰ ᠠᠷᠭ᠎ᠠ ᠎ᠶ᠋ᠢ                 ᠲᠣᠭ᠍ᠲᠠᠭᠠᠪᠠ ᠃

  ᠬᠣᠶᠠᠳᠤᠭᠠᠷ ᠵᠤᠷᠪᠤᠰ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠶ᠋ᠢᠨ ᠳᠣᠲᠣᠷ᠎ᠠ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠯᠲᠡ᠎ᠶ᠋ᠢᠨ ᠠᠵᠢᠯᠯᠠᠭ᠎ᠠ ᠬᠢᠬᠦ᠌᠎ᠳᠦ ᠲᠤᠰ ᠠᠷᠭ᠎ᠠ ᠲᠣᠬᠢᠷᠠᠨ᠎ᠠ᠃

  ᠲᠤᠰ ᠠᠷᠭ᠎ᠠ᠎ᠳᠤ ᠬᠡᠯᠡᠵᠦ᠍ ᠪᠠᠢᠭ᠎ᠠ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠯᠲᠡ᠎ᠶ᠋ᠢᠨ ᠠᠵᠢᠯᠯᠠᠭ᠎ᠠ ᠭᠡᠳᠡᠭ ᠨᠢ ᠴᠠᠭ ᠲᠤᠬᠠᠶ᠎ᠳᠤ ᠨᠢ ᠪᠣᠯᠪᠠᠰᠤᠷᠠᠭᠤᠯᠵᠤ ᠦᠢᠯᠡᠳᠬᠦ᠌ ᠪᠦᠲᠦᠭᠡᠭ᠌ᠳᠡᠬᠦᠨ ᠪᠤᠶᠤ ᠬᠠᠭᠠᠰ ᠪᠣᠯᠪᠠᠰᠤᠷᠠᠭᠤᠯᠤᠭ᠍ᠰᠠᠨ ᠪᠦᠲᠦᠭᠡᠭ᠌ᠳᠡᠬᠦᠨ᠂ ᠬᠤᠳᠠᠯᠳᠤᠭᠠᠨ᠎ᠤ ᠪᠣᠷᠣᠯᠠᠭᠤᠯᠭ᠎ᠠ ᠪᠠ ᠦᠢᠯᠡᠴᠢᠯᠡᠭᠡᠨ᠎ᠦ ᠴᠢᠨᠠᠷᠲᠠᠶ ᠬᠥᠳᠡᠯᠮᠦᠷᠢ ᠵᠡᠷᠭᠡ᠎ᠪᠡᠷ ᠳᠠᠮᠵᠢᠭᠤᠯᠤᠨ᠂ ᠬᠡᠷᠡᠭ᠌ᠯᠡᠭ᠌ᠴᠢᠳ᠎ᠲᠦ ᠢᠳᠡᠭᠡᠨ ᠪᠠ ᠬᠡᠷᠡᠭ᠌ᠯᠡᠭᠡᠨ᠎ᠦ ᠭᠠᠵᠠᠷ ᠵᠢᠴᠢ ᠲᠥᠬᠥᠭᠡᠷᠦᠮᠵᠢ ᠬᠠᠩᠭᠠᠬᠤ ᠡᠵᠡᠩᠨᠡᠯᠲᠡ᠎ᠶ᠋ᠢᠨ ᠠᠵᠢᠯᠯᠠᠭ᠎ᠠ᠎ᠶ᠋ᠢ ᠵᠢᠭᠠᠵᠤ ᠪᠤᠶ᠃

  ᠭᠤᠷᠪᠠᠳᠤᠭᠠᠷ ᠵᠤᠷᠪᠤᠰ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠪᠦᠬᠦ᠌ ᠤᠯᠤᠰ᠎ᠤᠨ ᠢᠳᠡᠭᠡᠨ ᠤᠮᠳᠠᠭᠠᠨ᠎ᠤ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠠᠵᠢᠯ᠎ᠢ ᠬᠠᠷᠢᠭᠤᠴᠠᠵᠤ᠂ ᠲᠥᠷᠥ ᠎ᠶ᠋ᠢᠨ ᠪᠣᠳᠣᠯᠭ᠎ᠠ᠎ᠶ᠋ᠢᠨ ᠲᠥᠯᠥᠪᠵᠢᠭᠦᠯᠭᠡ ᠲᠣᠭ᠍ᠲᠠᠭᠠᠵᠤ᠂ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠬᠢᠨᠠᠨ ᠬᠡᠮᠵᠢᠨ ᠵᠠᠳᠠᠯᠤᠯᠲᠠ ᠬᠢᠵᠦ᠍᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ᠎ᠶ᠋ᠢ ᠵᠣᠷᠢᠭ᠍ᠵᠢᠭᠤᠯᠬᠤ ᠪᠠ ᠬᠥᠲᠥᠯᠥᠨ ᠵᠢᠯᠣᠭᠤᠳᠴᠤ᠌ ᠪᠠᠢᠭᠠᠳ ᠢᠳᠡᠭᠡᠨ ᠤᠮᠳᠠᠭᠠᠨ᠎ᠢ ᠪᠦᠷᠢᠯᠭᠡᠬᠦ᠌᠎ᠶ᠋ᠢ ᠬᠤᠷᠢᠭ᠍ᠯᠠᠨ ᠵᠣᠭ᠍ᠰᠣᠭᠠᠵᠤ᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠢᠳᠡᠭᠡᠨ ᠤᠮᠳᠠᠭᠠᠨ᠎ᠤ ᠦᠢᠯᠡᠰ᠎ᠤᠨ ᠠᠶᠤᠯᠭᠦᠢ ᠦᠢᠯᠡᠳᠪᠦᠷᠢᠯᠡᠯ ᠎ᠤᠨ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠵᠦ᠍᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ᠎ᠶ᠋ᠢ ᠵᠢᠯᠣᠭᠤᠳᠤᠨ ᠱᠠᠭᠠᠷᠳᠠᠵᠤ ᠪᠠᠢᠭᠠᠳ ᠠᠮᠤᠷ ᠲᠦᠪᠱᠢᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠢᠳᠡᠭᠡᠨ ᠤᠮᠳᠠᠭᠠᠨ᠎ᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃

  ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠬᠠᠤᠯᠢ》 ᠪᠠ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠶ᠋ᠢ ᠦᠨᠳᠦᠰᠦᠯᠡᠨ ᠂ ᠪᠦᠬᠦ᠌ ᠤᠯᠤᠰ᠎ᠤᠨ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠠᠵᠢᠯ᠎ᠤᠨ ᠵᠣᠬᠢᠶᠠᠨ ᠪᠠᠢᠭᠤᠯᠤᠨ ᠵᠣᠬᠢᠴᠠᠭᠤᠯᠬᠤ ᠎ᠪᠠᠨ ᠴᠢᠩᠭᠠᠳᠭᠠᠵᠤ ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠵᠢᠯ ᠪᠦᠷᠢ ᠢᠳᠡᠭᠡᠨ᠎ᠦ ᠪᠦᠷᠢᠯᠭᠡᠨ ᠰᠦᠢᠳᠭᠡᠵᠦ᠍ ᠪᠠᠢᠭ᠎ᠠ ᠪᠠᠢᠳᠠᠯ᠎ᠢ ᠵᠠᠳᠠᠯᠤᠨ ᠦᠨᠡᠯᠡᠨ ᠵᠢᠱ᠌ᠢᠵᠦ᠍᠂ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠠᠵᠢᠯ᠎ᠢ ᠪᠦᠬᠦᠯᠢ ᠴᠣᠭ᠍ᠴᠠ᠎ᠪᠠᠷ ᠪᠠᠢᠷᠢᠯᠠᠭᠤᠯᠬᠤ ᠬᠡᠷᠡᠭ᠌ᠲᠡᠶ ᠃

  ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠂ ᠬᠥᠭ᠌ᠵᠢᠭᠦᠯᠦᠯᠲᠡ ᠥᠭᠡᠷᠡᠴᠢᠯᠡᠯᠲᠡ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠲᠣᠭ᠍ᠲᠠᠭᠠᠯ ᠶᠣᠰᠣᠭᠠᠷ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠶ᠋ᠢᠨ ᠬᠡᠪᠴᠢᠶᠡᠨ ᠳᠣᠲᠣᠷ᠎ᠠ᠎ᠪᠠᠨ ᠬᠠᠮᠢᠶᠠᠷᠤᠯᠲᠠ ᠬᠢᠬᠦ᠌ ᠬᠡᠷᠡᠭ᠌ᠲᠡᠢ᠃

  ᠳᠥᠷᠪᠡᠳᠦᠭᠡᠷ ᠵᠤᠷᠪᠤᠰ᠂ ᠤᠯᠤᠰ᠎ᠠᠴᠠ ᠢᠳᠡᠭᠡᠨ ᠤᠮᠳᠠᠭᠠᠨ᠎ᠤ ᠦᠢᠯᠡᠰ᠎ᠦᠨ ᠡᠷᠡᠭᠦᠯ ᠵᠢᠷᠤᠮᠵᠢᠭ᠍ᠰᠠᠨ ᠬᠥᠭ᠌ᠵᠢᠯᠲᠡ᠎ᠶ᠋ᠢ ᠳᠡᠮᠵᠢᠵᠦ᠍ ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ᠎ᠶ᠋ᠢᠨ ᠣᠯᠠᠨ ᠲᠦᠮᠡᠨᠴᠢᠯᠡᠭ᠌ᠰᠡᠨ ᠢᠳᠡᠭᠡᠨ ᠤᠮᠳᠠᠭᠠᠨ ᠂ ᠨᠡᠢᠭᠡᠮ ᠲᠣᠭᠣᠷᠢᠭ᠎ᠤᠨ ᠢᠳᠡᠭᠡᠨ ᠤᠮᠳᠠᠭᠠᠨ ᠂ ᠪᠣᠬᠢᠷᠲᠤᠯ ᠦᠭᠡᠶ ᠡᠷᠡᠭᠦᠯ ᠢᠳᠡᠭᠡᠨ ᠤᠮᠳᠠᠭᠠᠨ ᠎ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ ᠂ ᠦᠢᠯᠡᠴᠢᠯᠡᠭᠡᠨ᠎ᠦ ᠶᠠᠰᠤ ᠴᠢᠨᠠᠷ ᠎ᠢ ᠳᠡᠭᠡᠭ᠌ᠰᠢᠯᠡᠭᠦᠯᠦᠨ ᠂ ᠬᠡᠷᠡᠭ᠌ᠯᠡᠭᠡᠨ᠎ᠦ ᠲᠠᠯᠠᠪᠠᠶ᠎ᠶ᠋ᠢᠨ ᠱᠢᠨ᠎ᠡ᠎ᠶ᠋ᠢ ᠡᠭᠦᠳᠴᠦ᠍ ᠂ ᠢᠳᠡᠭᠡᠨ ᠤᠮᠳᠠᠭᠠᠨ᠎ᠤ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠎ᠠ ᠃

  ᠲᠠᠪᠤᠳᠤᠭᠠᠷ ᠵᠤᠷᠪᠤᠰ᠂ ᠤᠯᠤᠰ᠎ᠠᠴᠠ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠂ ᠠᠵᠢᠯ ᠲᠥᠷᠥᠯ᠎ᠦᠨ ᠨᠡᠢᠭᠡᠮᠯᠢᠭ ᠂ ᠬᠠᠮᠢᠶ᠎ᠠ ᠪᠦᠬᠦᠢ ᠰᠤᠳᠤᠯᠤᠯ᠎ᠤᠨ ᠪᠠᠢᠭᠤᠯᠤᠮᠵᠢ᠎ᠶ᠋ᠢᠨ ᠤᠯᠠᠮᠵᠢᠯᠠᠯᠲᠤ ᠢᠳᠡᠭᠡᠨ ᠤᠮᠳᠠᠭᠠᠨ᠎ᠤ ᠰᠣᠶᠣᠯ ᠎ᠢ ᠠᠭᠤᠳᠠᠯᠤᠨ ᠤᠯᠠᠮᠵᠢᠯᠠᠬᠤ᠎ᠶ᠋ᠢ ᠵᠣᠷᠢᠭ᠍ᠵᠢᠭᠤᠯᠤᠨ ᠳᠡᠮᠵᠢᠵᠦ᠍ ᠂ ᠢᠳᠡᠭᠡᠨ ᠤᠮᠳᠠᠭᠠᠨ᠎ᠤ ᠦᠢᠯᠡᠰ᠎ᠦᠨ ᠬᠥᠭ᠌ᠵᠢᠯᠲᠡ᠎ᠶ᠋ᠢᠨ ᠰᠤᠳᠤᠯᠭᠠᠨ ᠥᠷᠨᠢᠭᠦᠯᠵᠦ᠍ ᠂ ᠢᠳᠡᠭᠡᠨ ᠤᠮᠳᠠᠭᠠᠨ᠎ᠤ ᠦᠢᠯᠡᠰ ᠪᠠ ᠲᠠᠷᠢᠶᠠᠯᠠᠩ᠎ᠤᠨ ᠦᠢᠯᠡᠳᠪᠦᠷᠢᠯᠡᠯ ᠂ ᠢᠳᠡᠭᠡᠨ᠎ᠦ ᠵᠦᠢᠯ᠎ᠢ ᠪᠣᠯᠪᠠᠰᠤᠷᠠᠭᠤᠯᠬᠤ᠂ ᠵᠢᠭᠤᠯᠴᠢᠯᠠᠯ ᠰᠡᠯᠡᠭᠦᠴᠡᠯ ᠵᠡᠷᠭᠡ ᠠᠵᠤ ᠦᠢᠯᠡᠰ᠎ᠦᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠤᠨ᠎ᠠ ᠃

  ᠨᠥᠬᠥᠴᠡᠯ᠎ᠲᠡᠶ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ᠎ᠶ᠋ᠢ ᠵᠣᠷᠢᠭ᠍ᠵᠢᠭᠤᠯᠤᠨ ᠳᠡᠮᠵᠢᠵᠦ᠍ ᠪᠠᠢᠭᠠᠳ ᠭᠠᠳᠠᠭᠠᠳᠤ ᠎ᠯᠤᠭ᠎ᠠ ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠎ᠶ᠋ᠢ ᠢᠳᠡᠪᠬᠢᠲᠡᠶ ᠥᠷᠨᠢᠭᠦᠯᠦᠨ ᠂ ᠳᠤᠮᠳᠠᠳᠤ᠎ᠶ᠋ᠢᠨ ᠢᠳᠡᠭᠡᠨ ᠤᠮᠳᠠᠭᠠᠨ᠎ᠤ ᠱᠢᠯᠢᠳᠡᠭ ᠰᠣᠶᠣᠯ ᠎ᠢ ᠪᠠᠳᠠᠷᠠᠭᠤᠯᠤᠨ᠎ᠠ ᠃

  ᠵᠢᠷᠭᠤᠳᠤᠭᠠᠷ ᠵᠤᠷᠪᠤᠰ᠂ ᠤᠯᠤᠰ᠎ᠠᠴᠠ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ᠎ᠶ᠋ᠢᠨ ᠲᠣᠭᠠᠴᠢᠯᠠᠭ᠍ᠰᠠᠨ ᠳᠡᠰ ᠳᠡᠪᠱᠢᠬᠦ᠌ ᠥᠭᠡᠷᠡᠴᠢᠯᠡᠯᠲᠡ ᠬᠢᠬᠦ᠌᠎ᠶ᠋ᠢ ᠵᠣᠷᠢᠭ᠍ᠵᠢᠭᠤᠯᠵᠤ᠂ ᠳ᠋ᠢᠵᠢᠲ᠋ᠠᠯᠴᠢᠯᠠᠭ᠍ᠰᠠᠨ ᠡᠵᠡᠩᠨᠡᠯᠲᠡ ᠪᠠ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠭᠤᠰᠤᠯᠴᠠᠨ ᠬᠥᠭ᠌ᠵᠢᠬᠦ᠌᠎ᠶ᠋ᠢ ᠲᠦᠷᠭᠡᠳᠭᠡᠨ᠎ᠡ᠃

  ᠢᠳᠡᠭᠡᠨ ᠤᠮᠳᠠᠭᠠᠨ᠎ᠤ ᠭᠠᠳᠠᠭ᠍ᠰᠢ ᠬᠤᠳᠠᠯᠳᠤᠬᠤ ᠲᠠᠪᠴᠠᠩ ᠪᠠ ᠳᠤᠮᠳᠠ ᠵᠢᠵᠢᠭ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ᠎ᠶ᠋ᠢ ᠵᠣᠷᠢᠭ᠍ᠵᠢᠭᠤᠯᠤᠨ ᠳᠡᠮᠵᠢᠵᠦ᠍ ᠪᠠᠢᠭᠠᠳ ᠡᠬᠢ ᠪᠠᠶᠠᠯᠢᠭ᠎ᠢ ᠬᠠᠮᠲᠤ ᠪᠠᠷ ᠡᠳ᠋ᠯᠡᠬᠦ᠌ ᠪᠠ ᠬᠠᠮᠲᠤᠷᠠᠯᠴᠠᠬᠤ᠎ᠶ᠋ᠢ ᠴᠢᠩᠭᠠᠳᠭᠠᠨ᠂ ᠳᠤᠮᠳᠠ ᠵᠢᠵᠢᠭ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ᠎ᠳᠤ ᠦᠢᠯᠡᠴᠢᠯᠡᠭᠡ ᠬᠠᠩᠭᠠᠨ᠎ᠠ᠃

  ᠳᠣᠯᠣᠳᠤᠭᠠᠷ ᠵᠤᠷᠪᠤᠰ᠂ ᠤᠯᠤᠰ ᠎ᠠᠴᠠ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠂ ᠠᠵᠢᠯ ᠲᠥᠷᠥᠯ᠎ᠦᠨ ᠨᠡᠢᠭᠡᠮᠯᠢᠭ᠎ᠦᠨ ᠢᠳᠡᠭᠡᠨ ᠤᠮᠳᠠᠭᠠᠨ᠎ᠤ ᠬᠦᠷᠢᠶ᠎ᠡ ᠴᠠᠷᠠᠭ᠎ᠠ᠎ᠶ᠋ᠢᠨ ᠠᠵᠤ ᠠᠬᠤᠢᠯᠠᠯ᠎ᠤᠨ ᠪᠠᠷᠢᠮᠵᠢᠶ᠎ᠠ ᠪᠠ ᠪᠦᠯᠬᠦᠮ ᠨᠡᠢᠲᠡ᠎ᠶ᠋ᠢᠨ ᠪᠠᠷᠢᠮᠵᠢᠶ᠎ᠠ ᠲᠣᠭ᠍ᠲᠠᠭᠠᠵᠤ ᠂ ᠤᠯᠤᠰ᠎ᠤᠨ ᠪᠠᠷᠢᠮᠵᠢᠶ᠎ᠠ ᠂ ᠠᠵᠢᠯ ᠲᠥᠷᠥᠯ᠎ᠦᠨ ᠪᠠᠷᠢᠮᠵᠢᠶ᠎ᠠ ᠂ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠠᠵᠢᠯ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ᠎ᠠ ᠃

  ᠨᠠᠶ᠋ᠮᠠᠳᠤᠭᠠᠷ ᠵᠤᠷᠪᠤᠰ᠂ ᠢᠳᠡᠭᠡᠨ ᠤᠮᠳᠠᠭᠠᠨ᠎ᠤ ᠠᠵᠢᠯ ᠲᠥᠷᠥᠯ᠎ᠦᠨ ᠨᠡᠢᠭᠡᠮᠯᠢᠭ ᠎ᠦᠳ ᠬᠣᠯᠪᠣᠭ᠍ᠳᠠᠯ ᠪᠦᠬᠦᠢ ᠬᠠᠤᠯᠢ ᠴᠠᠭᠠᠵᠠ᠂ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠤᠨ ᠲᠣᠭ᠍ᠲᠠᠭᠠᠯ ᠶᠣᠰᠣᠭᠠᠷ᠂ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠂ ᠬᠥᠲᠥᠯᠥᠨ ᠵᠢᠯᠣᠭᠣᠳᠭᠤ᠂ ᠦᠢᠯᠡᠴᠢᠯᠡᠬᠦ᠌ ᠦᠢᠯᠡᠳᠦᠯ᠎ᠢᠶᠡᠨ ᠪᠠᠳᠠᠷᠠᠭᠤᠯᠵᠤ᠂ ᠢᠳᠡᠭᠡᠨ ᠤᠮᠳᠠᠭᠠᠨ᠎ᠤ ᠦᠢᠯᠡᠰ᠎ᠦᠨ ᠬᠠᠮᠢᠶ᠎ᠠ ᠪᠦᠬᠦᠢ ᠪᠠᠷᠢᠮᠵᠢᠶ᠎ᠠ᠎ᠶ᠋ᠢ ᠳᠡᠯᠭᠡᠷᠡᠭᠦᠯᠦᠨ ᠬᠡᠷᠡᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠶ᠃ ᠢᠳᠡᠭᠡᠨ᠎ᠦ ᠵᠦᠢᠯ᠎ᠦᠨ ᠪᠦᠷᠢᠯᠭᠡᠨ ᠰᠦᠢᠳᠭᠡᠬᠦ᠌᠎ᠶ᠋ᠢ ᠬᠢᠨᠠᠨ ᠬᠡᠮᠵᠢᠬᠦ᠌ ᠠᠵᠢᠯ᠎ᠢ ᠥᠷᠨᠢᠭᠦᠯᠦᠨ᠂ ᠵᠠᠳᠠᠯᠤᠯᠲᠠ ᠬᠢᠵᠦ᠍ ᠦᠨᠡᠯᠡᠨ ᠵᠢᠱ᠌ᠢᠬᠦ᠌ ᠎ᠶ᠋ᠢ ᠴᠢᠩᠭᠠᠳᠭᠠᠵᠤ᠂ ᠢᠳᠡᠭᠡᠨ᠎ᠦ ᠵᠦᠢᠯ᠎ᠦᠨ ᠪᠦᠷᠢᠯᠭᠡᠬᠦ᠌᠎ᠶ᠋ᠢ ᠡᠰᠡᠷᠭᠦᠴᠡᠬᠦ᠌ ᠬᠣᠯᠪᠣᠭ᠍ᠳᠠᠯ ᠪᠦᠬᠦᠢ ᠪᠠᠢᠳᠠᠯ ᠵᠢᠴᠢ ᠬᠢᠨᠠᠨ ᠬᠡᠮᠵᠢᠵᠦ᠍ ᠦᠨᠡᠯᠡᠨ ᠵᠢᠱ᠌ᠢᠭ᠌ᠰᠡᠨ ᠦᠷ᠎ᠡ ᠳ᠋ᠦᠩ᠎ᠢ ᠵᠢᠯ ᠪᠦᠷᠢ ᠨᠡᠢᠭᠡᠮ᠎ᠳᠦ ᠨᠡᠢᠲᠡᠯᠡᠵᠦ᠍᠂ ᠲᠥᠷᠥ᠎ᠶ᠋ᠢᠨ ᠪᠠᠢᠭᠤᠯᠤᠯᠭ᠎ᠠ᠎ᠶ᠋ᠢᠨ ᠬᠠᠤᠯᠢ ᠴᠠᠭᠠᠵᠠ᠂ ᠬᠠᠤᠯᠢ ᠲᠣᠭ᠍ᠲᠠᠭᠠᠯ᠂ ᠲᠥᠷᠥ᠎ᠶ᠋ᠢᠨ ᠪᠣᠳᠣᠯᠭ᠎ᠠ᠂ ᠪᠠᠷᠢᠮᠵᠢᠶ᠎ᠠ ᠪᠠ ᠬᠣᠯᠪᠣᠭ᠍ᠳᠠᠯ ᠪᠦᠬᠦᠢ ᠰᠤᠳᠤᠯᠭᠠᠨ ᠥᠷᠨᠢᠭᠦᠯᠬᠦ᠌᠎ᠳᠦ ᠳᠡᠮᠵᠢᠯᠭᠡ ᠬᠠᠩᠭᠠᠵᠤ᠂ ᠨᠡᠢᠭᠡᠮ᠎ᠦᠨ ᠬᠢᠨ᠎ᠦ ᠬᠢᠨᠠᠯᠲᠠ ᠲᠠᠯᠪᠢᠬᠤ᠎ᠶ᠋ᠢ ᠬᠦᠯᠢᠶᠡᠬᠦ᠌ ᠬᠡᠷᠡᠭ᠌ᠲᠡᠶ᠃

  ᠶᠢᠰᠦᠳᠦᠭᠡᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠬᠠᠤᠯᠢ ᠴᠠᠭᠠᠵᠠ᠂ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠤᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠴᠢᠩᠭ᠎ᠠ ᠵᠢᠷᠤᠮᠯᠠᠨ ᠡᠵᠡᠩᠨᠡᠯᠲᠡ᠎ᠶ᠋ᠢᠨ ᠠᠵᠢᠯᠯᠠᠭ᠎ᠠ ᠬᠢᠵᠦ᠍᠂ ᠡᠯ᠎ᠡ ᠵᠦᠢᠯ᠎ᠦᠨ ᠳᠦᠷᠢᠮ᠎ᠢ ᠪᠠᠢᠭᠤᠯᠤᠨ ᠪᠦᠷᠢᠨᠱᠢᠭᠦᠯᠵᠦ᠍ ᠂ ᠤᠯᠤᠰ ᠪᠠ ᠠᠵᠢᠯ ᠲᠥᠷᠥᠯ᠎ᠦᠨ ᠬᠣᠯᠪᠣᠭ᠍ᠳᠠᠯ ᠪᠦᠬᠦᠢ ᠡᠵᠡᠩᠨᠡᠯᠲᠡ ᠬᠠᠮᠢᠶᠠᠷᠤᠯᠲᠠ᠂ ᠦᠢᠯᠡᠳᠬᠦᠨ᠂ ᠦᠢᠯᠡᠴᠢᠯᠡᠭᠡ ᠵᠡᠷᠭᠡ ᠲᠠᠯ᠎ᠠ᠎ᠶ᠋ᠢᠨ ᠪᠠᠷᠢᠮᠵᠢᠶ᠎ᠠ᠎ᠶ᠋ᠢ ᠢᠳᠡᠪᠬᠢᠲᠡᠶ ᠲᠤᠭᠤᠱᠢᠯᠠᠭᠤᠯᠬᠤ ᠬᠡᠷᠡᠭ᠌ᠲᠡᠶ ᠃

  ᠠᠷᠪᠠᠳᠤᠭᠠᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠭᠡᠨᠡᠳᠲᠡ ᠡᠭᠦᠰᠭᠦ ᠬᠡᠷᠡᠭ᠎ᠦᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠂ ᠠᠷᠭᠠᠴᠠᠭᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠢᠯᠠᠨ᠂ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠬᠤ ᠬᠡᠷᠡᠭ᠌ᠲᠡᠶ᠃ ᠭᠡᠨᠡᠳᠲᠡ᠎ᠶ᠋ᠢᠨ ᠬᠡᠷᠡᠭ ᠭᠠᠷᠪᠠᠯ᠂ ᠲᠡᠷᠡ ᠳᠠᠷᠤᠶ᠎ᠳᠤ ᠨᠢ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠠᠵᠢᠯ᠎ᠤᠨ ᠳᠡᠰ ᠳᠠᠷᠠᠭᠠᠯᠠᠯ᠎ᠢᠶᠠᠨ ᠡᠬᠢᠯᠡᠭᠦᠯᠬᠦ᠌᠎ᠶ᠋ᠢᠨ ᠬᠠᠮᠲᠤ ᠵᠠᠰᠠᠭ᠎ᠤᠨ ᠣᠷᠳᠣᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠦ ᠴᠠᠭ ᠲᠤᠬᠠᠶ᠎ᠳᠤ ᠨᠢ ᠬᠡᠷᠡᠭ ᠶᠠᠪᠤᠳᠠᠯ᠎ᠤᠨ ᠪᠠᠢᠳᠠᠯ ᠵᠢᠴᠢ ᠱᠢᠶ᠋ᠳᠪᠦᠷᠢᠯᠡᠭ᠌ᠰᠡᠨ ᠦᠷ᠎ᠡ ᠳ᠋ᠦᠩ᠎ᠢᠶᠡᠨ ᠮᠡᠳᠡᠭᠦᠯᠬᠦ᠌ ᠬᠡᠷᠡᠭ᠌ᠲᠡᠶ᠃

  ᠠᠷᠪᠠᠨ ᠨᠢᠭᠡᠳᠦᠭᠡᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠡᠵᠡᠩᠨᠡᠯᠲᠡ ᠬᠠᠮᠢᠶᠠᠷᠤᠯᠲᠠ᠎ᠶ᠋ᠢᠨ ᠳᠤᠮᠳᠠ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠣᠨᠣᠯᠵᠢᠬᠤᠨ ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ ᠂ ᠦᠢᠯᠡᠴᠢᠯᠡᠭᠡᠨ᠎ᠦ ᠠᠵᠢᠯᠲᠠᠨ᠎ᠤ ᠪᠣᠯᠪᠠᠰᠤᠷᠠᠭᠤᠯᠤᠯ ᠎ᠢ ᠴᠢᠩᠭᠠᠳᠭᠠᠨ ᠂ ᠠᠮᠤ ᠪᠤᠳᠠᠭ᠎ᠠ᠎ᠪᠠᠨ ᠨᠠᠨᠳᠢᠩᠨᠠᠨ ᠂ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠶᠠᠪᠤᠳᠠᠯ ᠎ᠢ ᠦᠢᠯᠡᠴᠢᠯᠡᠭᠡᠨ᠎ᠦ ᠠᠵᠢᠯᠲᠠᠳ᠎ᠤᠨ ᠪᠣᠯᠪᠠᠰᠤᠷᠠᠭᠤᠯᠤᠯ᠎ᠤᠨ ᠠᠭᠤᠯᠭ᠎ᠠ᠎ᠳᠤ ᠣᠷᠣᠭᠤᠯᠵᠤ ᠂ ᠢᠳᠡᠭᠡᠨ᠎ᠦ ᠵᠦᠢᠯ᠎ᠦᠨ ᠮᠠᠲ᠋ᠧᠷᠢᠶᠠᠯ᠎ᠤᠨ ᠶᠠᠪᠤᠴᠠ᠎ᠶ᠋ᠢᠨ ᠬᠣᠷᠣᠭ᠍ᠳᠠᠯ ᠎ᠢ ᠪᠠᠭᠠᠰᠭᠠᠬᠤ ᠬᠡᠷᠡᠭ᠌ᠲᠡᠶ ᠃

  ᠢᠳᠡᠭᠡᠨ ᠤᠮᠳᠠᠭᠠᠨ᠎ᠤ ᠦᠢᠯᠡᠴᠢᠯᠡᠭᠡ ᠡᠵᠡᠩᠨᠡᠭ᠌ᠴᠢᠳ᠎ᠤᠨ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠬᠡᠷᠡᠭ᠌ᠯᠡᠨ ᠬᠣᠭᠣᠯᠠᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠵᠠᠳᠠᠯᠤᠨ᠂ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ᠂ ᠪᠣᠯᠪᠠᠰᠤᠷᠠᠭᠤᠯᠬᠤ ᠵᠡᠷᠭᠡ᠎ᠳᠤ ᠱᠢᠨᠵᠢᠯᠡᠬᠦ᠌ ᠤᠬᠠᠭᠠᠨᠴᠢ ᠬᠠᠮᠢᠶᠠᠷᠤᠯᠲᠠ ᠬᠢᠬᠦ᠌᠎ᠶ᠋ᠢ ᠵᠣᠷᠢᠭ᠍ᠵᠢᠭᠤᠯᠵᠤ᠂ ᠢᠳᠡᠭᠡᠨ᠎ᠤ ᠮᠠᠲ᠋ᠧᠷᠢᠶᠠᠯ᠎ᠢ ᠠᠱᠢᠭ᠍ᠯᠠᠬᠤ ᠨᠤᠷᠮ᠎ᠠ᠎ᠶ᠋ᠢ ᠳᠡᠭᠡᠭ᠌ᠰᠢᠯᠡᠭᠦᠯᠦᠨ᠎ᠡ᠃

  ᠠᠷᠪᠠᠨ ᠬᠣᠶᠠᠳᠤᠭᠠᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠶᠠᠮᠠᠷᠪᠠ ᠠᠷᠭ᠎ᠠ ᠮᠠᠶᠢᠭ᠎ᠢᠶᠠᠷ ᠬᠡᠷᠡᠭ᠌ᠯᠡᠭ᠌ᠴᠢᠳ᠎ᠢ ᠳᠠᠭᠠᠭᠤᠯᠬᠤ ᠂ ᠪᠤᠷᠤᠭᠤ᠎ᠪᠠᠷ ᠬᠥᠲᠥᠯᠥᠨ ᠬᠡᠷᠡᠭ᠌ᠯᠡᠭ᠌ᠴᠢᠳ᠎ᠢ ᠬᠡᠮᠵᠢᠶ᠎ᠡ ᠡᠴᠡ ᠬᠡᠲᠦᠷᠡᠭᠦᠯᠦᠨ ᠬᠣᠭᠣᠯᠠ ᠵᠠᠬᠢᠶᠠᠯᠠᠵᠤ ᠪᠣᠯᠬᠤ ᠦᠭᠡᠶ ᠃

  ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠶᠡᠬᠡ ᠲᠢᠩᠬᠢᠮ ᠂ ᠳᠠᠭᠠᠭᠠᠴᠢᠯᠠᠭ᠍ᠰᠠᠨ ᠲᠠᠰᠤᠯᠭ᠎ᠠ᠂ ᠬᠣᠭᠣᠯᠠᠨ ᠱᠢᠷᠡᠭᠡ ᠵᠡᠷᠭᠡ ᠢᠳᠡᠭᠡᠨ ᠤᠮᠳᠠᠭᠠᠨ᠎ᠤ ᠲᠠᠯᠠᠪᠤᠷ᠎ᠤᠨ ᠢᠯᠡ ᠭᠠᠵᠠᠷ᠎ᠲᠤ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠲᠡᠮᠳᠡᠭ ᠎ᠢ ᠨᠠᠭᠠᠬᠤ ᠪᠤᠶᠤ ᠲᠠᠯᠪᠢᠵᠤ ᠂ ᠬᠡᠷᠡᠭ᠌ᠯᠡᠭ᠌ᠴᠢᠳ ᠎ᠢ ᠬᠥᠲᠥᠯᠥᠨ ᠵᠢᠯᠣᠭᠣᠳᠴᠤ᠌ ᠪᠠᠢᠭᠠᠳ ᠬᠡᠷᠡᠭ᠌ᠴᠡᠭᠡ ᠶᠣᠰᠣᠭᠠᠷ ᠵᠣᠬᠢᠬᠤ ᠬᠡᠮᠵᠢᠶ᠎ᠡ᠎ᠪᠡᠷ ᠬᠣᠭᠣᠯᠠ ᠵᠠᠬᠢᠶᠠᠯᠠᠵᠤ ᠂ ᠬᠡᠮᠵᠢᠶ᠎ᠡ ᠨᠢ ᠢᠯᠡᠷᠬᠡᠶ ᠬᠡᠲᠦᠷᠡᠭ᠌ᠰᠡᠨ ᠬᠡᠷᠡᠭ᠌ᠯᠡᠭ᠌ᠴᠢᠳ ᠎ᠢ ᠰᠠᠨᠠᠭᠤᠯᠬᠤ ᠬᠡᠷᠡᠭ᠌ᠲᠡᠶ ᠃

  ᠠᠷᠪᠠᠨ ᠭᠤᠷᠪᠠᠳᠤᠭᠠᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠢᠳᠡᠭᠡᠨ ᠤᠮᠳᠠᠭᠠᠨ᠎ᠤ ᠬᠠᠩᠭᠠᠯᠭ᠎ᠠ᠎ᠶ᠋ᠢᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍ ᠂ ᠬᠣᠭᠣᠯᠠ ᠬᠠᠩᠭᠠᠬᠤ ᠬᠡᠯᠪᠡᠷᠢ᠎ᠪᠡᠨ ᠪᠠᠶᠠᠯᠢᠭ᠍ᠵᠢᠭᠤᠯᠤᠨ ᠂ ᠪᠠᠭ᠎ᠠ ᠬᠡᠮᠵᠢᠶᠡᠨ᠎ᠦ᠂ ᠣᠯᠠᠨ ᠬᠡᠯᠪᠡᠷᠢ᠎ ᠶ᠋ᠢᠨ ᠭᠣᠤᠯ ᠢᠳᠡᠭᠡᠨ ᠂ ᠨᠣᠭᠣᠭ᠎ᠠ᠎ᠶ᠋ᠢᠨ ᠵᠦᠢᠯ ᠂ ᠤᠮᠳᠠᠭᠠᠨ ᠵᠡᠷᠭᠡ᠎ᠶ᠋ᠢ ᠵᠦᠢ ᠵᠣᠬᠢᠰᠲᠠᠶ ᠲᠣᠬᠢᠷᠠᠭᠤᠯᠵᠤ ᠂ ᠲᠣᠪᠶᠣᠭ ᠳᠡᠭᠡᠷ᠎ᠡ ᠢᠳᠡᠭᠡᠨ᠎ᠦ ᠭᠣᠤᠯ ᠮᠠᠲ᠋ᠧᠷᠢᠶᠠᠯ ᠂ ᠬᠤᠪᠢᠶᠠᠷᠢ ᠬᠡᠮᠵᠢᠶ᠎ᠡ ᠂ ᠠᠮᠲᠠ ᠂ ᠬᠡᠷᠡᠭ᠌ᠯᠡᠭᠡᠨ᠎ᠦ ᠬᠥᠮᠦᠨ᠎ᠦ ᠲᠣᠭ᠎ᠠ᠎ᠶ᠋ᠢ ᠰᠠᠨᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠲᠣᠪᠶᠤᠭ᠎ᠤᠨ ᠮᠡᠳᠡᠭᠡ ᠵᠠᠩᠭᠢ᠎ᠶ᠋ᠢ ᠲᠣᠳᠣᠷᠬᠠᠢᠯᠠᠵᠤ ᠂ ᠬᠡᠷᠡᠭ᠌ᠯᠡᠭ᠌ᠴᠢᠳ᠎ᠲᠦ ᠬᠣᠭᠣᠯᠠ ᠵᠠᠬᠢᠶᠠᠯᠠᠬᠤ ᠰᠠᠨᠠᠭᠤᠯᠤᠮᠵᠢ ᠬᠠᠩᠭᠠᠵᠤ ᠪᠣᠯᠤᠨ᠎ᠠ ᠃

  ᠢᠳᠡᠭᠡᠨ ᠤᠮᠳᠠᠭᠠᠨ᠎ᠤ ᠦᠶ᠋ᠯᠡᠴᠢᠯᠡᠭᠡᠨ᠎ᠤ ᠡᠵᠡᠩᠨᠡᠭ᠌ᠴᠢ ᠬᠡᠷᠡᠭ᠌ᠯᠡᠭ᠌ᠴᠢᠳ᠎ᠤᠨ ᠬᠡᠷᠡᠭ᠌ᠴᠡᠭᠡ᠎ᠶ᠋ᠢ ᠦᠨᠳᠦᠰᠦᠯᠡᠨ ᠨᠡᠢᠲᠡ᠎ᠶ᠋ᠢᠨ ᠱᠢᠨᠠᠭ᠎ᠠ ᠨᠡᠢᠲᠡ᠎ᠶ᠋ᠢᠨ ᠰᠠᠪᠬ᠎ᠠ ᠲᠣᠬᠢᠷᠠᠭᠤᠯᠤᠨ᠎ᠠ᠃ ᠲᠤᠰᠠᠭᠠᠷ ᠬᠣᠭᠣᠯᠠᠨ᠎ᠤ ᠦᠢᠯᠡᠴᠢᠯᠡᠭᠡ ᠬᠠᠩᠭᠠᠬᠤ᠎ᠶ᠋ᠢ ᠵᠣᠷᠢᠭ᠍ᠵᠢᠭᠤᠯᠤᠨ᠎ᠠ᠃

  ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ 《 ᠠᠷᠪᠢᠲᠠᠢ ᠬᠣᠭᠣᠯᠠᠯᠠᠬᠤ ᠠᠵᠢᠯᠯᠠᠭ᠎ᠠ》 ᠎ᠳᠤ ᠣᠷᠣᠯᠴᠠᠭ᠍ᠰᠠᠨ ᠬᠡᠷᠡᠭ᠌ᠯᠡᠭ᠌ᠴᠢᠳ᠎ᠢ ᠱᠠᠩᠨᠠᠨ ᠬᠥᠬᠢᠭᠦᠯᠵᠦ᠍᠂ ᠬᠡᠷᠡᠭ᠌ᠯᠡᠭ᠌ᠴᠢᠳ᠎ᠤᠨ ᠬᠤᠭᠤᠯᠠᠨ᠎ᠤ ᠳᠠᠷᠠᠭ᠎ᠠ ᠦᠯᠡᠳᠡᠭ᠌ᠰᠡᠨ ᠢᠳᠡᠭᠡᠨ᠎ᠢᠶᠠᠨ ᠰᠠᠪᠠᠯᠠᠵᠦ᠍᠂ ᠬᠡᠷᠡᠭ᠌ᠯᠡᠭ᠌ᠴᠢᠳ᠎ᠤᠨ ᠬᠡᠷᠡᠭ᠌ᠴᠡᠭᠡ᠎ᠶ᠋ᠢ ᠦᠨᠳᠦᠰᠦᠯᠡᠨ ᠪᠣᠭᠤᠳᠠᠯᠯᠠᠬᠤ ᠦᠢᠯᠡᠴᠢᠯᠡᠭᠡ ᠬᠠᠩᠭᠠᠬᠤ᠎ᠶ᠋ᠢ ᠰᠠᠨᠠᠭᠠᠴᠢᠯᠠᠭ᠎ᠠ᠎ᠠᠴᠠ᠎ᠪᠠᠨ ᠰᠠᠨᠠᠭᠤᠯᠵᠤ ᠪᠣᠯᠤᠨ᠎ᠠ᠃

  ᠠᠷᠪᠠᠨ ᠳᠥᠷᠪᠡᠳᠦᠭᠡᠷ ᠵᠤᠷᠪᠤᠰ᠂ ᠪᠦᠯᠬᠦᠮ ᠨᠡᠢᠲᠡ᠎ᠶ᠋ᠢᠨ ᠬᠣᠭᠣᠯᠠ ᠂ ᠳᠠᠢᠯᠠᠯᠭ᠎ᠠ ᠎ᠶ᠋ᠢᠨ ᠦᠢᠯᠡᠴᠢᠯᠡᠭᠡ ᠬᠠᠩᠭᠠᠬᠤ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠨᠢ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠰᠡᠷᠭᠡᠢᠯᠡᠬᠦ᠌ ᠣᠨᠣᠯᠵᠢᠬᠤᠨ ᠶᠣᠰᠣᠭᠠᠷ ᠱᠢᠨᠵᠢᠯᠡᠬᠦ᠌ ᠤᠬᠠᠭᠠᠨᠴᠢ᠎ᠪᠠᠷ ᠲᠣᠪᠶᠤᠭ᠎ᠢ ᠵᠢᠷᠤᠵᠤ ᠲᠥᠯᠥᠪᠯᠡᠵᠦ᠍ ᠂ ᠬᠣᠭᠣᠯᠠ ᠬᠡᠷᠡᠭ᠌ᠯᠡᠬᠦ᠌ ᠶᠠᠪᠤᠴᠠ ᠪᠠ ᠬᠣᠭᠣᠯᠠᠨ ᠲᠠᠪᠴᠠᠩ᠎ᠤᠨ ᠲᠣᠭ᠎ᠠ ᠬᠡᠮᠵᠢᠶ᠎ᠡ᠎ᠶ᠋ᠢ ᠵᠦᠢ ᠵᠣᠬᠢᠰᠲᠠᠶ ᠲᠣᠬᠢᠷᠠᠭᠤᠯᠤᠨ ᠂ ᠬᠡᠷᠡᠭ᠌ᠯᠡᠭ᠌ᠴᠢᠳ ᠎ᠢ ᠬᠥᠲᠥᠯᠥᠨ ᠵᠢᠯᠣᠭᠣᠳᠴᠤ᠌ ᠪᠠᠢᠭᠠᠳ ᠬᠣᠭᠣᠯᠠ ᠢᠳᠡᠬᠦ᠌ ᠬᠥᠮᠦᠨ᠎ᠦ ᠲᠣᠭ᠎ᠠ ᠵᠡᠷᠭᠡ ᠬᠦᠴᠦᠨ ᠵᠦᠢᠯ ᠎ᠢ ᠦᠨᠳᠦᠰᠦᠯᠡᠨ ᠵᠦᠢ ᠵᠣᠬᠢᠰᠲᠠᠶ ᠬᠣᠭᠣᠯᠠ ᠵᠠᠬᠢᠶᠠᠯᠠᠵᠤ ᠂ ᠬᠡᠷᠡᠭ᠌ᠯᠡᠭ᠌ᠴᠢᠳ ᠎ᠢ ᠬᠥᠲᠥᠯᠥᠨ ᠵᠢᠯᠣᠭᠣᠳᠴᠤ᠌ ᠪᠠᠢᠭᠠᠳ ᠳᠠᠢᠯᠠᠯᠭ᠎ᠠ᠎ᠶ᠋ᠢᠨ ᠢᠵᠢ ᠬᠣᠭᠣᠯᠠ ᠵᠠᠭᠤᠱᠢᠨ᠎ᠤ ᠵᠦᠢᠯ᠎ᠢ ᠵᠦᠢ ᠵᠣᠬᠢᠰᠲᠠᠶ ᠲᠣᠬᠢᠷᠠᠭᠤᠯᠬᠤ᠎ᠶ᠋ᠢᠨ ᠬᠠᠮᠲᠤ ᠬᠣᠶᠠᠷ ᠲᠠᠯ᠎ᠠ ᠎ᠪᠠᠷ ᠎ᠢᠶᠠᠨ ᠵᠥᠪᠳᠡᠯᠴᠡᠨ ᠱᠢᠶ᠋ᠳᠪᠦᠷᠢᠯᠡᠬᠦ᠌ ᠲᠥᠰᠦᠯ ᠎ᠢ ᠵᠥᠪᠳᠡᠵᠦ᠍ ᠭᠠᠷᠭᠠᠨ᠎ᠠ ᠃

  ᠥᠪᠡᠰᠦᠪᠡᠨ ᠦᠢᠯᠡᠴᠢᠯᠡᠬᠦ᠌ ᠢᠳᠡᠭᠡᠨ ᠤᠮᠳᠠᠭᠠᠨ᠎ᠤ ᠦᠢᠯᠡᠴᠢᠯᠡᠭᠡ ᠬᠠᠩᠭᠠᠵᠤ ᠪᠠᠢᠭ᠎ᠠ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ ᠬᠡᠷᠡᠭ᠌ᠯᠡᠭᠡᠨ᠎ᠤ ᠳᠦᠷᠢᠮ ᠪᠠ ᠢᠳᠡᠭᠡᠨ᠎ᠤ ᠪᠦᠷᠢᠯᠭᠡᠨ ᠰᠦᠢᠳᠭᠡᠬᠦ᠌᠎ᠶ᠋ᠢ ᠰᠡᠷᠭᠡᠢᠯᠡᠬᠦ᠌ ᠱᠠᠭᠠᠷᠳᠠᠯᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠮᠡᠳᠡᠭ᠌ᠳᠡᠵᠦ᠍᠂ ᠬᠤᠭᠤᠯᠠ ᠪᠡᠯᠡᠳᠭᠡᠬᠦ᠌ ᠦᠨᠡᠯᠡᠨ ᠵᠢᠱ᠌ᠢᠬᠦ᠌ ᠪᠠ ᠬᠤᠭᠤᠯᠠ ᠬᠠᠩᠭᠠᠬᠤ ᠲᠣᠭᠤᠷᠢᠨ ᠪᠠᠢᠴᠠᠭᠠᠬᠤ ᠳᠦᠷᠢᠮ᠎ᠢ ᠪᠠᠢᠭᠤᠯᠵᠤ᠂ ᠬᠤᠭᠤᠯᠠ ᠠᠪᠬᠤ ᠭᠠᠵᠠᠷ ᠪᠠ ᠬᠤᠭᠤᠯᠠᠯᠠᠬᠤ᠎ᠶ᠋ᠢ ᠢᠯᠭᠠᠬᠤ᠎ᠳᠤ ᠢᠳᠡᠭᠡᠨ᠎ᠤ ᠪᠦᠷᠢᠯᠭᠡᠬᠦ᠌ ᠲᠡᠮᠳᠡᠭ᠎ᠢ ᠨᠠᠭᠠᠬᠤ ᠪᠤᠶᠤ ᠲᠠᠯᠪᠢᠵᠤ᠂ ᠠᠳᠠᠯᠢ ᠪᠤᠰᠤ ᠪᠠᠷᠢᠮᠵᠢᠶ᠎ᠠ ᠲᠠᠢ ᠬᠤᠭᠤᠯᠠᠨ᠎ᠤ ᠰᠠᠪᠠ ᠬᠡᠷᠡᠭ᠌ᠰᠡᠯ᠎ᠢ ᠬᠠᠩᠭᠠᠵᠤ᠂ ᠬᠡᠷᠡᠭ᠌ᠯᠡᠭ᠌ᠴᠢᠳ᠎ᠲᠤ ᠬᠡᠷᠡᠭ᠌ᠴᠡᠭᠡᠨ᠎ᠦ ᠬᠢᠨ ᠬᠢᠷᠢ ᠎ᠪᠡᠷ᠂ ᠵᠣᠬᠢᠰᠲᠠᠶ᠂ ᠣᠯᠠᠨ ᠤᠳᠠᠭ᠎ᠠ ᠬᠤᠭᠤᠯᠠ ᠠᠪᠬᠤ᠎ᠶ᠋ᠢ ᠰᠠᠨᠠᠭᠤᠯᠵᠤ᠂ ᠣᠨᠴᠠᠭᠠᠢ ᠢᠳᠡᠭᠡᠨ᠎ᠦ ᠱᠠᠭᠠᠷᠳᠠᠯᠭ᠎ᠠ᠎ᠲᠠᠢ ᠢᠳᠡᠭᠡᠨ᠎ᠳᠤ ᠲᠣᠳᠣᠷᠬᠠᠢᠯᠠᠯᠲᠠ ᠬᠢᠬᠦ᠌ ᠬᠡᠷᠡᠭ᠌ᠲᠡᠶ᠃

  ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠢᠳᠡᠭᠡᠨ ᠤᠮᠳᠠᠭᠠᠨ᠎ᠤ ᠭᠠᠳᠠᠭ᠍ᠰᠢ ᠬᠤᠳᠠᠯᠳᠤᠬᠤ ᠲᠠᠪᠴᠠᠩ ᠪᠤᠶᠤ ᠥᠪᠡᠷ᠎ᠤᠨ ᠭᠠᠳᠠᠭ᠍ᠰᠢ ᠬᠤᠳᠠᠯᠳᠤᠬᠤ ᠮᠡᠳᠡᠭᠡ ᠵᠠᠩᠭᠢ ᠎ᠶ᠋ᠢᠨ ᠱᠢᠰᠲ᠋ᠧᠮ᠎ᠢᠶᠡᠷ ᠳᠠᠮᠵᠢᠭᠤᠯᠤᠨ ᠦᠢᠯᠡᠴᠢᠯᠡᠭᠡ                ᠬᠠᠩᠭᠠᠭ᠍ᠰᠠᠨ ᠪᠣᠯ ᠂ ᠢᠳᠡᠭᠡᠨ ᠤᠮᠳᠠᠭᠠᠨ᠎ᠢ ᠭᠦᠶᠦᠯᠭᠡᠨ ᠦᠵᠡᠬᠦ᠌ ᠬᠠᠭᠤᠳᠠᠰᠤᠨ᠎ᠳᠤ ᠢᠳᠡᠭᠡᠨ᠎ᠦ ᠬᠤᠪᠢ᠎ᠶ᠋ᠢᠨ ᠬᠡᠮᠵᠢᠶ᠎ᠡ ᠂ ᠬᠡᠪ ᠪᠠᠷᠢᠮᠵᠢᠶ᠎ᠠ ᠪᠤᠶᠤ ᠬᠡᠷᠡᠭ᠌ᠯᠡᠭᠡ ᠬᠢᠬᠦ᠌᠎ᠶ᠋ᠢ ᠰᠠᠨᠠᠭᠤᠯᠬᠤ ᠬᠥᠮᠦᠨ᠎ᠦ ᠲᠣᠭ᠎ᠠ ᠵᠡᠷᠭᠡ ᠮᠡᠳᠡᠭᠡ ᠵᠠᠩᠭᠢ ᠲᠣᠳᠣᠷᠬᠠᠢᠯᠠᠵᠤ ᠂ ᠬᠡᠷᠡᠭ᠌ᠯᠡᠭ᠌ᠴᠢᠳ ᠎ᠢ ᠰᠠᠨᠠᠭᠠᠴᠢᠯᠠᠭ᠎ᠠ᠎ᠠᠴᠠ᠎ᠪᠠᠨ ᠰᠠᠨᠠᠭᠤᠯᠵᠤ ᠬᠥᠲᠥᠯᠥᠨ ᠵᠢᠯᠣᠭᠣᠳᠴᠤ᠌ ᠪᠠᠢᠭᠠᠳ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠰᠡᠷᠭᠡᠢᠯᠡᠬᠦ᠌ ᠬᠡᠷᠡᠭ᠌ᠲᠡᠶ ᠃

  ᠠᠷᠪᠠᠨ ᠲᠠᠪᠤᠳᠤᠭᠠᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡ ᠡᠵᠡᠩᠨᠡᠭ᠌ᠴᠢ ᠲᠣᠭᠤᠭᠠᠨ ᠭᠡᠷ᠎ᠤᠨ ᠬᠤᠭ ᠨᠣᠪᠰᠢ᠎ᠶ᠋ᠢᠨ ᠡᠬᠢ ᠡᠭᠦᠰᠦᠯ᠎ᠤᠨ ᠬᠡᠮᠵᠢᠶ᠎ᠡ᠎ᠶ᠋ᠢ ᠪᠠᠭᠠᠰᠭᠠᠬᠤ ᠡᠭᠦᠷᠭᠡ᠎ᠪᠠᠨ ᠬᠠᠤᠯᠢ ᠶᠣᠰᠣᠭᠠᠷ ᠭᠦᠢᠴᠡᠳᠭᠡᠵᠦ᠍᠂ ᠢᠳᠡᠭᠡᠨ᠎ᠤ ᠮᠠᠲ᠋ᠧᠷᠢᠶᠠᠯ᠎ᠤᠨ ᠬᠠᠮᠢᠶᠠᠷᠤᠯᠲᠠ᠎ᠶ᠋ᠢ ᠲᠡᠭᠦᠯᠳᠡᠷᠵᠢᠭᠦᠯᠬᠦ᠂ ᠬᠤᠭᠤᠯᠠ ᠬᠢᠬᠦ᠌ ᠮᠡᠷᠭᠡᠵᠢᠯ᠎ᠢ ᠰᠠᠢᠵᠢᠷᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠲᠣᠭᠤᠭᠠᠨ ᠭᠡᠷ᠎ᠤᠨ  ᠦᠯᠡᠳᠡᠭ᠌ᠰᠡᠨ ᠬᠤᠭ ᠨᠣᠪᠰᠢ᠎ᠶ᠋ᠢ ᠪᠠᠭᠠᠰᠭᠠᠬᠤ ᠬᠡᠷᠡᠭ᠌ᠲᠡᠶ᠃

  ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠡᠵᠡᠩᠨᠡᠭ᠌ᠴᠢ ᠲᠣᠭᠤᠭᠠᠨ ᠭᠡᠷ᠎ᠤᠨ ᠦᠯᠡᠳᠡᠭ᠌ᠰᠡᠨ ᠬᠤᠭ ᠨᠣᠪᠰᠢ᠎ᠶ᠋ᠢ ᠳᠤᠷ᠎ᠠ᠎ᠪᠠᠷ᠎ᠢᠶᠠᠨ ᠱᠢᠢᠳᠪᠦᠷᠢᠯᠡᠵᠦ᠍ ᠪᠣᠯᠬᠤ ᠦᠭᠡᠢ᠂ ᠲᠣᠭ᠍ᠲᠠᠭᠠᠯ ᠶᠣᠰᠣᠭᠠᠷ ᠨᠥᠬᠦᠴᠡᠯ ᠪᠦᠷᠢᠯᠳᠦᠭᠦᠯᠦᠭ᠌ᠰᠡᠨ ᠠᠵᠤ ᠠᠬᠤᠢᠯᠠᠯ᠎ᠠᠴᠠ ᠡᠬᠢ ᠪᠠᠶᠠᠯᠢᠭ᠍ᠵᠢᠭᠤᠯᠤᠨ ᠠᠱᠢᠭ᠍ᠯᠠᠬᠤ ᠬᠡᠷᠡᠭ᠌ᠲᠡᠢ᠃

  ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠲᠣᠭᠣᠭᠠᠨ ᠭᠡᠷ᠎ᠦᠨ ᠦᠯᠡᠳᠡᠭ᠌ᠰᠡᠨ ᠬᠣᠭ ᠨᠣᠪᠰᠢ᠎ᠶ᠋ᠢ ᠢᠯᠡ ᠲᠣᠳᠣ ᠬᠤᠷᠢᠶᠠᠨ ᠠᠪᠴᠤ᠌ ᠱᠢᠶ᠋ᠳᠪᠦᠷᠢᠯᠡᠬᠦ᠌ ᠵᠣᠬᠢᠴᠠᠩᠭᠤᠶ ᠪᠦᠬᠦᠢ ᠵᠠᠷᠤᠳᠠᠯ᠎ᠢ ᠰᠦᠢᠳᠭᠡᠯ ᠬᠤᠷᠢᠶᠠᠬᠤ ᠪᠠᠷᠢᠮᠵᠢᠶ᠎ᠠ᠎ᠶ᠋ᠢ ᠡᠵᠡᠩᠨᠡᠯᠲᠡ᠎ᠶ᠋ᠢᠨ ᠭᠠᠵᠠᠷ᠎ᠤᠨ ᠢᠯᠡᠷᠬᠡᠶ ᠣᠷᠣᠨ ᠪᠠᠢᠷᠢ᠎ᠳᠤ ᠨᠡᠢᠲᠡᠯᠡᠬᠦ᠌ ᠬᠡᠷᠡᠭ᠌ᠲᠡᠶ᠃

  ᠠᠷᠪᠠᠨ ᠵᠢᠷᠭᠤᠳᠤᠭᠠᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠬᠠᠮᠤᠭ᠎ᠤᠨ ᠳᠣᠤᠷ᠎ᠠ ᠬᠡᠷᠡᠭ᠌ᠯᠡᠭᠡ ᠲᠣᠬᠢᠷᠠᠭᠤᠯᠬᠤ᠎ᠶ᠋ᠢ ᠴᠠᠭᠠᠵᠠᠯᠠᠨ᠎ᠠ᠃

  ᠠᠷᠪᠠᠨ ᠳᠣᠯᠣᠳᠤᠭᠠᠷ ᠵᠤᠷᠪᠤᠰ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠬᠤᠳᠠᠯᠳᠤᠨ ᠠᠪᠤᠭ᠍ᠴᠢ᠎ᠶ᠋ᠢᠨ ᠵᠠᠭᠠᠯᠳᠤᠬᠤ ᠳᠦᠷᠢᠮ ᠎ᠢ ᠪᠠᠢᠭᠤᠯᠤᠨ ᠪᠦᠷᠢᠨᠱᠢᠭᠦᠯᠵᠦ᠍ ᠂ ᠬᠡᠷᠡᠭ᠌ᠯᠡᠭ᠌ᠴᠢᠳ᠎ᠦᠨ ᠵᠠᠭᠠᠯᠳᠤᠯᠭ᠎ᠠ᠎ᠶ᠋ᠢ ᠴᠠᠭ ᠲᠤᠬᠠᠶ᠎ᠳᠤ ᠨᠢ ᠱᠢᠶ᠋ᠳᠪᠦᠷᠢᠯᠡᠬᠦ᠌᠎ᠶ᠋ᠢᠨ ᠬᠠᠮᠲᠤ ᠵᠠᠭᠠᠯᠳᠤᠭ᠍ᠴᠢ᠎ᠳᠤ ᠱᠢᠶ᠋ᠳᠪᠦᠷᠢᠯᠡᠭ᠌ᠰᠡᠨ ᠦᠷ᠎ᠡ ᠳ᠋ᠦᠩ᠎ᠢᠶᠡᠨ ᠬᠠᠷᠢᠭᠤ ᠲᠤᠰᠭᠠᠬᠤ ᠬᠡᠷᠡᠭ᠌ᠲᠡᠶ ᠃

  ᠠᠷᠪᠠᠨ ᠨᠠᠶ᠋ᠮᠠᠳᠤᠭᠠᠷ ᠵᠤᠷᠪᠤᠰ᠂ ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠳᠡᠭᠡᠨ ᠤᠮᠳᠠᠭᠠᠨ᠎ᠤ ᠦᠢᠯᠡᠰ᠎ᠦᠨ ᠬᠢᠨᠠᠨ ᠬᠡᠮᠵᠢᠵᠦ᠍ ᠵᠠᠳᠠᠯᠤᠯᠲᠠ ᠬᠢᠬᠦ᠌᠎ᠶ᠋ᠢ ᠴᠢᠩᠭᠠᠳᠭᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠵᠢᠯᠴᠠᠬᠤ ᠪᠤᠶᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠶ᠋ᠢᠨ ᠬᠤᠪᠢᠶᠠᠷᠢᠯᠠᠯ᠎ᠢ ᠦᠨᠳᠦᠰᠦᠯᠡᠨ ᠢᠳᠡᠭᠡᠨ ᠤᠮᠳᠠᠭᠠᠨ᠎ᠤ ᠦᠢᠯᠡᠰ᠎ᠦᠨ ᠠᠶᠤᠯ ᠦᠭᠡᠶ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠵᠦ᠍᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠢᠳᠡᠭᠡᠨ ᠤᠮᠳᠠᠭᠠᠨ᠎ᠤ ᠦᠢᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠢᠳᠡᠭᠡᠨ ᠤᠮᠳᠠᠭᠠᠨ᠎ᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠠᠪᠴᠠᠩ᠎ᠢ ᠪᠠᠢᠭᠤᠯᠤᠨ ᠪᠣᠢᠵᠢᠭᠤᠯᠵᠤ ᠪᠣᠯᠤᠨ᠎ᠠ᠃

  ᠠᠷᠪᠠ ᠶᠢᠰᠦᠳᠦᠭᠡᠷ ᠵᠤᠷᠪᠤᠰ᠂ ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠭ᠎ᠠ ᠬᠡᠮᠵᠢᠶ᠎ᠡ ᠠᠪᠴᠤ᠌ ᠪᠠᠢᠭᠠᠳ ᠣᠷᠣᠨ ᠨᠤᠲᠤᠭ᠎ᠤᠨ ᠣᠨᠴᠠᠯᠢᠭ ᠪᠦᠬᠦᠢ ᠢᠳᠡᠭᠡᠨ ᠤᠮᠳᠠᠭᠠᠨ᠎ᠢ ᠬᠥᠭ᠌ᠵᠢᠭᠦᠯᠦᠨ ᠪᠣᠢᠵᠢᠭᠤᠯᠵᠤ᠂ ᠣᠷᠣᠨ ᠨᠤᠲᠤᠭ᠎ᠤᠨ ᠣᠨᠴᠠᠯᠢᠭ ᠪᠦᠬᠦᠢ ᠢᠳᠡᠭᠡᠨ ᠤᠮᠳᠠᠭᠠᠨ᠎ᠢ ᠤᠬᠠᠭᠤᠯᠤᠨ ᠳᠡᠯᠭᠡᠷᠡᠭᠦᠯᠬᠦ᠌᠎ᠪᠡᠨ ᠴᠢᠩᠭᠠᠳᠭᠠᠬᠤ ᠬᠡᠷᠡᠭ᠌ᠲᠡᠶ᠃

  ᠬᠣᠷᠢᠳᠤᠭᠠᠷ ᠵᠤᠷᠪᠤᠰ᠂ ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ᠎ᠶ᠋ᠢᠨ ᠦᠢᠯᠡᠳᠪᠦᠷᠢᠯᠡᠵᠦ᠍ ᠡᠵᠡᠩᠨᠡᠬᠦ᠌ ᠶᠠᠪᠤᠴᠠ᠎ᠳᠤ ᠢᠳᠡᠭᠡᠨ ᠎ᠢ ᠬᠦᠨᠳᠦ ᠨᠣᠴᠢᠲᠠᠶ ᠪᠦᠷᠢᠯᠭᠡᠨ ᠰᠦᠢᠳᠭᠡᠬᠦ᠌᠎ᠶ᠋ᠢ ᠣᠯᠵᠤ ᠮᠡᠳᠡᠪᠡᠯ ᠂ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ ᠪᠤᠶᠤ ᠭᠣᠤᠯ ᠬᠠᠷᠢᠭᠤᠴᠠᠯᠭᠠᠲᠠᠨ᠎ᠲᠠᠶ ᠪᠣᠯᠵᠣᠨ ᠶᠠᠷᠢᠯᠴᠠᠵᠤ ᠪᠣᠯᠤᠨ᠎ᠠ᠃ ᠪᠣᠯᠵᠣᠨ ᠶᠠᠷᠢᠯᠴᠠᠭ᠍ᠳᠠᠭ᠍ᠰᠠᠨ ᠬᠣᠭᠣᠯᠠ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠳᠠᠷᠤᠢᠬᠠᠨ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ᠃

  ᠬᠣᠷᠢᠨ ᠨᠢᠭᠡᠳᠦᠭᠡᠷ ᠵᠤᠷᠪᠤᠰ᠂ ᠲᠤᠰ ᠠᠷᠭ᠎ᠠ᠎ᠶ᠋ᠢ ᠵᠥᠷᠢᠴᠡᠭ᠌ᠰᠡᠨ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠡᠵᠡᠩᠨᠡᠭ᠌ᠴᠢ ᠬᠡᠷᠡᠭ᠌ᠯᠡᠭ᠌ᠴᠢᠳ᠎ᠢ ᠰᠠᠨᠠᠭᠠᠴᠢᠯᠠᠭ᠎ᠠ᠎ᠠᠴᠠ᠎ᠪᠠᠨ ᠢᠳᠡᠭᠡᠨ᠎ᠦ ᠪᠦᠷᠢᠯᠭᠡᠨ ᠰᠦᠢᠳᠭᠡᠬᠦ᠌᠎ᠡᠴᠡ ᠰᠡᠷᠭᠡᠢᠯᠡᠬᠦ᠌ ᠰᠠᠨᠠᠭᠤᠯᠤᠮᠵᠢ ᠥᠭ᠌ᠭᠦᠭ᠌ᠰᠡᠨ ᠦᠭᠡᠶ᠂ ᠬᠡᠷᠡᠭ᠌ᠯᠡᠭ᠌ᠴᠢᠳ ᠎ᠢ ᠳᠠᠭᠠᠭᠤᠯᠵᠤ ᠂ ᠪᠤᠷᠤᠭᠤ᠎ᠪᠠᠷ ᠬᠥᠲᠦᠯᠦᠨ ᠬᠣᠭᠣᠯᠠ ᠢᠳᠡᠭᠦᠯᠦᠭ᠌ᠰᠡᠨ ᠨᠢ ᠢᠯᠡᠳᠲᠡ ᠪᠦᠷᠢᠯᠭᠡᠨ ᠰᠦᠢᠳᠭᠡᠭ᠌ᠰᠡᠨ ᠪᠠᠢᠪᠠᠯ ᠂ ᠢᠳᠡᠭᠡᠨ᠎ᠦ ᠦᠢᠯᠡᠳᠪᠦᠷᠢᠯᠡᠯ ᠡᠵᠡᠩᠨᠡᠯᠲᠡ᠎ᠶ᠋ᠢᠨ ᠶᠠᠪᠤᠴᠠ᠎ᠳᠤ ᠬᠦᠨᠳᠦ ᠨᠣᠴᠢᠲᠠᠶ ᠢᠳᠡᠭᠡᠨ᠎ᠦ ᠪᠦᠷᠢᠯᠭᠡᠨ ᠰᠦᠢᠳᠭᠡᠭ᠌ᠰᠡᠨ ᠪᠠᠢᠪᠠᠯ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠦ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠬᠠᠤᠯᠢ 》 ᠎ᠶ᠋ᠢᠨ ᠬᠣᠷᠢᠨ ᠨᠠᠶ᠋ᠮᠠᠳᠤᠭᠠᠷ ᠵᠤᠷᠪᠤᠰ᠎ᠦᠨ ᠲᠣᠭ᠍ᠲᠠᠭᠠᠯ ᠶᠣᠰᠣᠭᠠᠷ ᠱᠢᠢᠳᠭᠡᠨ                    ᠲᠣᠷᠭᠠᠨ᠎ᠠ ᠃

  ᠬᠣᠷᠢᠨ ᠬᠣᠶᠠᠳᠤᠭᠠᠷ ᠵᠤᠷᠪᠤᠰ᠂ ᠬᠤᠳᠠᠯᠳᠤᠭᠠᠨ᠎ᠤ ᠶᠠᠪᠤᠳᠠᠯ᠂ ᠬᠥᠭ᠌ᠵᠢᠭᠦᠯᠦᠯᠲᠡ ᠥᠭᠡᠷᠡᠴᠢᠯᠡᠯᠲᠡ ᠵᠡᠷᠭᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠠᠵᠢᠯᠲᠠᠨ ᠠᠵᠢᠯ᠎ᠤᠨ ᠳᠤᠮᠳᠠ᠎ᠪᠠᠨ ᠡᠷᠬᠡ ᠲᠤᠱᠢᠶᠠᠯ᠎ᠢᠶᠠᠨ ᠳᠤᠷ᠎ᠠ᠎ᠪᠠᠷ ᠬᠡᠷᠡᠭ᠌ᠯᠡᠵᠦ᠍᠂ ᠭᠤᠶᠠᠴᠢᠯᠠᠨ ᠬᠠᠤᠯᠢ ᠶᠣᠰᠣ᠎ᠶ᠋ᠢ ᠵᠥᠷᠢᠴᠡᠭ᠌ᠰᠡᠨ ᠪᠣᠯ ᠬᠠᠷᠢᠭᠤᠴᠠᠯᠭ᠎ᠠ ᠡᠭᠦᠷᠭᠡᠯᠡᠵᠦ᠍ ᠪᠦᠬᠦᠢ ᠤᠳᠤᠷᠢᠳᠭᠤ ᠬᠥᠮᠦᠰ ᠪᠠ ᠱᠢᠭᠤᠳ ᠬᠠᠷᠢᠭᠤᠴᠠᠯᠭ᠎ᠠ ᠡᠭᠦᠷᠭᠡᠯᠡᠵᠦ᠍ ᠪᠦᠬᠦᠢ ᠬᠥᠮᠦᠰ᠎ᠲᠦ ᠬᠠᠤᠯᠢ ᠶᠣᠰᠣᠭᠠᠷ ᠱᠢᠢᠳᠭᠡᠯ ᠣᠯᠭᠣᠨ᠎ᠠ; ᠶᠠᠯ᠎ᠠ᠎ᠳᠤ ᠬᠦᠷᠦᠭ᠌ᠰᠡᠨ ᠪᠣᠯ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃

  ᠬᠣᠷᠢᠨ ᠭᠤᠷᠪᠠᠳᠤᠭᠠᠷ ᠵᠤᠷᠪᠤᠰ᠂ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠠᠷᠭ᠎ᠠ᠎ᠶ᠋ᠢ ᠦᠨᠳᠦᠰᠦᠯᠡᠨ ᠂ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷᠠᠬᠢ ᠢᠳᠡᠭᠡᠨ ᠤᠮᠳᠠᠭᠠᠨ᠎ᠤ ᠦᠢᠯᠡᠰ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠵᠤ ᠂ ᠠᠳᠠᠯᠢ ᠱᠠᠲᠤᠨ᠎ᠤ ᠬᠥᠭ᠌ᠵᠢᠭᠦᠯᠦᠯᠲᠡ ᠥᠭᠡᠷᠡᠴᠢᠯᠡᠯᠲᠡ ᠵᠡᠷᠭᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠡᠶ ᠬᠠᠮᠲᠤᠷᠠᠨ ᠬᠣᠯᠪᠣᠭ᠍ᠳᠠᠯ ᠪᠦᠬᠦᠢ ᠬᠡᠷᠡᠭ᠌ᠵᠢᠭᠦᠯᠬᠦ᠌ ᠨᠠᠷᠢᠨ ᠳᠦᠷᠢᠮ ᠎ᠢ ᠲᠣᠭ᠍ᠲᠠᠭᠠᠨ᠎ᠠ ᠃

  ᠬᠣᠷᠢᠨ ᠳᠥᠷᠪᠡᠳᠦᠭᠡᠷ ᠵᠤᠷᠪᠤᠰ᠂ ᠲᠤᠰ ᠠᠷᠭ᠎ᠠ᠎ᠳᠤ ᠲᠣᠭ᠍ᠲᠠᠭᠠᠭ᠍ᠰᠠᠨ ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠠᠤᠯᠢ ᠬᠡᠷᠡᠭ᠌ᠵᠢᠭᠦᠯᠬᠦ᠌ ᠡᠭᠦᠷᠭᠡ ᠬᠠᠷᠢᠭᠤᠴᠠᠯᠭ᠎ᠠ᠎ᠳᠤ ᠲᠣᠬᠢᠷᠠᠭᠤᠯᠤᠯᠲᠠ ᠬᠢᠭ᠌ᠰᠡᠨ ᠪᠠᠢᠪᠠᠯ ᠂ ᠲᠤᠰ ᠬᠠᠮᠢᠶ᠎ᠠ ᠪᠦᠬᠦᠢ ᠬᠠᠤᠯᠢ ᠬᠡᠷᠡᠭ᠌ᠵᠢᠭᠦᠯᠬᠦ᠌ ᠡᠭᠦᠷᠭᠡ ᠬᠠᠷᠢᠭᠤᠴᠠᠯᠭ᠎ᠠ᠎ᠶ᠋ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠍ᠲᠠᠭᠠᠭ᠍ᠰᠠᠨ ᠰᠠᠯᠠᠭ᠎ᠠ ᠮᠥᠴᠢᠷ᠎ᠡᠴᠡ ᠬᠡᠷᠡᠭ᠌ᠵᠢᠭᠦᠯᠦᠨ᠎ᠡ ᠃

  ᠬᠤᠷᠢᠨ ᠲᠠᠪᠤᠳᠤᠭᠠᠷ ᠵᠤᠷᠪᠤᠰ᠂ ᠲᠣᠰ ᠠᠷᠭ᠎ᠠ᠎ᠶ᠋ᠢ 2025 ᠣᠨ᠎ᠤ 6 ᠳ᠋ᠤᠭᠠᠷ ᠰᠠᠷ᠎ᠠ᠎ᠶ᠋ᠢᠨ 15 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠦᠨ ᠵᠠᠷᠯᠢᠭ 2014 ᠣᠨ᠎ᠤ 4 ᠳ᠋ᠤᠭᠡᠷ ᠲᠣᠭᠠᠲᠤ《ᠢᠳᠡᠭᠡᠨ ᠤᠮᠳᠠᠭᠠᠨ᠎ᠤ ᠦᠢᠯᠡᠰ᠎ᠦᠨ ᠡᠵᠡᠩᠨᠡᠯᠲᠡ ᠬᠠᠮᠢᠶᠠᠷᠤᠯᠲᠠ᠎ᠶ᠋ᠢᠨ ᠠᠷᠭ᠎ᠠ ( ᠲᠤᠷᠱᠢᠨ ᠬᠡᠷᠡᠭ᠌ᠵᠢᠭᠦᠯᠬᠦ᠌ ) 》 ᠎ᠶ᠋ᠢ ᠬᠠᠮᠲᠤ᠎ᠳᠤ ᠨᠢ ᠬᠦᠴᠦᠨ ᠦᠭᠡᠶ ᠪᠣᠯᠭᠠᠨ᠎ᠠ 

ᠢᠷᠡᠯᠲᠡ᠄ ᠦᠢᠯᠡᠴᠢᠯᠡᠭᠡᠨ᠎ᠦ ᠠᠷᠠᠯᠵᠢᠶᠠᠨ᠎ᠤ ᠵᠤᠷᠭᠠᠨ
          
ᠬᠠᠮᠢᠶ᠎ᠡ ᠪᠦᠬᠦᠢ ᠰᠣᠨᠢᠨ
 
            