ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠂ ᠰᠤᠷᠭᠠᠨ ᠬᠥᠮᠥᠵᠢᠯ᠎ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠂ ᠭᠠᠢᠯᠢ᠎ᠶ᠋ᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠂ ᠤᠯᠤᠰ᠎ᠤᠨ ᠳ᠋ᠠᠢᠲ᠋ᠠ ᠶ᠋ᠢᠨ ᠲᠣᠪᠴᠢᠶ᠎ᠠ ᠵᠡᠷᠭᠡ 8 ᠰᠠᠯᠠᠭ᠎ᠠ ᠮᠥᠴᠢᠷ ᠬᠠᠮᠲᠤᠷᠠᠨ 《ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠲᠦᠷᠭᠡᠳᠭᠡᠬᠦ᠌ ᠲᠤᠰᠭᠠᠢ ᠠᠵᠢᠯᠯᠠᠭᠠᠨ᠎ᠤ ᠲᠥᠯᠥᠪᠯᠡᠭᠡ》 ( ᠳᠣᠷᠣᠭ᠍ᠰᠢ 《ᠠᠵᠢᠯᠯᠠᠭᠠᠨ᠎ᠤ ᠲᠥᠯᠥᠪᠯᠡᠭᠡ》 ᠭᠡᠵᠦ᠍ ᠲᠣᠪᠴᠢᠯᠠᠨ᠎ᠠ ) ᠶ᠋ᠢ ᠳᠠᠷᠤᠮᠠᠯᠯᠠᠨ ᠲᠠᠷᠬᠠᠭᠠᠪᠠ᠃ ᠬᠤᠳᠠᠯᠳᠤᠭᠠᠨ᠎ᠤ᠋ ᠶᠠᠪᠤᠳᠠᠯ᠎ᠤ᠋ᠨ ᠶᠠᠮᠤᠨ᠎ᠤ᠋ ᠭᠦᠢᠯᠭᠡᠭᠡᠨ᠎ᠦ᠌ ᠬᠥᠭ᠌ᠵᠢᠭᠦᠯᠦᠯᠲᠡ᠎ᠶᠢᠨ ᠵᠤᠷᠭᠠᠨᠤ᠋ ᠬᠠᠷᠢᠭᠤᠴᠠᠯᠭᠠᠲᠠᠨ 《ᠠᠵᠢᠯᠯᠠᠭᠠᠨ᠎ᠤ ᠲᠥᠯᠥᠪᠯᠡᠭᠡ》 ᠶᠢᠨ ᠲᠤᠬᠠᠢ ᠲᠠᠢᠯᠪᠤᠷᠢᠯᠠᠯᠲᠠ ᠬᠢᠪᠡ᠃
ᠨᠢᠭᠡ᠂ 《ᠠᠵᠢᠯᠯᠠᠭᠠᠨ᠎ᠤ ᠲᠥᠯᠥᠪᠯᠡᠭᠡ》 ᠶ᠋ᠢ ᠨᠡᠢᠲᠡᠯᠡᠭ᠌ᠰᠡᠨ ᠠᠬᠤᠶ ᠪᠠᠢᠳᠠᠯ
ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠣᠲᠣ ᠦᠶ᠎ᠡ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭ᠌ᠴᠦ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠲᠠᠢ ᠨᠢᠭ᠍ᠲᠠ ᠤᠶᠠᠯᠳᠤᠭᠤᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠪᠡᠶ᠎ᠡ᠎ᠪᠠᠨ ᠳᠠᠭᠠᠭᠠᠵᠤ ᠡᠵᠡᠮᠳᠡᠵᠦ᠍ ᠪᠣᠯᠬᠤ᠂ ᠠᠮᠤᠷ ᠲᠦᠪᠱᠢᠨ ᠥᠨᠳᠥᠷ ᠪᠦᠲᠦᠮᠵᠢᠲᠡᠢ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠬᠦᠴᠦᠯᠡᠨ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ᠂ 《ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠪᠠ ᠠᠮᠤᠷ ᠲᠦᠪᠱᠢᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠳᠦᠷᠢᠮ》᠎ᠢ ᠲᠡᠭᠦᠯᠳᠡᠷᠵᠢᠭᠦᠯᠵᠦ᠍᠂ 《ᠪᠣᠳᠠᠲᠤ ᠴᠣᠭ᠍ᠴᠠ᠎ᠶ᠋ᠢᠨ ᠠᠵᠤ ᠠᠬᠤᠢ ᠪᠠ ᠳ᠋ᠢᠭᠢᠲᠴᠢᠯᠡᠭ᠌ᠰᠡᠨ ᠠᠵᠤ ᠠᠬᠤᠢ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ》᠂ ᠠᠵᠤ ᠠᠬᠤᠢᠯᠠᠯ᠎ᠤᠨ ᠳ᠋ᠢᠭᠢᠲᠴᠢᠯᠡᠭ᠌ᠰᠡᠨ ᠣᠶᠣᠨᠴᠢ ᠮᠡᠷᠭᠡᠵᠢᠯ᠎ᠢᠶᠠᠷ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠬᠦ᠌᠎ᠶ᠋ᠢ ᠳᠡᠮᠵᠢᠨ᠎ᠡ ᠭᠡᠵᠦ᠍ ᠳᠤᠷᠠᠳᠴᠠᠢ᠃
ᠣᠳᠣᠬᠠᠨ᠎ᠳᠤ᠂ ᠲᠣᠮᠣ ᠳ᠋ᠠᠢᠲ᠋ᠠ᠂ ᠬᠢᠮᠡᠯ ᠣᠶᠤᠨᠴᠢ᠂ ᠡᠳ᠋ ᠪᠠᠷᠠᠭᠠᠨ᠎ᠤ ᠮᠡᠳᠡᠭᠡ ᠵᠠᠩᠭᠢ᠎ᠶ᠋ᠢᠨ ᠰᠦᠯᠵᠢᠶ᠎ᠡ᠎ᠪᠠᠷ ᠲᠥᠯᠥᠭᠡᠯᠡᠭᠦᠯᠦᠭ᠌ᠰᠡᠨ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠨᠢ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠭᠦᠨᠵᠡᠭᠡᠶ ᠬᠤᠪᠢᠷᠠᠭᠤᠯᠵᠤ᠂ ᠳ᠋ᠢᠭᠢᠲ ᠪᠠ ᠤᠶᠤᠨᠴᠢ ᠶ᠋ᠢ ᠠᠭᠤᠰᠤᠯᠴᠠᠭᠤᠯᠤᠭ᠍ᠰᠠᠨ ᠳ᠋ᠢᠭᠢᠲᠴᠢᠯᠡᠭ᠌ᠰᠡᠨ ᠣᠶᠣᠨᠴᠢ ᠨᠢ ᠨᠢᠭᠡᠨᠲᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠬᠦ᠌ ᠴᠢᠬᠤᠯᠠ ᠬᠥᠳᠡᠯᠭᠡᠬᠦ᠌ ᠬᠦᠴᠦᠨ ᠪᠣᠯᠵᠣ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠵᠠᠪᠠᠯ ᠥᠩᠭᠡᠷᠡᠬᠦ᠌ ᠵᠠᠮ ᠮᠥᠨ᠃ ᠳ᠋ᠢᠭᠢᠲᠴᠢᠯᠡᠭ᠌ᠰᠡᠨ ᠣᠶᠣᠨᠴᠢ ᠨᠢ ᠨᠡᠩ ᠤᠶᠠᠨ ᠬᠠᠳᠠᠨ ᠠᠵᠤ ᠦᠢᠯᠡᠰ᠎ᠦ᠋ᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠪᠣᠢ ᠪᠣᠯᠭᠠᠬᠤᠳ᠋ᠤ ᠠᠱᠢᠭ᠍ᠲᠠᠢ᠃ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠡᠯ᠎ᠡ ᠭᠤᠭ᠍ᠴᠤᠭ᠎ᠠ᠎ᠶ᠋ᠢᠨ ᠢᠯᠡ ᠲᠣᠳᠣ᠎ᠶ᠋ᠢᠨ ᠬᠡᠮᠵᠢᠶ᠎ᠡ᠂ ᠦᠵᠡᠭ᠌ᠳᠡᠬᠦ᠋ᠢᠴᠡ ᠬᠢᠷᠢ ᠲᠦᠪᠱᠢᠨ᠎ᠢ ᠶᠡᠭᠡ᠎ᠪᠠᠷ ᠨᠡᠮᠡᠭ᠌ᠳᠡᠭᠦᠯᠵᠦ᠍᠂ ᠬᠡᠷᠡᠭ᠌ᠴᠡᠭᠡ ᠱᠠᠭᠠᠷᠳᠠᠯᠭ᠎ᠠ ᠶ᠋ᠢ ᠲᠥᠰᠦᠭᠡᠯᠡᠬᠦ᠂ ᠣᠶᠤᠨᠴᠢ᠎ᠪᠠᠷ ᠱᠢᠢᠳᠪᠦᠷᠢᠲᠦ ᠪᠣᠳᠣᠯᠭ᠎ᠠ ᠲᠣᠭ᠍ᠲᠠᠭᠠᠬᠤ᠂ ᠲᠦᠭ᠌ᠰᠢᠭᠦᠷᠢ᠎ᠶ᠋ᠢ ᠰᠡᠷᠡᠵᠦ᠍ ᠮᠡᠳᠡᠬᠦ᠂ ᠥᠪᠡᠷ᠎ᠢ᠎ᠪᠠᠨ ᠰᠡᠷᠭᠦᠭᠡᠬᠦ᠌ ᠵᠡᠷᠭᠡ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠲᠠᠰᠤᠷᠠᠯᠲᠠ ᠥᠬᠡᠶ ᠨᠡᠮᠡᠭ᠌ᠳᠡᠵᠦ᠍ ᠪᠠᠢᠭ᠎ᠠ ᠭᠠᠳᠠᠭᠠᠳᠤ ᠠᠶᠤᠯ ᠲᠦᠭ᠌ᠰᠢᠭᠦᠷᠢ᠎ᠶ᠋ᠢᠨ ᠥᠷᠢᠰᠥᠯᠳᠦᠭᠡᠨ᠎ᠢ ᠪᠦᠲᠦᠮᠵᠢᠲᠡᠶ ᠠᠷᠭᠠᠴᠠᠭᠠᠨ᠎ᠠ᠃ ᠬᠠᠩᠭᠠᠯᠭ᠎ᠠ᠎ᠶᠢᠨ ᠬᠡᠯᠬᠢᠶ᠎ᠡ᠎ᠶ᠋ᠢᠨ ᠳ᠋ᠢᠭᠢᠲᠴᠢᠯᠡᠭ᠌ᠰᠡᠨ ᠣᠶᠣᠨᠴᠢ ᠨᠢ ᠪᠦᠬᠦ᠌ ᠨᠡᠢᠭᠡᠮ᠎ᠦ᠋ᠨ ᠪᠠᠷᠠᠭᠠᠨ᠎ᠤ᠋ ᠭᠦᠢᠯᠭᠡᠭᠡᠨ᠎ᠦ᠌ ᠥᠪᠡᠷ᠎ᠦ᠋ᠨ ᠥᠷᠲᠡᠭ᠎ᠢ᠋ ᠪᠠᠭᠤᠷᠠᠭᠤᠯᠬᠤᠳ᠋ᠤ ᠠᠱᠢᠭ᠍ᠲᠠᠢ᠃ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠨᠢ ᠳ᠋ᠠᠢᠲ᠋ᠠ᠎ᠶ᠋ᠢᠨ ᠥᠨᠥᠴᠢᠨ ᠠᠷᠠᠯ ᠪᠠ ᠮᠡᠳᠡᠭᠡ ᠵᠠᠩᠭᠢ᠎ᠶ᠋ᠢᠨ ᠪᠠᠬᠢᠯᠡᠯᠲᠡ᠎ᠶ᠋ᠢ ᠡᠪᠳᠡᠵᠦ᠍᠂ 《 ᠳ᠋ᠠᠢᠲ᠋ᠠ ᠶ᠋ᠢ ᠢᠯᠡᠭᠦᠦ ᠭᠦᠶᠦᠯᠭᠡᠬᠦ᠌》᠎ᠶ᠋ᠢ ᠠᠬᠢᠭᠤᠯᠵᠤ᠂ ᠪᠦᠬᠦ᠌ ᠬᠡᠯᠬᠢᠶᠡᠨ᠎ᠤ ᠳ᠋ᠠᠢᠲ᠋ᠠ ᠶ᠋ᠢᠨ ᠬᠤᠯᠪᠣᠯᠳᠤᠬᠤ᠂ ᠲᠤᠬᠠᠢᠯᠠᠭ᠍ᠰᠠᠨ ᠠᠵᠢᠯ᠎ᠤᠨ ᠲᠠᠯ᠎ᠠ᠎ᠪᠠᠷ ᠬᠠᠷᠢᠯᠴᠠᠨ ᠨᠡᠪᠲᠡᠷᠡᠯᠴᠡᠬᠦ᠌᠎ᠶ᠋ᠢ ᠠᠬᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠴᠠᠭᠤᠯᠬᠤ᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ᠎ᠶ᠋ᠢ ᠠᠬᠢᠭᠤᠯᠵᠤ᠂ ᠳᠤᠮᠳᠠᠬᠢ ᠭᠤᠭ᠍ᠴᠤᠭ᠎ᠠ ᠪᠠ ᠡᠬᠢ ᠪᠠᠶᠠᠯᠢᠭ᠎ᠢ ᠪᠦᠷᠢᠯᠭᠡᠨ ᠰᠦᠢᠳᠭᠡᠬᠦ᠌᠎ᠶ᠋ᠢ ᠪᠠᠭᠠᠰᠭᠠᠵᠤ᠂ ᠪᠠᠷᠠᠭᠠᠨ᠎ᠤ ᠭᠦᠢᠯᠭᠡᠭᠡᠨ᠎ᠤ ᠥᠪᠡᠷ᠎ᠤᠨ ᠦᠷᠳᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌ ᠶ᠋ᠢ ᠠᠬᠢᠭᠤᠯᠤᠨ᠎ᠠ᠃ ᠬᠠᠩᠭᠠᠯᠭ᠎ᠠ᠎ᠶᠢᠨ ᠬᠡᠯᠬᠢᠶ᠎ᠡ᠎ᠶᠢᠨ ᠳ᠋ᠢᠭᠢᠲᠴᠢᠯᠡᠭ᠌ᠰᠡᠨ ᠣᠶᠣᠨᠴᠢ ᠨᠢ ᠠᠵᠤ ᠦᠢᠯᠡᠰ᠎ᠦ᠋ᠨ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠬᠤ᠎ᠳ᠋ᠤ ᠠᠱᠢᠭ᠍ᠲᠠᠢ᠃ ᠳ᠋ᠢᠭᠢᠲᠴᠢᠯᠡᠭ᠌ᠰᠡᠨ ᠣᠶᠣᠨᠴᠢ ᠪᠠᠷ ᠮᠡᠷᠭᠡᠵᠢᠯ᠂ ᠵᠣᠬᠢᠶᠠᠨ ᠪᠠᠢᠭᠤᠯᠤᠯᠲᠠ᠂ ᠵᠠᠭ᠍ᠪᠤᠷ᠂ ᠶᠠᠪᠤᠴᠠ᠂ ᠠᠬᠤᠶ ᠪᠠᠢᠳᠠᠯ᠎ᠢ ᠪᠥᠬᠦ᠌ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠳᠡᠭᠡᠳᠦ ᠳᠣᠤᠷᠠᠳᠤ ᠤᠷᠤᠰᠭᠠᠯ᠎ᠤᠨ ᠨᠠᠩ ᠨᠢᠭ᠍ᠲᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠭᠥᠷᠳᠡᠬᠦ᠌ ᠠᠮᠢ ᠠᠬᠤᠶ᠎ᠶ᠋ᠢ ᠪᠣᠶ ᠪᠣᠯᠭᠠᠵᠤ᠂ ᠠᠳᠠᠯᠢ ᠴᠢᠨᠠᠷᠵᠢᠭᠤᠯᠤᠭ᠍ᠰᠠᠨ᠂ 《ᠳᠣᠲᠣᠭ᠍ᠰᠢ ᠬᠤᠮᠢᠷᠠᠬᠤ ᠮᠠᠶᠢᠭ》᠎ᠤᠨ ᠥᠷᠢᠰᠥᠯᠳᠦᠭᠡᠨ ᠪᠠ ᠳᠣᠣᠷ᠎ᠠ ᠲᠠᠰ᠎ᠤᠨ ᠣᠨᠢᠰᠤᠯᠠᠯᠲᠠᠠᠴᠠ ᠠᠩᠭᠢᠵᠢᠷᠠᠪᠠ᠃
ᠬᠤᠶᠠᠷ᠂ 《ᠠᠵᠢᠯᠯᠠᠭᠠᠨ᠎ᠤ ᠲᠥᠯᠥᠪᠯᠡᠭᠡ》᠎ᠶ᠋ᠢᠨ ᠭᠤᠣᠯ ᠠᠭᠤᠯᠭ᠎ᠠ
《ᠠᠵᠢᠯᠯᠠᠭᠠᠨ᠎ᠤ ᠲᠥᠯᠥᠪᠯᠡᠭᠡ 》᠎ᠨᠢ ᠬᠡᠳᠦᠨ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠥᠭ᠌ᠵᠢᠯᠲᠡ᠎ᠳᠤ ᠪᠠᠷᠠᠯᠠᠯᠲᠤ ᠴᠢᠨᠠᠷᠲᠠᠢ᠂ ᠪᠦᠬᠦ᠌ ᠲᠠᠯᠠᠲᠤ ᠴᠢᠨᠠᠷᠲᠠᠢ᠂ ᠱᠢᠰᠲ᠋ᠧᠮᠲᠦ ᠴᠢᠨᠠᠷᠲᠠᠢ ᠪᠠᠢᠷᠢᠯᠠᠭᠤᠯᠤᠯᠲᠠ ᠬᠢᠪᠡ᠃ ᠬᠢᠮᠡᠯ ᠣᠶᠤᠨᠴᠢ᠂ ᠪᠣᠳᠠᠰ᠎ᠤᠨ ᠢᠨᠲᠸᠷ ᠰᠦᠯᠵᠢᠶ᠎ᠡ᠂ ᠬᠡᠰᠡᠭ᠌ᠵᠢᠭ᠌ᠰᠡᠨ ᠬᠡᠯᠬᠢᠶ᠎ᠡ ᠵᠡᠷᠭᠡ ᠱᠢᠨ᠎ᠡ ᠮᠡᠷᠭᠡᠵᠢᠯ᠎ᠢ ᠬᠡᠷᠡᠭ᠌ᠯᠡᠵᠦ᠍᠂ 《ᠨᠢᠭᠡ ᠬᠡᠯᠬᠢᠶ᠎ᠡ ᠨᠢᠭᠡ ᠪᠣᠳᠣᠯᠭ᠎ᠠ》᠎ᠶ᠋ᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳ᠋ᠢᠭᠢᠲᠴᠢᠯᠡᠭ᠌ᠰᠡᠨ᠂ ᠤᠶᠤᠨᠴᠢᠯᠠᠭ᠍ᠰᠠᠨ᠂ ᠦᠵᠡᠭ᠌ᠳᠡᠬᠦᠢᠴᠢᠯᠡᠬᠦ᠌ ᠥᠭᠡᠷᠡᠴᠢᠯᠡᠯᠲᠡ᠎ᠶ᠋ᠢ ᠠᠬᠢᠭᠤᠯᠵᠤ᠂ 2030 ᠣᠨ ᠪᠣᠯᠬᠤ᠎ᠳᠤ᠂ ᠬᠠᠭᠤᠯᠪᠤᠷᠢᠯᠠᠨ ᠳᠡᠯᠭᠡᠷᠡᠭᠦᠯᠵᠦ᠍ ᠪᠣᠯᠬᠤ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠠᠢᠭᠤᠯᠤᠯᠲᠠ ᠪᠠ ᠬᠥᠭ᠌ᠵᠢᠯᠲᠡ᠎ᠶ᠋ᠢᠨ ᠵᠠᠭ᠍ᠪᠤᠷ᠎ᠢ ᠪᠦᠷᠢᠯᠳᠦᠭᠦᠯᠵᠦ᠍᠂ ᠴᠢᠬᠤᠯᠠ ᠠᠵᠤ ᠦᠢᠯᠡᠰ ᠪᠠ ᠵᠠᠩᠭᠢᠯᠠᠭ᠎ᠠ᠎ᠶ᠋ᠢᠨ ᠬᠦᠷᠢᠶᠡᠨ᠎ᠳᠤ ᠭᠦᠨᠵᠡᠭᠡᠶ ᠱᠢᠭᠢᠳᠦᠭ᠌ᠰᠡᠨ᠂ ᠣᠶᠤᠨᠴᠢ ᠥᠨᠳᠥᠷ ᠪᠦᠲᠦᠮᠵᠢᠲᠡᠶ᠂ ᠪᠡᠶ᠎ᠡ᠎ᠪᠠᠨ ᠳᠠᠭᠠᠭᠠᠵᠤ ᠡᠵᠡᠮᠳᠡᠵᠦ᠍ ᠪᠣᠯᠬᠤ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠰᠲ᠋ᠧᠮ᠎ᠢ ᠦᠨᠳᠦᠰᠦᠨ ᠳᠤ ᠪᠠᠨ ᠪᠠᠢᠭᠤᠯᠵᠤ᠂ ᠪᠦᠬᠦ᠌ ᠤᠯᠤᠰ᠎ᠤᠨ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ 100 ᠱᠢᠬᠠᠮ ᠳᠠᠭᠠᠭᠤᠯᠤᠭ᠍ᠴᠢ ᠠᠵᠤ ᠠᠬᠤᠢᠯᠠᠯ᠎ᠢ ᠪᠤᠢᠵᠢᠭᠤᠯᠵᠤ᠂ ᠮᠠᠨ᠎ᠤ ᠤᠯᠤᠰ᠎ᠤᠨ ᠠᠵᠤ ᠦᠢᠯᠡᠰ᠎ᠤᠨ ᠬᠡᠯᠬᠢᠶ᠎ᠡ᠎ᠶ᠋ᠢᠨ ᠬᠠᠩᠭᠠᠯᠭ᠎ᠠ᠎ᠶ᠋ᠢᠨ ᠬᠡᠯᠬᠢᠶᠡᠰᠦ᠎ᠶ᠋ᠢᠨ ᠤᠶᠠᠨ ᠬᠠᠲᠠᠨ ᠴᠢᠨᠠᠷ ᠪᠠ ᠠᠮᠤᠷ ᠲᠦᠪᠱᠢᠨ᠎ᠤ ᠬᠢᠷᠢ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃
《ᠠᠵᠢᠯᠯᠠᠭᠠᠨ᠎ᠤ ᠲᠥᠯᠥᠪᠯᠡᠭᠡ 》᠎ᠨᠢ 5 ᠶᠡᠭᠡ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠨᠢᠭᠡ ᠠᠵᠢᠯ ᠲᠥᠷᠥᠯ ᠨᠢᠭᠡ ᠪᠣᠳᠣᠯᠭ᠎ᠠ 》 ᠨᠢ ᠠᠵᠢᠯᠯᠠᠭ᠎ᠠ ᠶ᠋ᠢᠨ ᠳ᠋ᠢᠭᠢᠲᠴᠢᠯᠡᠭ᠌ᠰᠡᠨ ᠣᠶᠣᠨᠴᠢ ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠲᠦᠷᠭᠡᠳᠭᠡᠪᠡ᠃ ᠲᠠᠷᠢᠶᠠᠯᠠᠩ᠎ᠤᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠣᠶᠤᠨᠴᠢ ᠲᠠᠷᠢᠶᠠᠯᠠᠩ᠎ᠢ ᠬᠥᠭ᠌ᠵᠢᠭᠦᠯᠵᠦ᠍᠂ ᠬᠥᠳᠡᠭᠡ ᠲᠣᠰᠭᠤᠨ᠎ᠤ ᠡᠯᠧᠺᠲᠷᠣᠨ ᠬᠤᠳᠠᠯᠳᠤᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ ᠶ᠋ᠢᠨ ᠬᠡᠯᠬᠢᠶ᠎ᠡ᠎ᠶ᠋ᠢᠨ ᠦᠢᠯᠡᠴᠢᠯᠡᠭᠡᠨ᠎ᠤ ᠬᠤᠳᠠᠯᠳᠤᠭᠠᠴᠢᠨ᠎ᠢ ᠬᠥᠭ᠌ᠵᠢᠭᠦᠯᠬᠦ᠌ ᠶ᠋ᠢ ᠳᠡᠮᠵᠢᠵᠦ᠍᠂ ᠳ᠋ᠢᠭᠢᠲᠴᠢᠯᠡᠭ᠌ᠰᠡᠨ ᠣᠶᠣᠨᠴᠢ ᠲᠠᠸᠠᠷ᠎ᠤᠨ ᠵᠠᠬ᠎ᠠ ᠳᠡᠯᠭᠡᠭᠦᠷ᠎ᠢ ᠪᠥᠲᠥᠭᠡᠨ ᠪᠠᠢᠭᠤᠯᠤᠨ᠎ᠠ᠃ ᠦᠢᠯᠡᠳᠬᠦ᠌ ᠦᠢᠯᠡᠰ᠎ᠤᠨ ᠬᠠᠩᠭᠠᠯᠭ᠎ᠠ᠎ᠶ᠋ᠢᠨ ᠬᠡᠯᠬᠢᠶᠡᠰᠦ᠎ᠶ᠋ᠢᠨ ᠣᠶᠤᠨᠴᠢ ᠬᠦᠭ᠌ᠵᠢᠯᠳᠡ᠎ᠶ᠋ᠢ ᠠᠬᠢᠭᠤᠯᠥᠨ᠂ ᠨᠢᠭᠡ ᠪᠦᠯᠥᠭ ᠣᠶᠤᠨᠴᠢ ᠦᠢᠯᠡᠳᠪᠦᠷᠢ ᠪᠠ ᠣᠶᠤᠨᠴᠢ ᠬᠠᠩᠭᠠᠯᠭ᠎ᠠ᠎ᠶ᠋ᠢᠨ ᠬᠡᠯᠬᠢᠶᠡᠰᠦ᠎ᠶ᠋ᠢ ᠬᠠᠮᠵᠢᠯᠴᠠᠨ ᠪᠤᠢ ᠪᠤᠯᠭᠠᠵᠦ᠍᠂ ᠦᠢᠯᠡᠳᠬᠦ᠌ ᠦᠢᠯᠡᠰ᠎ᠤᠨ ᠳ᠋ᠢᠭᠢᠲᠴᠢᠯᠡᠭ᠌ᠰᠡᠨ ᠭᠡᠯᠪᠡᠷᠢ᠎ᠶ᠋ᠢ ᠬᠤᠪᠢᠷᠠᠭᠤᠯᠬᠤ ᠠᠵᠢᠯᠯᠠᠭᠠᠨ᠎ᠤ ᠳᠥᠰᠥᠯ᠎ᠢ ᠭᠡᠷᠡᠭ᠌ᠵᠢᠬᠦᠯᠥᠨ᠂ ᠬᠢᠮᠡᠯ ᠣᠶᠤᠨᠴᠢ ᠪᠠᠷ ᠡᠨᠧᠷᠭᠢ ᠨᠡᠮᠡᠷᠢᠯᠡᠬᠦ᠌ ᠱᠢᠨ᠎ᠡ ᠭᠡᠯᠪᠡᠷᠢ᠎ᠶ᠋ᠢᠨ ᠠᠵᠦ᠍ ᠦᠢᠯᠡᠳᠪᠦᠷᠢᠵᠢᠯᠳᠡ᠎ᠶ᠋ᠢᠨ ᠲᠣᠰᠭᠠᠢ ᠠᠵᠢᠯᠯᠠᠭ᠎ᠠ᠎ᠶ᠋ᠢ ᠦᠷᠨᠢᠬᠦᠯᠥᠨ᠎ᠠ᠃ ᠪᠥᠭᠡᠮ᠎ᠢᠶᠡᠷ ᠬᠤᠳᠠᠯᠳᠤᠬᠤ ᠦᠢᠯᠡᠰ᠎ᠦᠨ ᠬᠠᠩᠭᠠᠯᠭ᠎ᠠ᠎ᠶ᠋ᠢᠨ ᠬᠡᠯᠬᠢᠶᠡᠰᠦ᠎ᠶ᠋ᠢᠨ ᠬᠤᠷᠠᠮᠠᠯ ᠴᠢᠳᠠᠪᠤᠷᠢ᠎ᠶ᠋ᠢ ᠴᠢᠩᠭᠠᠷᠠᠭᠤᠯᠵᠤ ᠂ ᠳᠡᠭᠡᠳᠦ ᠳᠣᠤᠷᠠᠳᠤ ᠤᠷᠤᠰᠭᠠᠯ᠎ᠤᠨ ᠵᠣᠴᠢᠳ ᠪᠠ ᠠᠵᠤ ᠦᠢᠯᠡᠰ᠎ᠦᠨ ᠪᠥᠯᠥᠭ᠌ᠵᠢᠯ ᠳᠦ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠂ ᠬᠥᠮᠥᠷᠭᠡᠯᠡᠨ ᠬᠠᠳᠠᠭᠠᠯᠠᠬᠤ ᠪᠠᠷᠠᠭᠠᠨᠦ ᠭᠦᠢᠯᠭᠡᠭᠡᠨ ᠂ ᠦᠢᠯᠡᠳᠬᠦᠨ᠎ᠦ ᠡᠵᠡᠩᠨᠡᠨ ᠪᠣᠷᠣᠯᠠᠭᠤᠯᠬᠤ ᠂ ᠬᠠᠩᠭᠠᠯᠭ᠎ᠠ᠎ᠶ᠋ᠢᠨ ᠬᠡᠯᠬᠢᠶᠡᠨ᠎ᠦ ᠮᠥᠩᠭᠥᠨ ᠭᠦᠢᠯᠭᠡᠭᠡ ᠂ ᠳᠠᠬᠢᠯᠲᠠ ᠡᠬᠢ ᠪᠠᠶᠠᠯᠢᠭ ᠢ ᠡᠷᠭᠢᠯᠳᠦᠭᠦᠯᠦᠨ ᠠᠱᠢᠭ᠍ᠯᠠᠬᠤ ᠵᠡᠷᠭᠡ ᠶᠡᠷᠦᠩᠬᠡᠢᠯᠡᠭ᠌ᠰᠡᠨ ᠦᠢᠯᠡᠴᠢᠯᠡᠭᠡ ᠬᠠᠩᠭᠠᠨ᠎ᠠ᠃ ᠵᠢᠵᠢᠭ᠌ᠯᠡᠨ ᠬᠤᠳᠠᠯᠳᠤᠬᠤ ᠦᠢᠯᠡᠰ᠎ᠦᠨ ᠬᠠᠩᠭᠠᠯᠭ᠎ᠠ᠎ᠶ᠋ᠢᠨ ᠬᠡᠯᠬᠢᠶᠡᠨ᠎ᠦ ᠬᠠᠩᠭᠠᠯᠭ᠎ᠠ᠎ᠶ᠋ᠢᠨ ᠬᠢᠷᠢ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍ ᠂ ᠵᠢᠵᠢᠭ᠌ᠯᠡᠨ ᠬᠤᠳᠠᠯᠳᠤᠬᠤ ᠠᠵᠤ ᠠᠬᠤᠢᠯᠠᠯ᠎ᠤᠨ ᠳ᠋ᠢᠭᠢᠲᠴᠢᠯᠡᠭ᠌ᠰᠡᠨ ᠣᠶᠣᠨᠴᠢ ᠮᠡᠷᠭᠡᠵᠢᠯ ᠢ ᠬᠡᠷᠡᠭ᠌ᠯᠡᠨ ᠪᠦᠬᠦ᠌ ᠵᠠᠮ ᠮᠥᠷ᠎ᠦᠨ ᠮᠡᠳᠡᠭᠡ ᠵᠠᠩᠭᠢ᠎ᠶ᠋ᠢ ᠡᠮᠬᠢᠳᠭᠡᠨ ᠨᠡᠢᠯᠡᠭᠦᠯᠬᠦ᠌᠎ᠶ᠋ᠢ ᠳᠡᠮᠵᠢᠵᠦ᠍ ᠂ ᠬᠡᠷᠡᠭ᠌ᠯᠡᠭᠡᠨ᠎ᠦ ᠦᠵᠦᠭᠦᠷ᠎ᠦᠨ ᠮᠡᠳᠡᠭᠡ ᠵᠠᠩᠭᠢ᠎ᠶ᠋ᠢ ᠨᠡᠷᠡᠲᠦ ᠲᠡᠮᠳᠡᠭ᠌ᠲᠦ᠍᠎ᠶ᠋ᠢᠨ ᠬᠤᠳᠠᠯᠳᠤᠭᠠᠴᠢᠨ ᠂ ᠦᠢᠯᠡᠳᠬᠦ᠌ ᠬᠤᠳᠠᠯᠳᠤᠭᠠᠴᠢᠨ᠎ᠤ ᠬᠠᠷᠢᠭᠤ ᠲᠤᠰᠭᠠᠬᠤ ᠬᠤᠷᠳᠤᠴᠠ᠎ᠶ᠋ᠢ ᠲᠦᠷᠭᠡᠳᠭᠡᠨ ᠂ 《ᠥᠪᠡᠷᠮᠢᠴᠡ ᠴᠢᠨᠠᠷᠲᠠᠶ ᠵᠠᠬᠢᠶᠠᠯᠠᠨ ᠦᠢᠯᠡᠳᠬᠦ᠌ + ᠠᠶᠠᠨᠳᠠᠭᠠᠨ᠎ᠤ ᠦᠢᠯᠡᠳᠪᠦᠷᠢᠯᠡᠯ 》᠎ᠢ ᠬᠥᠲᠥᠯᠥᠨ ᠵᠢᠯᠣᠭᠣᠳᠴᠤ᠌ ᠥᠷᠨᠢᠭᠦᠯᠦᠨ᠂ ᠲᠠᠸᠠᠷ᠎ᠤᠨ ᠬᠠᠩᠭᠠᠯᠭ᠎ᠠ᠎ᠶ᠋ᠢᠨ ᠬᠢᠷᠢ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠶ ᠃ ᠪᠦᠬᠦ᠌ ᠨᠡᠢᠭᠡᠮ᠎ᠦᠨ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠬᠤ᠎ᠶ᠋ᠢ ᠠᠬᠢᠭᠤᠯᠵᠤ᠂ ᠪᠠᠷᠠᠭᠠᠨ᠎ᠤ ᠭᠦᠢᠯᠭᠡᠭᠡ ᠪᠠ ᠠᠵᠤ ᠦᠢᠯᠡᠰ ᠂ ᠠᠷᠠᠯᠵᠢᠶ᠎ᠠ ᠂ ᠬᠡᠷᠡᠭ᠌ᠯᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠤᠶᠤᠨᠴᠢᠯᠠᠭ᠍ᠰᠠᠨ ᠳᠠᠪᠬᠤᠷᠭᠠᠲᠤ ᠬᠥᠮᠥᠷᠭᠡ᠂ ᠠᠦ᠋ᠲ᠋ᠣᠴᠢᠯᠠᠭ᠍ᠰᠠᠨ ᠵᠢᠯᠣᠭᠣᠳᠤᠮᠵᠢ ᠶ᠋ᠢᠨ ᠲᠡᠷᠭᠡ᠂ ᠵᠢᠯᠣᠭᠣᠴᠢ ᠦᠭᠡᠶ ᠲᠣᠬᠢᠷᠠᠭᠤᠯᠤᠨ ᠬᠦᠷᠭᠡᠬᠦ᠌ ᠲᠡᠷᠭᠡ ᠵᠡᠷᠭᠡ ᠲᠥᠬᠥᠭᠡᠷᠦᠮᠵᠢ ᠶ᠋ᠢ ᠳᠡᠯᠭᠡᠷᠡᠭᠦᠯᠦᠨ᠂ ᠠᠷᠠᠯᠵᠢᠶᠠᠨ᠎ᠤ ᠭᠠᠷᠠᠮ᠎ᠤᠨ ᠠᠭᠠᠷ᠎ᠤᠨ ᠲᠡᠭᠡᠭᠡᠪᠦᠷᠢ᠎ᠶ᠋ᠢᠨ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠳᠡᠮᠵᠢᠨ᠎ᠠ ᠃
《ᠠᠵᠢᠯᠯᠠᠭ᠎ᠠ᠎ᠶᠢᠨ ᠲᠥᠯᠥᠪᠯᠡᠭᠡ 》᠎ᠳ᠋ᠦ᠍ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶᠢᠨ ᠬᠡᠯᠬᠢᠶ᠎ᠡ᠎ᠶᠢᠨ ᠬᠥᠭ᠌ᠵᠢᠯᠲᠡ᠎ᠶᠢ ᠲᠦᠷᠭᠡᠳᠭᠡᠬᠦ᠌ 10 ᠵᠦᠢᠯ᠎ᠦ᠋ᠨ ᠭᠣᠣᠯ ᠡᠭᠦᠷᠭᠡ᠎ᠶᠢ ᠪᠠᠢᠷᠢᠯᠠᠭᠤᠯᠪᠠ᠃ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠎ᠢ ᠪᠤᠢᠵᠢᠭᠤᠯᠵᠤ᠂ ᠳᠡᠭᠡᠳᠦ ᠳᠣᠤᠷᠠᠳᠤ ᠤᠷᠤᠰᠭᠠᠯ᠎ᠤᠨ ᠠᠵᠤ ᠠᠬᠤᠢᠯᠠᠯ᠎ᠤᠨ ᠬᠠᠮᠵᠢᠯᠴᠠᠨ ᠬᠡᠯᠪᠡᠷᠢ ᠪᠠᠨ ᠬᠤᠪᠢᠷᠠᠭᠤᠯᠬᠤ᠎ᠶ᠋ᠢ ᠳᠠᠢᠴᠢᠯᠠᠪᠠ᠃ ᠬᠠᠩᠭᠠᠯᠭ᠎ᠠ᠎ᠶ᠋ᠢᠨ ᠬᠡᠯᠬᠢᠶᠡᠰᠦ᠎ᠶ᠋ᠢᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠦᠢᠯᠡᠰ᠎ᠤᠨ ᠳ᠋ᠢᠭᠢᠲᠴᠢᠯᠡᠭ᠌ᠰᠡᠨ ᠣᠶᠣᠨᠴᠢ ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠣᠳᠣ ᠦᠶ᠎ᠡ᠎ᠶ᠋ᠢᠨ ᠠᠵᠤ ᠦᠢᠯᠡᠰ ᠯᠦᠭᠡ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠭᠠᠳᠠᠭ᠍ᠰᠢ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠲᠦᠷᠭᠡᠳᠭᠡᠵᠦ᠍᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ᠎ᠳᠤ ᠬᠥᠮᠥᠷᠭᠡᠯᠡᠨ ᠬᠠᠳᠠᠭᠠᠯᠠᠬᠤ ᠪᠠᠷᠠᠭᠠᠨ᠎ᠤ ᠭᠦᠢᠯᠭᠡᠭᠡ ᠯᠦᠭᠡ ᠬᠠᠮᠵᠢᠯᠴᠠᠨ ᠬᠥᠭ᠌ᠵᠢᠬᠦ᠌᠎ᠶ᠋ᠢ ᠳᠡᠮᠵᠢᠨ᠎ᠡ᠃ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠢᠵᠠᠭᠠᠷᠯᠠᠬᠤ ᠰᠤᠪᠤᠷᠭ᠎ᠠ᠎ᠶ᠋ᠢ ᠪᠠᠢᠭᠤᠯᠵᠤ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠵᠢᠯᠯᠠᠭ᠎ᠠ᠎ᠶ᠋ᠢ ᠴᠠᠭ ᠲᠤᠬᠠᠶ᠎ᠳᠤ ᠨᠢ ᠠᠵᠢᠭ᠍ᠯᠠᠬᠤ᠂ ᠠᠵᠢᠯᠯᠠᠭᠠᠨ᠎ᠤ ᠵᠠᠳᠠᠯᠤᠯᠲᠠ ᠬᠢᠬᠦ᠌ ᠪᠠ ᠣᠶᠤᠨᠴᠢ ᠴᠤᠤᠷᠢᠶᠠᠳᠤᠨ ᠳᠠᠭᠠᠬᠤ᠎ᠶ᠋ᠢ ᠪᠡᠶᠡᠯᠡᠭᠦᠯᠦᠨ᠎ᠡ᠃ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶᠢᠨ ᠬᠡᠯᠬᠢᠶᠡᠨᠦ᠌ ᠳᠣᠣᠷᠠᠲᠤ ᠳᠠᠪᠬᠤᠷᠭ᠎ᠠ᠎ᠶᠢᠨ ᠮᠡᠷᠭᠡᠵᠢᠯᠳ᠋ᠦ᠍ ᠱᠢᠨ᠎ᠡ ᠶᠢ ᠡᠭᠦᠳᠴᠦ᠍ ᠂ ᠳ᠋ᠢᠭᠢᠲᠴᠢᠯᠡᠭ᠌ᠰᠡᠨ ᠣᠶᠣᠨᠴᠢ ᠮᠡᠷᠭᠡᠵᠢᠯ᠎ᠢ᠋ ᠬᠤᠳᠠᠯᠳᠤᠭᠠᠯᠠᠨ ᠬᠡᠷᠡᠭ᠌ᠯᠡᠬᠦ᠌ ᠶᠢ ᠠᠬᠢᠭᠤᠯᠤᠨ᠎ᠠ᠃ ᠮᠡᠷᠭᠡᠵᠢᠯ᠎ᠤᠨ ᠦᠢᠯᠡᠴᠢᠯᠡᠭᠡᠨ᠎ᠤ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠢᠭᠡ ᠪᠦᠯᠦᠭ ᠠᠵᠤ ᠦᠢᠯᠡᠰ ᠪᠠ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠨᠡᠢᠴᠡᠭ᠌ᠰᠡᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ᠎ᠶ᠋ᠢ ᠲᠦᠯᠬᠢᠨ ᠠᠬᠢᠭᠤᠯᠤᠨ᠎ᠠ᠃ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳ᠋ᠠᠢᠲ᠋ᠠ ᠶ᠋ᠢᠨ ᠠᠷᠠᠯᠵᠢᠶ᠎ᠠ᠎ᠶ᠋ᠢ ᠰᠦᠪᠡᠭ᠌ᠴᠢᠯᠡᠨ ᠠᠬᠢᠭᠤᠯᠵᠤ᠂ ᠠᠵᠤ ᠠᠬᠤᠢᠯᠠᠯ᠎ᠤᠨ ᠳ᠋ᠠᠢᠲ᠋ᠠ᠎ᠶ᠋ᠢᠨ ᠡᠳ᠋ ᠬᠥᠷᠥᠩᠭᠡ᠎ᠶ᠋ᠢᠨ ᠬᠠᠷᠢᠶᠠᠲᠤ ᠴᠢᠨᠠᠷ᠎ᠢ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠢ᠃ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳ᠋ᠠᠢᠲ᠋ᠠ᠎ᠶ᠋ᠢᠨ ᠱᠢᠯᠵᠢᠯᠲᠡ᠎ᠶ᠋ᠢᠨ ᠠᠮᠤᠷ ᠲᠦᠪᠱᠢᠨ᠎ᠢ ᠪᠠᠲᠤᠯᠠᠵᠤ᠂ ᠮᠡᠳᠡᠭᠡ ᠵᠠᠩᠭᠢ ᠯᠡᠪᠡᠷᠡᠬᠦ᠌ᠠᠴᠠ ᠵᠠᠢᠯᠠᠰᠭᠢᠬᠦ᠌ ᠬᠡᠷᠡᠭ᠌ᠲᠡᠶ᠃ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠵᠣᠬᠢᠴᠠᠭᠤᠯᠤᠨ ᠠᠬᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠴᠢᠬᠤᠯᠠ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳ᠋ᠢᠭᠢᠲᠴᠢᠯᠡᠭ᠌ᠰᠡᠨ ᠣᠶᠣᠨᠴᠢ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠳ᠋ᠢᠭᠢᠲᠴᠢᠯᠡᠭ᠌ᠰᠡᠨ ᠣᠶᠣᠨᠴᠢ ᠬᠠᠩᠭᠠᠯᠭ᠎ᠠ᠎ᠶ᠋ᠢᠨ ᠬᠡᠯᠬᠢᠶᠡᠰᠦ᠎ᠶ᠋ᠢᠨ ᠴᠢᠳᠡᠪᠦᠷᠢᠳᠡᠨᠢ ᠬᠦᠮᠦᠵᠢᠬᠦᠯᠬᠦ᠌᠎ᠶ᠋ᠢ ᠴᠢᠩᠭᠠᠳᠭᠠᠵᠦ᠍᠂ ᠠᠬᠠᠯᠠᠭ᠍ᠴᠢ ᠬᠠᠩᠭᠠᠯᠭ᠎ᠠ᠎ᠶ᠋ᠢᠨ ᠭᠡᠯᠬᠢᠶᠡᠰᠦ᠎ᠶ᠋ᠢᠨ ᠲᠤᠱᠢᠶᠠᠯᠳᠡᠨ᠂ ᠠᠬᠠᠯᠠᠭ᠍ᠴᠢ ᠲᠤᠭ᠎ᠠ ᠪᠡᠷᠢᠮᠳᠡ᠎ᠶ᠋ᠢᠨ ᠲᠤᠱᠢᠶᠠᠯᠳᠡᠨᠤ ᠳᠥᠷᠢᠮ ᠪᠠᠢᠭᠤᠯᠬᠤ᠎ᠶ᠋ᠢ ᠵᠣᠷᠢᠠᠠᠵᠢᠭᠤᠯᠥᠨ᠎ᠠ᠃
ᠭᠤᠷᠪᠠ᠂ 《ᠠᠵᠢᠯᠯᠠᠭᠠᠨ᠎ᠤ ᠲᠥᠯᠥᠪᠯᠡᠭᠡ》 ᠶ᠋ᠢᠨ ᠭᠤᠣᠯ ᠣᠨᠴᠠᠯᠢᠭ
ᠨᠢᠭᠡ᠎ᠳᠤ ᠂ ᠳᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠯᠲᠠ᠎ᠶ᠋ᠢ ᠳᠣᠪᠣᠢᠯᠭᠠᠨᠠ᠃ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠎ᠨᠢ ᠭᠤᠣᠯᠯᠠᠬᠤ ᠥᠷᠢᠰᠥᠯᠳᠦᠬᠦ᠌ ᠬᠦᠴᠦᠨ᠎ᠲᠠᠢ ᠪᠠᠢᠵᠤ᠂ ᠬᠠᠩᠭᠠᠯᠭ᠎ᠠ᠎ᠶ᠋ᠢᠨ ᠬᠡᠯᠬᠢᠶ᠎ᠡ ᠳᠤᠮᠳᠠ ᠵᠠᠩᠭᠢᠯᠠᠭ᠎ᠠ᠎ᠶ᠋ᠢᠨ ᠪᠠᠢᠷᠢᠨ᠎ᠳᠤ ᠣᠷᠣᠱᠢᠵᠤ᠂ ᠦᠢᠯᠡᠳᠦᠯ᠎ᠨᠢ ᠮᠠᠰᠢ ᠴᠢᠬᠤᠯᠠ ᠪᠠᠢᠳᠠᠭ᠃ 《ᠠᠵᠢᠯᠯᠠᠭᠠᠨ᠎ᠤ ᠲᠥᠯᠥᠪᠯᠡᠭᠡ》᠎ᠨᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠎ᠤᠨ ᠬᠡᠪ ᠳᠠᠭᠤᠷᠢᠶᠠᠯ᠎ᠤᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠳᠠᠭᠠᠭᠤᠯᠤᠭ᠍ᠴᠢ ᠠᠵᠤ ᠠᠬᠤᠢᠯᠠᠯ᠎ᠢ ᠵᠣᠷᠢᠭ᠍ᠵᠢᠭᠤᠯᠤᠨ ᠬᠥᠲᠥᠯᠥᠨ ᠵᠢᠯᠣᠭᠤᠳᠴᠤ᠌ ᠪᠠᠢᠭᠠᠳ ᠶᠡᠭᠡ᠎ᠪᠠᠷ ᠪᠠᠭ᠎ᠠ᠎ᠶ᠋ᠢ ᠳᠠᠢᠴᠢᠯᠠᠬᠤ᠂ ᠴᠡᠭ᠎ᠢᠶᠠᠷ ᠬᠡᠯᠬᠢᠶ᠎ᠡ᠎ᠶ᠋ᠢ ᠳᠠᠢᠴᠢᠯᠠᠬᠤ᠂ ᠳ᠋ᠢᠭᠢᠲᠴᠢᠯᠡᠭ᠌ᠰᠡᠨ ᠣᠶᠤᠨᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠨᠢᠭᠡᠳᠦᠯᠲᠡᠶ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠢ ᠪᠠᠢᠭᠤᠯᠵᠤ᠂ ᠳᠤᠮᠳᠠ ᠵᠢᠵᠢᠭ ᠠᠵᠤ ᠠᠬᠤᠢᠯᠠᠯ᠎ᠳᠦ ᠡᠨ᠋ᠸᠷᠭᠢ ᠨᠡᠮᠡᠷᠢᠯᠡᠵᠦ᠍᠂ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠭᠠᠷ ᠬᠤᠯᠪᠣᠨ ᠠᠷᠭᠠᠴᠠᠭᠠᠵᠤ᠂ ᠡᠷᠡᠭᠦᠯ ᠪᠥᠭᠡᠳ ᠦᠷᠭᠦᠯᠵᠢᠯᠡᠬᠦᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠢ ᠠᠬᠤᠶ᠎ᠶ᠋ᠢ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃
ᠬᠣᠶᠠᠷ ᠲᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠤ ᠬᠥᠭ᠌ᠵᠢᠭᠦᠯᠦᠯᠲᠡ᠎ᠶ᠋ᠢ ᠳᠣᠪᠣᠢᠯᠭᠠᠨᠠ᠃ ᠳ᠋ᠢᠭᠢᠲᠴᠢᠯᠡᠭ᠌ᠰᠡᠨ ᠣᠶᠤᠨᠴᠢ ᠬᠠᠩᠭᠠᠯᠭ᠎ᠠ᠎ᠶ᠋ᠢᠨ ᠬᠡᠯᠬᠢᠶ᠎ᠡ᠎ᠨᠢ ᠬᠢᠮᠡᠯ ᠣᠶᠤᠨ᠂ ᠪᠣᠳᠠᠰ᠎ᠦᠨ ᠢᠨᠲᠸᠷ ᠰᠦᠯᠵᠢᠶ᠎ᠡ᠂ ᠬᠡᠰᠡᠭ ᠦᠳᠦᠨ ᠬᠡᠯᠬᠢᠶ᠎ᠡ ᠵᠡᠷᠭᠡ ᠣᠳᠣ ᠦᠶ᠎ᠡ᠎ᠶ᠋ᠢᠨ ᠳ᠋ᠢᠭᠢᠲᠴᠢᠯᠡᠭ᠌ᠰᠡᠨ ᠣᠶᠤᠨᠴᠢ ᠮᠡᠷᠭᠡᠵᠢᠯ᠎ᠳᠤ ᠲᠦᠱᠢᠭ᠌ᠯᠡᠨ᠂ ᠦᠢᠯᠡᠳᠪᠦᠷᠢᠯᠡᠯ᠂ ᠬᠤᠪᠢᠶᠠᠷᠢᠯᠠᠯ᠂ ᠭᠦᠢᠯᠭᠡᠭᠡ᠂ ᠬᠡᠷᠡᠭ᠌ᠯᠡᠭᠡ ᠵᠡᠷᠭᠡ ᠨᠡᠢᠭᠡᠮ᠎ᠤᠨ ᠳᠠᠬᠢᠨ ᠦᠢᠯᠡᠳᠪᠦᠷᠢᠯᠡᠬᠦ᠌ ᠭᠤᠭ᠍ᠴᠤᠭ᠎ᠠ᠎ᠳᠤ ᠥᠭᠡᠷᠡᠴᠢᠯᠡᠯᠲᠡ ᠬᠢᠵᠦ᠍ ᠳᠡᠰ ᠳᠡᠪᠱᠢᠭᠦᠯᠦᠨ᠂ ᠬᠦᠴᠦᠨ ᠵᠦᠢᠯ᠎ᠢ ᠳᠠᠬᠢᠨ ᠵᠣᠬᠢᠶᠠᠨ ᠪᠠᠢᠭᠤᠯᠬᠤ᠂ ᠶᠠᠪᠤᠴᠠ ᠶ᠋ᠢ ᠱᠢᠯᠢᠳᠡᠭ᠌ᠵᠢᠭᠦᠯᠬᠦ᠂ ᠪᠦᠲᠦᠴᠡ᠎ᠶ᠋ᠢ ᠳᠡᠰ ᠳᠡᠪᠱᠢᠭᠦᠯᠬᠦ᠌᠎ᠶ᠋ᠢ ᠠᠬᠢᠭᠤᠯᠬᠤ᠎ᠨᠢ ᠳ᠋ᠠᠢᠲ᠋ᠠ᠎ᠶ᠋ᠢᠨ ᠡᠯᠧᠮᠧᠨ᠋ᠲ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠭᠤᠣᠯᠳᠠᠯᠭ᠎ᠠ᠎ᠲᠠᠢ ᠬᠦᠷᠢᠶ᠎ᠡ᠎ᠳᠠᠬᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠵᠣᠬᠢᠶᠠᠨ ᠪᠠᠢᠭᠤᠯᠤᠯᠴᠠᠭ᠍ᠰᠠᠨ ᠪᠠ ᠡᠷᠴᠢᠮᠵᠢᠭ᠌ᠰᠡᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠎ᠳᠤ ᠠᠱᠢᠭ᠍ᠲᠠᠢ᠃
ᠭᠤᠷᠪᠠ᠎ᠳᠤ᠂ ᠱᠢᠰᠲ᠋ᠧᠮᠵᠢᠭᠦᠯᠦᠨ ᠪᠦᠬᠦ᠌ ᠲᠠᠯ᠎ᠠ᠎ᠪᠠᠷ ᠬᠦᠴᠦᠯᠡᠬᠦ᠌᠎ᠶ᠋ᠢ ᠲᠣᠪᠣᠢᠯᠭᠠᠨᠠ᠃ ᠬᠠᠩᠭᠠᠯᠭ᠎ᠠ᠎ᠶ᠋ᠢᠨ ᠬᠡᠯᠬᠢᠶ᠎ᠡ᠎ᠨᠢ ᠦᠢᠯᠡᠳᠪᠦᠷᠢᠯᠡᠬᠦ᠌ ᠬᠠᠩᠭᠠᠬᠤ ᠪᠣᠷᠣᠯᠠᠭᠤᠯᠬᠤ᠂ ᠳᠡᠭᠡᠳᠦ ᠳᠣᠣᠷᠠᠳᠤ ᠤᠷᠤᠰᠭᠠᠯ᠂ ᠲᠣᠮᠣ ᠳᠤᠮᠳᠠ ᠵᠢᠵᠢᠭ ᠠᠵᠤ ᠠᠬᠤᠢᠯᠠᠯ᠎ᠢ ᠬᠤᠯᠪᠣᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠠᠵᠢᠯ ᠲᠥᠷᠥᠯ᠎ᠤᠨ ᠨᠡᠢᠭᠡᠮᠯᠢᠭ᠂ ᠰᠤᠳᠤᠯᠭᠠᠨ᠎ᠤ ᠪᠠᠢᠭᠤᠯᠤᠮᠵᠢ᠂ ᠠᠵᠤ ᠠᠬᠤᠢᠯᠠᠯ ᠵᠡᠷᠭᠡ ᠮᠠᠰᠢ ᠣᠯᠠᠨ ᠭᠤᠣᠯ ᠴᠣᠭ᠍ᠴᠠ ᠲᠠᠢ ᠬᠣᠯᠪᠣᠯᠳᠠᠵᠠᠢ᠃ 《ᠠᠵᠢᠯᠯᠠᠭᠠᠨ᠎ᠤ ᠲᠥᠯᠥᠪᠯᠡᠭᠡ》᠎ᠨᠢ ᠱᠢᠰᠲ᠋ᠧᠮ ᠲᠠᠢ ᠰᠡᠳᠭᠢᠬᠦᠢ᠎ᠶ᠋ᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠵᠣᠬᠢᠴᠠᠭᠤᠯᠤᠨ ᠠᠬᠢᠭᠤᠯᠵᠤ᠂ ᠠᠵᠤ ᠦᠢᠯᠡᠰ ᠰᠤᠷᠭᠠᠭᠤᠯᠢ ᠰᠤᠳᠤᠯᠭᠠᠨ᠎ᠤ ᠪᠠᠢᠭᠤᠯᠤᠮᠵᠢ ᠬᠠᠮᠵᠢᠯᠴᠠᠨ ᠬᠦᠴᠦᠯᠡᠵᠦ᠍᠂ ᠲᠦᠭ᠌ᠵᠢᠷᠡᠯ ᠴᠡᠭ᠎ᠢ ᠨᠡᠪᠲᠡᠷᠡᠭᠦᠯᠬᠦ᠌᠎ᠶ᠋ᠢ ᠴᠢᠬᠤᠯᠠᠴᠢᠯᠠᠵᠤ᠂ ᠳ᠋ᠠᠢᠲ᠋ᠠ ᠪᠠ ᠮᠡᠳᠡᠭᠡ ᠵᠠᠩᠭᠢ ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠳᠠᠬᠢ ᠪᠦᠬᠦ᠌ ᠬᠡᠯᠬᠢᠶ᠎ᠡ᠎ᠶ᠋ᠢᠨ ᠰᠠᠭᠠᠳ ᠦᠭᠡᠢ ᠱᠢᠯᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠲᠠᠷᠠᠭᠠᠴᠢ᠎ᠶ᠋ᠢᠨ ᠠᠯᠬᠤᠮ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 8 ᠰᠠᠯᠠᠭ᠎ᠠ ᠮᠥᠴᠢᠷ᠎ᠤᠨ᠎ᠬᠢᠨ ᠨᠢᠭᠡ ᠪᠦᠯᠦᠭ ᠳ᠋ᠢᠭᠢᠲᠴᠢᠯᠡᠭ᠌ᠰᠡᠨ ᠣᠶᠤᠨᠴᠢ ᠬᠠᠩᠭᠠᠯᠭ᠎ᠠ᠎ᠶ᠋ᠢᠨ ᠬᠡᠯᠬᠢᠶ᠎ᠡ ᠶ᠋ᠢᠨ ᠳᠠᠭᠠᠭᠤᠯᠤᠭ᠍ᠴᠢ ᠠᠵᠤ ᠠᠬᠤᠢᠯᠠᠯ ᠪᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠥᠪ ᠬᠤᠲᠠ᠎ᠶ᠋ᠢ ᠪᠤᠢᠵᠢᠭᠤᠯᠵᠤ᠂ ᠣᠷᠣᠨ ᠨᠤᠲᠤᠭ᠎ᠢ ᠵᠢᠯᠣᠭᠤᠳᠤᠨ ᠢᠳᠡᠪᠬᠢᠲᠡᠶ ᠬᠠᠢᠨ ᠰᠦᠪᠡᠭ᠌ᠴᠢᠯᠡᠵᠦ᠍᠂ ᠰᠠᠢᠨ ᠲᠤᠷᠱᠢᠯᠭ᠎ᠠ ᠰᠠᠢᠨ ᠠᠷᠭ᠎ᠠ ᠶ᠋ᠢ ᠴᠠᠭ ᠲᠤᠬᠠᠶ᠎ᠳᠤ ᠨᠢ ᠳ᠋ᠦᠩᠨᠡᠨ ᠳᠡᠯᠭᠡᠷᠡᠭᠦᠯᠵᠦ᠍᠂ ᠪᠥᠬᠦ᠌ ᠤᠯᠤᠰ᠎ᠤᠨ ᠳ᠋ᠢᠭᠢᠲᠴᠢᠯᠡᠭ᠌ᠰᠡᠨ ᠣᠶᠤᠨᠴᠢ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠠᠢᠭᠤᠯᠤᠯᠲᠠ᠎ᠶ᠋ᠢᠨ ᠢᠳᠡᠪᠬᠢᠲᠡᠶ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠬᠦ᠂ ᠪᠥᠬᠦ᠌ ᠨᠡᠢᠭᠡᠮ᠎ᠤᠨ ᠪᠠᠷᠠᠭᠠᠨ᠎ᠤ ᠭᠦᠢᠯᠭᠡᠭᠡᠨ᠎ᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ᠂ ᠬᠡᠷᠡᠭ᠌ᠯᠡᠭᠡ ᠬᠠᠩᠭᠠᠯᠭ᠎ᠠ᠎ᠶ᠋ᠢᠨ ᠬᠢᠷᠢ ᠲᠦᠪᠱᠢᠨ᠎ᠢ ᠱᠢᠯᠢᠳᠡᠭ᠌ᠵᠢᠭᠦᠯᠬᠦ᠌᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃