
8 ᠳ᠋ᠤᠭᠠᠷ ᠰᠠᠷ᠎ᠠ᠎ᠶ᠋ᠢᠨ 26 ᠤ ᠡᠳᠦᠷ᠎ᠤᠨ ᠦᠳᠡ᠎ᠶ᠋ᠢᠨ ᠡᠮᠦᠨ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠳᠡᠳ᠋ ᠳᠠᠷᠤᠭ᠎ᠠ ᠫᠧᠩ ᠶᠠ ᠯᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠤᠰᠤᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠱᠢᠶᠧ ᠵᠢᠶᠠᠩ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠠᠵᠢᠯᠯᠠᠭᠠᠨ᠎ᠤ ᠬᠠᠮᠢᠶᠠᠷᠤᠯᠲᠠ᠎ᠶ᠋ᠢᠨ ᠬᠢᠨᠠᠯᠲᠠ ᠲᠠᠯᠪᠢᠬᠤ ᠭᠠᠵᠠᠷ᠎ᠤᠨ ᠳᠡᠳ᠋ ᠳᠠᠷᠤᠭ᠎ᠠ ᠾᠧᠦ ᠵᠢᠩ᠎ᠢ ᠤᠷᠢᠵᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ》᠎ᠳᠤ ᠲᠠᠢᠯᠤᠮᠵᠢ ᠬᠢᠭ᠌ᠰᠡᠨ᠎ᠤ ᠬᠠᠮᠲᠤ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃
ᠮᠡᠳᠡᠭᠡ ᠵᠠᠩᠭᠢ᠎ᠶ᠋ᠢᠨ ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ