ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《2025 ᠣᠨ᠎ᠤ ᠰᠦᠯᠵᠢᠶᠡᠨ ᠳᠡᠭᠡᠷᠡᠬᠢ ᠪᠠᠷᠠᠭ᠋ᠠᠨ᠎ᠤ ᠪᠠᠶᠠᠷ》 ᠲᠡᠭᠦᠰ ᠠᠮᠵᠢᠯᠲᠠ᠎ᠲᠠᠢ ᠲᠡᠭᠦᠰᠪᠡ
ᠨᠡᠶ᠋ᠢᠲᠡᠯᠡᠭᠰᠡᠨ ᠴᠠᠭ᠄ 2025-02-08

   ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ 《ᠬᠡᠷᠡᠭᠯᠡᠭᠡ ᠵᠢ ᠬᠥᠭᠵᠢᠭᠡᠬᠦ》 ᠲᠤᠬᠠᠢ ᠬᠠᠮᠢᠶ᠎ᠠ ᠪᠦᠬᠦᠢ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ 1 ᠳ᠋ᠦ᠍ᠭᠡᠷ ᠰᠠᠷ᠎ᠠ ᠵᠢᠨ 7᠎ᠤ ᠡᠳᠦᠷ᠎ᠠᠴᠠ 2 ᠳ᠋ᠤᠭ᠋ᠠᠷ ᠰᠠᠷ᠎ᠠ ᠵᠢᠨ 5᠎ᠤ ᠡᠳᠦᠷ ᠪᠣᠯᠲᠠᠯ᠎ᠠ 《2025 ᠣᠨ᠎ᠤ ᠰᠦᠯᠵᠢᠶᠡᠨ ᠳᠡᠭᠡᠷᠡᠬᠢ ᠪᠠᠷᠠᠭ᠋ᠠᠨ᠎ᠤ ᠪᠠᠶᠠᠷ》᠎ᠤᠨ ᠠᠵᠢᠯᠯᠠᠭ᠎ᠠ ᠵᠢ ᠥᠷᠨᠢᠭᠦᠯᠪᠡ᠃ ᠭᠤᠷᠪᠠᠳᠠᠬᠢ ᠡᠲᠡᠭᠡᠳ᠎ᠤᠨ ᠬᠤᠳᠠᠯᠳᠤᠭ᠋ᠠᠨ᠎ᠤ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠬᠢᠨᠠᠨ ᠬᠡᠮᠵᠢᠯᠲᠡ ᠵᠢᠨ ᠦᠷ᠎ᠡ ᠳ᠋ᠦᠩ᠎ᠢ ᠦᠨᠳᠦᠰᠦᠯᠡᠪᠡᠯ᠂ ᠠᠵᠢᠯᠯᠠᠭ᠎ᠠ ᠵᠢᠨ ᠬᠤᠭᠤᠴᠠᠭ᠋ᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠰᠦᠯᠵᠢᠶᠡᠨ᠎ᠤ ᠵᠢᠵᠢᠭᠯᠡᠨ ᠬᠤᠳᠠᠯᠳᠤᠭᠰᠠᠨ ᠲᠤᠭ᠎ᠠ 62.7 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.4%᠎ᠪᠠᠷ ᠨᠡᠮᠡᠭᠳᠡᠨ᠂ ᠪᠥᠬᠦ ᠣᠷᠣᠨ᠎ᠤ ᠰᠦᠯᠵᠢᠶᠡᠨ᠎ᠤ ᠵᠢᠵᠢᠭᠯᠡᠨ ᠬᠤᠳᠠᠯᠳᠤᠭᠰᠠᠨ ᠲᠤᠭ᠎ᠠ 1000 ᠲᠦᠮᠡᠨ ᠲᠥᠭᠦᠷᠢᠭ᠎ᠠᠴᠠ ᠳᠠᠪᠠᠭᠰᠠᠨ ᠠᠵᠤ ᠠᠬᠤᠶ᠋ᠢᠯᠠᠯ 8᠂ ᠳᠡᠯᠭᠡᠭᠦᠷ 20 ᠪᠠᠶ᠋ᠢᠵᠤ᠂ 《ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ  ᠪᠠᠶᠠᠷ》᠎ᠤᠨ ᠦᠷ᠎ᠡ ᠪᠦᠲᠦᠮᠵᠢ ᠲᠣᠪᠤᠶ᠋ᠢᠮ᠎ᠠ ᠪᠠᠶ᠋ᠢᠵᠤ᠂ ᠲᠡᠭᠦᠰ ᠠᠮᠵᠢᠯᠲᠠ᠎ᠲᠠᠢ ᠲᠡᠭᠦᠰᠴᠡᠶ!


 

   ᠡᠮᠦᠨᠡᠬᠢ ᠬᠤᠭᠤᠴᠠᠭ᠋ᠠᠨ᠎ᠤ ᠤᠷᠢᠳᠴᠢᠯᠠᠭᠰᠠᠨ ᠬᠠᠯᠠᠭᠤᠨ ᠠᠵᠢᠯᠯᠠᠭ᠎ᠠ

   ᠪᠠᠲᠤᠯᠠᠭ᠎ᠠ ᠵᠢᠨ ᠠᠵᠢᠯᠯᠠᠭ᠎ᠠ ᠵᠢᠨ ᠡᠮᠦᠨᠡᠬᠢ ᠬᠤᠭᠤᠴᠠᠭ᠋ᠠᠨ᠎ᠤ ᠤᠬᠠᠭᠤᠯᠭ᠎ᠠ ᠵᠢᠨ ᠪᠡᠯᠡᠳᠭᠡᠯ ᠵᠢ 《ᠬᠦᠷ ᠬᠦᠭᠵᠢᠶᠡᠨ᠎ᠲᠠᠢ》 ᠪᠠᠢ᠌ᠯᠭ᠋ᠠᠬᠤ ᠵᠢᠨ ᠲᠥᠯᠥᠭᠡ᠂ ᠮᠠᠨ᠎ᠤ ᠣᠷᠣᠨ ᠲᠣᠰ ᠲᠣᠰ 2014 ᠣᠨ᠎ᠤ 12 ᠳ᠋ᠤᠭ᠋ᠠᠷ ᠰᠠᠷ᠎ᠠ ᠵᠢᠨ 17᠎ᠤ ᠡᠳᠦᠷ ᠲᠤᠤ ᠲᠢᠶᠠᠨ ᠬᠥᠬᠡᠬᠤᠲᠠ᠎ᠪᠠᠷ ᠭᠤᠤᠯ ᠲᠠᠯᠠᠪᠤᠷ ᠪᠣᠯᠭ᠋ᠠᠨ 《ᠡᠬᠢ ᠡᠭᠦᠰᠦᠯ᠎ᠢ᠎ᠨᠢ ᠡᠷᠢᠬᠦ ᠥᠪᠥᠷ ᠮᠣᠩᠭᠤᠯ᠎ᠤᠨ ᠰᠦᠯᠵᠢᠶᠡᠨ ᠳᠡᠭᠡᠷᠡᠬᠢ ᠪᠠᠷᠠᠭ᠋ᠠᠨ᠎ᠤ ᠨᠠᠶ᠋ᠢᠷ᠎ᠤᠨ ᠬᠤᠳᠠᠯᠳᠤᠭ᠋ᠠᠴᠢᠨ ᠤᠷᠢᠵᠤ ᠬᠤᠳᠠᠯᠳᠤᠨ ᠠᠪᠬᠤ ᠬᠤᠷᠠᠯ》᠎ᠢ ᠥᠷᠨᠢᠭᠦᠯᠪᠡ; 12 ᠳ᠋ᠤᠭ᠋ᠠᠷ ᠰᠠᠷ᠎ᠠ ᠵᠢᠨ 19᠎ᠤ ᠡᠳᠦᠷ᠂ 23᠎ᠤ ᠡᠳᠦᠷ ᠲᠢᠭ ᠲᠤᠭ 《ᠬᠥᠬᠡᠬᠤᠲᠠ ᠪᠤᠭᠤᠲᠤ ᠤᠯᠠᠭ᠋ᠠᠨᠬᠠᠳᠠ》 ᠭᠤᠷᠪᠠᠨ ᠬᠤᠲᠠ᠎ᠲᠠᠢ ᠬᠤᠯᠪᠣᠭ᠋ᠠᠯᠠᠨ ᠭᠤᠤᠯ ᠲᠠᠯᠠᠪᠤᠷ ᠪᠣᠯᠭ᠋ᠠᠵᠤ 《ᠵᠠᠭᠤᠨ ᠬᠤᠲᠠ ᠮᠢᠩᠭ᠋ᠠᠨ ᠪᠦᠲᠦᠭᠡᠭᠳᠡᠬᠦᠨ᠎ᠲᠠᠢ ᠲᠢᠭ ᠲᠤᠭ》 ᠥᠪᠥᠷ ᠮᠣᠩᠭᠤᠯ᠎ᠤᠨ ᠲᠢᠭ ᠲᠤᠭ᠎ᠨᠢ ᠲᠡᠷᠡ ᠳᠠᠷᠤᠶ᠎ᠳᠤᠨᠢ ᠵᠢᠵᠢᠭᠯᠡᠨ ᠬᠤᠳᠠᠯᠳᠤᠬᠤ ᠲᠥᠯᠥᠪᠯᠡᠭᠡ ᠥᠷᠨᠢᠭᠦᠯᠵᠦ᠂ ᠥᠪᠥᠷ ᠮᠣᠩᠭᠤᠯ᠎ᠤᠨ 180 ᠭᠠᠷᠤᠶ ᠬᠤᠳᠠᠯᠳᠤᠭ᠋ᠠᠴᠢᠨ ᠲᠤᠬᠠᠶ ᠵᠢᠨ ᠲᠠᠯᠠᠪᠠᠶ᠎ᠳᠤ ᠣᠷᠣᠯᠴᠠᠵᠠᠶ᠃  ᠬᠤᠳᠠᠯᠳᠤᠭ᠋ᠠᠴᠢᠳ ᠲᠢᠶᠠᠨ ᠮᠤᠤ ᠬᠡᠲᠦ ᠳᠡᠯᠭᠡᠭᠦᠷ᠂ ᠲᠤᠤ ᠭᠦᠩ ᠦᠢ᠍ᠯᠡᠳᠪᠦᠷᠢ᠂ ᠲᠢᠭ ᠲᠤᠭ ᠨᠢᠭᠡ ᠴᠠᠭ᠎ᠲᠤ ᠬᠦᠷᠬᠦ ᠵᠡᠷᠭᠡ ᠲᠠᠪᠴᠠᠩ᠎ᠤᠨ ᠬᠦᠴᠦᠷᠬᠡᠭ ᠬᠡᠰᠡᠭ᠎ᠲᠤ ᠲᠤᠰᠬᠠᠶ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠭᠥᠷᠳᠡᠵᠦ᠂ ᠦᠢ᠍ᠯᠡᠳᠭᠦᠨ᠎ᠤ ᠪᠣᠷᠣᠯᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠨ᠂ 《ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠪᠠᠶᠠᠷ》᠎ᠤᠨ ᠠᠵᠢᠯᠯᠠᠭ᠎ᠠ ᠵᠢ ᠶᠡᠭᠡ᠎ᠪᠠᠷ ᠠᠬᠢᠭᠤᠯᠬᠤ᠎ᠳᠤ ᠪᠡᠯᠡᠳᠬᠡᠪᠡ᠃

  《ᠮᠥᠰᠥ ᠴᠠᠰᠤᠨ ᠳᠡᠭᠡᠷᠡᠬᠢ ᠬᠠᠯᠠᠭᠤᠨ ᠲᠣᠭᠤᠭ᠎ᠠ  2025 ᠣᠨ᠎ᠤ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠪᠠᠶᠠᠷ᠎ᠤᠨ ᠲᠤᠰᠬᠠᠶ ᠲᠠᠯᠠᠪᠤᠷ᠎ᠤᠨ ᠠᠵᠢᠯᠯᠠᠭ᠎ᠠ》 ᠵᠢ ᠥᠷᠨᠢᠭᠦᠯᠪᠡ

   ᠮᠥᠰᠥ ᠴᠠᠰᠤᠨ᠎ᠤ ᠠᠵᠤ ᠠᠬᠤᠶ ᠵᠢ ᠬᠥᠭᠵᠢᠭᠦᠯᠬᠦ ᠲᠤᠬᠠᠶ ᠠᠵᠢᠯ᠎ᠤᠨ ᠪᠠᠶ᠋ᠢᠷᠢᠯᠠᠭᠤᠯᠤᠯᠲᠠ ᠵᠢ ᠢᠳᠡᠪᠬᠢᠲᠡᠶ ᠳᠠᠭ᠋ᠠᠬᠤ ᠵᠢᠨ ᠲᠥᠯᠥᠭᠡ᠂ ᠲᠣᠰ ᠤᠳᠠᠭ᠋ᠠᠨ᠎ᠤ ᠠᠵᠢᠯᠯᠠᠭ᠎ᠠ ᠵᠢᠨ ᠬᠤᠭᠤᠴᠠᠭ᠋ᠠᠨ᠎ᠳᠤ ᠮᠠᠨ᠎ᠤ ᠣᠷᠣᠨ ᠮᠥᠰᠥ ᠴᠠᠰᠤᠨ᠎ᠤ ᠤᠯᠠᠷᠢᠯ᠎ᠤᠨ ᠬᠠᠮᠢᠶ᠎ᠠ ᠪᠥᠬᠦᠶ ᠠᠵᠢᠯ᠎ᠢ ᠶᠡᠬᠡ᠎ᠪᠠᠷ ᠤᠬᠠᠭᠤᠯᠵᠤ᠂ ᠬᠥᠬᠡᠬᠤᠲᠠ᠂ ᠬᠥᠯᠥᠨ ᠪᠤᠶ᠋ᠢᠷ ᠬᠤᠲᠠ ᠵᠡᠷᠭᠡ ᠨᠥᠬᠦᠴᠡᠯ ᠪᠥᠷᠢᠳᠦᠭᠰᠡᠨ 6 ᠠᠶ᠋ᠢᠮᠠᠭ ᠬᠤᠲᠠ ᠵᠢ ᠰᠣᠩᠭᠤᠨ 《ᠮᠥᠰᠥ ᠴᠠᠰᠤᠨ ᠳᠡᠭᠡᠷᠡᠬᠢ ᠬᠠᠯᠠᠭᠤᠨ ᠲᠣᠭᠤᠭ᠎ᠠ  2025 ᠣᠨ᠎ᠤ ᠰᠦᠯᠵᠢᠶᠡᠨ ᠳᠡᠭᠡᠷᠡᠬᠢ ᠴᠠᠭ᠋ᠠᠨ ᠢᠳᠡᠭᠡᠨ᠎ᠤ ᠪᠠᠶᠠᠷ᠎ᠤᠨ ᠲᠤᠰᠬᠠᠶ ᠠᠵᠢᠯᠯᠠᠭ᠎ᠠ》 ᠭᠠᠷᠭ᠋ᠠᠵᠤ᠂ ᠦᠬᠡᠷ ᠬᠤᠨᠢᠨ ᠮᠢᠬ᠎ᠠ᠂ ᠲᠥᠬᠦᠮ ᠴᠠᠭ᠋ᠠᠨ ᠢᠳᠡᠭᠡᠨ᠂ ᠬᠠᠯᠠᠭᠤᠨ ᠲᠣᠭᠤᠭ᠋ᠠᠨ᠎ᠤ ᠮᠠᠲ᠋ᠧᠷᠢᠶᠠᠯ ᠵᠡᠷᠭᠡ᠎ᠪᠠᠷ ᠭᠤᠤᠯ ᠪᠣᠯᠭ᠋ᠠᠭᠰᠠᠨ ᠬᠠᠯᠠᠭᠤᠨ ᠲᠣᠭᠤᠭ᠋ᠠᠨ᠎ᠤ ᠡᠷᠬᠢᠨ ᠲᠣᠭᠤᠷᠢᠨ᠎ᠤ ᠪᠦᠲᠦᠭᠡᠭᠳᠡᠬᠦᠨ᠎ᠢ ᠪᠣᠷᠣᠯᠠᠭᠤᠯᠪᠠ᠃ ᠭᠤᠷᠪᠠᠳᠠᠬᠢ ᠡᠲᠡᠭᠡᠳ᠎ᠤᠨ ᠬᠤᠳᠠᠯᠳᠤᠭ᠋ᠠᠨ᠎ᠤ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠬᠢᠨᠠᠨ ᠬᠡᠮᠵᠢᠯᠲᠡ ᠵᠢ ᠦᠨᠳᠦᠰᠦᠯᠡᠪᠡᠯ᠂ ᠠᠵᠢᠯᠯᠠᠭ᠋ᠠᠨ᠎ᠤ ᠬᠤᠭᠤᠴᠠᠭ᠋ᠠᠨ᠎ᠳᠤ ᠪᠦᠬᠦ ᠣᠷᠣᠨ᠎ᠤ ᠦᠬᠡᠷ ᠬᠤᠨᠢᠨ ᠮᠢᠬᠠᠨ᠎ᠤ ᠲᠥᠷᠥᠯ᠎ᠤᠨ ᠪᠦᠲᠦᠭᠡᠭᠳᠡᠬᠦᠨ᠎ᠢ ᠰᠦᠯᠵᠢᠶ᠎ᠡ᠎ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ 4.3 ᠳ᠋ᠦᠩᠰᠢᠭᠤᠷ ᠲᠥᠭᠦᠷᠢᠭ᠎ᠲᠤ ᠬᠦᠷᠪᠡ᠃

   ᠡᠯ᠎ᠡ ᠠᠶ᠋ᠢᠮᠠᠭ ᠬᠣᠲᠠ ᠵᠢᠨ ᠠᠵᠢᠯᠯᠠᠭ᠎ᠠ ᠥᠷᠨᠢᠭᠦᠯᠦᠭᠰᠡᠨ ᠪᠠᠶ᠋ᠢᠳᠠᠯ

   ᠡᠯ᠎ᠡ ᠠᠶ᠋ᠢᠮᠠᠭ ᠬᠤᠲᠠ᠎ᠨᠢ 《ᠵᠠᠰᠠᠭ᠎ᠤᠨ ᠣᠷᠳᠣᠨ ᠵᠢᠯᠣᠭᠤᠳᠬᠤ᠂ ᠠᠵᠤ ᠠᠬᠤᠶ᠋ᠢᠯᠠᠯ ᠵᠶ᠋ᠠᠷ ᠭᠤᠣᠯ ᠪᠣᠯᠭ᠋ᠠᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ》 ᠵᠠᠷᠴᠢᠮ ᠶᠣᠰᠣᠭ᠋ᠠᠷ᠂ ᠨᠢᠭᠡᠳᠦᠯᠲᠡᠶ ᠪᠠᠶ᠋ᠢᠷᠢᠯᠠᠭᠤᠯᠬᠤ᠂ ᠨᠢᠭᠡᠳᠦᠯᠲᠡᠶ ᠰᠢᠨᠵᠢ ᠲᠡᠮᠳᠡᠭ᠂ ᠨᠢᠭᠡᠳᠦᠯᠲᠡᠶ ᠴᠠᠭ ᠬᠤᠭᠤᠴᠠᠭ᠎ᠠ ᠵᠢ ᠨᠢᠭᠡᠳᠬᠡᠨ᠂ ᠶᠠᠰᠤ ᠴᠢᠨᠠᠷ᠎ᠤᠨ ᠬᠡᠷᠡᠭᠯᠡᠭᠡ ᠵᠢ ᠳᠡᠭᠡᠭᠰᠢᠯᠡᠭᠦᠯᠬᠦ᠂ ᠴᠠᠭ᠋ᠠᠨ ᠰᠠᠷ᠎ᠠ ᠵᠢᠨ ᠪᠠᠷᠠᠭ᠋ᠠᠨ᠎ᠤ ᠬᠠᠩᠭ᠋ᠠᠯᠭ᠎ᠠ ᠵᠢ ᠪᠠᠶᠠᠯᠢᠭᠵᠢᠭᠤᠯᠬᠤ᠂ ᠬᠠᠭᠤᠴᠢᠨ ᠵᠶ᠋ᠠᠷ ᠰᠢᠨ᠎ᠡ ᠵᠢ ᠰᠣᠯᠢᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠵᠢ ᠠᠭᠤᠰᠤᠯᠴᠠᠭᠤᠯᠬᠤ ᠵᠡᠷᠭᠡ ᠴᠢᠭᠯᠡᠯ᠎ᠤᠨ ᠲᠣᠭᠤᠷᠢᠨ᠎ᠳᠤ ᠴᠠᠭ᠋ᠠᠨ ᠰᠠᠷ᠎ᠠ ᠵᠢᠨ ᠪᠠᠷᠠᠭ᠎ᠠ ᠵᠢ ᠲᠥᠪᠯᠡᠷᠡᠭᠦᠯᠦᠨ ᠳᠡᠯᠭᠡᠨ ᠪᠣᠷᠣᠯᠠᠭᠤᠯᠬᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ ᠵᠡᠷᠭᠡ ᠣᠯᠠᠨ ᠶᠠᠩᠵᠤ ᠬᠡᠯᠪᠡᠷᠢ ᠵᠢᠨ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠵᠦ᠂ ᠡᠭᠦᠨ᠎ᠳᠤ ᠬᠡᠰᠡᠭ ᠠᠶ᠋ᠢᠮᠠᠭ ᠬᠤᠲᠠ ᠵᠢᠨ ᠢᠯᠡᠷᠡᠯ᠎ᠨᠢ ᠲᠣᠪᠤᠶ᠋ᠢᠮ᠎ᠠ ᠪᠠᠶ᠋ᠢᠨ᠎ᠠ᠄

   ᠬᠥᠬᠡᠬᠤᠲᠠ ᠵᠢᠨ ᠯᠢᠶᠠᠨ ᠳ᠋ᠦᠩ ᠮᠸᠢ ᠲᠤᠸᠠᠨ᠂ ᠵᠢᠩ ᠳ᠋ᠦᠩ᠂ ᠳ᠋ᠥᠸᠧ ᠳ᠋ᠥᠸᠧ ᠨᠣᠭᠤᠭ᠎ᠠ ᠬᠤᠳᠠᠯᠳᠤᠨ ᠠᠪᠬᠤ᠂ ᠰᠢᠶᠤᠤ ᠵᠢᠶᠠᠩ᠎ᠤᠨ ᠰᠢᠯᠢᠳᠡᠭ ᠰᠣᠩᠭᠤᠯᠲᠠ᠂ ᠴᠢᠩ ᠴᠸᠩ ᠵᠢᠨ ᠰᠢᠯᠢᠳᠡᠭ ᠰᠣᠩᠭᠤᠯᠲᠠ ᠵᠢᠨ V᠂ ᠲᠠᠯ᠎ᠠ ᠨᠤᠲᠤᠭ᠎ᠤᠨ ᠤᠯᠠᠭ᠋ᠠᠨ ᠨᠠᠷᠠ᠂ ᠺᠠᠩ ᠰᠢᠨ ᠮᠠᠯᠵᠢᠯ᠎ᠤᠨ ᠲᠠᠯᠠᠪᠠᠶ ᠵᠡᠷᠭᠡ 300 ᠭᠠᠷᠤᠶ ᠲᠠᠪᠴᠠᠩ (  APP)᠂ ᠲᠣᠰ ᠭᠠᠵᠠᠷ᠎ᠤᠨ ᠡᠯᠸᠺᠲᠷᠣᠨ ᠬᠤᠳᠠᠯᠳᠤᠭ᠎ᠠ ᠪᠠ ᠤᠯᠠᠮᠵᠢᠯᠠᠯᠲᠤ ᠠᠵᠤ ᠠᠬᠤᠶ᠋ᠢᠯᠠᠯ 《ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠪᠣᠷᠣᠯᠠᠭᠤᠯᠭ᠎ᠠ ᠵᠢ ᠠᠬᠢᠭᠤᠯᠬᠤ》᠂ 《ᠮᠥᠰᠥ ᠴᠠᠰᠤᠨ ᠳᠡᠭᠡᠷᠡᠬᠢ ᠬᠠᠯᠠᠭᠤᠨ ᠲᠣᠭᠤᠭ᠎ᠠ ᠵᠢᠨ ᠰᠢᠭᠤᠳ ᠨᠡᠪᠲᠡᠷᠡᠭᠦᠯᠭᠡ ᠵᠢᠨ ᠲᠤᠰᠬᠠᠶ ᠲᠠᠯᠠᠪᠠᠶ》᠂ 《ᠪᠢᠲᠡᠭᠦᠨ᠎ᠤ ᠬᠤᠭᠤᠯᠠᠨ᠎ᠤ ᠨᠡᠷᠡᠰ᠎ᠤᠨ ᠵᠢᠭᠰᠠᠭ᠋ᠠᠯᠲᠠ》 ᠵᠡᠷᠭᠡ ᠲᠤᠰᠬᠠᠶ ᠲᠠᠯᠠᠪᠤᠷ᠎ᠤᠨ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠡᠷᠭᠢᠯᠡᠵᠦ᠂ ᠵᠠᠬᠢᠶᠠᠯᠠᠭ᠎ᠠ ᠵᠢᠨ ᠬᠡᠮᠵᠢᠶ᠎ᠡ 659 ᠲᠦᠮᠡᠨ ᠬᠤᠪᠢ᠂ ᠲᠤᠰᠬᠠᠶ ᠲᠠᠯᠠᠪᠤᠷ᠎ᠤᠨ ᠠᠵᠢᠯᠯᠠᠭ᠎ᠠ ᠵᠢᠨ ᠠᠷᠠᠯᠵᠢᠶ᠎ᠠ ᠵᠢᠨ ᠲᠤᠭ᠎ᠠ ᠪᠠᠷᠤᠭ 1.9 ᠳ᠋ᠦᠩᠰᠢᠭᠤᠷ ᠲᠥᠭᠦᠷᠢᠭ᠎ᠲᠤ ᠬᠥᠷᠪᠡ;

   ᠪᠤᠭᠤᠲᠤ ᠬᠣᠲᠠ 1 ᠳ᠋ᠦ᠍ᠭᠡᠷ ᠰᠠᠷ᠎ᠠ ᠵᠢᠨ 7᠎ᠤ ᠡᠳᠦᠷ ᠪᠦᠬᠦ ᠬᠣᠲᠠ ᠵᠢᠨ ᠡᠬᠢᠯᠡᠯᠲᠡ ᠵᠢᠨ ᠶᠣᠰᠣᠯᠠᠯ ᠶᠠᠪᠤᠭᠤᠯᠬᠤ ᠵᠢᠨ ᠬᠠᠮᠲᠤ ᠡᠯ᠎ᠡ ᠬᠤᠰᠢᠭᠤ ᠰᠢᠶᠠᠩ ᠲᠣᠭᠣᠷᠢᠭ᠎ᠢ ᠵᠢᠯᠣᠭᠣᠳᠤᠨ ᠬᠠᠮᠲᠤᠷᠠᠨ ᠬᠥᠳᠡᠯᠦᠯᠴᠡᠬᠦ ᠠᠵᠢᠯᠯᠠᠭ᠎ᠠ ᠵᠢ ᠥᠷᠨᠢᠭᠦᠯᠵᠦ᠂ ᠤᠯᠤᠰ᠎ᠤᠨ ᠪᠠᠷᠠᠭ᠋ᠠᠨ᠎ᠤ 《ᠴᠠᠭ᠎ᠤᠨ ᠤᠷᠤᠰᠬᠠᠯᠲᠤ ᠡᠳ᠋》᠎ᠢ ᠳᠡᠯᠭᠡᠷᠡᠭᠦᠯᠵᠦ᠂ ᠬᠡᠷᠡᠭᠯᠡᠭᠡᠨ᠎ᠤ ᠪᠠᠢ᠌ᠳᠠᠯ᠎ᠢ ᠰᠢᠨ᠎ᠡ ᠵᠢ ᠡᠭᠦᠳᠪᠡ᠃ ᠠᠵᠢᠯᠯᠠᠭ᠎ᠠ ᠵᠢᠨ ᠬᠤᠭᠤᠴᠠᠭ᠋ᠠᠨ᠎ᠳᠤ᠂ ᠪᠤᠭᠤᠲᠤ ᠬᠤᠲᠠ ᠵᠢᠨ ᠰᠦᠯᠵᠢᠶᠡᠨ᠎ᠤ ᠵᠢᠵᠢᠭᠯᠡᠨ ᠬᠤᠳᠠᠯᠳᠤᠭᠰᠠᠨ ᠲᠤᠭ᠎ᠠ 100 ᠲᠦᠮᠡᠨ ᠲᠥᠭᠦᠷᠢᠭ᠎ᠠᠴᠠ ᠳᠠᠪᠠᠭᠰᠠᠨ ᠠᠵᠤ ᠠᠬᠤᠶ᠋ᠢᠯᠠᠯ ᠪᠠ ᠳᠡᠯᠭᠡᠭᠦᠷ 11 ᠪᠠᠶ᠋ᠢᠵᠤ᠂ ᠨᠢᠭᠡᠳᠦᠭᠡᠷ᠎ᠲᠤ ᠵᠢᠭᠰᠠᠭ᠋ᠠᠭᠳᠠᠭᠰᠠᠨ ᠳᠡᠯᠭᠡᠭᠦᠷ ᠫᠦᠰᠡ᠎ᠨᠢ 《ᠤᠯᠠᠭ᠋ᠠᠨ ᠵᠠᠭ᠋ᠠᠯᠮᠠᠶ᠋ᠢᠲᠠᠨ᠎ᠤ ᠠᠯᠪᠠᠨ᠎ᠤ ᠲᠠᠯ᠎ᠠ ᠵᠢᠨ ᠬᠤᠰᠢᠭᠤᠴᠢ ᠳᠡᠯᠭᠡᠭᠦᠷ》 ᠪᠠᠶ᠋ᠢᠵᠤ᠂ ᠠᠵᠢᠯᠯᠠᠭ᠎ᠠ ᠵᠢᠨ ᠬᠤᠭᠤᠴᠠᠭ᠋ᠠᠨ᠎ᠳᠤ ᠰᠦᠯᠵᠢᠶᠡᠨ᠎ᠤ ᠵᠢᠵᠢᠭᠯᠡᠨ ᠬᠤᠳᠠᠯᠳᠤᠭᠰᠠᠨ ᠲᠤᠭ᠎ᠠ᠎ᠨᠢ 357.4 ᠲᠦᠮᠡᠨ ᠲᠥᠭᠦᠷᠢᠭ᠎ᠲᠤ ᠬᠦᠷᠪᠡ;

   ᠣᠷᠳᠣᠰ ᠬᠤᠲᠠ 《ᠰᠢᠨ᠎ᠡ ᠵᠢᠯ ᠰᠢᠨ᠎ᠡ ᠵᠢ ᠰᠤᠯᠢᠬᠤ   ᠪᠠᠶᠠᠷᠲᠠᠢ ᠬᠤᠳᠠᠯᠳᠤᠨ ᠠᠪᠬᠤ ᠳᠤᠯᠠᠭ᠋ᠠᠨ ᠬᠤᠲᠠ》᠎ᠪᠠᠷ ᠭᠤᠤᠯ ᠰᠡᠳᠦᠪ ᠪᠣᠯᠭ᠋ᠠᠵᠤ᠂ ᠴᠢᠨᠠᠷ ᠴᠢᠨᠰᠠᠭ᠎ᠠ ᠵᠢᠨ ᠬᠡᠷᠡᠭᠯᠡᠭᠡ ᠵᠢ ᠳᠡᠭᠡᠭᠰᠢᠯᠡᠭᠦᠯᠬᠦ᠂ ᠴᠠᠭ᠋ᠠᠨ ᠰᠠᠷ᠎ᠠ ᠵᠢᠨ ᠪᠠᠷᠠᠭ᠋ᠠᠨ᠎ᠤ ᠬᠠᠩᠭ᠋ᠠᠯᠭ᠎ᠠ ᠵᠢ ᠪᠠᠶᠠᠯᠢᠭᠵᠢᠭᠤᠯᠬᠤ ᠵᠢᠨ ᠲᠣᠭᠤᠷᠢᠨ᠎ᠳᠤ᠂ ᠲᠣᠰ ᠭᠠᠵᠠᠷ᠎ᠤᠨ ᠡᠯᠸᠺᠲᠷᠣᠨ ᠬᠤᠳᠠᠯᠳᠤᠭ᠋ᠠᠨ᠎ᠤ ᠠᠵᠤ ᠠᠬᠤᠶ᠋ᠢᠯᠠᠯ᠂ ᠲᠢᠭ ᠲᠤᠭ ᠲᠦᠷᠭᠡᠨ ᠭᠠᠷ ᠲᠠᠪᠴᠠᠩ᠎ᠤᠨ ᠰᠦᠯᠵᠢᠶᠡᠨ᠎ᠤ ᠨᠡᠷ᠎ᠡ ᠴᠤᠤᠲᠠᠢ ᠬᠦᠮᠦᠰ᠂ ᠲᠣᠰᠬᠤᠨ᠎ᠳᠤ ᠰᠠᠭᠤᠭ᠎ᠠ ᠨᠢᠭᠡᠳᠦᠭᠡᠷ ᠱᠦᠵᠢ ᠵᠡᠷᠭᠡ ᠵᠢ ᠵᠣᠬᠢᠶᠠᠨ ᠪᠠᠶ᠋ᠢᠭᠤᠯᠤᠨ ᠴᠠᠭ᠋ᠠᠨ ᠰᠠᠷ᠎ᠠ ᠵᠢᠨ ᠲᠤᠰᠬᠠᠶ ᠲᠠᠯᠠᠪᠤᠷ᠎ᠤᠨ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠣᠵᠤ᠂ ᠵᠢᠩ ᠳ᠋ᠦᠩ ᠣᠨᠴᠠ ᠭᠠᠷᠤᠯᠲᠠ ᠵᠢᠨ ᠣᠷᠳᠣᠨ᠂ 《ᠮᠠᠨ ᠬᠠᠨ ᠵᠦᠨ ᠶᠸᠤ》᠂ 《ᠲᠢᠶᠠᠨ ᠮᠦ᠍ ᠱᠦᠸᠧ ᠹᠠᠩ》 ᠵᠡᠷᠭᠡ ᠳᠡᠯᠭᠡᠭᠦᠷ᠎ᠤᠨ ᠠᠵᠤ ᠠᠬᠤᠶ᠋ᠢᠯᠠᠯ ᠬᠠᠮᠲᠤ᠎ᠪᠠᠷ ᠣᠷᠣᠯᠴᠠᠵᠤ᠂ ᠠᠵᠢᠯᠯᠠᠭ᠎ᠠ ᠵᠢᠨ ᠬᠤᠭᠤᠴᠠᠭ᠋ᠠᠨ᠎ᠳᠤ᠂ ᠲᠦᠷᠭᠡᠨ ᠭᠠᠷ ᠲᠠᠪᠴᠠᠩ᠎ᠤᠨ ᠰᠦᠯᠵᠢᠶᠡᠨ᠎ᠤ ᠨᠡᠷ᠎ᠡ ᠴᠤᠤᠲᠠᠢ ᠬᠦᠮᠦᠰ᠎ᠤᠨ 《ᠵᠢᠵᠢᠭ ᠠᠮᠲᠠᠲᠤ ᠬᠡᠮᠬᠡ》᠎ᠪᠠᠷ ᠭᠤᠤᠯ ᠪᠣᠯᠭ᠋ᠠᠭᠰᠠᠨ ᠲᠠᠷᠢᠶᠠᠯᠠᠩ᠎ᠤᠨ ᠪᠦᠲᠦᠭᠡᠭᠳᠡᠬᠦᠨ᠎ᠢ ᠨᠡᠶ᠋ᠢᠲᠡ 110 ᠭᠠᠷᠤᠶ ᠲᠦᠮᠡᠨ ᠲᠥᠭᠦᠷᠢᠭ ᠬᠠᠪᠰᠤᠷᠤᠨ ᠪᠣᠷᠣᠯᠠᠭᠤᠯᠪᠠ᠃

   ᠲᠦᠩᠯᠢᠶᠣᠤ ᠬᠤᠲᠠ ᠴᠠᠭ᠋ᠠᠨ ᠰᠠᠷ᠎ᠠ ᠵᠢᠨ ᠪᠠᠷᠠᠭ᠋ᠠᠨ᠎ᠤ ᠪᠠᠶᠠᠷ᠎ᠤᠨ ᠠᠵᠢᠯᠯᠠᠭ᠎ᠠ ᠵᠢ 9 ᠶᠡᠭᠡ ᠬᠡᠰᠡᠭ ᠲᠣᠭᠤᠷᠢᠭ ᠪᠣᠯᠭ᠋ᠠᠨ ᠬᠤᠪᠢᠶᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠎ᠤᠨ ᠤᠨᠴᠠᠯᠢᠬᠳᠤ ᠲᠠᠷᠢᠶᠠᠯᠠᠩ᠎ᠤᠨ ᠣᠨᠴᠠ ᠭᠠᠷᠤᠯᠲᠠ᠂ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠂ ᠭᠠᠷ ᠤᠷᠠᠯᠠᠯ᠎ᠤᠨ ᠪᠦᠲᠦᠭᠡᠭᠳᠡᠬᠦᠨ᠎ᠢ 《ᠲᠠᠯᠠᠪᠤᠷ ᠳᠣᠲᠣᠷ᠎ᠠ ᠲᠠᠯᠠᠪᠤᠷ᠎ᠤᠨ ᠭᠠᠳᠠᠨ᠎ᠠ ᠵᠡᠷᠭᠡ᠎ᠪᠠᠷ ᠶᠠᠪᠤᠭᠳᠠᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠭᠤᠷᠬᠢ ᠵᠢ ᠤᠶᠠᠯᠳᠤᠭᠤᠯᠬᠤ》 ᠬᠡᠯᠪᠡᠷᠢ᠎ᠪᠠᠷ ᠳᠠᠮᠵᠢᠭᠤᠯᠤᠨ ᠪᠣᠷᠣᠯᠠᠭᠤᠯᠵᠤ᠂ ᠨᠡᠶ᠋ᠢᠲᠡ 100 ᠭᠠᠷᠤᠶ ᠬᠡᠷ᠎ᠤᠨ ᠴᠠᠬᠢᠯᠭ᠋ᠠᠨ ᠬᠡᠷᠡᠭᠰᠡᠯ᠎ᠤᠨ ᠬᠤᠳᠠᠯᠳᠤᠭ᠋ᠠᠨ᠎ᠤ ᠠᠵᠤ ᠠᠬᠤᠶ᠋ᠢᠯᠠᠯ ᠪᠠ 150 ᠭᠠᠷᠤᠶ ᠪᠠᠷᠠᠭ᠎ᠠ ᠠᠪᠴᠤ ᠶᠠᠪᠤᠭ᠎ᠠ ᠭᠤᠤᠯ ᠨᠡᠪᠲᠡᠷᠡᠭᠦᠯᠭᠡ᠎ᠨᠢ ᠣᠯᠠᠨ ᠬᠦᠷᠢᠶ᠎ᠡ ᠴᠠᠷᠠᠭ᠎ᠠ᠂ ᠭᠦᠨ ᠳᠠᠪᠬᠤᠷᠭ᠎ᠠ᠂ ᠠᠭᠤᠰᠤᠯᠴᠠᠨ ᠨᠡᠶ᠋ᠢᠯᠡᠬᠦ ᠰᠦᠯᠵᠢᠶᠡᠨ ᠳᠡᠭᠡᠷᠡᠬᠢ ᠬᠡᠷᠡᠭᠯᠡᠭᠡ ᠵᠢ ᠠᠬᠢᠭᠤᠯᠵᠤ᠂ ᠠᠵᠢᠯᠯᠠᠭ᠎ᠠ ᠵᠢᠨ ᠬᠤᠭᠤᠴᠠᠭ᠋ᠠᠨ᠎ᠳᠤ ᠰᠦᠯᠵᠢᠶᠡᠨ᠎ᠤ ᠪᠣᠷᠣᠯᠠᠭᠤᠯᠭ᠎ᠠ ᠵᠢᠨ ᠬᠡᠮᠵᠢᠶ᠎ᠡ ᠵᠢ 9800 ᠭᠠᠷᠤᠶ ᠲᠦᠮᠡᠨ ᠲᠥᠭᠦᠷᠢᠭ ᠨᠡᠮᠡᠭᠳᠡᠭᠦᠯᠪᠡ;

   ᠪᠠᠶᠠᠨᠨᠠᠭᠤᠷ ᠬᠤᠲᠠ ᠠᠯᠳᠠᠷᠲᠤ ᠬᠥᠲᠥᠯᠦᠭᠴᠢ ᠳ᠋ᠦᠩ ᠯᠦ᠍᠂ ᠲᠠᠯ᠎ᠠ ᠨᠤᠲᠤᠭ᠎ᠤᠨ ᠮᠦᠸᠧ ᠳ᠋ᠧᠩ ᠪᠢᠴᠢᠬᠠᠨ ᠡᠭᠡᠴᠢ ᠥᠬᠢᠨ ᠳᠡᠭᠦᠦ ᠵᠡᠷᠭᠡ ᠰᠦᠯᠵᠢᠶᠡᠨ ᠳᠡᠭᠡᠷᠡᠬᠢ ᠤᠯᠠᠭ᠋ᠠᠨ V ᠣᠯᠠᠨ ᠲᠠᠪᠴᠠᠩ᠎ᠤᠨ ᠤᠬᠠᠭᠤᠯᠭ᠎ᠠ ᠬᠢᠵᠦ᠂ 《ᠮᠥᠰᠥ ᠴᠠᠰᠤᠨ ᠳᠡᠭᠡᠷᠡᠬᠢ ᠬᠠᠯᠠᠭᠤᠨ ᠲᠣᠭᠤᠭ᠎ᠠ》᠂ 《ᠲᠠᠨ᠎ᠳᠤ ᠪᠢᠲᠡᠭᠦᠨ᠎ᠤ ᠬᠤᠭᠤᠯᠠ ᠬᠢᠵᠦ ᠦᠭᠭᠦᠶ᠎ᠡ》 ᠵᠡᠷᠭᠡ ᠣᠨᠴᠠᠯᠢᠭᠲᠤ ᠠᠵᠢᠯᠯᠠᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠨᠡᠮᠡᠭᠳᠡᠭᠦᠯᠦᠨ᠂ ᠪᠠᠶᠠᠨ ᠪᠤᠬᠢᠷᠳᠤᠯ ᠦᠭᠡᠢ ᠦᠢ᠍ᠯᠡᠰ᠂ ᠱᠧᠩ ᠮᠤ᠌᠂ ᠲᠠᠯ᠎ᠠ ᠨᠤᠲᠤᠭ᠎ᠤᠨ ᠬᠤᠩ ᠪᠦᠦ᠂ ᠬᠤᠤ ᠯᠢᠶᠠᠨ ᠹᠧᠩ ᠵᠡᠷᠭᠡ ᠲᠤᠰ ᠭᠠᠵᠠᠷ᠎ᠤᠨ 85 ᠠᠵᠤ ᠠᠬᠤᠶ᠋ᠢᠯᠠᠯ᠎ᠢ ᠵᠢᠯᠣᠭᠤᠳᠤᠨ 《ᠰᠦᠯᠵᠢᠶᠡᠨ ᠳᠡᠭᠡᠷᠡᠬᠢ + ᠰᠦᠯᠵᠢᠶᠡᠨ᠎ᠤ ᠭᠠᠳᠠᠭᠤᠷᠬᠢ》 ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠵᠦ᠂ ᠨᠡᠶ᠋ᠢᠲᠡ 7886.84 ᠲᠦᠮᠡᠨ ᠲᠥᠭᠦᠷᠢᠭ᠎ᠢ ᠪᠣᠷᠣᠯᠠᠭᠤᠯᠪᠠ;

   ᠬᠥᠯᠥᠨ ᠪᠣᠶ᠋ᠢᠷ ᠬᠤᠲᠠ 《ᠬᠥᠯᠥᠨ ᠪᠤᠶ᠋ᠢᠷ · ᠪᠡᠯᠡᠭ᠎ᠤᠨ 〈ᠰᠦᠯᠵᠢᠶᠡᠨ᠎ᠳᠤ ᠭᠠᠷᠬᠤ〉》 ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠪᠠᠶᠠᠷ ᠵᠶ᠋ᠠᠷ ᠭᠤᠤᠯ ᠰᠡᠳᠦᠪ ᠪᠣᠯᠭ᠋ᠠᠵᠤ᠂ ᠲᠢᠭ ᠲᠤᠭ᠂ ᠵᠢᠩ ᠳ᠋ᠦᠩ ᠵᠡᠷᠭᠡ 《ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ ᠲᠠᠪᠴᠠᠩ》᠎ᠤᠨ ᠪᠣᠷᠣᠯᠠᠭᠤᠯᠭ᠎ᠠ ᠵᠢᠨ ᠬᠡᠯᠪᠡᠷᠢ᠎ᠪᠠᠷ ᠦᠬᠡᠷ ᠬᠤᠨᠢᠨ ᠮᠢᠬᠠᠨ᠎ᠤ ᠪᠦᠲᠦᠭᠡᠭᠳᠡᠬᠦᠨ᠂ ᠴᠠᠭ᠋ᠠᠨ ᠢᠳᠡᠭᠡ᠂ ᠬᠤᠰᠤᠨ ᠮᠣᠳᠣᠨ᠎ᠤ ᠰᠢᠭᠦᠰᠦ ᠵᠡᠷᠭᠡ 200 ᠭᠠᠷᠤᠶ ᠵᠦᠢ᠍ᠯ᠎ᠤᠨ ᠦᠢ᠍ᠯᠡᠳᠬᠦᠨ᠎ᠢ ᠰᠦᠯᠵᠢᠶᠡᠨ ᠳᠡᠭᠡᠷ᠎ᠡ ᠬᠤᠳᠠᠯᠳᠤᠬᠤ ᠵᠢᠨ ᠬᠠᠮᠲᠤ 《ᠮᠥᠰᠥ ᠴᠠᠰᠤᠨ ᠳᠡᠭᠡᠷᠡᠬᠢ ᠬᠠᠯᠠᠭᠤᠨ ᠲᠣᠭᠤᠭ᠎ᠠ》 ᠵᠢᠨ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠵᠦ᠂ ᠬᠥᠯᠥᠨ ᠪᠤᠶ᠋ᠢᠷ᠎ᠤᠨ ᠲᠠᠯ᠎ᠠ ᠨᠤᠲᠤᠭ᠎ᠤᠨ ᠬᠤᠨᠢᠨ ᠮᠢᠬ᠎ᠠ᠂ ᠦᠬᠡᠷ᠎ᠤᠨ ᠮᠢᠬ᠎ᠠ᠂ ᠶᠡᠭᠡ ᠬᠢᠩᠭ᠋ᠠᠨ ᠳᠠᠪᠠᠭ᠋ᠠᠨ᠎ᠤ ᠬᠠᠷ᠎ᠠ ᠳᠡᠯᠳᠡᠦ᠂ ᠮᠥᠭᠦ ᠵᠡᠷᠭᠡ ᠬᠠᠯᠠᠭᠤᠨ ᠲᠣᠭᠤᠭ᠋ᠠᠨ᠎ᠤ ᠢᠳᠡᠭᠡᠨ᠎ᠤ ᠮᠠᠲ᠋ᠧᠷᠢᠶᠠᠯ᠎ᠤᠨ ᠲᠣᠭᠤᠷᠢᠨ᠎ᠳᠤ᠂ ᠣᠯᠠᠨ ᠲᠥᠷᠥᠯ ᠵᠦᠢ᠍ᠯ᠂ ᠣᠯᠠᠨ ᠢᠵᠢ ᠬᠤᠭᠤᠯᠠ᠂ ᠣᠯᠠᠨ ᠴᠠᠭ᠎ᠤᠨ ᠪᠠᠶ᠋ᠢᠳᠠᠯ᠎ᠤᠨ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠭᠤᠷᠬᠢ ᠬᠤᠯᠪᠣᠭ᠋ᠠᠯᠠᠨ ᠬᠥᠳᠡᠯᠦᠯᠴᠡᠵᠦ᠂ ᠠᠵᠢᠯᠯᠠᠭ᠎ᠠ ᠵᠢᠨ ᠬᠤᠭᠤᠴᠠᠭ᠋ᠠᠨ᠎ᠳᠤ᠂ ᠭᠤᠤᠯᠳᠠᠯᠭ᠎ᠠ᠎ᠲᠠᠢ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠰᠦᠯᠵᠢᠶᠡᠨ᠎ᠤ ᠪᠣᠷᠣᠯᠠᠭᠤᠯᠭ᠎ᠠ ᠵᠢᠨ ᠲᠤᠭ᠎ᠠ 1800 ᠭᠠᠷᠤᠶ ᠲᠦᠮᠡᠨ ᠲᠥᠭᠦᠷᠢᠭ ᠨᠡᠮᠡᠭᠳᠡᠪᠡ᠃

   ᠦᠬᠠᠶ ᠬᠤᠲᠠ ᠵᠢᠨ ᠴᠠᠭ᠋ᠠᠨ ᠰᠠᠷ᠎ᠠ ᠵᠢᠨ ᠪᠠᠷᠠᠭ᠋ᠠᠨ᠎ᠤ ᠨᠠᠶ᠋ᠢᠷ᠎ᠤᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠨᠠᠬᠢ ᠬᠤᠳᠠᠯᠳᠤᠭ᠋ᠠᠴᠢᠨ 1800 ᠭᠠᠷᠤᠶ ᠪᠠᠶ᠋ᠢᠵᠤ᠂ ᠴᠠᠭ᠋ᠠᠨ ᠢᠳᠡᠭᠡᠨ᠂ ᠮᠢᠬᠠᠨ᠎ᠤ ᠪᠦᠲᠦᠭᠡᠭᠳᠡᠬᠦᠨ᠂ ᠰᠡᠯᠡᠭᠦᠴᠡᠯ᠎ᠤᠨ ᠰᠤᠯᠠ ᠢᠳᠡᠭᠡᠨ ᠵᠡᠷᠭᠡ᠎ᠳᠤ ᠣᠷᠣᠯᠴᠠᠭᠰᠠᠨ ᠪᠠᠶ᠋ᠢᠨ᠎ᠠ᠃ ᠴᠠᠭ᠋ᠠᠨ ᠰᠠᠷ᠎ᠠ ᠵᠢᠨ ᠪᠠᠷᠠᠭ᠋ᠠᠨ᠎ᠤ ᠪᠠᠶᠠᠷ᠎ᠤᠨ ᠬᠤᠭᠤᠴᠠᠭ᠋ᠠᠨ᠎ᠳᠤ᠂ ᠭᠤᠤᠯ ᠬᠤᠷᠠᠯ᠎ᠤᠨ ᠲᠠᠯᠠᠪᠠᠶ ᠵᠢᠴᠢ ᠬᠤᠪᠢᠶᠠᠷᠢ ᠬᠤᠷᠠᠯ᠎ᠤᠨ ᠲᠠᠯᠠᠪᠠᠶ ᠵᠢᠨ ᠠᠶᠠᠨᠴᠢᠳ 70 ᠲᠦᠮᠡᠨ ᠬᠥᠮᠦᠨ ᠤᠳᠠᠭ᠎ᠠ᠎ᠳᠤ ᠬᠦᠷᠴᠦ᠂ ᠪᠦᠬᠦᠯᠢ ᠴᠣᠭᠴᠠ᠎ᠪᠠᠷ 3500 ᠲᠦᠮᠡᠨ ᠲᠥᠭᠦᠷᠢᠭ᠎ᠤᠨ ᠬᠡᠷᠡᠭᠯᠡᠭᠡ ᠵᠢ ᠳᠠᠶ᠋ᠢᠴᠢᠯᠠᠪᠠ᠃ ᠰᠦᠯᠵᠢᠶᠡᠨ ᠳᠡᠭᠡᠷ᠎ᠡ ᠪᠠᠶ᠋ᠢᠭᠤᠯᠤᠭᠰᠠᠨ ᠲᠤᠰᠬᠠᠶ ᠰᠡᠳᠦᠪᠲᠦ ᠰᠢᠭᠤᠳ ᠨᠡᠪᠲᠡᠷᠡᠭᠦᠯᠭᠡ᠎ᠨᠢ ᠰᠠᠶ᠋ᠢᠨ ᠦᠷ᠎ᠡ ᠪᠦᠲᠦᠮᠵᠢ ᠣᠯᠵᠤ᠂ ᠴᠠᠭ᠋ᠠᠨ ᠰᠠᠷ᠎ᠠ ᠵᠢᠨ ᠪᠠᠷᠠᠭ᠋ᠠᠨ᠎ᠤ ᠪᠠᠶᠠᠷ᠎ᠤᠨ ᠰᠢᠭᠤᠳ ᠨᠡᠪᠲᠡᠷᠡᠭᠦᠯᠭᠡ ᠵᠢᠨ ᠳᠠᠩᠰᠠᠨ ᠨᠣᠮᠧᠷ᠎ᠤᠨ ᠮᠠᠭᠲᠠᠭ᠋ᠠᠯ᠎ᠤᠨ ᠲᠤᠭ᠎ᠠ ᠪᠠᠷᠤᠭ 17 ᠲᠦᠮᠡᠨ ᠤᠳᠠᠭ᠎ᠠ᠎ᠳᠤ ᠬᠦᠷᠴᠦ᠂ ᠰᠢᠭᠦᠮᠵᠢᠯᠡᠯ᠎ᠤᠨ ᠲᠤᠭ᠎ᠠ 3.3 ᠲᠦᠮᠡ ᠭᠠᠷᠤᠶ ᠤᠳᠠᠭ᠎ᠠ᠎ᠳᠤ ᠬᠦᠷᠴᠦ᠂ ᠪᠠᠷᠤᠭ 10 ᠲᠦᠮᠡᠨ ᠬᠥᠮᠦᠨ ᠤᠳᠠᠭ᠎ᠠ ᠦᠵᠡᠵᠦ᠂ ᠠᠷᠠᠯᠵᠢᠶ᠎ᠠ ᠪᠦᠲᠦᠭᠰᠡᠨ ᠵᠣᠭᠤᠰ᠎ᠤᠨ ᠲᠤᠭ᠎ᠠ᠎ᠨᠢ 22.3 ᠲᠦᠮᠡᠨ ᠲᠥᠭᠦᠷᠢᠭ᠎ᠲᠤ ᠬᠦᠷᠴᠡᠶ᠃

   ᠲᠣᠰ ᠤᠳᠠᠭ᠋ᠠᠨ᠎ᠤ ᠴᠠᠭ᠋ᠠᠨ ᠰᠠᠷ᠎ᠠ ᠵᠢᠨ ᠪᠠᠷᠠᠭ᠋ᠠᠨ᠎ᠤ ᠨᠠᠶ᠋ᠢᠷ᠎ᠤᠨ ᠠᠵᠢᠯᠯᠠᠭ᠎ᠠ᠎ᠳᠤ᠂ ᠡᠯ᠎ᠡ ᠠᠶ᠋ᠢᠮᠠᠭ ᠬᠤᠲᠠ ᠵᠢᠨ ᠰᠢᠭᠤᠳ ᠬᠠᠷᠢᠶ᠎ᠠ ᠲᠤᠬᠠᠶ ᠵᠢᠨ ᠲᠠᠯᠠᠪᠠᠶ᠎ᠳᠤ ᠪᠠᠷᠠᠭ᠎ᠠ ᠠᠪᠴᠤ ᠬᠠᠷᠢᠯᠴᠠᠨ ᠬᠥᠳᠡᠯᠦᠯᠴᠡᠵᠦ ᠬᠡᠯᠪᠡᠷᠢ ᠳᠦᠷᠰᠦ᠎ᠨᠢ ᠣᠯᠠᠨ ᠭᠠᠷᠴᠤ᠂ ᠬᠡᠷᠡᠭᠯᠡᠭᠴᠢᠳ᠎ᠤᠨ ᠣᠶ᠋ᠢᠯᠠᠭ᠋ᠠᠯᠲᠠ ᠵᠢ ᠪᠠᠶᠠᠯᠢᠭᠵᠢᠭᠤᠯᠵᠤ᠂ ᠠᠷᠠᠯᠵᠢᠶ᠎ᠠ ᠪᠦᠲᠦᠭᠰᠡᠨ ᠨᠣᠷᠮ᠎ᠠ᠎ᠨᠢ ᠥᠨᠳᠥᠷ᠂ ᠶᠡᠷᠦᠩᠬᠡᠶ ᠪᠣᠷᠣᠯᠠᠭᠤᠯᠭ᠎ᠠ ᠵᠢᠨ ᠪᠠᠶ᠋ᠢᠳᠠᠯ ᠰᠠᠶ᠋ᠢᠨ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ ᠮᠠᠨ᠎ᠤ ᠣᠷᠣᠨ ᠥᠩᠭᠡᠷᠡᠭᠰᠡᠨ᠎ᠤ ᠲᠤᠷᠰᠢᠯᠭ᠎ᠠ᠎ᠪᠠᠨ ᠳ᠋ᠦᠩᠨᠡᠵᠦ᠂ ᠠᠵᠤ ᠠᠬᠤᠶ᠋ᠢᠯᠠᠯ᠎ᠤᠨ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠪᠤᠷᠤᠯᠠᠭᠤᠯᠬᠤ ᠵᠡᠷᠭᠡ ᠰᠦᠯᠵᠢᠶᠡᠨ᠎ᠤ ᠪᠣᠷᠣᠯᠠᠭᠤᠯᠭ᠎ᠠ ᠵᠢᠨ ᠵᠠᠭᠪᠤᠷ᠎ᠢ ᠦᠷᠭᠦᠯᠵᠢᠯᠡᠨ ᠠᠭᠤᠳᠠᠯᠯᠠᠬᠤ ᠵᠢᠨ ᠬᠠᠮᠲᠤ ᠵᠣᠷᠢᠭᠵᠢᠭᠤᠯᠵᠤ᠂ ᠲᠤᠰ ᠵᠢᠯ᠎ᠤᠨ 《ᠬᠤᠣᠰ ᠪᠦᠲᠦᠭᠡᠭᠳᠡᠬᠦᠨ᠎ᠤ ᠰᠦᠯᠵᠢᠶᠡᠨ᠎ᠤ ᠬᠤᠳᠠᠯᠳᠤᠨ ᠠᠪᠬᠤ ᠪᠠᠶᠠᠷ》᠂ 《618》᠂ 《ᠬᠤᠣᠰ 11》᠂ 《ᠬᠤᠣᠰ 12》 ᠵᠡᠷᠭᠡ ᠠᠵᠢᠯᠯᠠᠭ᠎ᠠ ᠵᠢ ᠤᠷᠢᠳᠴᠢᠯᠠᠨ ᠲᠥᠯᠥᠪᠯᠡᠵᠦ᠂ ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠠᠬᠤᠢ ᠵᠢᠨ ᠨᠡᠮᠡᠭᠳᠡᠯ᠎ᠢ ᠠᠬᠢᠭᠤᠯᠬᠤ ᠰᠢᠨ᠎ᠡ ᠬᠥᠳᠡᠯᠭᠡᠭᠦᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠦᠴᠦᠨ ᠨᠡᠮᠡᠷᠢᠯᠡᠨ᠎ᠡ᠃

 

ᠢᠷᠡᠯᠲᠡ᠄ ᠡᠯᠸᠺᠲᠷᠣᠨ ᠬᠤᠳᠠᠯᠳᠤᠭ᠋ᠠᠨ᠎ᠤ ᠭᠠᠵᠠᠷ
          
ᠬᠠᠮᠢᠶ᠎ᠡ ᠪᠦᠬᠦᠢ ᠰᠣᠨᠢᠨ
 
            