ᠶᠡᠬᠡ ᠬᠤᠷᠠᠯ᠎ᠤᠨ ᠲᠤᠬᠢᠷᠠᠭᠤᠯᠤᠯᠳᠠ ᠶᠣᠰᠣᠭ᠋ᠠᠷ᠂ 3 ᠰᠠᠷ᠎ᠠ ᠵᠢᠨ 10᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠳᠤ ᠣᠷᠣᠯᠴᠠᠵᠤ ᠪᠠᠶ᠋ᠢᠭ᠎ᠠ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠰᠠᠭᠤᠭ᠎ᠠ ᠭᠠᠵᠠᠷ᠎ᠲᠠᠭᠠᠨ ᠰᠣᠨᠢᠨ ᠮᠡᠳᠡᠭᠡ ᠨᠡᠶ᠋ᠢᠲᠡᠯᠡᠬᠦ ᠠᠵᠢᠯᠯᠠᠭ᠎ᠠ ᠶᠠᠪᠤᠭᠤᠯᠵᠤ᠂ ᠲᠥᠯᠥᠭᠡᠯᠡᠭᠴᠢᠳ᠎ᠤᠨ ᠪᠦᠯᠬᠦᠮ᠎ᠤᠨ ᠰᠣᠨᠢᠨ ᠮᠡᠳᠡᠭᠡᠨ᠎ᠤ ᠥᠭᠦᠯᠡᠭᠴᠢ ᠬᠤᠤ ᠰᠦᠩ ᠱᠠᠨ ᠲᠥᠯᠥᠭᠡᠯᠡᠭᠴᠢᠳ᠎ᠤᠨ ᠪᠦᠯᠬᠦᠮ᠎ᠤᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃
ᠲᠠᠨᠢᠯᠴᠠᠭᠤᠯᠤᠭᠰᠠᠨ ᠵᠶ᠋ᠠᠷ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠳᠤ ᠨᠠᠶ᠋ᠢᠳᠠ 57 ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠲᠣᠰ ᠤᠳᠠᠭ᠎ᠠ ᠵᠢᠨ ᠬᠤᠷᠠᠯ᠎ᠳᠤ ᠣᠷᠣᠯᠴᠠᠪᠠ᠃ ᠬᠤᠷᠠᠯ᠎ᠤᠨ ᠬᠤᠭᠤᠴᠠᠭ᠋ᠠᠨ᠎ᠳᠤ᠂ ᠲᠥᠯᠥᠭᠡᠯᠡᠭᠴᠢᠳ᠎ᠤᠨ ᠪᠦᠯᠬᠦᠮ ᠪᠥᠬᠥᠳᠡ ᠬᠤᠷᠠᠯ᠎ᠢ 4 ᠤᠳᠠᠭ᠎ᠠ᠂ ᠲᠥᠯᠥᠭᠡᠯᠡᠭᠴᠢᠳ᠎ᠤᠨ ᠳᠤᠭᠤᠶ᠋ᠢᠯᠠᠩ ᠬᠤᠪᠢᠶᠠᠬᠰᠡᠨ ᠬᠤᠷᠠᠯ᠎ᠢ 8 ᠤᠳᠠᠭ᠎ᠠ ᠲᠣᠬᠢᠷᠠᠭᠤᠯᠵᠤ᠂ ᠡᠯ᠎ᠡ ᠵᠦᠢ᠍ᠯ᠎ᠤᠨ ᠮᠡᠳᠡᠭᠦᠯᠦᠯᠲᠡ ᠪᠠ ᠰᠠᠨᠠᠯ ᠵᠥᠪᠯᠡᠯᠭᠡ ᠵᠢ ᠬᠢᠨᠠᠨ ᠵᠦᠪᠯᠡᠪᠡ᠃ ᠪᠦᠬᠦ ᠲᠥᠯᠥᠭᠡᠯᠡᠭᠴᠢᠳ ᠶᠡᠷᠦᠩᠬᠡᠢ ᠱᠦᠵᠢ ᠰᠢ ᠵᠢᠨ ᠫᠢᠩ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ᠎ᠪᠠᠨ ᠨᠠᠷᠢᠨ ᠬᠢᠨᠠᠮᠠᠭ᠋ᠠᠢ ᠭᠦᠢ᠍ᠴᠡᠳᠭᠡᠨ᠂ ᠨᠠᠮ ᠪᠠ ᠤᠯᠤᠰ᠎ᠤᠨ ᠭᠣᠣᠯ ᠶᠡᠬᠡ ᠲᠠᠯ᠎ᠠ ᠵᠢᠨ ᠠᠵᠢᠯ᠎ᠲᠠᠢ ᠨᠢᠭᠲᠠ ᠤᠶᠠᠯᠳᠤᠭᠤᠯᠵᠤ᠂ ᠠᠷᠠᠳ ᠤᠯᠠᠨ ᠪᠠ ᠦᠨᠳᠦᠰᠦᠨ ᠱᠠᠲᠤᠨ᠎ᠤ ᠨᠢᠭᠡᠳᠤᠭᠡᠷ ᠹᠷᠣᠨᠲ᠎ᠤᠨ ᠬᠦᠰᠡᠯ ᠱᠠᠭ᠋ᠠᠷᠳᠠᠯᠭ᠎ᠠ ᠬᠦᠰᠡᠯ ᠡᠷᠡᠮᠡᠯᠵᠡᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠪᠤᠳᠤᠵᠤ ᠰᠠᠨᠠᠭᠰᠠᠨ ᠵᠶ᠋ᠠᠨ ᠠᠭᠤᠵᠢᠷᠠᠲᠠᠯ᠎ᠠ ᠶᠠᠷᠢᠵᠤ᠂ ᠲᠦᠷᠦ ᠵᠢᠨ ᠪᠠᠶ᠋ᠢᠭᠤᠯᠭ᠎ᠠ ᠵᠢᠨ ᠠᠵᠢᠯ᠎ᠢ ᠦᠨᠡᠨ᠎ᠢ ᠪᠠᠷᠢᠮᠲᠠᠯᠠᠨ ᠦᠨᠡᠯᠡᠵᠦ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠢᠳᠡᠪᠬᠢᠲᠡᠢ᠎ᠪᠠᠷ ᠪᠣᠳᠠᠲᠠᠢ ᠠᠷᠭ᠎ᠠ ᠭᠠᠷᠭ᠋ᠠᠵᠤ᠂ ᠰᠠᠶ᠋ᠢᠨ ᠠᠷᠭ᠎ᠠ ᠪᠤᠳᠤᠯᠭ᠎ᠠ ᠳᠤᠷᠠᠳᠪᠠ᠃
3 ᠰᠠᠷ᠎ᠠ ᠵᠢᠨ 6᠎ᠤ ᠡᠳᠦᠷ᠎ᠤᠨ ᠦᠳᠡ ᠵᠢᠨ ᠬᠣᠶ᠋ᠢᠨ᠎ᠠ᠂ ᠲᠥᠯᠥᠭᠡᠯᠡᠭᠴᠢᠳ᠎ᠤᠨ ᠪᠦᠯᠬᠦᠮ ᠰᠠᠭᠤᠭ᠎ᠠ ᠭᠠᠵᠠᠷ᠎ᠲᠠᠭᠠᠨ ᠪᠦᠯᠬᠦᠮ ᠳᠤᠭᠤᠶ᠋ᠢᠯᠠᠩ᠎ᠤᠨ ᠨᠡᠭᠡᠭᠡᠯᠲᠡ ᠬᠢᠬᠦ ᠠᠵᠢᠯᠯᠠᠭ᠎ᠠ ᠥᠷᠨᠢᠭᠦᠯᠵᠦ᠂ ᠪᠥᠬᠥ ᠤᠯᠤᠰ᠎ᠤᠨ ᠬᠣᠶᠠᠷ ᠬᠤᠷᠠᠯ᠎ᠤᠨ ᠮᠡᠳᠡᠭᠡᠯᠡᠯ᠎ᠳᠤ ᠣᠷᠣᠯᠴᠠᠵᠤ ᠪᠠᠶ᠋ᠢᠭ᠎ᠠ 29 ᠳᠤᠮᠳᠠᠳᠤ ᠭᠠᠳᠠᠭ᠋ᠠᠳᠤ ᠵᠢᠨ ᠵᠠᠭᠤᠴᠢᠯᠠᠭᠤᠷ᠎ᠤᠨ 57 ᠰᠤᠷᠪᠤᠯᠵᠢᠯᠠᠭᠴᠢ ᠬᠤᠷᠠᠯ᠎ᠳᠤ ᠢᠷᠡᠵᠦ ᠰᠤᠷᠪᠤᠯᠵᠢᠯᠠᠨ᠂ 8 ᠲᠥᠯᠥᠭᠡᠯᠡᠭᠴᠢ ᠵᠠᠭᠤᠴᠢᠯᠠᠭᠤᠷ᠎ᠤᠨ ᠠᠩᠬᠠᠷᠤᠯ᠎ᠤᠨ ᠲᠣᠭᠣᠷᠢᠨ᠎ᠳᠤ ᠠᠰᠠᠭᠤᠯᠲᠠ ᠵᠢ ᠬᠠᠷᠢᠭᠤᠯᠵᠤ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠤᠴᠠᠯᠲᠠ ᠥᠬᠡᠶ ᠤᠷᠤᠭᠰᠢᠯᠠᠨ ᠰᠢᠨ᠎ᠡ ᠵᠠᠮ ᠨᠡᠭᠡᠭᠡᠵᠤ᠂ ᠳᠤᠮᠳᠠ ᠲᠦᠪᠰᠢᠨ᠎ᠳᠤ ᠤᠷᠤᠬᠤ ᠰᠢᠨ᠎ᠡ ᠰᠣᠷᠭᠣᠭ ᠥᠯᠢᠭᠡᠷ᠎ᠢ ᠶᠠᠷᠢᠵᠤ᠂ ᠥᠪᠥᠷ ᠮᠣᠩᠭᠣᠯ᠎ᠤᠨ ᠬᠢᠯᠪᠠᠷ ᠪᠤᠰᠤ᠎ᠪᠠᠷ ᠤᠯᠤᠬᠰᠡᠨ ᠬᠥᠭᠵᠢᠯᠲᠡ ᠵᠢᠨ ᠠᠮᠵᠢᠯᠲᠠ ᠪᠦᠲᠦᠮᠵᠢ ᠪᠣᠯᠤᠨ ᠥᠷᠨᠢᠨ ᠬᠥᠭᠵᠢᠵᠦ ᠪᠠᠶ᠋ᠢᠭ᠎ᠠ ᠬᠥᠭᠵᠢᠯᠲᠡ ᠵᠢᠨ ᠬᠠᠨᠳᠤᠰᠢ ᠵᠢ ᠭᠦᠢ᠍ᠴᠡᠳ ᠢᠯᠡᠷᠡᠭᠦᠯᠪᠡ᠃
ᠲᠥᠯᠥᠭᠡᠯᠡᠭᠴᠢᠳ᠎ᠤᠨ ᠪᠦᠯᠬᠦᠮ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠶᠡᠬᠡ ᠬᠤᠷᠠᠯ᠎ᠳᠤ 《ᠶᠡᠬᠡ ᠬᠡᠮᠵᠢᠶᠡᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠶ᠋ᠢᠯᠡᠨ ᠠᠰᠢᠭᠯᠠᠬᠤ ᠵᠢ ᠠᠬᠢᠭᠤᠯᠵᠤ ᠬᠥᠩᠭᠡᠨᠴᠠᠭ᠋ᠠᠨ ᠶᠡᠬᠡᠲᠡᠶ ᠨᠤᠨᠲᠠᠭ ᠨᠡᠭᠦᠷᠡᠰᠦᠨ᠎ᠤ ᠦᠨᠡᠰᠦ ᠵᠢᠨ ᠣᠷᠴᠢᠯ ᠠᠵᠤ ᠠᠬᠤᠶ ᠵᠢᠨ ᠠᠵᠤ ᠦᠢ᠍ᠯᠡᠰ᠎ᠢ ᠲᠦᠷᠭᠡᠨ ᠬᠥᠭᠵᠢᠭᠦᠯᠬᠦ ᠲᠤᠬᠠᠶ》 ᠭᠡᠬᠦ ᠪᠦᠯᠬᠦᠮ᠎ᠤᠨ ᠰᠠᠨᠠᠭᠤᠯᠭ᠎ᠠ ᠵᠢ 1 ᠬᠤᠪᠢ ᠳᠡᠪᠰᠢᠭᠦᠯᠵᠦ᠂ ᠬᠥᠩᠭᠡᠨᠴᠠᠭ᠋ᠠᠨ ᠶᠡᠬᠡᠲᠡᠶ ᠨᠤᠨᠲᠠᠭ ᠨᠡᠭᠦᠷᠡᠰᠦᠨ᠎ᠤ ᠦᠨᠡᠰᠦ ᠵᠢ ᠶᠡᠷᠦᠩᠬᠡᠶ᠋ᠢᠯᠡᠨ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠵᠤ᠂ ᠤᠯᠤᠰ᠎ᠤᠨ ᠬᠥᠩᠭᠡᠨᠴᠠᠭ᠋ᠠᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠪᠠ᠃ ᠲᠥᠯᠥᠭᠡᠯᠡᠭᠴᠢᠳ ᠪᠠᠰᠠ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠂ ᠤᠮᠠᠷᠠᠲᠤ ᠬᠢᠯᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠥᠲᠥᠭᠡᠨ ᠪᠠᠶ᠋ᠢᠭᠤᠯᠤᠯᠲᠠ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠰᠠᠭ᠋ᠠᠷ ᠪᠤᠶᠤ ᠨᠡᠷ᠎ᠡ ᠬᠣᠯᠪᠣᠭ᠋ᠠᠯᠠᠨ 110 ᠬᠤᠪᠢ ᠰᠠᠨᠠᠭᠤᠯᠭ᠎ᠠ ᠳᠤᠷᠠᠳᠪᠠ᠃
ᠲᠥᠯᠥᠭᠡᠯᠡᠭᠴᠢᠳ᠂ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠲᠥᠯᠥᠭᠡᠯᠡᠭᠴᠢ ᠵᠢᠨ ᠬᠠᠤᠯᠢ》 ᠵᠢᠨ ᠲᠣᠭᠲᠠᠭ᠋ᠠᠯ ᠪᠣᠯᠤᠨ ᠱᠠᠭ᠋ᠠᠷᠳᠠᠯᠭ᠎ᠠ ᠶᠣᠰᠣᠭ᠋ᠠᠷ᠂ ᠤᠯᠤᠰ ᠲᠥᠷᠥ ᠵᠢᠨ ᠵᠣᠭᠰᠣᠯᠲᠠ᠎ᠪᠠᠨ ᠪᠠᠲᠤᠳᠬᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ ᠪᠣᠯᠤᠨ ᠤᠯᠤᠰ᠎ᠤᠨ ᠠᠷᠠᠳ ᠣᠯᠠᠨ᠎ᠲᠠᠢ ᠬᠠᠷᠢᠯᠴᠠᠬᠤ ᠬᠥᠭᠥᠷᠭᠡ ᠪᠣᠯᠵᠣ᠂ ᠬᠡᠬᠦᠳᠡᠭ ᠳᠦᠭᠦᠷᠡᠩ ᠤᠯᠤᠰ ᠲᠥᠷᠥ ᠵᠢᠨ ᠬᠠᠯᠠᠭᠤᠨ ᠰᠡᠳᠭᠢᠯᠭᠡ ᠪᠣᠯᠤᠨ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠶ ᠢᠯᠡᠳᠭᠡᠵᠡᠭᠡᠪᠡ᠃