ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠣᠬᠢᠶᠠᠨ ᠪᠠᠶ᠋ᠢᠭᠤᠯᠵᠤ ᠬᠤᠷᠠᠯᠳᠤᠭᠤᠯᠤᠭᠰᠠᠨ ᠪᠥᠬᠦ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠵᠢᠨ ᠬᠤᠷᠠᠯ ᠳᠡᠭᠡᠷ᠎ᠡ᠎ᠠᠴᠠ ᠣᠶ᠋ᠢᠯᠠᠭ᠋ᠠᠭᠰᠠᠨ ᠵᠶ᠋ᠠᠷ᠂ ᠡᠨᠡ ᠵᠢᠯ᠎ᠤᠨ ᠲᠦᠷᠦᠭᠦᠤ ᠭᠤᠷᠪᠠᠨ ᠤᠯᠠᠷᠢᠯ᠎ᠳᠤ᠂ ᠲᠦᠩᠯᠢᠶᠣᠤ ᠬᠤᠲᠠ ᠤᠯᠤᠰ᠎ᠤᠨ ᠳᠣᠲᠣᠭ᠋ᠠᠳᠤ ᠵᠢᠨ ᠪᠠᠯᠠ ᠮᠥᠩᠭᠦ ᠵᠢ ᠣᠷᠣᠭᠤᠯᠤᠨ ᠠᠪᠴᠢᠷᠠᠵᠤ ᠠᠳᠠᠯᠢ ᠬᠤᠭᠤᠴᠠᠭ᠋ᠠᠨ᠎ᠤ᠎ᠬᠢ᠎ᠠᠴᠠ 30.8%᠎ᠪᠠᠷ ᠨᠡᠮᠡᠭᠳᠡᠪᠡ᠃
ᠲᠦᠩᠯᠢᠶᠣᠤ ᠬᠤᠲᠠ ᠵᠢᠨ ᠪᠠᠯᠠ ᠣᠷᠣᠭᠤᠯᠤᠯᠲᠠ ᠵᠢ ᠠᠬᠢᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠱᠧᠩ ᠯᠢ ᠲᠠᠨᠢᠯᠴᠠᠭᠤᠯᠤᠭᠰᠠᠨ ᠵᠶ᠋ᠠᠷ᠂ ᠡᠨᠡ ᠵᠢᠯ᠎ᠠᠴᠠ ᠨᠠᠭ᠋ᠠᠰᠢ᠂ ᠪᠥᠬᠦ ᠬᠤᠲᠠ᠎ᠪᠠᠷ ᠵᠶ᠋ᠠᠨ 《ᠲᠦᠩᠯᠢᠶᠣᠤ ᠬᠤᠲᠠ ᠵᠢᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠬᠡᠷᠡᠭᠵᠢᠭᠦᠯᠬᠦ ᠲᠥᠰᠦᠯ》 ᠵᠶ᠋ᠠᠷ ᠭᠠᠷᠳᠠᠴᠠ ᠪᠣᠯᠭ᠋ᠠᠵᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ 《ᠰᠢᠨ᠎ᠡ ᠵᠢ ᠡᠭᠦᠳᠬᠦ ᠵᠢᠯ》 ᠵᠶ᠋ᠠᠷ ᠠᠷᠭ᠎ᠠ ᠵᠠᠮ ᠪᠣᠯᠭ᠋ᠠᠵᠤ᠂ ᠰᠢᠨ᠎ᠡ ᠵᠢ ᠡᠭᠦᠳᠬᠦ ᠰᠡᠳᠬᠢᠬᠦᠶ᠎ᠪᠠᠷ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠥᠪᠯᠡᠷᠡᠭᠦᠯᠵᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠬᠠᠯᠠᠭᠤᠨ ᠥᠷᠨᠢᠯᠲᠡ ᠭᠠᠷᠪᠠ᠃
ᠨᠢᠭᠡ᠎ᠳᠤ ᠠᠵᠤ ᠦᠢ᠍ᠯᠡᠰ᠎ᠤᠨ ᠳᠠᠪᠠᠭᠤᠯᠢᠭ᠎ᠤᠨ ᠲᠣᠭᠤᠷᠢᠨ᠎ᠳᠤ ᠬᠤᠳᠠᠯᠳᠤᠭ᠋ᠠᠴᠢᠨ ᠤᠷᠢᠪᠠ
ᠲᠦᠩᠯᠢᠶᠣᠤ ᠬᠤᠲᠠ 《ᠪᠣᠬᠢᠷᠲᠤᠯ ᠥᠬᠡᠶ ᠴᠠᠬᠢᠯᠭ᠋ᠠᠨ᠎ᠤ ᠳᠠᠪᠠᠭᠤᠯᠢᠭ᠎ᠢ ᠪᠠᠳᠠᠷᠠᠭᠤᠯᠵᠤ ᠠᠵᠤ ᠦᠢ᠍ᠯᠡᠰ᠎ᠤᠨ ᠰᠢᠯᠵᠢᠯᠲᠡ ᠵᠢ ᠵᠠᠯᠭ᠋ᠠᠨ ᠠᠪᠬᠤ》 ᠭᠤᠤᠯ ᠰᠡᠳᠦᠪ ᠵᠶ᠋ᠠᠷ ᠪᠥᠬᠦ ᠬᠤᠲᠠ ᠵᠢᠨ ᠳᠠᠪᠠᠭᠤᠯᠢᠭ ᠭᠤᠤᠯᠯᠠᠬᠤ ᠠᠵᠤ ᠦᠢ᠍ᠯᠡᠰ ᠬᠢᠭᠡᠳ 《ᠪᠣᠬᠢᠷᠲᠤᠯ ᠥᠬᠡᠶ ᠡᠨᠧᠷᠭᠢ ᠵᠢᠨ ᠨᠡᠷ᠎ᠡ ᠵᠢᠨ ᠬᠠᠭᠤᠳᠠᠰᠤ》 ᠵᠢ ᠬᠠᠷᠢᠯᠴᠠᠨ ᠤᠶᠠᠯᠳᠤᠭᠤᠯᠵᠤ᠂ ᠪᠣᠬᠢᠷᠲᠤᠯ ᠥᠬᠡᠶ ᠡᠨᠧᠷᠭᠢ ᠬᠢᠭᠡᠳ ᠠᠵᠤ ᠦᠢ᠍ᠯᠡᠰ᠎ᠢ ᠬᠠᠮᠵᠢᠯᠴᠠᠨ ᠨᠡᠭᠡᠭᠡᠨ ᠬᠥᠭᠵᠢᠭᠦᠯᠵᠦ ᠬᠤᠳᠠᠯᠳᠤᠭ᠋ᠠᠴᠢᠨ ᠤᠷᠢᠬᠤ ᠵᠢ ᠦᠷᠭᠦᠯᠵᠢᠯᠡᠨ ᠥᠷᠨᠢᠭᠦᠯᠪᠡ᠃
ᠲᠦᠩᠯᠢᠶᠣᠤ ᠬᠤᠲᠠ ᠥᠪᠥᠷ ᠮᠣᠩᠭᠤᠯ᠎ᠤᠨ ᠵᠡᠭᠦᠨ ᠬᠡᠰᠡᠭ᠎ᠲᠤ ᠪᠠᠶ᠋ᠢᠷᠢᠯᠠᠵᠤ᠂ ᠰᠠᠯᠬᠢᠨ ᠬᠦᠴᠦᠨ᠎ᠤ ᠴᠠᠬᠢᠯᠭ᠋ᠠᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠡᠮᠵᠢᠶ᠎ᠡ 4400 ᠲᠦᠮᠡᠨ ᠺᠢᠯᠣᠸᠠᠲ᠎ᠲᠤ ᠬᠦᠷᠴᠦ᠂ ᠰᠢᠨ᠎ᠡ᠎ᠪᠠᠷ ᠪᠠᠶ᠋ᠢᠭᠤᠯᠤᠭᠰᠠᠨ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠠᠰᠢᠭᠯᠠᠵᠤ ᠪᠣᠯᠬᠤ ᠴᠠᠭ᠎ᠤᠨ ᠲᠤᠭ᠎ᠠ 4000 ᠴᠠᠭ᠎ᠠᠴᠠ ᠬᠡᠲᠦᠷᠡᠵᠦ᠂ ᠨᠡᠷᠡᠨ᠎ᠤ ᠡᠨᠧᠷᠭᠢ ᠵᠢᠨ ᠵᠢᠯ᠎ᠤᠨ ᠨᠡᠷᠡᠨ᠎ᠤ ᠲᠤᠰᠤᠯᠲᠠ ᠵᠢᠨ ᠴᠠᠭ ᠪᠠᠷᠤᠭ 3100 ᠴᠠᠭ ᠪᠠᠶ᠋ᠢᠵᠤ᠂ ᠤᠯᠤᠰ᠎ᠤᠨ ᠪᠠᠷᠢᠮᠵᠢᠶ᠎ᠠ ᠵᠢᠨ ᠳᠣᠲᠣᠷᠠᠬᠢ 《ᠡᠬᠢ ᠪᠠᠶᠠᠯᠢᠭ ᠮᠠᠰᠢ ᠡᠯᠪᠡᠭ》 ᠵᠡᠷᠭᠡ ᠳᠡᠰ᠎ᠲᠤ ᠬᠦᠷᠴᠦ᠂ ᠰᠢᠨ᠎ᠡ ᠡᠨᠧᠷᠭᠢ ᠵᠢᠨ ᠠᠵᠤ ᠦᠢ᠍ᠯᠡᠰ᠎ᠢ ᠬᠥᠭᠵᠢᠭᠦᠯᠬᠦ ᠪᠠᠶ᠋ᠢᠭ᠋ᠠᠯᠢ ᠵᠢᠨ ᠳᠠᠪᠠᠭᠤᠯᠢᠭ᠎ᠲᠠᠢ᠃ ᠣᠶ᠋ᠢᠷ᠎ᠠ ᠵᠢᠨ ᠵᠢᠯ᠎ᠠᠴᠠ᠂ ᠲᠦᠩᠯᠢᠶᠣᠤ ᠬᠤᠲᠠ ᠤᠯᠤᠰ᠎ᠤᠨ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠪᠥᠬᠦ ᠬᠦᠴᠦᠨ ᠵᠶ᠋ᠠᠷ ᠵᠶ᠋ᠠᠨ ᠲᠦᠷᠭᠡᠳᠬᠡᠵᠦ᠂ ᠬᠦᠩᠭᠡᠨᠴᠠᠭ᠋ᠠᠨ᠎ᠤ ᠰᠠᠭᠤᠷᠢ᠂ ᠨᠢᠺᠧᠯ ᠰᠠᠭᠤᠷᠢ᠂ ᠴᠠᠬᠢᠭᠤᠷ᠎ᠤᠨ ᠰᠠᠭᠤᠷᠢ᠂ ᠰᠢᠨ᠎ᠡ ᠡᠨᠧᠷᠭᠢ ᠵᠢᠨ ᠲᠣᠨᠣᠭᠯᠠᠯ ᠵᠡᠷᠭᠡ ᠠᠵᠤ ᠦᠢ᠍ᠯᠡᠰ᠎ᠤᠨ ᠲᠥᠷᠥᠯ ᠵᠦᠢ᠍ᠯ᠎ᠤᠨ ᠲᠠᠰ ᠳᠡᠪᠰᠢᠭᠦᠯᠦᠨ ᠬᠡᠯᠬᠢᠶ᠎ᠡ ᠵᠢ ᠤᠷᠲᠤᠳᠬᠠᠵᠤ᠂ ᠪᠣᠬᠢᠷᠲᠤᠯ ᠥᠬᠡᠶ ᠡᠨᠧᠷᠭᠢ ᠬᠢᠭᠡᠳ ᠠᠵᠤ ᠦᠢ᠍ᠯᠡᠰ᠎ᠤᠨ ᠬᠠᠮᠵᠢᠯᠴᠠᠨ ᠨᠡᠭᠡᠭᠡᠨ ᠬᠥᠭᠵᠢᠭᠦᠯᠬᠦ ᠳᠠᠪᠠᠭᠤᠯᠢᠭ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠪᠠ᠃
ᠲᠦᠩᠯᠢᠶᠣᠣ ᠬᠣᠲᠠ ᠵᠢᠨ ᠬᠤᠳᠠᠯᠳᠤᠭ᠋ᠠᠴᠢᠨ ᠤᠷᠢᠬᠤ ᠠᠵᠢᠯ᠎ᠤᠨ 《ᠨᠠᠢ᠌ᠵᠠ ᠵᠢᠨ ᠲᠣᠭᠣᠷᠢᠭ》᠎ᠢ ᠲᠠᠰᠤᠷᠠᠯᠲᠠ ᠦᠭᠡᠢ ᠥᠷᠭᠡᠳᠭᠡᠵᠦ᠂ ᠤᠷᠢᠳ ᠬᠣᠵᠢᠳ ᠱᠠᠩᠬᠠᠢ᠂ ᠱ᠌ᠢ ᠵᠢᠶᠠ ᠵᠤᠸᠠᠩ᠂ ᠴᠢᠩᠳᠤᠤ᠂ ᠡᠾᠸᠹᠸᠢ ᠠᠵᠤ ᠦᠢ᠍ᠯᠡᠰ᠎ᠲᠠᠢ ᠬᠠᠮᠵᠢᠯᠴᠠᠨ ᠨᠡᠭᠡᠭᠡᠨ ᠬᠥᠭᠵᠢᠭᠦᠯᠬᠦ ᠰᠢᠷᠢᠰ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠪᠣᠬᠢᠷᠲᠤᠯ ᠦᠭᠡᠢ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠳᠡᠭᠡᠷᠡᠬᠢ ᠠᠵᠤ ᠠᠬᠤᠢ᠍ᠯᠠᠯ 100 ᠭᠠᠷᠤᠢ ᠪᠠᠢ᠌ᠨ᠎ᠠ᠃ ᠵᠠᠩ ᠱᠧᠩ ᠯᠢ ᠵᠢᠨ ᠲᠠᠨᠢᠯᠴᠠᠭᠤᠯᠤᠭᠰᠠᠨ ᠵᠶ᠋ᠠᠷ᠂ ᠡᠨᠡ ᠵᠢᠯ᠎ᠤᠨ ᠲᠦᠷᠦᠭᠦᠤ ᠭᠤᠷᠪᠠᠨ ᠤᠯᠠᠷᠢᠯ᠎ᠳᠤ᠂ ᠲᠦᠩᠯᠢᠶᠣᠤ ᠬᠤᠲᠠ ᠨᠢᠭᠡᠨᠲᠡ ᠰᠠᠯᠬᠢ ᠭᠡᠷᠡᠯ ᠴᠠᠨᠡᠭ ᠵᠶ᠋ᠠᠷ ᠤᠰᠤᠲᠥ᠋ᠷᠥᠭᠴᠢ ᠨᠥᠭᠡᠴᠡᠯᠡᠬᠦ ᠰᠢᠪᠲᠦᠷᠢ ᠨᠢᠭᠡ ᠴᠣᠭᠴᠠᠵᠢᠭᠤᠯᠤᠭᠰᠠᠨ ᠨᠡᠭᠦᠷᠡᠰᠦᠲᠥ᠋ᠷᠥᠭᠴᠢ ᠥᠬᠡᠶ ᠠᠵᠤ ᠦᠢ᠍ᠯᠡᠰ᠎ᠤᠨ ᠬᠦᠷᠢᠶᠡᠯᠡᠩ ᠵᠡᠷᠭᠡ 20 ᠭᠠᠷᠤᠶ ᠪᠣᠬᠢᠷᠲᠤᠯ ᠥᠬᠡᠶ ᠡᠨᠧᠷᠭᠢ ᠬᠢᠭᠡᠳ ᠠᠵᠤ ᠦᠢ᠍ᠯᠡᠰ᠎ᠤᠨ ᠬᠠᠮᠵᠢᠯᠴᠠᠨ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠳᠤ ᠭᠠᠷᠤᠨ ᠥᠰᠥᠭ ᠵᠢᠷᠤᠪᠠ᠃
ᠬᠤᠶᠠᠷ᠎ᠲᠤ 《ᠰᠠᠭᠤᠷᠢ ᠮᠥᠩᠭᠦ +》 《ᠨᠡᠶ᠋ᠢᠭᠡᠮ᠎ᠤᠨ ᠬᠥᠷᠥᠩᠭᠡ +》 ᠵᠡᠷᠭᠡ ᠬᠤᠳᠠᠯᠳᠤᠭ᠋ᠠᠴᠢᠨ ᠤᠷᠢᠬᠤ ᠰᠢᠨ᠎ᠡ ᠵᠠᠭᠪᠤᠷ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠪᠡ
ᠲᠦᠩᠯᠢᠶᠣᠤ ᠬᠤᠲᠠ ᠵᠠᠪᠰᠢᠶᠠᠨ᠎ᠢ ᠵᠠᠪᠳᠤᠨ ᠠᠳᠬᠤᠵᠤ᠂ ᠬᠥᠷᠥᠩᠭᠡ ᠵᠢ ᠴᠢᠳᠠᠮᠠᠭ᠋ᠠᠶ᠎ᠪᠠᠷ ᠬᠡᠷᠡᠭᠯᠡᠵᠦ᠂ 《ᠰᠠᠭᠤᠷᠢ ᠮᠥᠩᠭᠦ + ᠠᠵᠤ ᠦᠢ᠍ᠯᠡᠰ᠎ᠤᠨ ᠬᠦᠷᠢᠶᠡᠯᠡᠩ》᠎ᠤᠨ ᠲᠥᠷᠥᠯ ᠵᠦᠢ᠍ᠯ᠎ᠢ ᠡᠬᠢᠯᠡᠭᠦᠯᠪᠡ᠃ 7 ᠳ᠋ᠤᠭ᠋ᠠᠷ ᠰᠠᠷ᠎ᠠ ᠵᠢᠨ 17᠎ᠤ ᠡᠳᠦᠷ᠂ ᠥᠪᠥᠷ ᠮᠣᠩᠭᠤᠯ᠎ᠤᠨ ᠲᠦᠩᠯᠢᠶᠣᠤ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ 《ᠰᠠᠭᠤᠷᠢ ᠮᠥᠩᠭᠦ + ᠠᠵᠤ ᠦᠢ᠍ᠯᠡᠰ᠎ᠤᠨ ᠬᠦᠷᠢᠶᠡᠯᠡᠩ》᠎ᠤᠨ ᠲᠥᠷᠥᠯ ᠵᠦᠢ᠍ᠯ᠎ᠢ ᠡᠬᠢᠯᠡᠭᠦᠯᠬᠦ ᠵᠢᠴᠢ ᠠᠩᠬᠠᠨ᠎ᠤ ᠪᠦᠯᠦᠭ ᠬᠦᠷᠢᠶᠡᠯᠡᠩ᠎ᠳᠤ ᠣᠷᠣᠭᠤᠯᠬᠤ ᠲᠥᠷᠥᠯ ᠵᠦᠢ᠍ᠯ᠎ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠱᠧᠨᠵᠧᠨ᠎ᠤ ᠬᠥᠷᠥᠩᠭᠡ ᠵᠢᠨ ᠪᠦᠯᠦᠭᠯᠡᠯ᠎ᠤᠨ ᠤᠯᠤᠰ᠎ᠤᠨ ᠺᠧ ᠫᠢᠩ ᠾᠧ ᠰᠠᠭᠤᠷᠢ ᠮᠥᠩᠭᠦ ᠵᠢᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠮᠥᠩᠭᠦᠨ ᠭᠦᠢ᠍ᠯᠭᠡᠭᠡᠨ᠎ᠤ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠱᠧᠨᠵᠧᠨ᠎ᠤ ᠢᠦᠶ ᠵᠢᠩ ᠳᠡᠭᠡᠳᠦ ᠰᠢᠨᠵᠢᠯᠡᠬᠦ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠤᠶᠤᠨᠴᠢᠯᠠᠨ ᠦᠢ᠍ᠯᠡᠳᠬᠦ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠢ ᠪᠥᠲᠥᠭᠡᠨ ᠪᠠᠶ᠋ᠢᠭᠤᠯᠪᠠ᠃ ᠣᠶ᠋ᠢᠯᠠᠭ᠋ᠠᠭᠰᠠᠨ ᠵᠶ᠋ᠠᠷ᠂ ᠠᠵᠤ ᠦᠢ᠍ᠯᠡᠰ᠎ᠤᠨ ᠰᠠᠭᠤᠷᠢ ᠮᠥᠩᠭᠦ ᠵᠢᠨ ᠲᠣᠭᠲᠠᠮᠠᠯ ᠪᠡᠯᠡ ᠣᠷᠣᠭᠤᠯᠤᠯᠲᠠ ᠵᠢᠨ ᠳᠠᠪᠠᠭᠤᠯᠢᠭ᠎ᠲᠤ ᠲᠦᠰᠢᠭᠯᠡᠨ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠂ ᠬᠠᠭ᠋ᠠᠰ ᠳᠠᠮᠵᠢᠭᠤᠯᠤᠭᠴᠢ ᠵᠢᠨ ᠴᠢᠫ᠂ ᠰᠢᠨ᠎ᠡ ᠡᠨᠧᠷᠭᠢ᠂ ᠣᠶᠤᠨᠴᠢ ᠲᠣᠨᠣᠭᠯᠠᠯ ᠪᠠ ᠮᠠᠰᠢᠨ ᠬᠥᠮᠦᠨ ᠵᠢᠴᠢ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠦᠨ ᠪᠡᠯᠡ ᠣᠷᠣᠭᠤᠯᠤᠯᠲᠠ ᠵᠢᠨ ᠪᠠᠶ᠋ᠢᠷᠢᠰᠢᠭᠤᠯᠤᠯᠲᠠ ᠬᠢᠵᠦ᠂ ᠲᠣᠰ ᠠᠵᠤ ᠦᠢ᠍ᠯᠡᠰ᠎ᠤᠨ ᠬᠦᠷᠢᠶᠡᠯᠡᠩ᠎ᠠᠴᠠ 《ᠪᠡᠯᠡ ᠮᠥᠩᠭᠦ᠎ᠪᠠᠷ ᠬᠤᠳᠠᠯᠳᠤᠭ᠋ᠠᠴᠢᠨ ᠤᠷᠢᠬᠤ》᠂ 《ᠰᠠᠭᠤᠷᠢ ᠮᠥᠩᠭᠦ᠎ᠪᠠᠷ ᠬᠤᠳᠠᠯᠳᠤᠭ᠋ᠠᠴᠢᠨ ᠤᠷᠢᠬᠤ》 ᠦᠢ᠍ᠯᠡᠳᠦᠯ᠎ᠢ ᠶᠡᠬᠡᠰᠬᠡᠵᠦ᠂ ᠨᠠᠩ ᠣᠯᠠᠨ ᠴᠢᠨᠠᠷ ᠰᠠᠶ᠋ᠢᠲᠠᠶ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠵᠤ᠂ ᠪᠥᠬᠦ ᠬᠡᠯᠬᠢᠶᠡᠨ᠎ᠤ ᠠᠵᠤ ᠦᠢ᠍ᠯᠡᠰ᠎ᠤᠨ ᠠᠮᠢ ᠠᠬᠤᠶ ᠵᠢ ᠣᠯᠭᠤᠵᠤ᠂ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠪᠦᠯᠦᠭᠵᠢᠯ᠎ᠤᠨ ᠰᠢᠨ᠎ᠡ ᠥᠨᠳᠦᠷᠯᠢᠭ ᠭᠠᠵᠠᠷ᠎ᠢ ᠪᠣᠶ ᠪᠣᠯᠭ᠋ᠠᠪᠠ᠃
ᠨᠡᠶ᠋ᠢᠭᠡᠮ᠎ᠤᠨ ᠬᠥᠷᠥᠩᠭᠡ ᠵᠢ ᠳᠠᠶ᠋ᠢᠴᠢᠯᠠᠬᠤ ᠲᠠᠯ᠎ᠠ᠎ᠪᠠᠷ᠂ ᠲᠦᠩᠯᠢᠶᠣᠤ ᠬᠤᠲᠠ ᠱᠧᠩ ᠰᠢᠤᠸᠠᠢ ᠬᠢᠭᠡᠳ ᠵᠠᠰᠠᠭ᠎ᠤᠨ ᠣᠷᠳᠣᠨ᠎ᠲᠠᠢ ᠬᠠᠮᠲᠤ᠎ᠪᠠᠷ ᠪᠠᠯᠠ ᠣᠷᠣᠭᠤᠯᠵᠤ ᠬᠦᠷᠢᠶᠡᠯᠡᠩ ᠲᠣᠭᠤᠷᠢᠭ᠎ᠤᠨ ᠢᠯᠴᠢ ᠴᠠᠬᠢᠯᠭ᠋ᠠᠨ᠎ᠤ ᠬᠤᠯᠪᠣᠭ᠋ᠠᠯᠠᠨ ᠦᠢ᠍ᠯᠡᠳᠪᠦᠷᠢᠯᠡᠬᠦ ᠢᠵᠢ ᠪᠥᠷᠢᠳᠦᠭᠦᠯᠬᠦ ᠲᠥᠷᠥᠯ ᠵᠦᠢ᠍ᠯ᠎ᠢ ᠪᠥᠲᠥᠭᠡᠨ ᠪᠠᠶ᠋ᠢᠭᠤᠯᠵᠤ᠂ ᠵᠧᠵᠢᠶᠠᠩ᠎ᠤᠨ ᠶᠦᠨ ᠳ᠋ᠡ ᠬᠤᠪᠢ ᠣᠷᠣᠭᠤᠯᠤᠭᠰᠠᠨ ᠺᠣᠮᠫᠠᠨᠢ ᠵᠢ ᠣᠷᠣᠭᠤᠯᠤᠨ ᠠᠪᠴᠢᠷᠠᠵᠤ 《ᠬᠡᠮᠵᠢᠶ᠎ᠡ ᠵᠢ᠎ᠨᠢ ᠨᠡᠮᠡᠭᠳᠡᠭᠦᠯᠦᠨ ᠴᠠᠬᠢᠯᠭ᠋ᠠᠨ ᠲᠦᠭᠡᠭᠡᠬᠦ + ᠪᠠᠷᠢᠮᠵᠢᠶᠠᠵᠢᠭᠤᠯᠤᠭᠰᠠᠨ ᠦᠢ᠍ᠯᠡᠳᠪᠦᠷᠢ ᠵᠢᠨ ᠬᠡᠷ ᠪᠠᠶ᠋ᠢᠰᠢᠩ᠎ᠤᠨ ᠪᠥᠲᠥᠭᠡᠨ ᠪᠠᠶ᠋ᠢᠭᠤᠯᠤᠯᠲᠠ +》 ᠵᠢᠨ ᠵᠠᠭᠪᠤᠷ ᠵᠶ᠋ᠠᠷ ᠳᠠᠮᠵᠢᠭᠤᠯᠤᠨ ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ ᠨᠡᠶ᠋ᠢᠭᠡᠮ᠎ᠤᠨ ᠬᠥᠷᠥᠩᠭᠡ ᠵᠢᠨ ᠲᠠᠯ᠎ᠠ ᠵᠢᠨ ᠪᠠᠯᠠ ᠣᠷᠣᠭᠤᠯᠤᠯᠲᠠ ᠪᠠ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ᠎ᠳᠤ ᠬᠦᠴᠦᠨ ᠨᠡᠮᠡᠷᠢᠯᠡᠬᠦ ᠰᠠᠨᠠᠭ᠋ᠠᠴᠢᠯᠠᠭ᠋ᠠᠲᠤ ᠴᠢᠨᠠᠷ ᠪᠠ ᠢᠳᠡᠪᠬᠢᠵᠢᠯ᠎ᠢ ᠭᠦᠢ᠍ᠴᠡᠳ ᠳᠠᠶ᠋ᠢᠴᠢᠯᠠᠪᠠ᠃
ᠭᠤᠷᠪᠠ᠎ᠳᠤ 《ᠬᠤᠶᠠᠷ᠎ᠢ ᠡᠯᠰᠡᠵᠦ ᠬᠤᠶᠠᠷ᠎ᠢ ᠲᠠᠲᠠᠬᠤ》 ᠬᠤᠯᠪᠣᠭ᠎ᠠ ᠠᠪᠬᠤ ᠭᠠᠵᠠᠷ᠎ᠢ ᠪᠠᠶ᠋ᠢᠭᠤᠯᠵᠤ᠂ ᠬᠤᠳᠠᠯᠳᠤᠭ᠋ᠠᠨ᠎ᠤ ᠨᠡᠶ᠋ᠢᠭᠡᠮᠯᠢᠭ᠎ᠤᠨ ᠬᠠᠮᠲᠤᠷᠠᠨ ᠬᠤᠳᠠᠯᠳᠤᠭ᠋ᠠᠴᠢᠨ ᠤᠷᠢᠬᠤ᠂ ᠭᠠᠳᠠᠭᠰᠢ ᠲᠣᠮᠢᠯᠠᠨ ᠰᠠᠭᠤᠯᠭ᠋ᠠᠵᠤ ᠬᠤᠳᠠᠯᠳᠤᠭ᠋ᠠᠴᠢᠨ ᠤᠷᠢᠬᠤ ᠵᠢ ᠭᠦᠨᠵᠡᠭᠡᠶ ᠦᠷᠨᠢᠭᠦᠯᠪᠡ
ᠵᠠᠩ ᠱᠧᠩ ᠯᠢ ᠵᠢᠨ ᠲᠠᠨᠢᠯᠴᠠᠭᠤᠯᠤᠭᠰᠠᠨ ᠵᠶ᠋ᠠᠷ᠂ ᠲᠦᠩᠯᠢᠶᠣᠤ ᠬᠤᠲᠠ ᠾᠧᠪᠸᠢ᠂ ᠠᠨᠾᠦ᠋ᠢ᠂ ᠱᠠᠩᠬᠠᠶ᠂ ᠭᠤᠸᠠᠩᠳᠦ᠋ᠩ᠂ ᠱᠠᠨᠳᠦ᠋ᠩ ᠵᠡᠷᠭᠡ ᠭᠠᠳᠠᠷ ᠣᠷᠣᠨ᠎ᠤ ᠥᠪᠥᠷ ᠮᠣᠩᠭᠤᠯ (ᠲᠦᠩᠯᠢᠶᠣᠤ)᠎ᠤᠨ ᠬᠤᠳᠠᠯᠳᠤᠭ᠋ᠠᠴᠢᠳ᠎ᠤᠨ ᠡᠪᠯᠡᠯ᠎ᠲᠠᠢ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠫᠠᠶ᠋ᠢᠰᠠ ᠣᠯᠭᠤᠵᠤ ᠲᠦᠩᠯᠢᠶᠣᠤ ᠬᠤᠲᠠ ᠵᠢᠨ 《ᠬᠤᠶᠠᠷ᠎ᠢ ᠡᠯᠰᠡᠵᠦ ᠬᠤᠶᠠᠷ᠎ᠢ ᠲᠠᠲᠠᠬᠤ》 ᠬᠤᠯᠪᠣᠭ᠎ᠠ ᠠᠪᠬᠤ ᠭᠠᠵᠠᠷ ᠪᠠᠶ᠋ᠢᠭᠤᠯᠤᠭᠰᠠᠨ ᠪᠥᠭᠡᠳ ᠴᠢᠨᠠᠷ ᠰᠠᠶ᠋ᠢᠲᠠᠶ ᠬᠤᠳᠠᠯᠳᠤᠭ᠋ᠠᠴᠢᠨ ᠤᠷᠢᠬᠤ ᠡᠬᠢ ᠪᠠᠶᠠᠯᠢᠭ ᠪᠠ ᠬᠤᠳᠠᠯᠳᠤᠭ᠋ᠠᠴᠢᠨ ᠤᠷᠢᠬᠤ ᠰᠠᠶ᠋ᠢᠨ ᠰᠠᠶ᠋ᠢᠬᠠᠨ ᠠᠮᠵᠢᠯᠲᠠ ᠪᠦᠲᠦᠮᠵᠢ᠎ᠲᠠᠢ 17 ᠠᠵᠤ ᠠᠬᠤᠶ᠋ᠢᠯᠠᠯᠲᠠᠨ᠂ ᠬᠤᠳᠠᠯᠳᠤᠭ᠋ᠠᠨ᠎ᠤ ᠨᠡᠶ᠋ᠢᠭᠡᠮᠯᠢᠭ᠎ᠤᠨ ᠬᠠᠷᠢᠭᠤᠴᠠᠯᠭ᠋ᠠᠲᠠᠨ᠎ᠢ ᠨᠠᠷᠢᠨ ᠨᠢᠮᠪᠠᠶ ᠰᠣᠩᠭᠤᠨ ᠤᠷᠢᠵᠤ ᠬᠤᠲᠠ ᠵᠢᠨ ᠱᠠᠲᠤᠨ᠎ᠤ 《ᠬᠤᠳᠠᠯᠳᠤᠭ᠋ᠠᠴᠢᠨ ᠤᠷᠢᠬᠤ ᠵᠥᠪᠯᠡᠭᠴᠢ》 ᠵᠢᠨ ᠲᠤᠰᠢᠶᠠᠯ᠎ᠢ ᠡᠭᠦᠷᠭᠡᠯᠡᠭᠦᠯᠵᠦ᠂ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠠᠮᠲᠤᠷᠠᠨ ᠬᠤᠳᠠᠯᠳᠤᠭ᠋ᠠᠴᠢᠨ ᠤᠷᠢᠬᠤ ᠵᠢ ᠭᠦᠨᠵᠡᠭᠡᠶ ᠥᠷᠨᠢᠭᠦᠯᠪᠡ᠃ ᠡᠭᠦᠨ᠎ᠤ ᠬᠠᠮᠲᠤ᠂ ᠲᠦᠩᠯᠢᠶᠣᠤ ᠬᠤᠲᠠ ᠪᠥᠬᠦ ᠬᠤᠲᠠ ᠵᠢᠨ ᠺᠠᠳ᠋ᠷ᠎ᠤᠨ ᠳᠣᠲᠣᠷ᠎ᠠ᠎ᠠᠴᠠ ᠬᠤᠳᠠᠯᠳᠤᠭ᠋ᠠᠴᠢᠨ ᠤᠷᠢᠵᠤ ᠪᠠᠯᠠ ᠲᠠᠲᠠᠬᠤ 17 ᠰᠢᠯᠢᠳᠡᠭ ᠵᠠᠩᠵᠤᠨ᠎ᠢ ᠰᠣᠩᠭᠤᠨ ᠲᠣᠮᠢᠯᠠᠵᠤ᠂ ᠱᠠᠩᠬᠠᠶ᠂ ᠱᠧᠨᠵᠧᠨ᠂ ᠴᠢᠩᠳᠣᠣ ᠵᠡᠷᠭᠡ 5 ᠬᠤᠲᠠ᠎ᠳᠤ ᠲᠣᠰ ᠲᠣᠰ ᠭᠠᠳᠠᠭᠰᠢ ᠲᠣᠮᠢᠯᠠᠨ ᠰᠠᠭᠤᠯᠭ᠋ᠠᠵᠤ ᠬᠤᠳᠠᠯᠳᠤᠭ᠋ᠠᠴᠢᠨ ᠤᠷᠢᠬᠤ ᠠᠵᠢᠯ᠎ᠢ ᠥᠷᠨᠢᠭᠦᠯᠵᠦ᠂ ᠣᠲᠣ ᠨᠢᠭᠡᠨᠲᠡ 400 ᠭᠠᠷᠤᠶ ᠠᠵᠤ ᠠᠬᠤᠶ᠋ᠢᠯᠠᠯ᠎ᠲᠠᠢ ᠬᠠᠷᠢᠯᠴᠠᠵᠤ ᠰᠢᠨᠵᠢᠯᠡᠨ ᠪᠠᠶ᠋ᠢᠴᠠᠭ᠋ᠠᠪᠠ᠃
11 ᠳ᠋ᠦ᠍ᠭᠡᠷ ᠰᠠᠷ᠎ᠠ ᠵᠢᠨ 6᠎ᠤ ᠡᠳᠦᠷ᠂ ᠲᠦᠩᠯᠢᠶᠣᠤ ᠬᠤᠲᠠ ᠵᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ ᠵᠢᠨ ᠳᠠᠷᠤᠭ᠎ᠠ ᠴᠢ᠊ · ᠳᠠᠯᠠᠨᠲᠠᠢ ᠱᠠᠩᠬᠠᠢ᠎ᠳᠤ ᠶᠠᠪᠤᠭᠳᠠᠭᠰᠠᠨ 2024 ᠥᠪᠥᠷ ᠮᠣᠩᠭᠤᠯ᠎ᠤᠨ ᠪᠠᠯᠠ ᠣᠷᠣᠭᠤᠯᠤᠯᠲᠠ ᠵᠢᠨ ᠣᠷᠴᠢᠨ ᠲᠣᠭᠤᠷᠢᠨ᠎ᠤ ᠲᠠᠨᠢᠯᠴᠠᠭᠤᠯᠭ᠎ᠠ ᠵᠢᠨ ᠬᠤᠷᠠᠯ ᠳᠡᠭᠡᠷ᠎ᠡ ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠶ᠋ᠢᠮᠠᠭ ᠬᠤᠲᠠ ᠵᠢ ᠲᠥᠯᠥᠭᠡᠯᠡᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠵᠤ ᠦᠢ᠍ᠯᠡᠰ᠎ᠢ ᠰᠢᠯᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠤ ᠪᠠᠯᠠ ᠣᠷᠣᠭᠤᠯᠤᠯᠲᠠ ᠵᠢᠨ ᠣᠷᠴᠢᠨ ᠲᠣᠭᠤᠷᠢᠨ᠎ᠤ ᠲᠠᠨᠢᠯᠴᠠᠭᠤᠯᠭ᠎ᠠ ᠵᠢᠨ ᠶᠠᠷᠢᠶ᠎ᠠ ᠲᠠᠯᠪᠢᠪᠠ᠃ ᠲᠦᠩᠯᠢᠶᠣᠤ ᠬᠤᠳᠠ ᠵᠢᠨ ᠲᠤᠬᠠᠢ ᠶᠠᠷᠢᠬᠤ᠎ᠳᠠᠭᠠᠨ᠂ ᠲᠡᠷᠡ ᠲᠤᠰ ᠬᠤᠳᠠ᠎ᠳᠤ 550 ᠳ᠋ᠦᠩᠰᠢᠭᠤᠷ ᠲᠣᠨ ᠴᠠᠬᠢᠭᠤᠷ ᠡᠯᠡᠰᠦ᠂ 15 ᠳ᠋ᠦᠩᠰᠢᠭᠤᠷ ᠲᠣᠨ ᠣᠨᠴᠠ ᠲᠤᠮᠤ ᠬᠡᠯᠪᠡᠷᠢ ᠵᠢᠨ ᠪᠠᠶ᠋ᠢᠭ᠋ᠠᠯᠢ ᠵᠢᠨ ᠬᠤᠵᠢᠷ᠎ᠤᠨ ᠠᠭᠤᠷᠬᠠᠢ ᠵᠢᠨ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠎ᠲᠠᠢ᠂ ᠡᠯ᠎ᠡ ᠲᠠᠯ᠎ᠠ ᠵᠢᠨ᠎ᠬᠢᠨ᠎ᠲᠠᠢ ᠭᠦᠨᠵᠡᠭᠡᠢ ᠬᠠᠮᠲᠤᠷᠠᠯᠴᠠᠵᠤ᠂ ᠴᠠᠬᠢᠭᠤᠷ᠎ᠤᠨ ᠰᠠᠭᠤᠷᠢ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠬᠤᠵᠢᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠪᠦᠬᠦ ᠬᠡᠯᠬᠢᠶ᠎ᠡ᠎ᠪᠠᠷ ᠪᠤᠶ᠋ᠢᠵᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢ᠍ᠯᠡᠰ᠎ᠤᠨ ᠪᠦᠯᠦᠭᠵᠢᠯ᠎ᠢ ᠪᠠᠶ᠋ᠢᠭᠤᠯᠬᠤ ᠵᠢ ᠬᠦᠰᠡᠵᠦ ᠪᠠᠶ᠋ᠢᠨ᠎ᠠ᠃ ᠬᠤᠷᠠᠯ ᠳᠡᠭᠡᠷ᠎ᠡ᠂ ᠲᠦᠩᠯᠢᠶᠣᠤ ᠬᠤᠲᠠ ᠬᠠᠮᠢᠶ᠎ᠠ ᠪᠥᠬᠦᠶ ᠠᠵᠤ ᠠᠬᠤᠶ᠋ᠢᠯᠠᠯ᠎ᠲᠠᠢ 600 ᠲᠦᠮᠡᠨ ᠲᠣᠨ ᠪᠣᠬᠢᠷᠲᠤᠯ ᠥᠬᠡᠶ ᠬᠦᠩᠭᠡᠨᠴᠠᠭ᠋ᠠᠨ᠎ᠤ ᠦᠨᠳᠦᠰᠦᠨ ᠰᠢᠨ᠎ᠡ ᠮᠠᠲ᠋ᠧᠷᠢᠶᠠᠯ᠂ ᠰᠢᠨ᠎ᠡ᠎ᠪᠠᠷ ᠪᠠᠶ᠋ᠢᠭᠤᠯᠤᠭᠰᠠᠨ ᠪᠠᠷᠠᠭᠤᠨ ᠪᠠ ᠡᠨᠧᠷᠭᠢ ᠬᠠᠳᠠᠭ᠋ᠠᠯᠠᠬᠤ ᠥᠷᠲᠡᠭᠡ᠂ ᠰᠠᠶ᠋ᠢᠨ ᠡᠭᠦᠯᠳᠡᠷ᠎ᠤᠨ ᠠᠯᠠᠰᠢᠨ ᠦᠬᠡᠷ᠎ᠤᠨ ᠠᠵᠤ ᠦᠢ᠍ᠯᠡᠰᠵᠢᠯᠲᠡ ᠵᠢᠨ ᠵᠢᠱ᠌ᠢᠶ᠎ᠡ ᠦᠵᠡᠭᠦᠯᠬᠦ᠂ ᠵᠢᠯ᠎ᠳᠤ 12 ᠲᠦᠮᠡᠨ ᠲᠣᠨ ᠵᠢᠪᠡᠷᠡᠬᠦ ᠥᠬᠡᠶ ᠪᠣᠯᠣᠳ ᠪᠦᠲᠦᠭᠡᠭᠳᠡᠬᠦᠨ᠂ ᠭᠠᠯᠳᠤ ᠲᠡᠰᠪᠦᠷᠢᠲᠡᠶ ᠳᠤᠯᠠᠭ᠋ᠠᠨ᠎ᠢ ᠬᠠᠮᠠᠭ᠋ᠠᠯᠠᠬᠤ ᠮᠠᠲ᠋ᠧᠷᠢᠶᠠᠯ᠂ ᠳᠠᠬᠢᠨ ᠡᠭᠦᠰᠴᠦ ᠪᠣᠯᠬᠤ ᠬᠥᠩᠭᠡᠨ ᠴᠠᠭ᠋ᠠᠨ᠎ᠢ ᠨᠠᠷᠢᠯᠢᠭ ᠡᠳ᠋ᠰᠢᠭᠦᠯᠬᠦ ᠵᠡᠷᠭᠡ 6 ᠲᠥᠷᠥᠯ ᠵᠦᠢ᠍ᠯ᠎ᠤᠨ ᠲᠤᠬᠠᠶ ᠭᠡᠷ᠎ᠡ ᠲᠣᠭᠲᠠᠵᠤ᠂ ᠶᠡᠷᠦᠩᠬᠡᠶ ᠭᠡᠷ᠎ᠡ ᠲᠣᠭᠲᠠᠭᠰᠠᠨ ᠲᠤᠭ᠎ᠠ᠎ᠨᠢ 43.4 ᠳ᠋ᠦᠩᠰᠢᠭᠤᠷ ᠲᠥᠭᠦᠷᠢᠭ᠎ᠲᠤ ᠬᠦᠷᠴᠡᠶ᠃