11 ᠳ᠋ᠦ᠍ᠭᠡᠷ ᠰᠠᠷ᠎ᠠ ᠵᠢᠨ 22᠎ᠤᠨ ᠡᠳᠦᠷ᠂ 《ᠡᠯᠡᠰᠦᠨ ᠴᠦᠯ᠎ᠤᠨ ᠦᠪᠡᠳᠡᠭᠰᠢ ᠦᠶ᠎ᠡ · ᠳᠤᠤᠷ᠎ᠠ ᠠᠭ᠋ᠠᠷ ᠵᠶ᠋ᠠᠷ ᠬᠠᠯᠢᠨ ᠳᠡᠭᠦᠯᠢᠨ᠎ᠡ》 2024 ᠠᠯᠠᠱ᠌ᠠ ᠵᠢᠨ ᠳᠤᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ ᠵᠢᠨ ᠶᠡᠭᠡ ᠬᠤᠷᠠᠯ ᠥᠪᠥᠷ ᠮᠣᠩᠭᠤᠯ᠎ᠤᠨ ᠠᠯᠠᠱ᠌ᠠ ᠵᠡᠭᠦᠨ ᠬᠤᠰᠢᠭᠤᠨ᠎ᠤ ᠪᠠᠶᠠᠨᠬᠤᠲᠠ ᠪᠠᠯᠭ᠋ᠠᠰᠤᠨ᠎ᠳᠤ ᠬᠤᠷᠠᠯᠳᠤᠪᠠ᠃ ᠪᠦᠬᠦ ᠤᠯᠤᠰ᠎ᠤᠨ ᠡᠯ᠎ᠡ ᠭᠠᠵᠠᠷ᠎ᠤᠨ ᠠᠭ᠋ᠠᠷ᠎ᠤᠨ ᠠᠵᠤ ᠠᠬᠤᠶ ᠵᠢᠨ ᠬᠦᠷᠢᠶᠡᠨ᠎ᠤ ᠲᠤᠰᠬᠠᠶ ᠮᠡᠷᠭᠡᠵᠢᠯᠲᠡᠳ ᠡᠷᠳᠡᠮᠲᠡᠳ᠂ ᠠᠵᠤ ᠠᠬᠤᠶ᠋ᠢᠯᠠᠯ᠎ᠤᠨ ᠲᠥᠯᠥᠭᠡᠯᠡᠭᠴᠢᠳ ᠳᠣᠣᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠠᠨᠳᠤᠰᠢ᠂ ᠰᠢᠨ᠎ᠡ ᠮᠡᠷᠭᠡᠵᠢᠯ᠂ ᠰᠢᠨ᠎ᠡ ᠬᠡᠷᠡᠭᠯᠡᠯᠲᠡ ᠵᠢ ᠭᠦᠨᠵᠡᠭᠡᠶ ᠰᠤᠳᠤᠯᠵᠤ᠂ ᠳᠣᠣᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ ᠵᠢ ᠬᠠᠮᠲᠤ᠎ᠪᠠᠷ ᠵᠥᠪᠯᠡᠵᠦ᠂ ᠳᠣᠣᠷ᠎ᠠ ᠠᠭ᠋ᠠᠷ᠎ᠤᠨ ᠠᠵᠤ ᠠᠬᠤᠶ ᠵᠢᠨ ᠬᠠᠮᠲᠤ ᠵᠢᠨ ᠠᠵᠢᠯᠯᠠᠭ᠎ᠠ ᠵᠢ ᠬᠠᠮᠲᠤ᠎ᠪᠠᠷ ᠰᠦᠪᠡᠭᠴᠢᠯᠡᠨ᠎ᠡ᠃
ᠬᠤᠷᠠᠯ ᠳᠡᠭᠡᠷ᠎ᠡ᠂ ᠠᠯᠠᠱ᠌ᠠ ᠠᠶ᠋ᠢᠮᠠᠭ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠠᠯᠠᠱ᠌ᠠ ᠠᠶ᠋ᠢᠮᠠᠭ᠎ᠤᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠳᠤ ᠲᠠᠶ᠋ᠢᠯᠤᠮᠵᠢ ᠬᠢᠪᠠ᠃ ᠠᠯᠠᠱ᠌ᠠ ᠠᠶ᠋ᠢᠮᠠᠭ᠎ᠤᠨ ᠵᠠᠬᠢᠷᠭ᠎ᠠ᠂ ᠠᠯᠠᠱ᠌ᠠ ᠵᠡᠭᠦᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠠᠯᠠᠱ᠌ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ᠎ᠨᠢ ᠰᠠᠨᠰᠠᠷ᠎ᠤᠨ ᠠᠶᠠᠯᠠᠯ᠎ᠤᠨ ᠴᠠᠭ ᠦᠶ᠎ᠡ ᠵᠢᠨ ᠹᠸᠢ ᠫᠧᠩ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠠᠷᠠᠳ᠎ᠤᠨ ᠨᠢᠰᠬᠡᠯ᠎ᠤᠨ ᠲᠤᠷᠰᠢᠯᠲᠠ ᠵᠢᠨ ᠲᠥᠪ ᠵᠡᠷᠭᠡ᠎ᠲᠠᠢ 《ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》᠎ᠢ ᠲᠥᠪᠯᠡᠷᠡᠭᠦᠯᠦᠨ ᠭᠠᠷᠤᠨ ᠦᠰᠦᠭ ᠵᠢᠷᠤᠪᠠ᠃ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠪᠡᠭᠡᠵᠢᠩ᠎ᠤᠨ ᠠᠭ᠋ᠠᠷ ᠰᠠᠨᠰᠠᠷ᠎ᠤᠨ ᠠᠶᠠᠯᠠᠯ᠎ᠤᠨ ᠶᠡᠭᠡ ᠰᠤᠷᠭ᠋ᠠᠭᠤᠯᠢ ᠵᠢᠨ ᠫᠷᠤᠹᠧᠰᠰᠤᠷ ᠯᠢᠦ ᠳ᠋ᠠ ᠰᠢᠶᠠᠩ᠂ ᠳᠣᠬᠢᠭᠤᠷ ᠲᠤᠯᠤᠭ᠋ᠠᠨ ᠹᠦ᠋ ᠰᠢ ᠮᠡᠳᠡᠭᠡ ᠵᠠᠩᠭᠢ ᠵᠢᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠳᠡᠳ᠋ ᠬᠡᠷᠡᠭ ᠮᠡᠳᠡᠭᠴᠢᠳ᠎ᠤᠨ ᠳᠠᠷᠤᠭ᠎ᠠ ᠯᠢᠶᠠᠩ ᠵᠢᠶᠦ᠋ᠨ ᠱᠧᠩ ᠵᠡᠷᠭᠡ 6 ᠲᠤᠰᠬᠠᠢ ᠮᠡᠷᠭᠡᠵᠢᠯᠲᠡᠨ ᠫᠷᠤᠹᠧᠰᠰᠤᠷ᠂ ᠠᠵᠤ ᠠᠬᠤᠶ᠋ᠢᠯᠠᠯᠲᠠᠨ᠂ ᠳᠤᠤᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠲᠣᠭᠤᠷᠢᠨ᠎ᠳᠤ ᠭᠤᠣᠯ ᠵᠤᠷᠢᠯᠳᠠᠳᠤ ᠮᠡᠳᠡᠭᠦᠯᠦᠯᠲᠡ ᠬᠢᠵᠡᠢ᠃ ᠰᠢ ᠠᠨ ᠬᠤᠲᠠ ᠵᠢᠨ ᠠᠭ᠋ᠠᠷ᠎ᠤᠨ ᠠᠶᠠᠯᠠᠯ᠎ᠤᠨ ᠰᠠᠭᠤᠷᠢᠨ ᠭᠠᠵᠠᠷ᠎ᠤᠨ ᠬᠠᠩ ᠵᠢᠢ ᠹᠸᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠠᠯᠠᠱ᠌ᠠ ᠵᠢᠨ ᠲᠣᠮᠣ ᠬᠡᠯᠪᠡᠷᠢ ᠵᠢᠨ ᠵᠢᠯᠣᠭᠤᠴᠢ ᠥᠬᠡᠶ ᠨᠢᠰᠬᠡᠯ᠎ᠤᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠲᠠᠨᠢᠯᠴᠠᠭᠤᠯᠭ᠎ᠠ ᠬᠢᠵᠡᠶ᠃
ᠣᠶ᠋ᠢᠯᠠᠭ᠋ᠠᠭᠰᠠᠨ ᠵᠶ᠋ᠠᠷ᠂ ᠣᠶ᠋ᠢᠷ᠎ᠠ ᠵᠢᠨ ᠵᠢᠯ᠎ᠤᠨ ᠲᠤᠷᠰᠢ᠂ ᠠᠯᠠᠱ᠌ᠠ ᠠᠶ᠋ᠢᠮᠠᠭ ᠳᠤᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠵᠢᠨ ᠬᠠᠮᠲᠤ ᠲᠡᠭᠦᠨ᠎ᠢ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ 《ᠳᠤᠤᠷ᠎ᠠ ᠠᠭ᠋ᠠᠷ᠎ᠤᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠲᠤᠬᠠᠶ ᠬᠡᠷᠡᠭᠵᠢᠭᠦᠯᠬᠦ ᠲᠥᠰᠦᠯ》 ᠪᠣᠯᠤᠨ 《ᠳᠤᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ ᠵᠢᠨ ᠲᠤᠬᠠᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠲᠣᠭᠲᠠᠭ᠋ᠠᠨ ᠨᠡᠶ᠋ᠢᠲᠡᠯᠡᠵᠦ᠂ ᠰᠤᠳᠤᠯᠤᠨ ᠨᠡᠭᠡᠭᠡᠵᠦ ᠦᠢ᠍ᠯᠡᠳᠬᠦ᠂ ᠠᠭ᠋ᠠᠷ᠎ᠤᠨ ᠣᠷᠣᠨ᠂ ᠰᠠᠭᠤᠷᠢ ᠪᠡᠯᠡᠳᠬᠡᠮᠵᠢ ᠵᠡᠷᠭᠡ ᠭᠤᠤᠯᠳᠠᠯᠭ᠎ᠠ᠎ᠲᠠᠢ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠭ᠋ᠠᠷ᠎ᠤᠨ ᠣᠷᠣᠨ ᠪᠦᠰᠡ᠂ ᠠᠵᠤ ᠦᠢ᠍ᠯᠡᠰ᠎ᠤᠨ ᠦᠵᠦᠭᠦᠷ᠂ ᠬᠡᠷᠡᠭᠯᠡᠭᠡᠨ᠎ᠤ ᠦᠵᠦᠭᠦᠷ᠎ᠢ ᠵᠡᠷᠭᠡ᠎ᠪᠠᠷ ᠬᠦᠴᠦᠯᠡᠬᠦ ᠵᠢ ᠪᠠᠷᠢᠮᠲᠠᠯᠠᠵᠤ᠂ ᠤᠯᠤᠰ᠎ᠤᠨ ᠲᠠᠰ᠎ᠤᠨ ᠳᠤᠤᠷ᠎ᠠ ᠠᠭ᠋ᠠᠷ᠎ᠤᠨ ᠨᠢᠰᠦᠭᠴᠢ ᠵᠢᠨ ᠲᠤᠷᠰᠢᠯᠲᠠ ᠵᠢᠨ ᠰᠠᠭᠤᠷᠢᠨ ᠭᠠᠵᠠᠷ᠂ ᠵᠢᠯᠣᠭᠤᠴᠢ ᠥᠬᠡᠶ ᠨᠢᠰᠬᠡᠯ᠎ᠤᠨ ᠠᠭ᠋ᠠᠷ᠎ᠤᠨ ᠠᠶᠠᠯᠠᠯ᠎ᠤᠨ ᠲᠤᠷᠰᠢᠯᠲᠠ ᠵᠢᠨ ᠰᠠᠭᠤᠷᠢᠨ ᠭᠠᠵᠠᠷ ᠵᠡᠷᠭᠡ ᠵᠢ ᠲᠦᠷᠭᠡᠳᠬᠡᠨ ᠪᠠᠶ᠋ᠢᠭᠤᠯᠪᠠ᠃