ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠳᠤᠮᠳᠠᠳᠤ ᠤᠯᠤᠰ᠎ᠤᠨ ᠬᠥᠬᠡᠬᠤᠲᠠ ᠬᠢᠭᠡᠳ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠲᠠ ᠨᠥᠬᠦᠷᠰᠡᠭ ᠰᠣᠯᠢᠯᠴᠠᠭ᠋ᠠᠨ᠎ᠤ ᠵᠢᠱ᠌ᠢᠶᠠᠴᠢ ᠰᠠᠨᠠᠮᠵᠢ ᠵᠢᠨ ᠪᠢᠴᠢᠭ᠎ᠲᠤ ᠭᠠᠷ᠎ᠤᠨ ᠥᠰᠥᠭ ᠵᠢᠷᠤᠪᠠ
ᠨᠡᠶ᠋ᠢᠲᠡᠯᠡᠭᠰᠡᠨ ᠴᠠᠭ᠄ 2024-11-25

  1 ᠳ᠋ᠦ᠍ᠭᠡᠷ ᠰᠠᠷ᠎ᠠ ᠵᠢᠨ 21᠎ᠤ ᠡᠳᠦᠷ᠎ᠠᠴᠠ 24᠎ᠤ ᠡᠳᠦᠷ ᠪᠣᠯᠲᠠᠯ᠎ᠠ᠂ ᠮᠣᠩᠭᠤᠯ ᠤᠯᠤᠰ᠎ᠤᠨ ᠨᠡᠶ᠋ᠢᠰᠯᠡᠯ᠎ᠤᠨ ᠵᠠᠰᠠᠭ ᠵᠠᠬᠢᠷᠭ᠋ᠠᠨ᠎ᠤ ᠳᠠᠷᠤᠭ᠎ᠠ ᠪᠥᠭᠡᠳ ᠤᠯᠠᠭ᠋ᠠᠨᠪᠠᠭ᠋ᠠᠲᠤᠷ ᠬᠤᠲᠠ ᠵᠢᠨ ᠬᠤᠲᠠ ᠵᠢᠨ ᠳᠠᠷᠤᠭ᠎ᠠ ᠲᠥᠯᠥᠭᠡᠯᠡᠭᠴᠢᠳ᠎ᠤᠨ ᠪᠦᠯᠬᠦᠮ ᠵᠶ᠋ᠠᠨ ᠳᠠᠭ᠋ᠠᠭᠤᠯᠤᠨ ᠬᠥᠬᠡᠬᠤᠲᠠ᠎ᠳᠤ ᠰᠢᠨᠵᠢᠯᠡᠨ ᠪᠠᠶ᠋ᠢᠴᠠᠭ᠋ᠠᠵᠤ ᠰᠤᠷᠪᠤᠯᠵᠢᠯᠠᠵᠤ᠂ ᠮᠧᠩ ᠼᠤᠤ ᠠᠮᠢ ᠠᠬᠤᠶ ᠣᠷᠴᠢᠨ ᠲᠣᠭᠤᠷᠢᠨ (ᠪᠦᠯᠦᠭᠯᠡᠯ)᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠬᠥᠬᠡᠬᠤᠲᠠ ᠵᠢᠨ ᠲᠥᠯᠥᠪᠵᠢᠭᠦᠯᠭᠡ ᠵᠢᠨ ᠦᠵᠡᠰᠬᠦᠯᠡᠩ᠎ᠤᠨ ᠣᠷᠳᠣᠨ᠂ ᠬᠥᠬᠡᠬᠤᠲᠠ ᠵᠢᠨ᠎ᠪᠠᠨ ᠳ᠋ᠢᠩ ᠶᠢᠩ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠡᠷᠭᠡ ᠭᠠᠵᠠᠷ᠎ᠲᠤ ᠬᠦᠷᠴᠦ᠂ ᠬᠥᠬᠡᠬᠤᠲᠠ ᠵᠢᠨ ᠴᠡᠴᠡᠷᠯᠢᠭ᠎ᠤᠨ ᠲᠥᠯᠥᠪᠵᠢᠭᠦᠯᠭᠡ᠂ ᠬᠤᠲᠠ ᠵᠢᠨ ᠪᠥᠲᠥᠭᠡᠨ ᠪᠠᠶ᠋ᠢᠭᠤᠯᠤᠯᠲᠠ᠂ ᠪᠣᠬᠢᠷ ᠤᠰᠤ ᠰᠢᠢ᠍ᠳᠪᠦᠷᠢᠯᠡᠬᠦ ᠵᠡᠷᠭᠡ ᠲᠠᠯ᠎ᠠ ᠵᠢᠨ ᠲᠤᠷᠰᠢᠯᠭ᠎ᠠ ᠬᠢᠳᠡᠯ᠎ᠢ ᠲᠤᠬᠠᠶ ᠵᠢᠨ ᠭᠠᠵᠠᠷ᠎ᠲᠤᠨᠢ ᠣᠶ᠋ᠢᠯᠠᠭ᠋ᠠᠵᠤ᠂ ᠣᠯᠠᠨ ᠤᠯᠤᠰ᠎ᠤᠨ ᠨᠥᠬᠦᠷᠰᠡᠭ ᠬᠤᠲᠠ ᠵᠢᠨ ᠬᠥᠭᠵᠢᠯᠲᠡ᠎ᠳᠤ ᠳᠤᠮᠳᠠᠳᠤ ᠤᠯᠤᠰ᠎ᠤᠨ ᠲᠥᠰᠦᠯ᠎ᠢ ᠬᠠᠩᠭ᠋ᠠᠪᠠ᠃

   ᠡᠨᠡ ᠬᠤᠭᠤᠴᠠᠭ᠋ᠠᠨ᠎ᠳᠤ᠂ ᠬᠥᠬᠡᠬᠤᠲᠠ ᠪᠣᠯᠤᠨ ᠤᠯᠠᠭ᠋ᠠᠨᠪᠠᠭ᠋ᠠᠲᠤᠷ ᠬᠤᠳᠠ ᠵᠢᠨ᠎ᠬᠢᠨ 《ᠳᠤᠮᠳᠠᠳᠤ ᠤᠯᠤᠰ᠎ᠤᠨ ᠬᠥᠬᠡᠬᠤᠲᠠ ᠪᠣᠯᠤᠨ ᠮᠣᠩᠭᠤᠯ ᠤᠯᠤᠰ᠎ᠤᠨ ᠤᠯᠠᠭ᠋ᠠᠨᠪᠠᠭ᠋ᠠᠲᠤᠷ ᠬᠤᠳᠠ ᠵᠢᠨ᠎ᠬᠢᠨ ᠳᠤᠮᠳᠠᠳᠤ ᠮᠣᠩᠭᠤᠯ᠎ᠤᠨ ᠨᠥᠬᠦᠷᠰᠡᠭ ᠰᠣᠯᠢᠯᠴᠠᠭ᠋ᠠᠨ᠎ᠤ ᠬᠡᠪ ᠳᠠᠭᠤᠷᠢᠶᠠᠯ》᠎ᠢ ᠪᠦᠬᠦ ᠲᠠᠯ᠎ᠠ᠎ᠪᠠᠷ ᠴᠣᠭᠴᠠᠯᠠᠪᠠ᠃ ᠰᠠᠨᠠᠮᠵᠢ ᠵᠢᠨ ᠪᠢᠴᠢᠭ᠎ᠢ ᠦᠨᠳᠦᠰᠦᠯᠡᠪᠡᠯ᠂ ᠬᠤᠶᠠᠷ ᠲᠠᠯ᠎ᠠ᠎ᠪᠠᠷ ᠵᠶ᠋ᠠᠨ ᠢᠳᠡᠭᠡᠨ ᠪᠣᠯᠪᠠᠰᠤᠷᠠᠭᠤᠯᠬᠤ᠂ ᠪᠣᠬᠢᠷᠲᠤᠯ ᠦᠭᠡᠢ ᠬᠢᠮᠢ ᠵᠢᠨ ᠠᠵᠤ ᠦᠢ᠍ᠯᠡᠳᠪᠦᠷᠢ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ᠂ ᠬᠤᠳᠠ ᠵᠢᠨ ᠪᠦᠳᠦᠭᠡᠨ ᠪᠠᠶ᠋ᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠤᠣᠯᠳᠠᠯᠭ᠎ᠠ᠎ᠲᠠᠢ ᠠᠬᠢᠭᠤᠯᠵᠤ᠂ ᠬᠤᠶᠠᠷ ᠬᠤᠳᠠ ᠵᠢᠨ ᠠᠷᠠᠳ ᠲᠦᠮᠡᠨ᠎ᠳᠤ ᠨᠡᠩ ᠰᠠᠶ᠋ᠢᠨ ᠪᠤᠶᠠᠨ ᠦᠢ᠍ᠯᠡᠳᠦᠨ᠎ᠡ᠃

   ᠲᠤᠰ ᠤᠳᠠᠭ᠎ᠠ ᠵᠢᠨ ᠰᠠᠨᠠᠮᠵᠢ ᠵᠢᠨ ᠪᠢᠴᠢᠭ᠎ᠲᠤ ᠭᠠᠷ᠎ᠤᠨ ᠦᠰᠦᠭ ᠵᠢᠷᠤᠭᠰᠠᠨ᠎ᠨᠢ ᠬᠥᠬᠡᠬᠤᠲᠠ ᠵᠢᠨ᠎ᠬᠢᠨ ᠤᠯᠠᠭ᠋ᠠᠨᠪᠠᠭ᠋ᠠᠲᠤᠷ ᠬᠤᠳᠠ᠎ᠳᠠᠬᠢ ᠨᠥᠬᠦᠷᠰᠡᠭ ᠬᠠᠷᠢᠯᠴᠠᠭ᠎ᠠ ᠵᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠳᠤᠮᠳᠠᠳᠤ ᠮᠣᠩᠭᠤᠯ ᠬᠤᠶᠠᠷ ᠤᠯᠤᠰ᠎ᠤᠨ ᠨᠥᠬᠦᠷᠰᠡᠭ ᠬᠠᠷᠢᠯᠴᠠᠭ᠎ᠠ ᠵᠢ ᠭᠦᠨᠵᠡᠭᠡᠶ᠋ᠢᠷᠡᠭᠦᠯᠦᠨ ᠥᠷᠭᠡᠳᠬᠡᠭᠰᠡᠨ ᠶᠠᠪᠤᠳᠠᠯ ᠪᠣᠯᠤᠨ᠎ᠠ᠃ ᠳᠠᠷᠠᠭ᠋ᠠᠴᠢ ᠵᠢᠨ ᠠᠯᠬᠤᠮ᠎ᠳᠤ᠂ ᠬᠤᠶᠠᠷ ᠲᠠᠯ᠎ᠠ᠎ᠪᠠᠷ ᠵᠶ᠋ᠠᠨ ᠡᠷᠬᠡ ᠲᠡᠭᠰᠢ᠎ᠪᠠᠷ ᠵᠥᠪᠳᠡᠬᠦ᠂ ᠨᠡᠭᠡᠭᠡᠯᠲᠡ᠎ᠲᠠᠢ ᠪᠠᠭᠲᠠᠭ᠋ᠠᠮᠵᠢᠲᠠᠢ ᠪᠠᠶ᠋ᠢᠬᠤ᠂ ᠳᠠᠪᠠᠭᠤᠯᠢᠭ ᠵᠶ᠋ᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠠᠷᠴᠢᠮ᠎ᠢ ᠪᠠᠷᠢᠮᠲᠠᠯᠠᠵᠤ᠂ ᠳᠤᠮᠳᠠᠳᠤ ᠮᠣᠩᠭᠤᠯ᠎ᠤᠨ ᠨᠥᠬᠦᠷᠰᠡᠭ ᠰᠣᠯᠢᠯᠴᠠᠭ᠋ᠠᠨ᠎ᠤ ᠬᠡᠪ ᠳᠠᠭᠤᠷᠢᠶᠠᠯ᠎ᠢ ᠬᠠᠮᠲᠤ᠎ᠪᠠᠷ ᠴᠣᠭᠴᠠᠯᠠᠵᠤ᠂ ᠳᠤᠮᠳᠠᠳᠤ ᠮᠣᠩᠭᠤᠯ ᠬᠤᠶᠠᠷ ᠤᠯᠤᠰ᠎ᠤᠨ ᠨᠥᠬᠦᠷᠰᠡᠭ ᠬᠠᠷᠢᠯᠴᠠᠭ᠎ᠠ ᠵᠢᠨ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠡ᠃

 

ᠢᠷᠡᠯᠲᠡ᠄ ᠬᠦᠬᠡᠬᠤᠲᠠ ᠵᠢᠨ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            