1 — 10 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ᠎ᠤᠨ ᠪᠠᠶᠠᠨᠨᠠᠭᠤᠷ ᠬᠣᠲᠠ ᠤᠯᠤᠰ᠎ᠤᠨ ᠳᠣᠲᠣᠭ᠋ᠠᠳᠤ ᠵᠢᠨ ᠪᠣᠳᠠᠲᠠᠢ ᠪᠡᠯᠡ ᠮᠥᠩᠭᠥ ᠵᠢ 225.4 ᠳ᠋ᠦᠩᠰᠢᠭᠤᠷ ᠲᠥᠭᠥᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 58.7 %᠎ᠪᠠᠷ ᠨᠡᠮᠡᠭᠳᠡᠵᠦ᠂ ᠥᠪᠥᠷ ᠮᠣᠩᠭᠣᠯ᠎ᠳᠤ ᠪᠡᠯᠡ ᠮᠥᠩᠭᠥ ᠵᠢᠨ ᠣᠨ᠎ᠤ ᠬᠠᠷᠠᠯᠲᠠᠲᠤ ᠡᠭᠦᠷᠭᠡ ᠵᠢ ᠤᠷᠢᠳ ᠵᠶ᠋ᠠᠷ ᠪᠡᠶᠡᠯᠡᠭᠦᠯᠪᠡ᠃
《ᠭᠠᠳᠠᠭᠰᠢ ᠭᠠᠷᠴᠤ》 ᠬᠤᠳᠠᠯᠳᠤᠭ᠋ᠠᠴᠢᠨ ᠤᠷᠢᠵᠤ᠂ 《ᠣᠷᠣᠭᠤᠯᠤᠨ ᠠᠪᠴᠢᠷᠠᠵᠤ》 ᠬᠠᠮᠲᠤ᠎ᠪᠠᠷ ᠠᠰᠢᠭ ᠭᠥᠷᠳᠡᠵᠦ᠂ ᠪᠥᠬᠥ ᠬᠣᠲᠠ ᠵᠢᠨ ᠪᠡᠯᠡ ᠣᠷᠣᠭᠤᠯᠤᠯᠲᠠ᠎ᠪᠠᠷ ᠰᠢᠰᠲ᠋ᠧᠮ᠎ᠤᠨ ᠬᠤᠳᠠᠯᠳᠤᠭ᠋ᠠᠴᠢᠨ ᠤᠷᠢᠬᠤ ᠲᠥᠷᠥᠯ ᠵᠦᠢ᠍ᠯ᠎ᠢ ᠰᠢᠨᠵᠢᠯᠡᠨ ᠪᠠᠢ᠌ᠴᠠᠭ᠋ᠠᠵᠤ ᠳᠠᠪᠲᠠᠨ ᠪᠣᠯᠪᠠᠰᠤᠷᠠᠭᠤᠯᠬᠤ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠤᠢ᠌ᠯ᠎ᠤᠨ ᠣᠨᠣᠪᠴᠢᠲᠠᠶ᠎ᠪᠠᠷ ᠬᠤᠳᠠᠯᠳᠤᠭ᠋ᠠᠴᠢᠨ ᠤᠷᠢᠬᠤ ᠪᠣᠯ ᠪᠠᠶᠠᠨᠨᠠᠭᠤᠷ ᠬᠣᠲᠠ ᠵᠢᠨ ᠬᠤᠳᠠᠯᠳᠤᠭ᠋ᠠᠴᠢᠨ ᠤᠷᠢᠬᠤ ᠠᠵᠢᠯ᠎ᠤᠨ ᠦᠨᠡᠨ ᠪᠣᠳᠠᠲᠠᠢ ᠵᠢᠷᠤᠭᠯᠠᠯ ᠪᠣᠯᠣᠨ᠎ᠠ᠃
ᠣᠢ᠌ᠯᠠᠭ᠋ᠠᠭᠰᠠᠨ ᠵᠶ᠋ᠠᠷ᠂ ᠡᠨᠡ ᠵᠢᠯ᠎ᠠᠴᠠ ᠨᠠᠭ᠋ᠠᠰᠢ᠂ ᠪᠠᠶᠠᠨᠨᠠᠭᠤᠷ ᠬᠣᠲᠠ 《ᠭᠠᠳᠠᠭᠰᠢ ᠭᠠᠷᠬᠤ》 ᠪᠠ 《ᠤᠷᠢᠵᠤ ᠠᠪᠴᠢᠷᠠᠬᠤ》 ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠨᠠᠮ ᠵᠠᠰᠠᠭ᠎ᠤᠨ ᠭᠣᠣᠯ ᠤᠳᠤᠷᠢᠳᠤᠯᠭ᠎ᠠ 14 ᠤᠳᠠᠭ᠎ᠠ ᠪᠦᠯᠬᠦᠮ ᠳᠠᠭ᠋ᠠᠭᠤᠯᠤᠨ ᠭᠠᠳᠠᠭᠰᠢ ᠭᠠᠷᠴᠤ ᠬᠤᠳᠠᠯᠳᠤᠭ᠋ᠠᠴᠢᠨ ᠤᠷᠢᠵᠤ᠂ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ 30 ᠭᠠᠷᠤᠢ ᠨᠠᠷᠠᠲᠤ ᠠᠵᠤ ᠠᠬᠤᠢ᠌ᠯᠠᠯ᠎ᠲᠠᠢ ᠭᠦᠨᠵᠡᠭᠡᠢ ᠵᠣᠯᠭ᠋ᠠᠯᠳᠤᠭᠤᠯᠵᠤ᠂ ᠣᠷᠣᠨ᠎ᠤ ᠭᠠᠳᠠᠨ᠎ᠠ 《ᠵᠢᠵᠢᠭ᠂ ᠨᠠᠷᠢᠯᠢᠭ᠂ ᠲᠤᠰᠬᠠᠢ》 ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠵᠢ 5 ᠲᠠᠯᠠᠪᠤᠷ ᠡᠷᠭᠢᠯᠡᠵᠦ᠂ ᠨᠠᠷᠢᠯᠢᠭ ᠣᠨᠣᠴᠠᠲᠠᠢ᠎ᠪᠠᠷ ᠵᠣᠯᠭ᠋ᠠᠯᠳᠤᠭᠤᠯᠬᠤ ᠪᠠ ᠥᠨᠳᠥᠷ ᠪᠦᠲᠦᠮᠵᠢᠲᠡᠶ ᠦᠢ᠍ᠯᠡᠴᠢᠯᠡᠭᠡ᠎ᠪᠠᠷ ᠪᠡᠯᠡ ᠣᠷᠣᠭᠤᠯᠤᠯᠲᠠ ᠵᠢ ᠲᠠᠲᠠᠪᠠ ; ᠡᠭᠦᠨ᠎ᠤ ᠬᠠᠮᠲᠤ᠂ ᠪᠠᠶᠠᠨᠨᠠᠭᠤᠷ ᠬᠣᠲᠠ ᠬᠣᠲᠠ ᠵᠢᠨ ᠭᠠᠳᠠᠨᠠᠬᠢ ᠬᠤᠳᠠᠯᠳᠤᠭ᠋ᠠᠴᠢᠳ᠎ᠤᠨ ᠡᠪᠯᠡᠯ᠎ᠤᠨ ᠬᠥᠭᠥᠷᠭᠡ ᠬᠣᠯᠪᠣᠭ᠋ᠠᠰᠤ ᠪᠠ ᠤᠬᠠᠭᠤᠯᠬᠤ 《ᠴᠣᠩᠬᠣᠪᠴᠢ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠬᠣᠶᠠᠷ᠎ᠢ ᠤᠷᠢᠵᠤ ᠬᠣᠶᠠᠷ᠎ᠢ ᠲᠠᠲᠠᠬᠤ》 ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠡᠯ᠎ᠡ ᠲᠥᠷᠥᠯ᠎ᠤᠨ ᠠᠵᠢᠯᠯᠠᠭ᠎ᠠ ᠵᠢ ᠠᠰᠢᠭᠯᠠᠨ ᠤᠬᠠᠭᠤᠯᠤᠨ ᠲᠠᠨᠢᠯᠴᠠᠭᠤᠯᠬᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠠᠵᠤ ᠦᠢ᠍ᠯᠡᠰ᠎ᠢ ᠵᠣᠯᠭ᠋ᠠᠭᠤᠯᠬᠤ ᠠᠵᠢᠯᠯᠠᠭ᠎ᠠ ᠥᠷᠨᠢᠭᠦᠯᠵᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠮᠵᠢ ᠪᠠ ᠣᠨᠣᠪᠴᠢ ᠵᠢᠨ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠪᠡ᠃
ᠰᠠᠢ᠌ᠨ ᠰᠠᠢ᠌ᠬᠠᠨ ᠬᠥᠭᠵᠢᠯᠲᠡ ᠵᠢᠨ ᠪᠠᠢ᠌ᠳᠠᠯ᠎ᠢ ᠤᠯᠠᠮ ᠨᠢᠭᠡ ᠠᠯᠬᠤᠮ ᠪᠣᠶ ᠪᠣᠯᠭ᠋ᠠᠬᠤ ᠵᠢᠨ ᠲᠥᠯᠥᠭᠡ᠂ ᠪᠠᠶᠠᠨᠨᠠᠭᠤᠷ ᠬᠣᠲᠠ ᠡᠨᠡ ᠵᠢᠯ ᠪᠠᠰᠠ ᠪᠥᠬᠥ ᠬᠣᠲᠠ ᠵᠢᠨ ᠪᠡᠯᠡ ᠣᠷᠣᠭᠤᠯᠤᠯᠲᠠ ᠵᠢ ᠠᠬᠢᠭᠤᠯᠬᠤ ᠰᠢᠰᠲ᠋ᠧᠮ᠎ᠤᠨ ᠬᠤᠳᠠᠯᠳᠤᠭ᠋ᠠᠴᠢᠨ ᠤᠷᠢᠬᠤ ᠲᠥᠷᠥᠯ ᠵᠦᠢ᠍ᠯ᠎ᠢ ᠰᠢᠨᠵᠢᠯᠡᠨ ᠪᠠᠢ᠌ᠴᠠᠭ᠋ᠠᠵᠤ ᠪᠣᠯᠪᠠᠰᠤᠷᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠲᠥᠪᠯᠡᠷᠡᠭᠦᠯᠦᠨ ᠰᠢᠨᠵᠢᠯᠡᠨ ᠪᠠᠢ᠌ᠴᠠᠭ᠋ᠠᠬᠤ᠎ᠪᠠᠷ ᠳᠠᠮᠵᠢᠭᠤᠯᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠠᠢ᠌ᠴᠠᠭ᠋ᠠᠨ ᠰᠤᠳᠤᠯᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠰᠣᠯᠢᠯᠴᠠᠭ᠎ᠠ ᠲᠣᠯᠢᠯᠠᠯ ᠵᠶ᠋ᠠᠨ ᠨᠡᠮᠡᠭᠳᠡᠭᠦᠯᠬᠦ᠂ ᠬᠠᠮᠵᠢᠯᠴᠠᠨ ᠬᠥᠭᠵᠢᠬᠦ ᠵᠢ ᠴᠢᠩᠭ᠋ᠠᠳᠬᠠᠬᠤ᠎ᠳᠤ ᠰᠠᠢ᠌ᠨ ᠰᠠᠢ᠌ᠬᠠᠨ ᠲᠠᠪᠴᠠᠩ ᠪᠠᠢ᠌ᠭᠤᠯᠵᠤ ᠥᠭᠪᠡ᠃
ᠠᠵᠤ ᠦᠢ᠍ᠯᠡᠰ᠎ᠤᠨ ᠬᠡᠯᠬᠢᠶ᠎ᠡ ᠵᠢᠨ ᠲᠤᠢ᠌ᠯ᠎ᠤᠨ ᠣᠨᠣᠪᠴᠢᠲᠠᠶ᠎ᠪᠠᠷ ᠬᠤᠳᠠᠯᠳᠤᠭ᠋ᠠᠴᠢᠨ ᠤᠷᠢᠬᠤ ᠲᠠᠯ᠎ᠠ᠎ᠪᠠᠷ᠂ ᠪᠠᠶᠠᠨᠨᠠᠭᠤᠷ ᠬᠣᠲᠠ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠢ ᠭᠦᠨᠵᠡᠭᠡᠢ ᠰᠤᠳᠤᠯᠵᠤ᠂ 18 ᠺᠠᠳ᠋ᠷ ᠲᠣᠰ ᠲᠣᠰ ᠨᠢᠭᠡ ᠠᠵᠤ ᠦᠢ᠍ᠯᠡᠰ᠎ᠤᠨ ᠬᠡᠯᠬᠢᠶ᠎ᠡ ᠵᠢ ᠳᠠᠭ᠋ᠠᠭ᠋ᠠᠴᠢᠯᠠᠨ ᠬᠠᠷᠢᠯᠴᠠᠵᠤ᠂ ᠠᠵᠤ ᠦᠢ᠍ᠯᠡᠰ᠎ᠤᠨ ᠬᠥᠭᠵᠢᠯᠲᠡ ᠵᠢ ᠰᠤᠳᠤᠯᠬᠤ᠂ ᠬᠤᠳᠠᠯᠳᠤᠭ᠋ᠠᠴᠢᠨ ᠤᠷᠢᠬᠤ ᠮᠡᠳᠡᠭᠡ ᠵᠠᠩᠭᠢ ᠵᠢ ᠴᠤᠭᠯᠠᠭᠤᠯᠬᠤ᠂ ᠭᠠᠳᠠᠭ᠋ᠠᠳᠤ᠎ᠲᠠᠢ ᠲᠤᠢ᠌ᠯ᠎ᠤᠨ ᠣᠨᠣᠪᠴᠢᠲᠠᠶ᠎ᠪᠠᠷ ᠬᠠᠷᠢᠯᠴᠠᠬᠤ᠂ ᠳᠣᠲᠣᠭ᠋ᠠᠳᠤ᠎ᠳᠠᠭᠠᠨ ᠬᠠᠮᠵᠢᠯᠴᠠᠨ ᠨᠡᠪᠲᠡᠷᠡᠯᠴᠡᠬᠦ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠲᠥᠷᠥᠯ ᠵᠦᠢ᠍ᠯ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠢ ᠪᠣᠳᠠᠲᠠᠢ ᠬᠠᠷᠢᠭᠤᠴᠠᠨ᠎ᠠ ᠭᠡᠵᠦ ᠲᠣᠳᠣᠷᠬᠠᠢ᠌ᠯᠠᠪᠠ᠃
ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠬᠠᠷᠠᠯᠲᠠᠲᠤ ᠠᠵᠤ ᠠᠬᠤᠢ᠌ᠯᠠᠯ᠎ᠳᠤ ᠴᠢᠭᠯᠡᠭᠦᠯᠦᠨ᠂ ᠪᠠᠶᠠᠨᠨᠠᠭᠤᠷ 《ᠡᠮ᠎ᠤᠨ ᠲᠦᠪ》 ᠾᠧᠪᠧᠢ ᠮᠤᠵᠢ ᠵᠢᠨ ᠠᠨ ᠭᠦᠸᠧ ᠬᠤᠲᠠ᠎ᠳᠤ ᠬᠦᠷᠪᠡ᠂ 《ᠠᠯᠠᠰᠢᠨ ᠬᠣᠨᠢ ᠲᠡᠵᠢᠭᠡᠨ ᠦᠷᠡᠵᠢᠭᠦᠯᠬᠦ ᠲᠣᠮᠣ ᠰᠢᠶᠠᠨ》 ᠾᠧᠪᠧᠢ ᠮᠤᠵᠢ ᠵᠢᠨ ᠲᠠᠩ ᠰᠢᠶᠠᠨ᠂ 《ᠰᠢᠨ᠎ᠡ ᠡᠨᠧᠷᠭᠢ ᠵᠢᠨ ᠲᠦᠪ》 ᠵᠢᠶᠠᠩᠰᠤ ᠮᠤᠵᠢ ᠵᠢᠨ ᠴᠠᠩᠵᠸᠦ ᠬᠣᠲᠠ᠂ 《ᠢᠮᠠᠭ᠋ᠠᠨ ᠨᠣᠯᠤᠥᠷ᠎ᠤᠨ ᠲᠥᠪ》 ᠾᠧᠪᠧᠢ ᠮᠤᠵᠢ ᠵᠢᠨ ᠴᠢᠩ ᠾᠧ ᠰᠢᠶᠠᠨ᠂ 《ᠤᠶᠤᠨᠴᠢ ᠦᠢ᠍ᠯᠡᠳᠬᠦ ᠬᠤᠳᠠ》 ᠵᠧᠵᠢᠶᠠᠩ ᠮᠤᠵᠢ ᠵᠢᠨ ᠨᠢᠩᠪᠦ᠋ᠸᠧ ᠬᠤᠳᠠ᠂ ᠱᠠᠩᠬᠠᠢ ᠵᠢᠨ ᠳ᠋ᠦᠩ ᠹᠠᠩ ᠮᠧᠶ ᠬᠥ᠋ ᠵᠡᠷᠭᠡ ᠤᠯᠤᠰ᠎ᠤᠨ ᠳᠣᠲᠣᠭ᠋ᠠᠳᠤ ᠵᠢᠨ ᠨᠡᠷᠡᠲᠦ ᠠᠵᠤ ᠦᠢ᠍ᠯᠡᠰ᠎ᠤᠨ ᠲᠥᠪᠯᠡᠷᠡᠯ᠎ᠤᠨ ᠣᠷᠣᠨ᠎ᠢ ᠰᠢᠨᠵᠢᠯᠡᠨ ᠪᠠᠢ᠌ᠴᠠᠭ᠋ᠠᠵᠤ ᠬᠠᠷᠢᠯᠴᠠᠪᠠ᠂ ᠥᠪᠥᠷ ᠮᠣᠩᠭᠣᠯ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠳᠤᠲᠠᠭᠳᠠᠵᠤ ᠪᠠᠢ᠌ᠭ᠎ᠠ ᠣᠷᠣᠨ ᠪᠦᠰᠡ ᠵᠢᠨ ᠲᠣᠭᠣᠷᠢᠨ᠎ᠳᠤ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ᠂ ᠳᠥᠷᠪᠡᠨ ᠲᠥᠷᠥᠯ᠎ᠤᠨ 500 ᠬᠦᠴᠦᠷᠬᠡᠭ ᠵᠡᠷᠭᠡ ᠭᠣᠣᠯᠳᠠᠯᠭ᠎ᠠ᠎ᠲᠠᠢ ᠲᠦᠷᠦᠭᠦᠦ ᠬᠡᠰᠡᠭ᠎ᠤᠨ ᠠᠵᠤ ᠠᠬᠤᠢ᠌ᠯᠠᠯ ᠵᠣᠯᠭ᠋ᠠᠭᠤᠯᠤᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠂ ᠵᠧᠵᠢᠶᠠᠩ᠎ᠤᠨ ᠵᠥᠩ ᠬᠤᠸᠠᠨ ᠰᠠᠢ ᠲᠧ ᠭᠡᠷᠡᠯᠴᠢ ᠴᠡᠨᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠳᠤ ᠬᠥᠷᠪᠡ᠂ ᠪᠦᠦ ᠳ᠋ᠢᠩ ᠬᠣᠲᠠ ᠵᠢᠨ ᠢ ᠲᠦᠩ ᠭᠡᠷᠡᠯᠴᠢ ᠴᠡᠨᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠲᠢᠶᠠᠨ ᠾᠧ ᠭᠡᠷᠡᠯ᠎ᠤᠨ ᠡᠨᠧᠷᠭᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠵᠧᠵᠢᠶᠠᠩ᠎ᠤᠨ ᠬᠠᠢ ᠯᠢᠶᠠᠩ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ 60 ᠭᠠᠷᠤᠢ ᠠᠵᠤ ᠦᠢ᠍ᠯᠡᠰ᠎ᠤᠨ ᠬᠡᠯᠬᠢᠶ᠎ᠡ ᠵᠢᠨ ᠭᠣᠣᠯᠳᠠᠯᠭ᠎ᠠ᠎ᠲᠠᠢ ᠬᠠᠷᠠᠯᠲᠠᠲᠦ ᠠᠵᠤ ᠠᠬᠤᠢ᠌ᠯᠠᠯ᠎ᠢ ᠰᠢᠨᠵᠢᠯᠡᠨ ᠪᠠᠢ᠌ᠴᠠᠭ᠋ᠠᠪᠠ᠃