ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠠᠶᠠᠨᠨᠠᠭᠤᠷ 《ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ + ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ》᠎ᠤᠨ ᠬᠠᠮᠲᠤᠷᠠᠯᠴᠠᠭ᠋ᠠᠨ᠎ᠤ ᠵᠠᠭᠪᠤᠷ᠎ᠢ ᠬᠠᠶ᠋ᠢᠨ ᠰᠦᠪᠡᠭᠴᠢᠯᠡᠪᠡ
ᠨᠡᠶ᠋ᠢᠲᠡᠯᠡᠭᠰᠡᠨ ᠴᠠᠭ᠄ 2024-11-05

   ᠰᠤᠷᠪᠤᠯᠵᠢᠯᠠᠭᠴᠢ ᠥᠪᠥᠷ ᠮᠣᠩᠭᠣᠯ᠎ᠤᠨ ᠪᠠᠶᠠᠨᠨᠠᠭᠤᠷ ᠠᠵᠤ ᠦᠢ᠍ᠯᠡᠳᠪᠦᠷᠢ ᠵᠢᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠠᠴᠠ ᠣᠢ᠌ᠯᠠᠭ᠋ᠠᠭᠰᠠᠨ ᠵᠶ᠋ᠠᠷ᠂ ᠡᠨᠡ ᠵᠢᠯ᠂ ᠪᠠᠶᠠᠨᠨᠠᠭᠤᠷ ᠬᠣᠲᠠ 《ᠣᠷᠣᠨ ᠨᠤᠲᠤᠭ᠎ᠤᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ》᠎ᠤᠨ ᠬᠠᠮᠲᠤᠷᠠᠯᠴᠠᠭ᠋ᠠᠨ᠎ᠤ ᠵᠠᠭᠪᠤᠷ᠎ᠢ ᠢᠳᠡᠪᠬᠢᠲᠡᠢ ᠬᠠᠢ᠌ᠨ ᠰᠦᠪᠡᠭᠴᠢᠯᠡᠵᠦ᠂ ᠬᠥᠷᠥᠩᠭᠡ᠎ᠪᠠᠷ ᠬᠤᠳᠠᠯᠳᠤᠭ᠋ᠠᠴᠢᠨ ᠤᠷᠢᠵᠤ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ ᠬᠦᠷᠢᠶᠡᠨ᠎ᠳᠠᠬᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠬᠦᠴᠢᠷᠳᠡᠯ᠎ᠢ ᠲᠠᠢ᠌ᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠬᠤᠪᠢᠷᠠᠭᠤᠯᠵᠤ᠂ ᠦᠢ᠍ᠯᠡᠴᠢᠯᠡᠭᠡ ᠵᠢ ᠦᠷ᠎ᠡ ᠠᠰᠢᠭ ᠪᠣᠯᠭ᠋ᠠᠨ ᠬᠤᠪᠢᠷᠠᠭᠤᠯᠵᠤ᠂ ᠲᠤᠰ ᠬᠣᠲᠠ ᠵᠢᠨ ᠭᠡᠷᠡᠯ ᠸᠣᠯᠲ ᠦᠢ᠍ᠯᠡᠳᠬᠦ ᠠᠵᠤ ᠦᠢ᠍ᠯᠡᠰ᠎ᠤᠨ ᠬᠥᠭᠵᠢᠯᠲᠡ ᠵᠢᠨ ᠬᠣᠭᠣᠰᠣᠨ᠎ᠢ ᠨᠥᠬᠥᠪᠥᠷᠢᠯᠡᠪᠡ᠃

   ᠪᠠᠶᠠᠨᠨᠠᠭᠤᠷ ᠬᠤᠲᠠ ᠵᠢᠨ ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ᠎ᠲᠤ᠂ ᠥᠪᠥᠷ ᠮᠣᠩᠭᠤᠯ᠎ᠤᠨ ᠵᠢᠩ ᠤᠣ ᠵᠢᠨ ᠰᠢᠨ᠎ᠡ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠠᠵᠢᠯᠲᠠᠨ ᠶᠠᠭ ᠲᠣᠨᠤᠭ ᠲᠥᠬᠦᠭᠡᠷᠦᠮᠵᠢ ᠵᠢ ᠲᠤᠷᠰᠢᠨ ᠬᠡᠷᠡᠭᠯᠡᠵᠦ᠂ ᠲᠣᠨᠤᠭ ᠲᠥᠬᠦᠭᠡᠷᠦᠮᠵᠢ ᠵᠢᠨ ᠦᠢ᠍ᠯᠡᠳᠪᠦᠷᠢ ᠵᠢᠨ ᠲᠠᠰᠤᠭ᠂ ᠣᠶᠤᠨᠴᠢ ᠪᠣᠰᠤᠭ᠎ᠠ ᠴᠣᠭᠴᠠᠲᠤ   ᠬᠥᠮᠥᠷᠭᠡ᠂ ᠲᠤᠰᠠᠯᠠᠬᠤ ᠬᠡᠷ ᠵᠡᠷᠭᠡ ᠲᠥᠬᠦᠭᠡᠷᠦᠮᠵᠢ ᠪᠦᠷᠢᠨ ᠭᠦᠢ᠍ᠴᠡᠳ ᠪᠠᠶ᠋ᠢᠨ᠎ᠠ᠃ ᠣᠶ᠋ᠢᠯᠠᠭ᠋ᠠᠭᠰᠠᠨ ᠵᠶ᠋ᠠᠷ᠂ ᠲᠣᠰ ᠺᠣᠮᠫᠠᠨᠢ ᠪᠣᠯ ᠣᠷᠣᠨ ᠨᠤᠲᠤᠭ᠎ᠤᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠬᠢᠭᠡᠳ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠠᠯᠠ ᠨᠡᠶ᠋ᠢᠯᠡᠭᠦᠯᠦᠨ ᠪᠠᠶ᠋ᠢᠭᠤᠯᠵᠤ᠂ ᠭᠤᠤᠯᠳᠠᠭᠤ ᠳᠡᠭᠡᠳᠦ ᠴᠢᠳᠠᠪᠬᠢᠲᠤ ᠬᠡᠷᠡᠯ ᠴᠡᠨᠡᠭ᠎ᠤᠨ ᠦᠢ᠍ᠯᠡᠳᠬᠦᠨ᠎ᠢ ᠦᠢ᠍ᠯᠡᠳᠪᠦᠷᠢᠯᠡᠵᠦ᠂ ᠠᠵᠤ ᠦᠢ᠍ᠯᠡᠰ᠎ᠤᠨ ᠬᠡᠯᠬᠢᠶ᠎ᠡ᠎ᠨᠢ ᠴᠠᠬᠢᠭᠤᠷ᠎ᠤᠨ ᠢᠯᠲᠠᠰᠤ᠂ ᠳ᠋ᠢᠶᠠᠨ ᡂᠢ᠂ ᠲᠣᠨᠤᠭ ᠲᠥᠬᠦᠭᠡᠷᠦᠮᠵᠢ ᠵᠢᠴᠢ ᠬᠡᠷᠡᠯ ᠴᠡᠨᠡᠭ᠎ᠤᠨ ᠴᠠᠬᠢᠯᠭ᠋ᠠᠨ ᠥᠷᠲᠡᠭᠡ ᠵᠢ ᠬᠠᠮᠤᠷᠪᠠ᠃

   ᠡᠨᠡ ᠵᠢᠯ᠎ᠤᠨ 4 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠨᠠᠭᠤᠷ᠎ᠤᠨ ᠡᠨᠧᠷᠭᠢ ᠵᠢᠨ ᠨᠡᠭᠡᠭᠡᠯᠲᠡ ᠵᠢᠨ ᠬᠢᠵᠠᠭ᠋ᠠᠷᠲᠤ ᠺᠣᠮᠫᠠᠨᠢ (ᠪᠠᠶᠠᠨᠨᠠᠭᠤᠷ ᠬᠤᠲᠠ᠎ᠳᠤ ᠬᠠᠷᠢᠶᠠᠯᠠᠭᠳᠠᠬᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ)᠂ ᠵᠢᠩ ᠤᠣ ᠨᠡᠷᠡᠨ᠎ᠤ ᠡᠨᠧᠷᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ (ᠠᠷᠠᠳ᠎ᠠᠴᠠ ᠡᠵᠡᠩᠨᠡᠭᠰᠡᠨ ᠵᠠᠬ᠎ᠠ ᠳᠡᠯᠭᠡᠭᠦᠷ᠎ᠲᠤ ᠭᠠᠷᠤᠭᠰᠠᠨ ᠠᠵᠤ ᠠᠬᠤᠶ᠋ᠢᠯᠠᠯ᠎ᠤᠨ ᠪᠥᠬᠦ ᠬᠥᠷᠥᠩᠭᠡ ᠵᠢᠨ ᠬᠤᠪᠢᠶᠠᠷᠢ ᠺᠣᠮᠫᠠᠨᠢ) ᠬᠠᠮᠲᠤᠪᠠᠷ 2.8 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ ᠥᠪᠥᠷ ᠮᠣᠩᠭᠤᠯ᠎ᠤᠨ ᠵᠢᠩ ᠤᠣ ᠰᠢᠨ᠎ᠡ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢ ᠪᠠᠶ᠋ᠢᠭᠤᠯᠵᠤ᠂ ᠨᠡᠷᠡᠨ᠎ᠤ ᠡᠨᠧᠷᠭᠢ ᠵᠢᠨ ᠭᠡᠷᠡᠯ ᠴᠡᠨᠡᠭ᠎ᠤᠨ ᠬᠠᠪᠲᠠᠰᠤ ᠵᠢᠴᠢ ᠲᠣᠨᠤᠭ ᠲᠥᠬᠦᠭᠡᠷᠦᠮᠵᠢ ᠵᠢᠨ ᠦᠢ᠍ᠯᠡᠳᠪᠦᠷᠢᠯᠡᠯ᠎ᠤᠨ ᠲᠠᠰᠤᠭ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠵᠢ ᠪᠦᠲᠦᠭᠡᠨ ᠪᠠᠶ᠋ᠢᠭᠤᠯᠵᠤ᠂ 5GW ᠵᠢᠨ ᠥᠨᠳᠥᠷ ᠪᠦᠲᠦᠮᠵᠢᠲᠡᠶ ᠬᠡᠷᠡᠯ ᠴᠡᠨᠡᠭ᠎ᠤᠨ ᠲᠣᠨᠣᠭᠯᠠᠯ᠎ᠤᠨ ᠲᠥᠷᠥᠯ ᠵᠦᠢ᠍ᠯ᠎ᠢ ᠪᠠᠶ᠋ᠢᠭᠤᠯᠤᠨ᠎ᠠ᠃  ᠡᠭᠦᠨ᠎ᠳᠤ᠂ ᠨᠠᠭᠤᠷ ᠭᠠᠵᠠᠷ ᠰᠢᠷᠣᠶ ᠪᠠ ᠦᠢ᠍ᠯᠡᠳᠪᠦᠷᠢ ᠵᠢᠨ ᠬᠡᠷ ᠪᠠᠶ᠋ᠢᠰᠢᠩ ᠵᠡᠷᠭᠡ ᠬᠦᠴᠦᠨ ᠵᠦᠢ᠍ᠯ᠎ᠤᠨ ᠡᠬᠢ ᠪᠠᠶᠠᠯᠢᠭ ᠵᠶ᠋ᠠᠷ ᠬᠤᠪᠢ ᠣᠷᠣᠵᠤ᠂ ᠵᠢᠩ ᠤᠣ ᠨᠠᠷᠠᠲᠤ ᠲᠡᠮᠳᠡᠭᠲᠦ᠂ ᠮᠡᠷᠭᠡᠵᠢᠯ᠂ ᠪᠦᠯᠬᠦᠮ ᠨᠡᠶ᠋ᠢᠲᠡ᠂ ᠲᠥᠬᠦᠭᠡᠷᠦᠮᠵᠢ ᠵᠡᠷᠭᠡ ᠳᠠᠪᠠᠭᠤᠯᠢᠭ ᠵᠶ᠋ᠠᠷ ᠵᠶ᠋ᠠᠨ ᠬᠤᠪᠢ ᠣᠷᠣᠵᠤ᠂ ᠵᠢᠩ ᠤᠣ ᠵᠢᠨ ᠬᠤᠪᠢ ᠣᠷᠣᠭᠤᠯᠤᠯᠲᠠ 51%᠂ ᠨᠠᠭᠤᠷ᠎ᠤᠨ ᠬᠤᠪᠢ ᠣᠷᠣᠭᠤᠯᠤᠯᠲᠠ 49% ᠪᠠᠶ᠋ᠢᠵᠤ᠂ ᠲᠣᠰ ᠭᠠᠵᠠᠷ ᠣᠷᠣᠨ᠎ᠤ ᠬᠡᠷᠡᠯ ᠴᠡᠨᠡᠭ᠎ᠤᠨ ᠲᠣᠨᠣᠭᠯᠠᠯ᠎ᠤᠨ 《ᠵᠢᠩ ᠤᠣ》 ᠨᠠᠷᠠᠲᠤ ᠲᠡᠮᠳᠡᠭᠲᠦ ᠵᠢ ᠬᠦᠴᠦ᠎ᠪᠠᠨ ᠬᠠᠮᠲᠤᠳᠬᠠᠨ ᠡᠭᠦᠳᠴᠦ᠂ ᠬᠠᠮᠢᠶ᠎ᠠ ᠪᠥᠬᠦᠶ ᠳᠡᠭᠡᠳᠦ ᠳᠣᠤᠷᠠᠳᠤ ᠤᠷᠤᠰᠬᠠᠯ᠎ᠤᠨ ᠠᠵᠤ ᠦᠢ᠍ᠯᠡᠰ ᠪᠠ ᠬᠡᠷᠡᠯ ᠴᠡᠨᠡᠭ᠎ᠤᠨ ᠲᠤᠰᠠᠯᠠᠬᠤ ᠮᠠᠲ᠋ᠧᠷᠢᠶᠠᠯ᠎ᠤᠨ ᠬᠡᠰᠡᠭ ᠪᠠᠶᠠᠨᠨᠠᠭᠤᠷ ᠬᠤᠲᠠ᠎ᠳᠤ ᠣᠷᠣᠵᠤ ᠢᠷᠡᠬᠦ ᠵᠢ ᠳᠠᠶ᠋ᠢᠴᠢᠯᠠᠨ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠎ᠤᠨ ᠳᠡᠭᠡᠳᠦ ᠲᠠᠰ᠎ᠤᠨ ᠲᠣᠨᠤᠭ ᠲᠥᠬᠦᠭᠡᠷᠦᠮᠵᠢ ᠵᠢᠨ ᠦᠢ᠍ᠯᠡᠳᠬᠦ ᠠᠵᠤ ᠦᠢ᠍ᠯᠡᠰ᠎ᠤᠨ ᠪᠦᠯᠦᠭᠵᠢᠯ᠎ᠢ ᠪᠣᠶ ᠪᠣᠯᠭ᠋ᠠᠬᠤ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃

  《ᠲᠥᠷᠥᠯ ᠵᠦᠢ᠍ᠯ᠎ᠨᠢ 380 ᠮᠥ᠍ ᠭᠠᠵᠠᠷ ᠡᠵᠡᠯᠡᠵᠦ᠂ ᠨᠡᠶ᠋ᠢᠲᠡ 14 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠂ ᠭᠤᠤᠯᠳᠠᠭᠤ ᠵᠢᠯ᠎ᠳᠤ 5GW ᠵᠢᠨ ᠥᠨᠳᠥᠷ ᠪᠦᠲᠦᠮᠵᠢᠲᠡᠶ ᠬᠡᠷᠡᠯ ᠴᠡᠨᠡᠭ᠎ᠤᠨ ᠲᠣᠨᠤᠭ ᠲᠥᠬᠦᠭᠡᠷᠦᠮᠵᠢ ᠵᠢᠨ ᠦᠢ᠍ᠯᠡᠳᠪᠦᠷᠢᠯᠡᠯ᠎ᠤᠨ ᠲᠠᠰᠤᠭ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠵᠢ ᠪᠥᠲᠥᠭᠡᠨ ᠪᠠᠶ᠋ᠢᠭᠤᠯᠵᠤ᠂ ᠪᠦᠬᠦᠨ᠎ᠢ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ᠂ ᠵᠢᠱ᠌ᠢᠯᠲᠡ᠎ᠪᠠᠷ 40 ᠳ᠋ᠦᠩᠰᠢᠭᠤᠷ ᠲᠥᠭᠦᠷᠢᠭ᠎ᠤᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠵᠦ᠂ 700 ᠠᠵᠢᠯ᠎ᠤᠨ ᠪᠠᠶ᠋ᠢᠷᠢ ᠬᠠᠩᠭ᠋ᠠᠬᠤ ᠪᠣᠯᠤᠨ᠎ᠠ》 ᠭᠡᠵᠡᠶ᠃ ᠥᠪᠥᠷ ᠮᠣᠩᠭᠤᠯ᠎ᠤᠨ ᠵᠢᠩ ᠤᠣ ᠰᠢᠨ᠎ᠡ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠵᠠᠰᠠᠭ ᠵᠠᠬᠢᠷᠭ᠋ᠠᠨ᠎ᠤ ᠭᠤᠣᠯ ᠬᠠᠮᠢᠶᠠᠷᠤᠭᠴᠢ ᠴᠧᠨ ᠵᠧ ᠲᠠᠨᠢᠯᠴᠠᠭᠤᠯᠪᠠ᠃

   ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠶᠠᠪᠤᠴᠠ᠎ᠳᠤ᠂ ᠪᠠᠶᠠᠨᠨᠠᠭᠤᠷ ᠬᠤᠲᠠ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠲᠤᠰᠬᠠᠶ ᠠᠵᠢᠯ᠎ᠤᠨ ᠳᠤᠭᠤᠶ᠋ᠢᠯᠠᠩ ᠪᠠᠶ᠋ᠢᠭᠤᠯᠵᠤ᠂ ᠲᠥᠷᠥᠯ ᠵᠦᠢ᠍ᠯ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠭᠠᠷᠳᠠᠮ ᠭᠦᠢ᠍ᠴᠡᠳᠬᠡᠬᠦ᠂ ᠬᠦᠴᠦᠨ ᠵᠦᠢ᠍ᠯ᠎ᠤᠨ ᠪᠠᠲᠤᠯᠠᠭ᠎ᠠ ᠵᠡᠷᠭᠡ ᠠᠵᠢᠯ᠎ᠢ ᠥᠷᠨᠢᠭᠦᠯᠪᠡ; 《ᠲᠦᠷᠭᠡᠯᠡᠵᠦ ᠴᠢᠳᠠᠪᠠᠰᠤ ᠲᠦᠷᠭᠡᠯᠡᠮᠦᠢ》 ᠪᠠᠶ᠋ᠢᠬᠤ ᠵᠠᠷᠴᠢᠮ᠎ᠢ ᠪᠠᠷᠢᠮᠲᠠᠯᠠᠵᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 7 ᠳ᠋ᠤᠭ᠋ᠠᠷ ᠰᠠᠷ᠎ᠠ᠎ᠳᠤ ᠠᠵᠢᠯ ᠡᠬᠢᠯᠡᠭᠦᠯᠦᠭᠰᠡᠨ᠎ᠠᠴᠠ 10 ᠳ᠋ᠤᠭ᠋ᠠᠷ ᠰᠠᠷ᠎ᠠ ᠵᠢᠨ ᠲᠤᠨᠤᠭ ᠲᠥᠬᠦᠭᠡᠷᠦᠮᠵᠢ ᠠᠩᠬ᠎ᠠ ᠤᠳᠠᠭ᠎ᠠ ᠰᠦᠯᠵᠢᠶᠡᠨ ᠳᠡᠭᠡᠷ᠎ᠡ 97 ᠡᠳᠦᠷ ᠪᠠᠶ᠋ᠢᠵᠤ᠂ 《ᠲᠤᠬᠠᠶ ᠵᠢᠨ ᠵᠢᠯ᠎ᠳᠤ ᠭᠡᠷ᠎ᠡ ᠲᠤᠭᠲᠠᠵᠤ᠂ ᠲᠤᠬᠠᠶ ᠵᠢᠨ ᠵᠢᠯ᠎ᠳᠤ ᠠᠵᠢᠯ ᠡᠬᠢᠯᠡᠭᠦᠯᠬᠦ᠂ ᠲᠤᠬᠠᠶ ᠵᠢᠨ ᠵᠢᠯ᠎ᠳᠤ ᠠᠰᠢᠭᠯᠠᠯᠲᠠ᠎ᠳᠤ ᠣᠷᠣᠭᠤᠯᠬᠤ》 ᠵᠢ ᠪᠡᠶᠡᠯᠡᠭᠦᠯᠪᠡ᠃

  《ᠡᠨᠳᠡ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠤᠨ ᠡᠬᠢ ᠪᠠᠶᠠᠯᠢᠭ᠎ᠲᠠᠢ᠂ ᠵᠠᠬ᠎ᠠ ᠳᠡᠯᠭᠡᠭᠦᠷ᠎ᠤᠨ ᠪᠠᠭᠲᠠᠭ᠋ᠠᠮᠵᠢ ᠶᠡᠭᠡ᠂ ᠬᠥᠭᠵᠢᠯᠲᠡ ᠵᠢᠨ ᠢᠷᠡᠭᠡᠳᠦᠢ ᠥᠷᠭᠡᠨ ᠠᠭᠤᠳᠠᠮ ᠪᠠᠶ᠋ᠢᠨ᠎ᠠ᠃ ᠬᠤᠲᠠ ᠵᠢᠴᠢ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠲᠤ ᠦᠢ᠍ᠯᠡᠴᠢᠯᠡᠭᠡᠨ᠎ᠤ ᠲᠤᠰᠬᠠᠶ ᠠᠩᠭᠢ ᠪᠠᠶ᠋ᠢᠭᠤᠯᠵᠤ᠂ ᠨᠠᠶ᠋ᠢᠳᠠᠪᠤᠷᠢᠵᠢᠭᠤᠯᠬᠤ᠂  ᠭᠠᠵᠠᠷ ᠰᠣᠩᠭᠤᠬᠤ᠂ ᠭᠠᠵᠠᠷ ᠰᠢᠷᠣᠶ᠂ ᠭᠠᠷᠳᠠᠮ ᠭᠦᠢ᠍ᠴᠡᠳᠬᠡᠬᠦ ᠵᠡᠷᠭᠡ ᠣᠯᠠᠨ ᠲᠠᠯ᠎ᠠ᠎ᠠᠴᠠ 〈ᠨᠢᠭᠡᠳ ᠨᠢᠭᠡ᠎ᠪᠠᠷ〉 ᠠᠷᠠᠴᠢᠯᠠᠬᠤ ᠮᠠᠶᠢᠭ᠎ᠤᠨ ᠦᠢ᠍ᠯᠡᠴᠢᠯᠡᠭᠡ ᠬᠠᠩᠭ᠋ᠠᠵᠤ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠶᠡᠭᠡ᠎ᠪᠠᠷ ᠬᠥᠩᠭᠡᠷᠡᠭᠦᠯᠪᠡ》 ᠭᠡᠵᠦ ᠴᠧᠨ ᠵᠧ ᠢᠯᠡᠳᠭᠡᠪᠡ᠃

   ᠣᠶ᠋ᠢᠯᠠᠭ᠋ᠠᠭᠰᠠᠨ ᠵᠶ᠋ᠠᠷ᠂ ᠡᠨᠡ ᠵᠢᠯ᠎ᠤᠨ 1— 8 ᠳ᠋ᠤᠭ᠋ᠠᠷ ᠰᠠᠷ᠎ᠠ᠎ᠳᠤ᠂ ᠪᠠᠶᠠᠨᠨᠠᠭᠤᠷ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠲᠤ ᠨᠡᠶ᠋ᠢᠲᠡ 29 ᠲᠥᠷᠥᠯ ᠵᠦᠢ᠍ᠯ᠎ᠢ  ᠰᠢᠨ᠎ᠡ᠎ᠪᠠᠷ ᠪᠠᠶ᠋ᠢᠭᠤᠯᠬᠤ᠂ ᠦᠷᠭᠦᠯᠵᠢᠯᠡᠨ ᠪᠠᠶ᠋ᠢᠭᠤᠯᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ᠎ᠨᠢ 51.2 ᠳ᠋ᠦᠩᠰᠢᠭᠤᠷ ᠲᠥᠭᠦᠷᠢᠭ᠎ᠲᠤ ᠬᠦᠷᠴᠦ᠂ ᠵᠢᠯ᠎ᠤᠨ ᠳᠣᠲᠣᠷ᠎ᠠ 28.6 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ ᠪᠣᠶ᠃ ᠲᠥᠷᠥᠯ ᠵᠦᠢ᠍ᠯ᠎ᠢ ᠳᠠᠭ᠋ᠠᠭ᠋ᠠᠴᠢᠯᠠᠨ ᠬᠤᠯᠪᠣᠭ᠋ᠠᠯᠠᠬᠤ᠂ ᠲᠤᠰᠬᠠᠶ ᠠᠩᠭᠢ᠎ᠪᠠᠷ ᠠᠬᠢᠭᠤᠯᠬᠤ᠂ ᠠᠯᠲᠠᠨ ᠮᠧᠳᠠᠯ᠎ᠤᠨ 《ᠳᠡᠯᠭᠡᠭᠦᠷ᠎ᠤᠨ ᠵᠠᠷᠤᠴᠠ》 ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ 《ᠬᠤᠷᠳᠤᠴᠠ᠎ᠪᠠᠨ ᠲᠦᠷᠭᠡᠳᠬᠡᠬᠦ ᠳᠠᠷᠤᠪᠴᠢ》 ᠵᠢ ᠳᠠᠷᠤᠪᠠ᠃  (ᠰᠤᠷᠪᠤᠯᠵᠢᠯᠠᠭᠴᠢ ᠰᠢᠤᠸᠠᠢ ᠯᠠᠢ   ᠪᠦᠸᠸ ᠵᠢᠨ ᠹᠧᠩ)

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            