ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠤᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠳᠣᠣᠷ᠎ᠠ ᠠᠭ᠋ᠠᠷ᠎ᠤᠨ ᠠᠵᠤ ᠠᠬᠤᠢ᠎ᠨᠢ 《ᠡᠬᠢᠯᠡᠨ ᠨᠢᠰᠬᠦ》᠎ᠠᠴᠠ 《ᠭᠠᠵᠠᠷ᠎ᠲᠤ ᠪᠠᠭᠤᠬᠤ》 ᠵᠢ ᠬᠡᠷᠬᠢᠨ ᠪᠡᠶᠡᠯᠡᠭᠦᠯᠬᠦ ᠪᠣᠢ?
ᠨᠡᠶ᠋ᠢᠲᠡᠯᠡᠭᠰᠡᠨ ᠴᠠᠭ᠄ 2024-12-03

   ᠡᠨᠡ ᠵᠢᠯ᠎ᠠᠴᠠ ᠨᠠᠭ᠋ᠠᠰᠢ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠬᠠᠯᠠᠮᠰᠢᠯ ᠦᠷᠭᠦᠯᠵᠢᠯᠡᠨ ᠳᠡᠭᠡᠭᠰᠢᠯᠡᠵᠦ ᠪᠠᠢ᠌ᠨ᠎ᠠ᠃ ᠡᠯ᠎ᠡ ᠭᠠᠵᠠᠷ᠎ᠤᠨ᠎ᠬᠢᠨ 《ᠳᠤᠤᠷ᠎ᠠ ᠠᠭ᠋ᠠᠷ᠎ᠤᠨ ᠬᠣᠲᠠ》 ᠵᠢ ᠪᠠᠶ᠋ᠢᠭᠤᠯᠬᠤ᠎ᠪᠠᠷ ᠴᠢᠷᠮᠠᠢ᠌ᠵᠤ᠂ ᠡᠯ᠎ᠡ ᠵᠠᠮ᠎ᠤᠨ ᠬᠥᠷᠥᠩᠭᠡ ᠬᠤᠷᠠᠮᠳᠤᠨ ᠣᠷᠣᠵᠤ ᠢᠷᠡᠭᠡᠳ᠂ ᠳᠤᠤᠷ᠎ᠠ ᠠᠭ᠋ᠠᠷ᠎ᠤᠨ ᠠᠵᠤ ᠠᠬᠤᠢ ᠵᠢᠨ ᠬᠦᠴᠦᠨ᠎ᠢ ᠬᠤᠷᠠᠮᠳᠤᠭᠤᠯᠤᠨ ᠥᠨᠳᠥᠷ ᠲᠦᠪᠰᠢᠨ᠎ᠳᠤ ᠬᠦᠷᠭᠡᠵᠦ ᠪᠠᠢ᠌ᠨ᠎ᠠ᠃ 2024 ᠣᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 《ᠥᠪᠥᠷ ᠮᠣᠩᠭᠤᠯ᠎ᠤᠨ ᠣᠨᠴᠠᠯᠢᠭ᠎ᠲᠠᠢ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠨᠠᠷᠢᠨ ᠨᠢᠮᠪᠠᠢ ᠪᠠᠶ᠋ᠢᠭᠤᠯᠵᠤ᠂ ᠳᠣᠣᠷ᠎ᠠ ᠠᠭ᠋ᠠᠷ᠎ᠤᠨ ᠠᠵᠤ ᠠᠬᠤᠢ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ》 ᠬᠡᠷᠡᠭᠲᠡᠢ ᠭᠡᠵᠦ ᠳᠤᠷᠠᠳᠴᠠᠢ᠃ ᠲᠤᠰ ᠵᠢᠯ᠎ᠤᠨ 4 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠳᠣᠣᠷ᠎ᠠ ᠠᠭ᠋ᠠᠷ᠎ᠤᠨ ᠠᠵᠤ ᠠᠬᠤᠢ ᠵᠢᠨ ᠬᠡᠷᠡᠭᠯᠡᠭᠡᠨ᠎ᠤ ᠦᠵᠡᠭᠳᠡᠯ᠎ᠤᠨ ᠵᠠᠭ᠋ᠠᠭ ᠬᠢᠵᠠᠭ᠋ᠠᠷ᠎ᠢ ᠦᠷᠭᠦᠯᠵᠢᠯᠡᠨ ᠤᠷᠲᠤᠳᠬᠠᠵᠤ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠵᠠᠭᠪᠤᠷ᠎ᠢ ᠪᠣᠢ ᠪᠣᠯᠭ᠋ᠠᠪᠠ᠃

   ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ᠎ᠤᠨ ᠳᠡᠮᠵᠢᠯᠭᠡ ᠳᠣᠤᠷ᠎ᠠ᠂ ᠬᠥᠬᠡᠬᠤᠲᠠ ᠣᠷᠣᠨ ᠪᠠᠶ᠋ᠢᠷᠢ ᠵᠢᠨ ᠳᠠᠪᠠᠭᠤᠯᠢᠭ᠂ ᠴᠢᠳᠠᠪᠤᠷᠢᠲᠠᠨ᠎ᠤ ᠳᠠᠪᠠᠭᠤᠯᠢᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠳᠠᠪᠠᠭᠤᠯᠢᠭ ᠪᠠ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠵᠢᠷᠭᠤᠳᠤᠭ᠋ᠠᠷ ᠬᠦᠷᠢᠶᠡᠯᠡᠩ᠎ᠤᠨ ᠠᠵᠤ ᠦᠢ᠍ᠯᠡᠰ᠎ᠤᠨ ᠬᠥᠲᠥᠯᠥᠨ ᠳᠠᠭ᠋ᠠᠭᠤᠯᠬᠤ ᠳᠠᠪᠠᠭᠤᠯᠢᠭ᠎ᠲᠤ ᠲᠦᠰᠢᠭᠯᠡᠨ᠂ ᠳᠤᠤᠷ᠎ᠠ ᠠᠭ᠋ᠠᠷ᠎ᠤᠨ ᠠᠵᠤ ᠠᠬᠤᠶ ᠵᠢᠨ ᠠᠵᠤ ᠦᠢ᠍ᠯᠡᠰ᠎ᠢ ᠲᠦᠷᠭᠡᠳᠬᠡᠨ ᠪᠠᠶ᠋ᠢᠷᠢᠰᠢᠭᠤᠯᠵᠤ᠂ ᠳᠣᠤᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ᠂ ᠵᠢᠯᠣᠭᠤᠴᠢ ᠥᠬᠡᠶ ᠨᠢᠰᠬᠡᠯ ᠦᠢ᠍ᠯᠡᠳᠬᠦ᠂ ᠵᠢᠯᠣᠭᠤᠴᠢ ᠥᠬᠡᠶ ᠨᠢᠰᠬᠡᠯ ᠵᠶ᠋ᠠᠷ ᠵᠠᠮᠴᠢᠯᠠᠬᠤ᠂ ᠠᠭ᠋ᠠᠷ᠎ᠤᠨ ᠰᠡᠷᠭᠡᠶ᠋ᠢᠯᠡᠯᠲᠡ ᠵᠢᠨ ᠶᠠᠪᠤᠳᠠᠯ ᠵᠡᠷᠭᠡ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠲᠥᠷᠥᠯ ᠵᠦᠢ᠍ᠯ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠳᠤᠤᠷ᠎ᠠ ᠠᠭ᠋ᠠᠷ᠎ᠤᠨ ᠠᠵᠤ ᠠᠬᠤᠶ ᠵᠢ ᠤᠮᠠᠷᠠᠲᠤ ᠬᠢᠯᠢ᠎ᠳᠤ ᠨᠠᠶ᠋ᠢᠳᠠᠪᠤᠷᠢᠵᠢᠭᠤᠯᠤᠨ ᠬᠥᠭᠵᠢᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠪᠠ᠃

   ᠬᠥᠬᠡᠬᠣᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠨᠢ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠴᠢᠬᠤᠯᠠ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ ᠣᠯᠠᠨ᠎ᠠᠴᠠ ᠣᠨᠴᠠᠭ᠋ᠠᠢ ᠭᠠᠵᠠᠷ ᠵᠦᠢ ᠵᠢᠨ ᠪᠠᠢ᠌ᠷᠢ ᠰᠠᠭᠤᠷᠢ ᠪᠠ ᠡᠬᠢ ᠪᠠᠶᠠᠯᠢᠭ᠎ᠤᠨ ᠳᠠᠪᠠᠭᠤᠯᠢᠭ᠎ᠲᠠᠢ ᠶᠤᠮ᠃ ᠬᠥᠬᠡᠬᠣᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ ᠬᠥᠬᠡᠬᠣᠲᠠ᠂ ᠵᠠᠮ ᠬᠠᠷᠢᠯᠴᠠᠭ᠎ᠠ ᠳᠥᠭᠥᠮ ᠲᠦᠳᠡ ᠪᠠᠢ᠌ᠳᠠᠭ᠃ ᠡᠭᠦᠨ᠎ᠤ ᠬᠠᠮᠲᠤ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ ᠪᠠ ᠥᠷᠭᠡᠨ ᠠᠭᠤᠳᠠᠮ ᠠᠭ᠋ᠠᠷ᠎ᠤᠨ ᠣᠷᠣᠨ ᠪᠦᠰᠡ᠎ᠲᠠᠢ ᠪᠠᠶ᠋ᠢᠵᠤ᠂ ᠳᠣᠤᠷ᠎ᠠ ᠠᠭ᠋ᠠᠷ᠎ᠤᠨ ᠵᠢᠭᠤᠯᠴᠢᠯᠠᠯ ᠪᠠ ᠨᠡᠶ᠋ᠢᠳᠡᠮ ᠬᠡᠷᠡᠭᠯᠡᠬᠦ ᠠᠭ᠋ᠠᠷ᠎ᠤᠨ ᠠᠶᠠᠯᠠᠯ᠎ᠤᠨ ᠬᠥᠭᠵᠢᠯᠲᠡ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃

   ᠣᠳᠣᠬᠠᠨ᠎ᠳᠤ᠂ ᠬᠥᠬᠡᠬᠤᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠨᠢ ᠬᠥᠬᠡᠬᠤᠲᠠ ᠵᠢᠨ ᠴᠠᠭ᠋ᠠᠨ ᠰᠤᠪᠤᠷᠭ᠎ᠠ ᠨᠢᠰᠬᠡᠯ᠎ᠤᠨ ᠪᠠᠭᠤᠳᠠᠯ᠎ᠢ ᠨᠡᠭᠦᠯᠭᠡᠭᠰᠡᠨ᠎ᠤ ᠳᠠᠷᠠᠭ᠎ᠠ ᠢᠯᠭ᠋ᠠᠷᠠᠭᠤᠯᠤᠭᠰᠠᠨ ᠠᠭ᠋ᠠᠷ᠎ᠤᠨ ᠣᠷᠣᠨ ᠵᠠᠢ ᠵᠢᠨ ᠬᠠᠮᠢᠶᠠᠷᠤᠯᠲᠠ᠂ ᠦᠢ᠍ᠯᠡᠴᠢᠯᠡᠭᠡᠨ᠎ᠤ ᠪᠠᠲᠤᠯᠠᠭ᠎ᠠ ᠵᠢᠴᠢ ᠰᠠᠭᠤᠷᠢ ᠪᠡᠯᠡᠳᠬᠡᠮᠵᠢ ᠵᠡᠷᠭᠡ ᠡᠬᠢ ᠪᠠᠶᠠᠯᠢᠭ᠎ᠢ ᠭᠦᠢ᠍ᠴᠡᠳ ᠠᠰᠢᠭᠯᠠᠵᠤ᠂ ᠴᠠᠭ᠋ᠠᠨ ᠰᠤᠪᠤᠷᠭ᠎ᠠ ᠠᠭ᠋ᠠᠷ᠎ᠤᠨ ᠭᠠᠷᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ᠎ᠤᠨ ᠣᠷᠣᠨ ᠪᠠᠶ᠋ᠢᠷᠢ ᠵᠢᠨ ᠳᠠᠪᠠᠭᠤᠯᠢᠭ ᠵᠢᠴᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠰᠠᠭᠤᠷᠢ᠎ᠲᠠᠢ ᠤᠶᠠᠯᠳᠤᠭᠤᠯᠤᠨ᠂ ᠨᠢᠭᠡᠨᠲᠡ ᠣᠷᠣᠵᠤ ᠰᠠᠭᠤᠭᠰᠠᠨ ᠵᠦᠩ ᠺᠧ ᠾᠧ ᠬᠤᠸᠠ᠂ ᠶᠠ ᠵᠢᠶᠧ ᠠᠭ᠋ᠠᠷ᠎ᠤᠨ ᠠᠶᠠᠯᠠᠯ᠂ ᠸᠧᠢ ᠵᠢᠶᠠ ᠤᠶᠤᠨᠴᠢᠯᠠᠭᠰᠠᠨ ᠵᠡᠷᠭᠡ ᠠᠵᠤ ᠠᠬᠤᠶ᠋ᠢᠯᠠᠯ᠎ᠲᠠᠢ ᠭᠠᠷ ᠬᠤᠯᠪᠣᠯᠴᠠᠨ ᠠᠶᠠᠯᠠᠯ ᠨᠡᠪᠲᠡᠷᠡᠬᠦ ᠪᠠ evtol ᠠᠶᠠᠨᠴᠢᠳ᠎ᠤᠨ ᠲᠡᠭᠡᠭᠡᠪᠦᠷᠢ ᠵᠡᠷᠭᠡ ᠳᠣᠣᠷ᠎ᠠ ᠠᠭ᠋ᠠᠷ᠎ᠤᠨ ᠠᠵᠤ ᠠᠬᠤᠢ ᠵᠢᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠭᠤᠣᠯᠳᠠᠯᠭ᠎ᠠ᠎ᠲᠠᠢ ᠬᠥᠭᠵᠢᠭᠦᠯᠵᠦ᠂ ᠤᠮᠠᠷᠠᠲᠤ ᠣᠷᠣᠨ᠎ᠤ ᠠᠩᠬᠠᠳᠠᠭᠴᠢ ᠪᠦᠬᠦ ᠣᠷᠣᠨ ᠪᠦᠰᠡ ᠵᠢᠨ ᠳᠣᠣᠷ᠎ᠠ ᠠᠭ᠋ᠠᠷ᠎ᠤᠨ ᠠᠵᠤ ᠠᠬᠤᠢ ᠵᠢᠨ ᠪᠦᠬᠦ ᠡᠯᠧᠮᠧᠨ᠋ᠲ᠎ᠤᠨ ᠨᠡᠭᠡᠭᠡᠯᠲᠡ ᠵᠢᠨ ᠲᠤᠷᠰᠢᠯᠲᠠ ᠵᠢ ᠢᠳᠡᠪᠬᠢᠲᠡᠢ ᠴᠣᠭᠴᠠᠯᠠᠵᠤ ᠪᠠᠶ᠋ᠢᠨ᠎ᠠ᠃

   ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠬᠥᠬᠡᠬᠣᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ ᠪᠣᠯᠤᠨ ᠪᠡᠭᠡᠵᠢᠩ᠂ ᠲᠢᠶᠠᠨᠵᠢᠨ ᠬᠣᠲᠠ ᠵᠡᠷᠭᠡ ᠭᠠᠵᠠᠷ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠵᠤ᠂ ᠬᠠᠮᠲᠤᠷᠠᠨ ᠠᠵᠢᠯᠯᠠᠬᠤ᠎ᠪᠠᠷ ᠳᠠᠮᠵᠢᠨ ᠡᠯ᠎ᠡ ᠲᠠᠯ᠎ᠠ ᠵᠢᠨ᠎ᠬᠢᠨ ᠡᠬᠢ ᠪᠠᠶᠠᠯᠢᠭ᠎ᠢ ᠪᠦᠲᠦᠮᠵᠢᠲᠡᠢ᠎ᠪᠠᠷ ᠡᠮᠬᠢᠯᠡᠨ ᠨᠡᠢ᠍ᠯᠡᠭᠦᠯᠵᠦ᠂ ᠬᠠᠮᠵᠢᠯᠴᠠᠨ ᠬᠥᠭᠵᠢᠭᠦᠯᠵᠦ᠂ ᠭᠠᠵᠠᠷ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠪᠦᠬᠦ ᠲᠠᠯ᠎ᠠ ᠵᠢᠨ ᠬᠥᠭᠵᠢᠯᠲᠡ ᠵᠢ ᠬᠠᠮᠲᠤᠪᠠᠷ ᠠᠬᠢᠭᠤᠯᠬᠤ ᠪᠣᠯᠤᠨ᠎ᠠ᠃

   ᠡᠭᠦᠨ᠎ᠤ ᠬᠠᠮᠲᠤ᠂ ᠬᠥᠬᠡᠬᠤᠲᠠ ᠵᠢᠨ ᠵᠠᠮ ᠬᠠᠷᠢᠯᠴᠠᠭ᠋ᠠᠨ᠎ᠤ ᠪᠦᠯᠦᠭᠯᠡᠯ᠂ ᠪᠡᠭᠡᠵᠢᠩ᠎ᠤᠨ ᠠᠭ᠋ᠠᠷ᠎ᠤᠨ ᠠᠵᠤ ᠠᠬᠤᠶ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠤᠯᠪᠣᠭ᠎ᠠ᠎ᠯᠤᠭ᠎ᠠ ᠠᠭ᠋ᠠᠷ᠎ᠤᠨ ᠠᠵᠤ ᠠᠬᠤᠶ ᠵᠢ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠪᠠᠰᠠ ᠳᠣᠯᠣᠳᠤᠭ᠋ᠠᠷ ᠬᠤᠭᠤᠴᠠᠭ᠋ᠠᠨ᠎ᠤ ᠱᠠᠩᠬᠠᠶ ᠵᠢᠨ ᠭᠠᠳᠠᠭ᠋ᠠᠳᠤ᠎ᠠᠴᠠ ᠣᠷᠣᠭᠤᠯᠬᠤ ᠦᠵᠡᠰᠬᠦᠯᠡᠩ᠎ᠤᠨ ᠴᠤᠭᠯᠠᠭ᠋ᠠᠨ — 2024 ᠥᠪᠥᠷ ᠮᠣᠩᠭᠤᠯ᠎ᠤᠨ ᠪᠠᠯᠠ ᠣᠷᠣᠭᠤᠯᠤᠯᠲᠠ ᠵᠢᠨ ᠣᠷᠴᠢᠨ ᠲᠣᠭᠤᠷᠢᠨ᠎ᠢ ᠲᠠᠨᠢᠯᠴᠠᠭᠤᠯᠬᠤ ᠬᠤᠷᠠᠯ ᠳᠡᠭᠡᠷ᠎ᠡ᠂ ᠶᠠ ᠵᠢᠶᠧ ᠠᠭ᠋ᠠᠷ᠎ᠤᠨ ᠠᠶᠠᠯᠠᠯ᠎ᠤᠨ ᠪᠦᠯᠦᠭᠯᠡᠯ᠂ ᠱᠠᠩᠬᠠᠶ ᠵᠢᠨ ᠸᠸ ᠯᠠᠨ ᠲᠸ ᠠᠭ᠋ᠠᠷ᠎ᠤᠨ ᠠᠶᠠᠯᠠᠯ᠎ᠤᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠲᠠᠢ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠠᠵᠤ ᠠᠬᠤᠶ ᠵᠢᠨ ᠰᠠᠭᠤᠷᠢ ᠬᠥᠭᠵᠢᠯᠲᠡ ᠵᠢᠨ ᠲᠠᠪᠴᠠᠩ ᠪᠠ ᠬᠡᠷᠡᠭᠯᠡᠭᠡᠨ᠎ᠤ ᠪᠠᠶ᠋ᠢᠳᠠᠯ᠎ᠢ ᠬᠠᠮᠲᠤ᠎ᠪᠠᠷ ᠪᠣᠶ ᠪᠣᠯᠭ᠋ᠠᠪᠠ᠃ ᠡᠨᠡ ᠬᠦ᠌ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠨᠢ ᠶᠠᠭ ᠯᠠ ᠨᠢᠭᠡᠨ ᠭᠡᠷᠡᠯᠲᠦ ᠳ᠋ᠧᠩ ᠮᠡᠲᠦ ᠬᠥᠬᠡᠬᠣᠲᠠ ᠵᠢᠨ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠵᠠᠮ᠎ᠢ ᠭᠡᠷᠡᠯᠳᠦᠭᠦᠯᠦᠨ᠎ᠡ᠃

   ᠡᠭᠦᠨ ᠵᠶ᠋ᠠᠷ ᠪᠠᠷᠠᠬᠤ ᠦᠭᠡᠢ᠂ ᠲᠢᠶᠠᠨ ᠴᠢ ᠲᠦᠩ ᠢᠦᠢ ᠠᠭ᠋ᠠᠷ᠎ᠤᠨ ᠠᠶᠠᠯᠠᠯ᠎ᠤᠨ ᠪᠠᠭ᠋ᠠᠵᠢ ᠬᠡᠷᠡᠭᠰᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ᠂ ᠲᠢᠶᠠᠨ ᠢᠦᠢ ᠬᠠᠩ ᠲᠦᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠡᠷᠭᠡ ᠳᠤᠤᠷ᠎ᠠ ᠠᠭ᠋ᠠᠷ᠎ᠤᠨ ᠠᠵᠤ ᠠᠬᠤᠢ ᠵᠢᠨ ᠬᠦᠷᠢᠶᠡᠨ᠎ᠤ ᠤᠯᠠᠨ ᠠᠵᠤ ᠠᠬᠤᠶ᠋ᠢᠯᠠᠯ ᠴᠤ᠌ ᠬᠥᠬᠡᠬᠤᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠲᠤ ᠬᠦᠷᠴᠦ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠰᠢᠨ᠎ᠡ ᠠᠵᠠ ᠲᠣᠬᠢᠶᠠᠯ᠎ᠢ ᠬᠠᠮᠲᠤᠪᠠᠷ ᠡᠵᠡᠮᠳᠡᠵᠦ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠠᠭᠤᠰᠤᠯᠴᠠᠨ ᠬᠥᠭᠵᠢᠬᠦ ᠰᠠᠶ᠋ᠢᠨ ᠰᠠᠶ᠋ᠢᠬᠠᠨ ᠠᠮᠢ ᠠᠬᠤᠢ ᠵᠢ ᠴᠣᠭᠴᠠᠯᠠᠨ ᠪᠠᠶ᠋ᠢᠭᠤᠯᠪᠠ᠃

   ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠠᠵᠠ ᠲᠣᠬᠢᠶᠠᠯ᠎ᠢ ᠵᠠᠪᠳᠤᠨ ᠠᠳᠬᠤᠬᠤ ᠵᠢᠨ ᠲᠥᠯᠥᠭᠡ᠂ ᠬᠥᠬᠡᠬᠣᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠦᠬᠦ ᠬᠦᠴᠦᠨ ᠵᠶ᠋ᠠᠷ ᠵᠶ᠋ᠠᠨ ᠲᠣᠭᠲᠠᠭ᠋ᠠᠵᠤ᠂ ᠠᠵᠤ ᠠᠬᠤᠢ᠌ᠯᠠᠯ᠎ᠳᠤ ᠬᠥᠭᠵᠢᠯᠲᠡ ᠵᠢᠨ ᠳᠠᠪᠠᠭᠤᠯᠢᠭ ᠣᠷᠴᠢᠨ ᠲᠣᠭᠣᠷᠢᠨ᠎ᠢ ᠪᠣᠢ ᠪᠣᠯᠭ᠋ᠠᠵᠤ ᠥᠭᠭᠦᠨ᠎ᠡ᠃ ᠪᠡᠯᠡ ᠮᠥᠩᠭᠦ᠂ ᠭᠠᠵᠠᠷ   ᠰᠢᠷᠣᠢ᠂ ᠴᠢᠳᠠᠪᠤᠷᠢᠲᠠᠨ ᠵᠡᠷᠭᠡ ᠲᠠᠯ᠎ᠠ᠎ᠪᠠᠷ ᠪᠦᠬᠦ ᠲᠠᠯ᠎ᠠ ᠵᠢᠨ ᠳᠡᠮᠵᠢᠯᠭᠡ ᠦᠵᠡᠭᠦᠯᠬᠦ ᠵᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠨᠢᠭᠲᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠳᠤᠤᠷ᠎ᠠ ᠠᠭ᠋ᠠᠷ᠎ᠤᠨ ᠠᠵᠤ ᠠᠬᠤᠢ ᠵᠢᠨ  ᠨᠡᠭᠡᠭᠡᠯᠲᠡ ᠵᠢᠨ ᠣᠷᠣᠨ᠎ᠳᠤ ᠪᠠᠶ᠋ᠢᠬᠤ ᠦᠭᠡᠢ᠎ᠠᠴᠠ᠎ᠪᠠᠨ ᠪᠠᠶ᠋ᠢᠬᠤ ᠪᠣᠯᠤᠭᠰᠠᠨ᠂ ᠪᠠᠭ᠎ᠠ᠎ᠠᠴᠠ ᠶᠡᠭᠡ ᠪᠣᠯᠤᠭᠰᠠᠨ᠂ 《ᠲᠠᠯ᠎ᠠ ᠨᠤᠲᠤᠭ᠎ᠤᠨ ᠨᠢᠰᠬᠡᠯ᠎ᠤᠨ ᠪᠠᠭᠤᠳᠠᠯ》᠎ᠠᠴᠠ ᠳᠣᠣᠷ᠎ᠠ ᠠᠭ᠋ᠠᠷ᠎ᠤᠨ ᠠᠵᠤ ᠠᠬᠤᠢ ᠵᠢᠨ ᠥᠷᠭᠡᠨ ᠠᠭᠤᠳᠠᠮ ᠣᠷᠣᠨ ᠵᠠᠢ ᠲᠡᠶ᠋ᠢᠰᠢ ᠤᠷᠤᠭᠰᠢᠯᠠᠬᠤ ᠵᠢ ᠬᠠᠮᠲᠤᠪᠠᠷ ᠠᠬᠢᠭᠤᠯᠵᠤ᠂ 《ᠪᠢᠲᠡᠭᠦᠮᠵᠢᠯᠡᠵᠦ ᠪᠥᠭᠯᠡᠵᠦ》 ᠪᠠᠶ᠋ᠢᠭᠰᠠᠨ᠎ᠠᠴᠠ᠎ᠨᠢ 《ᠳᠦᠷᠪᠡᠨ ᠵᠦᠭ ᠨᠠᠢ᠍ᠮᠠᠨ ᠵᠤᠪᠬᠢᠰ᠎ᠲᠤ ᠨᠡᠪᠲᠡᠷᠡᠬᠦ》 ᠬᠦᠷᠲᠡᠯ᠎ᠡ ᠬᠡᠭᠡᠨᠴᠢᠷ ᠰᠠᠶ᠋ᠢᠬᠠᠨ ᠲᠡᠶ᠋ᠢᠰᠢ ᠰᠢᠯᠵᠢᠬᠦ ᠵᠢ ᠪᠡᠶᠡᠯᠡᠭᠦᠯᠵᠦ᠂ ᠳᠣᠣᠷ᠎ᠠ ᠠᠭ᠋ᠠᠷ᠎ᠤᠨ ᠠᠵᠤ ᠠᠬᠤᠢ᠎ᠨᠢ ᠬᠥᠬᠡᠬᠤᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠳᠤ 《ᠡᠬᠢᠯᠡᠨ ᠨᠢᠰᠬᠦ》᠎ᠠᠴᠠ 《ᠭᠠᠵᠠᠷ᠎ᠲᠤ ᠪᠠᠭᠤᠬᠤ》 ᠬᠦᠷᠲᠡᠯ᠎ᠡ ᠠᠯᠬᠤᠮ ᠠᠯᠬᠤᠮ ᠵᠶ᠋ᠠᠷ ᠪᠡᠶᠡᠯᠡᠭᠦᠯᠵᠦ ᠪᠠᠶ᠋ᠢᠨ᠎ᠠ᠃ (ᠵᠠᠩ ᠬᠤᠣ ᠲᠢᠶᠠᠨ)

 

ᠢᠷᠡᠯᠲᠡ᠄ ᠳᠤᠮᠳᠠᠳᠤ ᠤᠯᠤᠰ᠎ᠤᠨ ᠠᠵᠤ ᠠᠬᠤᠢ ᠵᠢᠨ ᠰᠤᠷᠠᠭ ᠵᠠᠩᠬᠢ ᠵᠢᠨ ᠬᠤᠷᠢᠶ᠎ᠠ
          
ᠬᠠᠮᠢᠶ᠎ᠡ ᠪᠦᠬᠦᠢ ᠰᠣᠨᠢᠨ
 
            