ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠤᠲᠠ 2024 ᠳ᠋ᠢᠵᠢᠲ᠋ᠠᠯ ᠠᠵᠤ ᠠᠬᠤᠢ ᠵᠢᠨ ᠵᠠᠭᠤᠨ ᠬᠦᠴᠦᠷᠬᠡᠭ ᠬᠤᠲᠠ᠎ᠳᠤ ᠣᠷᠣᠪᠠ
ᠨᠡᠶ᠋ᠢᠲᠡᠯᠡᠭᠰᠡᠨ ᠴᠠᠭ᠄ 2024-12-18

   ᠰᠤᠷᠪᠤᠯᠵᠢᠯᠠᠭᠴᠢ 12 ᠳ᠋ᠤᠭ᠋ᠠᠷ ᠰᠠᠷ᠎ᠠ ᠵᠢᠨ 11᠎ᠤ ᠡᠳᠦᠷ ᠥᠪᠥᠷ ᠮᠣᠩᠭᠣᠯ᠎ᠤᠨ ᠬᠥᠬᠡᠬᠣᠲᠠ ᠵᠢᠨ ᠲᠣᠮᠣ ᠳ᠋ᠡᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ ᠰᠠᠢ ᠳᠢ ᠵᠥᠪᠯᠡᠭᠴᠢ ᠤᠢ᠌ᠷ᠎ᠠ᠎ᠳᠤ ᠨᠡᠢ᠌ᠲᠡᠯᠡᠭᠰᠡᠨ 《2024 ᠳᠤᠮᠳᠠᠳᠤ ᠤᠯᠤᠰ᠎ᠤᠨ ᠬᠣᠲᠠ ᠵᠢᠨ ᠳ᠋ᠢᠵᠢᠲ᠋ᠠᠯ ᠠᠵᠤ ᠠᠬᠤᠢ ᠵᠢᠨ ᠬᠥᠭᠵᠢᠯᠲᠡ ᠵᠢᠨ ᠰᠤᠳᠤᠯᠭ᠋ᠠᠨ᠎ᠤ ᠮᠡᠳᠡᠭᠦᠯᠦᠯᠲᠡ》 ᠵᠢ ᠦᠨᠳᠦᠰᠦᠯᠡᠨ᠂ ᠬᠥᠬᠡᠬᠣᠲᠠ 2024 ᠳ᠋ᠢᠵᠢᠲ᠋ᠠᠯ ᠠᠵᠤ ᠠᠬᠤᠢ ᠵᠢᠨ ᠵᠠᠭᠤᠨ ᠬᠦᠴᠦᠷᠬᠡᠭ ᠬᠣᠲᠠ ᠵᠢᠨ ᠨᠡᠷᠡᠰ᠎ᠲᠤ ᠣᠷᠣᠵᠤ᠂ 43 ᠨᠡᠷᠡᠰ᠎ᠤᠨ ᠵᠢᠭᠰᠠᠭ᠋ᠠᠯᠲᠠ᠎ᠳᠤ ᠣᠷᠣᠵᠤ᠂ ᠲᠠᠪᠤᠨ ᠵᠢᠯ ᠳᠠᠷᠠᠭ᠋ᠠᠯᠠᠨ ᠥᠪᠥᠷ ᠮᠣᠩᠭᠣᠯ᠎ᠤᠨ ᠨᠢᠭᠡᠳᠦᠭᠡᠷ᠎ᠲᠤ ᠵᠢᠭᠰᠠᠭ᠋ᠠᠭᠳᠠᠪᠠ᠃

   ᠣᠶ᠋ᠢᠷ᠎ᠠ ᠵᠢᠨ ᠵᠢᠯ᠎ᠠᠴᠠ᠂ ᠬᠥᠬᠡᠬᠤᠲᠠ ᠤᠯᠤᠰ᠎ᠤᠨ 《ᠪᠠᠷᠠᠭᠤᠨ᠎ᠤ ᠲᠤᠭ᠎ᠠ ᠵᠢ ᠵᠡᠬᠦᠨ᠎ᠳᠤ ᠪᠤᠳᠤᠬᠤ》 ᠢᠨᠵᠧᠨᠧᠷᠢᠩ᠎ᠢ ᠬᠡᠷᠡᠭᠵᠢᠭᠦᠯᠬᠦ ᠠᠵᠠ ᠲᠣᠬᠢᠶᠠᠯ᠎ᠢ ᠵᠠᠪᠳᠤᠨ ᠠᠳᠬᠤᠵᠤ᠂ ᠤᠯᠤᠰ᠎ᠤᠨ ᠲᠠᠰ᠎ᠤᠨ ᠢᠨᠲ᠋ᠧᠷ ᠰᠦᠯᠵᠢᠶᠡᠨ᠎ᠤ ᠭᠤᠤᠯ ᠰᠢᠭᠤᠳ ᠬᠤᠯᠪᠣᠬᠤ ᠴᠡᠭ᠂ ᠣᠯᠠᠨ ᠤᠯᠤᠰ᠎ᠤᠨ ᠢᠨᠲ᠋ᠧᠷ ᠰᠦᠯᠵᠢᠶᠡᠨ᠎ᠤ ᠲᠤᠭ᠎ᠠ ᠪᠠᠷᠢᠮᠲᠠ ᠵᠢᠨ ᠲᠤᠰᠬᠠᠶ ᠨᠡᠪᠲᠡᠷᠡᠬᠦ ᠵᠠᠮ ᠵᠡᠷᠭᠡ ᠳᠠᠪᠠᠭᠤᠯᠢᠭ᠎ᠲᠤ ᠲᠦᠰᠢᠭᠯᠡᠨ᠂ 《ᠵᠣᠬᠢᠶᠠᠮᠠᠯ ᠣᠶᠤᠨ      ᠴᠢᠳᠠᠪᠤᠷᠢ +》᠂ 《ᠲᠤᠭ᠎ᠠ ᠪᠠᠷᠢᠮᠲᠠ ᠵᠢᠨ ᠡᠯᠧᠮᠧᠨ᠋ᠲ ×》 ᠵᠢᠨ ᠠᠵᠢᠯᠯᠠᠭ᠎ᠠ ᠵᠢ ᠬᠡᠷᠡᠭᠵᠢᠭᠦᠯᠵᠦ᠂ ᠪᠣᠬᠢᠷᠲᠤᠯ ᠥᠬᠡᠶ ᠪᠤᠳᠤᠬᠤ ᠬᠦᠴᠦᠨ᠂ ᠵᠣᠬᠢᠶᠠᠮᠠᠯ ᠣᠶᠤᠨ ᠴᠢᠳᠠᠪᠤᠷᠢ᠎ᠪᠠᠷ ᠣᠨᠴᠠᠯᠢᠭ ᠪᠣᠯᠭ᠋ᠠᠭᠰᠠᠨ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠎ᠤᠨ ᠪᠦᠯᠦᠭᠵᠢᠯ᠎ᠢ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳ᠋ᠢᠵᠢᠲ᠋ᠠᠯ ᠮᠡᠷᠭᠡᠵᠢᠯ ᠬᠢᠭᠡᠳ ᠪᠣᠳᠠᠲᠤ ᠴᠣᠭᠴᠠ ᠵᠢᠨ ᠠᠵᠤ ᠠᠬᠤᠶ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠪᠠ᠃  ᠳ᠋ᠢᠵᠢᠲ᠋ᠠᠯ ᠠᠵᠤ ᠠᠬᠤᠶ ᠵᠢᠨ ᠬᠥᠭᠵᠢᠯᠲᠡ ᠵᠢᠨ ᠠᠮᠢ ᠠᠬᠤᠶ ᠵᠢ ᠲᠠᠰᠤᠷᠠᠯᠲᠠ ᠥᠬᠡᠶ ᠪᠤᠶ᠋ᠢᠵᠢᠭᠤᠯᠵᠤ᠂ ᠤᠷᠢᠳ ᠬᠤᠵᠢᠳ ᠳᠤᠮᠳᠠᠳᠤ ᠤᠯᠤᠰ᠎ᠤᠨ 《ᠪᠤᠳᠤᠬᠤ ᠬᠦᠴᠦᠨ᠎ᠤ ᠬᠤᠷᠢᠨ ᠬᠦᠴᠦᠷᠬᠡᠭ ᠬᠤᠲᠠ》 ᠵᠢᠨ ᠨᠡᠷᠡᠰ᠎ᠤᠨ ᠵᠢᠭᠰᠠᠭ᠋ᠠᠯᠲᠠ ᠵᠢᠨ 15 ᠳ᠋ᠤᠭ᠋ᠠᠷ ᠪᠠ 《ᠬᠤᠲᠠ ᠵᠢᠨ ᠳ᠋ᠢᠵᠢᠲ᠋ᠠᠯ ᠵᠠᠰᠠᠯᠲᠠ ᠵᠢᠨ ᠵᠠᠭᠤᠨ ᠬᠦᠴᠦᠷᠬᠡᠭ᠎ᠤᠨ      ᠰᠠᠮᠪᠠᠷ᠎ᠠ》᠂ 《ᠬᠤᠲᠠ ᠵᠢᠨ ᠳ᠋ᠢᠵᠢᠲ᠋ᠠᠯ ᠬᠡᠯᠪᠡᠷᠢ ᠵᠢᠨ ᠬᠤᠪᠢᠷᠠᠭᠤᠯᠤᠯᠲᠠ ᠵᠢᠨ ᠵᠠᠭᠤᠨ ᠬᠦᠴᠦᠷᠬᠡᠭ᠎ᠤᠨ ᠰᠠᠮᠪᠠᠷ᠎ᠠ》᠎ᠳᠤ ᠣᠷᠣᠵᠤ᠂ ᠪᠥᠬᠦ ᠤᠯᠤᠰ᠎ᠤᠨ ᠬᠤᠤᠰ ᠮᠢᠩᠭ᠋ᠠᠨ ᠲᠠᠷᠪᠤᠮ ᠬᠤᠲᠠ᠎ᠪᠠᠷ ᠰᠣᠩᠭᠤᠭᠳᠠᠵᠤ᠂ ᠡᠾᠸᠹᠸᠢ᠂ ᠪᠡᠭᠡᠵᠢᠩ ᠵᠡᠷᠭᠡ ᠭᠠᠵᠠᠷ᠎ᠤᠨ 400G ᠪᠦᠷᠢᠨ ᠬᠡᠷᠡᠯ᠎ᠤᠨ ᠲᠣᠤᠷ ᠰᠦᠯᠵᠢᠶ᠎ᠡ᠎ᠳᠤ ᠰᠣᠩᠭᠤᠭᠳᠠᠵᠤ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ 2 ᠮᠢᠯᠢᠰᠸᠺᠦ᠋ᠨ᠋ᠳ᠋᠂ ᠪᠡᠭᠡᠵᠢᠩ᠎ᠤᠨ 5 ᠮᠢᠯᠢᠰᠸᠺᠦ᠋ᠨ᠋ᠳ᠋᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ 20 ᠮᠢᠯᠢᠰᠸᠺᠦ᠋ᠨ᠋ᠳ᠋ 《2.5.20》᠎ᠤ ᠴᠠᠭ᠎ᠢ ᠤᠷᠲᠤᠳᠬᠠᠭᠰᠠᠨ ᠬᠦᠷᠢᠶ᠎ᠡ ᠵᠢ ᠠᠮᠵᠢᠯᠲᠠ᠎ᠲᠠᠢ ᠪᠠᠶ᠋ᠢᠭᠤᠯᠵᠤ᠂ 25 ᠰᠢᠭᠤᠳ ᠬᠠᠷᠢᠶ᠎ᠠ ᠬᠤᠲᠠ ᠪᠠ ᠮᠤᠵᠢ ᠵᠢᠨ ᠲᠥᠪ ᠬᠤᠲᠠ᠎ᠲᠠᠢ ᠰᠢᠭᠤᠳ ᠬᠤᠯᠪᠣᠵᠤ᠂ ᠪᠣᠬᠢᠷᠲᠤᠯ ᠥᠬᠡᠶ ᠪᠣᠳᠣᠯᠭ᠎ᠠ ᠵᠢᠨ ᠬᠦᠴᠦᠨ᠎ᠤ ᠵᠢᠭ᠋ᠠᠯᠲᠠ ᠲᠤᠭ᠎ᠠ ᠪᠥᠬᠦ ᠤᠯᠤᠰ᠎ᠲᠤ ᠲᠡᠷᠢᠭᠦᠨ᠎ᠳᠤ ᠣᠷᠣᠵᠤ᠂ ᠳᠤᠮᠳᠠᠳᠤ ᠤᠯᠤᠰ᠎ᠤᠨ ᠮᠡᠳᠡᠭᠡ ᠬᠤᠯᠪᠣᠭ᠋ᠠᠨ᠎ᠤ ᠠᠵᠤ ᠦᠢ᠍ᠯᠡᠳᠪᠦᠷᠢ ᠵᠢᠨ ᠨᠡᠶ᠋ᠢᠭᠡᠮᠯᠢᠭ᠎ᠲᠤ ᠵᠢᠩᠬᠢᠨᠢ᠎ᠪᠠᠷ 《ᠳᠤᠮᠳᠠᠳᠤ ᠤᠯᠤᠰ᠎ᠤᠨ ᠡᠭᠦᠯᠡᠨ ᠬᠥᠨᠳᠡᠶ》 ᠵᠢᠨ ᠴᠣᠯᠠ ᠭᠥᠷᠳᠡᠵᠦ᠂ ᠨᠢᠭᠡᠨᠲᠡ ᠤᠯᠤᠰ᠎ᠤᠨ ᠴᠢᠬᠤᠯᠠ ᠪᠤᠳᠤᠬᠤ ᠬᠦᠴᠦᠨ᠎ᠤ ᠪᠠᠲᠤᠯᠠᠭ᠎ᠠ ᠵᠢᠨ ᠰᠠᠭᠤᠷᠢᠨ ᠭᠠᠵᠠᠷ ᠪᠣᠯᠤᠭᠰᠠᠨ ᠪᠠᠶ᠋ᠢᠨ᠎ᠠ᠃

   ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠨᠢ ᠡᠮᠦᠨ᠎ᠡ ᠡᠩᠨᠡᠭᠡᠨ᠎ᠳᠤ ᠶᠠᠪᠤᠵᠤ ᠪᠠᠶ᠋ᠢᠨ᠎ᠠ᠃ 11 ᠳ᠋ᠦ᠍ᠭᠡᠷ ᠰᠠᠷ᠎ᠠ ᠵᠢᠨ 10᠎ᠤ ᠡᠳᠦᠷ ᠬᠤᠷᠠᠯᠳᠤᠭᠤᠯᠤᠭᠰᠠᠨ ᠬᠥᠬᠡᠬᠤᠲᠠ ᠵᠢᠨ ᠣᠯᠠᠨ ᠨᠡᠶ᠋ᠢᠲᠡ ᠵᠢᠨ ᠲᠤᠭ᠎ᠠ ᠪᠠᠷᠢᠮᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠡᠬᠢᠯᠡᠯᠲᠡ ᠵᠢᠨ ᠶᠡᠭᠡ ᠬᠤᠷᠠᠯ ᠳᠡᠭᠡᠷ᠎ᠡ᠂ ᠬᠥᠬᠡᠬᠤᠲᠠ ᠣᠯᠠᠨ ᠨᠡᠶ᠋ᠢᠲᠡ ᠵᠢᠨ ᠲᠤᠭ᠎ᠠ ᠪᠠᠷᠢᠮᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠪᠥᠬᠦ ᠲᠠᠯ᠎ᠠ᠎ᠪᠠᠷ ᠳᠡᠯᠭᠡᠨ ᠦᠵᠡᠭᠦᠯᠪᠡ᠃ ᠬᠥᠬᠡᠬᠤᠲᠠ ᠵᠢᠨ 《P4》 ᠲᠠᠰ᠎ᠤᠨ ᠲᠤᠭ᠎ᠠ ᠪᠠᠷᠢᠮᠲᠠ ᠵᠢᠨ ᠬᠡᠷᠡᠭᠯᠡᠭᠡᠨ᠎ᠤ ᠲᠤᠷᠰᠢᠯᠲᠠ ᠵᠢᠨ ᠲᠠᠰᠤᠭ᠎ᠢ ᠠᠰᠢᠭᠯᠠᠯᠲᠠ᠎ᠳᠤ ᠣᠷᠣᠭᠤᠯᠵᠤ᠂ ᠲᠣᠰ ᠲᠤᠷᠰᠢᠯᠲᠠ ᠵᠢᠨ ᠲᠠᠰᠤᠭ᠎ᠨᠢ ᠲᠤᠭ᠎ᠠ ᠪᠠᠷᠢᠮᠲᠠ ᠵᠢᠨ ᠬᠥᠳᠡᠯᠭᠡᠭᠦᠷ᠂ ᠠᠮᠤᠷ ᠲᠦᠪᠰᠢᠨ᠎ᠤ ᠬᠠᠯᠬᠠᠪᠴᠢ᠂ ᠬᠠᠮᠲᠤᠷᠠᠯᠴᠠᠭ᠋ᠠᠨ᠎ᠤ ᠬᠥᠭᠦᠷᠭᠡ᠂ ᠴᠢᠳᠠᠪᠤᠷᠢᠲᠠᠨ᠎ᠢ ᠬᠥᠮᠦᠵᠢᠭᠦᠯᠬᠦ ᠵᠡᠷᠭᠡ 4 ᠶᠡᠭᠡ ᠭᠤᠤᠯᠯᠠᠬᠤ ᠴᠢᠳᠠᠮᠵᠢ ᠵᠢ ᠬᠤᠷᠠᠮᠳᠤᠭᠤᠯᠵᠤ᠂ ᠨᠢᠭᠡ ᠬᠤᠲᠠ ᠵᠢᠨ ᠲᠠᠰ᠎ᠤᠨ ᠢᠲᠡᠭᠡᠮᠵᠢᠲᠦ ᠲᠤᠭ᠎ᠠ ᠪᠠᠷᠢᠮᠲᠠ ᠵᠢᠨ ᠣᠷᠣᠨ ᠵᠠᠶ ᠵᠢ ᠪᠠᠶ᠋ᠢᠭᠤᠯᠵᠤ᠂ ᠪᠥᠬᠦ ᠤᠯᠤᠰ᠎ᠤᠨ ᠲᠡᠷᠢᠭᠦᠨ ᠪᠠᠶ᠋ᠢᠷᠢᠨ᠎ᠳᠤ ᠣᠷᠣᠪᠠ᠃  ᠬᠥᠬᠡᠬᠤᠲᠠ ᠵᠢᠨ ᠬᠤᠲᠠ ᠵᠢᠨ ᠰᠦᠯᠵᠢᠶᠡᠨ᠎ᠤ ᠡᠵᠡᠩᠨᠡᠯᠲᠡ ᠵᠢᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠡᠬᠢᠯᠡᠭᠦᠯᠵᠦ᠂ ᠬᠤᠲᠠ ᠵᠢᠨ ᠳᠡᠰ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠲᠥᠪ ᠪᠣᠯᠤᠭᠰᠠᠨ᠎ᠤ ᠬᠤᠪᠢ᠎ᠳᠤ᠂ ᠡᠭᠦᠯᠡᠨ᠂ ᠰᠦᠯᠵᠢᠶ᠎ᠡ᠂ ᠲᠤᠭ᠎ᠠ᠂ ᠦᠵᠦᠭᠦᠷ᠎ᠢ ᠨᠢᠭᠡ ᠴᠣᠭᠴᠠᠵᠢᠭᠤᠯᠤᠭᠰᠠᠨ ᠠᠮᠤᠷ ᠲᠦᠪᠰᠢᠨ᠎ᠤ ᠬᠠᠮᠢᠶᠠᠷᠤᠯᠲᠠ ᠵᠢ ᠨᠢᠭᠡᠳᠦᠯᠲᠡᠢ ᠲᠥᠯᠥᠪᠯᠡᠨ᠂ ᠣᠷᠣᠨ᠎ᠤ ᠲᠥᠪ ᠬᠤᠲᠠ ᠵᠢᠨ ᠳ᠋ᠠᠶ᠋ᠢᠲ᠋ᠠ ᠵᠢᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠡᠵᠡᠮᠳᠡᠵᠦ᠂ ᠳ᠋ᠠᠶ᠋ᠢᠲ᠋ᠠ ᠵᠢᠨ ᠡᠯᠧᠮᠧᠨ᠋ᠲ᠎ᠤᠨ ᠠᠵᠤ ᠦᠢ᠍ᠯᠡᠰ᠎ᠤᠨ ᠡᠷᠡᠭᠦᠯ᠂ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠪᠠ᠃ ᠬᠥᠬᠡᠬᠤᠲᠠ ᠵᠢᠨ ᠠᠩᠬᠠᠨ᠎ᠤ ᠪᠦᠯᠦᠭ ᠥᠨᠳᠥᠷ ᠪᠠᠷᠢᠮᠵᠢᠶᠠᠲᠤ ᠲᠤᠭ᠎ᠠ ᠪᠠᠷᠢᠮᠲᠠ ᠵᠢᠨ ᠴᠤᠭᠯᠠᠷᠠᠯ᠎ᠤᠨ ᠨᠠᠷᠢᠨ ᠲᠠᠩᠰᠠ᠂ ᠣᠯᠠᠨ ᠨᠡᠶ᠋ᠢᠲᠡ ᠵᠢᠨ ᠲᠤᠭ᠎ᠠ ᠪᠠᠷᠢᠮᠲᠠ ᠵᠢᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠠᠬᠤᠶ ᠪᠠᠶ᠋ᠢᠳᠠᠯ ᠵᠢᠴᠢ ᠬᠥᠬᠡᠬᠤᠲᠠ ᠵᠢᠨ ᠲᠤᠭ᠎ᠠ ᠪᠠᠷᠢᠮᠲᠠ ᠵᠢᠨ ᠠᠷᠠᠯᠵᠢᠶᠠᠨ᠎ᠤ ᠨᠢᠭᠡᠳᠦᠭᠡᠷ ᠬᠠᠭᠤᠳᠠᠰᠤ ᠵᠢ ᠨᠡᠶ᠋ᠢᠲᠡᠯᠡᠵᠦ᠂ ᠲᠣᠰ ᠭᠠᠵᠠᠷ ᠣᠷᠣᠨᠴᠢᠯᠠᠭᠰᠠᠨ ᠣᠯᠠᠨ ᠨᠡᠶ᠋ᠢᠲᠡ ᠵᠢᠨ ᠲᠤᠭ᠎ᠠ ᠪᠠᠷᠢᠮᠲᠠ ᠵᠢ ᠨᠡᠭᠡᠭᠡᠨ ᠬᠥᠭᠵᠢᠭᠦᠯᠵᠦ ᠬᠡᠷᠡᠭᠯᠡᠬᠦ ᠵᠠᠬ᠎ᠠ ᠳᠡᠯᠭᠡᠭᠦᠷ᠎ᠢ ᠦᠨᠳᠦᠰᠦᠨ᠎ᠳᠡᠭᠡᠨ ᠪᠠᠶ᠋ᠢᠭᠤᠯᠪᠠ᠃

   ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠳ᠋ᠢᠵᠢᠲ᠋ᠠᠯ ᠠᠵᠤ ᠦᠢ᠍ᠯᠡᠰ᠎ᠤᠨ ᠠᠮᠢ ᠠᠬᠤᠶ ᠵᠢ ᠪᠤᠶ᠋ᠢᠵᠢᠭᠤᠯᠤᠨ᠎ᠠ᠃ ᠬᠥᠬᠡᠬᠤᠲᠠ ᠲᠥᠷᠥ ᠵᠢᠨ ᠪᠣᠳᠣᠯᠭ᠎ᠠ᠂ ᠣᠷᠣᠨ ᠪᠠᠶ᠋ᠢᠷᠢ᠂ ᠥᠪᠡᠷ᠎ᠤᠨ ᠥᠷᠲᠡᠭ᠂ ᠪᠣᠬᠢᠷᠲᠤᠯ ᠥᠬᠡᠶ ᠴᠠᠬᠢᠯᠭ᠋ᠠᠨ ᠵᠡᠷᠭᠡ ᠳᠠᠪᠠᠭᠤᠯᠢᠭ᠎ᠲᠠᠭᠠᠨ ᠲᠦᠰᠢᠭᠯᠡᠨ᠂ ᠪᠣᠬᠢᠷᠲᠤᠯ ᠥᠬᠡᠶ ᠪᠤᠳᠤᠬᠤ ᠴᠢᠳᠠᠪᠤᠷᠢ ᠵᠢᠴᠢ ᠵᠣᠬᠢᠶᠠᠮᠠᠯ ᠣᠶᠤᠨᠴᠢ ᠠᠵᠤ ᠦᠢ᠍ᠯᠡᠰ᠎ᠢ ᠢᠳᠡᠪᠬᠢᠲᠡᠶ ᠪᠤᠶ᠋ᠢᠵᠢᠭᠤᠯᠵᠤ᠂ ᠨᠢᠭᠡᠨᠲᠡ ᠮᠠᠰᠢ ᠣᠯᠠᠨ ᠴᠢᠬᠤᠯᠠ ᠳ᠋ᠠᠶ᠋ᠢᠲ᠋ᠠ ᠵᠢᠨ ᠲᠥᠪ᠎ᠢ ᠲᠥᠪᠯᠡᠷᠡᠭᠦᠯᠪᠡ᠃ ᠣᠳᠣᠬᠠᠨ᠎ᠳᠤ᠂ ᠪᠥᠬᠦ ᠬᠤᠲᠠ ᠵᠢᠨ ᠶᠡᠷᠦᠩᠬᠡᠶ ᠪᠤᠳᠤᠬᠤ ᠬᠦᠴᠦᠨ 4.4 ᠲᠦᠮᠡᠨ P᠎ᠳᠤ ᠬᠦᠷᠴᠦ᠂ 2025 ᠣᠨ ᠪᠣᠯᠬᠤ᠎ᠳᠤ ᠪᠤᠳᠤᠬᠤ ᠴᠢᠳᠠᠪᠤᠷᠢ ᠵᠢᠨ ᠶᠡᠷᠦᠩᠬᠡᠶ ᠬᠡᠪᠴᠢᠶ᠎ᠡ 8.4 ᠲᠦᠮᠡᠨ P᠎ᠳᠤ ᠬᠥᠷᠬᠦ ᠪᠣᠯᠤᠨ᠎ᠠ᠃ ᠳ᠋ᠠᠶ᠋ᠢᠲ᠋ᠠ ᠵᠢᠨ ᠲᠥᠪ᠎ᠤᠨ ᠲᠣᠭᠤᠷᠢᠨ᠎ᠳᠤ ᠪᠠᠰᠠ ᠨᠢᠭᠡ ᠪᠦᠯᠦᠭ ᠳ᠋ᠠᠶ᠋ᠢᠲ᠋ᠠ ᠵᠢᠨ ᠲᠥᠪ᠎ᠤᠨ ᠳᠡᠭᠡᠳᠦ ᠳᠣᠣᠷᠠᠳᠤ ᠤᠷᠤᠰᠬᠠᠯ᠎ᠤᠨ ᠠᠵᠤ ᠦᠢ᠍ᠯᠡᠰ᠎ᠢ ᠣᠷᠣᠭᠤᠯᠤᠨ ᠠᠪᠴᠢᠷᠠᠵᠤ ᠨᠠᠶ᠋ᠢᠳᠠᠪᠤᠷᠢᠵᠢᠭᠤᠯᠪᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            