ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠴᠠᠩᠴᠦ᠋ᠨ ᠬᠤᠲᠠ ᠪᠣᠯᠣᠨ ᠬᠢᠩᠭ᠋ᠠᠨ ᠠᠶ᠋ᠢᠮᠠᠭ᠎ᠤᠨ ᠲᠣᠮᠣ ᠡᠷᠡᠭᠦᠯ ᠮᠡᠨᠳᠦ ᠵᠢᠨ ᠠᠵᠤ ᠦᠢ᠍ᠯᠡᠰ᠎ᠤᠨ ᠬᠠᠮᠲᠤᠷᠠᠯᠴᠠᠭ᠋ᠠᠨ᠎ᠤ ᠵᠥᠪᠳᠡᠯᠴᠡᠭᠡᠷ᠎ᠤᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-12-13

  12 ᠳ᠋ᠤᠭ᠋ᠠᠷ ᠰᠠᠷ᠎ᠠ ᠵᠢᠨ 6᠎ᠤ ᠡᠳᠦᠷ᠂ ᠴᠠᠩᠴᠦ᠋ᠨ ᠬᠣᠲᠠ ᠪᠣᠯᠣᠨ ᠬᠢᠩᠭ᠋ᠠᠨ ᠠᠢ᠌ᠮᠠᠭ᠎ᠤᠨ ᠲᠤᠮᠤ ᠡᠷᠡᠭᠦᠯ ᠮᠡᠨᠳᠦ ᠵᠢᠨ ᠠᠵᠤ ᠦᠢ᠍ᠯᠡᠰ᠎ᠤᠨ ᠬᠠᠮᠲᠤᠷᠠᠯᠴᠠᠭ᠋ᠠᠨ᠎ᠤ ᠵᠥᠪᠳᠡᠯᠴᠡᠬᠡᠷ᠎ᠤᠨ ᠬᠤᠷᠠᠯ ᠬᠤᠷᠠᠯᠳᠤᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠢᠩᠭ᠋ᠠᠨ ᠠᠶ᠋ᠢᠮᠠᠭ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠰᠢᠤᠢ ᠵᠦᠸᠧ᠂ ᠬᠢᠩᠭ᠋ᠠᠨ ᠠᠶ᠋ᠢᠮᠠᠭ᠎ᠤᠨ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢᠦ ᠱᠦ᠍ ᠴᠧᠩ᠂ ᠬᠢᠩᠭ᠋ᠠᠨ ᠠᠶ᠋ᠢᠮᠠᠭ᠎ᠤᠨ ᠨᠠᠮ᠎ᠤᠨ ᠬᠤᠷᠢᠶᠠᠨ᠎ᠤ ᠭᠡᠰᠢᠭᠦᠨ᠂ ᠤᠯᠠᠭ᠋ᠠᠨᠬᠤᠲᠠ ᠵᠢᠨ ᠨᠠᠮ᠎ᠤᠨ ᠬᠤᠷᠢᠶᠠᠨ᠎ᠤ ᠱᠦᠵᠢ ᠶᠠᠩ ᠵᠢᠶ ᠫᠧᠩ᠂ ᠬᠢᠩᠭ᠋ᠠᠨ ᠠᠶ᠋ᠢᠮᠠᠭ᠎ᠤᠨ ᠨᠠᠮ᠎ᠤᠨ ᠬᠤᠷᠢᠶᠠᠨ᠎ᠤ ᠭᠡᠰᠢᠭᠦᠨ᠂ ᠵᠠᠬᠢᠷᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠠᠶ᠋ᠢᠮᠠᠭ᠎ᠤᠨ ᠳᠡᠳ᠋ ᠳᠠᠷᠤᠭ᠎ᠠ ᠴᠢᠨ ᠬᠤᠸᠠ ᠵᠧᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠢᠩᠭ᠋ᠠᠨ ᠠᠶ᠋ᠢᠮᠠᠭ᠎ᠤᠨ ᠠᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠵᠢᠨ ᠨᠠᠮ᠎ᠤᠨ ᠬᠤᠷᠢᠶᠠᠨ᠎ᠤ ᠱᠦᠵᠢ ᠶᠠᠩ ᠶᠦᠩ ᠵᠢᠦ᠂ ᠲᠦᠴᠢᠦᠸᠠᠨ ᠰᠢᠶᠠᠨ᠎ᠤ ᠨᠠᠮ᠎ᠤᠨ ᠬᠤᠷᠢᠶᠠᠨ᠎ᠤ ᠱᠦᠵᠢ᠂ ᠨᠢᠭᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠵᠠᠩ ᠱᠤᠸᠠᠩ ᠴᠧᠩ᠂   ᠴᠠᠩᠴᠦ᠋ᠨ ᠬᠤᠲᠠ ᠵᠢᠨ ᠵᠠᠰᠠᠭ᠎ᠤᠨ ᠣᠷᠳᠣᠨ᠎ᠤ ᠳᠡᠳ᠋ ᠬᠤᠲᠠ ᠵᠢᠨ ᠳᠠᠷᠤᠭ᠎ᠠ ᠯᠢ ᠸᠧᠶ ᠱᠤ᠌ ᠨᠠᠷ ᠬᠤᠷᠠᠯ᠎ᠳᠤ ᠣᠷᠣᠯᠴᠠᠵᠤ᠂ ᠬᠢᠩᠭ᠋ᠠᠨ ᠠᠶ᠋ᠢᠮᠠᠭ᠎ᠤᠨ ᠵᠠᠬᠢᠷᠭ᠎ᠠ ᠵᠢᠨ ᠳᠡᠳ᠋ ᠠᠶ᠋ᠢᠮᠠᠭ᠎ᠤᠨ ᠳᠠᠷᠤᠭ᠎ᠠ ᠰᠦᠨ ᠱᠦ᠍ ᠲᠤᠤ ᠬᠤᠷᠠᠯ᠎ᠢ ᠡᠷᠭᠢᠯᠡᠪᠡ᠃  ᠰᠦᠨ ᠱᠤ᠌ ᠲᠤᠤ ᠬᠢᠩᠭ᠋ᠠᠨ ᠠᠶ᠋ᠢᠮᠠᠭ᠎ᠤᠨ ᠦᠨᠳᠦᠰᠦᠨ ᠪᠠᠶ᠋ᠢᠳᠠᠯ ᠪᠣᠯᠤᠨ ᠶᠡᠭᠡ ᠡᠷᠡᠭᠦᠯ ᠮᠡᠨᠳᠦ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠬᠢᠩᠭ᠋ᠠᠨ ᠠᠶ᠋ᠢᠮᠠᠭ᠎ᠤᠨ ᠤᠯᠤᠰ᠎ᠤᠨ ᠲᠡᠰ᠎ᠤᠨ ᠤᠳᠤ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠣᠷᠣᠨ᠎ᠤ ᠪᠦᠳᠦᠭᠡᠨ ᠪᠠᠶ᠋ᠢᠭᠤᠯᠤᠯᠲᠠ᠂ ᠪᠦᠬᠦ ᠣᠷᠣᠨ ᠪᠦᠰᠡ ᠵᠢᠨ ᠵᠤᠭ᠋ᠠᠴᠠᠯ᠎ᠤᠨ ᠴᠢᠨᠠᠷ ᠰᠠᠶ᠋ᠢᠲᠠᠢ ᠬᠥᠭᠵᠢᠯᠲᠡ᠂ ᠷᠠᠰᠢᠶᠠᠨ ᠤᠰᠤᠨ᠎ᠤ ᠠᠵᠤ ᠦᠢ᠍ᠯᠡᠰ᠎ᠤᠨ ᠨᠡᠭᠡᠭᠡᠨ ᠬᠥᠭᠵᠢᠭᠦᠯᠦᠯᠲᠡ᠂ ᠪᠣᠬᠢᠷᠲᠤᠯ ᠦᠭᠡᠢ ᠬᠢᠩᠭ᠋ᠠᠨ ᠡᠮ᠎ᠤᠨ ᠬᠥᠮᠥᠷᠭᠡ ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠨᠠᠷᠢᠨ ᠨᠢᠭᠲᠠ ᠲᠠᠨᠢᠯᠴᠠᠭᠤᠯᠵᠤ᠂ ᠲᠤᠰᠬᠠᠢ ᠮᠡᠷᠭᠡᠵᠢᠯᠲᠡᠨ ᠡᠷᠳᠡᠮᠲᠡᠨ ᠪᠣᠯᠤᠨ ᠠᠵᠤ ᠠᠬᠤᠶ᠋ᠢᠯᠠᠯᠲᠠᠨ᠎ᠢ ᠴᠢᠩ ᠰᠡᠳᠬᠢᠯ᠎ᠠᠴᠠ᠎ᠪᠠᠨ ᠤᠷᠢᠵᠤ ᠬᠢᠩᠭ᠋ᠠᠨ ᠠᠶ᠋ᠢᠮᠠᠭ᠎ᠤᠨ ᠠᠵᠤ ᠠᠬᠤᠢ ᠵᠢᠨ ᠪᠦᠳᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠭᠤᠯᠵᠤ᠂ ᠶᠡᠭᠡ ᠡᠷᠡᠭᠦᠯ ᠮᠡᠨᠳᠦ ᠵᠢᠨ ᠮᠡᠷᠭᠡᠵᠢᠯ᠎ᠤᠨ ᠰᠢᠨ᠎ᠡ ᠵᠢ  ᠡᠭᠦᠳᠴᠦ᠂ ᠶᠡᠭᠡ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠲᠡᠭᠦᠯᠳᠡᠷᠵᠢᠭᠦᠯᠪᠡ᠃  ᠬᠢᠩᠭ᠋ᠠᠨ ᠠᠶ᠋ᠢᠮᠠᠭ 《ᠬᠤᠳᠠᠯᠳᠤᠭ᠋ᠠᠴᠢᠨ᠎ᠢ ᠳᠣᠲᠣᠨᠣᠴᠢᠯᠠᠬᠤ᠂ ᠬᠤᠳᠠᠯᠳᠤᠭ᠎ᠠ ᠵᠢ ᠴᠢᠬᠤᠯᠠᠴᠢᠯᠠᠬᠤ᠂ ᠬᠤᠳᠠᠯᠳᠤᠭ᠎ᠠ ᠵᠢ ᠬᠠᠶ᠋ᠢᠷᠠᠯᠠᠬᠤ᠂ ᠬᠤᠳᠠᠯᠳᠤᠭ᠎ᠠ ᠵᠢ ᠬᠠᠮᠠᠭ᠋ᠠᠯᠠᠬᠤ》 ᠠᠵᠢᠯ᠎ᠤᠨ ᠵᠠᠷᠴᠢᠮ᠎ᠢ ᠴᠠᠭ ᠢᠮᠠᠭᠲᠠ ᠪᠠᠷᠢᠮᠲᠠᠯᠠᠵᠤ᠂ ᠠᠵᠤ ᠠᠬᠤᠶ᠋ᠢᠯᠠᠯ᠎ᠢ ᠨᠠᠶ᠋ᠢᠳᠠᠪᠤᠷᠢᠵᠢᠭᠤᠯᠬᠤ᠂ ᠴᠡᠴᠡᠭ ᠳᠡᠯᠭᠡᠷᠡᠬᠦ᠂ ᠦᠷ᠎ᠡ ᠳ᠋ᠦᠩ᠎ᠢ ᠪᠦᠬᠦ ᠶᠠᠪᠤᠴᠠ᠎ᠳᠤ ᠬᠠᠮᠠᠭ᠋ᠠᠯᠠᠬᠤ ᠪᠣᠯᠤᠨ᠎ᠠ᠃   ᠴᠠᠩᠴᠦ᠋ᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠪᠦᠯᠦᠭᠯᠡᠯ᠂ ᠴᠠᠩᠴᠦ᠋ᠨ᠎ᠤ ᠠᠷᠠᠳ᠎ᠤᠨ ᠡᠮ᠎ᠤᠨ ᠦᠢ᠍ᠯᠡᠰ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠴᠠᠩᠴᠦ᠋ᠨ᠎ᠤ ᠧᠦ ᠶᠠ ᠪᠦᠯᠦᠭᠯᠡᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠤᠲᠠᠴᠢ ᠮᠣᠩᠭᠤᠯ ᠡᠮ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠶᠤᠸᠠᠨ ᠳ᠋ᠦᠩ ᠬᠢᠲᠠᠳ ᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠺᠣᠮᠫᠠᠨᠢ᠂ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ ᠵᠢᠨ ᠰᠧᠨ ᠬᠤᠢ ᠬᠡᠪᠯᠡᠯ᠎ᠤᠨ ᠶᠠᠪᠤᠳᠠᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠪᠠᠢ ᠢ ᠡᠮ ᠦᠢ᠍ᠯᠡᠳᠬᠦ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠬᠤᠩ ᠳ᠋ᠠ ᠳᠠᠷᠤᠵᠤ ᠴᠢᠳᠬᠤᠬᠤ ᠪᠦᠷᠢᠨ ᠪᠤᠰᠤ ᠬᠠᠷᠢᠭᠤᠴᠠᠯᠭ᠋ᠠᠲᠤ ᠺᠣᠮᠫᠠᠨᠢ ᠵᠡᠷᠭᠡ 8 ᠠᠵᠤ ᠠᠬᠤᠶ᠋ᠢᠯᠠᠯ᠎ᠤᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠪᠠᠶ᠋ᠢᠳᠠᠯ᠎ᠢ ᠬᠤᠪᠢᠶᠠᠯᠴᠠᠵᠤ᠂ ᠬᠥᠭᠵᠢᠯᠲᠡ ᠵᠢᠨ ᠶᠡᠭᠡ ᠪᠣᠳᠣᠯᠭ᠎ᠠ ᠵᠢ ᠬᠠᠮᠲᠤ᠎ᠪᠠᠷ ᠵᠥᠪᠯᠡᠵᠦ᠂ ᠬᠠᠮᠲᠤᠷᠠᠯᠴᠠᠭ᠋ᠠᠨ᠎ᠤ ᠬᠦᠰᠡᠯ ᠡᠷᠡᠮᠡᠯᠵᠡᠯ᠎ᠢ ᠬᠠᠮᠲᠤ᠎ᠪᠠᠷ  ᠰᠦᠪᠡᠭᠴᠢᠯᠡᠪᠡ᠃ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠬᠢᠩᠭ᠋ᠠᠨ ᠠᠶ᠋ᠢᠮᠠᠭ᠎ᠤᠨ ᠡᠪᠦᠯ᠎ᠤᠨ ᠤᠯᠠᠷᠢᠯ᠎ᠤᠨ ᠵᠤᠭ᠋ᠠᠴᠠᠯ᠎ᠤᠨ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠲᠠᠨᠢᠯᠴᠠᠭᠤᠯᠪᠠ᠃ ᠬᠤᠶᠠᠷ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ᠃ ᠴᠠᠩᠴᠦ᠋ᠨ ᠬᠤᠲᠠ ᠪᠣᠯᠤᠨ ᠬᠢᠩᠭ᠋ᠠᠨ ᠠᠶ᠋ᠢᠮᠠᠭ᠎ᠤᠨ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ᠲᠣᠭᠤᠷᠢᠭ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠦᠳ ᠪᠣᠯᠤᠨ ᠬᠠᠮᠢᠶ᠎ᠠ ᠪᠥᠬᠦᠶ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠵᠥᠪᠳᠡᠯᠴᠡᠬᠡᠷ᠎ᠤᠨ ᠬᠤᠷᠠᠯ᠎ᠳᠤ ᠣᠷᠣᠯᠴᠠᠪᠠ᠃

 

ᠢᠷᠡᠯᠲᠡ᠄ ᠬᠢᠩᠭ᠋ᠠᠨ ᠠᠶ᠋ᠢᠮᠠᠭ᠎ᠤᠨ ᠤᠷᠤᠨ ᠪᠦᠰᠡ ᠵᠢᠨ ᠠᠵᠦ ᠠᠬᠤᠢ ᠵᠢᠨ ᠬᠠᠮᠳᠤᠷᠠᠯᠴᠠᠭ᠋ᠠᠨ᠎ᠤ ᠲᠤᠪᠴᠢᠶ᠎ᠠ
          
ᠬᠠᠮᠢᠶ᠎ᠡ ᠪᠦᠬᠦᠢ ᠰᠣᠨᠢᠨ
 
            